︽ᠱᠠᠩᠳᠤ ᠰᠢᠶᠠᠨ ᠤ 2022 ᠣᠨ ᠤ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠥᠯ︾ ᠢ‌‍ᠲ᠋ᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠦᠰᠦᠯ
ᠨᠡᠶᠢᠲᠡᠯᠡᠭᠰᠡᠨ ᠴᠠᠭ᠄
2022/12/16
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ ᠳᠤ᠄   ︽ᠱᠠᠩᠳᠤ ᠰᠢᠶᠠᠨ ᠤ 2022 ᠣᠨ ᠤ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠥᠯ︾ ᠢ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯᠳᠤᠭᠠᠨ ᠢᠶᠠᠷ ᠨᠢᠭᠡᠨᠲᠡ ᠰᠤᠳᠤᠯᠤᠨ ᠵᠥᠪᠰᠢᠶᠡᠷᠡᠪᠡ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ ᠠᠳᠬᠤᠬᠤ ᠪᠣᠯᠪᠠᠤ᠃                                                 2022 ᠣᠨ ᠤ 5 ᠰᠠᠷ᠎ᠠ ᠶᠢᠨ 12ᠱᠠᠩᠳᠤ ᠰᠢᠶᠠᠨ ᠤ 2022 ᠣᠨ ᠤ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢ ᠬᠤᠪᠢᠶᠠᠷᠢᠯᠠᠬᠤ ᠲᠥᠰᠥᠯ   ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠷᠭᠡᠳᠬᠡᠬᠦ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠡᠷᠬᠡ ᠶᠢᠨ ᠬᠤᠪᠢᠶᠠᠷᠢᠯᠠᠯᠲᠠ ᠪᠠ ᠬᠢᠵᠠᠭᠠᠷ ᠲᠤᠭ᠎ᠠ ᠶᠢ ᠲᠣᠭᠲᠠᠭᠠᠭᠰᠠᠨ ᠵᠢᠯᠤᠭᠤᠳᠬᠤ ᠰᠠᠨᠠᠯ ︵ᠲᠦᠷ ᠬᠡᠷᠡᠭᠵᠢᠭᠦᠯᠬᠦ︶︾ ᠪᠠ ︽ᠤᠯᠠᠭᠠᠨᠴᠠᠪ ᠬᠤᠲᠠ ᠶᠢᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃ᠨᠢᠭᠡ᠂ ᠬᠤᠪᠢᠶᠠᠷᠢᠯᠠᠬᠤ ᠵᠠᠷᠴᠢᠮ︵ᠨᠢᠭᠡ︶ ᠶᠡᠷᠦᠩᠬᠡᠢ ᠬᠡᠮᠵᠢᠶ᠎ᠡ ᠶᠢ ᠡᠵᠡᠮᠳᠡᠬᠦ ᠪᠠ ᠡᠷᠴᠢᠮ ᠤᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠎ᠠ᠃ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠪᠦᠬᠦ ᠲᠠᠯ᠎ᠠ ᠪᠠᠷ ᠵᠠᠳᠠᠯᠤᠨ ᠨᠠᠶᠢᠳᠠᠪᠤᠷᠢᠵᠢᠭᠤᠯᠵᠤ᠂ ᠤᠰᠤ ᠬᠡᠷᠡᠭᠯᠡᠬᠦ ᠲᠣᠭᠲᠠᠭᠰᠠᠨ ᠨᠤᠷᠮ᠎ᠠ ᠶᠢᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢ ᠬᠢᠵᠠᠭᠠᠷᠯᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠦᠢ ᠵᠣᠬᠢᠰ ᠦᠭᠡᠢ ᠤᠰᠤ ᠬᠡᠷᠡᠭᠯᠡᠬᠦ ᠬᠡᠷᠡᠭᠴᠡᠭᠡ ᠶᠢ ᠡᠷᠡᠰ ᠬᠤᠷᠢᠭᠯᠠᠨ᠎ᠠ᠃︵ᠬᠤᠶᠠᠷ︶ ᠨᠢᠭᠡᠳᠦᠯᠲᠡᠢ ᠲᠥᠯᠥᠪᠯᠡᠵᠦ ᠨᠡᠶᠢᠲᠡ ᠳᠤᠨᠢ ᠬᠠᠷᠠᠭᠠᠯᠵᠠᠬᠤ ᠪᠠ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠨ᠎ᠠ᠃ᠡᠯ᠎ᠡ ᠰᠢᠶᠠᠩ ᠪᠠᠯᠭᠠᠰᠤ ᠨᠤᠭᠤᠳ ᠤᠰᠤᠨ ᠟ᠣ ᠡᠷᠬᠡ ᠶᠢᠨ ᠬᠤᠪᠢᠶᠠᠷᠢᠯᠠᠯᠲᠠ ᠶᠢᠨ ᠶᠡᠷᠦᠩᠬᠡᠢ ᠬᠡᠮᠵᠢᠶ᠎ᠡ ᠪᠠᠷ ᠰᠠᠭᠤᠷᠢ ᠪᠣᠯᠭᠠᠨ᠂ ᠡᠯ᠎ᠡ ᠲᠣᠰᠬᠤᠨ ᠤ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠵᠦᠢ ᠵᠣᠬᠢᠰᠲᠠᠢ ᠲᠣᠬᠢᠷᠠᠭᠤᠯᠵᠤ᠂ ᠭᠤᠣᠯᠴᠢ ᠪᠠᠶᠢᠬᠤ ᠶᠢ ᠬᠠᠮᠲᠤ ᠳᠤᠨᠢ ᠬᠠᠷᠠᠭᠠᠯᠵᠠᠭᠰᠠᠨ ᠪᠠᠶᠢᠳᠠᠯ ᠟ᠣᠨ ᠳᠣᠣᠷ᠎ᠠ᠂ ᠲᠠᠷᠢᠶᠠᠯᠠᠩ ᠟ᠣᠨ ᠣᠳᠣᠬᠢᠴᠢᠯᠠᠭᠰᠠᠨ ᠠᠵᠤ ᠦᠢᠯᠡᠰ ᠤᠨ ᠬᠥᠭᠵᠢᠯᠲᠡ ᠶᠢᠨ ᠵᠦᠢ ᠵᠣᠬᠢᠰᠲᠠᠢ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠭᠤᠣᠯᠳᠠᠯᠭ᠎ᠠ ᠲᠠᠢ ᠪᠠᠲᠤᠯᠠᠬᠤ ᠬᠡᠷᠡᠭᠲᠡᠢ᠃︵ᠭᠤᠷᠪᠠ︶ ᠳᠣᠣᠷᠠᠳᠤ ᠱᠠᠲᠤ ᠠᠴᠠ ᠨᠢᠭᠡ ᠱᠠᠲᠤ ᠶᠢ ᠬᠠᠮᠢᠶᠠᠷᠬᠤ ᠪᠠ ᠱᠠᠲᠤ ᠱᠠᠲᠤ ᠪᠠᠷ ᠬᠤᠪᠢᠶᠠᠷᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠨ᠎ᠠ᠃ᠡᠬᠢᠨ ᠤ ᠤᠰᠤᠨ ᠤ ᠡᠷᠬᠡ ᠶᠢ ᠰᠢᠶᠠᠨ ᠤ ᠵᠠᠰᠠᠭ ᠤᠨ ᠣᠷᠳᠣᠨ ᠠᠴᠠ ᠬᠤᠲᠠ ᠶᠢᠨ ᠵᠠᠰᠠᠭ ᠤᠨ ᠣᠷᠳᠣᠨ ᠤ ᠲᠣᠭᠲᠠᠭᠠᠭᠰᠠᠨ ᠣᠨ ᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠦᠨᠳᠦᠰᠦᠯᠡᠨ᠂ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠨᠣᠷᠮ᠎ᠠ ᠲᠣᠭᠲᠠᠭᠠᠨ ᠬᠠᠮᠢᠶᠠᠷᠬᠤ ᠪᠠ ᠤᠰᠤᠨ ᠤ ᠡᠷᠬᠡ ᠶᠢ ᠭᠤᠣᠯᠴᠢ ᠪᠠᠷ ᠡᠳ᠋ᠯᠡᠬᠦ ᠵᠠᠷᠴᠢᠮ ᠶᠣᠰᠣᠭᠠᠷ᠂ ᠡᠯ᠎ᠡ ᠰᠢᠶᠠᠩ ᠪᠠᠯᠭᠠᠰᠤᠨ ᠤ ᠣᠳᠣ ᠪᠠᠶᠢᠭ᠎ᠠ ᠤᠰᠤᠯᠠᠯᠲᠠ ᠶᠢᠨ ᠭᠠᠵᠠᠷ ᠤᠨ ᠲᠠᠯᠠᠪᠠᠢ ᠶᠢ ᠦᠨᠳᠦᠰᠦᠯᠡᠨ᠂ ᠨᠢᠭᠡ ᠯᠡ ᠤᠳᠠᠭ᠎ᠠ ᠶᠢᠨ ᠴᠢᠨᠠᠷᠲᠠᠢ ᠤᠰᠤᠨ ᠤ ᠡᠷᠬᠡ ᠶᠢ ᠰᠢᠶᠠᠩ ᠪᠠᠯᠭᠠᠰᠤᠨ ᠳᠤ ᠬᠤᠪᠢᠶᠠᠷᠢᠯᠠᠨ᠎ᠠ᠃ᠡᠯ᠎ᠡ ᠰᠢᠶᠠᠩ ᠪᠠᠯᠭᠠᠰᠤ ᠨᠤᠭᠤᠳ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠬᠦ ᠲᠤᠭ᠎ᠠ ᠶᠢ ᠦᠨᠳᠦᠰᠦᠯᠡᠨ᠂ ᠤᠰᠤᠨ‌ᠡᠷᠬᠡ ᠶᠢ ᠭᠠᠴᠠᠭ᠎ᠠ ᠡᠷᠥᠭᠡ  ᠳᠤ ᠬᠦᠷᠲᠡᠯ᠎ᠡ ᠬᠤᠪᠢᠶᠠᠷᠢᠯᠠᠬᠤ ᠬᠡᠷᠡᠭᠲᠡᠢ᠃︵ᠳᠥᠷᠪᠡ︶ ᠬᠠᠤᠯᠢ ᠶᠣᠰᠣᠭᠠᠷ ᠤᠰᠤ ᠶᠢ ᠬᠠᠮᠢᠶᠠᠷᠬᠤ ᠪᠠ ᠰᠢᠨᠵᠢᠯᠡᠬᠦ ᠤᠬᠠᠭᠠᠨᠴᠢ ᠪᠠᠷ ᠤᠰᠤ ᠶᠢ ᠵᠠᠰᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠎ᠠ᠃ᠲᠠᠷᠢᠶᠠᠯᠠᠩ ᠤᠨ ᠤᠰᠤᠨ ᠳᠤ ᠬᠤᠯᠪᠣᠭᠳᠠᠬᠤ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠴᠢᠩᠭᠠᠳᠬᠠᠵᠤ᠂ ᠤᠰᠤ ᠬᠡᠷᠡᠭᠯᠡᠬᠦ ᠡᠷᠦᠬᠡ ᠶᠢᠨ ᠤᠰᠤ ᠲᠠᠲᠠᠵᠤ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠮᠢ ᠠᠬᠤᠢ ᠶᠢ ᠬᠠᠮᠠᠭᠠᠯᠠᠬᠤ ᠪᠠ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠣᠷᠭᠠᠨᠢᠭ ᠢᠶᠠᠷ ᠤᠶᠠᠯᠳᠤᠭᠤᠯᠵᠤ᠂ ᠠᠮᠢ ᠠᠬᠤᠢ ᠶᠢᠨ ᠤᠰᠤ ᠶᠢ ᠵᠠᠰᠠᠬᠤ ᠶᠢ ᠴᠢᠩᠭᠠᠳᠬᠠᠵᠤ᠂ ᠬᠥᠮᠥᠨ ᠪᠠ ᠤᠰᠤᠨ ᠤ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ᠃ᠬᠤᠶᠠᠷ᠂ ᠬᠤᠪᠢᠶᠠᠷᠢᠯᠠᠯᠲᠠ ᠶᠢᠨ ᠶᠡᠷᠦᠩᠬᠡᠢ ᠬᠡᠮᠵᠢᠶ᠎ᠡ2022 ᠣᠨ ᠳᠤ ᠬᠤᠲᠠ ᠶᠢᠨ ᠪᠠᠭᠤᠯᠭᠠᠭᠰᠠᠨ ᠮᠠᠨ ᠤ ᠰᠢᠶᠠᠨ ᠤ ᠭᠠᠵᠠᠷ ᠳᠣᠣᠷᠠᠬᠢ ᠤᠰᠤᠨ ᠤ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠨᠢ 4150 ᠲᠦᠮᠡᠨ ᠪᠣᠰᠤᠭ᠎ᠠ ᠳᠥᠷᠪᠡᠯᠵᠢᠨ ᠮᠧᠲᠷ ᠪᠣᠯᠣᠨ᠎ᠠ᠃ᠡᠯ᠎ᠡ ᠰᠢᠶᠠᠩ ᠪᠠᠯᠭᠠᠰᠤ ᠶᠢᠨ ᠬᠢᠨᠠᠨ ᠲᠣᠭᠲᠠᠭᠠᠭᠰᠠᠨ ᠤᠰᠤ ᠬᠡᠷᠡᠭᠯᠡᠬᠦ ᠡᠷᠦᠬᠡ ᠶᠢᠨ ᠤᠰᠤᠯᠠᠯᠲᠠ ᠶᠢᠨ ᠭᠠᠵᠠᠷ ᠤᠨ ᠲᠠᠯᠠᠪᠠᠶ ᠶᠢ ᠦᠨᠳᠦᠰᠦᠯᠡᠨ᠂ ᠤᠰᠤᠨ ᠤ ᠡᠷᠬᠡ ᠶᠢ ᠡᠷᠬᠡ ᠲᠡᠭᠰᠢ ᠪᠠᠷ ᠡᠳ᠋ᠯᠡᠬᠦ ᠵᠠᠷᠴᠢᠮ ᠶᠣᠰᠣᠭᠠᠷ᠂ ᠮᠦ ᠪᠦᠷᠢ ᠶᠢᠨ ᠳᠤᠮᠳᠠᠴᠢ ᠤᠰᠤᠯᠠᠯᠲᠠ ᠶᠢᠨ ᠨᠣᠷᠮ᠎ᠠ ᠶᠢ 57.97 ᠪᠣᠰᠤᠭ᠎ᠠ ᠳᠥᠷᠪᠡᠯᠵᠢᠨ ᠮᠧᠲᠷ ᠪᠠᠶᠢᠯᠭᠠᠨ᠎ᠠ᠃ᠮᠠᠨ ᠤ ᠰᠢᠶᠠᠨ ᠤ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠨᠡᠯᠢᠶᠡᠳ ᠲᠤᠲᠠᠭᠳᠠᠵᠤ᠂ ᠬᠤᠳᠠ ᠠᠴᠠ ᠮᠠᠨ ᠤ ᠰᠢᠶᠠᠨ ᠳᠤ ᠪᠠᠭᠤᠯᠭᠠᠭᠰᠠᠨ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠨᠢ ᠲᠠᠷᠢᠮᠠᠯ ᠤᠨ ᠤᠰᠤᠯᠠᠯᠲᠠ ᠶᠢᠨ ᠲᠣᠭᠲᠠᠭᠰᠠᠨ ᠨᠤᠷᠮ᠎ᠠ ᠶᠢᠨ ᠪᠠᠷᠢᠮᠵᠢᠶ᠎ᠠ ᠶᠢᠨ ᠤᠰᠤ ᠬᠡᠷᠡᠭᠯᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠣᠯᠬᠤᠷ ᠤᠰᠤ ᠬᠡᠷᠡᠭᠯᠡᠬᠦ ᠡᠷᠦᠬᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠤᠰᠤ ᠪᠠᠷ ᠭᠠᠵᠠᠷ ᠲᠣᠭᠲᠠᠭᠠᠬᠤ᠂ ᠤᠰᠤ ᠪᠠᠷ ᠤᠨᠠᠯᠲᠠ ᠶᠢ ᠲᠣᠭᠲᠠᠭᠠᠬᠤ᠂ ᠤᠰᠤ ᠪᠠᠷ ᠪᠦᠲᠦᠴᠡ ᠶᠢ ᠲᠣᠬᠢᠷᠠᠭᠤᠯᠬᠤ᠂ ᠤᠰᠤ ᠶᠡᠭᠡ ᠬᠤᠷᠣᠭᠳᠠᠭᠤᠯᠬᠤ ᠲᠠᠷᠢᠮᠠᠯ ᠤᠨ ᠲᠠᠷᠢᠬᠤ ᠲᠠᠯᠠᠪᠠᠢ ᠶᠢ ᠪᠠᠭᠠᠰᠬᠠᠨ᠂ ᠤᠰᠤ ᠬᠠᠭᠤᠷᠠᠢ ᠪᠠᠷ ᠡᠭᠡᠯᠵᠢᠯᠡᠨ ᠳᠠᠷᠢᠬᠤ ᠶᠢ ᠬᠡᠷᠡᠭᠵᠢᠭᠦᠯᠵᠦ᠂ ᠥᠨᠳᠥᠷ ᠪᠦᠲᠦᠮᠵᠢᠲᠡᠶ ᠬᠠᠭᠤᠷᠠᠢ ᠶᠢᠨ ᠲᠥᠬᠦᠭᠡᠷᠦᠮᠵᠢ ᠶᠢᠨ ᠲᠠᠷᠢᠶᠠᠯᠠᠩ ᠢ ᠬᠥᠭᠵᠢᠭᠦᠯᠬᠦ ᠬᠡᠷᠡᠭᠲᠡᠢ᠃ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠬᠡᠷᠡᠭᠲᠡᠢ᠃ᠤᠰᠤᠨ ᠤ ᠡᠷᠬᠡ ᠶᠢᠨ ᠬᠤᠪᠢᠶᠠᠷᠢᠯᠠᠯᠲᠠ ᠶᠢᠨ ︽ᠨᠢᠭᠡᠳᠦᠭᠡᠷ ᠭᠠᠷ︾ ᠤᠨ ᠬᠠᠷᠢᠭᠤᠴᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠰᠢᠶᠠᠩ ᠪᠠᠯᠭᠠᠰᠤ ᠶᠢᠨ ᠤᠰᠤ ᠲᠣᠬᠢᠷᠠᠭᠤᠯᠬᠤ ᠲᠥᠰᠥᠯ ᠢ ᠲᠤᠭᠤᠷᠪᠢᠨ ᠲᠣᠭᠲᠠᠭᠠᠬᠤ᠂ ᠲᠠᠷᠢᠮᠠᠯ ᠤᠨ ᠪᠦᠲᠦᠴᠡ ᠶᠢ ᠲᠣᠬᠢᠷᠠᠭᠤᠯᠬᠤ᠂ ᠶᠡᠷᠦᠩᠬᠡᠢ ᠬᠡᠮᠵᠢᠶ᠎ᠡ ᠶᠢᠨ ᠬᠠᠷᠠᠯᠲᠠ ᠶᠢ ᠡᠵᠡᠮᠳᠡᠬᠦ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ︔ᠤᠰᠤᠨ ᠠᠰᠢᠭᠯᠠᠯᠲᠠ ᠶᠢᠨ ᠲᠣᠪᠴᠢᠶ᠎ᠠ ᠨᠢ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠪᠠ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠶᠢ ᠬᠠᠷᠢᠭᠤᠴᠠᠵᠤ᠂ ᠶᠡᠷᠦᠩᠬᠡᠢ ᠬᠡᠮᠵᠢᠶ᠎ᠡ ᠶᠢ ᠡᠵᠡᠮᠳᠡᠬᠦ ᠪᠠ ᠨᠣᠷᠮ᠎ᠠ ᠲᠣᠭᠲᠠᠭᠠᠨ ᠬᠠᠮᠢᠶᠠᠷᠬᠤ ᠶᠢ ᠴᠢᠩᠭ᠎ᠠ ᠨᠠᠶᠢᠳᠠᠪᠤᠷᠢᠵᠢᠭᠤᠯᠤᠨ᠎ᠠ‌‍ᠲ᠋ᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ᠂ ᠥᠨᠳᠥᠷ ᠦᠷ᠎ᠡ ᠠᠰᠢᠭᠲᠤ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ᠂ ᠦᠨᠳᠦᠰᠦᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠥᠨᠳᠥᠷ ᠦᠷ᠎ᠡ ᠠᠰᠢᠭᠲᠤ ᠲᠠᠷᠢᠶᠠᠯᠠᠩ ᠤᠨ ᠤᠰᠤ ᠠᠷᠪᠢᠯᠠᠬᠤ ᠮᠡᠷᠭᠡᠵᠢᠯ ᠤᠨ ᠳᠡᠯᠭᠡᠷᠡᠭᠦᠯᠦᠯᠲᠡ ᠶᠢ ᠬᠠᠷᠢᠭᠤᠴᠠᠨ᠎ᠠ︔ᠴᠠᠭ ᠠᠭᠤᠷ ᠤᠨ ᠲᠣᠪᠴᠢᠶ᠎ᠠ ᠠᠴᠠ ᠴᠠᠭ ᠠᠭᠤᠷ ᠤᠨ ᠮᠡᠳᠡᠭᠡ ᠵᠠᠩᠭᠢ ᠶᠢ ᠨᠡᠶᠢᠲᠡᠯᠡᠬᠦ ᠪᠠ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠴᠠᠭ  ᠲᠤᠨᠢ ᠲᠣᠬᠢᠷᠠᠭᠤᠯᠤᠨ ᠥᠷᠨᠢᠭᠦᠯᠬᠦ ᠶᠢ ᠬᠠᠷᠢᠭᠤᠴᠠᠵᠤ᠂ ᠲᠠᠷᠢᠶᠠᠴᠢᠨ ᠡᠷᠦᠭᠡ ᠶᠢᠨ ᠤᠰᠤᠯᠠᠯᠲᠠ ᠳᠤ ᠴᠠᠭ ᠲᠤᠬᠠᠢ  ᠳᠤᠨᠢ ᠴᠠᠭ ᠠᠭᠤᠷ ᠤᠨ ᠦᠢᠯᠡᠴᠢᠯᠡᠭᠡ ᠬᠠᠩᠭᠠᠨ᠎ᠠ;ᠬᠢᠨᠠᠨ ᠪᠤᠳᠤᠬᠤ ᠲᠣᠪᠴᠢᠶ᠎ᠠ ᠨᠢ ᠣᠨ ᠤ ᠤᠰᠤ ᠬᠡᠷᠡᠭᠯᠡᠬᠦ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠤᠳᠤᠬᠤ ᠠᠵᠢᠯ ᠢ ᠬᠠᠷᠢᠭᠤᠴᠠᠨ᠎ᠠ︔ᠵᠣᠬᠢᠶᠠᠨ ᠪᠠᠶᠢᠭᠤᠯᠬᠤ ᠬᠡᠯᠲᠡᠰ ᠠᠴᠠ ᠤᠰᠤᠨ ᠤ ᠡᠷᠬᠡ ᠶᠢᠨ ᠬᠠᠮᠢᠶᠠᠷᠤᠯᠲᠠ ᠶᠢᠨ ᠬᠠᠷᠠᠯᠲᠠ ᠶᠢᠨ ᠬᠥᠳᠡᠯᠦᠩᠭᠦᠢ ᠬᠢᠨᠠᠨ ᠰᠢᠯᠭᠠᠬᠤ ᠠᠵᠢᠯ ᠢ ᠴᠢᠩᠭᠠᠳᠬᠠᠨ᠎ᠠ᠃ᠡᠯ᠎ᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠷᠪᠢᠯᠠᠨ ᠭᠠᠮᠨᠠᠵᠤ ᠬᠠᠮᠠᠭᠠᠯᠠᠬᠤ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠠᠳᠬᠤᠬᠤ ᠬᠡᠷᠡᠭᠲᠡᠢ᠃︵ᠬᠤᠶᠠᠷ︶ ᠶᠠᠪᠤᠴᠠ ᠶᠢᠨ ᠡᠵᠡᠮᠳᠡᠯ ᠢ ᠴᠢᠩᠭᠠᠷᠠᠭᠤᠯᠵᠤ᠂ ᠤᠰᠤ ᠬᠡᠷᠡᠭᠯᠡᠬᠦ ᠲᠠᠰ ᠳᠠᠷᠠᠭᠠᠯᠠᠯ ᠢ ᠵᠢᠷᠤᠮᠵᠢᠭᠤᠯᠤᠨ᠎ᠠ᠃ᠦᠨᠡᠨ ᠨᠡᠷ᠎ᠡ ᠪᠠᠷ ᠤᠰᠤ ᠲᠣᠬᠢᠷᠠᠭᠤᠯᠬᠤ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠰᠤ ᠬᠡᠷᠡᠭᠯᠡᠬᠦ ᠡᠷᠦᠬᠡ ᠶᠢᠨ ᠤᠰᠤᠯᠠᠯᠲᠠ ᠶᠢᠨ ᠭᠠᠵᠠᠷ ᠤᠨ ᠲᠠᠯᠠᠪᠠᠶ ᠶᠢ ᠬᠢᠨᠠᠨ ᠬᠠᠷᠭᠤᠭᠤᠯᠵᠤ ᠬᠢᠨᠠᠨ ᠲᠣᠭᠲᠠᠭᠠᠬᠤ ᠠᠵᠢᠯ ᠢ ᠴᠢᠩᠭᠠᠷᠠᠭᠤᠯᠤᠨ᠎ᠠ᠃ᠡᠯ᠎ᠡ ᠰᠢᠶᠠᠩ ᠪᠠᠯᠭᠠᠰᠤ ᠨᠤᠭᠤᠳ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠤᠰᠤ ᠬᠡᠷᠡᠭᠯᠡᠬᠦ ᠭᠦᠢᠴᠡᠳᠬᠡᠬᠦ ᠲᠤᠭ᠎ᠠ ᠪᠠᠨ ᠤᠰᠤ ᠬᠡᠷᠡᠭᠯᠡᠬᠦ ᠡᠷᠥᠭᠡ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠤᠰᠤ ᠬᠡᠷᠡᠭᠯᠡᠬᠦ ᠶᠢ ᠬᠢᠨᠠᠨ ᠵᠥᠪᠰᠢᠶᠡᠷᠡᠬᠦ ᠲᠡᠰ ᠳᠠᠷᠠᠭᠠᠯᠠᠯ ᠢ ᠴᠢᠩᠭ᠎ᠠ ᠵᠢᠷᠤᠮᠯᠠᠨ ᠤᠰᠤᠨ ᠤ ᠬᠡᠮᠵᠢᠶ᠎ᠡ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠥᠷᠨᠢᠭᠦᠯᠵᠦ᠂ ᠤᠰᠤ ᠬᠡᠷᠡᠭᠯᠡᠬᠦ ᠲᠥᠯᠥᠪᠯᠡᠭᠡ ᠶᠢ ᠭᠤᠶᠤᠴᠢᠯᠠᠬᠤ ᠳᠦᠷᠢᠮ ᠢ ᠨᠢᠭᠡᠳᠦᠯᠲᠡᠢ ᠬᠡᠷᠡᠭᠵᠢᠭᠦᠯᠬᠦ ᠬᠡᠷᠡᠭᠲᠡᠢ᠃ᠤᠰᠤ ᠬᠡᠷᠡᠭᠯᠡᠬᠦ ᠲᠠᠰ ᠳᠠᠷᠠᠭᠠᠯᠠᠯ ᠨᠢ᠄ ᠰᠢᠶᠠᠩ ᠪᠠᠯᠭᠠᠰᠤ ᠶᠢᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠬᠢᠨᠠᠨ ᠪᠠᠶᠢᠴᠠᠭᠠᠵᠤ ᠲᠣᠭᠲᠠᠭᠠᠭᠰᠠᠨ ᠤᠰᠤ ᠬᠡᠷᠡᠭᠯᠡᠬᠦ ᠡᠷᠦᠬᠡ ᠶᠢᠨ ᠤᠰᠤ ᠬᠡᠷᠡᠭᠯᠡᠬᠦ ᠭᠠᠵᠠᠷ ᠤᠨ ᠲᠠᠯᠠᠪᠠᠶ ᠶᠢ ᠦᠨᠳᠦᠰᠦᠯᠡᠨ᠂ ᠤᠰᠤ ᠬᠡᠷᠡᠭᠯᠡᠬᠦ ᠡᠷᠦᠬᠡ ᠠᠴᠠ ᠭᠤᠶᠤᠴᠢᠯᠠᠯ ᠭᠠᠷᠭᠠᠨ᠎ᠠ ︱ ᠲᠠᠷᠢᠶᠠᠴᠢᠨ ᠤᠰᠤ ᠬᠡᠷᠡᠭᠯᠡᠭᠴᠢᠳ ᠤᠨ ᠨᠡᠶᠢᠭᠡᠮᠯᠢᠭ ᠠᠴᠠ ᠬᠢᠨᠠᠨ ᠬᠠᠷᠭᠤᠭᠤᠯᠬᠤ ᠶᠢᠨ ᠬᠠᠮᠲᠤ ᠰᠠᠨᠠᠯ ᠢᠶᠠᠨ ᠬᠠᠳᠠᠨ᠎ᠠ ︱ ᠰᠢᠶᠠᠩ ᠪᠠᠯᠭᠠᠰᠤ ᠶᠢᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠠᠴᠠ ᠬᠢᠨᠠᠨ ᠬᠠᠷᠭᠤᠭᠤᠯᠵᠤ ᠴᠣᠬᠤᠯᠠᠪᠤᠷᠢᠯᠠᠬᠤ ︱ ᠨᠤᠲᠠᠯᠠᠭᠰᠠᠨ ᠤ ᠳᠠᠷᠠᠭ᠎ᠠ ᠺᠠᠷᠲ ᠱᠦᠷᠭᠦᠭᠡᠵᠦ ᠵᠣᠭᠤᠰ ᠨᠡᠮᠡᠬᠦ ︱ ᠤᠰᠤ ᠲᠠᠲᠠᠨ᠎ᠠ᠂ ᠰᠢᠶᠠᠩ ᠪᠠᠯᠭᠠᠰᠤ ᠶᠢᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠪᠠᠷ ᠬᠢᠨᠠᠨ ᠵᠥᠪᠰᠢᠶᠡᠷᠡᠭᠦᠯᠦᠭᠰᠡᠨ ᠦᠭᠡᠢ ᠪᠣᠯ ᠶᠠᠮᠠᠷᠪᠠ ᠬᠥᠮᠥᠨ ᠭᠡᠳ ᠤᠰᠤ ᠬᠡᠷᠡᠭᠯᠡᠬᠦ ᠡᠷᠦᠬᠡ ᠠᠴᠠ ᠺᠠᠷᠲ ᠱᠦᠷᠭᠦᠭᠡᠵᠦ ᠤᠰᠤ ᠠᠪᠴᠤ ᠪᠣᠯᠬᠤ ᠦᠭᠡᠢ᠃︵ᠭᠤᠷᠪᠠ︶ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠤᠰᠤ ᠠᠷᠪᠢᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠤᠨ᠎ᠠ᠃ᠲᠠᠷᠢᠶᠠᠯᠠᠩ ᠤᠨ ᠤᠰᠤ ᠠᠷᠪᠢᠯᠠᠬᠤ ᠶᠢ ᠲᠦᠯᠬᠢᠨ ᠠᠬᠢᠭᠤᠯᠬᠤ ᠶᠢ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠲᠠᠢ ᠤᠶᠠᠯᠳᠤᠭᠤᠯᠤᠨ᠎ᠠ᠃︽ᠢᠳᠡᠰᠢᠨ ᠨᠣᠭᠤᠭ᠎ᠠ ᠶᠢ ᠠᠮᠤ ᠪᠤᠳᠠᠭ᠎ᠠ ᠪᠣᠯᠭᠠᠨ ᠥᠭᠡᠷᠡᠴᠢᠯᠡᠬᠦ︾᠂ ︽ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ︾ ᠶᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ ᠤᠰᠤ ᠶᠡᠭᠡ ᠬᠤᠷᠣᠭᠳᠠᠭᠤᠯᠬᠤ ᠢᠳᠡᠰᠢᠨ ᠨᠣᠭᠤᠭ᠎ᠠ᠂ ᠰᠢᠬᠢᠷ ᠯᠤᠤᠪᠠᠩ ᠳᠠᠷᠢᠬᠤ ᠲᠠᠯᠠᠪᠠᠶ ᠶᠢ ᠶᠡᠭᠡ ᠪᠠᠷ ᠪᠠᠭᠠᠰᠬᠠᠨ᠂ ᠤᠰᠤ ᠪᠠᠭ᠎ᠠ ᠬᠤᠷᠣᠭᠳᠠᠭᠤᠯᠬᠤ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠶᠢ ᠨᠡᠮᠡᠭᠳᠡᠭᠦᠯᠦᠨ᠎ᠡ᠃ᠲᠠᠷᠢᠶᠠᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠤᠰᠤ ᠪᠠᠷ ᠬᠤᠷᠢᠶᠠᠯᠲᠠ ᠶᠢ ᠨᠢ ᠲᠣᠭᠲᠠᠭᠠᠵᠤ᠂ ᠬᠤᠪᠢᠶᠠᠷᠢᠯᠠᠵᠤ ᠥᠭᠭᠦᠭᠰᠡᠨ ᠤᠰᠤᠨ ᠤ ᠶᠡᠷᠦᠩᠬᠡᠢ ᠬᠡᠮᠵᠢᠶ᠎ᠡ ᠠᠴᠠ ᠬᠡᠲᠦᠷᠡᠭᠦᠯᠬᠦ ᠦᠭᠡᠢ ᠪᠠᠶᠢᠳᠠᠯ ᠤᠨ ᠳᠣᠣᠷ᠎ᠠ᠂ ᠤᠰᠤ ᠬᠠᠭᠤᠷᠠᠢ ᠶᠢ ᠡᠭᠡᠯᠵᠢᠯᠡᠨ ᠳᠠᠷᠢᠬᠤ ᠪᠠ ᠭᠦᠢᠴᠡᠳ ᠪᠤᠰᠤ ᠤᠰᠤᠯᠠᠯᠲᠠ ᠶᠢ ᠬᠡᠷᠡᠭᠵᠢᠭᠦᠯᠬᠦ ᠬᠡᠷᠡᠭᠲᠡᠢ᠃︵ᠳᠥᠷᠪᠡ︶ ᠤᠰᠤᠨ ᠤ ᠡᠷᠬᠡ ᠶᠢᠨ ᠠᠷᠠᠯᠵᠢᠶᠠᠨ ᠤ ᠲᠠᠪᠴᠠᠩ ᠢ ᠪᠠᠶᠢᠭᠤᠯᠵᠤ᠂ ᠤᠰᠤᠨ ᠤ ᠡᠷᠬᠡ ᠶᠢᠨ ᠠᠷᠠᠯᠵᠢᠶ᠎ᠠ ᠶᠢ ᠵᠢᠷᠤᠮᠵᠢᠭᠤᠯᠤᠨ᠎ᠠ᠃ᠣᠷᠣᠨ ᠪᠦᠰᠡ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠳᠠᠪᠠᠭᠤᠯᠬᠤ ᠦᠭᠡᠢ ᠪᠠᠶᠢᠬᠤ ᠤᠷᠢᠲᠠᠯ ᠳᠣᠣᠷ᠎ᠠ᠂ ᠤᠰᠤ ᠬᠡᠷᠡᠭᠯᠡᠬᠦ ᠡᠷᠦᠬᠡ ᠶᠢᠨ ᠪᠦᠲᠦᠴᠡ ᠶᠢ ᠲᠣᠬᠢᠷᠠᠭᠤᠯᠬᠤ ᠪᠠ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠤ ᠳᠠᠷᠠᠭ᠎ᠠ ᠠᠷᠪᠢᠯᠠᠭᠰᠠᠨ ᠤᠰᠤᠨ ᠤ ᠬᠡᠮᠵᠢᠶ᠎ᠡ ᠶᠢ ᠤᠰᠤᠨ ᠤ ᠡᠷᠬᠡ ᠶᠢᠨ ᠠᠷᠠᠯᠵᠢᠶ᠎ᠠ ᠶᠢᠨ ᠭᠦᠢᠴᠡᠳᠬᠡᠯ ᠲᠤᠭ᠎ᠠ ᠪᠣᠯᠭᠠᠵᠤ᠂ ᠠᠷᠪᠢᠯᠠᠨ ᠬᠤᠪᠢᠷᠠᠭᠤᠯᠬᠤ ᠶᠢ ᠲᠡᠩᠴᠡᠭᠦᠷᠢᠲᠡᠢ ᠪᠠᠶᠢᠯᠭᠠᠬᠤ ᠶᠢ ᠪᠠᠲᠤᠯᠠᠨ᠎ᠠ᠃ᠡᠯ᠎ᠡ ᠰᠢᠶᠠᠩ ᠪᠠᠯᠭᠠᠰᠤ ᠨᠤᠭᠤᠳ ᠤᠰᠤᠨ ᠤ ᠡᠷᠬᠡ ᠶᠢ ᠲᠤᠰᠬᠠᠢ ᠴᠣᠩᠬᠤ ᠭᠠᠷᠭᠠᠵᠤ᠂ ᠤᠰᠤ ᠬᠡᠷᠡᠭᠯᠡᠬᠦ ᠡᠷᠦᠬᠡ ᠠᠷᠠᠯᠵᠢᠶᠠᠯᠠᠵᠤ ᠪᠣᠯᠬᠤ ᠤᠰᠤᠨ ᠤ ᠬᠡᠮᠵᠢᠶ᠎ᠡ ᠶᠢᠨ ᠮᠡᠳᠡᠭᠡ ᠵᠠᠩᠭᠢ ᠶᠢ ᠬᠠᠩᠭᠠᠵᠤ᠂ ᠤᠰᠤᠨ ᠤ ᠡᠷᠬᠡ ᠶᠢ ᠠᠷᠠᠯᠵᠢᠶᠠᠯᠠᠭ ᠲᠠᠪᠴᠠᠩ ᠢ ᠱᠠᠲᠤ ᠱᠠᠲᠤ ᠪᠠᠷ ᠪᠠᠶᠢᠭᠤᠯᠤᠨ᠂ ᠤᠰᠤᠨ ‍ᠤ‌ᠡᠷᠬᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠤᠰᠤ ᠶᠡᠭᠡ ᠬᠤᠷᠣᠭᠳᠠᠭᠤᠯᠬᠤ ᠲᠠᠷᠢᠮᠠᠯ ᠤᠨ ᠦᠢᠯᠡᠰ ᠢ ᠤᠰᠤ ᠪᠠᠭ᠎ᠠ ᠬᠤᠷᠣᠭᠳᠠᠭᠤᠯᠬᠤ ᠦᠷ᠎ᠡ ᠠᠰᠢᠭ ᠶᠡᠬᠡᠲᠡᠢ ᠠᠵᠤ ᠦᠢᠯᠡᠰ ᠲᠡᠰᠢ ᠡᠷᠭᠢᠯᠳᠦᠭᠦᠯᠬᠦ ᠶᠢ ᠵᠣᠷᠢᠭᠵᠢᠭᠤᠯᠤᠨ᠂ ᠲᠥᠯᠥᠪᠯᠡᠭᠡ ᠲᠠᠢ ᠪᠠᠷ ᠤᠰᠤ ᠬᠡᠷᠡᠭᠯᠡᠬᠦ᠂ ᠬᠡᠮᠵᠢᠶ᠎ᠡ ᠲᠠᠢ ᠤᠰᠤ ᠬᠡᠷᠡᠭᠯᠡᠬᠦ᠂ ᠲᠥᠯᠥᠪᠦᠷᠢ ᠲᠠᠢ ᠪᠠᠷ ᠤᠰᠤ ᠬᠡᠷᠡᠭᠯᠡᠬᠦ ᠪᠠ ᠥᠨᠳᠥᠷ ᠦᠷ᠎ᠡ ᠠᠰᠢᠭ ᠲᠠᠢ ᠤᠰᠤ ᠬᠡᠷᠡᠭᠯᠡᠬᠦ  ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃︵ᠲᠠᠪᠤ︶ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠶᠢ ᠴᠢᠩᠳᠠᠯᠠᠵᠤ᠂ ᠰᠢᠯᠭᠠᠨ ᠬᠢᠨᠠᠵᠤ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠤᠨ᠎ᠠ᠃ᠡᠯ᠎ᠡ ᠰᠢᠶᠠᠩ ᠪᠠᠯᠭᠠᠰᠤ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠰᠤᠨ ᠤ ᠡᠷᠬᠡ ᠶᠢᠨ ᠬᠢᠨᠠᠯᠲᠠ ᠬᠠᠮᠢᠶᠠᠷᠤᠯᠲᠠ ᠶᠢ ᠠᠵᠢᠯ ᠤᠨ ᠴᠢᠬᠤᠯᠠ ᠭᠠᠷᠳᠠᠴᠠ ᠪᠣᠯᠭᠠᠵᠤ᠂ ᠤᠰᠤᠨ ᠤ ᠡᠬᠢ ᠪᠠᠶᠠᠯᠢᠭ ᠪᠣᠯᠣᠨ ᠤᠰᠤᠨ ᠤ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠲᠣᠭᠲᠠᠭᠠᠯ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ᠤᠰᠤᠨ ᠠᠰᠢᠭᠯᠠᠯᠲᠠ᠂ ᠲᠠᠷᠢᠶᠠᠯᠠᠩ ‍ᠤᠨ‌‍ᠰᠢᠨᠵᠢᠯᠡᠬᠦ ᠤᠬᠠᠭᠠᠨ᠂ ᠳᠣᠲᠣᠭᠠᠳᠤ ᠶᠢ ᠬᠠᠮᠠᠭᠠᠯᠠᠬᠤ ᠪᠠ ᠡᠯ᠎ᠡ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠡᠳᠦᠷ ᠲᠤᠳᠤᠮ ᠤᠨ ᠬᠠᠤᠯᠢ ᠬᠡᠷᠡᠭᠵᠢᠭᠦᠯᠵᠦ ᠲᠣᠭᠤᠷᠢᠨ ᠪᠠᠶᠢᠴᠠᠭᠠᠬᠤ ᠪᠠ ᠲᠤᠬᠠᠢ ᠶᠢᠨ ᠲᠠᠯᠠᠪᠠᠢ ᠶᠢᠨ ᠬᠠᠤᠯᠢ ᠬᠡᠷᠡᠭᠵᠢᠭᠦᠯᠬᠦ ᠡᠷᠴᠢᠮ ᠢᠶᠠᠨ ᠨᠡᠮᠡᠭᠳᠡᠭᠦᠯᠵᠦ᠂ ᠤᠰᠤᠨ ᠤ ᠡᠷᠬᠡ ᠶᠢᠨ ᠳᠦᠷᠢᠮ ᠢ ᠨᠠᠶᠢᠳᠠᠪᠤᠷᠢᠵᠢᠭᠤᠯᠬᠤ ᠶᠠᠪᠤᠴᠠ ᠳᠤ ᠬᠤᠯᠪᠣᠭᠳᠠᠯ ᠪᠦᠬᠦᠢ ᠲᠣᠭᠲᠠᠭᠠᠯ ᠠᠴᠠ ᠵᠥᠷᠢᠴᠡᠭᠰᠡᠨ ᠤᠰᠤ ᠬᠡᠷᠡᠭᠯᠡᠬᠦ ᠡᠷᠥᠭᠡ ᠠᠴᠠ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃                                                            ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2