ᠶᠠᠩ ᠸᠧᠨ‌ᠾᠦ᠋ᠢ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2022 ᠣᠨ ᠤ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/30
   1 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ‌ᠾᠦ᠋ᠢ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2022 ᠣᠨ ᠤ 2 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠮᠤᠵᠢ ᠶᠠᠮᠤᠨ ᠤ ᠲᠠᠰ ᠤᠨ ᠭᠤᠤᠯ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃
   ᠬᠤᠷᠠᠯ ᠠᠴᠠ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠤᠯᠤᠰ ᠲᠥᠷᠥ ᠶᠢᠨ ᠤᠬᠠᠮᠰᠠᠷ ᠪᠣᠯᠤᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠴᠢᠩᠭᠠᠳᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠱᠠᠩᠳᠤ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠡᠢ᠃    ᠬᠤᠷᠠᠯ ᠠᠴᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠳᠡᠶᠢᠯᠦᠩᠭᠦᠢ ᠪᠠᠶᠢᠳᠠᠯ ᠢ ᠡᠷᠡᠰ ᠭᠤᠶᠢᠪᠢᠰᠢ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ︔ ᠨᠠᠮ ᠤᠨ ᠲᠡᠦᠬᠡ ᠶᠢ ᠴᠢᠨᠠᠭᠰᠢᠳᠠ ᠰᠠᠶᠢᠲᠤᠷ ᠰᠤᠷᠤᠯᠴᠠᠵᠤ᠂ ᠨᠠᠮ ᠤᠨ ᠲᠡᠦᠬᠡ ᠶᠢ ᠴᠢᠨᠠᠭᠰᠢᠳᠠ ᠰᠠᠶᠢᠲᠤᠷ ᠬᠡᠷᠡᠭᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤ ᠠᠳᠬᠤᠬᠤ ᠶᠢ ᠪᠠᠷᠢᠮᠲᠠᠯᠠᠬᠤ ᠬᠡᠷᠡᠭᠲᠡᠢ︔ ᠰᠢᠨ᠎ᠡ ᠪᠠᠶᠢᠳᠠᠯ ᠳᠣᠣᠷᠠᠬᠢ ᠵᠠᠯᠠᠭᠤ ᠺᠠᠳ᠋ᠷ ᠢ ᠬᠥᠮᠦᠵᠢᠭᠦᠯᠬᠦ ᠠᠵᠢᠯ ᠢ ᠰᠠᠶᠢᠲᠤᠷ ᠬᠢᠵᠦ᠂ ᠵᠣᠭᠰᠣᠯᠲᠠ ᠪᠠᠲᠤ᠂ ᠬᠡᠪ ᠪᠣᠯᠪᠠᠰᠤᠷᠠᠯ ᠴᠢᠩᠭ᠎ᠠ᠂ ᠴᠢᠳᠠᠪᠤᠷᠢ ᠲᠤᠪᠤᠶᠢᠮ᠎ᠠ᠂ ᠰᠤᠷᠲᠠᠯ ᠰᠢᠯᠢᠳᠡᠭ ᠵᠠᠯᠠᠭᠤ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ ᠭᠡᠪᠡ᠃                                                               ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2