︽ᠱᠠᠩᠳᠤ ᠴᠠᠭᠠᠨ ᠨᠠᠭᠤᠷ ᠤᠨ ᠨᠤᠭᠤ ᠭᠠᠵᠠᠷ ᠤᠨ ᠴᠡᠴᠡᠷᠯᠢᠭ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2022/12/16
ᠰᠢᠶᠣᠣ ᠬᠠᠢ ᠽᠢ ᠪᠠᠯᠭᠠᠰᠤ᠂ ᠱᠢ ᠪᠠ ᠴᠢᠩ ᠪᠠᠯᠭᠠᠰᠤ᠂ ᠳ᠋ᠠ ᠾᠧᠢ ᠱᠠ ᠲᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠳᠤ᠄   ᠱᠠᠩᠳᠤ ᠴᠠᠭᠠᠨ ᠨᠠᠭᠤᠷ ᠤᠨ ᠨᠤᠭᠤ ᠭᠠᠵᠠᠷ ᠤᠨ ᠴᠡᠴᠡᠷᠯᠢᠭ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠨᠤᠭᠤ ᠭᠠᠵᠠᠷ ᠤᠨ ᠠᠶᠠᠨᠳᠠᠭᠠᠨ ᠰᠡᠷᠭᠦᠬᠦ ᠶᠢ ᠠᠬᠢᠭᠤᠯᠵᠤ᠂ ᠨᠤᠭᠤ ᠭᠠᠵᠠᠷ ᠤᠨ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ ᠶᠢᠨ ᠲᠤᠰᠠᠳᠠ᠂ ᠡᠳᠦᠭᠡ ︽ᠱᠠᠩᠳᠤ ᠴᠠᠭᠠᠨ ᠨᠠᠭᠤᠷ ᠤᠨ ᠨᠤᠭᠤ ᠭᠠᠵᠠᠷ ᠤᠨ ᠴᠡᠴᠡᠷᠯᠢᠭ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠷᠭ᠎ᠠ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ‌‍ᠲ᠋ᠤᠭᠤᠰᠢᠯᠠᠭᠤᠯᠤᠨ ᠬᠡᠷᠡᠭᠵᠢᠭᠦᠯᠲᠦᠭᠡᠢ᠃                                         2022 ᠣᠨ ᠤ 10 ᠰᠠᠷ᠎ᠠ ᠶᠢᠨ 26 ᠤ ᠡᠳᠦᠷ            ᠱᠠᠩᠳᠤ ᠶᠢᠨ ᠴᠠᠭᠠᠨ ᠨᠠᠭᠤᠷ ᠤᠨ ᠨᠤᠭᠤ ᠭᠠᠵᠠᠷ ᠤᠨ ᠴᠡᠴᠡᠷᠯᠢᠭ ᠢ ᠬᠠᠮᠠᠭᠠᠯᠠᠨ ᠬᠠᠮᠢᠶᠠᠷᠬᠤ ᠠᠷᠭ᠎ᠠ    ᠱᠠᠩᠳᠤ ᠴᠠᠭᠠᠨ ᠨᠠᠭᠤᠷ ᠤᠨ ᠨᠤᠭᠤ ᠭᠠᠵᠠᠷ ᠤᠨ ᠴᠡᠴᠡᠷᠯᠢᠭ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠨᠤᠭᠤ ᠭᠠᠵᠠᠷ ᠢ ᠠᠶᠠᠨᠳᠠᠭᠠᠨ ᠰᠡᠷᠭᠦᠭᠡᠬᠦ ᠶᠢ ᠠᠬᠢᠭᠤᠯᠵᠤ᠂ ᠨᠤᠭᠤ ᠭᠠᠵᠠᠷ ᠤᠨ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾ ︽ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠭᠤ ᠭᠠᠵᠠᠷ ᠢ ᠬᠠᠮᠠᠭᠠᠯᠠᠬᠤ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠱᠠᠩᠳᠤ ᠴᠠᠭᠠᠨ ᠨᠠᠭᠤᠷ ᠤᠨ ᠨᠤᠭᠤ ᠭᠠᠵᠠᠷ ᠤᠨ ᠴᠡᠴᠡᠷᠯᠢᠭ ᠤᠨ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃   ᠨᠢᠭᠡᠳᠦᠭᠡᠷ ᠵᠦᠢᠯ᠂ ᠲᠣᠰ ᠨᠤᠭᠤ ᠭᠠᠵᠠᠷ ᠤᠨ ᠴᠡᠴᠡᠷᠯᠢᠭ ᠢ ᠲᠥᠯᠥᠪᠵᠢᠭᠦᠯᠬᠦ᠂ ᠪᠦᠲᠦᠭᠡᠨ ᠪᠠᠶᠢᠭᠤᠯᠬᠤ᠂ ᠬᠠᠮᠠᠭᠠᠯᠠᠬᠤ ᠪᠠ ᠬᠠᠮᠢᠶᠠᠷᠬᠤ ᠳᠤ ᠲᠣᠰ ᠠᠷᠭ᠎ᠠ ᠲᠣᠬᠢᠷᠠᠨ᠎ᠠ᠃   ᠬᠤᠶᠠᠳᠤᠭᠠᠷ ᠵᠦᠢᠯ᠂ ᠱᠠᠩᠳᠤ ᠴᠠᠬᠠᠨ ᠨᠠᠭᠤᠷ ᠤᠨ ᠨᠤᠭᠤ ᠭᠠᠵᠠᠷ ᠤᠨ ᠴᠡᠴᠡᠷᠯᠢᠭ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠱᠠᠩᠳᠤ ᠰᠢᠶᠠᠨ ᠤ ᠵᠡᠭᠦᠨ ᠵᠠᠬ᠎ᠠ ᠶᠢᠨ ᠾᠧᠪᠧᠢ ᠥᠪᠥᠷ ᠮᠣᠩᠭᠤᠯ ᠬᠤᠶᠠᠷ ᠮᠤᠵᠢ ᠶᠢᠨ ᠠᠭᠤᠯᠵᠠᠷ ᠲᠤ ᠪᠠᠶᠢᠷᠢᠯᠠᠵᠤ᠂ ᠭᠠᠵᠠᠷ ᠵᠦᠢ ᠶᠢᠨ ᠪᠠᠶᠢᠷᠢᠰᠢᠯ ᠨᠢ ᠤᠮᠠᠷᠠᠲᠤ ᠥᠷᠭᠡᠷᠢᠭ ᠤᠨ 41°24′41.54 ︽-41°30′2.54︾᠂ ᠵᠡᠭᠦᠨ ᠤᠷᠲᠤᠷᠢᠭ ᠤᠨ 113°49′56.86︾ ︱ 113°58′9.81︾ ᠪᠠᠶᠢᠵᠤ᠂ ᠶᠡᠷᠦᠩᠬᠡᠢ ᠲᠠᠯᠠᠪᠠᠶ ᠨᠢ 3536.52 ᠾᠧᠺᠲ᠋ᠠᠷ ᠪᠣᠯᠣᠨ᠎ᠠ᠃   ᠭᠤᠷᠪᠠᠳᠤᠭᠠᠷ ᠵᠦᠢᠯ᠂ ᠰᠢᠶᠠᠨ ᠤ ᠨᠤᠭᠤ ᠭᠠᠵᠠᠷ ᠤᠨ ᠬᠠᠮᠠᠭᠠᠯᠠᠯᠲᠠ ᠶᠢᠨ ᠲᠥᠪ ᠨᠢ ᠨᠤᠭᠤ ᠭᠠᠵᠠᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠬᠤ ᠶᠢ   ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠨᠤᠭᠤ ᠭᠠᠵᠠᠷ ᠤᠨ ᠴᠡᠴᠡᠷᠯᠢᠭ ᠢ ᠬᠠᠮᠢᠶᠠᠷᠴᠤ ᠬᠠᠮᠠᠭᠠᠯᠠᠬᠤ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ᠃   ᠳᠥᠷᠪᠡᠳᠦᠭᠡᠷ ᠵᠦᠢᠯ᠂ ᠨᠤᠭᠤ ᠭᠠᠵᠠᠷ ᠤᠨ ᠴᠡᠴᠡᠷᠯᠢᠭ ᠢ ᠬᠠᠮᠠᠭᠠᠯᠠᠬᠤ᠂ ᠬᠠᠮᠢᠶᠠᠷᠬᠤ ᠪᠠ ᠠᠰᠢᠭᠯᠠᠬᠤ ᠳᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠵᠦᠢ ᠵᠣᠬᠢᠰᠲᠠᠢ ᠠᠰᠢᠭᠯᠠᠬᠤ ᠪᠠ ᠦᠷᠭᠦᠯᠵᠢᠯᠡᠨ ᠬᠥᠭᠵᠢᠭᠦᠯᠬᠦ ᠵᠠᠷᠴᠢᠮ ᠢ ᠵᠢᠷᠤᠮᠯᠠᠬᠤ ᠬᠡᠷᠡᠭᠲᠡᠢ᠃   ᠲᠠᠪᠤᠳᠤᠭᠠᠷ ᠵᠦᠢᠯ᠂ ᠶᠠᠮᠠᠷᠪᠠ ᠨᠢᠭᠡᠴᠡ ᠪᠠ ᠬᠤᠪᠢ ᠬᠥᠮᠥᠨ ᠴᠥᠮ ᠨᠤᠭᠤ ᠭᠠᠵᠠᠷ ᠤᠨ ᠴᠡᠴᠡᠷᠯᠢᠭ ᠤᠨ ᠠᠮᠢ ᠠᠬᠤᠢ ᠶᠢᠨ ᠣᠷᠴᠢᠨ ᠲᠣᠭᠤᠷᠢᠨ᠂ ᠬᠥᠮᠥᠨ ᠨᠡᠶᠢᠭᠡᠮ ᠤᠨ ᠲᠡᠦᠬᠡ᠂ ᠪᠠᠶᠢᠭᠠᠯᠢ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠ ᠣᠯᠠᠨ ᠨᠡᠶᠢᠲᠡ ᠶᠢᠨ ᠪᠡᠯᠡᠳᠬᠡᠮᠵᠢ ᠶᠢ ᠬᠠᠮᠠᠭᠠᠯᠠᠬᠤ ᠡᠭᠦᠷᠭᠡ ᠲᠠᠢ ᠪᠥᠭᠡᠳ ᠨᠤᠭᠤ ᠭᠠᠵᠠᠷ ᠤᠨ ᠡᠬᠢ ᠪᠠᠶᠠᠯᠢᠭ ᠢ ᠡᠪᠳᠡᠬᠦ ᠪᠤᠶᠤ ᠡᠵᠡᠯᠡᠨ ᠠᠪᠬᠤ ᠦᠶᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠪᠠ ᠬᠤᠷᠢᠭᠯᠠᠬᠤ ᠡᠷᠬᠡ ᠲᠠᠢ᠃   ᠵᠢᠷᠭᠤᠳᠤᠭᠠᠷ ᠵᠦᠢᠯ᠂ ᠬᠠᠮᠠᠭᠠᠯᠠᠬᠤ ᠪᠠ ᠬᠠᠮᠢᠶᠠᠷᠬᠤ ᠬᠡᠷᠡᠭᠴᠡᠭᠡ ᠶᠢ ᠦᠨᠳᠦᠰᠦᠯᠡᠨ᠂ ᠨᠤᠭᠤ ᠭᠠᠵᠠᠷ ᠤᠨ ᠴᠡᠴᠡᠷᠯᠢᠭ ᠲᠤ ᠣᠷᠣᠨ ᠪᠦᠰᠡ ᠶᠢ ᠰᠡᠯᠪᠢᠨ ᠰᠡᠷᠭᠦᠭᠡᠬᠦ᠂ ᠣᠷᠣᠨ ᠪᠦᠰᠡ ᠶᠢ ᠬᠠᠭᠠᠬᠤ ᠳᠦᠷᠢᠮ ᠢ ᠬᠡᠷᠡᠭᠵᠢᠭᠦᠯᠵᠦ ᠪᠣᠯᠬᠤ ᠪᠥᠭᠡᠳ ᠴᠡᠴᠡᠷᠯᠢᠭ ᠲᠤ ᠣᠷᠣᠬᠤ ᠠᠶᠠᠨᠴᠢᠳ ᠤᠨ ᠴᠤᠪᠤᠷᠠᠯ ᠤᠨ ᠬᠡᠮᠵᠢᠶ᠎ᠡ ᠶᠢ ᠬᠢᠵᠠᠭᠠᠷᠯᠠᠵᠤ ᠪᠣᠯᠣᠨ᠎ᠠ᠃   ᠳᠣᠯᠣᠳᠤᠭᠠᠷ ᠵᠦᠢᠯ᠂ ︽ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠠᠷᠭ᠎ᠠ︾ ᠶᠢᠨ ᠠᠷᠪᠠᠨ ᠨᠢᠭᠡᠳᠦᠭᠡᠷ ᠵᠦᠢᠯ ᠤᠨ ᠲᠣᠭᠲᠠᠭᠠᠯ ᠶᠣᠰᠣᠭᠠᠷ ᠣᠷᠣᠨ ᠬᠤᠪᠢᠶᠠᠨ ᠬᠠᠮᠢᠶᠠᠷᠴᠤ᠂ ᠨᠤᠭᠤ ᠭᠠᠵᠠᠷ ᠤᠨ ᠴᠡᠴᠡᠷᠯᠢᠭ ᠢ ᠪᠣᠶᠢᠵᠢᠭᠤᠯᠬᠤ ᠣᠷᠣᠨ᠂ ᠵᠦᠢ ᠵᠣᠬᠢᠰᠲᠠᠢ ᠠᠰᠢᠭᠯᠠᠬᠤ ᠣᠷᠣᠨ ᠪᠠ ᠰᠡᠷᠭᠦᠭᠡᠨ ᠳᠠᠬᠢᠨ ᠪᠠᠶᠢᠭᠤᠯᠬᠤ ᠣᠷᠣᠨ ᠭᠡᠵᠦ ᠬᠤᠪᠢᠶᠠᠨ᠎ᠠ᠃   ᠨᠠᠢᠮᠠᠳᠤᠭᠠᠷ ᠵᠦᠢᠯ᠂ ᠲᠣᠭᠤᠷᠢᠨ ᠬᠠᠮᠠᠭᠠᠯᠠᠵᠤ ᠬᠠᠮᠢᠶᠠᠷᠤᠨ ᠬᠠᠮᠠᠭᠠᠯᠠᠬᠤ ᠠᠵᠢᠯ ‍ᠦᠨ‌‍ᠲ᠋ᠦ᠋ᠷᠢᠮ ᠢ ᠲᠣᠭᠲᠠᠭᠠᠨ᠂ ᠲᠣᠭᠤᠷᠢᠨ ᠬᠠᠮᠠᠭᠠᠯᠠᠵᠤ ᠬᠠᠮᠢᠶᠠᠷᠤᠨ ᠬᠠᠮᠠᠭᠠᠯᠠᠬᠤ ᠡᠩᠨᠡᠭᠡ ᠶᠢ ᠪᠠᠶᠢᠭᠤᠯᠵᠤ᠂ ᠲᠣᠭᠤᠷᠢᠨ ᠬᠠᠮᠠᠭᠠᠯᠠᠵᠤ ᠬᠠᠮᠢᠶᠠᠷᠤᠨ ᠬᠠᠮᠠᠭᠠᠯᠠᠬᠤ ᠲᠥᠬᠦᠭᠡᠷᠦᠮᠵᠢ ᠲᠣᠬᠢᠷᠠᠭᠤᠯᠤᠨ᠂ ᠴᠡᠴᠡᠷᠯᠢᠭ ᠤᠨ ᠲᠣᠭᠤᠷᠢᠨ ᠬᠠᠮᠠᠭᠠᠯᠠᠵᠤ ᠬᠠᠮᠢᠶᠠᠷᠤᠨ ᠬᠠᠮᠠᠭᠠᠯᠠᠬᠤ ᠠᠵᠢᠯ ᠢ ᠴᠢᠩᠭᠠᠳᠬᠠᠨ᠂ ᠭᠤᠣᠯᠳᠠᠯᠭ᠎ᠠ ᠲᠠᠢ ᠣᠷᠣᠨ ᠪᠦᠰᠡ᠂ ᠵᠠᠮ ᠤᠨ ᠬᠡᠰᠡᠭ᠂ ᠵᠠᠮ ᠤᠨ ᠠᠭᠤᠯᠵᠠᠷ ᠲᠤ ᠬᠢᠨᠠᠨ ᠡᠵᠡᠮᠳᠡᠬᠦ ᠪᠡᠯᠡᠳᠬᠡᠮᠵᠢ ᠤᠭᠰᠠᠷᠠᠬᠤ ᠪᠠ ᠰᠡᠷᠡᠮᠵᠢᠯᠡᠭᠦᠯᠬᠦ ᠫᠠᠶᠢᠰᠠ᠂ ᠬᠢᠯᠢ ᠶᠢᠨ ᠬᠥᠰᠢᠶ᠎ᠡ᠂ ᠬᠢᠯᠢ ᠶᠢᠨ ᠪᠠᠭᠠᠨ᠎ᠠ᠂ ᠲᠡᠮᠳᠡᠭ ᠫᠠᠶᠢᠰᠠ ᠪᠠᠶᠢᠷᠢᠯᠠᠭᠤᠯᠬᠤ ᠶᠢᠨ ᠬᠠᠮᠲᠤ ᠲᠤᠰᠬᠠᠢ ᠬᠥᠮᠥᠨ ᠲᠣᠬᠢᠷᠠᠭᠤᠯᠤᠨ ᠬᠠᠷᠠᠵᠤ ᠬᠠᠮᠠᠭᠠᠯᠠᠭᠤᠯᠬᠤ ᠬᠡᠷᠡᠭᠲᠡᠢ᠃   ᠶᠢᠰᠦᠳᠦᠭᠡᠷ ᠵᠦᠢᠯ᠂ ᠤᠬᠠᠭᠤᠯᠭ᠎ᠠ ᠬᠥᠮᠦᠵᠢᠯ ᠤᠨ ᠠᠵᠢᠯ ᠢ ᠴᠢᠩᠭᠠᠳᠬᠠᠵᠤ᠂ ᠪᠥᠬᠦ ᠠᠷᠠᠳ ᠤᠨ ᠨᠤᠭᠤ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠂ ᠨᠤᠭᠤ ᠭᠠᠵᠠᠷ ᠢ ᠬᠠᠮᠠᠭᠠᠯᠠᠬᠤ ᠪᠠ ᠵᠠᠰᠠᠨ ᠰᠡᠷᠭᠦᠭᠡᠬᠦ ᠳᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ   ᠠᠷᠪᠠᠳᠤᠭᠠᠷ ᠵᠦᠢᠯ᠂ ᠨᠤᠭᠤ ᠭᠠᠵᠠᠷ ᠤᠨ ᠡᠬᠢ ᠪᠠᠶᠠᠯᠢᠭ ᠢ ᠪᠠᠶᠢᠴᠠᠭᠠᠬᠤ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠨᠤᠭᠤ ᠭᠠᠵᠠᠷ ᠤᠨ ᠬᠥᠳᠡᠯᠦᠩᠭᠦᠢ ᠬᠤᠪᠢᠷᠠᠯᠲᠠ ᠶᠢᠨ ᠬᠠᠨᠳᠤᠰᠢ ᠶᠢ ᠡᠵᠡᠮᠰᠢᠨ᠂ ᠨᠤᠭᠤ ᠭᠠᠵᠠᠷ ᠢ ᠬᠢᠨᠠᠨ ᠬᠡᠮᠵᠢᠭᠰᠡᠨ ᠲᠠᠩᠰᠠ ᠡᠪᠬᠡᠮᠡᠯ ᠪᠠᠶᠢᠭᠤᠯᠬᠤ ᠶᠢᠨ ᠬᠠᠮᠲᠤ ᠲᠣᠭᠲᠠᠭᠠᠯ ᠶᠣᠰᠣᠭᠠᠷ ᠰᠢᠶᠠᠨ ᠤ ᠠᠷᠠᠳ ᠤᠨ ᠵᠠᠰᠠᠭ ᠤᠨ ᠣᠷᠳᠣᠨ ᠪᠤᠶᠤ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠶᠢᠴᠠᠭᠠᠯᠲᠠ ᠪᠠ ᠬᠢᠨᠠᠨ ᠬᠡᠮᠵᠢᠭᠰᠡᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠢ᠃   ᠠᠷᠪᠠᠨ ᠨᠢᠭᠡᠳᠦᠭᠡᠷ ᠵᠦᠢᠯ᠂ ᠨᠤᠭᠤ ᠭᠠᠵᠠᠷ ᠤᠨ ᠴᠡᠴᠡᠷᠯᠢᠭ ᠲᠤ ᠳᠣᠣᠷᠠᠬᠢ ᠮᠡᠲᠦ ᠦᠶᠯᠡ ᠠᠵᠢᠯᠯᠠᠭ᠎ᠠ ᠶᠢ ᠴᠠᠭᠠᠵᠠᠯᠠᠨ᠎ᠠ᠄︵ᠨᠢᠭᠡ︶ ᠣᠷᠴᠢᠨ ᠲᠣᠭᠤᠷᠢᠨ ᠢ ᠪᠣᠬᠢᠷᠲᠤᠭᠤᠯᠤᠭᠰᠠᠨ᠂ ᠨᠤᠭᠤ ᠭᠠᠵᠠᠷ ᠤᠨ ᠡᠬᠢ ᠪᠠᠶᠠᠯᠢᠭ ᠪᠠ ᠦᠵᠡᠮᠵᠢ ᠶᠢ ᠡᠪᠳᠡᠭᠰᠡᠨ ᠦᠢᠯᠡᠳᠪᠦᠷᠢᠯᠡᠯ ᠡᠵᠡᠩᠨᠡᠯᠲᠡ ᠶᠢᠨ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠵᠡᠷᠭᠡ︔︵ᠬᠤᠶᠠᠷ︶ ᠨᠤᠭᠤ ᠭᠠᠵᠠᠷ ᠢ ᠬᠠᠤᠯᠢ ᠪᠤᠰᠤ ᠪᠠᠷ ᠡᠵᠡᠯᠡᠬᠦ ᠪᠤᠶᠤ ᠳᠤᠷ᠎ᠠ ᠪᠠᠷ ᠢᠶᠠᠨ ᠬᠦᠷᠢᠶᠡᠯᠡᠨ ᠬᠠᠭᠠᠯᠪᠤᠷᠢᠯᠠᠵᠤ᠂ ᠨᠤᠭᠤ ᠭᠠᠵᠠᠷ ᠤᠨ ᠴᠡᠴᠡᠷᠯᠢᠭ ᠲᠤ ᠠᠲᠠᠷ ᠬᠠᠭᠠᠯᠪᠤᠷᠢᠯᠠᠬᠤ᠂ ᠰᠢᠷᠣᠢ ᠠᠪᠬᠤ᠂ ᠡᠯᠡᠰᠦ ᠮᠠᠯᠲᠠᠬᠤ᠂ ᠮᠠᠯ ᠬᠠᠷᠢᠭᠤᠯᠬᠤ᠂ ᠣᠭᠲᠣᠯᠬᠤ᠂ ᠠᠩ ᠠᠩᠨᠠᠬᠤ ᠵᠡᠷᠭᠡ ᠦᠢᠯᠡᠳᠪᠦᠷᠢᠯᠡᠯ ᠤᠨ ᠠᠵᠢᠯᠯᠠᠭ᠎ᠠ ᠬᠢᠬᠦ︔︵ᠭᠤᠷᠪᠠ︶ ᠬᠤᠣᠷᠲᠠᠢ ᠬᠥᠨᠥᠭᠡᠯᠲᠡᠢ ᠪᠣᠳᠠᠰ ᠢ ᠲᠠᠯᠪᠢᠬᠤ ᠪᠠ ᠬᠠᠶᠠᠭᠳᠠᠮᠠᠯ ᠪᠣᠳᠠᠰ ᠢ ᠠᠰᠬᠠᠵᠤ ᠴᠢᠳᠬᠤᠭᠠᠳ᠂ ᠨᠤᠭᠤ ᠭᠠᠵᠠᠷ ᠤᠨ ᠣᠷᠴᠢᠨ ᠲᠣᠭᠤᠷᠢᠨ ᠢ ᠪᠣᠬᠢᠷᠲᠤᠭᠤᠯᠤᠭᠰᠠᠨ᠂ ᠨᠤᠭᠤ ᠭᠠᠵᠠᠷ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠤᠬᠢᠷᠠᠭᠤᠯᠤᠭᠰᠠᠨ ᠵᠡᠷᠭᠡ ᠦᠶᠯᠡ ᠠᠵᠢᠯᠯᠠᠭ᠎ᠠ︔︵ᠳᠥᠷᠪᠡ︶ ᠨᠤᠭᠤ ᠭᠠᠵᠠᠷ ᠤᠨ ᠤᠷᠭᠤᠮᠠᠯ ᠤᠨ ᠬᠤᠴᠢᠯᠭ᠎ᠠ ᠶᠢ ᠡᠪᠳᠡᠬᠦ ᠪᠠ ᠨᠤᠭᠤ ᠭᠠᠵᠠᠷ ᠤᠨ ᠬᠠᠮᠠᠭᠠᠯᠠᠯᠲᠠ ᠶᠢᠨ ᠪᠡᠯᠡᠳᠬᠡᠮᠵᠢ ᠶᠢ ᠡᠪᠳᠡᠬᠦ ᠵᠡᠷᠭᠡ ᠦᠶᠯᠡ ᠠᠵᠢᠯᠯᠠᠭ᠎ᠠ︔︵ᠲᠠᠪᠤ︶ ᠨᠤᠭᠤ ᠭᠠᠵᠠᠷ ᠤᠨ ᠴᠡᠴᠡᠷᠯᠢᠭ ᠲᠤ ᠰᠢᠨᠵᠢᠯᠡᠬᠦ ᠤᠬᠠᠭᠠᠨᠴᠢ ᠪᠠᠷ ᠨᠤᠲᠠᠯᠠᠭ᠎ᠠ ᠬᠢᠭᠰᠡᠨ ᠦᠭᠡᠢ ᠭᠠᠳᠠᠨ᠎ᠠ   ᠠᠴᠠ ᠢᠷᠡᠭᠰᠡᠨ ᠪᠣᠳᠠᠰ ᠤᠨ ᠳᠦᠷᠰᠦ ᠶᠢ ᠣᠷᠣᠭᠤᠯᠵᠤ ᠢᠷᠡᠬᠦ ᠪᠤᠶᠤ ᠲᠠᠯᠪᠢᠵᠤ ᠭᠠᠷᠭᠠᠨ᠎ᠠ︔︵ᠵᠢᠷᠭᠤᠭ᠎ᠠ︶ ᠨᠤᠭᠤ ᠭᠠᠵᠠᠷ ᠤᠨ ᠤᠰᠤᠨ ᠤ ᠡᠬᠢ ᠰᠤᠷᠪᠤᠯᠵᠢ ᠶᠢ ᠲᠠᠰᠤᠯᠬᠤ ᠪᠤᠶᠤ ᠬᠠᠭᠤᠷᠠᠢ ᠨᠤᠭᠤ ᠭᠠᠵᠠᠷ ᠢ ᠭᠠᠳᠠᠭᠰᠢᠯᠠᠭᠤᠯᠤᠨ᠎ᠠ︔︵ᠳᠣᠯᠤᠭ᠎ᠠ︶ ᠨᠤᠭᠤ ᠭᠠᠵᠠᠷ ᠤᠨ ᠴᠡᠴᠡᠷᠯᠢᠭ ᠤᠨ ᠬᠠᠮᠢᠶ᠎ᠠ ᠪᠦᠬᠦᠢ ᠬᠠᠮᠠᠭᠠᠯᠠᠯᠲᠠ ᠶᠢᠨ ᠪᠡᠯᠡᠳᠬᠡᠮᠵᠢ ᠪᠤᠶᠤ ᠰᠢᠨᠵᠢᠯᠡᠬᠦ ᠤᠬᠠᠭᠠᠨ ᠤ ᠰᠤᠳᠤᠯᠤᠯ ᠤᠨ ᠪᠡᠯᠡᠳᠬᠡᠮᠵᠢ ᠶᠢ ᠡᠪᠳᠡᠵᠦ᠂ ᠨᠤᠭᠤ ᠭᠠᠵᠠᠷ ᠤᠨ ᠴᠡᠴᠡᠷᠯᠢᠭ ᠤᠨ ᠬᠢᠯᠢ ᠶᠢᠨ ᠬᠥᠰᠢᠶ᠎ᠡ᠂ ᠬᠢᠯᠢ ᠶᠢᠨ ᠱᠣᠩ᠂ ᠫᠠᠶᠢᠰᠠ ᠲᠡᠮᠳᠡᠭ ᠢ ᠡᠪᠳᠡᠬᠦ᠂ ᠡᠪᠳᠡᠬᠦ ᠪᠤᠶᠤ ᠳᠤᠷ᠎ᠠ ᠪᠠᠷ ᠢᠶᠠᠨ ᠰᠢᠯᠵᠢᠭᠦᠯᠬᠦ︔︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠴᠠᠭᠠᠵᠠᠯᠠᠭᠰᠠᠨ ᠨᠤᠭᠤ ᠭᠠᠵᠠᠷ ᠵᠢᠴᠢ ᠲᠡᠭᠦᠨ ᠤ ᠠᠮᠢ ᠠᠬᠤᠢ ᠶᠢᠨ ᠴᠢᠳᠠᠮᠵᠢ ᠶᠢ ᠡᠪᠳᠡᠭᠰᠡᠨ ᠪᠤᠰᠤᠳ ᠦᠶᠯᠡ ᠠᠵᠢᠯᠯᠠᠭ᠎ᠠ᠃   ᠠᠷᠪᠠᠨ ᠬᠤᠶᠠᠳᠤᠭᠠᠷ ᠵᠦᠢᠯ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠵᠡᠷᠭᠡ ᠠᠯᠪᠠᠨ ᠶᠠᠪᠤᠳᠠᠯ ᠭᠦᠢᠴᠡᠳᠬᠡᠬᠦ ᠮᠠᠰᠢᠨᠲᠤ ᠲᠡᠷᠭᠡ ᠪᠣᠯᠣᠨ ᠵᠡᠮᠳᠡᠭᠴᠦᠳ ᠤᠨ ᠲᠤᠰᠬᠠᠢ ᠬᠡᠷᠡᠭᠯᠡᠬᠦ ᠲᠡᠷᠭᠡ᠂ ᠬᠡᠦᠬᠡᠳ ᠤᠨ ᠲᠡᠷᠭᠡ᠂ ᠠᠷᠢᠭᠤᠨ ᠴᠡᠪᠡᠷ ᠤᠨ ᠲᠡᠷᠭᠡ ᠵᠡᠷᠭᠡ ᠮᠠᠰᠢᠨᠲᠤ ᠪᠤᠰᠤ ᠲᠡᠷᠭᠡ ᠶᠢ ᠭᠠᠷᠭᠠᠪᠠᠯ᠂ ᠪᠤᠰᠤᠳ ᠲᠡᠷᠭᠡ ᠬᠥᠰᠬᠡ ᠨᠢ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠥᠪᠰᠢᠶᠡᠷᠡᠯ ᠦᠭᠡᠢ ᠪᠠᠷ ᠨᠤᠭᠤ ᠭᠠᠵᠠᠷ ᠤᠨ ᠴᠡᠴᠡᠷᠯᠢᠭ ᠲᠤ ᠣᠷᠣᠵᠤ ᠪᠣᠯᠬᠤ ᠦᠭᠡᠢ᠃ᠴᠡᠴᠡᠷᠯᠢᠭ ᠲᠤ ᠣᠷᠣᠬᠤ ᠲᠡᠷᠭᠡ ᠤᠨᠤᠭ᠎ᠠ ᠶᠢ ᠲᠣᠭᠲᠠᠭᠰᠠᠨ ᠴᠠᠭ᠂ ᠱᠤᠭᠤᠮ᠂ ᠬᠤᠷᠳᠤᠴᠠ ᠪᠠᠷ ᠶᠠᠪᠤᠭᠤᠯᠵᠤ᠂ ᠲᠣᠭᠲᠠᠭᠰᠠᠨ ᠭᠠᠵᠠᠷ ᠲᠤ ᠵᠣᠭᠰᠤᠭᠠᠬᠤ ᠬᠡᠷᠡᠭᠲᠡᠢ᠃   ᠠᠷᠪᠠᠨ ᠭᠤᠷᠪᠠᠳᠤᠭᠠᠷ ᠵᠦᠢᠯ᠂ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠡᠲᠦᠷᠡᠮᠡᠬᠡᠢ ᠴᠠᠭ ᠠᠭᠤᠷ᠂ ᠭᠠᠯ ᠤᠨ ᠠᠶᠤᠯ᠂ ᠤᠰᠤᠨ ᠳᠤ ᠴᠠᠴᠠᠬᠤ ᠵᠡᠷᠭᠡ ᠠᠮᠤᠷ ᠲᠦᠪᠰᠢᠨ ᠤ ᠠᠳᠡᠯ ᠤᠨ ᠲᠤᠰᠬᠠᠢ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠪᠠ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠬᠤ ᠬᠡᠷᠡᠭᠲᠡᠢ᠃ᠨᠤᠭᠤ ᠭᠠᠵᠠᠷ ᠤᠨ ᠴᠡᠴᠡᠷᠯᠢᠭ ᠤᠨ ᠠᠮᠢ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠵᠤ᠂ ᠴᠢᠬᠤᠯᠠ ᠪᠦᠬᠦᠢ ᠠᠮᠤᠷ ᠲᠦᠪᠰᠢᠨ ᠤ ᠬᠠᠮᠠᠭᠠᠯᠠᠯᠲᠠ ᠶᠢᠨ ᠪᠡᠯᠡᠳᠬᠡᠮᠵᠢ ᠵᠢᠴᠢ ᠰᠡᠷᠡᠮᠵᠢᠯᠡᠭᠦᠯᠬᠦ ᠲᠡᠮᠳᠡᠭ ᠢ ᠲᠣᠬᠢᠷᠠᠭᠤᠯᠬᠤ ᠬᠡᠷᠡᠭᠲᠡᠢ᠃   ᠠᠷᠪᠠᠨ ᠳᠥᠷᠪᠡᠳᠦᠭᠡᠷ ᠵᠦᠢᠯ᠂ ᠬᠠᠤᠯᠢ   ᠠᠴᠠ ᠵᠥᠷᠢᠴᠡᠨ ᠨᠤᠭᠤ ᠭᠠᠵᠠᠷ ᠢ ᠡᠪᠳᠡᠭᠰᠡᠨ ᠦᠶᠯᠡ ᠠᠵᠢᠯᠯᠠᠭ᠎ᠠ ᠬᠢᠭᠰᠡᠨ ᠪᠤᠶᠤ ᠨᠤᠭᠤ ᠭᠠᠵᠠᠷ ᠤᠨ ᠠᠵᠢᠯᠲᠠᠨ ᠤ ᠬᠠᠤᠯᠢ ᠶᠣᠰᠣᠭᠠᠷ ᠠᠯᠪᠠᠨ ᠶᠠᠪᠤᠳᠠᠯ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ᠬᠠᠤᠯᠢ ᠬᠡᠷᠡᠭᠵᠢᠭᠦᠯᠬᠦ ᠪᠠᠶᠢᠭᠤᠯᠭ᠎ᠠ   ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾ ︽ᠥᠪᠥᠷ ᠮᠣᠩᠭᠤᠯ ᠤᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠰᠢᠢᠳᠬᠡᠯ ᠥᠭᠭᠦᠨ᠎ᠡ︔ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠵᠤ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ᠠᠷᠪᠠᠨ ᠲᠠᠪᠤᠳᠤᠭᠠᠷ ᠵᠦᠢᠯ᠂ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                                      ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2