ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠱᠠᠩᠳᠤ ᠰᠢᠶᠠᠨ ᠤ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠤ ᠬᠤᠳᠳᠤᠭ ᠤᠨ ᠬᠡᠮᠵᠢᠯᠲᠡ ᠶᠢᠨ ᠪᠡᠯᠡᠳᠬᠡᠮᠵᠢ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︽ᠱᠠᠩᠳᠤ ᠰᠢᠶᠠᠨ ᠤ ᠲᠠᠷᠢᠶᠠᠯᠠᠩ ᠤᠨ ᠤᠰᠤᠨ ᠤ ᠰᠦᠢᠳᠬᠡᠯ ᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︽ᠱᠠᠩᠳᠤ ᠰᠢᠶᠠᠨ ᠤ ᠲᠠᠷᠢᠶᠠᠯᠠᠩ ᠤᠨ ᠤᠰᠤ ᠤᠰᠤ ᠠᠷᠪᠢᠯᠠᠭᠰᠠᠨ ᠢ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/12/16
   ᠬᠤᠳᠠᠯᠳᠤᠭᠠᠨ ᠤ ᠵᠠᠰᠠᠭ ᠠᠯᠪᠠᠨ ᠲᠠᠷᠬᠠᠭᠠᠭᠰᠠᠨ 〔2022〕 15 ᠳ᠋ᠤᠭᠠᠷ ᠲᠣᠭᠠᠲᠤᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠱᠠᠩᠳᠤ ᠰᠢᠶᠠᠨ ᠤ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠤ ᠬᠤᠳᠳᠤᠭ ᠤᠨ ᠬᠡᠮᠵᠢᠯᠲᠡ ᠶᠢᠨ ᠪᠡᠯᠡᠳᠬᠡᠮᠵᠢ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︽ᠱᠠᠩᠳᠤ ᠰᠢᠶᠠᠨ ᠤ ᠲᠠᠷᠢᠶᠠᠯᠠᠩ ᠤᠨ ᠤᠰᠤᠨ ᠤ ᠰᠦᠢᠳᠬᠡᠯ ᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︽ᠱᠠᠩᠳᠤ ᠰᠢᠶᠠᠨ ᠤ ᠲᠠᠷᠢᠶᠠᠯᠠᠩ ᠤᠨ ᠤᠰᠤ ᠤᠰᠤ ᠠᠷᠪᠢᠯᠠᠭᠰᠠᠨ ᠢ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ ᠳᠤ᠄    ︽ᠱᠠᠩᠳᠤ ᠰᠢᠶᠠᠨ ᠤ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠤ ᠬᠤᠳᠳᠤᠭ ᠤᠨ ᠬᠡᠮᠵᠢᠯᠲᠡ ᠶᠢᠨ ᠲᠥᠬᠦᠭᠡᠷᠦᠮᠵᠢ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︽ᠱᠠᠩᠳᠤ ᠰᠢᠶᠠᠨ ᠤ ᠲᠠᠷᠢᠶᠠᠯᠠᠩ ᠤᠨ ᠤᠰᠤᠨ ᠤ ᠰᠦᠢᠳᠬᠡᠯ ᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︽ᠱᠠᠩᠳᠤ ᠰᠢᠶᠠᠨ ᠤ ᠲᠠᠷᠢᠶᠠᠯᠠᠩ ᠤᠨ ᠤᠰᠤ ᠤᠰᠤ ᠠᠷᠪᠢᠯᠠᠬᠤ ᠶᠢ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠪᠡ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃                                             2022 ᠣᠨ ᠤ 5 ᠰᠠᠷ᠎ᠠ ᠶᠢᠨ 12 ᠤ ᠡᠳᠦᠷᠱᠠᠩᠳᠤ ᠰᠢᠶᠠᠨ ᠤ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠬᠡᠮᠵᠢᠯᠲᠡ ᠶᠢᠨ ᠲᠥᠬᠦᠭᠡᠷᠦᠮᠵᠢ          ᠬᠡᠷᠡᠭᠯᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶   ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠶᠢᠨ ᠲᠥᠯᠥᠭᠡ᠂ ᠲᠠᠷᠢᠶᠠᠯᠠᠩ ᠤᠨ ᠤᠰᠤᠯᠠᠯᠲᠠ ᠶᠢᠨ ᠬᠡᠮᠵᠢᠯᠲᠡ ᠶᠢᠨ ᠲᠥᠬᠦᠭᠡᠷᠦᠮᠵᠢ ᠶᠢᠨ ᠬᠡᠷᠡᠭᠯᠡᠯᠲᠡ ᠬᠠᠮᠢᠶᠠᠷᠤᠯᠲᠠ  ᠶᠢ ᠴᠢᠩᠭᠠᠳᠬᠠᠵᠤ᠂ ᠲᠥᠯᠥᠪᠯᠡᠭᠡ ᠲᠠᠢ ᠪᠠᠷ ᠤᠰᠤ ᠬᠡᠷᠡᠭᠯᠡᠬᠦ᠂ ᠤᠰᠤ ᠶᠢ ᠠᠷᠪᠢᠯᠠᠨ ᠬᠡᠷᠡᠭᠯᠡᠬᠦ ᠶᠢ ᠠᠬᠢᠭᠤᠯᠵᠤ᠂ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠨᠤᠷᠮ᠎ᠠ ᠲᠣᠭᠲᠠᠭᠠᠨ ᠬᠠᠮᠢᠶᠠᠷᠬᠤ ᠶᠢ ᠬᠡᠷᠡᠭᠵᠢᠭᠦᠯᠦᠨ᠂ ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠬᠠᠷᠠᠯᠲᠠ ᠶᠢ ᠪᠡᠶᠡᠯᠡᠭᠦᠯᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠯᠲᠡ ᠶᠢᠨ ᠬᠠᠤᠯᠢ︾᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠢ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ᠨᠢᠭᠡᠳᠦᠭᠡᠷ ᠵᠦᠢᠯ  ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠠᠷᠢᠶᠠᠯᠠᠩ ᠤᠨ ᠤᠰᠤᠯᠠᠯᠲᠠ ᠶᠢᠨ ᠮᠠᠰᠢᠨ ᠬᠤᠳᠳᠤᠭ ᠢ ᠬᠡᠷᠡᠭᠯᠡᠵᠦ ᠪᠠᠶᠢᠭ᠎ᠠ ᠲᠠᠷᠢᠶᠠᠴᠢᠨ ᠤ ᠤᠰᠤ ᠬᠡᠷᠡᠭᠯᠡᠬᠦ ᠡᠷᠥᠭᠡ ᠶᠢᠨ ᠨᠡᠶᠢᠭᠡᠮᠯᠢᠭ᠂ ᠲᠣᠰᠬᠤᠨ ᠟ᠣ ᠬᠠᠮᠲᠤ ᠨᠡᠶᠢᠳᠡ᠂ ᠲᠠᠷᠢᠶᠠᠴᠢᠨ ᠡᠷᠥᠭᠡ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠤᠯᠤᠰ ᠤᠨ ᠥᠮᠴᠢᠯᠡᠯᠲᠦ ᠬᠤᠪᠢ ᠶᠢᠨ ᠥᠮᠴᠢᠯᠡᠯᠲᠦ ᠵᠢᠵᠢᠭ ᠲᠠᠷᠢᠶᠠᠯᠠᠩ ᠤᠨ ᠲᠠᠯᠠᠪᠠᠢ ᠵᠡᠷᠭᠡ ᠤᠰᠤ ᠬᠡᠷᠡᠭᠯᠡᠬᠦ ᠡᠷᠥᠭᠡ︵ᠳᠣᠷᠣᠭᠰᠢ ᠤᠰᠤ ᠬᠡᠷᠡᠭᠯᠡᠬᠦ ᠡᠷᠥᠭᠡ ᠭᠡᠵᠦ ᠲᠣᠪᠴᠢᠯᠠᠨ᠎ᠠ︶ᠪᠥᠬᠦᠨ᠂ ᠲᠠᠷᠢᠶᠠᠯᠠᠩ ᠤᠨ ᠤᠰᠤᠯᠠᠯᠲᠠ ᠶᠢᠨ ᠮᠠᠰᠢᠨ  ᠤ ᠴᠠᠬᠢᠯᠭᠠᠨ ᠬᠤᠳᠳᠤᠭ  ᠤᠨ  ᠬᠡᠮᠵᠢᠯᠲᠡ ᠶᠢᠨ ᠪᠡᠯᠡᠳᠬᠡᠮᠵᠢ ︵ᠳᠣᠷᠣᠭᠰᠢ ᠬᠡᠮᠵᠢᠯᠲᠡ ᠶᠢᠨ ᠪᠡᠯᠡᠳᠬᠡᠮᠵᠢ ᠭᠡᠵᠦ ᠲᠣᠪᠴᠢᠯᠠᠨ᠎ᠠ︶ ᠶᠢᠨ ᠬᠡᠷᠡᠭᠯᠡᠯᠲᠡ ᠬᠢᠭᠡᠳ ᠬᠠᠮᠢᠶᠠᠷᠤᠯᠲᠠ ᠳᠤ  ᠲᠤᠰ ᠠᠷᠭ᠎ᠠ ᠶᠢ ᠵᠢᠷᠤᠮᠯᠠᠬᠤ ᠬᠡᠷᠡᠭᠲᠡᠢ᠃ ᠬᠤᠶᠠᠳᠤᠭᠠᠷ ᠵᠦᠢᠯ  ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠪᠣᠯ ᠬᠡᠮᠵᠢᠯᠲᠡ ᠶᠢᠨ ᠲᠥᠬᠦᠭᠡᠷᠦᠮᠵᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠮᠥᠨ᠂ ᠬᠤᠯᠪᠣᠭᠳᠠᠬᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢᠭᠲᠠ ᠬᠠᠮᠵᠢᠯᠴᠠᠵᠤ᠂ ᠡᠯ᠎ᠡ ᠰᠢᠶᠠᠩ ᠪᠠᠯᠭᠠᠰᠤᠨ ᠤ ᠤᠰᠤᠨ ᠠᠰᠢᠭᠯᠠᠯᠲᠠ ᠶᠢᠨ ᠬᠠᠮᠢᠶᠠᠷᠤᠯᠲᠠ ᠶᠢᠨ ᠦᠷᠳᠡᠭᠡ᠂ ᠲᠠᠷᠢᠶᠠᠴᠢᠳ ᠤᠨ ᠤᠰᠤ ᠬᠡᠷᠡᠭᠯᠡᠬᠦ ᠡᠷᠦᠬᠡ ᠶᠢᠨ ᠨᠡᠶᠢᠭᠡᠮᠯᠢᠭ ᠠᠴᠠ ᠬᠠᠷᠢᠶ᠎ᠠ ᠣᠷᠣᠨ ᠤ ᠪᠠᠨ ᠬᠡᠮᠵᠢᠯᠲᠡ ᠶᠢᠨ ᠲᠥᠬᠦᠭᠡᠷᠦᠮᠵᠢ ᠶᠢᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠢ᠃ᠭᠤᠷᠪᠠᠳᠤᠭᠠᠷ ᠵᠦᠢᠯ  ᠤᠰᠤ ᠬᠡᠷᠡᠭᠯᠡᠬᠦ ᠡᠷᠦᠭᠡ ᠨᠦᠭᠦᠳ ᠤᠨ ᠮᠠᠰᠢᠨ ᠬᠤᠳᠳᠤᠭ ᠲᠤ ᠡᠷᠬᠡᠪᠰᠢ ᠲᠣᠭᠲᠠᠭᠠᠯ ᠶᠣᠰᠣᠭᠠᠷ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠬᠡᠮᠵᠢᠯᠲᠡ ᠶᠢᠨ ᠲᠥᠬᠦᠭᠡᠷᠦᠮᠵᠢ ᠶᠢ ᠤᠭᠰᠠᠷᠠᠬᠤ ᠬᠡᠷᠡᠭᠲᠡᠢ᠃ᠬᠠᠭᠤᠴᠢᠨ ᠬᠤᠳᠳᠤᠭ ᠢ ᠰᠢᠨᠡᠳᠬᠡᠬᠦ᠂ ᠥᠭᠡᠷᠡᠴᠢᠯᠡᠬᠦ ᠶᠠᠪᠤᠳᠠᠯ ᠲᠣᠬᠢᠶᠠᠯᠳᠤᠪᠠᠯ᠂ ᠪᠠᠷᠢᠯᠭ᠎ᠠ ᠶᠢᠨ ᠠᠵᠢᠯ ᠳᠠᠭᠤᠰᠬᠤ ᠦᠶ᠎ᠡ ᠳᠤ ᠬᠡᠮᠵᠢᠯᠲᠡ ᠶᠢᠨ ᠲᠥᠬᠦᠭᠡᠷᠦᠮᠵᠢ ᠶᠢ ᠤᠭᠰᠠᠷᠠᠬᠤ ᠠᠵᠢᠯ ᠢ ᠬᠠᠮᠲᠤ ᠳᠤᠨᠢ ᠪᠡᠶᠡᠯᠡᠭᠦᠯᠬᠦ ᠬᠡᠷᠡᠭᠲᠡᠢ᠃ᠳᠥᠷᠪᠡᠳᠦᠭᠡᠷ ᠵᠦᠢᠯ   ᠬᠡᠮᠵᠢᠯᠲᠡ ᠶᠢᠨ ᠲᠥᠬᠦᠭᠡᠷᠦᠮᠵᠢ ᠶᠢ ᠤᠭᠰᠠᠷᠠᠵᠤ ᠳᠠᠭᠤᠰᠤᠭᠰᠠᠨ ᠤ ᠲᠠᠷᠠᠭ᠎ᠠ᠂ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠪᠤᠶᠤ ᠭᠤᠷᠪᠠᠳᠤᠭᠠᠷ ᠡᠲᠡᠭᠡᠳ ᠲᠤ ᠨᠠᠶᠢᠳᠠᠵᠤ ᠬᠡᠮᠵᠢᠯᠲᠡ ᠶᠢᠨ ᠲᠥᠬᠦᠭᠡᠷᠦᠮᠵᠢ ᠶᠢᠨ ᠮᠡᠷᠭᠡᠵᠢᠯ ᠤᠨ ᠪᠠᠷᠢᠮᠵᠢᠶ᠎ᠠ ᠶᠣᠰᠣᠭᠠᠷ ᠰᠢᠯᠭᠠᠨ ᠠᠪᠤᠨ᠎ᠠ᠂ ᠬᠡᠮᠵᠢᠯᠲᠡ ᠶᠢᠨ ᠲᠤᠭ᠎ᠠ ᠪᠠᠷᠢᠮᠲᠠ ᠶᠢ ᠳᠡᠭᠡᠭᠰᠢ ᠳᠠᠮᠵᠢᠭᠤᠯᠬᠤ ᠪᠣᠯ ᠰᠢᠯᠭᠠᠨ ᠠᠪᠬᠤ ᠶᠢᠨ ᠵᠠᠪᠠᠯ ᠪᠦᠷᠢᠯᠳᠦᠭᠦᠯᠬᠦ ᠨᠥᠬᠦᠴᠡᠯ ᠮᠥᠨ᠂ ᠰᠦᠯᠵᠢᠶᠡᠨ ᠳᠡᠭᠡᠷᠡᠬᠢ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢ ᠬᠤᠳᠠ ᠰᠢᠶᠠᠨ ᠤ ᠱᠠᠲᠤᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠪᠠ ᠤᠰᠤᠨ ᠠᠰᠢᠭᠯᠠᠯᠲᠠ ᠶᠢᠨ ᠲᠢᠩᠬᠢᠮ ᠤᠨ ᠭᠥᠯᠢᠶᠡᠨ ᠠᠪᠬᠤ ᠦᠢᠯᠡᠴᠢᠯᠡᠭᠦᠷ ᠲᠤ ᠳᠠᠮᠵᠢᠭᠤᠯᠤᠨ ᠬᠦᠷᠭᠡᠬᠦ ᠶᠢ ᠦᠨᠡᠨ ᠬᠦ ᠪᠠᠲᠤᠯᠠᠨ᠎ᠠ᠃ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠪᠦᠲᠦᠭᠡᠨ ᠪᠠᠶᠢᠭᠤᠯᠬᠤ ᠨᠢᠭᠡᠴᠡ ᠨᠢ ᠤᠰᠤ ᠬᠡᠷᠡᠭᠯᠡᠬᠦ ᠡᠷᠦᠬᠡ ᠳᠤ ᠰᠢᠯᠵᠢᠭᠦᠯᠦᠨ ᠲᠤᠰᠢᠶᠠᠬᠤ ᠭᠠᠷᠳᠠᠮ ᠢ ᠭᠦᠢᠴᠡᠳᠬᠡᠬᠦ ᠬᠡᠷᠡᠭᠲᠡᠢ᠃︽ᠬᠡᠨ ᠬᠡᠷᠡᠭᠯᠡᠪᠡᠯ ᠬᠡᠨ ᠬᠠᠮᠢᠶᠠᠷᠴᠤ ᠬᠠᠮᠠᠭᠠᠯᠠᠬᠤ︾ ᠵᠠᠷᠴᠢᠮ ᠤᠨ ᠶᠣᠰᠣᠭᠠᠷ᠂ ᠤᠰᠤ ᠬᠡᠷᠡᠭᠯᠡᠬᠦ ᠡᠷᠦᠬᠡ ᠨᠢ ᠬᠡᠮᠵᠢᠯᠲᠡ ᠶᠢᠨ ᠪᠡᠯᠡᠳᠬᠡᠮᠵᠢ ᠳᠤ ᠡᠳᠦᠷ ᠲᠤᠲᠤᠮ ᠤᠨ ᠬᠠᠮᠢᠶᠠᠷᠴᠤ ᠬᠠᠮᠠᠭᠠᠯᠠᠬᠤ ᠶᠢ ᠬᠠᠷᠢᠭᠤᠴᠠᠨ᠎ᠠ᠃ᠲᠠᠪᠤᠳᠤᠭᠠᠷ ᠵᠦᠢᠯ   ᠡᠯ᠎ᠡ ᠰᠢᠶᠠᠩ ᠪᠠᠯᠭᠠᠰᠤ ᠶᠢᠨ ᠤᠰᠤᠨ ᠠᠰᠢᠭᠯᠠᠯᠲᠠ ᠶᠢᠨ ᠬᠠᠮᠢᠶᠠᠷᠤᠯᠲᠠ ᠶᠢᠨ ᠦᠷᠳᠡᠭᠡ᠂ ᠲᠠᠷᠢᠶᠠᠴᠢᠨ ᠤ ᠤᠰᠤ ᠬᠡᠷᠡᠭᠯᠡᠬᠦ ᠡᠷᠥᠭᠡ ᠶᠢᠨ ᠨᠡᠶᠢᠭᠡᠮᠯᠢᠭ ᠨᠢ ᠬᠡᠮᠵᠢᠯᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠶᠢᠨ ᠲᠠᠩᠰᠠ ᠡᠪᠬᠡᠮᠡᠯ ᠢ ᠪᠠᠶᠢᠭᠤᠯᠤᠨ ᠪᠦᠷᠢᠨᠰᠢᠭᠦᠯᠵᠦ᠂ ᠬᠡᠮᠵᠢᠯᠲᠡ ᠶᠢᠨ ᠪᠡᠯᠡᠳᠬᠡᠮᠵᠢ ᠶᠢᠨ ᠠᠵᠢᠯᠯᠠᠭᠠᠨ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠬᠡᠮᠵᠢᠯᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ᠂ ᠬᠠᠮᠠᠭᠠᠯᠠᠯᠲᠠ ᠵᠡᠷᠭᠡ ᠶᠢ ᠵᠢᠯᠤᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠢ᠃ᠵᠢᠷᠭᠤᠳᠤᠭᠠᠷ ᠵᠦᠢᠯ   ᠡᠯ᠎ᠡ ᠰᠢᠶᠠᠩ ᠪᠠᠯᠭᠠᠰᠤ ᠶᠢᠨ ᠤᠰᠤᠨ ᠠᠰᠢᠭᠯᠠᠯᠲᠠ ᠶᠢᠨ ᠬᠠᠮᠢᠶᠠᠷᠤᠯᠲᠠ ᠶᠢᠨ ᠥᠷᠲᠡᠭᠡ᠂ ᠲᠠᠷᠢᠶᠠᠴᠢᠳ ᠤᠨ ᠤᠰᠤ ᠬᠡᠷᠡᠭᠯᠡᠬᠦ ᠡᠷᠦᠬᠡ ᠶᠢᠨ ᠨᠡᠶᠢᠭᠡᠮᠯᠢᠭ ᠨᠢ ᠤᠰᠤ ᠬᠡᠷᠡᠭᠯᠡᠬᠦ ᠡᠷᠦᠬᠡ ᠶᠢᠨ ᠤᠰᠤᠨ ᠤ ᠡᠷᠬᠡ ᠶᠢ ᠦᠨᠳᠦᠰᠦᠯᠡᠨ᠂ ᠵᠢᠯ ᠪᠦᠷᠢ ᠶᠢᠨ ᠲᠠᠷᠢᠶᠠᠨ ᠭᠠᠵᠠᠷ ᠤᠨ ᠤᠰᠤᠯᠠᠯᠲᠠ ᠶᠢ ᠡᠬᠢᠯᠡᠭᠦᠯᠬᠦ ᠠᠴᠠ ᠡᠮᠦᠨ᠎ᠡ ᠤᠰᠤ ᠬᠡᠷᠡᠭᠯᠡᠬᠦ ᠡᠷᠦᠬᠡ ᠳᠤ ᠤᠰᠤᠨ ᠤ ᠬᠡᠮᠵᠢᠶ᠎ᠡ ᠶᠢ ᠤᠷᠢᠳᠴᠢᠯᠠᠨ ᠬᠤᠳᠠᠯᠳᠤᠬᠤ ᠶᠢᠨ ᠬᠠᠮᠲᠤ ᠮᠠᠰᠢᠨ ᠬᠤᠳᠳᠤᠭ ᠤᠨ ᠤᠰᠤᠯᠠᠯᠲᠠ ᠶᠢᠨ IC ᠺᠠᠷᠲ ᠲᠤ ᠤᠰᠤᠨ ᠤ ᠬᠡᠮᠵᠢᠶ᠎ᠡ ᠶᠢ ᠨᠡᠮᠡᠭᠳᠡᠭᠦᠯᠦᠨ᠎ᠡ᠃ᠤᠰᠤ ᠬᠡᠷᠡᠭᠯᠡᠬᠦ ᠡᠷᠦᠬᠡ ᠨᠦᠭᠦᠳ ᠺᠠᠷᠲ ᠢᠶᠠᠷ ᠢᠶᠠᠨ ᠤᠰᠤ ᠠᠪᠴᠤ᠂ ᠲᠥᠯᠥᠪᠯᠡᠭᠡ ᠲᠠᠢ ᠪᠠᠷ ᠤᠰᠤ ᠬᠡᠷᠡᠭᠯᠡᠵᠦ᠂ ᠤᠰᠤ ᠬᠡᠷᠡᠭᠯᠡᠬᠦ ᠡᠮᠬᠢ ᠳᠢᠭᠯᠢᠮ ᠢ ᠵᠢᠷᠤᠮᠵᠢᠭᠤᠯᠬᠤ ᠬᠡᠷᠡᠭᠲᠡᠢ᠃ᠳᠣᠯᠣᠳᠤᠭᠠᠷ ᠵᠦᠢᠯ  ᠤᠰᠤ ᠬᠡᠷᠡᠭᠯᠡᠬᠦ ᠡᠷᠦᠬᠡ ᠶᠢᠨ ᠤᠭᠰᠠᠷᠠᠭᠰᠠᠨ ᠬᠡᠮᠵᠢᠯᠲᠡ ᠶᠢᠨ ᠪᠡᠯᠡᠳᠬᠡᠮᠵᠢ ᠶᠢ ᠤᠰᠤᠨ ᠠᠰᠢᠭᠯᠠᠯᠲᠠ ᠵᠢᠨ‌‍ᠰᠠᠯᠠᠭ᠎ᠠ ᠮᠥᠴᠢᠷ ᠠᠴᠠ ᠦᠶᠡᠯᠡᠬᠦ ᠴᠢᠨᠠᠷᠲᠠᠢ ᠪᠠᠶᠢᠴᠠᠭᠠᠯᠲᠠ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠢᠵᠦ᠂ ᠤᠰᠤ ᠬᠡᠷᠡᠭᠯᠡᠬᠦ ᠡᠷᠦᠬᠡ ᠡᠷᠬᠡᠪᠰᠢ ᠤᠬᠠᠮᠰᠠᠷ ᠠᠴᠠ ᠪᠠᠨ ᠪᠠᠶᠢᠴᠠᠭᠠᠯᠲᠠ ᠶᠢ ᠬᠦᠯᠢᠶᠡᠵᠦ᠂ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠮᠠᠲ᠋ᠧᠷᠢᠶᠠᠯ ᠦᠨᠡᠨ ᠮᠥᠨ ᠢᠶᠠᠷ ᠨᠢ ᠬᠠᠩᠭᠠᠬᠤ ᠬᠡᠷᠡᠭᠲᠡᠢ᠃ᠰᠢᠯᠭᠠᠨ ᠪᠠᠶᠢᠴᠠᠭᠠᠬᠤ ᠠᠭᠤᠯᠭ᠎ᠠ ᠳᠤ᠄ ᠤᠭᠰᠠᠷᠠᠭᠰᠠᠨ ᠬᠡᠮᠵᠢᠯᠲᠡ ᠶᠢᠨ ᠲᠥᠬᠦᠭᠡᠷᠦᠮᠵᠢ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠡᠰᠡᠬᠦ᠂ ᠲᠤᠭᠤᠯᠭᠠᠨ ᠪᠢᠲᠡᠭᠦᠮᠵᠢ ᠨᠢ ᠪᠦᠷᠢᠨ ᠪᠦᠲᠦᠨ ᠪᠠᠶᠢᠬᠤ ᠡᠰᠡᠬᠦ᠂ ᠬᠡᠮᠵᠢᠯᠲᠡ ᠶᠢᠨ ᠲᠥᠬᠦᠭᠡᠷᠦᠮᠵᠢ ᠨᠢ ᠡᠪᠳᠡᠷᠡᠭᠰᠡᠨ ᠡᠰᠡᠬᠦ᠂ ᠠᠵᠢᠯᠯᠠᠭᠠᠨ ᠨᠢ ᠬᠡᠪ ᠤᠨ ᠪᠠᠶᠢᠬᠤ ᠡᠰᠡᠬᠦ ᠵᠡᠷᠭᠡ ᠪᠠᠭᠲᠠᠨ᠎ᠠ᠃ᠨᠠᠢᠮᠠᠳᠤᠭᠠᠷ ᠵᠦᠢᠯ  ᠡᠯ᠎ᠡ ᠤᠰᠤ ᠬᠡᠷᠡᠭᠯᠡᠬᠦ ᠡᠷᠦᠬᠡ ᠶᠢᠨ ᠤᠭᠰᠠᠷᠠᠭᠤᠯᠤᠭᠰᠠᠨ ᠬᠡᠮᠵᠢᠯᠲᠡ ᠶᠢᠨ ᠪᠡᠯᠡᠳᠬᠡᠮᠵᠢ  ᠶᠢ ᠲᠤᠰᠬᠠᠢ ᠬᠥᠮᠥᠨ ᠢᠶᠠᠷ ᠬᠠᠮᠢᠶᠠᠷᠤᠭᠤᠯᠤᠨ ᠬᠠᠮᠠᠭᠠᠯᠠᠭᠤᠯᠵᠤ᠂ ᠤᠰᠤ ᠳᠠᠮᠵᠢᠭᠤᠯᠬᠤ ᠬᠤᠭᠤᠯᠠᠢ ᠪᠣᠯᠣᠨ ᠬᠡᠮᠵᠢᠯᠲᠡ ᠶᠢᠨ ᠪᠡᠯᠡᠳᠬᠡᠮᠵᠢ ᠶᠢᠨ ᠠᠵᠢᠯᠯᠠᠭᠠᠨ ᠤ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ︽ᠳᠤᠰᠤᠭᠠᠬᠤ᠂ ᠭᠤᠭᠤᠵᠢᠭᠤᠯᠬᠤ︾ ᠪᠠ ︽ᠦᠬᠦᠮᠡᠯ ᠬᠡᠮᠵᠢᠭᠦᠷ︾  ᠤᠨ ᠦᠵᠡᠭᠳᠡᠯ  ᠢ ᠲᠠᠰᠤ ᠵᠣᠭᠰᠣᠭᠠᠵᠤ᠂ ᠬᠡᠮᠵᠢᠯᠲᠡ ᠶᠢᠨ ᠪᠡᠯᠡᠳᠬᠡᠮᠵᠢ ᠶᠢᠨ ᠬᠡᠪ  ᠤᠨ ᠶᠣᠰᠣᠭᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ᠶᠢᠰᠦᠳᠦᠭᠡᠷ ᠵᠦᠢᠯ  ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠲᠣᠭᠤᠷᠢᠨ ᠪᠠᠶᠢᠴᠠᠭᠠᠬᠤ ᠳᠦᠷᠢᠮ ᠲᠣᠭᠲᠠᠭᠠᠵᠤ᠂ ᠬᠡᠮᠵᠢᠯᠲᠡ ᠶᠢᠨ ᠪᠡᠯᠡᠳᠬᠡᠮᠵᠢ ᠶᠢᠨ ᠮᠡᠷᠭᠡᠵᠢᠯ ‍ᠤᠨ‌ᠦᠢᠯᠡᠴᠢᠯᠡᠭᠡᠨ ᠢ ᠴᠢᠩᠭᠠᠳᠬᠠᠨ᠂ ᠬᠡᠷᠪᠡ ᠬᠡᠮᠵᠢᠯᠲᠡ ᠶᠢᠨ ᠪᠡᠯᠡᠳᠬᠡᠮᠵᠢ ᠨᠢ ᠲᠥᠬᠦᠭᠡᠷᠦᠮᠵᠢ ᠶᠢᠨ ᠪᠤᠰᠤ ᠶᠠᠰᠤ ᠴᠢᠨᠠᠷ ᠤᠨ ᠵᠠᠰᠠᠬᠤ ᠶᠢ ᠪᠠᠲᠤᠯᠠᠬᠤ ᠬᠤᠭᠤᠴᠠᠭᠠᠨ ᠳᠤ ᠡᠪᠳᠡᠷᠡᠵᠦ᠂ ᠬᠡᠪ  ᠤᠨ ᠶᠣᠰᠣᠭᠠᠷ ᠠᠵᠢᠯᠯᠠᠵᠤ ᠳᠡᠶᠢᠯᠬᠦ ᠦᠭᠡᠢ ᠪᠣᠯ ᠤᠰᠤ ᠬᠡᠷᠡᠭᠯᠡᠬᠦ ᠡᠷᠥᠭᠡ ᠴᠠᠭ ᠲᠤᠬᠠᠢ ᠳᠤᠨᠢ ᠲᠠᠷᠢᠶᠠᠴᠢᠳ ‍ᠦᠨ‌ᠤᠰᠤ ᠬᠡᠷᠡᠭᠯᠡᠬᠦ ᠨᠡᠶᠢᠭᠡᠮᠯᠢᠭ ᠲᠤ ᠮᠡᠳᠡᠭᠦᠯᠵᠦ᠂ ᠤᠰᠤᠨ ᠬᠤᠭᠤᠯᠠᠢ ᠶᠢᠨ ᠨᠢᠭᠡᠴᠡ ᠪᠠᠶᠢᠴᠠᠭᠠᠨ ᠲᠣᠳᠣᠯᠠᠭᠰᠠᠨ ᠤ ᠲᠠᠷᠠᠭ᠎ᠠ᠂ ᠡᠪᠳᠡᠷᠡᠭᠰᠡᠨ ᠬᠡᠮᠵᠢᠯᠲᠡ ᠶᠢᠨ ᠪᠡᠯᠡᠳᠬᠡᠮᠵᠢ ᠶᠢ ᠤᠰᠤᠨ ᠬᠤᠭᠤᠯᠠᠢ ᠶᠢᠨ ᠨᠢᠭᠡᠴᠡ ᠶᠢᠨ ᠵᠢᠯᠣᠭᠤᠳᠤᠯᠭ᠎ᠠ ᠳᠣᠣᠷ᠎ᠠ᠂ ᠤᠰᠤ ᠬᠡᠷᠡᠭᠯᠡᠬᠦ ᠡᠷᠥᠭᠡ ᠶᠢ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠳᠤ ᠬᠦᠷᠭᠡᠵᠦ ᠰᠡᠯᠪᠢᠨ ᠵᠠᠰᠠᠭᠤᠯᠵᠤ᠂ ᠰᠡᠯᠪᠢᠨ ᠵᠠᠰᠠᠬᠤ ᠥᠪᠡᠷ ᠤᠨ ᠥᠷᠳᠡᠭ ᠢ ᠤᠰᠤ ᠬᠡᠷᠡᠭᠯᠡᠬᠦ ᠡᠷᠥᠭᠡ ᠥᠪᠡᠷ ᠲᠡᠭᠡᠨ ᠡᠭᠦᠷᠭᠡᠯᠡᠨ᠎ᠡ᠃ᠠᠷᠪᠠᠳᠤᠭᠠᠷ ᠵᠦᠢᠯ  ᠬᠠᠮᠢᠶᠠᠷᠴᠤ ᠬᠠᠮᠠᠭᠠᠯᠠᠭᠰᠠᠨ ᠨᠢ ᠮᠠᠭᠤ ᠠᠴᠠ ᠪᠣᠯᠣᠭᠠᠳ ᠬᠡᠮᠵᠢᠯᠲᠡ ᠶᠢᠨ ᠪᠡᠯᠡᠳᠬᠡᠮᠵᠢ ᠶᠢ ᠭᠡᠭᠡᠭᠳᠡᠭᠦᠯᠦᠭᠰᠡᠨ᠂ ᠰᠦᠢᠳᠬᠡᠭᠰᠡᠨ ᠪᠣᠯ ᠡᠷᠬᠡᠪᠰᠢ ᠴᠠᠭ ᠲᠤᠬᠠᠢ   ᠳᠤᠨᠢ ᠲᠠᠬᠢᠨ ᠤᠭᠰᠠᠷᠠᠬᠤ ᠪᠤᠶᠤ ᠰᠡᠯᠪᠢᠨ ᠵᠠᠰᠠᠬᠤ ᠬᠡᠷᠡᠭᠲᠡᠢ᠂ ᠵᠠᠷᠤᠳᠠᠯ ᠢ ᠨᠢ ᠤᠰᠤ ᠬᠡᠷᠡᠭᠯᠡᠬᠦ ᠡᠷᠥᠭᠡ ᠥᠪᠡᠷ ᠢᠶᠠᠨ ᠡᠭᠦᠷᠭᠡᠯᠡᠨ᠎ᠡ᠂ ᠰᠡᠯᠪᠢᠨ ᠵᠠᠰᠠᠬᠤ ᠬᠤᠭᠤᠴᠠᠭᠠᠨ ᠳᠤ ᠡᠯ᠎ᠡ ᠤᠰᠤ ᠬᠡᠷᠡᠭᠯᠡᠬᠦ ᠡᠷᠥᠭᠡ ᠬᠡᠮᠵᠢᠶ᠎ᠡ ᠦᠭᠡᠢ ᠪᠠᠷ ᠤᠰᠤ ᠲᠠᠲᠠᠵᠤ ᠪᠣᠯᠬᠤ ᠦᠭᠡᠢ᠂ ᠴᠠᠬᠢᠯᠭᠠᠨ ᠬᠠᠩᠭᠠᠬᠤ ᠰᠠᠯᠠᠭ᠎ᠠ ᠮᠥᠴᠢᠷ ᠨᠢ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠤᠷᠢᠳᠠᠪᠠᠷ ᠴᠠᠬᠢᠯᠭᠠᠨ ᠢ ᠨᠢ ᠲᠠᠰᠤᠯᠵᠤ᠂ ᠲᠠᠷᠠᠭ᠎ᠠ ᠨᠢ ᠰᠡᠯᠪᠢᠨ ᠵᠠᠰᠠᠵᠤ᠂ ᠲᠠᠷᠠᠭ᠎ᠠ ᠨᠢ ᠤᠰᠤ ᠲᠠᠲᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ᠠᠷᠪᠠᠨ ᠨᠢᠭᠡᠳᠦᠭᠡᠷ ᠵᠦᠢᠯ  ᠤᠰᠤ ᠬᠡᠷᠡᠭᠯᠡᠬᠦ ᠡᠷᠦᠬᠡ ᠤᠰᠤᠯᠠᠯᠲᠠ ᠶᠢᠨ IC ᠺᠠᠷᠲ ᠢᠶᠠᠨ ᠰᠠᠶᠢᠲᠤᠷ ᠬᠠᠳᠠᠭᠠᠯᠠᠨ ᠬᠠᠮᠢᠶᠠᠷᠴᠤ᠂ ᠭᠡᠭᠡᠬᠦ ᠪᠤᠶᠤ ᠡᠪᠳᠡᠪᠡᠯ ᠴᠠᠭ ᠲᠤᠬᠠᠢ ᠲᠤᠨᠢ ᠤᠰᠤᠨ ᠬᠤᠭᠤᠯᠠᠢ ᠶᠢᠨ ᠰᠠᠯᠠᠭ᠎ᠠ ᠮᠥᠴᠢᠷ ᠲᠤ ᠨᠥᠬᠦᠵᠦ ᠬᠢᠯᠭᠡᠬᠦ ᠪᠠᠷ ᠭᠤᠶᠤᠴᠢᠯᠠᠵᠤ᠂ ᠨᠥᠬᠦᠵᠦ ᠭᠦᠢᠴᠡᠳᠬᠡᠬᠦ ᠵᠠᠷᠤᠳᠠᠯ ᠢ ᠤᠰᠤ ᠬᠡᠷᠡᠭᠯᠡᠬᠦ ᠡᠷᠦᠬᠡ ᠠᠴᠠ ᠡᠭᠦᠷᠭᠡᠯᠡᠨ᠎ᠡ᠃ᠠᠷᠪᠠᠨ ᠬᠤᠶᠠᠳᠤᠭᠠᠷ ᠵᠦᠢᠯ  ᠡᠪᠦᠯ᢭ᠣᠨ ᠤᠯᠠᠷᠢᠯ᢭ᠣᠨ ᠮᠠᠰᠢᠨ ᠴᠠᠬᠢᠯᠭᠠᠨ ᠬᠤᠳᠳᠤᠭ᢭ᠢ ᠬᠡᠷᠡᠭᠯᠡᠬᠦ ᠪᠠᠨ ᠵᠣᠭᠰᠣᠭᠰᠠᠨ ᠬᠤᠭᠤᠴᠠᠭᠠᠨ᢭ ᠲᠤ᠂ ᠤᠰᠤ ᠬᠡᠷᠡᠭᠯᠡᠬᠦ ᠡᠷᠥᠭᠡ ᠨᠢ ᠬᠡᠮᠵᠢᠯᠲᠡ ᠶᠢᠨ ᠪᠡᠯᠡᠳᠬᠡᠮᠵᠢ ᠶᠢᠨ ᠳᠣᠲᠣᠷᠠᠬᠢ ᠮᠥᠰᠥ ᠴᠠᠰᠤᠨ᢭ ᠲᠤ ᠬᠤᠷᠠᠭᠰᠠᠨ ᠤᠰᠤ ᠶᠢ ᠴᠠᠭ ᠲᠤᠬᠠᠢ᢭ ᠲᠤᠨᠢ ᠠᠷᠢᠯᠭᠠᠵᠤ᠂ ᠬᠡᠮᠵᠢᠯᠲᠡ ᠶᠢᠨ ᠪᠡᠯᠡᠳᠬᠡᠮᠵᠢ ᠳᠤ ᠬᠥᠯᠳᠡᠬᠦ ᠠᠴᠠ ᠰᠡᠷᠭᠡᠶᠢᠯᠡᠬᠦ ᠰᠢᠢᠳᠪᠦᠷᠢᠯᠡᠯᠲᠡ ᠬᠢᠬᠦ ᠬᠡᠷᠡᠭᠲᠡᠢ᠃ᠠᠷᠪᠠᠨ ᠭᠤᠷᠪᠠᠳᠤᠭᠠᠷ ᠵᠦᠢᠯ  ᠤᠰᠤ ᠬᠡᠷᠡᠭᠯᠡᠬᠦ ᠡᠷᠦᠬᠡ ᠬᠡᠮᠵᠢᠯᠲᠡ ᠶᠢᠨ ᠲᠥᠬᠦᠭᠡᠷᠦᠮᠵᠢ ᠶᠢ ᠬᠡᠷᠡᠭᠯᠡᠬᠦ ᠶᠢ ᠳᠤᠷ᠎ᠠ ᠪᠠᠷ ᠢᠶᠠᠨ ᠵᠣᠭᠰᠣᠭᠠᠵᠤ ᠤᠰᠤ ᠲᠠᠲᠠᠭᠰᠠᠨ;ᠤᠰᠤᠨ ᠤ ᠬᠡᠮᠵᠢᠭᠦᠷ ᠠᠴᠠ ᠳᠠᠪᠠᠵᠤ ᠬᠠᠵᠠᠭᠤ ᠶᠢᠨ ᠬᠤᠭᠤᠯᠠᠢ ᠲᠠᠭᠠᠷᠠᠭᠤᠯᠤᠭᠰᠠᠨ ᠪᠤᠶᠤ ᠪᠤᠰᠤᠳ ᠠᠷᠭ᠎ᠠ ᠮᠠᠶ᠋ᠢᠭ ᠢᠶᠠᠷ ᠤᠰᠤ ᠬᠤᠯᠠᠭᠠᠶᠢᠯᠠᠭᠰᠠᠨ;ᠬᠡᠮᠵᠢᠯᠲᠡ ᠶᠢᠨ ᠲᠥᠬᠦᠭᠡᠷᠦᠮᠵᠢ ᠶᠢ ᠳᠤᠷ᠎ᠠ ᠪᠠᠷ ᠢᠶᠠᠨ ᠥᠭᠡᠷᠡᠴᠢᠯᠡᠭᠰᠡᠨ᠂ ᠡᠪᠳᠡᠨ ᠰᠦᠢᠳᠬᠡᠭᠰᠡᠨ᠂ ᠨᠤᠷᠠᠭᠠᠭᠰᠠᠨ;︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠦᠴᠦᠨ ᠤ ᠬᠠᠤᠯᠢ︾᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠢ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠵᠡᠷᠭᠡ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠬᠠᠤᠯᠢ ᠲᠣᠭᠲᠠᠭᠠᠯ ᠢ ᠵᠥᠷᠢᠴᠡᠨ ᠤᠰᠤ ᠲᠠᠲᠠᠭᠰᠠᠨ ᠠᠵᠢᠯᠯᠠᠭ᠎ᠠ ᠶᠢ ᠰᠢᠢᠳᠬᠡᠬᠦ ᠳᠦᠷᠢᠮ ᠢ ᠦᠨᠳᠦᠰᠦᠯᠡᠨ᠂ ᠰᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠬᠡᠨ᠎ᠡ᠃ᠠᠷᠪᠠᠨ ᠳᠥᠷᠪᠡᠳᠦᠭᠡᠷ ᠵᠦᠢᠯ  ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ‍ᠤᠨ‌ᠠᠵᠢᠯᠲᠠᠳ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠬᠤ᠂ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠶᠢ ᠪᠠᠶᠢᠴᠠᠭᠠᠬᠤ ᠳᠤᠮᠳᠠ ᠡᠭᠦᠷᠭᠡ ᠲᠤᠰᠢᠶᠠᠯ ᠢᠶᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠬᠠᠤᠯᠢ ᠶᠢ ᠭᠤᠣᠯᠴᠢ ᠪᠠᠷ ᠬᠡᠷᠡᠭᠵᠢᠭᠦᠯᠬᠦ ᠬᠡᠷᠡᠭᠲᠡᠢ᠂ ᠬᠡᠷᠪᠡ ᠠᠵᠢᠯᠲᠠᠳ ᠡᠭᠦᠷᠭᠡ ᠲᠤᠰᠢᠶᠠᠯ ᠢᠶᠠᠨ ᠣᠮᠲᠣᠭᠠᠶᠢᠯᠠᠵᠤ ᠬᠠᠷᠢᠭᠤᠴᠠᠯᠭ᠎ᠠ ᠪᠠᠨ ᠠᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠥᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠰᠢᠭᠤᠳ ᠬᠠᠷᠢᠭᠤᠴᠠᠯᠭ᠎ᠠ ᠲᠠᠢ ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᡾ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠥᠭᠴᠦ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠦᠯᠦᠨ᠎ᠡ᠃ᠠᠷᠪᠠᠨ ᠲᠠᠪᠤᠳᠤᠭᠠᠷ ᠵᠦᠢᠯ  ᠲᠤᠰ ᠠᠷᠭ᠎ᠠ ᠶᠢ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ᠠᠷᠪᠠᠨ ᠵᠢᠷᠭᠤᠳᠤᠭᠠᠷ ᠵᠦᠢᠯ  ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠲᠤᠷᠰᠢᠨ ᠬᠡᠷᠡᠭᠵᠢᠭᠦᠯᠦᠨ᠎ᠡ᠃ᠱᠠᠩᠳᠤ ᠰᠢᠶᠠᠨ ᠤ ᠲᠠᠷᠢᠶᠠᠯᠠᠩ ᠤᠨ ᠤᠰᠤᠨ ᠤ ᠰᠦᠢᠳᠬᠡᠯ ᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ᠨᠢᠭᠡᠳᠦᠭᠡᠷ ᠪᠦᠯᠦᠭ ᠶᠡᠷᠦᠩᠬᠡᠢ ᠳᠦᠷᠢᠮᠨᠢᠭᠡᠳᠦᠭᠡᠷ ᠵᠦᠢᠯ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠶᠢᠨ ᠲᠥᠯᠥᠭᠡ᠂ ᠦᠨ᠎ᠡ ᠬᠠᠩᠰᠢ ᠶᠢᠨ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠯᠠᠩ ᠤᠨ ᠤᠰᠤ ᠠᠷᠪᠢᠯᠠᠬᠤ ᠶᠢ ᠠᠬᠢᠭᠤᠯᠵᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠰᠠᠶᠢᠨ ᠠᠵᠢᠯᠯᠠᠭᠠᠨ ᠢ ᠪᠠᠲᠤᠯᠠᠵᠤ᠂ ᠲᠠᠷᠢᠶᠠᠯᠠᠩ ᠤᠨ ᠤᠰᠤᠨ ᠤ ᠦᠨ᠎ᠡ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠯᠠᠩ ᠳᠤ ᠬᠡᠷᠡᠭᠯᠡᠬᠦ ᠤᠰᠤᠨ ᠤ ᠠᠰᠢᠭᠯᠠᠮᠵᠢ ᠶᠢ ᠳᠡᠭᠡᠭᠰᠢᠯᠡᠭᠦᠯᠦᠨ᠂ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠦᠨ᠎ᠡ᠂︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠯᠲᠡ ᠶᠢᠨ ᠬᠠᠤᠯᠢ︾᠂︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠢ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ᠬᠤᠶᠠᠳᠤᠭᠠᠷ ᠪᠦᠯᠦᠭ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠵᠠᠭᠪᠤᠷ ᠵᠢᠴᠢ ᠤᠰᠤ ᠬᠡᠷᠡᠭᠯᠡᠬᠦ ᠨᠤᠷᠮ᠎ᠠᠬᠤᠶᠠᠳᠤᠭᠠᠷ ᠵᠦᠢᠯ ᠲᠣᠭᠲᠠᠭᠰᠠᠨ ᠨᠤᠷᠮ᠎ᠠ ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠬᠦ ᠲᠣᠭᠲᠠᠴᠠ︾  ᠶᠢ ᠬᠡᠷᠡᠭᠯᠡᠭᠰᠡᠨ ᠲᠠᠷᠢᠶᠠᠯᠠᠩ  ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠵᠠᠭᠪᠤᠷ  ᠢ ᠬᠡᠷᠡᠭᠯᠡᠨ᠎ᠡ᠂ ᠲᠤᠬᠠᠶᠢᠯᠠᠪᠠᠯ ᠲᠠᠷᠢᠶᠠᠯᠠᠩ ᠟ ᠤᠨ ᠤᠰᠤᠯᠠᠯᠲᠠ ᠳᠤ ᠬᠡᠷᠡᠭᠯᠡᠬᠦ ᠤᠰᠤᠨ ᠤ ᠲᠣᠭᠲᠠᠭᠰᠠᠨ ᠨᠤᠷᠮ᠎ᠠ ᠠᠴᠠ ᠬᠡᠲᠦᠷᠡᠭᠦᠯᠦᠨ ᠦᠨ᠎ᠡ ᠨᠡᠮᠡᠵᠦ ᠤᠰᠤᠨ ᠤ ᠰᠦᠢᠳᠬᠡᠯ ᠬᠤᠷᠢᠶᠠᠨ᠎ᠠ᠃ᠭᠤᠷᠪᠠᠳᠤᠭᠠᠷ ᠵᠦᠢᠯ ︽ᠱᠠᠩᠳᠤ ᠰᠢᠶᠠᠨ ᠤ 2021 ᠣᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ︵ᠬᠤᠳᠠᠯᠳᠤᠭᠠᠨ ᠤ ᠵᠠᠰᠠᠭ ᠲᠠᠷᠬᠠᠭᠠᠭᠰᠠᠨ ﹇2021﹈ 2 ᠳ᠋ᠤᠭᠠᠷ ᠲᠣᠭᠠᠲᠤ︶ ᠪᠠ ︽ᠱᠠᠩᠳᠤ ᠰᠢᠶᠠᠨ ᠤ 2021 ᠣᠨ ᠤ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠤᠪᠢᠶᠠᠷᠢᠯᠠᠬᠤ ᠲᠥᠰᠥᠯ ︵ᠲᠤᠷᠰᠢᠨ ᠬᠡᠷᠡᠭᠵᠢᠭᠦᠯᠬᠦ︶︾ ︵ᠬᠤᠳᠠᠯᠳᠤᠭᠠᠨ ᠤ ᠵᠠᠰᠠᠭ ᠠᠯᠪᠠᠨ ᠲᠠᠷᠬᠠᠭᠠᠭᠰᠠᠨ ﹇2021﹈ 5 ᠳ᠋ᠤᠭᠠᠷ ᠲᠣᠭᠠᠲᠤ︶ ᠢ ᠦᠨᠳᠦᠰᠦᠯᠡᠨ᠂ ᠬᠤᠲᠠ ᠶᠢᠨ ᠪᠠᠭᠤᠯᠭᠠᠭᠰᠠᠨ ᠤᠰᠤ ᠬᠡᠷᠡᠭᠯᠡᠬᠦ ᠭᠦᠢᠴᠡᠳᠬᠡᠯ ᠲᠤᠭ᠎ᠠ ᠶᠣᠰᠣᠭᠠᠷ᠂ ᠤᠰᠤ ᠬᠡᠷᠡᠭᠯᠡᠬᠦ ᠬᠡᠮᠵᠢᠶ᠎ᠡ ᠶᠢ ᠲᠣᠭᠲᠠᠭᠠᠵᠤ᠂ ᠠᠵᠢᠯᠯᠠᠭᠠᠨ ᠢ ᠬᠠᠮᠠᠭᠠᠯᠠᠬᠤ ᠥᠪᠡᠷ ᠤᠨ ᠥᠷᠲᠡᠭ ᠤᠨ ᠤᠰᠤᠨ ᠤ ᠦᠨ᠎ᠡ ᠶᠢ 0.368 ᠲᠥᠭᠦᠷᠢᠭ\ m3 ᠪᠣᠯᠭᠠᠨ᠎ᠠ᠃ᠳᠥᠷᠪᠡᠳᠦᠭᠡᠷ ᠵᠦᠢᠯ ᠦᠨ᠎ᠡ ᠨᠡᠮᠡᠬᠦ ᠪᠠᠷᠢᠮᠵᠢᠶ᠎ᠠ᠃ᠲᠣᠭᠲᠠᠭᠰᠠᠨ ᠨᠣᠷᠮ᠎ᠠ   ᠠᠴᠠ ᠳᠠᠪᠠᠭᠤᠯᠤᠨ ᠠᠬᠢᠭᠤᠯᠤᠨ ᠪᠤᠳᠤᠵᠤ ᠦᠨ᠎ᠡ ᠨᠡᠮᠡᠬᠦ ᠲᠣᠭᠲᠠᠴᠠ ᠳᠤ᠂ ᠲᠣᠭᠲᠠᠭᠰᠠᠨ ᠨᠣᠷᠮ᠎ᠠ   ᠠᠴᠠ ᠳᠠᠪᠠᠭᠤᠯᠤᠨ ᠬᠡᠷᠡᠭᠯᠡᠭᠰᠡᠨ ᠤᠰᠤ ᠨᠢ 20% ᠵᠢᠴᠢ ᠲᠡᠭᠦᠨ ᠤ ᠳᠣᠲᠣᠷ᠎ᠠ ᠪᠠᠶᠢᠪᠠᠯ᠂ ᠳᠠᠪᠠᠭᠰᠠᠨ ᠬᠡᠰᠡᠭ ᠤᠨ ᠦᠨ᠎ᠡ ᠨᠡᠮᠡᠬᠦ ᠪᠠᠷᠢᠮᠵᠢᠶ᠎ᠠ ᠶᠢ ᠠᠵᠢᠯᠯᠠᠭᠠᠨ ᠤ ᠬᠠᠮᠠᠭᠠᠯᠠᠯᠲᠠ ᠶᠢᠨ ᠥᠪᠡᠷ ᠤᠨ ᠥᠷᠲᠡᠭ ᠤᠨ ᠤᠰᠤᠨ ᠤ ᠦᠨ᠎ᠡ ᠶᠢᠨ 2 ᠳᠠᠬᠢᠨ ᠢᠶᠠᠷ ᠬᠤᠷᠢᠶᠠᠵᠤ ᠠᠪᠤᠨ᠎ᠠ︔ᠲᠣᠭᠲᠠᠭᠰᠠᠨ ᠨᠣᠷᠮ᠎ᠠ   ᠠᠴᠠ ᠳᠠᠪᠠᠭᠤᠯᠤᠨ ᠬᠡᠷᠡᠭᠯᠡᠭᠰᠡᠨ ᠤᠰᠤ ᠨᠢ 20%   ᠠᠴᠠ 50%   ᠶᠢᠨ ᠳᠣᠲᠣᠷ᠎ᠠ ᠪᠠᠶᠢᠪᠠᠯ᠂ ᠳᠠᠪᠠᠭᠤᠯᠤᠭᠰᠠᠨ ᠬᠡᠰᠡᠭ ᠤᠨ ᠦᠨ᠎ᠡ ᠨᠡᠮᠡᠬᠦ ᠪᠠᠷᠢᠮᠵᠢᠶ᠎ᠠ   ᠶᠢ ᠠᠵᠢᠯᠯᠠᠭᠠᠨ ᠤ ᠬᠠᠮᠠᠭᠠᠯᠠᠯᠲᠠ   ᠶᠢᠨ ᠥᠪᠡᠷ ᠤᠨ ᠥᠷᠲᠡᠭ ᠤᠨ ᠤᠰᠤᠨ ᠤ ᠦᠨ᠎ᠡ   ᠶᠢᠨ 5 ᠳᠠᠬᠢᠨ ᠢᠶᠠᠷ ᠬᠤᠷᠢᠶᠠᠵᠤ ᠠᠪᠤᠨ᠎ᠠ︔ᠲᠣᠭᠲᠠᠭᠰᠠᠨ ᠨᠣᠷᠮ᠎ᠠ   ᠠᠴᠠ ᠬᠡᠲᠦᠷᠡᠭᠦᠯᠦᠨ ᠬᠡᠷᠡᠭᠯᠡᠬᠦ ᠤᠰᠤ ᠨᠢ 50%   ᠠᠴᠠ ᠭᠠᠳᠠᠨ᠎ᠠ ᠪᠠᠶᠢᠪᠠᠯ᠂ ᠤᠰᠤ ᠬᠠᠩᠭᠠᠬᠤ ᠶᠢ ᠠᠶᠠᠨᠳᠠᠭᠠᠨ ᠵᠣᠭᠰᠣᠭᠠᠨ᠎ᠠ᠃ᠭᠤᠷᠪᠠᠳᠤᠭᠠᠷ ᠪᠦᠯᠦᠭ ᠲᠠᠷᠢᠶᠠᠯᠠᠩ ᠤᠨ ᠤᠰᠤᠨ ᠤ ᠰᠦᠢᠳᠬᠡᠯ ᠢ ᠬᠤᠷᠢᠶᠠᠬᠤ ᠪᠠ ᠲᠤᠰᠢᠶᠠᠬᠤ ᠪᠡᠶᠡᠴᠢ ᠴᠣᠭᠴᠠᠲᠠᠪᠤᠳᠤᠭᠠᠷ ᠵᠦᠢᠯ ᠭᠠᠴᠠᠭᠠᠨ ᠤ ᠱᠠᠲᠤᠨ ᠤ ᠲᠠᠷᠢᠶᠠᠴᠢᠳ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠪᠣᠯ ᠲᠠᠷᠢᠶᠠᠯᠠᠩ ᠤᠨ ᠤᠰᠤᠨ ᠤ ᠰᠦᠢᠳᠬᠡᠯ ᠢ ᠬᠤᠷᠢᠶᠠᠬᠤ ᠭᠤᠣᠯ ᠴᠣᠭᠴᠠ ᠮᠥᠨ᠃ᠵᠢᠷᠭᠤᠳᠤᠭᠠᠷ ᠵᠦᠢᠯ ᠡᠯ᠎ᠡ ᠲᠠᠷᠢᠶᠠᠴᠢᠳ ᠤᠨ ᠤᠰᠤ ᠬᠡᠷᠡᠭᠯᠡᠬᠦ ᠡᠷᠦᠬᠡ ᠬᠠᠤᠯᠢ ᠶᠣᠰᠣᠭᠠᠷ᠂ ᠲᠣᠭᠲᠠᠭᠠᠯ ᠶᠣᠰᠣᠭᠠᠷ ᠲᠠᠷᠢᠶᠠᠯᠠᠩ ᠤᠨ ᠤᠰᠤᠨ ᠤ ᠰᠦᠢᠳᠬᠡᠯ ᠢ ᠲᠤᠰᠢᠶᠠᠬᠤ ᠬᠡᠷᠡᠭᠲᠡᠢ᠃ᠳᠣᠯᠣᠳᠤᠭᠠᠷ ᠵᠦᠢᠯ ᠲᠠᠷᠢᠶᠠᠴᠢᠳ ᠤᠨ ᠤᠰᠤ ᠬᠡᠷᠡᠭᠯᠡᠬᠦ ᠡᠷᠦᠬᠡ ᠭᠡᠳᠡᠭ ᠨᠢ ᠲᠠᠷᠢᠶᠠᠴᠢᠨ ᠡᠷᠦᠬᠡ᠂ ᠲᠠᠷᠢᠶᠠᠴᠢᠨ ᠡᠷᠦᠬᠡ ᠶᠢᠨ ᠬᠤᠯᠪᠣᠭᠠᠲᠤ ᠴᠣᠭᠴᠠ᠂ ᠲᠠᠷᠢᠮᠠᠯ ᠤᠨ ᠳᠠᠭᠠᠭᠠᠴᠢᠯᠠᠭᠴᠢ᠂ ᠲᠠᠷᠢᠶᠠᠯᠠᠩ ᠤᠨ ᠲᠤᠰᠬᠠᠢ ᠠᠵᠢᠯ ᠤᠨ ᠲᠠᠷᠢᠮᠠᠯ ᠤᠨ ᠬᠤᠷᠰᠢᠶ᠎ᠠ᠂ ᠺᠣᠮᠫᠠᠨᠢ᠂ ᠲᠠᠷᠢᠶᠠᠯᠠᠩ ᠤᠨ ᠲᠠᠯᠠᠪᠠᠢ ᠵᠡᠷᠭᠡ ᠶᠢᠨ ᠤᠰᠤᠨ ᠤ ᠡᠬᠢ ᠪᠠᠶᠠᠯᠢᠭ ᠢ ᠠᠪᠴᠤ ᠬᠡᠷᠡᠭᠯᠡᠨ ᠲᠠᠷᠢᠶᠠᠯᠠᠩ ᠤᠨ ᠤᠰᠤᠯᠠᠯᠲᠠ ᠶᠢᠨ ᠠᠵᠢᠯᠯᠠᠭ᠎ᠠ ᠬᠢᠵᠦ ᠪᠠᠶᠢᠭ᠎ᠠ ᠤᠰᠤ ᠬᠡᠷᠡᠭᠯᠡᠬᠦ ᠡᠷᠦᠬᠡ ᠶᠢ ᠵᠢᠭᠠᠵᠤ ᠪᠠᠶᠢᠨ᠎ᠠ᠃ᠨᠠᠢᠮᠠᠳᠤᠭᠠᠷ ᠵᠦᠢᠯ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠪᠤᠶᠤ ᠲᠤᠰᠬᠠᠢ ᠳᠠᠭᠠᠭᠠᠴᠢᠯᠠᠯᠲᠠ ᠬᠢᠬᠦ ᠵᠡᠷᠭᠡ ᠰᠢᠯᠲᠠᠭᠠᠨ ᠠᠴᠠ ᠪᠣᠯᠵᠤ ᠲᠣᠰᠬᠤᠨ ᠠᠯᠤᠰᠯᠠᠭᠰᠠᠨ᠂ ᠰᠢᠶᠠᠩ ᠪᠠᠯᠭᠠᠰᠤ ᠠᠯᠤᠰᠯᠠᠨ ᠡᠵᠡᠩᠨᠡᠭᠰᠡᠨ ᠪᠠᠶᠢᠪᠠᠯ᠂ ᠪᠣᠳᠠᠲᠠᠢ ᠤᠰᠤ ᠬᠡᠷᠡᠭᠯᠡᠬᠦ ᠡᠷᠦᠬᠡ ᠠᠴᠠ ᠤᠰᠤᠨ ᠤ ᠰᠦᠢᠳᠬᠡᠯ ᠲᠤᠰᠢᠶᠠᠵᠤ᠂ ᠡᠯ᠎ᠡ ᠬᠠᠮᠢᠶ᠎ᠠ ᠪᠦᠬᠦᠢ ᠲᠣᠰᠬᠤᠨ ᠤ ᠱᠠᠲᠤᠨ ᠤ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ   ᠠᠴᠠ ᠬᠤᠷᠢᠶᠠᠨ ᠠᠪᠤᠨ᠎ᠠ᠃ᠳᠥᠷᠪᠡᠳᠦᠭᠡᠷ ᠪᠦᠯᠦᠭ ᠲᠠᠷᠢᠶᠠᠯᠠᠩ ᠤᠨ ᠤᠰᠤᠨ ᠤ ᠰᠦᠢᠳᠬᠡᠯ ᠢ ᠬᠤᠷᠢᠶᠠᠬᠤᠶᠢᠰᠦᠳᠦᠭᠡᠷ ᠵᠦᠢᠯ ᠲᠠᠷᠢᠶᠠᠯᠠᠩ ᠤᠨ ᠤᠰᠤᠨ ᠤ ᠰᠦᠢᠳᠬᠡᠯ ᠢ ᠬᠡᠮᠵᠢᠯᠲᠡ ᠶᠢᠨ ᠶᠣᠰᠣᠭᠠᠷ ᠰᠦᠢᠳᠬᠡᠯ‌ᠨᠥ᠋ᠬᠦᠴᠡᠯ ᠲᠠᠢ ᠲᠣᠰᠬᠤᠨ ᠤ ᠱᠠᠲᠤᠨ ᠨᠢ ︽ᠨᠢᠭᠡ ᠬᠤᠳᠳᠤᠭ ᠨᠢᠭᠡ ᠬᠡᠮᠵᠢᠭᠦᠷ᠂ ᠨᠢᠭᠡ ᠡᠷᠦᠬᠡ ᠨᠢᠭᠡ ᠺᠠᠷᠲ︾ ᠤᠨ ᠱᠠᠭᠠᠷᠳᠠᠯᠭ᠎ᠠ ᠶᠣᠰᠣᠭᠠᠷ᠂ ᠤᠰᠤ ᠬᠡᠷᠡᠭᠯᠡᠬᠦ ᠣᠶᠤᠨᠴᠢ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠵᠤ᠂ ᠲᠦᠷ ᠨᠥᠬᠦᠴᠡᠯ ᠦᠭᠡᠢ ᠪᠠᠷ ᠢᠵᠢ ᠪᠦᠷᠢᠳᠦᠭᠦᠯᠦᠭᠰᠡᠨ ᠪᠠᠶᠢᠪᠠᠯ᠂ ︽ᠴᠠᠬᠢᠯᠭᠠᠨ ᠢᠶᠠᠷ ᠤᠰᠤ ᠶᠢ ᠨᠤᠭᠤᠯᠬᠤ︾ ᠵᠡᠷᠭᠡ ᠬᠡᠮᠵᠢᠯᠲᠡ ᠶᠢᠨ ᠠᠷᠭ᠎ᠠ ᠪᠠᠷ ᠪᠤᠳᠤᠵᠤ ᠬᠤᠷᠢᠶᠠᠵᠤ ᠪᠣᠯᠣᠨ᠎ᠠ᠃ᠠᠷᠪᠠᠳᠤᠭᠠᠷ ᠵᠦᠢᠯ ᠲᠠᠷᠢᠶᠠᠴᠢᠳ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠨᠢ ᠤᠰᠤᠨ ᠤ ᠰᠦᠢᠳᠬᠡᠯ ᠬᠤᠷᠢᠶᠠᠬᠤ ᠳᠠᠭᠠᠨ ᠳᠣᠣᠷ᠎ᠠ ᠵᠢᠭᠰᠠᠭᠠᠭᠰᠠᠨ ᠨᠥᠬᠦᠴᠡᠯ ᠢ ᠦᠨᠳᠦᠰᠦᠯᠡᠬᠦ ᠬᠡᠷᠡᠭᠲᠡᠢ᠄1 ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠬᠢᠨᠠᠨ ᠲᠣᠭᠲᠠᠭᠠᠭᠰᠠᠨ ᠤᠰᠤ ᠬᠡᠷᠡᠭᠯᠡᠬᠦ ᠡᠷᠦᠬᠡ ᠨᠦᠭᠦᠳ ᠤᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠶᠢ ᠵᠣᠬᠢᠶᠠᠨ ᠪᠠᠶᠢᠭᠤᠯᠤᠨ᠎ᠠ᠃2 ᠤᠰᠤ ᠬᠡᠷᠡᠭᠯᠡᠬᠦ ᠡᠷᠦᠬᠡ ᠶᠢᠨ ᠪᠣᠳᠠᠲᠠᠢ ᠤᠰᠤᠯᠠᠯᠲᠠ ᠶᠢᠨ ᠲᠠᠯᠠᠪᠠᠢ᠃3ᠬᠡᠮᠵᠢᠯᠲᠡ ᠶᠢᠨ ᠲᠥᠬᠦᠭᠡᠷᠦᠮᠵᠢ ᠶᠢᠨ ᠬᠡᠮᠵᠢᠯᠲᠡ ᠶᠢᠨ ᠤᠰᠤ ᠬᠡᠷᠡᠭᠯᠡᠬᠦ ᠡᠷᠦᠬᠡ ᠶᠢᠨ ᠪᠣᠳᠠᠲᠠᠢ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ᠃ᠠᠷᠪᠠᠨ ᠨᠢᠭᠡᠳᠦᠭᠡᠷ ᠵᠦᠢᠯ ᠭᠠᠴᠠᠭᠠᠨ ᠤ ᠱᠠᠲᠤᠨ ᠤ ᠲᠠᠷᠢᠶᠠᠴᠢᠳ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠲᠠᠷᠢᠶᠠᠯᠠᠩ ᠤᠨ ᠤᠰᠤᠨ ᠤ ᠰᠦᠢᠳᠬᠡᠯ ᠬᠤᠷᠢᠶᠠᠬᠤ ᠳᠠᠭᠠᠨ ᠵᠢᠷᠤᠮᠵᠢᠭᠰᠠᠨ ᠫᠢᠶᠣᠣ ᠪᠠᠷᠢᠮᠲᠠ ᠶᠢ ᠬᠡᠷᠡᠭᠯᠡᠬᠦ ᠬᠡᠷᠡᠭᠲᠡᠢ᠃ᠠᠷᠪᠠᠨ ᠬᠤᠶᠠᠳᠤᠭᠠᠷ ᠵᠦᠢᠯ ᠭᠠᠴᠠᠭᠠᠨ ᠤ ᠱᠠᠲᠤᠨ ᠤ ᠲᠠᠷᠢᠶᠠᠴᠢᠳ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠨᠢ ᠬᠠᠷᠢᠶ᠎ᠠ ᠣᠷᠣᠨ ᠤ ᠪᠠᠨ ᠳᠣᠲᠣᠷᠠᠬᠢ ᠲᠠᠷᠢᠶᠠᠴᠢᠳ ᠤᠨ ᠤᠰᠤ ᠬᠡᠷᠡᠭᠯᠡᠬᠦ ᠡᠷᠦᠬᠡ ᠶᠢᠨ ᠤᠰᠤ ᠬᠡᠷᠡᠭᠯᠡᠬᠦ ᠭᠠᠵᠠᠷ ᠤᠨ ᠡᠬᠡ ᠳᠠᠩᠰᠠ᠂ ᠲᠠᠷᠢᠶᠠᠴᠢᠳ ᠤᠨ ᠤᠰᠤ ᠬᠡᠷᠡᠭᠯᠡᠬᠦ ᠡᠷᠦᠬᠡ ᠶᠢᠨ ᠤᠰᠤᠯᠠᠯᠲᠠ ᠶᠢᠨ ᠤᠰᠤ ᠬᠡᠷᠡᠭᠯᠡᠬᠦ ᠡᠬᠡ ᠳᠠᠩᠰᠠ ᠪᠠ ᠲᠠᠷᠢᠶᠠᠴᠢᠳ ᠤᠨ ᠤᠰᠤ ᠬᠡᠷᠡᠭᠯᠡᠬᠦ ᠡᠷᠦᠬᠡ ᠶᠢᠨ ᠲᠠᠷᠢᠶᠠᠯᠠᠩ ᠤᠨ ᠤᠰᠤᠨ ᠤ ᠰᠦᠢᠳᠬᠡᠯ ᠲᠤᠰᠢᠶᠠᠬᠤ ᠡᠬᠡ ᠳᠠᠩᠰᠠ ᠶᠢ ᠪᠠᠶᠢᠭᠤᠯᠬᠤ ᠬᠡᠷᠡᠭᠲᠡᠢ᠃ᠠᠷᠪᠠᠨ ᠭᠤᠷᠪᠠᠳᠤᠭᠠᠷ ᠵᠦᠢᠯ ᠵᠠᠷᠯᠠᠨ ᠨᠡᠶᠢᠲᠡᠯᠡᠬᠦ ᠳᠦᠷᠢᠮ ᠢ ᠪᠠᠶᠢᠭᠤᠯᠵᠤ᠂ ᠭᠠᠴᠠᠭᠠᠨ ᠤ ᠶᠠᠪᠤᠳᠠᠯ ᠢ ᠢᠯᠡ ᠨᠡᠶᠢᠲᠡᠯᠡᠬᠦ ᠪᠤᠯᠤᠩ ᠵᠡᠷᠭᠡ ᠢᠯᠡ ᠭᠠᠵᠠᠷ ᠲᠤ ᠳᠣᠣᠷᠠᠬᠢ ᠵᠦᠢᠯᠡᠰ ᠢ ᠵᠠᠷᠯᠠᠨ ᠨᠡᠶᠢᠲᠡᠯᠡᠬᠦ ᠳᠤ᠂ ᠵᠠᠷᠯᠠᠨ ᠨᠡᠶᠢᠲᠡᠯᠡᠬᠦ ᠬᠤᠭᠤᠴᠠᠭ᠎ᠠ ᠶᠢ 7 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠄1ᠡᠯ᠎ᠡ ᠤᠰᠤ ᠬᠡᠷᠡᠭᠯᠡᠬᠦ ᠡᠷᠦᠬᠡ ᠶᠢᠨ ᠤᠰᠤᠯᠠᠯᠲᠠ ᠶᠢᠨ ᠭᠠᠵᠠᠷ ᠤᠨ ᠲᠠᠯᠠᠪᠠᠢ᠃2ᠬᠡᠮᠵᠢᠯᠲᠡ ᠶᠢᠨ ᠪᠡᠯᠡᠳᠬᠡᠮᠵᠢ ᠪᠠᠷ ᠬᠡᠮᠵᠢᠭᠰᠡᠨ ᠤᠰᠤ ᠬᠡᠷᠡᠭᠯᠡᠬᠦ ᠡᠷᠦᠬᠡ ᠶᠢᠨ ᠪᠣᠳᠠᠲᠠᠢ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠵᠢᠴᠢ ᠡᠩ ᠤᠨ ᠦᠨ᠎ᠡ ᠪᠠᠷ ᠬᠡᠷᠡᠭᠯᠡᠬᠦ ᠤᠰᠤᠨ ᠤ ᠬᠡᠮᠵᠢᠶ᠎ᠡ᠂ ᠦᠨ᠎ᠡ ᠨᠡᠮᠡᠵᠦ ᠬᠡᠷᠡᠭᠯᠡᠬᠦ ᠤᠰᠤᠨ ᠤ ᠬᠡᠮᠵᠢᠶ᠎ᠡ᠂ ᠤᠰᠤ ᠠᠷᠪᠢᠯᠠᠬᠤ ᠬᠡᠮᠵᠢᠶ᠎ᠡ᠃3ᠡᠯ᠎ᠡ ᠤᠰᠤ ᠬᠡᠷᠡᠭᠯᠡᠬᠦ ᠡᠷᠦᠬᠡ ᠶᠢᠨ ᠤᠰᠤᠨ ᠤ ᠰᠦᠢᠳᠬᠡᠯ ᠢ ᠲᠤᠰᠢᠶᠠᠭᠰᠠᠨ ᠪᠠᠶᠢᠳᠠᠯ ᠤᠨ ᠬᠦᠰᠦᠨᠦᠭᠲᠦ᠃ᠠᠷᠪᠠᠨ ᠳᠥᠷᠪᠡᠳᠦᠭᠡᠷ ᠵᠦᠢᠯ ᠤᠰᠤ ᠬᠡᠷᠡᠭᠯᠡᠬᠦ ᠲᠠᠷᠢᠶᠠᠴᠢᠨ ᠡᠷᠦᠭᠡ ᠰᠦᠢᠳᠬᠡᠯ ᠠᠴᠠ ᠵᠠᠶᠢᠯᠠᠬᠤ ᠪᠤᠶᠤ ᠪᠤᠰᠤᠳ ᠮᠠᠭᠤ ᠰᠠᠨᠠᠭᠠᠨ ᠤ ᠡᠭᠦᠳᠡᠨ ᠠᠴᠠ ᠡᠪᠳᠡᠬᠦ᠂ ᠨᠤᠷᠠᠭᠠᠬᠤ᠂ ᠲᠤᠰᠠᠭᠠᠷᠯᠠᠬᠤ᠂ ᠥᠭᠡᠷᠡᠴᠢᠯᠡᠨ ᠤᠭᠰᠠᠷᠠᠬᠤ᠂ ᠬᠠᠯᠬᠠᠯᠠᠬᠤ ᠵᠡᠷᠭᠡ ᠠᠷᠭ᠎ᠠ ᠪᠠᠷᠢᠯ ᠢᠶᠠᠷ ᠬᠡᠮᠵᠢᠯᠲᠡ ᠶᠢᠨ ᠲᠥᠬᠦᠭᠡᠷᠦᠮᠵᠢ ᠶᠢ ᠬᠡᠪ ᠤᠨ ᠶᠣᠰᠣᠭᠠᠷ ᠠᠵᠢᠯᠯᠠᠵᠤ ᠴᠢᠳᠠᠬᠤ ᠦᠭᠡᠢ ᠪᠣᠯᠭᠠᠭᠰᠠᠨ ᠪᠠᠶᠢᠪᠠᠯ᠂ ᠲᠡᠭᠦᠨ ᠤ ᠬᠡᠷᠡᠭᠯᠡᠬᠦ ᠤᠰᠤᠨ ᠤ ᠬᠡᠮᠵᠢᠶ᠎ᠡ ᠶᠢ ᠪᠦᠬᠦ ᠵᠢᠯ ᠤᠨ ᠬᠠᠮᠤᠭ ᠤᠨ ᠶᠡᠭᠡ ᠬᠡᠷᠡᠭᠯᠡᠬᠦ ᠤᠰᠤᠨ ᠤ ᠬᠡᠮᠵᠢᠶ᠎ᠡ ᠪᠠᠷ ᠰᠦᠢᠳᠬᠡᠯ ᠬᠤᠷᠢᠶᠠᠬᠤ ᠪᠥᠭᠡᠳ ᠲᠡᠭᠦᠨ ᠢ ᠵᠠᠷᠯᠢᠭᠳᠠᠵᠤ ᠪᠠᠶᠢᠭᠠᠳ ᠬᠡᠮᠵᠢᠯᠲᠡ ᠶᠢᠨ ᠲᠥᠬᠦᠭᠡᠷᠦᠮᠵᠢ ᠶᠢ ᠵᠠᠰᠠᠨ ᠰᠡᠷᠭᠦᠭᠡᠯᠭᠡᠨ᠎ᠡ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ᠠᠷᠪᠠᠨ ᠲᠠᠪᠤᠳᠤᠭᠠᠷ ᠵᠦᠢᠯ ᠲᠠᠷᠢᠶᠠᠴᠢᠳ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠨᠠᠷ ᠲᠠᠷᠢᠶᠠᠯᠠᠩ ᠤᠨ ᠤᠰᠤᠨ ᠤ ᠰᠦᠢᠳᠬᠡᠯ ᠢ ᠬᠤᠷᠢᠶᠠᠬᠤ ᠶᠠᠪᠤᠴᠠ ᠳᠤ ᠪᠤᠰᠤᠳᠴᠢ ᠪᠥᠭᠡᠳ ᠲᠥᠪ ᠭᠤᠣᠯᠴᠢ ᠪᠠᠶᠢᠵᠤ᠂ ᠬᠠᠷᠢᠴᠠᠭ᠎ᠠ ᠲᠠᠢ ᠤᠰᠤ᠂ ᠨᠠᠶᠢᠷ ᠲᠠᠯ᠎ᠠ ᠶᠢᠨ ᠤᠰᠤ ᠶᠢ ᠲᠠᠰᠤ ᠵᠣᠭᠰᠤᠭᠠᠬᠤ ᠬᠡᠷᠡᠭᠲᠡᠢ;ᠲᠣᠭᠲᠠᠭᠠᠯ   ᠠᠴᠠ ᠵᠥᠷᠢᠴᠡᠨ ᠠᠵᠢᠯᠯᠠᠭᠰᠠᠨ ᠢ ᠨᠢ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ   ᠠᠴᠠ ᠨᠡᠶᠢᠭᠡᠮᠯᠢᠭ ᠤᠨ ᠳᠦᠷᠢᠮ ᠵᠢᠴᠢ ᠬᠠᠮᠢᠶᠠᠷᠤᠯᠲᠠ ᠶᠢᠨ ᠳᠦᠷᠢᠮ ᠢ ᠦᠨᠳᠦᠰᠦᠯᠡᠨ ᠰᠢᠭᠦᠮᠵᠢᠯᠡᠨ ᠰᠤᠷᠭᠠᠬᠤ᠂ ᠵᠣᠭᠤᠰ ᠢᠶᠠᠷ ᠲᠣᠷᠭᠠᠬᠤ᠂ ᠠᠵᠢᠯ   ᠠᠴᠠ ᠨᠢ ᠵᠣᠭᠰᠤᠭᠠᠬᠤ ᠵᠡᠷᠭᠡ ᠪᠠᠷ ᠰᠢᠢᠳᠪᠦᠷᠢᠯᠡᠵᠦ᠂ ᠬᠠᠤᠯᠢ ᠴᠠᠭᠠᠵᠠ ᠳᠤ ᠬᠦᠷᠦᠭᠰᠡᠨ ᠪᠠᠶᠢᠪᠠᠯ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ᠲᠠᠪᠤᠳᠤᠭᠠᠷ ᠪᠦᠯᠦᠭ ᠲᠠᠷᠢᠶᠠᠯᠠᠩ ᠤᠨ ᠤᠰᠤᠨ ᠤ ᠰᠦᠢᠳᠬᠡᠯ ᠢ ᠬᠡᠷᠡᠭᠯᠡᠬᠦᠠᠷᠪᠠᠨ ᠵᠢᠷᠭᠤᠳᠤᠭᠠᠷ ᠵᠦᠢᠯ ‍ᠤᠰᠤᠯᠠᠯᠲᠠ ᠶᠢᠨ ᠲᠣᠭᠲᠠᠭᠰᠠᠨ ᠨᠤᠷᠮ᠎ᠠ ᠶᠢᠨ ᠳᠣᠲᠣᠷᠠᠬᠢ ᠤᠰᠤᠨ ᠤ ᠰᠦᠢᠳᠬᠡᠯ ᠢ ᠭᠠᠴᠠᠭᠠᠨ ᠤ ᠱᠠᠲᠤᠨ ᠤ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠠᠴᠠ ᠬᠤᠷᠢᠶᠠᠵᠤ᠂ ᠭᠤᠣᠯᠳᠠᠭᠤ ᠴᠠᠬᠢᠯᠭᠠᠨ ᠤ ᠰᠦᠢᠳᠬᠡᠯ᠂ ᠵᠢᠵᠢᠭ ᠬᠡᠯᠪᠡᠷᠢ ᠶᠢᠨ ᠪᠠᠷᠢᠯᠭ᠎ᠠ ᠶᠢᠨ ᠡᠳᠦᠷ ᠲᠤᠳᠤᠮ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠵᠢᠯᠲᠠᠨ ᠤ ᠴᠠᠯᠢᠩ ᠪᠠ ᠠᠯᠪᠠᠨ ᠵᠠᠷᠤᠳᠠᠯ ᠤᠨ ᠵᠠᠷᠤᠯᠭ᠎ᠠ ᠳᠤ ᠬᠡᠷᠡᠭᠯᠡᠨ᠎ᠡ᠃ᠲᠣᠭᠲᠠᠭᠰᠠᠨ ᠨᠤᠷᠮ᠎ᠠ ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠭᠡᠳ ᠬᠤᠷᠢᠶᠠᠭᠰᠠᠨ ᠤᠰᠤᠨ ᠤ ᠰᠦᠢᠳᠬᠡᠯ ᠢ ᠰᠢᠶᠠᠩ ᠪᠠᠯᠭᠠᠰᠤ ᠶᠢᠨ ᠤᠰᠤᠨ ᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠠᠴᠠ ᠬᠤᠷᠢᠶᠠᠬᠤ ᠶᠢᠨ ᠬᠠᠮᠲᠤ ᠰᠢᠶᠠᠨ ᠤ ᠵᠠᠰᠠᠭ ᠲᠤ ᠲᠤᠰᠢᠶᠠᠵᠤ᠂ ᠤᠰᠤᠨ ᠠᠰᠢᠭᠯᠠᠯᠲᠠ ᠶᠢᠨ ᠬᠥᠭᠵᠢᠯᠲᠡ ᠶᠢᠨ ᠰᠠᠭᠤᠷᠢ ᠮᠥᠩᠭᠦ ᠪᠠᠶᠢᠭᠤᠯᠤᠨ᠂ ᠭᠤᠣᠯᠳᠠᠭᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠣᠯᠣᠨ ᠤᠰᠤ ᠠᠷᠪᠢᠯᠠᠬᠤ ᠡᠷᠥᠭᠡ ᠶᠢ ᠱᠠᠩᠨᠠᠬᠤ ᠳᠤ ᠬᠡᠷᠡᠭᠯᠡᠨ᠎ᠡ᠂ ᠪᠠᠰᠠ ᠤᠰᠤ ᠬᠡᠷᠡᠭᠯᠡᠬᠦ ᠬᠠᠮᠢᠶᠠᠷᠤᠯᠲᠠ ᠪᠠᠷ ᠨᠡᠯᠢᠶᠡᠳ ᠰᠢᠯᠢᠳᠡᠭ ᠲᠣᠰᠬᠤᠨ ᠤ ᠱᠠᠲᠤᠨ ᠤ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠪᠣᠯᠣᠨ ᠬᠠᠮᠢᠶᠠᠷᠤᠭᠴᠢ ᠶᠢᠨ ᠬᠤᠪᠢ ᠬᠥᠮᠥᠨ ᠢ ᠱᠠᠩᠨᠠᠬᠤ ᠳᠤ ᠬᠡᠷᠡᠭᠯᠡᠵᠦ ᠪᠣᠯᠣᠨ᠎ᠠ᠃ᠠᠷᠪᠠᠨ ᠳᠣᠯᠣᠳᠤᠭᠠᠷ ᠵᠦᠢᠯ ᠡᠯ᠎ᠡ ᠱᠠᠲᠤᠨ ᠤ ᠲᠠᠷᠢᠶᠠᠴᠢᠳ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠲᠠᠷᠢᠶᠠᠯᠠᠩ ᠤᠨ ᠤᠰᠤᠨ ᠤ ᠰᠦᠢᠳᠬᠡᠯ ᠢ ᠬᠡᠷᠡᠭᠯᠡᠬᠦ ᠳᠡᠭᠡᠨ ᠡᠷᠬᠡᠪᠰᠢ ᠵᠢᠷᠤᠮᠵᠢᠭᠰᠠᠨ ᠫᠢᠶᠣᠣ ᠪᠠᠷᠢᠮᠲᠠ ᠶᠢ ᠬᠡᠷᠡᠭᠯᠡᠬᠦ ᠬᠡᠷᠡᠭᠲᠡᠢ᠃ᠵᠢᠷᠭᠤᠳᠤᠭᠠᠷ ᠪᠦᠯᠦᠭ ᠲᠠᠷᠢᠶᠠᠯᠠᠩ ᠤᠨ ᠤᠰᠤᠨ ᠤ ᠰᠦᠢᠳᠬᠡᠯ ᠤᠨ ᠬᠠᠮᠢᠶᠠᠷᠤᠯᠲᠠᠠᠷᠪᠠᠨ ᠨᠠᠢᠮᠠᠳᠤᠭᠠᠷ ᠵᠦᠢᠯ ᠰᠢᠶᠠᠩ ᠪᠠᠯᠭᠠᠰᠤ ᠨᠤᠭᠤᠳ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠳᠤ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠡᠯ᠎ᠡ ᠰᠢᠶᠠᠩ ᠪᠠᠯᠭᠠᠰᠤ ᠨᠤᠭᠤᠳ ᠲᠠᠷᠢᠶᠠᠯᠠᠩ ᠤᠨ ᠟ ᠤᠰᠤᠨ ᠤ ᠵᠠᠷᠤᠳᠠᠯ ᠲᠠᠲᠠᠪᠤᠷᠢᠯᠠᠬᠤ᠂ ᠬᠠᠮᠢᠶᠠᠷᠬᠤ᠂ ᠬᠡᠷᠡᠭᠯᠡᠬᠦ  ᠳᠤ  ᠪᠦᠲᠦᠮᠵᠢᠲᠡᠶ ᠬᠢᠨᠠᠯᠲᠠ ᠲᠠᠯᠪᠢᠬᠤ ᠬᠡᠷᠡᠭᠲᠡᠢ᠃ᠠᠷᠪᠠ ᠶᠢᠰᠦᠳᠦᠭᠡᠷ ᠵᠦᠢᠯ ᠲᠠᠷᠢᠶᠠᠯᠠᠩ ᠤᠨ ᠤᠰᠤᠨ ᠤ ᠰᠦᠢᠳᠬᠡᠯ ᠳᠤ ᠲᠤᠰᠬᠠᠢ ᠲᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠨ᠎ᠡ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠰᠢᠬᠠᠨ ᠡᠵᠡᠯᠡᠵᠦ ᠨᠡᠭᠦᠯᠭᠡᠨ ᠬᠡᠷᠡᠭᠯᠡᠵᠦ ᠪᠣᠯᠬᠤ ᠦᠭᠡᠢ᠃ᠬᠤᠷᠢᠳᠤᠭᠠᠷ ᠵᠦᠢᠯ ᠡᠷᠠᠳ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠪᠦᠷᠢᠳᠬᠡᠭᠦᠯᠵᠦ ᠳᠠᠩᠰᠠᠯᠠᠭᠤᠯᠤᠭᠰᠠᠨ ᠭᠠᠴᠠᠭᠠᠨ ᠤ ᠱᠠᠲᠤᠨ ᠤ ᠲᠠᠷᠢᠶᠠᠴᠢᠳ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠨᠢ ᠲᠠᠷᠢᠶᠠᠯᠠᠩ ᠤᠨ ᠤᠰᠤᠨ ᠤ ᠰᠦᠢᠳᠬᠡᠯ ᠤᠨ ᠲᠤᠰᠬᠠᠢ ᠳᠠᠩᠰᠠ ᠪᠠᠶᠢᠭᠤᠯᠬᠤ ᠬᠡᠷᠡᠭᠲᠡᠢ;ᠰᠢᠶᠠᠨ ᠤ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠨᠢ ᠰᠢᠶᠠᠩ ᠪᠠᠯᠭᠠᠰᠤ᠂ ᠭᠠᠴᠠᠭᠠᠨ ᠤ ᠤᠰᠤ ᠬᠡᠷᠡᠭᠯᠡᠬᠦ ᠬᠤᠷᠰᠢᠶᠠᠯᠠᠯ ᠤᠨ ᠵᠣᠬᠢᠶᠠᠨ ᠪᠠᠶᠢᠭᠤᠯᠤᠯᠲᠠ ᠪᠠ ᠵᠣᠬᠢᠴᠠᠩᠭᠤᠢ ᠡᠳ᠋ ᠤᠨ ᠶᠠᠪᠤᠳᠠᠯ ᠤᠨ ᠲᠤᠰᠬᠠᠢ ᠳᠠᠩᠰᠠ ᠪᠠᠶᠢᠭᠤᠯᠬᠤ ᠶᠢ ᠬᠠᠪᠰᠤᠷᠤᠨ ᠵᠢᠯᠣᠭᠤᠳᠤᠨ᠎ᠠ᠃ᠬᠤᠷᠢᠨ ᠨᠢᠭᠡᠳᠦᠭᠡᠷ ᠵᠦᠢᠯ ᠭᠠᠴᠠᠭᠠᠨ ᠤ ᠱᠠᠲᠤᠨ ᠤ ᠲᠠᠷᠢᠶᠠᠴᠢᠳ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠨᠢ ᠲᠠᠷᠢᠶᠠᠯᠠᠩ ᠤᠨ ᠤᠰᠤᠨ ᠤ ᠰᠦᠢᠳᠬᠡᠯ ᠤᠨ ᠬᠤᠷᠢᠶᠠᠯᠲᠠ᠂ ᠵᠠᠷᠤᠯᠭ᠎ᠠ ᠶᠢᠨ ᠨᠠᠷᠢᠨ ᠵᠦᠢᠯᠡᠰ ᠢ ᠵᠢᠯ ᠪᠦᠷᠢ ᠶᠢᠨ 12 ᠰᠠᠷ᠎ᠠ ᠶᠢᠨ ᠰᠡᠭᠦᠯᠴᠢ ᠠᠴᠠ ᠡᠮᠦᠨ᠎ᠡ ᠬᠤᠷᠢᠶᠠᠩᠭᠤᠶᠢᠯᠠᠵᠤ᠂ ᠵᠠᠷᠯᠠᠨ ᠨᠡᠶᠢᠲᠡᠯᠡᠵᠦ᠂ ᠤᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠶᠢ 7 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠵᠠᠷᠯᠠᠨ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯᠤᠭᠰᠠᠨ ᠤ ᠲᠠᠷᠠᠭ᠎ᠠ ᠳᠡᠭᠡᠭᠰᠢ ᠮᠡᠳᠡᠭᠦᠯᠬᠦ ᠪᠠ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠢ᠃ᠬᠤᠷᠢᠨ ᠬᠤᠶᠠᠳᠤᠭᠠᠷ ᠵᠦᠢᠯ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠲᠠᠷᠢᠶᠠᠴᠢᠳ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠲᠠᠷᠢᠶᠠᠯᠠᠩ ᠤᠨ ᠤᠰᠤᠨ ᠤ ᠰᠦᠢᠳᠬᠡᠯ ᠢ ᠬᠤᠷᠢᠶᠠᠭᠰᠠᠨ᠂ ᠬᠡᠷᠡᠭᠯᠡᠭᠰᠡᠨ ᠵᠢᠴᠢ ᠬᠠᠮᠢᠶᠠᠷᠤᠯᠲᠠ ᠶᠢᠨ ᠪᠠᠶᠢᠳᠠᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠲᠤᠰᠬᠠᠢ ᠪᠠᠶᠢᠴᠠᠭᠠᠯᠲᠠ ᠬᠢᠵᠦ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ᠬᠤᠷᠢᠨ ᠭᠤᠷᠪᠠᠳᠤᠭᠠᠷ ᠵᠦᠢᠯ ᠲᠠᠷᠢᠶᠠᠯᠠᠩ ᠤᠨ ᠤᠰᠤᠨ ᠤ ᠰᠦᠢᠳᠬᠡᠯ ᠢ ᠬᠡᠷᠡᠭᠯᠡᠬᠦ ᠳᠡᠭᠡᠨ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠬᠤ ᠬᠡᠷᠡᠭᠲᠡᠢ ᠪᠥᠭᠡᠳ ᠡᠯ᠎ᠡ ᠱᠠᠲᠤᠨ ᠤ ᠬᠢᠨᠠᠨ ᠪᠤᠳᠤᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠪᠠᠶᠢᠴᠠᠭᠠᠯᠲᠠ ᠶᠢ ᠬᠦᠯᠢᠶᠡᠬᠦ ᠬᠡᠷᠡᠭᠲᠡᠢ᠃ᠳᠣᠯᠣᠳᠤᠭᠠᠷ ᠪᠦᠯᠦᠭ ᠳ᠋ᠠᠭᠠᠯᠳᠤᠭᠤᠯᠤᠭᠰᠠᠨ ᠳᠦᠷᠢᠮᠬᠤᠷᠢᠨ ᠳᠥᠷᠪᠡᠳᠦᠭᠡᠷ ᠵᠦᠢᠯ ᠲᠤᠰ ᠠᠷᠭ᠎ᠠ ᠶᠢ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠳᠤ ᠡᠷᠬᠡ ᠣᠯᠭᠤᠵᠤ ᠲᠠᠶᠢᠯᠪᠤᠷᠢᠯᠠᠭᠤᠯᠬᠤ ᠪᠠ ᠲᠣᠬᠢᠷᠠᠭᠤᠯᠤᠨ᠎ᠠ᠃ᠬᠤᠷᠢᠨ ᠲᠠᠪᠤᠳᠤᠭᠠᠷ ᠵᠦᠢᠯ  ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠲᠤᠷᠰᠢᠨ ᠬᠡᠷᠡᠭᠵᠢᠭᠦᠯᠦᠨ᠎ᠡ᠃                                                              ᠰᠠᠷᠠᠭᠤᠯ ᠪᠠᠭᠤᠯᠭᠠᠪᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2