ᠰᠢᠶᠠᠨ ᠤ ᠨᠠᠮ ᠤᠨ ᠬᠤᠷᠢᠶᠠᠨ ᠤ ᠱᠦᠵᠢ ᠭᠤᠸ ᠶᠦᠩ ᠪᠢᠨ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/11/27
 
   11 ᠰᠠᠷ᠎ᠠ   ᠶᠢᠨ 22 ᠤᠨ ᠡᠳᠦᠷ ᠰᠢᠶᠠᠨ ᠤ ᠨᠠᠮ ᠤᠨ ᠬᠤᠷᠢᠶᠠᠨ ᠤ ᠱᠦᠵᠢ ᠭᠤᠣ ᠶᠦᠩ ᠪᠢᠨ ᠨᠡᠶᠢᠭᠡᠮ ᠲᠣᠭᠤᠷᠢᠭ᠂ ᠬᠡᠳᠦ ᠳᠡᠯᠭᠡᠭᠦᠷ᠂ ᠲᠤᠰᠠᠭᠠᠷᠯᠠᠬᠤ ᠭᠠᠵᠠᠷ᠂ ᠭᠠᠯᠲᠤ ᠲᠡᠷᠭᠡᠨ ᠤ ᠥᠷᠲᠡᠭᠡ᠂ ᠬᠤᠲᠠ ᠶᠢᠨ ᠲᠣᠭᠤᠷᠢᠭ ᠤᠨ ᠺᠠᠺᠧᠦ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠮᠠᠨ ᠤ ᠰᠢᠶᠠᠨ ᠤ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠪᠠ᠃ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ᠂ ᠰᠢᠶᠠᠨ ᠤ ᠤᠳᠤᠷᠢᠳᠤᠯᠭ᠎ᠠ ᠶᠣᠣ ᠬᠠᠢ ᠹᠧᠩ᠂ ᠰᠢᠶᠥᠩ ᠸᠧᠢ᠂ ᠵᠠᠩ ᠷᠢ ᠭᠤᠤ᠂ ᠴᠧᠨ ᠶᠠ ᠮᠢᠩ᠂ ᠸᠧᠢ ᠸᠧᠢ᠂ ᠶᠠᠨ ᠴᠢᠤᠸᠠᠨ ᠯᠢ᠂ ᠸᠠᠩ ᠬᠡᠦ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
  ᠭᠤᠸ ᠶᠦᠩ ᠪᠢᠨ ᠲᠤᠬᠠᠢ ᠶᠢᠨ ᠲᠠᠯᠠᠪᠤᠷ ᠲᠤ ᠯᠠᠪᠯᠠᠨ ᠠᠰᠠᠭᠤᠬᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ᠡᠭᠦᠨ ᠤ ᠬᠠᠮᠲᠤ ᠲᠠᠷᠠᠭᠠᠴᠢ ᠶᠢᠨ ᠠᠯᠬᠤᠮ ᠤᠨ ᠪᠣᠳᠠᠲᠠᠢ ᠠᠵᠢᠯ ᠤᠨ ᠲᠤᠬᠠᠢ ᠵᠢᠯᠤᠭᠤᠳᠬᠤ ᠰᠠᠨᠠᠯ ᠢᠶᠠᠨ ᠲᠤᠷᠠᠳᠪᠠ᠃
  ᠭᠤᠸ ᠶᠦᠩ ᠪᠢᠨ ᠪᠠᠶᠢᠴᠠᠭᠠᠨ ᠰᠤᠳᠤᠯᠤᠯᠲᠠ ᠬᠢᠬᠦ ᠳᠡᠭᠡᠨ ᠵᠢᠭᠠᠵᠤ ᠭᠠᠷᠭᠠᠭᠰᠠᠨ ᠨᠢ᠂ ᠨᠡᠶᠢᠭᠡᠮ ᠲᠣᠭᠤᠷᠢᠭ ᠤᠨ  ᠬᠢᠨ ᠪᠠᠶᠢᠩᠭᠤ ᠶᠢᠨ ᠪᠠᠶᠢᠴᠠᠭᠠᠯᠲᠠ ᠬᠢᠵᠦ᠂ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠤᠨᠴᠠᠭᠠᠶᠢᠯᠠᠨ ᠨᠤᠲᠤᠭ ᠲᠠᠭᠠᠨ ᠪᠤᠴᠠᠭᠰᠠᠳ ᠤᠨ ᠪᠠᠶᠢᠳᠠᠯ ᠢ ᠣᠶᠢᠯᠠᠭᠠᠵᠤ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠡᠳᠦᠷ ᠤᠨ ᠪᠠᠶᠢᠴᠠᠭᠠᠯᠲᠠ᠂ ᠡᠳᠦᠷ ᠤᠨ ᠮᠡᠳᠡᠭᠦᠯᠦᠯᠲᠡ᠂ ᠡᠳᠦᠷ ᠤᠨ ᠳ᠋ᠦᠩᠨᠡᠯᠲᠡ ᠶᠢ ᠪᠡᠶᠡᠯᠡᠭᠦᠯᠬᠦ ᠬᠡᠷᠡᠭᠲᠡᠢ᠃ᠡᠳ᠋ ᠪᠣᠳᠠᠰ ᠤᠨ ᠪᠠᠲᠤᠯᠠᠭ᠎ᠠ ᠶᠢᠨ ᠳᠤᠭᠤᠶᠢᠯᠠᠩ ᠨᠢ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ᠬᠡᠲᠦ ᠳᠡᠯᠭᠡᠭᠦᠷ᠂ ᠬᠤᠳᠠᠯᠳᠤᠭᠠᠨ ᠤ ᠲᠠᠯᠠᠪᠤᠷ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠣᠷᠣᠵᠤ ᠪᠠᠶᠢᠴᠠᠭᠠᠨ ᠰᠢᠯᠭᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠨᠠᠭᠠᠰᠢ ᠴᠠᠭᠠᠰᠢ ᠶᠠᠪᠤᠵᠤ ᠪᠠᠶᠢᠭ᠎ᠠ ᠪᠣᠶ ᠪᠦᠬᠦᠢ ᠬᠥᠮᠥᠰ ᠢ ᠨᠢᠭᠡ ᠦᠵᠡᠵᠦ ᠨᠢᠭᠡ ᠰᠢᠷᠪᠢᠵᠦ᠂ ᠡᠳᠦᠷ ᠪᠦᠷᠢ ᠣᠷᠴᠢᠨ ᠲᠣᠭᠤᠷᠢᠨ ᠢ ᠦᠭᠡᠶᠢᠬᠢᠬᠦ ᠬᠡᠷᠡᠭᠲᠡᠢ᠃ᠭᠠᠯᠲᠤ ᠲᠡᠷᠭᠡᠨ ᠦᠷᠲᠡᠭᠡ ᠪᠣᠯᠣᠨ ᠬᠤᠲᠠ ᠶᠢᠨ ᠲᠣᠭᠤᠷᠢᠭ ᠤᠨ ᠡᠯ᠎ᠡ ᠪᠣᠭᠤᠮᠲᠠ ᠨᠢ ᠤᠯᠠᠭᠠᠨ ᠺᠣᠳ᠋ ᠰᠢᠷᠪᠢᠵᠦ ᠪᠠᠶᠢᠴᠠᠭᠠᠨ ᠰᠢᠯᠭᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂︽ᠠᠷᠠᠯᠵᠢᠶᠠᠨ ᠳᠤ ᠣᠷᠣᠪᠠᠯ ᠳᠠᠷᠤᠢ ᠪᠠᠶᠢᠴᠠᠭᠠᠬᠤ︾᠂ ᠪᠠᠶᠢᠴᠠᠭᠠᠪᠠᠯ ᠵᠣᠬᠢᠬᠤ ᠶᠢ ᠵᠠᠪᠠᠯ ᠪᠠᠶᠢᠴᠠᠭᠠᠬᠤ ᠶᠢ ᠭᠦᠢᠴᠡᠳᠬᠡᠵᠦ᠂ ᠭᠠᠳᠠᠨ᠎ᠠ ᠠᠴᠠ ᠢᠷᠡᠭᠰᠡᠨ ᠬᠥᠮᠥᠰ ᠤᠨ ᠳᠤᠯᠠᠭᠠᠨ ᠢ ᠬᠡᠮᠵᠢᠵᠦ᠂ ᠬᠦᠷᠦᠭᠰᠡᠨ ᠭᠠᠵᠠᠷ ᠤᠨ ᠪᠥᠭᠡᠮ ᠬᠦᠴᠢᠯ ᠢ ᠪᠠᠶᠢᠴᠠᠭᠠᠨ ᠰᠢᠯᠭᠠᠵᠤ᠂ ᠨᠢᠭᠡ ᠬᠥᠮᠥᠨ ᠨᠢᠭᠡ ᠲᠡᠷᠭᠡ ᠶᠢ ᠴᠦ ᠣᠷᠬᠢᠭᠳᠠᠭᠤᠯᠬᠤ ᠦᠭᠡᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠢᠮᠠᠭᠲᠠ ᠴᠢᠩᠭᠠᠯᠠᠵᠤ᠂ ︽ᠭᠠᠳᠠᠨ᠎ᠠ ᠠᠴᠠ ᠰᠡᠷᠭᠡᠶᠢᠯᠡᠨ ᠣᠷᠣᠭᠤᠯᠬᠤ︾ᠪᠣᠭᠤᠮᠲᠠ ᠶᠢ ᠡᠷᠡᠰ ᠪᠠᠲᠤ ᠰᠠᠬᠢᠬᠤ ᠬᠡᠷᠡᠭᠲᠡᠢ᠃ᠲᠤᠰᠠᠭᠠᠷᠯᠠᠬᠤ ᠴᠡᠭ ᠪᠣᠯ ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠷ᠎ᠠ ᠭᠠᠳᠠᠨ᠎ᠠ ᠠᠴᠠ ᠰᠡᠷᠭᠡᠶᠢᠯᠡᠬᠦ ᠶᠢᠨ ᠴᠢᠬᠤᠯᠠ ᠰᠡᠷᠭᠡᠶᠢᠯᠡᠯᠲᠡ ᠶᠢᠨ ᠱᠤᠭᠤᠮ ᠮᠥᠨ᠂ ᠳᠣᠲᠣᠭᠠᠳᠤ ᠭᠠᠳᠠᠭᠠᠳᠤ ᠶᠢᠨ ᠬᠠᠮᠢᠶᠠᠷᠤᠯᠲᠠ ᠶᠢᠨ ᠠᠵᠢᠯᠲᠠᠨ ᠤ ᠰᠡᠷᠭᠡᠶᠢᠯᠡᠯᠲᠡ ᠶᠢ ᠠᠩᠬᠠᠷᠴᠤ᠂ ᠨᠡᠶᠢᠭᠡᠮ ᠤᠨ ᠲᠠᠯ᠎ᠠ ᠶᠢᠨ ᠣᠶᠢᠷᠠᠲᠤᠯᠴᠠᠭ᠎ᠠ ᠶᠢ ᠴᠢᠳᠠᠬᠤ ᠶᠢᠨ ᠬᠢᠷᠢ ᠪᠠᠷ ᠪᠠᠭᠠᠰᠬᠠᠵᠤ᠂ ᠰᠣᠯᠪᠢᠴᠠᠨ ᠬᠠᠯᠳᠠᠪᠤᠷᠢᠯᠠᠬᠤ ᠪᠠ ᠠᠶᠤᠯ ᠲᠦᠭᠰᠢᠭᠦᠷᠢ ᠭᠠᠳᠠᠭᠰᠢ ᠯᠡᠪᠡᠷᠡᠬᠦ ᠶᠢ ᠴᠢᠩᠭ᠎ᠠ ᠰᠡᠷᠭᠡᠶᠢᠯᠡᠵᠦ᠂ ᠲᠤᠰᠠᠭᠠᠷᠯᠠᠬᠤ ᠴᠡᠭ ᠤᠨ ᠣᠷᠴᠢᠨ ᠲᠣᠭᠤᠷᠢᠨ ᠤ ᠤᠰᠠᠳᠤᠯ ᠢ ᠴᠢᠩᠭᠠᠳᠬᠠᠵᠤ᠂ ᠲᠤᠰᠠᠭᠠᠷᠯᠠᠬᠤ ᠴᠡᠭ ᠤᠨ ᠠᠮᠤᠷ ᠲᠦᠪᠰᠢᠨ ᠤ ᠪᠠᠷᠢᠮᠵᠢᠶ᠎ᠠ ᠳᠤ ᠬᠦᠷᠬᠦ ᠶᠢ ᠦᠨᠡᠨ ᠬᠦ ᠪᠠᠲᠤᠯᠠᠬᠤ ᠬᠡᠷᠡᠭᠲᠡᠢ᠃ᠤᠷᠤᠰᠤᠯ ᠰᠢᠯᠵᠢᠭᠦᠯᠬᠦ ᠳᠤᠭᠤᠶᠢᠯᠠᠩ ᠨᠢ ᠤᠷᠤᠰᠤᠯ ᠰᠢᠯᠵᠢᠭᠦᠯᠬᠦ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠳᠠᠬᠢᠨ ᠳᠠᠪᠲᠠᠨ ᠳ᠋ᠦᠩᠨᠡᠬᠦ ᠳᠡᠭᠡᠨ ᠴᠢᠳᠠᠮᠠᠭᠠᠢ ᠪᠠᠶᠢᠵᠤ᠂ ᠬᠠᠷᠢᠭᠤ ᠲᠤᠰᠬᠠᠬᠤ ᠴᠤᠪᠤᠷᠠᠯ ᠢ ᠪᠣᠳᠠᠲᠠᠶᠢᠵᠢᠭᠤᠯᠵᠤ᠂ ᠴᠠᠭ ᠲᠤᠬᠠᠢ ᠳᠤᠨᠢ ᠠᠯᠳᠠᠭᠳᠠᠯ ᠢ ᠪᠠᠶᠢᠴᠠᠭᠠᠨ ᠳᠤᠲᠠᠭᠳᠠᠯ ᠢ ᠨᠥᠬᠦᠪᠦᠷᠢᠯᠡᠵᠦ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ ᠂ ᠳᠦᠷᠢᠮ ᠢᠶᠠᠨ ᠪᠦᠷᠢᠨᠰᠢᠭᠦᠯᠵᠦ᠂ ᠪᠦᠬᠦᠯᠢ ᠴᠣᠭᠴᠠ ᠶᠢᠨ ᠰᠡᠷᠭᠡᠶᠢᠯᠡᠨ ᠡᠵᠡᠮᠳᠡᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠰᠡᠷᠭᠡᠶᠢᠯᠡᠨ ᠡᠵᠡᠮᠳᠡᠬᠦ ᠠᠵᠢᠯᠲᠠᠳ ᠡᠷᠬᠡᠪᠰᠢ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠠᠮᠠᠷᠠᠬᠤ ᠶᠢ ᠠᠩᠬᠠᠷᠬᠤ ᠬᠡᠷᠡᠭᠲᠡᠢ ᠭᠡᠵᠡᠢ᠃    ᠭᠤᠸ ᠶᠦᠩ ᠪᠢᠨ ᠠᠴᠠ᠂ ᠪᠥᠬᠦ ᠰᠢᠶᠠᠨ ᠢᠶᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠨ ᠨᠢᠮᠪᠠᠢ ᠨᠠᠶᠢᠳᠠᠪᠤᠷᠢᠵᠢᠭᠤᠯᠤᠨ ᠂ ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠱᠠᠭᠠᠷᠳᠠᠯᠭ᠎ᠠ ᠶᠣᠰᠣᠭᠠᠷ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠢ ᠬᠡᠵᠦ ᠴᠢᠬᠤᠯᠠᠴᠢᠯᠠᠪᠠ᠃                                                    ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2