ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠠᠷᠭ᠎ᠠ ᠶᠢ ᠪᠦᠬᠦ | ᠲᠠᠯ᠎ᠠ ᠪᠠᠷ ᠬᠡᠷᠡᠭᠵᠢᠭᠦᠯᠬᠦ ᠲᠤᠬᠠᠢ ᠪᠠᠶᠢᠷᠢᠯᠠᠭᠤᠯᠵᠤ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ ᠨᠡᠩ ᠶᠡᠭᠡ ᠬᠡᠮᠵᠢᠶ᠎ᠡ ᠪᠠᠷ | ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠲᠦᠬᠦᠮ ᠦᠵᠡᠭᠦᠯᠪᠡ | ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠲᠦᠷᠦᠯ ᠬᠤᠪᠢᠶᠠᠬᠤ ᠬᠠᠮᠢᠶᠠᠷᠤᠯᠲᠠ ᠶᠢ ᠬᠡᠷᠡᠭᠵᠢᠭᠦᠯᠵᠦ | ᠬᠢᠨᠠᠯᠲᠠ ᠬᠠᠮᠢᠶᠠᠷᠤᠯᠲᠠ ᠶᠢᠨ ᠨᠡᠩ ᠡᠷᠬᠡ ᠲᠡᠭᠰᠢ ᠪᠥᠭᠡᠳ ᠪᠦᠲᠦᠮᠵᠢᠲᠡᠢ ᠪᠠᠶᠢᠬᠤ ᠶᠢ ᠠᠬᠢᠭᠤᠯᠬᠤ ᠪᠠᠷ ᠲᠣᠭᠲᠠᠪᠠ | ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 4 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ 4 ᠤ ᠡᠳᠦᠷ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠠᠷᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ | ᠪᠠᠶᠢᠷᠢᠯᠠᠭᠤᠯᠵᠤ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠨᠡᠩ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭ | ᠬᠦᠷᠲᠡᠭᠡᠵᠦ ᠠᠷᠠᠳ ᠲᠤ ᠲᠦᠬᠦᠮ ᠦᠵᠡᠭᠦᠯᠪᠡ︔ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠲᠦᠷᠦᠯ | ᠬᠤᠪᠢᠶᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠨᠡᠩ ᠡᠷᠬᠡ ᠲᠡᠭᠰᠢ ᠪᠥᠭᠡᠳ ᠪᠦᠲᠦᠮᠵᠢᠲᠡᠢ | ᠪᠠᠶᠢᠬᠤ ᠶᠢ ᠠᠬᠢᠭᠤᠯᠬᠤ ᠪᠠᠷ ᠲᠣᠭᠲᠠᠪᠠ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠣᠰᠣᠭᠠᠷ᠂ ᠪᠦᠲᠦᠮᠵᠢᠲᠡᠢ ᠵᠠᠬ᠎ᠠ ᠳᠡᠯᠭᠡᠭᠦᠷ ᠪᠣᠯᠤᠨ ᠦᠢᠯᠡᠰ ᠪᠦᠲᠦᠭᠡᠬᠦ ᠵᠠᠰᠠᠭ ᠤᠨ ᠣᠷᠳᠣᠨ ᠤ ᠨᠡᠩ | ᠰᠠᠶᠢᠨ ᠤᠶᠠᠯᠳᠤᠯ ᠢ ᠠᠬᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠪᠦᠬᠦ ᠵᠦᠢᠯᠡᠰ ᠢ ᠨᠠᠷᠢᠨ ᠬᠠᠭᠤᠳᠠᠰᠤ ᠶᠢᠨ ᠬᠠᠮᠢᠶᠠᠷᠤᠯᠲᠠ ᠳᠤ | ᠣᠷᠣᠭᠤᠯᠬᠤ ᠨᠢ ᠲᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠦᠷᠳᠡᠭ ᠢ ᠪᠠᠭᠠᠰᠬᠠᠬᠤ᠂ ᠵᠠᠬ᠎ᠠ ᠳᠡᠯᠭᠡᠭᠦᠷ ᠤᠨ | ᠢᠲᠡᠭᠡᠯ ᠢ ᠨᠡᠮᠡᠭᠳᠡᠭᠦᠯᠬᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠪᠤᠢ ᠪᠣᠯᠭᠠᠬᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠣᠯᠤᠨ ᠨᠡᠶᠢᠭᠡᠮ ᠤᠨ ᠪᠦᠲᠦᠭᠡᠯᠴᠢ | ᠬᠦᠴᠦᠨ ᠢ ᠨᠡᠩ ᠶᠡᠭᠡ ᠪᠠᠷ ᠬᠥᠭᠵᠢᠭᠡᠬᠦ ᠳᠤ ᠠᠰᠢᠭᠲᠠᠢ ᠭᠡᠵᠡᠢ᠃ ᠬᠤᠷᠠᠯ ᠠᠴᠠ ︽ᠬᠠᠤᠯᠢ ᠴᠠᠭᠠᠵᠠ᠂ ᠵᠠᠰᠠᠭ ᠵᠠᠬᠢᠷᠭᠠᠨ ᠤ | ᠬᠠᠤᠯᠢ ᠲᠣᠭᠲᠠᠭᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠢᠶᠠᠷ ᠲᠣᠭᠲᠠᠭᠠᠭᠰᠠᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2022 ᠣᠨ ᠤ ᠬᠡᠪᠯᠡᠯ︶︾ ᠶᠢ ᠪᠠᠲᠤᠯᠠᠪᠠ᠃ ᠬᠤᠷᠠᠯ ᠠᠴᠠ | ᠱᠠᠭᠠᠷᠳᠠᠬᠤ ᠳᠤ ᠪᠠᠨ᠂ ᠨᠢᠭᠡ ᠳᠤ᠂ ᠡᠯ᠎ᠡ ᠮᠤᠵᠢ᠂ ᠬᠤᠲᠠ᠂ ᠰᠢᠶᠠᠨ ᠡᠨᠡ ᠵᠢᠯ ᠤᠨ ᠡᠴᠦᠰ ᠠᠴᠠ ᠡᠮᠦᠨ᠎ᠡ ᠲᠣᠰ | ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠶ ᠬᠠᠭᠤᠳᠠᠰᠤ ᠶᠢ ᠨᠠᠶᠢᠷᠠᠭᠤᠯᠤᠨ ᠳᠠᠭᠤᠰᠬᠠᠵᠤ᠂ | ᠬᠠᠤᠯᠢ ᠶᠣᠰᠣᠭᠠᠷ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠪᠦᠬᠦᠨ ᠢ ᠲᠡᠭᠦᠨ ᠳᠤ ᠣᠷᠣᠭᠤᠯᠬᠤ | ᠬᠡᠷᠡᠭᠲᠡᠢ᠃ ᠡᠯ᠎ᠡ ᠭᠠᠵᠠᠷ ᠣᠷᠣᠨ ᠤ ᠨᠠᠶᠢᠷᠠᠭᠤᠯᠤᠭᠰᠠᠨ ᠨᠠᠷᠢᠨ ᠬᠠᠭᠤᠳᠠᠰᠤ ᠶᠢᠨ ᠦᠨᠳᠦᠰᠦᠨ ᠡᠯᠧᠮᠧᠨ᠋ᠲ ᠢ ᠬᠠᠷᠢᠴᠠᠩᠭᠤᠶ | ᠨᠢᠭᠡᠳᠦᠯᠲᠡᠶ ᠪᠠᠶᠢᠯᠭᠠᠵᠤ᠂ ᠠᠳᠠᠯᠢ ᠨᠢᠭᠡᠨ ᠬᠡᠷᠡᠭ ᠶᠠᠪᠤᠳᠠᠯ ᠢ ᠠᠳᠠᠯᠢ ᠪᠤᠰᠤ ᠭᠠᠵᠠᠷ ᠣᠷᠣᠨ ᠳᠤ ᠠᠳᠠᠯᠢ ᠨᠢᠭᠡᠨ | ᠡᠯᠧᠮᠧᠨ᠋ᠲ ᠢᠶᠠᠷ ᠬᠠᠮᠢᠶᠠᠷᠬᠤ᠂ ᠠᠳᠠᠯᠢ ᠨᠢᠭᠡᠨ ᠪᠠᠷᠢᠮᠵᠢᠶ᠎ᠠ ᠪᠠᠷ ᠰᠢᠢᠳᠪᠦᠷᠢᠯᠡᠵᠦ ᠪᠣᠯᠬᠤ ᠶᠢ ᠠᠬᠢᠭᠤᠯᠬᠤ ᠬᠡᠷᠡᠭᠲᠡᠶ᠃ | ᠳᠡᠭᠡᠳᠦ ᠱᠠᠲᠤᠨ ᠠᠴᠠ ᠲᠣᠭᠲᠠᠭᠠᠵᠤ᠂ ᠲᠣᠰ ᠭᠠᠵᠠᠷ ᠣᠷᠣᠨ ᠳᠤ ᠪᠠᠨ ᠬᠡᠷᠡᠭᠵᠢᠭᠦᠯᠬᠦ ᠵᠦᠢᠯᠡᠰ ᠵᠢᠴᠢ ᠲᠡᠭᠦᠨ ᠤ | ᠦᠨᠳᠦᠰᠦᠨ ᠡᠯᠧᠮᠧᠨ᠋ᠲ ᠪᠦᠬᠦᠨ ᠳᠤ᠂ ᠡᠯ᠎ᠡ ᠭᠠᠵᠠᠷ ᠤᠨ ᠬᠢᠨ ᠲᠣᠰ ᠱᠠᠲᠤᠨ ᠤ ᠨᠠᠷᠢᠨ ᠬᠠᠭᠤᠳᠠᠰᠤ ᠪᠠᠨ ᠨᠠᠶᠢᠷᠠᠭᠤᠯᠤᠨ | ᠵᠣᠬᠢᠶᠠᠬᠤ ᠳᠤ ᠪᠠᠨ ᠳᠡᠭᠡᠷ᠎ᠡ ᠨᠢᠭᠡ ᠱᠠᠲᠤᠨ ᠤ ᠨᠠᠷᠢᠨ ᠬᠠᠭᠤᠳᠠᠰᠤ ᠶᠢᠨ ᠬᠡᠪᠴᠢᠶ᠎ᠡ ᠠᠴᠠ ᠬᠡᠲᠦᠷᠡᠭᠦᠯᠵᠦ ᠪᠣᠯᠬᠤ ᠥᠬᠡᠶ᠃ | ᠬᠤᠶᠠᠷ ᠲᠤ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠳ ᠨᠠᠷᠢᠨ ᠬᠠᠭᠤᠳᠠᠰᠤ ᠶᠢ ᠴᠢᠩᠭ᠎ᠠ | ᠵᠢᠷᠤᠮᠯᠠᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠵᠦ᠂ ᠠᠯᠬᠤᠮ ᠳᠠᠷᠠᠭ᠎ᠠ ᠪᠠᠨ ᠢᠯᠡ ᠲᠣᠳᠣ ᠪᠠᠶᠢᠯᠭᠠᠵᠤ᠂ ᠠᠵᠤ | ᠠᠬᠤᠶᠢᠯᠠᠯ ᠢ ᠲᠣᠳᠣᠷᠬᠠᠶ ᠵᠢᠱᠢᠯᠲᠡ ᠲᠠᠢ ᠪᠣᠯᠭᠠᠬᠤ ᠬᠡᠷᠡᠭᠲᠡᠶ᠃ ᠨᠠᠷᠢᠨ ᠬᠠᠭᠤᠳᠠᠰᠤ ᠶᠢᠨ ᠳᠣᠲᠣᠷᠠᠬᠢ ᠵᠠᠰᠠᠭ ᠵᠠᠬᠢᠷᠭᠠᠨ ᠤ | ᠵᠥᠪᠰᠢᠶᠡᠷᠡᠯ ᠢ ᠵᠦᠢᠯ ᠳᠠᠷᠠᠭᠠᠯᠠᠨ ᠲᠣᠭᠲᠠᠭᠠᠨ ᠬᠡᠷᠡᠭᠵᠢᠭᠦᠯᠬᠦ ᠵᠢᠷᠤᠮᠵᠢᠯ ᠢ ᠬᠡᠷᠡᠭᠵᠢᠭᠦᠯᠵᠦ᠂ ᠵᠥᠪᠰᠢᠶᠡᠷᠡᠬᠦ ᠨᠥᠬᠦᠴᠡᠯ᠂ | ᠭᠤᠶᠤᠴᠢᠯᠠᠬᠤ ᠮᠠᠲ᠋ᠧᠷᠢᠶᠠᠯ᠂ ᠬᠢᠨᠠᠨ ᠵᠥᠪᠰᠢᠶᠡᠷᠡᠬᠦ ᠠᠯᠬᠤᠮ ᠳᠠᠷᠠᠭ᠎ᠠ᠂ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠶᠢ | ᠲᠣᠳᠣᠷᠬᠠᠶᠢᠯᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ᠬᠡᠷᠡᠭᠵᠢᠭᠦᠯᠬᠦ ᠶᠠᠪᠤᠴᠠ ᠳᠤ ᠨᠡᠮᠡᠯᠲᠡ ᠨᠥᠬᠦᠴᠡᠯ ᠪᠤᠶᠤ | ᠬᠢᠵᠠᠭᠠᠷᠯᠠᠯ ᠢ ᠨᠡᠮᠡᠵᠦ ᠪᠣᠯᠬᠤ ᠥᠬᠡᠶ᠃ ᠨᠠᠷᠢᠨ ᠬᠠᠭᠤᠳᠠᠰᠤ ᠠᠴᠠ ᠭᠠᠳᠠᠨ᠎ᠠ ᠬᠠᠤᠯᠢ ᠠᠴᠠ ᠵᠥᠷᠢᠴᠡᠨ ᠵᠠᠰᠠᠭ ᠵᠠᠬᠢᠷᠭᠠᠨ ᠤ | ᠵᠥᠪᠰᠢᠶᠡᠷᠡᠯ ᠢ ᠲᠣᠭᠲᠠᠭᠠᠬᠤ ᠪᠠ ᠬᠡᠷᠡᠭᠵᠢᠭᠦᠯᠵᠦ ᠣᠭᠲᠣ ᠪᠣᠯᠬᠤ ᠦᠭᠡᠢ᠃ ᠡᠯ᠎ᠡ ᠵᠦᠢᠯ ᠤᠨ ᠨᠡᠷ᠎ᠡ ᠪᠠᠷ ᠬᠡᠯᠪᠡᠷᠢ ᠶᠢ ᠨᠢ | ᠥᠭᠡᠷᠡᠲᠦᠭᠦᠯᠦᠨ ᠪᠠᠶᠢᠭᠤᠯᠤᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠢ ᠴᠥᠮ ᠰᠢᠭᠰᠢᠨ ᠠᠷᠢᠯᠭᠠᠬᠤ ᠶᠢᠨ ᠬᠠᠮᠲᠤ | ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠭᠤᠷᠪᠠ ᠳᠤ᠂ ᠬᠠᠤᠯᠢ | ᠲᠣᠭᠲᠠᠭᠠᠯ ᠶᠣᠰᠣᠭᠠᠷ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠨᠠᠷᠢᠨ ᠬᠠᠭᠤᠳᠠᠰᠤᠨ ᠳᠤ ᠵᠢᠭᠰᠠᠭᠠᠨ | ᠣᠷᠣᠭᠤᠯᠤᠭᠰᠠᠨ ᠵᠦᠢᠯᠡᠰ ᠲᠤ ᠬᠢᠨᠠᠯᠲᠠ ᠬᠠᠮᠢᠶᠠᠷᠤᠯᠲᠠ ᠶᠢᠨ ᠭᠤᠤᠯ ᠴᠣᠭᠴᠠ᠂ ᠭᠤᠤᠯᠳᠠᠯᠭ᠎ᠠ ᠲᠠᠢ ᠭᠤᠭᠴᠤᠭ᠎ᠠ᠂ | ᠬᠢᠨᠠᠯᠲᠠ ᠬᠠᠮᠢᠶᠠᠷᠤᠯᠲᠠ ᠶᠢᠨ ᠲᠦᠷᠢᠮ ᠪᠠ ᠪᠠᠷᠢᠮᠵᠢᠶ᠎ᠠ ᠵᠡᠷᠭᠡ ᠶᠢ ᠵᠦᠢᠯ ᠳᠠᠷᠠᠭᠠᠯᠠᠨ ᠲᠣᠳᠣᠷᠬᠠᠶᠢᠯᠠᠬᠤ ᠬᠡᠷᠡᠭᠲᠡᠢ᠃ ᠤᠯᠠᠨ | ᠨᠡᠶᠢᠲᠡ ᠶᠢᠨ ᠠᠮᠤᠷ ᠲᠦᠪᠰᠢᠨ᠂ ᠤᠯᠠᠨ ᠨᠡᠶᠢᠲᠡ ᠶᠢᠨ ᠡᠷᠡᠭᠦᠯ ᠮᠡᠨᠳᠤ ᠳᠤ ᠰᠢᠭᠤᠳ ᠬᠤᠯᠪᠣᠭᠳᠠᠬᠤ ᠵᠢᠴᠢ ᠳᠠᠯᠳᠠ | ᠲᠦᠭᠰᠢᠭᠦᠷᠢ ᠶᠡᠬᠡᠲᠡᠶ ᠬᠦᠷᠢᠶᠡᠨ ᠳᠤ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ | ᠲᠦᠷᠪᠡ ᠳᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠵᠥᠪᠰᠢᠶᠡᠷᠡᠯ ᠢ | ᠬᠡᠷᠡᠭᠵᠢᠭᠦᠯᠬᠦ ᠳᠤᠮᠳᠠ ᠠᠮᠠᠯᠳᠠᠨ ᠮᠡᠳᠡᠭᠳᠡᠬᠦ ᠳᠦᠷᠢᠮ᠂ ᠦᠢᠯᠡᠴᠢᠯᠡᠭᠡ ᠶᠢ ᠨᠢᠭᠡᠳᠬᠡᠬᠦ᠂ ᠨᠢᠭᠡ ᠯᠡ ᠰᠦᠯᠵᠢᠶ᠎ᠡ ᠪᠠᠷ ᠨᠡᠶᠢᠳᠡᠮ | ᠰᠢᠢᠳᠪᠦᠷᠢᠯᠡᠬᠦ ᠵᠡᠷᠭᠡ ᠠᠷᠭ᠎ᠠ ᠮᠠᠶ᠋ᠢᠭ ᠢ ᠬᠡᠷᠡᠭᠵᠢᠭᠦᠯᠵᠦ᠂ ᠠᠵᠤ ᠠᠬᠤᠶᠢᠯᠠᠯ ᠪᠠ ᠤᠯᠠᠨ ᠲᠦᠮᠡᠨ ᠤ ᠠᠵᠢᠯ ᠶᠠᠪᠤᠳᠠᠯ | ᠰᠢᠢᠳᠪᠦᠷᠢᠯᠡᠬᠦ ᠳᠤ ᠨᠡᠩ ᠤᠯᠠᠨ ᠲᠦᠬᠦᠮ ᠦᠵᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠢᠲᠡᠭᠡᠮᠵᠢ ᠪᠣᠯ ᠵᠠᠬ᠎ᠠ ᠳᠡᠯᠭᠡᠭᠦᠷ ᠤᠨ ᠠᠵᠤ ᠠᠬᠤᠶ ᠶᠢᠨ ᠰᠠᠭᠤᠷᠢ ᠮᠥᠨ᠃ | ᠦᠨᠡᠨᠴᠢ ᠢᠲᠡᠭᠡᠮᠵᠢᠲᠡᠶ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ | ᠪᠣᠯᠭᠠᠬᠤ ᠶᠢᠨ ᠲᠤᠰᠠᠳᠠ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠲᠥᠷᠥᠯ ᠬᠤᠪᠢᠶᠠᠨ ᠬᠠᠮᠢᠶᠠᠷᠬᠤ | ᠠᠷᠭ᠎ᠠ ᠶᠢ ᠬᠠᠤᠯᠢ ᠲᠣᠭᠲᠠᠭᠠᠯ ᠶᠣᠰᠣᠭᠠᠷ ᠠᠬᠢᠭᠤᠯᠵᠤ᠂ ︽ᠬᠤᠶᠠᠷ ᠢ ᠲᠠᠰᠢᠷᠠᠮ ᠳᠤ ᠨᠢ ᠪᠠᠶᠢᠴᠠᠭᠠᠬᠤ᠂ ᠨᠢᠭᠡ ᠶᠢ ᠢᠯᠡ | ᠪᠣᠯᠭᠠᠬᠤ︾ ᠵᠡᠷᠭᠡ ᠰᠢᠨᠵᠢᠯᠡᠬᠦ ᠤᠬᠠᠭᠠᠨᠴᠢ ᠪᠥᠭᠡᠳ ᠨᠠᠷᠢᠯᠢᠭ ᠣᠨᠣᠴᠠᠲᠠᠶ ᠬᠢᠨᠠᠯᠲᠠ ᠬᠠᠮᠢᠶᠠᠷᠤᠯᠲᠠ ᠶᠢᠨ ᠠᠷᠭ᠎ᠠ | ᠬᠡᠮᠵᠢᠶ᠎ᠡ ᠶᠢ ᠵᠣᠬᠢᠴᠠᠩᠭᠤᠶ ᠪᠠᠷ ᠠᠪᠴᠤ᠂ ᠬᠢᠨᠠᠯᠲᠠ ᠬᠠᠮᠢᠶᠠᠷᠤᠯᠲᠠ ᠶᠢ ᠦᠨᠡᠨᠴᠢ ᠢᠲᠡᠭᠡᠮᠵᠢᠲᠡᠶ ᠡᠵᠡᠩᠨᠡᠭᠴᠢ ᠳᠤ ︽ᠤᠴᠢᠷ | ᠶᠠᠪᠤᠳᠠᠯ ᠥᠬᠡᠶ ᠪᠣᠯ ᠬᠠᠷᠰᠢᠯᠠᠬᠤ ᠥᠬᠡᠶ︾᠂ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠳ ᠲᠤ ︽ᠭᠠᠵᠠᠷ ᠪᠣᠯᠭᠠᠨ ᠳᠤ | ᠪᠠᠶᠢᠯᠭᠠᠬᠤ︾ ᠬᠡᠷᠡᠭᠲᠡᠶ᠃ ᠨᠢᠭᠡ ᠳᠤ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢᠨ ᠲᠥᠷᠥᠯ ᠬᠤᠪᠢᠶᠠᠬᠤ | ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠰᠢᠨᠵᠢᠯᠡᠬᠦ ᠤᠬᠠᠭᠠᠨᠴᠢ ᠪᠠᠷ ᠪᠠᠶᠢᠭᠤᠯᠵᠤ᠂ ᠠᠵᠤ ᠠᠬᠤᠶᠢᠯᠠᠯ ᠤᠨ | ᠳᠠᠩᠰᠠᠯᠠᠭᠤᠯᠤᠭᠰᠠᠨ᠂ ᠪᠦᠷᠢᠳᠬᠡᠭᠦᠯᠦᠭᠰᠡᠨ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ᠂ ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠵᠢᠭᠰᠠᠭᠠᠯᠲᠠ ᠪᠠ ᠬᠦᠨᠳᠦ ᠨᠣᠴᠢᠲᠠᠶ ᠢᠲᠡᠭᠡᠯ ᠠᠯᠳᠠᠭᠰᠠᠨ | ᠭᠤᠤᠯ ᠴᠣᠭᠴᠠ ᠶᠢᠨ ᠨᠡᠷᠡᠰ ᠤᠨ ᠵᠢᠭᠰᠠᠭᠠᠯᠲᠠ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤ ᠨᠢ ᠴᠤᠭᠯᠠᠭᠤᠯᠵᠤ᠂ ᠡᠭᠦᠨ ᠤ | ᠰᠠᠭᠤᠷᠢᠨ ᠳᠡᠭᠡᠷ᠎ᠡ᠂ ᠨᠢᠭᠡ ᠯᠡ ᠠᠳᠠᠯᠢ ᠪᠠᠷ ᠬᠠᠨᠳᠤᠬᠤ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠤᠨ ᠥᠮᠴᠢᠯᠡᠯᠲᠦ ᠠᠵᠤ | ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠳᠤ ᠲᠥᠷᠥᠯ ᠬᠤᠪᠢᠶᠠᠬᠤ ᠬᠡᠷᠡᠭᠲᠡᠶ᠃ ᠬᠤᠶᠠᠷ ᠲᠤ᠂ ᠲᠦᠷᠦᠯ | ᠬᠤᠪᠢᠶᠠᠭᠰᠠᠨ ᠦᠷ᠎ᠡ ᠳ᠋ᠦᠩ ᠢ ᠠᠰᠢᠭᠯᠠᠨ ᠬᠢᠨᠠᠯᠲᠠ ᠬᠠᠮᠢᠶᠠᠷᠤᠯᠲᠠ ᠶᠢᠨ ᠨᠥᠯᠥᠭᠡ ᠦᠢᠯᠡᠳᠦᠯ ᠢ ᠳᠡᠭᠡᠭᠰᠢᠯᠡᠭᠦᠯᠵᠦ᠂ | ᠳᠤᠷ᠎ᠠ ᠪᠠᠷ ᠦᠢᠯᠡᠳᠬᠦ᠂ ᠳᠤᠷ᠎ᠠ ᠪᠠᠷ ᠬᠠᠤᠯᠢ ᠬᠡᠷᠡᠭᠵᠢᠭᠦᠯᠬᠦ ᠶᠢ ᠰᠡᠷᠭᠡᠶᠢᠯᠡᠬᠦ ᠬᠡᠷᠡᠭᠲᠡᠢ᠃ ᠲᠦᠭᠰᠢᠭᠦᠷᠢ ᠳᠣᠣᠷ᠎ᠠ ᠠᠵᠤ | ᠠᠬᠤᠶᠢᠯᠠᠯ ᠳᠤ ᠬᠠᠤᠯᠢ ᠶᠣᠰᠣᠭᠠᠷ ᠬᠢᠨᠠᠨ ᠬᠠᠮᠢᠶᠠᠷᠴᠤ ᠰᠤᠭᠤᠴᠢᠨ ᠪᠠᠶᠢᠴᠠᠭᠠᠬᠤ ᠬᠠᠷᠢᠴᠠᠯ ᠪᠠ ᠳᠠᠪᠲᠠᠮᠵᠢ ᠤᠳᠠᠭ᠎ᠠ ᠶᠢ | ᠵᠦᠶ ᠵᠣᠬᠢᠰᠲᠠᠶ ᠪᠠᠭᠤᠷᠠᠭᠤᠯᠵᠤ᠂ ᠲᠦᠭᠰᠢᠭᠦᠷᠢ ᠶᠡᠬᠡᠲᠡᠶ ᠪᠤᠶᠤ ᠮᠠᠭᠤ ᠲᠡᠮᠳᠡᠭᠯᠡᠯ ᠲᠠᠢ ᠠᠵᠤ ᠠᠬᠤᠶᠢᠯᠠᠯ ᠳᠤ ᠲᠠᠰᠢᠷᠠᠮ ᠳᠤ | ᠨᠢ ᠰᠤᠭᠤᠴᠢᠨ ᠪᠠᠶᠢᠴᠠᠭᠠᠬᠤ᠂ ᠲᠤᠬᠠᠶ ᠶᠢᠨ ᠲᠠᠯᠠᠪᠤᠷ ᠲᠤ ᠨᠢ ᠪᠠᠶᠢᠴᠠᠭᠠᠬᠤ ᠵᠡᠷᠭᠡ ᠡᠷᠴᠢᠮ ᠢ ᠬᠠᠤᠯᠢ ᠶᠣᠰᠣᠭᠠᠷ ᠴᠢᠭᠯᠡᠯᠲᠦ | ᠴᠢᠨᠠᠷᠲᠠᠶ ᠪᠠᠷ ᠴᠢᠩᠭᠠᠷᠠᠭᠤᠯᠬᠤ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠨ ᠬᠠᠮᠵᠢᠯᠴᠠᠭ᠎ᠠ ᠶᠢ ᠴᠢᠩᠭᠠᠳᠬᠠᠵᠤ | ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠪᠠ ᠠᠮᠤᠷ ᠲᠦᠪᠰᠢᠨ ᠳᠤ ᠬᠤᠯᠪᠣᠭᠳᠠᠬᠤ ᠢᠳᠡᠭᠡᠨ ᠤ ᠵᠦᠢᠯ ᠪᠠ ᠡᠮ ᠤᠨ | ᠵᠦᠢᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠵᠡᠷᠭᠡ ᠬᠦᠷᠢᠶ᠎ᠡ ᠴᠠᠷᠠᠭ᠎ᠠ ᠳᠤ ᠭᠤᠤᠯᠳᠠᠯᠭ᠎ᠠ ᠲᠠᠢ ᠬᠢᠨᠠᠨ | ᠬᠠᠮᠢᠶᠠᠷᠬᠤ᠂ ᠪᠥᠬᠦ ᠬᠡᠯᠬᠢᠶ᠎ᠡ ᠪᠠᠷ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ᠃ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠲᠤ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠢ ᠬᠢᠨᠠᠯᠲᠠ | ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠭᠰᠠᠨ | ᠤᠷᠢᠲᠠᠯ ᠳᠣᠣᠷ᠎ᠠ ᠬᠥᠭᠵᠢᠯᠲᠡ ᠶᠢᠨ ᠣᠷᠣᠨ ᠵᠠᠢ ᠶᠢ ᠦᠯᠡᠳᠡᠭᠡᠬᠦ ᠬᠡᠷᠡᠭᠲᠡᠢ᠃ ᠭᠤᠷᠪᠠ ᠳᠤ᠂ ᠠᠶᠤᠯ ᠲᠦᠭᠰᠢᠭᠦᠷᠢ ᠶᠢ | ᠬᠢᠨᠠᠨ ᠰᠢᠨᠵᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠬᠤ ᠬᠡᠷᠡᠭᠲᠡᠶ᠃ ᠲᠣᠮᠣ ᠳ᠋ᠠᠶᠢᠲ᠋ᠠ ᠶᠢᠨ | ᠵᠠᠳᠠᠯᠤᠯᠲᠠ᠂ ᠭᠤᠤᠯᠳᠠᠯᠭ᠎ᠠ ᠲᠠᠢ ᠭᠦᠢᠴᠡᠳᠬᠡᠯ ᠲᠤᠭ᠎ᠠ ᠶᠢᠨ ᠬᠢᠨᠠᠨ ᠰᠢᠨᠵᠢᠯᠡᠯᠲᠡ ᠵᠡᠷᠭᠡ ᠪᠠᠷ ᠳᠠᠮᠵᠢᠭᠤᠯᠤᠨ᠂ ᠠᠵᠤ | ᠠᠬᠤᠶᠢᠯᠠᠯ ᠤᠨ ᠬᠡᠪ ᠤᠨ ᠪᠤᠰᠤ ᠪᠠᠶᠢᠳᠠᠯ ᠪᠠ ᠠᠶᠤᠯ ᠲᠦᠭᠰᠢᠭᠦᠷᠢ ᠶᠢ ᠡᠷᠲᠡᠬᠡᠨ ᠢᠯᠡᠷᠡᠭᠦᠯᠵᠦ᠂ ᠠᠵᠤ ᠠᠬᠤᠶᠢᠯᠠᠯ ᠳᠤ | ᠴᠠᠭ ᠲᠤᠬᠠᠢ ᠳᠤ ᠨᠢ ᠰᠠᠨᠠᠭᠤᠯᠤᠮᠵᠢ ᠥᠭᠴᠦ᠂ ᠬᠢᠨᠠᠨ ᠬᠠᠮᠢᠶᠠᠷᠬᠤ ᠪᠣᠭᠤᠮᠲᠠ ᠶᠢ ᠤᠷᠤᠭᠰᠢ ᠰᠢᠯᠵᠢᠭᠦᠯᠵᠦ᠂ ᠠᠶᠤᠯ | ᠲᠦᠭᠰᠢᠭᠦᠷᠢ ᠶᠢᠨ ᠳᠠᠯᠳᠠ ᠬᠡᠮ ᠢ ᠠᠷᠢᠯᠭᠠᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |