ᠳᠡᠳ᠋ ᠬᠤᠲᠠ ᠶᠢᠨ ᠳᠠᠷᠤᠭ᠎ᠠ ᠯᠢ ᠵᠢᠶᠠᠨ ᠵᠢᠶᠦ᠋ᠨ ᠮᠠᠨ ᠤ ᠰᠢᠶᠠᠨ ᠳᠤ ᠭᠦᠨᠵᠡᠭᠡᠶᠢᠷᠡᠨ ᠴᠠᠭᠠᠨ ᠨᠠᠭᠤᠷ ᠤᠨ ᠴᠢᠭᠢᠭᠯᠢᠭ ᠭᠠᠵᠠᠷ ᠢ ᠬᠠᠮᠠᠭᠠᠯᠠᠨ ᠰᠡᠷᠭᠦᠭᠡᠬᠦ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠠᠨ ᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/11/27
  2022 ᠣᠨ ᠤ 11 ᠰᠠᠷ᠎ᠠ ᠶᠢᠨ 26  ᠤ ᠡᠳᠦᠷ᠂ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠵᠢᠶᠠᠨ ᠵᠢᠶᠦ᠋ᠨ᠂ ᠬᠤᠳᠠ ᠶᠢᠨ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠼᠠᠢ ᠬᠦᠢ ᠹᠠᠩ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠦ᠋ ᠶᠦᠨ ᠰᠢᠶᠠ ᠨᠠᠷ ᠮᠠᠨ ᠤ ᠰᠢᠶᠠᠨ ᠳᠤ ᠭᠦᠨᠵᠡᠭᠡᠶᠢᠷᠡᠨ ᠴᠠᠭᠠᠨ ᠨᠠᠭᠤᠷ ᠤᠨ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠠᠨ ᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠵᠠᠢ᠃ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠭᠤᠸᠠᠩ᠂ ᠵᠤᠤ ᠭᠦᠸᠧ ᠸᠧᠨ ᠵᠢᠴᠢ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
  ᠴᠠᠭᠠᠨ ᠨᠠᠭᠤᠷ ᠤᠨ ᠨᠤᠭᠤ ᠭᠠᠵᠠᠷ ᠤᠨ ᠴᠡᠴᠡᠷᠯᠢᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠯᠢ ᠵᠢᠶᠠᠨ ᠵᠢᠶᠦ᠋ᠨ᠂ ᠴᠠᠭᠠᠨ ᠨᠠᠭᠤᠷ ᠤᠨ ᠨᠤᠭᠤ ᠭᠠᠵᠠᠷ ᠢ ᠬᠠᠮᠠᠭᠠᠯᠠᠬᠤ ᠪᠠ ᠰᠡᠯᠪᠢᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠵᠣᠬᠢᠶᠠᠨ ᠪᠠᠶᠢᠭᠤᠯᠬᠤ᠂ ᠬᠠᠮᠢᠶᠠᠷᠬᠤ᠂ ᠲᠣᠬᠢᠷᠠᠭᠤᠯᠬᠤ᠂ ᠠᠶᠤᠯᠭᠦᠢ ᠦᠢᠯᠡᠳᠪᠦᠷᠢᠯᠡᠯ ᠵᠡᠷᠭᠡ ᠬᠠᠮᠢᠶ᠎ᠠ ᠪᠦᠬᠦᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠡᠮᠬᠢ ᠴᠡᠭᠴᠡ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
   ᠪᠦᠸᠧ ᠯᠢ ᠬᠡᠦ ᠵᠢᠩ ᠰᠢᠶᠠᠩ ᠤᠨ ᠰᠠᠨ ᠶᠢᠩ ᠲᠤ ᠲᠣᠰᠬᠤᠨ ᠤ ᠨᠠᠰᠤᠲᠠᠨ ᠢ ᠠᠰᠠᠷᠠᠬᠤ ᠬᠦᠷᠢᠶᠡᠯᠡᠩ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠯᠢ ᠵᠢᠶᠠᠨ ᠵᠢᠶᠦ᠋ᠨ ᠴᠢᠬᠤᠯᠠᠴᠢᠯᠠᠭᠰᠠᠨ ᠨᠢ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠡᠷᠴᠢᠮ ᠢ ᠪᠣᠳᠠᠲᠠᠶᠢᠵᠢᠭᠤᠯᠬᠤ᠂ ᠬᠠᠮᠢᠶᠠᠷᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠲᠤᠯᠠᠬᠤ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠣᠷᠣᠨ ᠰᠠᠭᠤᠴᠠ᠂ ᠤᠰᠤ᠂ ᠴᠠᠬᠢᠯᠭᠠᠨ᠂ ᠭᠠᠯ᠂ ᠬᠡᠢ᠂ ᠢᠳᠡᠭᠡᠨ ᠤᠮᠳᠠᠭᠠᠨ ᠵᠡᠷᠭᠡ ᠲᠠᠯ᠎ᠠ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠨᠠᠰᠤᠲᠠᠶᠢᠴᠤᠳ ᠲᠤ ᠰᠡᠳᠬᠢᠯ ᠲᠠᠯᠪᠢᠨ ᠬᠠᠯᠠᠭᠤᠨ ᠳᠤᠯᠠᠭᠠᠨ᠂ ᠴᠢᠨᠠᠷ ᠰᠠᠶᠢᠲᠠᠢ ᠳᠤᠯᠠᠭᠠᠨ ᠪᠦᠯᠢᠶᠡᠨ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠢ᠃
   ᠶᠠᠩ ᠸᠧᠨ ᠾᠦᠢᠢ᠂ ᠱᠠᠩᠳᠤ ᠰᠢᠶᠠᠨ ᠴᠠᠭᠠᠨ ᠨᠠᠭᠤᠷ ᠤᠨ ᠨᠤᠭᠤ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠴᠠᠭᠠᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠤᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠨ᠎ᠠ︔ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠢᠵᠢ ᠪᠦᠷᠢᠳᠦᠭᠦᠯᠬᠦ ᠪᠡᠯᠡᠳᠬᠡᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠬᠢᠷᠢ ᠬᠡᠮᠵᠢᠶ᠎ᠡ ᠪᠠ ᠦᠢᠯᠡᠴᠢᠯᠡᠭᠡᠨ ᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠂ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠮᠤᠷ ᠲᠦᠪᠰᠢᠨ ᠠᠵᠢᠯᠯᠠᠭᠠᠨ ᠤ ᠬᠠᠯᠬᠠᠪᠴᠢ ᠶᠢ ᠪᠠᠶᠢᠭᠤᠯᠤᠨ᠎ᠠ ᠭᠡᠪᠡ᠃                                                              ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2