︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ︿ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ﹀ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/1/7
    ᠨᠢᠭᠡ᠂ ᠠᠬᠤᠶ ᠪᠠᠶᠢᠳᠠᠯ    ︽ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠲᠤᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠬᠦ ᠲᠤᠬᠠᠶ ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠰᠠᠯᠠᠭ᠎ᠠ ᠮᠥᠴᠢᠷ ᠤᠨ ᠰᠠᠨᠠᠯ ᠤᠳ︾ ︵ᠰᠤᠷᠭᠠᠨ ᠰᠠᠭᠤᠷᠢ 20205 ᠳ᠋ᠤᠭᠠᠷ ᠲᠣᠭᠠᠲᠤ︶ ᠪᠣᠯᠤᠨ ᠰᠤᠷᠭᠠᠨ ᠬᠥᠮᠦᠵᠢᠯ ᠤᠨ ᠶᠠᠮᠤᠨ 2019 ᠣᠨ ᠳᠤ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠤᠯᠪᠣᠭᠳᠠᠯ ᠪᠥᠬᠦᠶ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︽ᠳᠡᠩᠰᠡᠯᠡᠵᠦ ᠺᠠᠷᠲᠯᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠰᠤᠷᠬᠤ ᠨᠠᠰᠤᠨ ᠤ ᠦᠷ᠎ᠡ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠲᠤᠯᠠᠬᠤ ᠲᠣᠪᠤᠶᠢᠮ᠎ᠠ ᠠᠰᠠᠭᠤᠳᠠᠯ ᠢ ᠰᠢᠶ᠋ᠳᠪᠦᠷᠢᠯᠡᠬᠦ ᠲᠤᠬᠠᠶ ᠠᠵᠢᠯ ᠤᠨ ᠲᠥᠰᠦᠯ︾ ᠢ ᠲᠣᠭᠲᠠᠭᠠᠨ ᠨᠡᠶᠢᠲᠡᠯᠡᠪᠡ᠃ ᠨᠠᠮ ᠤᠨ ᠲᠥᠪ ᠬᠤᠷᠢᠶᠠᠨ ᠤ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠳᠤᠮᠳᠠ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠬᠦ ᠱᠠᠭᠠᠷᠳᠠᠯᠭ᠎ᠠ ᠶᠣᠰᠣᠭᠠᠷ᠂ ᠰᠤᠷᠭᠠᠨ ᠬᠥᠮᠦᠵᠢᠯ ᠤᠨ ᠶᠠᠮᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠶᠢ ᠣᠯᠠᠨ ᠲᠦᠮᠡᠨ ᠤ ᠠᠰᠢᠭ ᠲᠤᠰᠠ ᠶᠢ ᠥᠯᠥ ᠬᠤᠬᠢᠷᠠᠭᠤᠯᠬᠤ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠴᠢᠬᠤᠯᠠ ᠠᠴᠠ ᠴᠢᠬᠤᠯᠠ ᠵᠦᠶ᠋ᠯ ᠪᠣᠯᠭᠠᠵᠤ ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠲᠦᠢᠯ ᠤᠨ ᠣᠨᠣᠪᠴᠢᠲᠠᠶ ᠪᠠᠷ ᠬᠢᠵᠠᠭᠠᠷᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠰᠤᠷᠭᠠᠭᠤᠯᠢ ᠳᠤ ᠪᠠᠨ ᠪᠤᠴᠠᠵᠤ ᠰᠤᠷᠤᠯᠭ᠎ᠠ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠶᠢ ᠰᠠᠶᠢᠲᠤᠷ ᠠᠳᠬᠤᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠲᠤᠯᠠᠭ᠎ᠠ ᠲᠠᠢ ᠪᠠᠶᠢᠬᠤ ᠶᠢ ᠪᠡᠶᠡᠯᠡᠭᠦᠯᠬᠦ ᠪᠣᠯ ᠶᠠᠳᠠᠭᠤᠷᠠᠯ ᠤᠨ ᠦᠨᠳᠦᠰᠦ ᠶᠢ ᠠᠷᠢᠯᠭᠠᠬᠤ᠂ ᠦᠶ᠎ᠡ ᠤᠯᠠᠷᠢᠨ ᠶᠠᠳᠠᠭᠤᠷᠠᠬᠤ ᠶᠢ ᠲᠠᠰᠤᠯᠬᠤ ᠴᠢᠬᠤᠯᠠ ᠠᠷᠭ᠎ᠠ ᠵᠠᠮ ᠮᠥᠨ᠃ ᠪᠦᠬᠦ ᠤᠯᠤᠰ ᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠤᠷᠤᠯᠭ᠎ᠠ ᠪᠠᠨ ᠲᠤᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯᠯᠠᠭ᠎ᠠ ᠥᠷᠨᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠪᠠ ᠪᠠᠬᠢᠵᠢᠭᠦᠯᠬᠦ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠡᠷᠬᠡ ᠲᠡᠭᠰᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠪᠡ᠃    ᠬᠤᠶᠠᠷ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠢ ᠥᠷᠨᠢᠭᠦᠯᠬᠦ ᠶᠢᠨ ᠠᠴᠢ ᠬᠤᠯᠪᠣᠭᠳᠠᠯ᠃ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠪᠣᠯ ︽ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠵᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾᠂ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠴᠢᠬᠤᠯᠠ ᠠᠷᠭ᠎ᠠ ᠪᠠᠷᠢᠯ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠰᠤᠷᠤᠯᠭ᠎ᠠ ᠪᠠᠨ ᠠᠯᠳᠠᠬᠤ᠂ ᠰᠤᠷᠤᠯᠭ᠎ᠠ ᠪᠠᠨ ᠳᠣᠷᠭᠤᠨ ᠵᠣᠭᠰᠣᠬᠤ ᠠᠰᠠᠭᠤᠳᠠᠯ ᠢ ᠦᠨᠡᠨ ᠬᠦ ᠰᠢᠶ᠋ᠳᠪᠦᠷᠢᠯᠡᠵᠦ᠂ ᠰᠤᠷᠬᠤ ᠨᠠᠰᠤᠨ ᠤ ᠬᠡᠦᠬᠡᠳ᠂ ᠪᠠᠭᠠᠴᠤᠳ ᠨᠢᠭᠡᠪᠦᠷᠢ ᠶᠢᠨ ᠪᠦᠷᠢᠨ ᠪᠦᠲᠦᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠶᠢ ᠬᠠᠤᠯᠢ ᠶᠣᠰᠣᠭᠠᠷ ᠪᠠᠲᠤᠯᠠᠵᠤ᠂ ᠨᠢᠭᠡ ᠰᠣᠷᠣᠭᠴᠢ ᠶᠢ ᠴᠤ ᠬᠡᠷ ᠪᠦᠯᠢ ᠶᠢᠨ ᠠᠵᠤ ᠠᠬᠤᠶ ᠶᠢᠨ ᠬᠦᠴᠢᠷᠳᠡᠯ ᠠᠴᠠ ᠪᠣᠯᠵᠣ ᠰᠤᠷᠤᠯᠭ᠎ᠠ ᠠᠯᠳᠠᠭᠤᠯᠬᠤ ᠥᠬᠡᠶ ᠪᠠᠶᠢᠬᠤ ᠶᠢ ᠦᠨᠡᠨ ᠬᠦ᠃ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠪᠣᠯ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠶᠢᠨ ᠴᠢᠬᠤᠯᠠ ᠠᠭᠤᠯᠭ᠎ᠠ ᠮᠥᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠲᠤᠯᠠᠭ᠎ᠠ ᠪᠣᠯ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠶᠢᠨ ︽ᠭᠤᠷᠪᠠ ᠶᠢ ᠪᠠᠲᠤᠯᠠᠬᠤ︾ ᠳᠤᠮᠳᠠᠬᠢ ᠴᠢᠬᠤᠯᠠ ᠪᠦᠷᠢᠯᠳᠦᠬᠦᠨ ᠬᠡᠰᠡᠭ ᠮᠥᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠰᠠᠶᠢᠲᠤᠷ ᠬᠢᠬᠦ ᠴᠢᠬᠤᠯᠠ ᠠᠷᠭ᠎ᠠ ᠬᠡᠮᠵᠢᠶ᠎ᠡ ᠮᠥᠨ᠃    ᠭᠤᠷᠪᠠ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ︿br / /﹀᠃ ︵ᠨᠢᠭᠡ︶ ᠶᠠᠭᠤ ᠶᠢ ︽ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ︾ ᠭᠡᠬᠦ ᠪᠣᠶ︖ ︽ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ︾ ᠪᠣᠯ ᠰᠤᠷᠤᠭᠴᠢᠳ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠵᠠᠰᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠰᠤᠷᠬᠤ ᠨᠠᠰᠤᠨ ᠤ ᠬᠡᠦᠬᠡᠳ ᠪᠠ ᠪᠠᠭᠠᠴᠤᠳ ᠤᠨ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠡᠶᠡᠯᠡᠭᠦᠯᠬᠦ ᠶᠢ ᠪᠠᠲᠤᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠨᠣᠷᠮ᠎ᠠ ᠶᠢ ᠳᠡᠭᠡᠭᠰᠢᠯᠡᠭᠦᠯᠬᠦ ᠶᠠᠪᠤᠳᠠᠯ ᠪᠣᠯᠤᠨ᠎ᠠ᠃    ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠪᠡᠶ᠎ᠡ ᠮᠠᠬᠠᠪᠣᠳ ᠤᠨ ᠰᠢᠯᠲᠠᠭᠠᠨ ᠠᠴᠠ ᠪᠤᠯᠵᠤ᠂ ᠰᠤᠷᠭᠠᠭᠤᠯᠢ ᠳᠤ ᠣᠷᠣᠬᠤ ᠪᠠᠨ ᠬᠤᠶᠢᠰᠢᠯᠠᠭᠤᠯᠬᠤ ᠪᠤᠶᠤ ᠰᠤᠷᠤᠯᠭ᠎ᠠ ᠪᠠᠨ ᠲᠦᠷ ᠵᠣᠭᠰᠣᠬᠤ ᠳᠤ ᠬᠦᠷᠪᠡᠯ᠂ ᠲᠡᠭᠦᠨ ᠤ ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢ ᠨᠢ ᠭᠤᠶᠤᠴᠢᠯᠠᠯ ᠭᠠᠷᠭᠠᠵᠤ᠂ ᠲᠤᠬᠠᠢ ᠶᠢᠨ ᠭᠠᠵᠠᠷ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠤᠶᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠢ᠃    ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠭᠡᠳᠡᠭ ᠨᠢ ᠪᠠᠭ᠎ᠠ ᠰᠤᠷᠭᠠᠭᠤᠯᠢ ᠶᠢᠨ ᠵᠢᠷᠭᠤᠭᠠᠨ ᠵᠢᠯ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠨ ᠵᠢᠯ᠂ ᠨᠡᠶᠢᠲᠡ ᠶᠢᠰᠦᠨ ᠵᠢᠯ ᠪᠣᠯᠤᠨ᠎ᠠ︔ ᠰᠤᠷᠬᠤ ᠨᠠᠰᠤᠨ ᠤ ᠬᠡᠦᠬᠡᠳ ᠪᠠᠭᠠᠴᠤᠳ ᠭᠡᠳᠡᠭ ᠨᠢ ᠪᠦᠬᠦᠯᠢ ᠵᠢᠷᠭᠤᠭᠠᠨ ᠨᠠᠰᠤᠨ ᠠᠴᠠ ᠪᠦᠬᠦᠯᠢ ᠠᠷᠪᠠᠨ ᠲᠠᠪᠤᠨ ᠨᠠᠰᠤ ᠬᠦᠷᠲᠡᠯᠡᠬᠢ ᠶᠢ ᠵᠢᠭᠠᠵᠤ ᠪᠠᠶᠢᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠪᠣᠯ ᠤᠯᠤᠰ ᠠᠴᠠ ᠨᠢᠭᠡᠳᠦᠯᠲᠡᠶ ᠬᠡᠷᠡᠭᠵᠢᠭᠦᠯᠵᠦ ᠪᠦᠬᠦᠢ ᠪᠤᠶ ᠪᠦᠬᠦᠢ ᠲᠣᠬᠢᠷᠠᠬᠤ ᠨᠠᠰᠤᠨ ᠤ ᠬᠡᠦᠬᠡᠳ᠂ ᠪᠠᠭᠠᠴᠤᠳ ᠤᠨ ᠡᠷᠬᠡᠪᠰᠢ ᠬᠦᠷᠲᠡᠬᠦ ᠰᠤᠷᠭᠠᠨ ᠬᠥᠮᠦᠵᠢᠯ ᠪᠣᠯᠬᠤ ᠪᠥᠭᠡᠳ ᠤᠯᠤᠰ ᠠᠴᠠ ᠡᠷᠬᠡᠪᠰᠢ ᠪᠠᠲᠤᠯᠠᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠰ ᠪᠣᠯᠤᠨ᠎ᠠ᠃    ︵ᠬᠤᠶᠠᠷ︶ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠤᠷᠤᠯᠭ᠎ᠠ ᠠᠯᠳᠠᠵᠤ ᠰᠤᠷᠤᠯᠭ᠎ᠠ ᠪᠠᠨ ᠳᠣᠷᠭᠤᠨ ᠵᠣᠭᠰᠣᠬᠤ ᠠᠰᠠᠭᠤᠳᠠᠯ ᠢ ᠦᠨᠡᠨᠬᠦ ᠰᠢᠶ᠋ᠳᠪᠦᠷᠢᠯᠡᠵᠦ᠂ 2025 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ ᠶᠢ 96 % ᠳᠤ ᠬᠦᠷᠦᠭᠦᠯᠬᠦ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃    ︵ᠭᠤᠷᠪᠠ︶ ᠠᠯᠪᠠᠨ ᠵᠢᠷᠤᠮ ᠤᠨ ᠰᠤᠷᠭᠠᠨ ᠬᠥᠮᠦᠵᠢᠯ ᠨᠢ ᠪᠠᠲᠤᠯᠠᠭ᠎ᠠ ᠲᠠᠢ ᠪᠠᠶᠢᠬᠤ᠄ ᠭᠤᠣᠯᠳᠠᠭᠤ ᠪᠡᠶ᠎ᠡ ᠮᠠᠬᠠᠪᠣᠳ ᠤᠨ ᠰᠢᠯᠲᠠᠭᠠᠨ ᠠᠴᠠ ᠪᠣᠯᠵᠤ ᠰᠤᠷᠤᠯᠴᠠᠬᠤ ᠨᠥᠬᠦᠴᠡᠯ ᠢ ᠪᠦᠷᠢᠯᠳᠦᠭᠦᠯᠦᠭᠡᠳᠦᠶ ᠪᠠᠶᠢᠬᠤ ᠠᠴᠠ ᠭᠠᠳᠠᠨ᠎ᠠ᠂ ᠶᠠᠳᠠᠭᠤ ᠬᠦᠴᠢᠷᠳᠡᠯᠲᠡᠶ ᠭᠡᠷ ᠪᠦᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠲᠣᠬᠢᠷᠠᠬᠤ ᠨᠠᠰᠤᠨ ᠤ ᠬᠡᠦᠬᠡᠳ ᠪᠠᠭᠠᠴᠤᠳ ᠰᠤᠷᠤᠯᠭ᠎ᠠ ᠠᠯᠳᠠᠵᠤ ᠰᠤᠷᠤᠯᠭ᠎ᠠ ᠪᠠᠨ ᠳᠣᠷᠭᠤᠨ ᠵᠣᠭᠰᠣᠬᠤ ᠦᠭᠡᠶ ᠪᠠᠶᠢᠵᠤ᠂ ᠪᠠᠲᠤᠯᠠᠭ᠎ᠠ ᠲᠠᠢ ᠪᠣᠯ ᠰᠤᠷᠭᠠᠭᠤᠯᠢ ᠲᠠᠢ᠂ ᠰᠤᠷᠭᠠᠭᠤᠯᠢ ᠳᠤ ᠣᠷᠣᠵᠤ ᠳᠡᠶᠢᠯᠬᠦ ᠶᠢ ᠵᠢᠭᠠᠵᠤ ᠪᠤᠶ᠃ ︽ᠰᠤᠷᠭᠠᠨ ᠬᠥᠮᠦᠵᠢᠯ ᠤᠨ ᠶᠠᠮᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ︿ᠳᠡᠩᠰᠡᠯᠡᠵᠦ ᠺᠠᠷᠲᠯᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠰᠤᠷᠬᠤ ᠨᠠᠰᠤᠨ ᠤ ᠦᠷ᠎ᠡ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠲᠤᠯᠠᠬᠤ ᠲᠣᠪᠤᠶᠢᠮ᠎ᠠ ᠠᠰᠠᠭᠤᠳᠠᠯ ᠢ ᠰᠢᠶ᠋ᠳᠪᠦᠷᠢᠯᠡᠬᠦ ᠲᠤᠬᠠᠶ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠰᠤᠷᠭᠠᠨ ᠲᠠᠷᠬᠠᠭᠠᠭᠰᠠᠨ 20199 ᠳ᠋ᠦᠭᠡᠷ ᠲᠣᠭᠠᠲᠤ︶    ︵ᠳᠥᠷᠪᠡ︶ ᠰᠤᠷᠤᠯᠭ᠎ᠠ ᠠᠯᠳᠠᠵᠤ ᠰᠤᠷᠤᠯᠭ᠎ᠠ ᠪᠠᠨ ᠳᠣᠷᠭᠤᠨ ᠵᠣᠭᠰᠣᠬᠤ᠄ ᠰᠤᠷᠤᠯᠭ᠎ᠠ ᠠᠯᠳᠠᠬᠤ ᠭᠡᠳᠡᠭ ᠨᠢ ᠰᠤᠷᠬᠤ ᠨᠠᠰᠤᠨ ᠤ ᠬᠡᠦᠬᠡᠳ ᠰᠤᠷᠭᠠᠭᠤᠯᠢ ᠳᠤ ᠣᠷᠣᠵᠤ ᠪᠢᠴᠢᠭ ᠦᠵᠡᠭᠡ ᠦᠭᠡᠶ ᠪᠠᠶᠢᠬᠤ ᠶᠢ ᠵᠢᠭᠠᠵᠤ ᠪᠤᠶ︔ ᠰᠤᠷᠤᠯᠭ᠎ᠠ ᠪᠠᠨ ᠳᠣᠷᠭᠤᠨ ᠵᠣᠭᠰᠣᠬᠤ ᠭᠡᠳᠡᠭ ᠪᠣᠯ ᠰᠤᠷᠬᠤ ᠨᠠᠰᠤᠨ ᠤ ᠬᠡᠦᠬᠡᠳ ᠪᠠᠭᠠᠴᠤᠳ ᠨᠢᠭᠡᠨᠲᠡ ᠰᠤᠷᠭᠠᠭᠤᠯᠢ ᠳᠤ ᠣᠷᠣᠵᠤ ᠰᠤᠷᠤᠯᠴᠠᠭᠠᠳ ᠰᠤᠷᠤᠯᠭ᠎ᠠ ᠪᠠᠨ ᠳᠤᠮᠳᠠ ᠠᠴᠠ ᠨᠢ ᠵᠣᠭᠰᠣᠬᠤ ᠶᠢ ᠵᠢᠭᠠᠵᠤ ᠪᠠᠶᠢᠨ᠎ᠠ᠃ ᠰᠤᠷᠤᠯᠭ᠎ᠠ ᠪᠠᠨ ᠳᠣᠷᠭᠤᠨ ᠵᠣᠭᠰᠣᠭᠰᠠᠨ ᠰᠡᠵᠢᠭᠲᠡᠶ ᠭᠡᠳᠡᠭ ᠪᠣᠯ ᠰᠤᠷᠬᠤ ᠨᠠᠰᠤᠨ ᠤ ᠬᠡᠦᠬᠡᠳ ᠪᠠᠭᠠᠴᠤᠳ ᠵᠦᠶ ᠶᠣᠰᠣᠨ ᠤ ᠰᠢᠯᠲᠠᠭᠠᠨ ᠥᠬᠡᠶ ᠪᠠᠷ ᠰᠤᠷᠭᠠᠭᠤᠯᠢ ᠳᠤ ᠢᠷᠡᠵᠦ ᠬᠢᠴᠢᠶᠡᠯᠯᠡᠭᠰᠡᠨ ᠥᠬᠡᠶ ᠨᠢᠭᠡ ᠭᠠᠷᠠᠭ ᠬᠡᠲᠦᠷᠡᠭᠰᠡᠨ ᠢ ᠵᠢᠭᠠᠵᠤ ᠪᠠᠶᠢᠨ᠎ᠠ︔ ᠰᠤᠷᠤᠯᠭ᠎ᠠ ᠪᠠᠨ ᠳᠣᠷᠭᠤᠨ ᠵᠣᠭᠰᠣᠬᠤ ᠭᠡᠳᠡᠭ ᠪᠣᠯ ᠰᠤᠷᠬᠤ ᠨᠠᠰᠤᠨ ᠤ ᠬᠡᠦᠬᠡᠳ ᠪᠠᠭᠠᠴᠤᠳ ᠵᠦᠶ ᠶᠣᠰᠣᠨ ᠤ ᠰᠢᠯᠲᠠᠭᠠᠨ ᠥᠬᠡᠶ ᠪᠠᠷ ᠰᠤᠷᠭᠠᠭᠤᠯᠢ ᠳᠤ ᠣᠴᠢᠵᠤ ᠬᠢᠴᠢᠶᠡᠯ ᠤᠷᠤᠭᠰᠠᠨ ᠥᠬᠡᠶ ᠨᠢᠭᠡ ᠰᠠᠷ᠎ᠠ ᠬᠡᠲᠦᠷᠡᠭᠰᠡᠨ ᠢ ᠵᠢᠭᠠᠵᠤ ᠪᠠᠶᠢᠨ᠎ᠠ᠃    ︵ᠲᠠᠪᠤ︶ ᠰᠤᠷᠤᠯᠭ᠎ᠠ ᠠᠯᠳᠠᠭᠰᠠᠨ ᠰᠤᠷᠤᠯᠭ᠎ᠠ ᠪᠠᠨ ᠳᠣᠷᠭᠤᠨ ᠵᠣᠭᠰᠣᠭᠰᠠᠨ ᠬᠡᠪᠴᠢᠶᠡᠨ ᠳᠤ ᠬᠠᠷᠢᠶᠠᠯᠠᠭᠳᠠᠬᠤ ᠦᠭᠡᠶ    1 . ᠪᠦᠬᠦᠯᠢ 6 ᠨᠠᠰᠤ ᠬᠦᠷᠦᠭᠰᠡᠨ ᠪᠣᠯᠪᠠᠴᠤ ᠮᠥᠨ ᠬᠦ ᠬᠡᠦᠬᠡᠳ ᠤᠨ ᠴᠡᠴᠡᠷᠯᠢᠭ ᠲᠤ ᠰᠤᠷᠤᠯᠴᠠᠵᠤ ᠪᠠᠶᠢᠭ᠎ᠠ ᠪᠤᠶᠤ ᠪᠡᠶ᠎ᠡ ᠮᠠᠬᠠᠪᠣᠳ ᠵᠡᠷᠭᠡ ᠰᠢᠯᠲᠠᠭᠠᠨ ᠠᠴᠠ ᠪᠣᠯᠵᠣ ᠬᠡᠷ ᠤᠨ ᠠᠬᠠᠮᠠᠳ ᠨᠢ ᠰᠤᠷᠭᠠᠭᠤᠯᠢ ᠳᠤ ᠣᠷᠣᠬᠤ ᠶᠢ ᠨᠢ ᠬᠤᠶᠢᠰᠢᠯᠠᠭᠤᠯᠬᠤ ᠪᠠᠷ ᠭᠤᠶᠤᠴᠢᠯᠠᠭᠰᠠᠨ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠃    2 . ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ᠂ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ ᠪᠠᠶᠢᠭᠤᠯᠤᠮᠵᠢ ᠶᠢᠨ ᠣᠨᠴᠣᠭᠤᠶ ᠵᠢᠭᠠᠨ ᠰᠤᠷᠭᠠᠬᠤ ᠠᠩᠭᠢ ᠳᠤ ᠰᠤᠷᠤᠯᠴᠠᠵᠤ ᠪᠠᠶᠢᠭ᠎ᠠ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠪᠠᠭᠠᠴᠤᠳ᠃    3 . ᠪᠦᠬᠦᠯᠢ 15 ᠨᠠᠰᠤ ᠬᠦᠷᠦᠭᠰᠡᠨ ᠨᠠᠰᠤ ᠬᠡᠲᠦᠷᠡᠭᠰᠡᠨ ᠰᠤᠷᠭᠠᠭᠤᠯᠢ ᠠᠴᠠ ᠪᠠᠨ ᠰᠠᠯᠤᠭᠰᠠᠨ ᠰᠤᠷᠤᠭᠴᠢ ᠪᠤᠶᠤ ᠪᠦᠬᠦᠯᠢ 15 ᠨᠠᠰᠤ ᠬᠦᠷᠦᠭᠡᠳᠦᠢ ᠪᠣᠯᠪᠠᠴᠤ ᠠᠩᠬ᠎ᠠ ᠳᠤᠮᠳᠠᠳᠤ ᠪᠠᠨ ᠲᠡᠭᠦᠰᠬᠡᠭᠰᠡᠨ ᠰᠤᠷᠤᠭᠴᠢ᠃    4 . ᠴᠢᠯᠥᠭᠡ ᠠᠪᠤᠭᠰᠠᠨ ᠪᠤᠶᠤ ᠰᠤᠷᠤᠯᠭ᠎ᠠ ᠠᠴᠠ ᠪᠠᠨ ᠲᠦᠷ ᠵᠣᠭᠰᠣᠭᠰᠠᠨ ᠰᠣᠷᠣᠭᠴᠢ᠃    5 . ᠬᠦᠨᠳᠦ ᠵᠡᠮᠳᠡᠭ ᠠᠴᠠ ᠪᠣᠯᠵᠤ ᠰᠤᠷᠭᠠᠨ ᠬᠥᠮᠦᠵᠢᠯ ᠢ ᠭᠡᠷ ᠲᠤᠨᠢ ᠬᠦᠷᠭᠡᠬᠦ ᠪᠠᠷ ᠲᠣᠬᠢᠷᠠᠭᠤᠯᠤᠭᠰᠠᠨ ᠲᠣᠬᠢᠷᠠᠬᠤ ᠨᠠᠰᠤᠨ ᠤ ᠬᠡᠦᠬᠡᠳ ᠪᠠᠭᠠᠴᠤᠳ᠃    6 . ᠪᠡᠶ᠎ᠡ ᠮᠠᠬᠠᠪᠣᠳ ᠤᠨ ᠰᠢᠯᠲᠠᠭᠠᠨ ᠠᠴᠠ ᠪᠣᠯᠵᠤ ᠰᠤᠷᠤᠯᠴᠠᠬᠤ ᠨᠥᠬᠦᠴᠡᠯ ᠢ ᠪᠦᠷᠢᠯᠳᠦᠭᠦᠯᠦᠭᠡᠳᠦᠶ ᠲᠣᠬᠢᠷᠠᠬᠤ ᠨᠠᠰᠤᠨ ᠤ ᠬᠡᠦᠬᠡᠳ ᠪᠠᠭᠠᠴᠤᠳ᠃    7 . ᠰᠤᠷᠠᠭ ᠲᠠᠰᠤᠷᠠᠭᠰᠠᠨ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠪᠠᠭᠠᠴᠤᠳ ︿br / /﹀᠃ ︵ᠵᠢᠷᠭᠤᠭ᠎ᠠ︶ ᠡᠴᠢᠭᠡ ᠡᠬᠡ ᠪᠤᠶᠤ ᠬᠢᠨᠠᠨ ᠬᠠᠮᠠᠭᠠᠯᠠᠭᠴᠢ ᠨᠢ ᠨᠠᠰᠤᠨ ᠳᠤ ᠥᠯᠥ ᠬᠦᠷᠦᠭᠰᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠳᠤ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ    ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾ ᠳᠤ᠄ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠤᠨ ᠡᠴᠢᠭᠡ ᠡᠬᠡ ᠪᠤᠶᠤ ᠬᠢᠨᠠᠨ ᠬᠠᠮᠠᠭᠠᠯᠠᠭᠴᠢ ᠨᠢ ᠲᠡᠳᠡᠨ ᠤ ᠴᠠᠭ ᠲᠠᠭᠠᠨ ᠰᠤᠷᠭᠠᠭᠤᠯᠢ ᠳᠤ ᠣᠷᠣᠵᠤ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠪᠠ ᠪᠡᠶᠡᠯᠡᠭᠦᠯᠬᠦ ᠶᠢ ᠬᠠᠤᠯᠢ ᠶᠣᠰᠣᠭᠠᠷ ᠪᠠᠲᠤᠯᠠᠬᠤ ᠬᠡᠷᠡᠭᠲᠡᠶ᠃ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠤᠨ ᠡᠴᠢᠭᠡ ᠡᠬᠡ ᠪᠤᠶᠤ ᠬᠢᠨᠠᠨ ᠬᠠᠮᠠᠭᠠᠯᠠᠭᠴᠢ ᠨᠢ ᠵᠦᠢ ᠶᠣᠰᠣᠨ ᠤ ᠰᠢᠯᠲᠠᠭᠠᠨ ᠦᠭᠡᠶ ᠪᠠᠷ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠢ ᠬᠠᠤᠯᠢ ᠶᠣᠰᠣᠭᠠᠷ ᠰᠤᠷᠭᠠᠭᠤᠯᠢ ᠳᠤ ᠣᠷᠣᠭᠤᠯᠵᠤ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠭᠡᠭᠰᠡᠨ ᠦᠭᠡᠶ ᠪᠣᠯ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠰᠢᠭᠦᠮᠵᠢᠯᠡᠨ ᠰᠤᠷᠭᠠᠵᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃                               ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2