ᠰᠢᠶᠠᠨ ᠤ ᠳᠠᠷᠤᠭ᠎ᠠ᠂ ᠰᠢᠶᠠᠨ ᠤ ᠳᠡᠳ᠋ ᠳᠠᠷᠤᠭ᠎ᠠ᠂ ᠵᠠᠰᠠᠭ ᠣᠨ ᠣᠷᠳᠣᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠠᠵᠢᠯ ᠣᠨ ᠬᠤᠪᠢᠶᠠᠷᠢᠯᠠᠯ ᠣᠨ ᠲᠤᠬᠠᠢ ᠱᠠᠩᠳᠦ ᠰᠢᠶᠠᠨ ᠤ ᠠᠷᠠᠳ ᠣᠨ ᠵᠠᠰᠠᠭ ᠣᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/12/16
ᠰᠢᠶᠠᠨ ᠤ ᠳᠠᠷᠤᠭ᠎ᠠ᠂ ᠰᠢᠶᠠᠨ ᠤ ᠳᠡᠳ᠋ ᠳᠠᠷᠤᠭ᠎ᠠ᠂ ᠵᠠᠰᠠᠭ ᠣᠨ ᠣᠷᠳᠣᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠠᠵᠢᠯ ᠣᠨ ᠬᠤᠪᠢᠶᠠᠷᠢᠯᠠᠯ ᠣᠨ ᠲᠤᠬᠠᠢ ᠱᠠᠩᠳᠦ ᠰᠢᠶᠠᠨ ᠤ ᠠᠷᠠᠳ ᠣᠨ ᠵᠠᠰᠠᠭ ᠣᠨ ᠣᠷᠳᠣᠨ ᠤ ᠮᠡᠳᠡᠭᠳᠡᠯ                      ᠱᠠᠩ ᠵᠠᠰᠠᠭ ᠲᠠᠷᠬᠠᠭᠠᠬᠤ 〔2022〕 36 ᠳ᠋ᠤᠭᠠᠷ ᠲᠣᠭᠠᠲᠤᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄   ᠦᠨᠳᠦᠰᠦᠨ ᠬᠠᠤᠯᠢ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ ᠶᠢᠨ ᠲᠣᠭᠲᠠᠭᠠᠯ ᠢ ᠦᠨᠳᠦᠰᠦᠯᠡᠪᠡᠯ᠂ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠰᠢᠶᠠᠨ ᠤ ᠳᠠᠷᠤᠭ᠎ᠠ ᠶᠢᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠰᠢᠶᠠᠨ ᠤ ᠳᠡᠳ᠋ ᠳᠠᠷᠤᠭ᠎ᠠ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠨᠢ ᠰᠢᠶᠠᠨ ᠤ ᠳᠠᠷᠤᠭ᠎ᠠ ᠶᠢ ᠬᠠᠪᠰᠤᠷᠤᠨ ᠠᠵᠢᠯᠯᠠᠨ᠎ᠠ᠃ᠠᠵᠢᠯᠲᠠᠨ ᠤ ᠶᠠᠪᠤᠳᠠᠯ ᠤᠨ ᠬᠤᠪᠢᠷᠠᠯᠲᠠ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠰᠤᠳᠤᠯᠬᠤ ᠪᠠᠷ ᠳᠠᠮᠵᠢᠭᠠᠳ ᠰᠢᠶᠠᠨ ᠤ ᠳᠠᠷᠤᠭ᠎ᠠ᠂ ᠰᠢᠶᠠᠨ ᠤ ᠳᠡᠳ᠋ ᠳᠠᠷᠤᠭ᠎ᠠ᠂ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠠᠵᠢᠯ ᠤᠨ ᠬᠤᠪᠢᠶᠠᠷᠢᠯᠠᠯ ᠨᠢ ᠳᠣᠣᠷᠠᠬᠢ ᠮᠡᠲᠦ᠄   ᠶᠠᠩ ᠸᠧᠨ ᠾᠦᠢ ᠰᠢᠶᠠᠨ ᠤ ᠳᠠᠷᠤᠭ᠎ᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ ᠤᠳᠤᠷᠢᠳᠪᠠ᠃ᠬᠢᠨᠠᠨ ᠪᠣᠳᠣᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠰᠢᠶᠠᠨ ᠤ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃   ᠪᠠᠶᠢᠩᠭᠤ ᠶᠢᠨ ᠭᠡᠰᠢᠭᠦᠨ᠂ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ ᠰᠢᠶᠦᠶᠢᠩ ᠸᠧᠢ᠂ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ ᠨᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠰᠢᠶᠠᠨ ᠤ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠪᠠᠶᠢᠭᠠᠯᠢ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠲᠤᠭ᠎ᠠ ᠪᠦᠷᠢᠳᠬᠡᠯ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ︵ᠰᠢᠶᠠᠨ ᠤ ᠬᠥᠭᠵᠢᠭᠦᠯᠦᠯᠲᠡ ᠶᠢᠨ ᠰᠤᠳᠤᠯᠭᠠᠨ ᠤ ᠲᠥᠪ᠂ ᠰᠢᠶᠠᠨ ᠤ ᠭᠠᠳᠠᠭᠠᠳᠤ ᠶᠠᠪᠤᠳᠠᠯ ᠤᠨ ᠠᠯᠪᠠᠨ ᠭᠡᠷ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠂ ᠷᠦᠩ ᠳ᠋ᠡ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠵᠤ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠠᠭ᠎ᠠ ᠬᠤᠳᠠᠯᠳᠤᠭᠠᠨ ᠤ ᠲᠠᠷᠢᠶᠠᠯᠠᠩ ᠵᠢᠭᠤᠯᠴᠢᠯᠠᠯ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂ ᠬᠤᠩ ᠰᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠮᠢᠩ ᠶᠤᠸᠠᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠴᠧᠩ ᠨᠦᠸᠧ ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠠᠭ᠎ᠠ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃ᠰᠢᠶᠠᠨ ᠤ ᠳᠠᠷᠤᠭ᠎ᠠ ᠶᠢ ᠬᠠᠪᠰᠤᠷᠤᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃   ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠰᠢᠶᠠᠨ ᠤ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠨᠠᠮ ᠤᠨ ᠰᠤᠷᠭᠠᠭᠤᠯᠢ᠂ ᠣᠷᠣᠨ ᠲᠤᠭ᠎ᠠ ᠶᠢᠨ ᠠᠯᠪᠠᠨ ᠭᠡᠷ᠂ ᠲᠠᠩᠰᠠ ᠡᠪᠬᠡᠮᠡᠯ ᠤᠨ ᠣᠷᠳᠣᠨ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠤᠳᠠᠯᠳᠤᠭᠠᠨ ᠤ ᠨᠡᠶᠢᠰᠯᠡᠯ ᠤᠨ ᠪᠠᠶᠢᠴᠠᠭᠠᠯᠲᠠ ᠶᠢᠨ ᠠᠩᠭᠢ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠳᠤᠭᠤᠶᠢᠯᠠᠩ᠂ ᠰᠢᠶᠠᠨ ᠳᠤ ᠰᠠᠭᠤᠭ᠎ᠠ ᠡᠯ᠎ᠡ ᠪᠠᠩᠬᠢ᠂ ᠳᠠᠭᠠᠳᠬᠠᠯ ᠤᠨ ᠪᠠᠶᠢᠭᠤᠯᠤᠮᠵᠢ ᠲᠠᠢ ᠬᠠᠷᠢᠯᠴᠠᠨ᠎ᠠ᠃ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠢ᠃   ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠠᠩ ᠷᠢ ᠭᠤᠤ ᠰᠢᠶᠠᠨ ᠤ ᠳᠠᠷᠤᠭ᠎ᠠ ᠶᠢ ᠬᠠᠮᠵᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ᠬᠦᠢᠳᠡᠨ ᠰᠢᠯᠢ ᠶᠢᠨ ᠪᠣᠬᠢᠷᠳᠤᠯ ᠦᠭᠡᠢ ᠠᠵᠤ ᠠᠬᠤᠢ ᠶᠢᠨ ᠨᠡᠭᠡᠭᠡᠯᠲᠡ  ᠶᠢᠨ ᠲᠣᠭᠤᠷᠢᠭ᠂ ᠴᠠᠬᠢᠯᠭᠠᠨ ᠬᠠᠩᠬᠠᠬᠤ ᠺᠣᠮᠫᠠᠨᠢ᠂ ᠰᠢᠤᠳᠠᠨ  ᠤ ᠬᠤᠪᠢᠶᠠᠷᠢ ᠺᠣᠮᠫᠠᠨᠢ᠂ ᠴᠢᠯᠠᠭᠤᠨ ᠲᠣᠰᠣᠨ ᠤ ᠺᠣᠮᠫᠠᠨᠢ᠂ ᠰᠢᠯᠵᠢᠮᠡᠯ ᠬᠤᠯᠪᠣᠭᠠᠨ ᠤ ᠺᠣᠮᠫᠠᠨᠢ ᠂ ᠬᠠᠮᠲᠤᠷᠠᠭᠰᠠᠨ ᠬᠤᠯᠪᠣᠭᠠᠨ  ᠤ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠭᠠᠯᠲᠤ ᠲᠡᠷᠭᠡᠨ ᠥᠷᠲᠡᠭᠡ ᠲᠠᠢ ᠬᠠᠷᠢᠯᠴᠠᠨ᠎ᠠ᠃ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠢ᠃   ᠭᠦᠸᠧ ᠶᠦᠨ ᠹᠧᠢ ᠪᠠᠶᠢᠩᠭᠤ   ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠨᠢ ᠰᠢᠶᠠᠨ ᠤ ᠳᠠᠷᠤᠭ᠎ᠠ   ᠶᠢ ᠬᠠᠪᠰᠤᠷᠤᠨ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ   ᠢᠶᠠᠷ   ᠢᠶᠠᠨ ᠬᠠᠪᠰᠤᠷᠤᠨ ᠲᠡᠳᠬᠦᠬᠦ ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠲᠠᠯ᠎ᠠ   ᠶᠢᠨ ᠠᠵᠢᠯ   ᠢ ᠬᠠᠷᠢᠭᠤᠴᠠᠨ᠎ᠠ᠃ᠪᠡᠯᠡ ᠣᠷᠣᠭᠤᠯᠤᠯᠲᠠ ᠶᠢ ᠠᠬᠢᠭᠤᠯᠬᠤ ᠲᠥᠪ ᠢ ᠬᠤᠪᠢᠳᠠᠨ ᠬᠠᠮᠢᠶᠠᠷᠤᠨ᠎ᠠ᠃ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠢ᠃   ᠪᠠᠶᠢᠩᠭᠤ ᠶᠢᠨ ᠭᠡᠰᠢᠭᠦᠨ ᠼᠤᠤ ᠯᠧᠢ᠂ ᠰᠢᠶᠠᠨ ᠤ ᠳᠡᠳ᠋ ᠳᠠᠷᠤᠭ᠎ᠠ ᠨᠢ ᠰᠢᠶᠠᠨ ᠤ ᠳᠠᠷᠤᠭ᠎ᠠ ᠶᠢ ᠬᠠᠮᠵᠢᠨ ᠥᠪᠡᠷᠲᠡᠭᠡᠨ ᠵᠠᠰᠠᠬᠤ ᠣᠷᠣᠨ ᠤ ᠮᠠᠨ ᠤ ᠰᠢᠶᠠᠨ ᠳᠤ ᠲᠣᠮᠢᠯᠠᠨ ᠰᠠᠭᠤᠯᠭᠠᠭᠰᠠᠨ ᠬᠠᠪᠰᠤᠷᠤᠨ ᠲᠡᠳᠬᠦᠬᠦ ᠨᠢᠭᠡᠴᠡ ᠶᠢᠨ ᠨᠡᠪᠲᠡᠷᠡᠯᠴᠡᠨ ᠵᠣᠯᠭᠠᠭᠤᠯᠬᠤ ᠠᠵᠢᠯ ᠢ ᠬᠠᠷᠢᠭᠤᠴᠠᠵᠤ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠶᠢᠨ ᠠᠵᠢᠯ ᠢᠶᠠᠨ ᠥᠷᠨᠢᠭᠦᠯᠬᠦ ᠳᠤ ᠬᠠᠮᠵᠢᠯᠴᠠᠪᠠ᠃ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠢ᠃  ᠸᠧᠢ ᠸᠧᠢ ᠰᠢᠶᠠᠨ ᠤ ᠳᠡᠳ᠋ ᠳᠠᠷᠤᠭ᠎ᠠ ᠨᠢ ᠰᠢᠶᠠᠨ ᠤ ᠳᠠᠷᠤᠭ᠎ᠠ ᠶᠢ ᠬᠠᠪᠰᠤᠷᠤᠨ ᠡᠷᠡᠭᠦᠯ ᠬᠠᠮᠠᠭᠠᠯᠠᠯ ᠡᠷᠡᠭᠦᠯ ᠮᠡᠨᠳᠤ᠂ ᠰᠣᠶᠣᠯ ᠪᠠ ᠵᠢᠭᠤᠯᠴᠢᠯᠠᠯ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠨᠬᠤᠸᠠ ᠨᠣᠮ ᠤᠨ ᠳᠡᠯᠭᠡᠭᠦᠷ ᠲᠠᠢ ᠬᠠᠷᠢᠯᠴᠠᠨ᠎ᠠ᠃ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠢ᠃   ᠵᠠᠩ ᠭᠤᠸᠠᠩ ᠳᠡᠳ᠋ ᠰᠢᠶᠠᠨ ᠤ ᠳᠠᠷᠤᠭ᠎ᠠ ᠨᠢ ᠰᠢᠶᠠᠨ ᠤ ᠳᠠᠷᠤᠭ᠎ᠠ ᠶᠢ ᠬᠠᠪᠰᠤᠷᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠰᠤᠨ ᠠᠰᠢᠭᠯᠠᠯᠲᠠ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢ ᠬᠤᠪᠢᠳᠠᠨ ᠬᠠᠮᠢᠶᠠᠷᠤᠨ᠎ᠠ᠃ᠴᠠᠭ ᠠᠭᠤᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠲᠠᠢ ᠬᠠᠷᠢᠯᠴᠠᠨ᠎ᠠ᠃ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠢ᠃  ᠵᠤᠤ ᠭᠦᠸᠧ ᠸᠧᠨ ᠰᠢᠶᠠᠨ ᠤ ᠳᠡᠳ᠋ ᠳᠠᠷᠤᠭ᠎ᠠ ᠨᠢ ᠰᠢᠶᠠᠨ ᠤ ᠳᠠᠷᠤᠭ᠎ᠠ ᠶᠢ ᠬᠠᠪᠰᠤᠷᠤᠨ ᠠᠷᠠᠳ ᠤᠨ ᠶᠠᠪᠤᠳᠠᠯ᠂ ᠦᠨᠳᠦᠰᠦᠲᠡᠨ ᠤ ᠬᠡᠷᠡᠭ ᠶᠠᠪᠤᠳᠠᠯ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠬᠤᠳᠠ ᠪᠠᠶᠢᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠠᠷᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ ᠪᠠ‌‍ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠢ᠃ᠰᠢᠶᠠᠨ ᠤ ᠳᠡᠳ᠋ ᠳᠠᠷᠤᠭ᠎ᠠ ᠶᠠᠨ ᠴᠢᠤᠸᠠᠨ ᠯᠢ ᠰᠢᠶᠠᠨ ᠤ ᠳᠠᠷᠤᠭ᠎ᠠ ᠶᠢ ᠬᠠᠪᠰᠤᠷᠤᠨ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠲᠠᠢ ᠬᠠᠷᠢᠯᠴᠠᠨ᠎ᠠ᠃ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠢ᠃   ᠸᠠᠩ ᠬᠡᠦ ᠵᠢᠶᠦ᠋ᠨ ᠳᠡᠳ᠋ ᠰᠢᠶᠠᠨ ᠤ ᠳᠠᠷᠤᠭ᠎ᠠ ᠨᠢ ᠰᠢᠶᠠᠨ ᠤ ᠳᠠᠷᠤᠭ᠎ᠠ ᠶᠢ ᠬᠠᠮᠵᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠤᠳᠠ ᠶᠢᠨ ᠬᠠᠮᠢᠶᠠᠷᠤᠯᠲᠠ᠂ ᠤᠢ ᠰᠢᠭᠤᠢ ᠪᠠ ᠨᠤᠲᠤᠭ ᠪᠡᠯᠴᠢᠭᠡᠷ᠂ ᠨᠤᠭᠤ ᠭᠠᠵᠠᠷ ᠤᠨ ᠬᠠᠮᠠᠭᠠᠯᠠᠯᠲᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠵᠡᠷᠭᠡ ᠲᠠᠯ᠎ᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠨᠤᠭᠤ ᠭᠠᠵᠠᠷ ᠤᠨ ᠬᠠᠮᠠᠭᠠᠯᠠᠯᠲᠠ ᠶᠢᠨ ᠲᠥᠪ ᠢ ᠬᠤᠪᠢᠳᠠᠨ ᠬᠠᠮᠢᠶᠠᠷᠤᠨ᠎ᠠ᠃ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ᠂ ᠨᠠᠪᠴᠢᠨ ᠲᠠᠮᠠᠬᠢ ᠶᠢᠨ ᠺᠣᠮᠫᠠᠨᠢ᠂ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ ᠲᠠᠢᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠢ᠃   ᠳ᠋ᠤᠸᠠᠨ ᠰᠢᠶᠣᠣ ᠳᠡᠳ᠋ ᠰᠢᠶᠠᠨ ᠤ ᠳᠠᠷᠤᠭ᠎ᠠ ᠨᠢ ᠰᠢᠶᠠᠨ ᠤ ᠳᠠᠷᠤᠭ᠎ᠠ   ᠶᠢ ᠬᠠᠪᠰᠤᠷᠤᠨ ᠰᠤᠷᠭᠠᠨ ᠬᠥᠮᠦᠵᠢᠯ᠂ ᠪᠡᠶ᠎ᠡ   ᠶᠢᠨ ᠲᠠᠮᠢᠷ᠂ ᠲᠥᠪ ᠤᠨ ᠠᠵᠤ ᠠᠬᠤᠶᠢᠯᠠᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠲᠠᠯ᠎ᠠ   ᠶᠢᠨ ᠠᠵᠢᠯ   ᠢ ᠬᠠᠷᠢᠭᠤᠴᠠᠨ᠎ᠠ᠃ᠪᠡᠶ᠎ᠡ ᠶᠢᠨ ᠲᠠᠮᠢᠷ ᠤᠨ ᠲᠣᠪᠴᠢᠶ᠎ᠠ ᠶᠢ ᠬᠤᠪᠢᠶᠠᠨ ᠬᠠᠮᠢᠶᠠᠷᠤᠨ᠎ᠠ᠃ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠢ᠃   ᠯᠢᠦ ᠷᠦᠢ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠰᠢᠶᠠᠨ ᠤ ᠳᠠᠷᠤᠭ᠎ᠠ ᠶᠢ ᠬᠠᠮᠵᠢᠨ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠪᠠ᠃ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠢ᠃   ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ︾ ᠱᠠᠭᠠᠷᠳᠠᠯᠭ᠎ᠠ ᠶᠣᠰᠣᠭᠠᠷ᠂ ᠬᠤᠪᠢᠳᠠᠨ ᠬᠠᠮᠢᠶᠠᠷᠴᠤ ᠪᠦᠬᠦᠢ ᠬᠦᠷᠢᠶᠡᠨ ᠤ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠦᠵᠡᠯ ᠤᠬᠠᠮᠰᠠᠷ ᠤᠨ ᠬᠡᠯᠪᠡᠷᠢ᠂ ᠠᠶᠤᠯ ᠦᠭᠡᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃                                                         ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2