ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠱᠠᠩᠳᠤ ᠰᠢᠶᠠᠨ ᠤ 2022 ᠣᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/12/16
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ᠄   ︽ᠱᠠᠩᠳᠤ ᠰᠢᠶᠠᠨ ᠤ 2022 ᠣᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                             2022 ᠣᠨ ᠤ 9 ᠰᠠᠷ᠎ᠠ ᠶᠢᠨ 21 ᠤ ᠡᠳᠦᠷ                                            ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ᠱᠠᠩᠳᠤ ᠰᠢᠶᠠᠨ ᠤ 2022 ᠣᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ            ᠠᠵᠢᠯ ᠤᠨ ᠬᠡᠷᠡᠭᠵᠢᠭᠦᠯᠬᠦ ᠲᠥᠰᠥᠯ   ᠪᠥᠬᠦ ᠰᠢᠶᠠᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠦᠨᠡᠨ ᠬᠦ ᠰᠠᠶᠢᠲᠤᠷ ᠪᠠᠲᠤᠯᠠᠬᠤ ᠶᠢᠨ ᠲᠥᠯᠥᠭᠡ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠬᠤ ᠪᠥᠭᠡᠳ ᠪᠠᠰᠠ ᠴᠤ ᠨᠡᠶᠢᠭᠡᠮ ᠨᠡᠶᠢᠲᠡ ᠪᠠᠷ ᠢᠶᠠᠨ ᠠᠩᠬᠠᠷᠴᠤ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠭᠤᠨ ᠴᠡᠭ ᠪᠣᠯᠣᠨ᠎ᠠ᠃ᠤᠯᠠᠭᠠᠨᠴᠠᠪ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ︽ᠪᠥᠬᠦ ᠬᠤᠲᠠ ᠶᠢᠨ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃ᠨᠢᠭᠡ᠂ ᠠᠵᠢᠯ ᠤᠨ ᠬᠠᠷᠠᠯᠲᠠᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠮᠠᠨ ᠤ ᠰᠢᠶᠠᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠬᠤᠳᠠᠯᠳᠤᠨ ᠠᠪᠬᠤ᠂ ᠵᠥᠭᠡᠭᠡᠪᠦᠷᠢᠯᠡᠬᠦ᠂ ᠪᠣᠷᠣᠯᠠᠭᠤᠯᠬᠤ ᠵᠡᠷᠭᠡ ᠭᠤᠭᠴᠤᠭ᠎ᠠ ᠶᠢ ᠬᠦᠴᠦᠯᠡᠨ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠨᠡᠭᠦᠷᠡᠰᠦ ᠰᠢᠲᠠᠭᠠᠬᠤ᠂ ᠬᠤᠳᠠᠯᠳᠤᠨ ᠠᠪᠴᠤ ᠳᠡᠶᠢᠯᠬᠦ ᠶᠢ ᠪᠠᠲᠤᠯᠠᠵᠤ᠂ ᠮᠠᠯᠴᠢᠨ ᠲᠠᠷᠢᠶᠠᠴᠢᠨ ᠢ ᠳᠤᠯᠠᠭᠠᠬᠠᠨ ᠡᠪᠦᠯ ᠢ ᠥᠩᠭᠡᠷᠡᠭᠦᠯᠬᠦ ᠬᠡᠷᠡᠭᠲᠡᠢ᠃ᠬᠤᠶᠠᠷ᠂ ᠠᠵᠢᠯ ᠤᠨ ᠵᠠᠷᠴᠢᠮᠰᠢᠶᠠᠨ ᠤ ᠵᠠᠰᠠᠭ ᠤᠨ ᠣᠷᠳᠣᠨ ᠤ ᠨᠢᠭᠡᠳᠦᠯᠲᠡᠢ ᠲᠥᠯᠥᠪᠯᠡᠨ ᠵᠣᠬᠢᠴᠠᠭᠤᠯᠤᠭᠰᠠᠨ᠂ ᠡᠯ᠎ᠡ ᠪᠦᠷᠢᠯᠳᠦᠭᠦᠨ ᠨᠢᠭᠡᠴᠢ ᠶᠢᠨ ᠠᠵᠢᠯ ᠤᠨ ᠬᠤᠪᠢᠶᠠᠷᠢᠯᠠᠯ ᠨᠢ ᠲᠣᠳᠣᠷᠬᠠᠢ᠂ ᠮᠡᠳᠡᠭᠡ ᠵᠠᠩᠭᠢ ᠨᠢ ᠰᠠᠭᠠᠳ ᠦᠭᠡᠢ ᠨᠡᠪᠲᠡᠷᠡᠭᠰᠡᠨ᠂ ᠴᠤᠤᠷᠢᠶᠠᠲᠤᠨ ᠳᠠᠭᠠᠬᠤ ᠳᠤ ᠲᠦᠷᠭᠡᠨ᠂ ᠬᠠᠮᠵᠢᠯᠴᠠᠭᠰᠠᠨ ᠥᠨᠳᠥᠷ ᠪᠦᠲᠦᠮᠵᠢᠲᠡᠶ ᠠᠵᠢᠯ ᠤᠨ ᠰᠢᠰᠲ᠋ᠧᠮ ᠢ ᠪᠠᠶᠢᠭᠤᠯᠤᠨ᠎ᠠ᠃ᠲᠣᠭᠲᠠᠭᠠᠯ ᠠᠴᠠ ᠵᠥᠷᠢᠴᠡᠨ ᠬᠤᠷᠠᠮᠳᠤᠭᠤᠯᠤᠨ ᠬᠠᠳᠠᠭᠠᠯᠠᠬᠤ᠂ ᠰᠠᠷᠢᠭᠠᠯᠠᠨ ᠰᠠᠷᠢᠭᠠᠯᠠᠬᠤ᠂ ᠨᠡᠭᠦᠷᠡᠰᠦᠨ ᠤ ᠦᠨ᠎ᠡ ᠶᠢ ᠳᠦᠷᠭᠢᠯᠳᠦᠨ ᠥᠰᠬᠡᠬᠦ ᠵᠡᠷᠭᠡ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠬᠠᠮᠲᠤ ᠦᠨ᠎ᠡ ᠬᠠᠩᠰᠢ ᠶᠢ ᠨᠢ ᠬᠢᠵᠠᠭᠠᠷᠯᠠᠭᠰᠠᠨ ᠨᠡᠭᠦᠷᠡᠰᠦᠨ ᠤ ᠬᠠᠩᠭᠠᠯᠭ᠎ᠠ ᠶᠢᠨ ᠳᠤᠮᠳᠠ ᠲᠦᠷᠦᠯ ᠰᠠᠳᠤᠨ ᠨᠠᠶᠢᠵᠠ ᠨᠥᠬᠦᠳ ᠢᠶᠠᠨ ᠬᠠᠷᠠᠭᠠᠯᠵᠠᠬᠤ᠂ ᠬᠤᠪᠢᠷᠠᠭᠠᠨ ᠥᠭᠡᠷᠡᠲᠦᠭᠦᠯᠬᠦ ᠵᠡᠷᠭᠡ ᠦᠵᠡᠭᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ ᠲᠡᠭᠦᠰ ᠠᠮᠵᠢᠯᠲᠠ ᠲᠠᠶ‌‍ᠪᠡᠶᠡᠯᠡᠭᠦᠯᠦᠨ᠎ᠡ᠃ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ   ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠰᠢᠶᠠᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠱᠠᠩᠳᠤ ᠰᠢᠶᠠᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠪᠠᠲᠤᠯᠠᠭ᠎ᠠ ᠶᠢᠨ ᠠᠵᠢᠯ ᠤᠨ ᠲᠤᠰᠬᠠᠢ ᠠᠩᠭᠢ ᠪᠠᠶᠢᠭᠤᠯᠵᠤ᠂ ᠪᠦᠷᠢᠯᠳᠦᠭᠦᠨ ᠨᠢ ᠳᠣᠣᠷᠠᠬᠢ ᠮᠡᠲᠦ᠄ᠳᠤᠭᠤᠶᠢᠯᠠᠩ ᠤᠨ ᠳᠠᠷᠤᠭ᠎ᠠ᠄ ᠰᠢᠶᠦᠶᠢᠩ ᠸᠧᠢ  ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠠᠰᠠᠭ ᠤᠨ ᠣᠷᠳᠣᠨ ᠤ ᠳᠡᠳ᠋ ᠳᠤᠭᠤᠶᠢᠯᠠᠩ ᠤᠨ ᠳᠠᠷᠤᠭ᠎ᠠ ᠯᠢᠦ ᠷᠦᠢ   ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢᠪᠦᠷᠢᠯᠳᠦᠭᠦᠨ᠄ ᠰᠢᠶᠣᠣ ᠵᠢᠶᠠᠨ ᠵᠥᠩ   ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢᠵᠠᠩ ᠹᠧᠨ ᠯᠦᠩ   ᠰᠢᠶᠠᠨ ᠤ ᠬᠥᠭᠵᠢᠭᠦᠯᠦᠯᠲᠡ ᠶᠢᠨ ᠰᠤᠳᠤᠯᠭᠠᠨ ᠤ ᠲᠥᠪ ᠤᠨ ᠡᠷᠬᠢᠯᠡᠭᠴᠢᠸᠠᠩ ᠰᠢᠶᠣᠣ ᠫᠢᠩ   ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢᠸᠠᠩ ᠵᠢᠢ ᠶᠦᠩ   ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠᠶᠧ ᠱᠢ ᠬᠠᠢ   ᠰᠢᠶᠠᠨ ᠤ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠᠮᠠ ᠰᠢᠶᠣᠣ ᠴᠢᠶᠠᠩ   ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠᠫᠠᠩ ᠰᠢᠤᠸᠠᠢ ᠹᠧᠩ   ᠰᠢᠶᠠᠨ ᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠᠵᠠᠩ ᠱᠢ ᠫᠢᠩ   ᠰᠢᠶᠠᠨ ᠤ ᠠᠮᠢ ᠠᠬᠤᠢ ᠶᠢᠨ ᠣᠷᠴᠢᠨ ᠨᠥᠬᠦᠴᠡᠯ ᠤᠨ ᠬᠤᠪᠢᠶᠠᠷᠢ ᠲᠣᠪᠴᠢᠶᠠᠨ ᠤ ᠳᠠᠷᠤᠭ᠎ᠠᠵᠤᠤ ᠷᠦᠢ ᠵᠢᠶᠦ᠋ᠨ   ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠᠰᠦ ᠢᠦᠢ ᠪᠦᠦ    ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢᠶᠠᠨ ᠦ᠋ ᠪᠥᠸᠧ    ᠴᠢ ᠲᠠᠢ ᠪᠠᠯᠭᠠᠰᠤᠨ ᠤ ᠳᠠᠷᠤᠭ᠎ᠠᠬᠥ᠋ ᠯᠧᠢ   ᠰᠢᠶᠣᠣ ᠬᠠᠢ ᠽᠢ ᠪᠠᠯᠭᠠᠰᠤᠨ ᠤ ᠳᠠᠷᠤᠭ᠎ᠠᠭᠦᠸᠧ ᡁᠢ ᠶᠤᠸᠠᠨ    ᠱᠢ ᠪᠠ ᠴᠢᠩ ᠪᠠᠯᠭᠠᠰᠤᠨ ᠤ ᠳᠠᠷᠤᠭ᠎ᠠᠵᠧᠦ ᠶᠢᠨ   ᠳᠠᠯᠠᠢ ᠶᠢᠨ ᠴᠡᠷᠢᠭ ‍ᠦᠨ‌‍ᠳᠠ ᠾᠧᠢ ᠱᠠ ᠲᠤ ᠪᠠᠯᠭᠠᠰᠤᠨ ᠤ ᠳᠠᠷᠤᠭ᠎ᠠᠯᠢᠶᠠᠩ ᠵᠢᠤᠸᠠᠨ    ᠲᠦᠨ ᠺᠧᠨ ᠳ᠋ᠦᠢ ᠪᠠᠯᠭᠠᠰᠤᠨ ᠤ ᠳᠠᠷᠤᠭ᠎ᠠᠯᠢ ᠰᠢᠶᠣᠣ ᠹᠠᠩ   ᠰᠢ ᠵᠢᠩ ᠽᠢ ᠪᠠᠯᠭᠠᠰᠤᠨ ᠤ ᠳᠠᠷᠤᠭ᠎ᠠᠾᠧ ᠶᠦᠩ ᠯᠠᠢ   ᠶᠡᠭᠡ ᠬᠦᠷᠢᠶ᠎ᠡ ᠰᠢᠶᠠᠩ ᠤᠨ ᠳᠠᠷᠤᠭ᠎ᠠᠸᠠᠩ ᠮᠣᠣ ᠸᠧᠠ    ᠪᠦᠸᠧ ᠯᠢ ᠬᠡᠦ ᠵᠢᠩ ᠰᠢᠶᠠᠩ ᠤᠨ ᠳᠠᠷᠤᠭ᠎ᠠᠭᠦᠸᠧ ᠵᠢᠶᠠᠨ ᠹᠧᠩ    ᠮᠣᠣ ᠳ᠋ᠦ᠋ ᠰᠢᠶᠠᠩ ᠤᠨ ᠳᠠᠷᠤᠭ᠎ᠠᠯᠢ ᠵᠧᠨ ᠢᠩ    ᠰᠠᠨ ᠳ᠋ᠠ ᠴᠢᠩ ᠰᠢᠶᠠᠩ ᠤᠨ ᠳᠠᠷᠤᠭ᠎ᠠ   ᠲᠤᠰᠬᠠᠢ ᠠᠩᠭᠢ ᠶᠢᠨ ᠳᠤᠭᠤᠶᠢᠯᠠᠩ ᠤᠨ ᠠᠯᠪᠠᠨ ᠭᠡᠷ ᠢ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠪᠠᠶᠢᠷᠢᠯᠠᠭᠤᠯᠵᠤ᠂ ᠲᠤᠭ᠎ᠠ ᠪᠦᠷᠢᠳᠬᠡᠯ ᠤᠨ ᠵᠣᠬᠢᠴᠠᠭᠤᠯᠬᠤ ᠠᠵᠢᠯ ᠢ ᠬᠠᠷᠢᠭᠤᠴᠠᠨ ᠰᠠᠶᠢᠲᠤᠷ ᠬᠢᠵᠦ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠸᠠᠩ ᠰᠢᠶᠣᠣ ᠫᠢᠩ ᠬᠠᠪᠰᠤᠷᠭᠠᠨ ᠬᠠᠷᠢᠭᠤᠴᠠᠨ᠎ᠠ᠃ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠪᠠᠲᠤᠯᠠᠭ᠎ᠠ ᠶᠢᠨ ᠠᠵᠢᠯ ᠤᠨ ᠲᠤᠰᠬᠠᠢ ᠠᠩᠭᠢ ᠶᠢᠨ ᠳᠣᠣᠷ᠎ᠠ 3 ᠠᠵᠢᠯᠯᠠᠬᠤ ᠳᠤᠭᠤᠶᠢᠯᠠᠩ ᠪᠠᠶᠢᠭᠤᠯᠵᠤ᠂ ᠲᠤᠰᠬᠠᠢ ᠠᠩᠭᠢ   ᠠᠴᠠ ᠨᠢᠭᠡᠳᠦᠯᠲᠡᠢ ᠤᠳᠤᠷᠢᠳᠤᠨ᠎ᠠ᠃︵ᠨᠢᠭᠡ︶ ᠪᠡᠯᠡ ᠮᠥᠩᠭᠦ ᠶᠢᠨ ᠪᠠᠲᠤᠯᠠᠭ᠎ᠠ ᠶᠢᠨ ᠳᠤᠭᠤᠶᠢᠯᠠᠩ᠃ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠡᠯ᠎ᠡ ᠰᠢᠶᠠᠩ ᠪᠠᠯᠭᠠᠰᠤ ᠬᠠᠮᠵᠢᠯᠴᠠᠨ᠂ ᠠᠯᠪᠠᠨ ᠭᠡᠷ ᠢ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠳᠤ ᠲᠣᠬᠢᠷᠠᠭᠤᠯᠤᠨ᠎ᠠ᠃ᠭᠤᠣᠯᠳᠠᠭᠤ ᠡᠩ ᠤᠨ ᠦᠨ᠎ᠡ ᠪᠠᠷ ᠨᠡᠭᠦᠷᠡᠰᠦ ᠬᠤᠳᠠᠯᠳᠤᠨ ᠠᠪᠬᠤ ᠪᠡᠯᠡ ᠮᠥᠩᠭᠦ ᠴᠤᠭᠯᠠᠭᠤᠯᠬᠤ ᠶᠢ ᠬᠠᠷᠢᠭᠤᠴᠠᠵᠤ᠂ ᠬᠤᠳᠠᠯᠳᠤᠨ ᠠᠪᠬᠤ ᠪᠡᠯᠡ ᠮᠥᠩᠭᠦ ᠶᠢ ᠠᠵᠤ ᠠᠬᠤᠶᠢᠯᠠᠯ ᠪᠣᠯᠣᠨ ᠵᠠᠰᠠᠭ ᠤᠨ ᠣᠷᠳᠣᠨ ᠠᠴᠠ ᠲᠦᠷ ᠣᠷᠣᠯᠠᠨ ᠥᠭᠴᠦ᠂ ᠡᠩ ᠤᠨ ᠦᠨ᠎ᠡ ᠪᠠᠷ ᠨᠡᠭᠦᠷᠡᠰᠦ ᠲᠡᠭᠡᠭᠡᠪᠦᠷᠢᠯᠡᠨ ᠮᠠᠨ ᠤ ᠰᠢᠶᠠᠨ ᠳᠤ ᠬᠦᠷᠦᠭᠰᠡᠨ ᠤ ᠳᠠᠷᠠᠭ᠎ᠠ᠂ ᠡᠯ᠎ᠡ ᠪᠣᠷᠤᠯᠠᠭᠤᠯᠭ᠎ᠠ ᠶᠢᠨ ᠲᠣᠣᠷ ᠴᠡᠭ ᠢᠶᠠᠷ ᠳᠠᠮᠵᠢᠭᠤᠯᠤᠨ ᠮᠠᠯᠴᠢᠨ ᠲᠠᠷᠢᠶᠠᠴᠢᠨ ᠳᠤ ᠪᠣᠷᠣᠯᠠᠭᠤᠯᠵᠤ ᠥᠭᠭᠦᠨ᠎ᠡ︔ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃︵ᠬᠤᠶᠠᠷ︶ ᠲᠡᠭᠡᠭᠡᠪᠦᠷᠢ ᠶᠢᠨ ᠪᠠᠲᠤᠯᠠᠭ᠎ᠠ ᠶᠢᠨ ᠳᠤᠭᠤᠶᠢᠯᠠᠩ᠃ᠰᠢᠶᠠᠨ ᠤ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠠᠯᠪᠠᠨ ᠭᠡᠷ ᠢ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶᠠᠨ ᠳᠤ ᠭᠠᠷᠭᠠᠨ᠎ᠠ᠃ᠭᠤᠣᠯᠳᠠᠭᠤ ᠡᠩ ᠤᠨ ᠦᠨ᠎ᠡ ᠶᠢᠨ ᠨᠡᠭᠦᠷᠡᠰᠦᠨ ᠤ ᠲᠡᠭᠡᠭᠡᠪᠦᠷᠢ ᠶᠢ ᠵᠣᠬᠢᠴᠠᠭᠤᠯᠬᠤ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠳᠠᠯ ᠢ ᠲᠥᠰᠥᠭᠡᠯᠡᠨ ᠪᠤᠳᠤᠬᠤ ᠠᠵᠢᠯ ᠢ ᠬᠠᠷᠢᠭᠤᠴᠠᠬᠤ ᠶᠢᠨ ᠬᠠᠮᠲᠤ᠂ ᠵᠠᠮ ᠬᠠᠷᠢᠯᠴᠠᠭ᠎ᠠ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠲᠣᠭᠲᠠᠭᠠᠵᠤ᠂ ᠲᠡᠭᠡᠭᠡᠪᠦᠷᠢ ᠶᠢᠨ ᠵᠠᠮ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠭᠠᠷᠳᠠᠮ ᠢ ᠵᠣᠬᠢᠴᠠᠭᠤᠯᠤᠨ ᠭᠦᠢᠴᠡᠳᠬᠡᠨ᠎ᠡ︔ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃︵ᠭᠤᠷᠪᠠ︶ ᠪᠣᠷᠤᠯᠠᠭᠤᠯᠭ᠎ᠠ ᠶᠢᠨ ᠪᠠᠲᠤᠯᠠᠭ᠎ᠠ ᠶᠢᠨ ᠳᠤᠭᠤᠶᠢᠯᠠᠩ᠃ᠡᠯ᠎ᠡ ᠰᠢᠶᠠᠩ ᠪᠠᠯᠭᠠᠰᠤ ᠰᠢᠶᠠᠩ ᠪᠠᠯᠭᠠᠰᠤ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠠᠯᠪᠠᠨ ᠭᠡᠷ ᠢ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠲᠤ ᠲᠣᠬᠢᠷᠠᠭᠤᠯᠤᠨ᠂ ᠭᠤᠣᠯᠳᠠᠭᠤ ᠡᠩ ᠤᠨ ᠦᠨ᠎ᠡ ᠶᠢᠨ ᠨᠡᠭᠦᠷᠡᠰᠦᠨ ᠤ ᠪᠣᠷᠤᠯᠠᠭᠤᠯᠭ᠎ᠠ ᠶᠢᠨ ᠲᠣᠣᠷ ᠴᠢᠭ᠋ ᠢ ᠵᠦᠢ ᠵᠣᠬᠢᠰᠲᠠᠢ ᠪᠠᠶᠢᠷᠢᠯᠠᠭᠤᠯᠬᠤ᠂ ᠪᠠᠲᠤᠯᠠᠭ᠎ᠠ ᠶᠢᠨ ᠲᠠᠷᠬᠠᠭᠠᠯᠲᠠ ᠶᠢ ᠪᠣᠳᠠᠲᠠᠶᠢᠵᠢᠭᠤᠯᠬᠤ ᠵᠡᠷᠭᠡ ᠤᠴᠢᠷ ᠶᠠᠪᠤᠳᠠᠯ ᠢ ᠬᠠᠷᠢᠭᠤᠴᠠᠵᠤ᠂ ᠲᠣᠭᠲᠠᠭᠤᠨ ᠪᠥᠭᠡᠳ ᠡᠮᠬᠢ ᠵᠢᠷᠤᠮ ᠲᠠᠢ ᠪᠠᠷ ᠲᠠᠷᠬᠠᠭᠠᠯᠲᠠ ᠶᠢ ᠪᠣᠳᠠᠲᠠᠶᠢᠵᠢᠭᠤᠯᠤᠨ᠎ᠠ︔ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃ᠳᠥᠷᠪᠡ᠂ ᠲᠡᠭᠡᠭᠡᠪᠦᠷᠢ ᠶᠢᠨ ᠲᠠᠷᠬᠠᠭᠠᠯᠲᠠ ᠶᠢᠨ ᠴᠤᠪᠤᠷᠠᠯᠰᠢᠶᠠᠨ ᠤ ᠵᠠᠰᠠᠭ ᠤᠨ ᠣᠷᠳᠣᠨ ᠠᠴᠠ ᠥᠪᠥᠷ ᠮᠣᠩᠭᠤᠯ ᠤᠨ ᠴᠢᠩ ᠽᠦ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠨᠡᠭᠦᠳᠡᠯ ᠲᠠᠯᠠᠢ ᠶᠢᠨ ᠨᠡᠭᠦᠷᠡᠰᠦ ᠡᠵᠡᠩᠨᠡᠨ ᠪᠣᠷᠣᠯᠠᠭᠤᠯᠬᠤ ᠬᠢᠵᠠᠭᠠᠷᠲᠤ ᠺᠣᠮᠫᠠᠨᠢ ᠳᠤ ᠨᠠᠶᠢᠳᠠᠵᠤ ᠣᠷᠳᠣᠰ ᠬᠤᠳᠠ ᠶᠢᠨ ᠳ᠋ᠠ ᠶᠤᠸᠠᠨ ᠨᠡᠭᠦᠷᠡᠰᠦᠨ ᠤ ᠬᠢᠵᠠᠭᠠᠷᠲᠤ ᠺᠣᠮᠫᠠᠨᠢ᠂ ᠢ ᠲᠠᠢ ᠨᠠ ᠯᠢᠨ ᠮᠢᠶᠣᠣ ᠶᠢᠨ ᠨᠡᠭᠦᠷᠡᠰᠦᠨ ᠠᠭᠤᠷᠬᠠᠢ ᠶᠢᠨ ᠬᠤᠶᠠᠳᠤᠭᠠᠷ ᠨᠣᠮᠧᠷᠲᠤ ᠬᠤᠳᠳᠤᠭ ᠲᠤ ᠬᠦᠷᠴᠦ ᠨᠡᠭᠦᠷᠡᠰᠦᠨ ᠤ ᠶᠠᠰᠤ ᠴᠢᠨᠠᠷ᠂ ᠲᠣᠨ ᠤ ᠲᠤᠭ᠎ᠠ ᠵᠡᠷᠭᠡ ᠶᠢ ᠨᠤᠲᠠᠯᠠᠭᠰᠠᠨ ᠤ ᠳᠠᠷᠠᠭ᠎ᠠ ᠥᠪᠥᠷ ᠮᠣᠩᠭᠤᠯ ᠤᠨ ᠴᠢᠩ ᠽᠦ ᠨᠡᠭᠦᠷᠡᠰᠦᠨ ᠲᠠᠯᠠᠪᠠᠢ ᠳᠤ ᠬᠦᠷᠭᠡᠨ᠎ᠡ ︵ᠡᠭᠦᠨ ᠤ ᠬᠠᠮᠲᠤ ᠴᠢᠬᠤᠯᠠ ᠪᠦᠬᠦᠢ ᠭᠡᠷᠡᠯ ᠵᠢᠷᠤᠭ ᠪᠣᠯᠣᠨ ᠸᠢᠳᠢᠤ᠋ ᠮᠠᠲ᠋ᠧᠷᠢᠶᠠᠯ ᠢ ᠦᠯᠡᠳᠡᠭᠡᠨ ᠬᠠᠳᠠᠭᠠᠯᠠᠨ᠎ᠠ᠃ ᠨᠢᠭᠡ ᠲᠡᠷᠭᠡ ᠪᠠᠷ ᠨᠢᠭᠡ ᠨᠤᠲᠠᠯᠠᠨ ᠲᠣᠭᠲᠠᠭᠠᠨ᠎ᠠ︶ ᠳᠤ᠂ ᠴᠢᠩ ᠽᠧ ᠨᠡᠭᠦᠷᠡᠰᠦᠨ ᠲᠠᠯᠠᠪᠠᠶ   ᠠᠴᠠ ᠲᠡᠭᠡᠭᠡᠵᠦ ᠠᠪᠴᠢᠷᠠᠭᠰᠠᠨ ᠨᠡᠭᠦᠷᠡᠰᠦ   ᠶᠢ ᠬᠠᠮᠲᠤ ᠪᠠᠷ ᠰᠠᠶᠢᠵᠠᠳᠠᠬᠤ   ᠶᠢᠨ ᠬᠠᠮᠲᠤ ᠱᠠᠭᠠᠷᠳᠠᠯᠭ᠎ᠠ ᠳᠤ ᠨᠡᠶᠢᠴᠡᠭᠰᠡᠨ ᠬᠡᠰᠡᠭᠲᠦ ᠨᠡᠭᠦᠷᠡᠰᠦ   ᠶᠢ ᠬᠤᠷᠭᠤᠯᠵᠢᠨ ᠪᠢᠲᠡᠭᠦᠮᠵᠢ ᠪᠠᠷ ᠲᠡᠭᠡᠭᠡᠵᠦ ᠵᠥᠭᠡᠭᠡᠪᠦᠷᠢᠯᠡᠨ᠎ᠡ ︵ᠡᠭᠦᠨ ᠤ ᠵᠡᠷᠭᠡ ᠳᠤ ᠨᠡᠭᠦᠷᠡᠰᠦᠨ ᠤ ᠴᠢᠨᠠᠷ   ᠢ ᠰᠢᠯᠭᠠᠨ ᠪᠠᠶᠢᠴᠠᠭᠠᠭᠰᠠᠨ ᠬᠠᠭᠤᠳᠠᠰᠤ   ᠶᠢ ᠭᠠᠷᠭᠠᠵᠤ ᠥᠭᠭᠦᠨ᠎ᠡ︶᠃ᠡᠯ᠎ᠡ ᠰᠢᠶᠠᠩ ᠪᠠᠯᠭᠠᠰᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰᠬᠠᠢ ᠬᠥᠮᠥᠨ ᠲᠣᠮᠢᠯᠠᠨ ᠪᠦᠬᠦᠯᠢ ᠡᠳᠦᠷ ᠢᠶᠠᠷ᠂ ᠪᠥᠬᠦ ᠶᠠᠪᠤᠴᠠ ᠪᠠᠷ ᠴᠢᠩᠭ᠎ᠠ ᠠᠳᠬᠤᠬᠤ ᠶᠢᠨ ᠬᠠᠮᠲᠤ ᠴᠢᠩ ᠽᠧ ᠨᠡᠭᠦᠷᠡᠰᠦᠨ ᠲᠠᠯᠠᠪᠠᠶ ᠲᠠᠢ ᠨᠡᠭᠦᠷᠡᠰᠦ ᠬᠠᠩᠭᠠᠬᠤ ᠨᠢᠭᠡ ᠲᠡᠷᠭᠡᠨ ᠳᠤ ᠨᠢᠭᠡ ᠶᠢ ᠨᠤᠲᠠᠯᠠᠵᠤ ᠲᠤᠰᠢᠶᠠᠬᠤ ᠪᠠ ᠭᠥᠯᠢᠶᠡᠨ ᠠᠪᠬᠤ ᠶᠢ ᠨᠤᠲᠠᠯᠠᠬᠤ ᠪᠢᠴᠢᠭ ︵ᠡᠭᠦᠨ ᠤ ᠵᠡᠷᠭᠡ ᠳᠤ ᠴᠢᠬᠤᠯᠠ ᠪᠦᠬᠦᠢ ᠬᠡᠷᠡᠯ ᠵᠢᠷᠤᠭ ᠪᠠ ᠬᠠᠷᠠᠭᠠᠨ ᠳᠠᠪᠲᠠᠮᠵᠢ ᠶᠢᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠬᠤ︶ ᠲᠤ ᠭᠠᠷ ᠤᠨ ᠥᠰᠥᠭ ᠵᠢᠷᠤᠪᠠ᠃ᠳᠠᠭᠠᠭᠠᠴᠢᠯᠠᠯᠲᠠ ᠪᠠᠨ ᠳᠤᠮᠳᠠ ᠠᠴᠠ ᠨᠢ ᠬᠠᠶᠠᠬᠤ᠂ ᠰᠠᠷᠢᠭᠠᠯᠠᠨ ᠰᠠᠷᠢᠭᠠᠯᠠᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ ᠵᠡᠷᠭᠡ ᠪᠠᠶᠢᠳᠠᠯ ᠭᠠᠷᠬᠤ ᠶᠢ ᠡᠷᠡᠰ ᠬᠤᠷᠢᠭᠯᠠᠵᠤ᠂ ᠣᠯᠵᠤ ᠮᠡᠳᠡᠮᠡᠭᠴᠡ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ ᠬᠠᠷᠢᠭᠤᠴᠠᠯᠭ᠎ᠠ ᠨᠡᠬᠡᠮᠵᠢᠯᠡᠨ᠎ᠡ᠃ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠲᠣᠬᠢᠷᠠᠭᠤᠯᠤᠨ ᠬᠦᠷᠭᠡᠬᠦ ᠵᠡᠷᠭᠡ ᠵᠠᠩᠭᠢᠯᠠᠭ᠎ᠠ ᠶᠢᠨ ᠠᠵᠢᠯ ᠢ ᠵᠢᠷᠤᠮᠵᠢᠯ ᠲᠠᠢ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠨ᠎ᠠ᠃ᠮᠠᠨ ᠤ ᠰᠢᠶᠠᠨ ᠳᠤ ᠵᠥᠭᠡᠭᠡᠪᠦᠷᠢᠯᠡᠨ ᠪᠤᠴᠠᠭᠰᠠᠨ ᠤ ᠳᠠᠷᠠᠭ᠎ᠠ ᠡᠯ᠎ᠡ ᠰᠢᠶᠠᠩ ᠪᠠᠯᠭᠠᠰᠤ ᠠᠴᠠ ᠲᠤᠰ ᠲᠤᠰ ᠤᠨ ᠳᠡᠭᠡᠭᠰᠢ ᠮᠡᠳᠡᠭᠦᠯᠦᠭᠰᠡᠨ ᠬᠡᠷᠡᠭᠴᠡᠭᠡᠨ ᠤ ᠬᠡᠮᠵᠢᠶ᠎ᠡ ᠪᠠᠷ ᠢᠶᠠᠨ ᠴᠠᠭ ᠲᠤᠬᠠᠢ ᠳᠤᠨᠢ ᠬᠤᠪᠢᠶᠠᠷᠢᠯᠠᠨ ᠲᠣᠮᠢᠯᠠᠵᠤ᠂ ᠬᠤᠷᠠᠮᠳᠤᠭᠤᠯᠤᠨ ᠬᠠᠳᠠᠭᠠᠯᠠᠬᠤ ᠦᠵᠡᠭᠳᠡᠯ ᠭᠠᠷᠬᠤ ᠶᠢ ᠤᠭᠳᠤ ᠵᠥᠪᠰᠢᠶᠡᠷᠡᠬᠦ ᠦᠭᠡᠢ᠂ ᠡᠭᠦᠨ ᠤ ᠬᠠᠮᠲᠤ ᠬᠤᠳᠠᠯᠳᠤᠨ ᠠᠪᠬᠤ ᠡᠬᠡ ᠳᠠᠩᠰᠠ ᠪᠠᠶᠢᠭᠤᠯᠬᠤ ᠶᠢᠨ ᠬᠠᠮᠲᠤ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠲᠤᠭ᠎ᠠ ᠪᠠᠷᠢᠮᠲᠠ ᠶᠢ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠳᠤ ᠮᠡᠳᠡᠭᠦᠯᠬᠦ ᠬᠡᠷᠡᠭᠲᠡᠢ᠃ᠲᠠᠪᠤ᠂  ᠠᠵᠢᠯ ᠤᠨ ᠱᠠᠭᠠᠷᠳᠠᠯᠭ᠎ᠠ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠯᠤᠰ ᠲᠥᠷᠥ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ᠡᠯ᠎ᠡ ᠳᠤᠭᠤᠶᠢᠯᠠᠩ ᠤᠨ ᠳᠠᠷᠤᠭ᠎ᠠ ᠨᠠᠷ ᠡᠮᠦᠨ᠎ᠡ ᠨᠢ ᠵᠢᠯᠤᠭᠤᠳᠴᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠡᠯ᠎ᠡ ᠵᠦᠢᠯ ᠤᠨ ᠡᠭᠦᠷᠭᠡ ᠪᠠᠨ ᠤᠷᠤᠭᠰᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃︵ᠬᠤᠶᠠᠷ︶ ᠣᠯᠣᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠳ ᠨᠢᠭᠲᠠ ᠬᠠᠮᠲᠤᠷᠠᠯᠴᠠᠨ᠎ᠠ ᠃ᠰᠠᠯᠠᠭ᠎ᠠ ᠮᠥᠴᠢᠷ ᠤᠨ ᠬᠤᠭᠤᠷᠣᠨᠳᠤ ᠪᠠᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠵᠠᠷᠯᠢᠭ ᠵᠢᠭᠠᠪᠤᠷᠢ ᠲᠣᠳᠣᠷᠬᠠᠢ᠂ ᠰᠢᠰᠲ᠋ᠧᠮ ᠨᠢ ᠡᠮᠬᠢ ᠵᠢᠷᠤᠮ ᠲᠠᠢ᠂ ᠰᠢᠰᠲ᠋ᠧᠮ ᠬᠡᠰᠡᠭ ᠨᠢ ᠰᠢᠭᠤᠳ ᠰᠢᠯᠤᠭᠤᠨ ᠪᠠᠶᠢᠬᠤ ᠶᠢ ᠪᠡᠶᠡᠯᠡᠭᠦᠯᠦᠨ᠎ᠡ᠃ᠡᠩ ᠤᠨ ᠦᠨ᠎ᠡ ᠶᠢᠨ ᠨᠡᠭᠦᠷᠡᠰᠦᠨ ᠤ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠬᠤ ᠮᠠᠯᠴᠢᠨ ᠲᠠᠷᠢᠶᠠᠴᠢᠳ ᠤᠨ ᠭᠠᠷ ᠲᠤ ᠬᠦᠷᠭᠡᠬᠦ ᠶᠢ ᠦᠨᠡᠨᠬᠦ ᠪᠠᠲᠤᠯᠠᠬᠤ ᠬᠡᠷᠡᠭᠲᠡᠢ᠃︵ᠭᠤᠷᠪᠠ︶ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠡᠭᠦᠷᠭᠡ ᠲᠤᠰᠢᠶᠠᠯ ᠢᠶᠠᠨ ᠰᠢᠳᠤᠷᠭᠤ ᠪᠠᠷ ᠭᠦᠢᠴᠡᠳᠬᠡᠬᠦ ᠬᠡᠷᠡᠭᠲᠡᠢ᠃ᠡᠯ᠎ᠡ ᠳᠤᠭᠤᠶᠢᠯᠠᠩ ᠤᠨ ᠠᠵᠢᠯᠲᠠᠳ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠬᠡᠷᠡᠭᠲᠡᠢ᠃ᠡᠯ᠎ᠡ ᠨᠢᠭᠡᠴᠡ ᠶᠢᠨ ᠬᠠᠷᠢᠭᠤᠴᠠᠯᠭᠠᠲᠠᠨ ᠨᠢ ᠬᠠᠮᠢᠶ᠎ᠠ ᠪᠦᠬᠦᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠡᠯ᠎ᠡ ᠭᠤᠭᠴᠤᠭ᠎ᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃︵ᠳᠥᠷᠪᠡ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠴᠤᠤᠷᠬᠠᠯ ᠲᠠᠷᠬᠠᠭᠠᠬᠤ ᠶᠢ ᠲᠤᠯᠭᠠᠨ᠎ᠠ᠃ᠲᠤᠰᠬᠠᠢ ᠠᠩᠭᠢ ᠶᠢᠨ ᠡᠯ᠎ᠡ ᠪᠦᠷᠢᠯᠳᠦᠭᠦᠨ ᠨᠢᠭᠡᠴᠡ ᠨᠦᠭᠦᠳ ᠰᠠᠨᠠᠭᠠᠴᠢᠯᠠᠭ᠎ᠠ   ᠠᠴᠠ ᠪᠠᠨ ᠲᠠᠭᠤ ᠭᠠᠷᠭᠠᠵᠤ᠂ ᠴᠠᠭ ᠲᠤᠬᠠᠢ ᠳᠤᠨᠢ ᠲᠠᠭᠤ ᠭᠠᠷᠭᠠᠵᠤ᠂ ᠣᠨᠣᠪᠴᠢᠲᠠᠶ ᠲᠠᠭᠤ ᠭᠠᠷᠭᠠᠵᠤ᠂ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤ ᠥᠭᠴᠦ᠂ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠠᠷ ᠪᠣᠶ ᠪᠣᠯᠭᠠᠵᠤ᠂ ᠦᠨᠡᠨ ᠪᠣᠳᠠᠲᠠᠢ ᠪᠤᠰᠤ ᠮᠡᠳᠡᠭᠡ ᠵᠠᠩᠭᠢ ᠪᠠ ᠨᠠᠵᠠᠭᠠᠢ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠠᠭ ᠲᠤᠬᠠᠢ  ᠳᠤᠨᠢ ᠰᠢᠢᠳᠪᠦᠷᠢᠯᠡᠨ᠂ ᠴᠤᠤᠷᠬᠠᠯ ᠵᠣᠬᠢᠶᠠᠵᠤ ᠴᠤᠤᠷᠬᠠᠯ ᠲᠠᠷᠬᠠᠭᠠᠬᠤ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃                                                            ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2