ᠳᠤᠮᠳᠠᠳᠤ ᠤᠯᠤᠰ ᠤᠨ ᠡᠪ ᠬᠠᠮᠲᠤ ᠨᠠᠮ ᠤᠨ ᠨᠡᠶᠢᠰᠯᠡᠯ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠰᠢᠶᠠᠨ ᠤ ᠱᠠᠩᠳᠤ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠣᠨ ᠳᠣᠷᠣ ᠶᠢᠨ ᠪᠣᠳᠣᠯᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/12/16
                    ᠱᠠᠩ ᠨᠠᠮ ᠠᠯᠪᠠᠨ ᠲᠠᠷᠬᠠᠭᠠᠭᠰᠠᠨ〔2022 16 ᠳ᠋ᠤᠭᠠᠷ ᠲᠣᠭᠠᠲᠤᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ ᠳᠤ᠄   ︽ᠱᠠᠩᠳᠤ ᠰᠢᠶᠠᠨ ᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2022 ᠣᠨ ᠤ 16 ᠳ᠋ᠤᠭᠠᠷ ᠬᠤᠷᠠᠯᠳᠤᠭᠠᠨ   ᠠᠴᠠ ᠰᠤᠳᠤᠯᠤᠨ ᠵᠥᠪᠰᠢᠶᠡᠷᠡᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ᠳᠤᠮᠳᠠᠳᠤ ᠤᠯᠤᠰ ᠤᠨ ᠡᠪ ᠬᠠᠮᠲᠤ ᠨᠠᠮ ᠤᠨ ᠵᠥᠪᠯᠡᠯᠭᠡᠨ ᠤ ᠨᠡᠶᠢᠰᠯᠡᠯ ᠰᠢᠶᠠᠨ ᠤ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ 2022 ᠣᠨ ᠤ 6 ᠰᠠᠷ᠎ᠠ ᠶᠢᠨ 8 ᠤ ᠡᠳᠦᠷ                                    ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ᠱᠠᠩᠳᠤ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠦᠷᠦ ᠶᠢᠨ ᠪᠣᠳᠣᠯᠭ᠎ᠠ᠄   ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠮᠠᠨ ᠤ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠤᠯᠠᠭᠠᠨᠴᠠᠪ ᠬᠤᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠣᠨᠴᠠᠭᠠᠶᠢᠯᠠᠨ ᠲᠣᠭᠲᠠᠭᠠᠪᠠ᠃ᠨᠢᠭᠡᠳᠦᠭᠡᠷ ᠵᠦᠢᠯ  ᠮᠠᠨ ᠤ ᠰᠢᠶᠠᠨ ᠳᠤ ᠳᠠᠩᠰᠠᠯᠠᠭᠤᠯᠤᠭᠰᠠᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ᠂ ᠪᠡᠶ᠎ᠡ ᠪᠠᠨ ᠳᠠᠭᠠᠭᠠᠵᠤ ᠡᠵᠡᠩᠨᠡᠬᠦ᠂ ᠪᠡᠶ᠎ᠡ ᠪᠠᠨ ᠳᠠᠭᠠᠭᠠᠵᠤ ᠲᠣᠭᠠᠴᠠᠭ᠎ᠠ ᠬᠢᠬᠦ ᠬᠢᠷᠢ ᠬᠡᠮ ᠪᠦᠬᠦᠢ ᠪᠡᠯᠡ ᠣᠷᠣᠭᠤᠯᠵᠤ ᠡᠵᠡᠩᠨᠡᠬᠦ ᠭᠤᠣᠯ ᠴᠣᠭᠴᠠ ᠮᠥᠷᠲᠡᠭᠡᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢ ︵ᠭᠠᠵᠠᠷ ᠰᠢᠷᠣᠢ ᠶᠢ ᠰᠢᠯᠵᠢᠭᠦᠯᠦᠨ ᠥᠭᠬᠦ ᠣᠷᠣᠭᠤᠯᠤᠯᠲᠠ ᠶᠢ ᠪᠠᠭᠲᠠᠭᠠᠬᠤ ᠦᠭᠡᠢ︶᠂ ᠪᠡᠯᠡ ᠣᠷᠣᠭᠤᠯᠤᠯᠲᠠ ᠶᠢᠨ ᠡᠷᠴᠢᠮ ᠠᠴᠠ 200 ᠲᠦᠮᠡᠨ ᠲᠥᠭᠦᠷᠢᠭ ᠠᠴᠠ ᠳᠣᠣᠷ᠎ᠠ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠡᠳ᠋ᠰᠢᠭᠦᠯᠬᠦ᠂ ᠲᠤᠨᠤᠭ ᠲᠥᠬᠦᠭᠡᠷᠦᠮᠵᠢ ᠦᠢᠯᠡᠳᠬᠦ᠂ ᠰᠢᠨ᠎ᠡ ᠡᠨᠧᠷᠭᠢ᠂ ᠰᠢᠨ᠎ᠡ ᠮᠠ⌲ᠧᠷᠢᠶᠠᠯ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠲᠤ ᠲᠤᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠯᠡᠵᠦ ᠪᠣᠯᠣᠨ᠎ᠠ᠃ᠬᠤᠶᠠᠳᠤᠭᠠᠷ ᠵᠦᠢᠯ  ᠮᠠᠨ ᠤ ᠰᠢᠶᠠᠨ ᠳᠤ ᠢᠷᠡᠵᠦ ᠪᠡᠯᠡ ᠣᠷᠣᠭᠤᠯᠤᠭᠰᠠᠨ ᠠᠵᠤ ᠠᠬᠤᠶᠢᠯᠠᠯ ᠨᠢ ᠤᠷᠢᠳ ᠢᠶᠠᠷ ᠬᠠᠳᠠᠭᠠᠯᠠᠵᠤ ᠪᠠᠶᠢᠭ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠳᠣᠲᠣᠷ᠎ᠠ ᠠᠴᠠ ᠬᠠᠩᠭᠠᠬᠤ ᠭᠠᠵᠠᠷ ᠤᠨ ᠲᠠᠯᠠᠪᠠᠢ ᠶᠢ ᠲᠣᠭᠲᠠᠭᠠᠵᠤ᠂ ᠬᠠᠤᠯᠢ ᠶᠣᠰᠣᠭᠠᠷ ᠲᠠᠲᠠᠪᠤᠷᠢᠯᠠᠨ ᠬᠤᠳᠠᠯᠳᠤᠵᠤ ᠦᠨ᠎ᠡ ᠬᠠᠶᠠᠵᠤ ᠡᠯᠭᠦᠬᠦ ᠬᠡᠯᠪᠡᠷᠢ ᠪᠠᠷ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠣᠯᠣᠨ᠎ᠠ᠂ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠬᠤᠭᠤᠴᠠᠭ᠎ᠠ ᠶᠢ ᠤᠯᠤᠰ ᠠᠴᠠ ᠲᠣᠭᠲᠠᠭᠠᠭᠰᠠᠨ ᠬᠠᠮᠤᠭ ᠤᠨ ᠥᠨᠳᠥᠷ ᠬᠤᠭᠤᠴᠠᠭ᠎ᠠ ᠪᠠᠷ ᠭᠦᠢᠴᠡᠳᠬᠡᠵᠦ ᠪᠣᠯᠣᠨ᠎ᠠ᠂ ᠬᠡᠷᠡᠭᠯᠡᠬᠦ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ᠂ ᠤᠯᠤᠰ ᠤᠨ ᠲᠣᠭᠲᠠᠭᠠᠯ ᠶᠣᠰᠣᠭᠠᠷ ᠬᠤᠭᠤᠴᠠᠭ᠎ᠠ ᠶᠢ ᠤᠷᠲᠤᠳᠬᠠᠨ᠎ᠠ᠃ᠬᠠᠮᠲᠤ ᠶᠢᠨ ᠥᠮᠴᠢᠯᠡᠯ ᠤᠨ ᠭᠠᠵᠠᠷ ᠰᠢᠷᠣᠢ ᠶᠢ ᠲᠦᠷᠢᠶᠡᠰᠦᠯᠡᠨ ᠬᠡᠷᠡᠭᠯᠡᠬᠦ ᠬᠤᠭᠤᠴᠠᠭ᠎ᠠ ᠨᠢ ᠳᠦᠭᠦᠷᠪᠡᠯ ᠤᠷᠢᠳᠠᠪᠠᠷ ᠦᠷᠭᠦᠯᠵᠢᠯᠡᠨ ᠲᠦᠷᠢᠶᠡᠰᠦᠯᠡᠵᠦ ᠪᠣᠯᠣᠨ᠎ᠠ᠃ᠭᠤᠷᠪᠠᠳᠤᠭᠠᠷ ᠵᠦᠢᠯ ᠣᠷᠣᠭᠤᠯᠵᠤ ᠠᠪᠴᠢᠷᠠᠭᠰᠠᠨ ᠰᠢᠨ᠎ᠡ ᠪᠠᠷ ᠪᠠᠶᠢᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠲᠤᠭ᠎ᠠ ᠨᠢ 5000 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠰᠡᠨ ᠮᠥᠷᠲᠡᠭᠡᠨ ᠮᠦ ᠪᠦᠷᠢ ᠶᠢᠨ ᠳᠤᠮᠳᠠᠴᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠦᠴᠦᠯᠡᠴᠡ ᠨᠢ 200 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ ᠠᠵᠤ ᠠᠬᠤᠶᠢᠯᠠᠯ ᠨᠢ ᠬᠠᠤᠯᠢ ᠶᠣᠰᠣᠭᠠᠷ ᠭᠠᠶᠢᠯᠢ ᠲᠤᠰᠢᠶᠠᠭᠰᠠᠨ ᠪᠠ ᠠᠵᠢᠯ ᠣᠯᠭᠤᠯᠲᠠ ᠶᠢ ᠳᠠᠶᠢᠴᠢᠯᠠᠭᠰᠠᠨ ᠪᠠᠶᠢᠪᠠᠯ᠂ ᠠᠵᠤ ᠠᠬᠤᠢ ᠶᠢᠨ ᠱᠠᠩᠨᠠᠯ ᠣᠯᠭᠤᠵᠤ᠂ ᠵᠠᠷᠴᠢᠮ ᠳᠡᠭᠡᠷ᠎ᠡ ᠪᠠᠨ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠲᠤᠭ᠎ᠠ ᠶᠢᠨ 1.5 ‰ ᠶᠣᠰᠣᠭᠠᠷ ᠱᠠᠲᠤ ᠬᠤᠪᠢᠶᠠᠨ ︵ᠲᠥᠷᠥᠯ ᠵᠦᠢᠯ ᠤᠨ ᠦᠢᠯᠡᠳᠪᠦᠷᠢ ᠶᠢᠨ ᠭᠡᠷ ᠪᠠᠶᠢᠰᠢᠩ ᠢ ᠪᠠᠶᠢᠭᠤᠯᠵᠤ ᠳᠠᠭᠤᠰᠬᠠᠬᠤ᠂ ᠲᠥᠬᠦᠭᠡᠷᠦᠮᠵᠢ ᠶᠢ ᠤᠭᠰᠠᠷᠠᠭᠤᠯᠤᠨ ᠪᠣᠳᠠᠲᠠᠶᠢᠵᠢᠭᠤᠯᠬᠤ᠂ ᠠᠰᠢᠭᠯᠠᠯᠲᠠ ᠳᠤ ᠣᠷᠣᠭᠤᠯᠤᠨ ᠡᠵᠡᠩᠨᠡᠬᠦ︶ ᠳᠤ ᠠᠬᠢᠭᠤᠯᠤᠨ ᠨᠡᠮᠡᠬᠦ ᠦᠭᠡᠢ ᠪᠠᠷ ᠬᠠᠷᠢᠴᠠᠯ ᠢᠶᠠᠷ ᠨᠢᠭᠡ ᠤᠳᠠᠭ᠎ᠠ ᠶᠢᠨ ᠴᠢᠨᠠᠷᠲᠠᠢ ᠪᠠᠷ ᠱᠠᠩᠨᠠᠬᠤ ᠶᠢ ᠬᠡᠷᠡᠭᠵᠢᠭᠦᠯᠦᠨ᠎ᠡ᠃ᠳᠥᠷᠪᠡᠳᠦᠭᠡᠷ ᠵᠦᠢᠯ ᠵᠢᠭᠤᠯᠴᠢᠯᠠᠯ᠂ ᠪᠠᠷᠠᠭ᠎ᠠ ᠶᠢᠨ ᠭᠦᠢᠯᠭᠡᠭᠡᠨ᠂ ᠨᠠᠰᠤᠵᠢᠯ ᠤᠨ ᠠᠰᠠᠷᠠᠮᠵᠢ ᠵᠡᠷᠭᠡ ᠦᠢᠯᠡᠴᠢᠯᠡᠭᠡᠨ ᠤ ᠦᠢᠯᠡᠰ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ  ᠶᠢᠨ ᠲᠤᠰᠠᠳᠠ᠂ ᠰᠢᠨ᠎ᠡ ᠪᠠᠷ ᠣᠷᠣᠭᠤᠯᠵᠤ ᠢᠷᠡᠭᠰᠡᠨ ᠵᠢᠭᠤᠯᠴᠢᠯᠠᠯ᠂ ᠪᠠᠷᠠᠭ᠎ᠠ ᠶᠢᠨ ᠭᠦᠢᠯᠭᠡᠭᠡᠨ᠂ ᠨᠠᠰᠤᠵᠢᠯ ᠤᠨ ᠠᠰᠠᠷᠠᠮᠵᠢ ᠵᠡᠷᠭᠡ ᠦᠢᠯᠡᠴᠢᠯᠡᠭᠡᠨ ᠤ ᠦᠢᠯᠡᠰ ᠤᠨ ᠲᠥᠷᠥᠯ ᠵᠦᠢᠯ ᠳᠤ ᠭᠤᠣᠯᠳᠠᠯᠭ᠎ᠠ ᠲᠠᠢ ᠠᠵᠤ ᠦᠢᠯᠡᠰ ᠤᠨ ᠲᠡᠳᠬᠦᠮᠵᠢ ᠣᠯᠭᠤᠨ᠎ᠠ᠃ᠠᠵᠤ ᠠᠬᠤᠶᠢᠯᠠᠯ ᠤᠳ ᠠᠩᠬᠠᠨ ᠤ ᠦᠢᠯᠡᠳᠪᠦᠷᠢᠯᠡᠯ ᠡᠵᠡᠩᠨᠡᠯᠲᠡ ᠶᠢᠨ ᠣᠷᠣᠯᠭ᠎ᠠ ᠣᠯᠣᠭᠰᠠᠨ ᠵᠢᠯ ᠠᠴᠠ ᠪᠠᠨ ᠡᠬᠢᠯᠡᠨ᠂ ᠲᠡᠭᠦᠨ ᠤ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠰᠢᠶᠠᠨ ᠤ ᠱᠠᠲᠤᠨ ᠤ ᠬᠤᠪᠢᠳᠠᠨ ᠦᠯᠡᠳᠡᠭᠡᠭᠰᠡᠨ ᠬᠡᠰᠡᠭ ᠢᠶᠠᠷ ᠪᠤᠳᠤᠬᠤ ᠰᠠᠭᠤᠷᠢ ᠲᠤᠭ᠎ᠠ ᠪᠣᠯᠭᠠᠵᠤ᠂ ᠲᠦᠷᠦᠭᠦᠦ ᠬᠤᠶᠠᠷ ᠵᠢᠯ ᠳᠤ 100% ᠪᠠᠷ ᠠᠵᠤ ᠦᠢᠯᠡᠰ ᠤᠨ ᠲᠡᠳᠬᠦᠮᠵᠢ ᠣᠯᠭᠤᠵᠤ᠂ ᠰᠡᠭᠦᠯ ᠤᠨ ᠭᠤᠷᠪᠠᠨ ᠵᠢᠯ ᠳᠤ 50% ᠪᠠᠷ ᠠᠵᠤ ᠦᠢᠯᠡᠰ ᠤᠨ ᠲᠡᠳᠬᠦᠮᠵᠢ ᠣᠯᠭᠤᠨ᠎ᠠ᠃ᠲᠠᠪᠤᠳᠤᠭᠠᠷ ᠵᠦᠢᠯ  ᠰᠢᠨ᠎ᠡ ᠪᠠᠷ ᠣᠷᠣᠭᠤᠯᠤᠭᠰᠠᠨ ᠠᠵᠤ ᠠᠬᠤᠶᠢᠯᠠᠯ ᠤᠨ ᠳᠡᠭᠡᠳᠦ ᠳᠡᠰ ᠤᠨ ᠬᠠᠮᠢᠶᠠᠷᠤᠯᠲᠠ ᠶᠢᠨ ᠠᠵᠢᠯᠲᠠᠨ ︵ᠬᠡᠷᠡᠭ ᠮᠡᠳᠡᠭᠴᠢᠳ ᠤᠨ ᠳᠠᠷᠤᠭ᠎ᠠ᠂ ᠬᠡᠷᠡᠭ ᠮᠡᠳᠡᠭᠴᠢᠳ ᠤᠨ ᠳᠡᠳ᠋ ᠳᠠᠷᠤᠭ᠎ᠠ᠂ ᠶᠡᠷᠦᠩᠬᠡᠢ ᠳᠠᠭᠠᠭᠠᠮᠠᠯ᠂ ᠳᠡᠳ᠋ ᠶᠡᠷᠦᠩᠬᠡᠢ ᠳᠠᠭᠠᠭᠠᠮᠠᠯ᠂ ᠬᠡᠷᠡᠭ ᠬᠢᠨᠠᠭᠴᠢᠳ ᠤᠨ ᠳᠠᠷᠤᠭ᠎ᠠ᠂ ᠶᠡᠷᠦᠩᠬᠡᠢ ᠠᠵᠤ ᠠᠬᠤᠶᠢᠴᠢ᠂ ᠶᠡᠷᠦᠩᠬᠡᠢ ᠨᠢᠭᠲᠠᠯᠠᠨ ᠪᠣᠳᠣᠭᠴᠢ ᠪᠤᠶᠤ ᠵᠣᠬᠢᠬᠤ ᠳᠡᠰ ᠤᠨ ᠲᠤᠰᠢᠶᠠᠯ ᠲᠠᠢ ᠬᠥᠮᠥᠰ ᠢ ᠪᠠᠭᠲᠠᠭᠠᠭᠰᠠᠨ ᠠᠵᠤ ᠠᠬᠤᠶᠢᠯᠠᠯ ᠨᠢᠭᠡᠪᠦᠷᠢ ᠳᠤ 5 ᠬᠥᠮᠥᠨ ᠠᠴᠠ ᠬᠡᠲᠦᠷᠡᠭᠦᠯᠵᠦ ᠪᠣᠯᠬᠤ ᠦᠭᠡᠢ︶᠂ ᠲᠠᠪᠤᠨ ᠵᠢᠯ ᠤᠨ ᠳᠣᠲᠣᠷ᠎ᠠ ᠲᠡᠭᠦᠨ ᠤ ᠴᠠᠯᠢᠩ ᠬᠢᠭᠡᠳ ᠱᠠᠩᠨᠠᠯ ᠤᠨ ᠮᠥᠩᠭᠦ ᠶᠢᠨ ᠲᠤᠰᠢᠶᠠᠭᠰᠠᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠰᠢᠶᠠᠨ ᠤ ᠱᠠᠲᠤᠨ ᠤ ᠬᠤᠪᠢᠳᠠᠨ ᠦᠯᠡᠳᠡᠭᠡᠬᠦ ᠬᠡᠰᠡᠭ ᠢᠶᠠᠷ ᠰᠠᠭᠤᠷᠢ ᠲᠤᠭ᠎ᠠ ᠪᠣᠯᠭᠠᠵᠤ᠂ 100% ᠶᠢᠨ ᠬᠠᠷᠢᠴᠠᠯ ᠢᠶᠠᠷ ᠬᠤᠪᠢ ᠬᠥᠮᠥᠨ ᠢ ᠱᠠᠩᠨᠠᠨ᠎ᠠ᠃ᠵᠢᠷᠭᠤᠳᠤᠭᠠᠷ ᠵᠦᠢᠯ  ᠠᠵᠤ ᠠᠬᠤᠶᠢᠯᠠᠯ ᠤᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠬᠤ ᠶᠢᠨ ᠲᠤᠰᠠᠳᠠ᠂ ᠲᠣᠰ ᠭᠠᠵᠠᠷ ᠤᠨ ᠠᠵᠤ ᠠᠬᠤᠶᠢᠯᠠᠯ ᠨᠢ ᠲᠣᠰ ᠭᠠᠵᠠᠷ ᠲᠤ ᠠᠵᠢᠯᠯᠠᠵᠤ ᠪᠠᠶᠢᠭ᠎ᠠ ᠳ᠋ᠣᠺᠲ᠋ᠣᠷᠠᠨᠲ ᠪᠤᠶᠤ ᠵᠢᠩᠬᠢᠨᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠢ 1 ᠨᠡᠷ᠎ᠡ ᠣᠷᠣᠭᠤᠯᠤᠨ ᠠᠪᠴᠢᠷᠠᠬᠤ ᠮᠥᠷᠲᠡᠭᠡᠨ 3 ᠵᠢᠯ ᠵᠢᠴᠢ 3 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠵᠤ᠂ ᠨᠡᠶᠢᠭᠡᠮ ᠤᠨ ᠳᠠᠭᠠᠳᠬᠠᠯ ᠢ ᠲᠤᠭ᠎ᠠ ᠶᠣᠰᠣᠭᠠᠷ ᠲᠤᠰᠢᠶᠠᠭᠰᠠᠨ ᠪᠠᠶᠢᠪᠠᠯ᠂ ᠠᠵᠤ ᠠᠬᠤᠶᠢᠯᠠᠯ ᠳᠤ 1 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ᠳᠣᠯᠣᠳᠤᠭᠠᠷ ᠵᠦᠢᠯ  ᠴᠡᠴᠡᠷᠯᠢᠭ ᠲᠤ ᠣᠷᠣᠭᠰᠠᠨ ᠠᠵᠤ ᠠᠬᠤᠶᠢᠯᠠᠯ ᠨᠢ ᠦᠢᠯᠡᠳᠪᠦᠷᠢᠯᠡᠯ ᠤᠨ ᠦᠢᠯᠡᠳᠪᠦᠷᠢ ᠶᠢᠨ ᠭᠡᠷ ᠪᠠᠶᠢᠰᠢᠩ ᠢ ᠣᠷᠣᠯᠠᠨ ᠪᠠᠶᠢᠭᠤᠯᠬᠤ ᠱᠠᠭᠠᠷᠳᠠᠯᠭ᠎ᠠ  ᠲᠠᠢ ᠪᠣᠯ ︽ᠨᠢᠭᠡ ᠬᠡᠷᠡᠭ ᠢ ᠨᠢᠭᠡ ᠵᠥᠪᠯᠡᠵᠦ︾ ᠪᠣᠯᠣᠨ᠎ᠠ᠂ ᠵᠣᠬᠢᠬᠤ ᠲᠣᠭᠠᠨ ᠤ ᠪᠠᠲᠤᠯᠠᠭ᠎ᠠ ᠶᠢᠨ ᠮᠥᠩᠭᠦ ᠲᠤᠰᠢᠶᠠᠭᠰᠠᠨ ᠤ ᠳᠠᠷᠠᠭ᠎ᠠ᠂ ᠤᠷᠢᠳᠠᠪᠠᠷ ᠪᠦᠲᠦᠭᠡᠨ ᠪᠠᠶᠢᠭᠤᠯᠵᠤ ᠳᠠᠷᠠᠭ᠎ᠠ ᠨᠢ ᠰᠢᠯᠵᠢᠭᠦᠯᠦᠨ ᠥᠭᠬᠦ ᠠᠷᠭ᠎ᠠ ᠮᠠᠶ᠋ᠢᠭ ᠢ ᠠᠪᠴᠤ᠂ ᠣᠷᠣᠯᠠᠨ ᠪᠦᠲᠦᠭᠡᠨ ᠪᠠᠶᠢᠭᠤᠯᠬᠤ ᠬᠡᠯᠡᠯᠴᠡᠭᠡᠷ ᠲᠣᠭᠲᠠᠬᠤ ᠪᠠᠷ ᠳᠡᠮᠵᠢᠨ᠂ ᠤᠯᠤᠰ ᠤᠨ ᠥᠮᠴᠢᠯᠡᠯ ᠤᠨ ᠺᠣᠮᠫᠠᠨᠢ ᠪᠠᠷ ᠣᠷᠣᠯᠠᠨ ᠪᠦᠲᠦᠭᠡᠨ ᠪᠠᠶᠢᠭᠤᠯᠵᠤ᠂ ᠭᠤᠷᠪᠠᠨ ᠵᠢᠯ ᠤᠨ ᠳᠣᠲᠣᠷ᠎ᠠ ᠠᠵᠤ ᠠᠬᠤᠶᠢᠯᠠᠯ ᠲᠦᠷᠢᠶᠡᠰᠦᠯᠡᠨ ᠬᠡᠷᠡᠭᠯᠡᠵᠦ᠂ ᠭᠤᠷᠪᠠᠨ ᠵᠢᠯ ᠤᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ᠂ ᠠᠵᠤ ᠠᠬᠤᠶᠢᠯᠠᠯ ᠥᠪᠡᠷ ᠤᠨ ᠥᠷᠲᠡᠭ ᠤᠨ ᠦᠨ᠎ᠡ ︵ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠪᠠᠭᠲᠠᠨ᠎ᠠ︶ ᠪᠠᠷ ᠪᠤᠴᠠᠭᠠᠨ ᠬᠤᠳᠠᠯᠳᠤᠨ ᠠᠪᠤᠨ᠎ᠠ᠂ ᠡᠭᠦᠨ ᠠᠴᠠ ᠡᠮᠦᠨ᠎ᠡ ᠲᠤᠰᠢᠶᠠᠭᠰᠠᠨ ᠲᠦᠷᠢᠶᠡᠰᠦᠨ ᠮᠥᠩᠭᠦ ︵ᠵᠠᠰᠠᠭ ᠤᠨ ᠣᠷᠳᠣᠨ ᠤ ᠪᠡᠯᠡ ᠮᠥᠩᠭᠦ ᠶᠢᠨ ᠲᠣᠭᠲᠠᠭᠠᠭᠰᠠᠨ ᠠᠰᠢᠭ ᠣᠷᠣᠯᠭ᠎ᠠ ᠶᠢ ᠬᠠᠰᠤᠭᠰᠠᠨ ᠤ ᠳᠠᠷᠠᠭ᠎ᠠ︶ ᠪᠠᠷ ᠪᠤᠴᠠᠭᠠᠨ ᠬᠤᠳᠠᠯᠳᠤᠨ ᠠᠪᠤᠭᠰᠠᠨ ᠵᠣᠭᠤᠰ ᠢ ᠲᠤᠯᠭᠠᠨ ᠲᠥᠯᠥᠨ᠎ᠡ᠃ᠨᠠᠢᠮᠠᠳᠤᠭᠠᠷ ᠵᠦᠢᠯ ︽ᠪᠠᠷᠠᠭᠤᠨ ᠬᠡᠰᠡᠭ ᠤᠨ ᠭᠠᠵᠠᠷ ᠣᠷᠣᠨ ᠤ ᠵᠣᠷᠢᠭᠵᠢᠭᠤᠯᠬᠤ ᠲᠥᠷᠥᠯ ᠤᠨ ᠠᠵᠤ ᠦᠢᠯᠡᠰ ᠤᠨ ᠭᠠᠷᠴᠠᠭ︾ ᠲᠤ ᠨᠡᠶᠢᠴᠡᠬᠦ ᠰᠢᠨ᠎ᠡ ᠪᠠᠷ ᠳᠠᠩᠰᠠᠯᠠᠭᠤᠯᠤᠭᠰᠠᠨ ᠠᠵᠤ ᠠᠬᠤᠶᠢᠯᠠᠯ ᠳᠤ ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃ᠶᠢᠰᠦᠳᠦᠭᠡᠷ ᠵᠦᠢᠯ ᠪᠡᠯᠡ ᠣᠷᠣᠭᠤᠯᠵᠤ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ ᠬᠤᠯᠪᠣᠭᠳᠠᠬᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠳᠤ᠂ ᠤᠯᠤᠰ᠂ ᠥᠪᠡᠷᠲᠡᠭᠡᠨ ᠵᠠᠰᠠᠬᠤ ᠣᠷᠣᠨ   ᠠᠴᠠ ᠭᠠᠷᠴᠠᠭ ᠢᠶᠠᠷ ᠦᠨ᠎ᠡ ᠲᠣᠭᠲᠠᠭᠠᠬᠤ ᠶᠢ ᠬᠡᠷᠡᠭᠵᠢᠭᠦᠯᠦᠭᠰᠡᠨ ᠪᠠᠶᠢᠪᠠᠯ᠂ ᠲᠣᠭᠲᠠᠭᠠᠭᠰᠠᠨ ᠦᠨ᠎ᠡ ᠶᠢᠨ ᠶᠣᠰᠣᠭᠠᠷ ᠬᠡᠷᠡᠭᠵᠢᠭᠦᠯᠦᠨ᠎ᠡ︔ᠵᠢᠯᠣᠭᠤᠳᠤᠯᠭ᠎ᠠ ᠶᠢᠨ ᠦᠨ᠎ᠡ ᠶᠢ ᠬᠡᠷᠡᠭᠵᠢᠭᠦᠯᠬᠦ ᠳᠤ ᠬᠦᠷᠪᠡᠯ᠂ ᠴᠥᠮ ᠳᠣᠣᠷᠠᠳᠤ ᠬᠢᠵᠠᠭᠠᠷ ᠤᠨ ᠶᠣᠰᠣᠭᠠᠷ ᠬᠤᠷᠢᠶᠠᠨ᠎ᠠ᠃ᠠᠷᠪᠠᠳᠤᠭᠠᠷ ᠵᠦᠢᠯ  ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠲᠥᠷᠥᠯ ᠵᠦᠢᠯ ᠳᠤ ᠬᠡᠷᠡᠭᠯᠡᠬᠦ ᠴᠠᠬᠢᠯᠭᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠥᠪᠥᠷ ᠮᠣᠩᠭᠤᠯ ᠤᠨ ᠪᠠᠷᠠᠭᠤᠨ ᠬᠡᠰᠡᠭ ᠤᠨ ᠬᠠᠮᠤᠭ ᠤᠨ ᠰᠢᠨ᠎ᠡ ᠴᠠᠬᠢᠯᠭᠠᠨ ᠤ ᠲᠣᠣᠷ ᠤᠨ ᠬᠠᠷᠠᠭᠠᠯᠵᠠᠯᠲᠤ ᠴᠠᠬᠢᠯᠭᠠᠨ ᠤ ᠦᠨ᠎ᠡ ᠶᠢ ᠬᠡᠷᠡᠭᠵᠢᠭᠦᠯᠵᠦ᠂ ᠴᠠᠬᠢᠯᠭᠠᠨ ᠬᠡᠷᠡᠭᠯᠡᠬᠦ ᠲᠣᠮᠣ ᠡᠷᠦᠬᠡ ᠶᠢᠨ ᠵᠠᠰᠠᠭ ᠤᠨ ᠣᠷᠳᠣᠨ ᠳᠤ ᠢᠳᠡᠪᠬᠢᠲᠡᠢ ᠪᠠᠷ ᠬᠠᠮᠵᠢᠯᠴᠠᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠣᠯᠠᠨ ᠲᠠᠯᠠᠲᠤ ᠠᠷᠠᠯᠵᠢᠶ᠎ᠠ ᠶᠢᠨ ᠲᠣᠮᠣ ᠬᠡᠷᠡᠭᠯᠡᠭᠴᠢ ᠪᠣᠯᠬᠤ ᠪᠠᠷ ᠭᠤᠶᠤᠴᠢᠯᠠᠬᠤ ᠳᠤ ᠬᠠᠷᠠᠭᠠᠯᠵᠠᠯᠲᠤ ᠴᠠᠬᠢᠯᠭᠠᠨ ᠤ ᠦᠨ᠎ᠡ ᠪᠤᠶᠤ ᠵᠥᠪᠳᠡᠯᠴᠡᠭᠡᠷ ᠢᠶᠠᠷ ᠰᠢᠭᠤᠳ ᠬᠠᠩᠭᠠᠬᠤ ᠬᠡᠷᠡᠭᠳᠡᠢ᠃ᠠᠷᠪᠠᠨ ᠨᠢᠭᠡᠳᠦᠭᠡᠷ ᠵᠦᠢᠯ ︵1︶ ᠨᠡᠶᠢᠭᠡᠮ ᠤᠨ ᠳᠠᠭᠠᠳᠬᠠᠯ ᠤᠨ ᠨᠥᠬᠦᠪᠦᠷᠢ᠄ ᠠᠵᠢᠯ ᠣᠯᠬᠤ ᠳᠤ ᠬᠦᠴᠢᠷᠲᠡᠢ ᠬᠥᠮᠥᠰ ᠢ ᠡᠯᠰᠡᠨ ᠬᠡᠷᠡᠭᠯᠡᠬᠦ ᠶᠢᠨ ᠬᠠᠮᠲᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠤᠰᠢᠶᠠᠭᠰᠠᠨ ᠠᠵᠤ ᠠᠬᠤᠶᠢᠯᠠᠯ ᠳᠤ ᠠᠵᠢᠯ ᠣᠯᠬᠤ ᠳᠤ ᠬᠦᠴᠢᠷᠲᠡᠢ ᠬᠥᠮᠥᠰ ᠤᠨ ᠪᠣᠳᠠᠲᠠᠢ ᠲᠤᠰᠢᠶᠠᠭᠰᠠᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠪᠠ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠢᠶᠠᠷ ᠨᠥᠬᠦᠪᠦᠷᠢ ᠥᠭᠭᠦᠨ᠎ᠡ᠂ ᠡᠭᠦᠨ ᠳᠤ ᠠᠵᠢᠯ ᠣᠯᠬᠤ ᠳᠤ ᠬᠦᠴᠢᠷᠲᠡᠢ ᠬᠥᠮᠥᠰ ᠤᠨ ᠬᠤᠪᠢ ᠬᠥᠮᠥᠨ ᠤ ᠲᠤᠰᠢᠶᠠᠪᠠᠰᠤ ᠵᠣᠬᠢᠬᠤ ᠬᠡᠰᠡᠭ ᠢ ᠪᠠᠭᠲᠠᠭᠠᠬᠤ ᠦᠭᠡᠢ᠃ᠠᠵᠢᠯ ᠣᠯᠬᠤ ᠳᠤ ᠬᠦᠴᠢᠷᠲᠡᠢ ᠬᠥᠮᠥᠰ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠬᠤᠭᠤᠴᠠᠭ᠎ᠠ ᠶᠢ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤᠨ ᠳᠤ ᠬᠦᠷᠲᠡᠯ᠎ᠡ 5 ᠵᠢᠯ ᠬᠦᠷᠬᠦ ᠦᠭᠡᠢ ᠠᠵᠢᠯ ᠣᠯᠬᠤ ᠳᠤ ᠬᠦᠴᠢᠷᠲᠡᠢ ᠬᠥᠮᠥᠰ ᠢ ᠠᠵᠢᠯ ᠠᠴᠠ ᠪᠠᠨ ᠪᠠᠭᠤᠵᠤ ᠠᠮᠠᠷᠠᠬᠤ ᠪᠣᠯᠲᠠᠯ᠎ᠠ ᠤᠷᠲᠤᠳᠬᠠᠵᠤ ᠪᠣᠯᠬᠤ ᠶᠢ ᠭᠠᠷᠭᠠᠪᠠᠯ᠂ ᠪᠤᠰᠤᠳ ᠬᠥᠮᠥᠰ ᠢ ᠬᠠᠮᠤᠭ ᠤᠨ ᠣᠷᠳᠣ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠦᠭᠡᠢ︔(2) ᠪᠣᠯᠪᠠᠰᠤᠷᠠᠯ ᠤᠨ ᠨᠥᠬᠦᠪᠦᠷᠢ᠄ ᠠᠵᠤ ᠠᠬᠤᠶᠢᠯᠠᠯ ᠤᠨ ᠰᠢᠨ᠎ᠡ ᠪᠠᠷ ᠡᠯᠰᠡᠵᠦ ᠬᠡᠷᠡᠭᠯᠡᠭᠰᠡᠨ ᠲᠠᠪᠤᠨ ᠲᠥᠷᠥᠯ ᠤᠨ ᠬᠥᠮᠥᠰ ᠠᠵᠤ ᠠᠬᠤᠶᠢᠯᠠᠯ ᠯᠤᠭ᠎ᠠ 1 ᠵᠢᠯ ᠠᠴᠠ ᠳᠡᠭᠡᠭᠰᠢ ᠬᠤᠭᠤᠴᠠᠭ᠎ᠠ ᠲᠠᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠥᠭᠡᠳ ᠬᠥᠳᠡᠯᠮᠦᠷᠢ ᠶᠢᠨ ᠭᠡᠷ᠎ᠡ ᠲᠣᠭᠲᠠᠭᠰᠠᠨ ᠡᠳᠦᠷ ᠠᠴᠠ ᠡᠬᠢᠯᠡᠨ 1 ᠵᠢᠯ ᠤᠨ ᠳᠣᠲᠣᠷ᠎ᠠ ᠠᠵᠤ ᠠᠬᠤᠶᠢᠯᠠᠯ ᠤᠨ ᠬᠠᠷᠢᠶ᠎ᠠ ᠪᠣᠯᠪᠠᠰᠤᠷᠠᠯ ᠤᠨ ᠪᠠᠶᠢᠭᠤᠯᠤᠮᠵᠢ ᠪᠤᠶᠤ ᠵᠠᠰᠠᠭ ᠤᠨ ᠣᠷᠳᠣᠨ ᠤ ᠲᠣᠭᠲᠠᠭᠠᠭᠰᠠᠨ ᠪᠣᠯᠪᠠᠰᠤᠷᠠᠯ ᠤᠨ ᠪᠠᠶᠢᠭᠤᠯᠤᠮᠵᠢ ᠳᠤ ᠲᠦᠰᠢᠭᠯᠡᠨ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠭᠰᠠᠨ ᠪᠠᠶᠢᠪᠠᠯ᠂ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠣᠯᠣᠭᠰᠠᠨ ᠤ ᠳᠠᠷᠠᠭ᠎ᠠ ᠬᠥᠳᠡᠯᠮᠦᠷᠢ ᠶᠢᠨ ᠭᠡᠷ᠎ᠡ ᠶᠢ ᠦᠷᠭᠦᠯᠵᠢᠯᠡᠨ ᠭᠦᠢᠴᠡᠳᠬᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠨᠥᠬᠦᠪᠦᠷᠢ ᠶᠢᠨ ᠪᠠᠷᠢᠮᠵᠢᠶ᠎ᠠ ᠶᠢᠨ 70% ᠪᠠᠷ ᠠᠵᠢᠯᠲᠠᠨ ᠠᠵᠢᠯᠴᠢᠨ ᠬᠤᠪᠢ ᠬᠥᠮᠥᠨ ᠪᠤᠶᠤ ᠠᠵᠤ ᠠᠬᠤᠶᠢᠯᠠᠯ ᠳᠤ ᠲᠣᠭᠲᠠᠭᠰᠠᠨ ᠲᠣᠭᠠᠨ ᠤ ᠨᠥᠬᠦᠪᠦᠷᠢ ᠣᠯᠭᠤᠨ᠎ᠠ᠃ᠠᠷᠪᠠᠨ ᠬᠤᠶᠠᠳᠤᠭᠠᠷ ᠵᠦᠢᠯ ᠡᠯ᠎ᠡ ᠨᠡᠶᠢᠭᠡᠮ ᠤᠨ ᠪᠦᠯᠬᠦᠮ᠂ ᠠᠵᠤ ᠠᠬᠤᠶᠢᠯᠠᠯ᠂ ᠠᠷᠠᠳ ᠤᠨ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠥᠨ ︵ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠯᠪᠠᠨ ᠲᠤᠰᠢᠶᠠᠯᠲᠠᠨ ᠪᠠᠭᠲᠠᠬᠤ ᠦᠭᠡᠢ︶᠂ ᠡᠯ᠎ᠡ ᠵᠦᠢᠯ ‍ᠤᠨ‌ᠠᠷᠭ᠎ᠠ ᠵᠠᠮ ᠢᠶᠠᠷ ᠳᠠᠮᠵᠢᠭᠤᠯᠤᠨ ᠰᠢᠶᠠᠨ ᠤ ᠭᠠᠳᠠᠨᠠᠬᠢ ᠪᠡᠯᠡ ᠣᠷᠣᠭᠤᠯᠤᠭᠴᠢ ᠶᠢ ᠰᠢᠭᠤᠳ ᠣᠷᠣᠭᠤᠯᠤᠨ ᠠᠪᠴᠢᠷᠠᠵᠤ ᠮᠠᠨ ᠤ ᠰᠢᠶᠠᠨ ᠳᠤ ᠦᠢᠯᠡᠳᠪᠦᠷᠢᠯᠡᠯ ᠤᠨ ᠴᠢᠨᠠᠷᠲᠠᠢ ᠠᠵᠤ ᠠᠬᠤᠶᠢᠯᠠᠯ ᠡᠷᠬᠢᠯᠡᠬᠦᠯᠦᠭᠰᠡᠨ ᠪᠣᠯ ᠠᠵᠤ ᠠᠬᠤᠶᠢᠯᠠᠯ  ᠢ ᠠᠰᠢᠭᠯᠠᠯᠲᠠ ᠳᠤ ᠣᠷᠣᠭᠤᠯᠤᠭᠰᠠᠨ ᠤ ᠲᠠᠷᠠᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠦᠨᠡᠮᠰᠢᠭᠦᠯᠦᠭᠰᠡᠨ ᠤ ᠲᠠᠷᠠᠭ᠎ᠠ᠂ ᠪᠣᠳᠠᠲᠠᠢ ᠪᠤᠢ ᠪᠣᠯᠭᠠᠭᠰᠠᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠲᠣᠭᠠᠨ ᠤ 1‰ ᠪᠠᠷ ᠱᠠᠩᠨᠠᠵᠤ᠂ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃ᠠᠯᠪᠠᠨ ᠲᠤᠰᠢᠶᠠᠯᠲᠠᠨ ᠨᠢ ᠪᠠᠲᠤᠯᠠᠨ ᠲᠠᠨᠢᠯᠴᠠᠭᠤᠯᠤᠭᠴᠢ ᠪᠣᠯᠤᠭᠰᠠᠨ ᠤ ᠬᠤᠪᠢ ᠳᠤ᠂ ᠠᠵᠤ ᠠᠬᠤᠢ ᠶᠢᠨ ᠱᠠᠩᠨᠠᠯ ᠣᠯᠭᠤᠬᠤ ᠦᠭᠡᠢ᠂ ᠰᠠᠶᠢᠰᠢᠶᠠᠨ ᠬᠥᠬᠢᠭᠦᠯᠬᠦ᠂ ᠬᠢᠨᠠᠨ ᠰᠢᠯᠭᠠᠵᠤ ᠬᠤᠪᠢ ᠨᠡᠮᠡᠬᠦ᠂ ᠰᠢᠯᠢᠳᠡᠭ ᠢ ᠰᠢᠯᠭᠠᠷᠠᠭᠤᠯᠤᠨ ᠲᠡᠷᠢᠭᠦᠨ ᠢ ᠰᠢᠯᠭᠠᠷᠠᠭᠤᠯᠵᠤ᠂ ᠳᠡᠪᠰᠢᠭᠦᠯᠵᠦ ᠬᠦᠨᠳᠦ ᠪᠠᠷ ᠬᠡᠷᠡᠭᠯᠡᠬᠦ ᠪᠤᠶᠤ ᠵᠣᠬᠢᠬᠤ ᠪᠣᠳᠠᠰ ᠤᠨ ᠱᠠᠩᠨᠠᠯ ᠢᠶᠠᠷ ᠤᠷᠮᠠᠰᠢᠭᠤᠯᠵᠤ ᠪᠣᠯᠣᠨ᠎ᠠ᠃ᠠᠷᠪᠠᠨ ᠭᠤᠷᠪᠠᠳᠤᠭᠠᠷ ᠵᠦᠢᠯ ᠱᠠᠩᠳᠤ ᠰᠢᠶᠠᠨ ᠳᠤ ᠪᠦᠲᠦᠭᠡᠨ ᠪᠠᠶᠢᠭᠤᠯᠬᠤ ᠪᠠᠷ ᠪᠠᠶᠢᠭ᠎ᠠ ᠵᠦᠢᠯᠡᠰ ᠢ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠡᠯ᠎ᠡ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ︽ᠨᠢᠭᠡ ᠲᠢᠩᠬᠢᠮ ᠤᠨ ᠬᠡᠯᠪᠡᠷᠢ︾ ᠶᠢᠨ ᠪᠦᠬᠦ ᠶᠠᠪᠤᠴᠠ ᠶᠢ ᠭᠦᠢᠴᠡᠳᠬᠡᠵᠦ᠂ ᠬᠤᠭᠤᠴᠠᠭ᠎ᠠ ᠲᠣᠭᠲᠠᠭᠠᠨ ᠰᠢᠢᠳᠪᠦᠷᠢᠯᠡᠵᠦ ᠳᠠᠭᠤᠰᠬᠠᠨ᠎ᠠ᠃ᠣᠷᠣᠭᠤᠯᠵᠤ ᠠᠪᠴᠢᠷᠠᠭᠰᠠᠨ ᠲᠦᠷᠦᠯ ᠵᠦᠢᠯ ᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠠᠴᠠ ᠰᠢᠶᠠᠨ ᠤ ᠱᠠᠲᠤᠨ ᠤ ᠨᠢᠭᠡ ᠤᠳᠤᠷᠢᠳᠤᠯᠭ᠎ᠠ ᠪᠠᠷ ᠲᠦᠷᠦᠭᠦᠯᠡᠭᠦᠯᠦᠨ ᠵᠣᠬᠢᠴᠠᠭᠤᠯᠬᠤ ᠶᠢ ᠲᠣᠳᠣᠷᠬᠠᠶᠢᠯᠠᠵᠤ᠂ ᠭᠠᠷ ᠭᠦᠢᠴᠡᠳᠬᠡᠯ ᠪᠣᠯᠣᠨ ᠬᠠᠮᠢᠶ᠎ᠠ ᠪᠦᠬᠦᠢ ᠦᠢᠯᠡᠴᠢᠯᠡᠭᠡᠨ ᠤ ᠠᠵᠢᠯ ᠢ ᠮᠥᠷᠳᠡᠨ ᠨᠠᠶᠢᠳᠠᠪᠤᠷᠢᠵᠢᠭᠤᠯᠬᠤ ᠬᠡᠷᠡᠭᠲᠡᠢ᠃ᠠᠷᠪᠠᠨ ᠳᠥᠷᠪᠡᠳᠦᠭᠡᠷ ᠵᠦᠢᠯ ᠬᠦᠨᠳᠦ ᠶᠡᠭᠡ ᠣᠨᠴᠠ ᠶᠡᠭᠡ ᠵᠦᠢᠯᠡᠰ ᠲᠤ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠠᠴᠠ ᠵᠥᠷᠢᠴᠡᠬᠦ ᠦᠭᠡᠢ ᠪᠠᠶᠢᠬᠤ ᠤᠷᠢᠲᠠᠯ ᠤᠨ ᠳᠣᠣᠷ᠎ᠠ᠂ ︽ᠨᠢᠭᠡ ᠬᠡᠷᠡᠭ ᠢ ᠨᠢᠭᠡ ᠵᠥᠪᠯᠡᠬᠦ︾ ᠶᠢ ᠬᠡᠷᠡᠭᠵᠢᠭᠦᠯᠵᠦ ᠪᠣᠯᠣᠨ᠎ᠠ᠃ᠠᠷᠪᠠᠨ ᠲᠠᠪᠤᠳᠤᠭᠠᠷ ᠵᠦᠢᠯ ᠲᠣᠰ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠤᠤᠯ ᠤᠨ ︽ᠱᠠᠩᠳᠤ ᠰᠢᠶᠠᠨ ᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ︵ᠱᠠᠩ ᠨᠠᠮ ᠠᠯᠪᠠᠨ ᠲᠠᠷᠬᠠᠭᠠᠭᠰᠠᠨ ﹇2019﹈ 79 ᠳ᠋ᠦᠭᠡᠷ ᠲᠣᠭᠠᠲᠤ︶ ᠶᠢ ᠳᠠᠷᠤᠢ ᠬᠦᠴᠦᠨ ᠦᠭᠡᠢ ᠪᠣᠯᠭᠠᠨ᠎ᠠ᠃ᠠᠷᠪᠠᠨ ᠵᠢᠷᠭᠤᠳᠤᠭᠠᠷ ᠵᠦᠢᠯ  ᠲᠤᠰ ᠲᠦᠷᠦ ᠶᠢᠨ ᠪᠣᠳᠣᠯᠭ᠎ᠠ ᠶᠢ ᠱᠠᠩᠳᠤ ᠰᠢᠶᠠᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ᠠᠴᠠ ᠬᠠᠷᠢᠭᠤᠴᠠᠨ ᠲᠠᠶᠢᠯᠪᠤᠷᠢᠯᠠᠨ᠎ᠠ᠃                                                             ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2