ᠵᠢᠶᠠᠩ ᠽᠧ ᠮᠢᠨ ᠨᠥᠬᠦᠷ ᠢ ᠭᠦᠨ᠋ ᠭᠠᠰᠢᠭᠤᠳᠠᠨ᠎ᠠ
ᠨᠡᠶᠢᠲᠡᠯᠡᠭᠰᠡᠨ ᠴᠠᠭ᠄
2022/12/8
  11 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠬᠦᠨᠳᠦᠲᠦ ᠬᠠᠶᠢᠷᠠᠲᠤ ᠵᠢᠶᠠᠩ ᠽᠧ ᠮᠢᠨ ᠨᠥᠬᠦᠷ ᠤᠨ ᠨᠠᠰᠤ ᠪᠠᠷᠠᠭᠰᠠᠨ ᠤ ᠭᠤᠨᠢᠭᠲᠤ ᠴᠢᠮᠡᠭᠡ ᠤᠯᠠᠮᠵᠢᠯᠠᠭᠳᠠᠨ ᠢᠷᠡᠬᠦ ᠳᠤ᠂ ᠶᠡᠭᠡ ᠮᠥᠷᠡᠨ ᠤ ᠡᠮᠦᠨ᠎ᠡ ᠤᠮᠠᠷ᠎ᠠ᠂ ᠤᠷᠳᠤ ᠴᠠᠭᠠᠨ ᠬᠡᠷᠡᠮ ᠤᠨ ᠳᠣᠲᠣᠨ᠎ᠠ ᠭᠠᠳᠠᠨ᠎ᠠ᠂ ᠳᠤᠮᠳᠠᠳᠤ ᠶᠢᠨ ᠡᠬᠡ ᠭᠠᠵᠠᠷ ᠲᠤ ᠯᠤᠲᠤ ᠶᠡᠭᠡ ᠡᠮᠭᠡᠨᠢᠯ ᠭᠠᠰᠢᠭᠤᠳᠠᠯ ᠤᠨ ᠳᠤᠮᠳᠠ ᠪᠦᠷᠬᠦᠭᠳᠡᠪᠡ᠃ᠣᠶᠢᠷ᠎ᠠ ᠶᠢᠨ ᠡᠳᠦᠷ ᠤᠳ ᠲᠤ᠂ ᠶᠡᠭᠡ ᠬᠦᠷᠢᠶ᠎ᠡ ᠰᠢᠶᠠᠩ ᠤᠨ ᠺᠠᠳ᠋ᠷ ᠤᠯᠠᠨ ᠲᠦᠮᠡᠨ ᠭᠦᠨ ᠬᠦᠨᠳᠦᠳᠬᠡᠯ ᠪᠠ ᠭᠦᠨ ᠰᠡᠳᠬᠢᠯᠭᠡ ᠶᠢ ᠡᠪᠦᠷᠯᠡᠵᠦ᠂ ᠵᠢᠶᠠᠩ ᠽᠧ ᠮᠢᠨ ᠨᠥᠬᠦᠷ ᠢ ᠭᠦᠨ᠋‌ᠭᠠᠰᠢᠭᠤᠳᠠᠨ ᠳᠤᠷᠠᠰᠬᠠᠵᠤ᠂ ᠰᠠᠶᠢᠨ ᠳᠤᠷ᠎ᠠ ᠠᠴᠠ ᠪᠠᠨ ᠡᠯ᠎ᠡ ᠵᠦᠢᠯ ᠤᠨ ᠪᠣᠷᠣᠭᠵᠢᠭᠤᠨ ᠠᠷᠭ᠎ᠠ ᠪᠠᠷ ᠠᠯᠤᠰ ᠬᠡᠳᠦ ᠶᠢᠨ ᠮᠥᠷᠥᠭᠡᠳᠦᠯ ᠢᠶᠠᠨ ᠢᠯᠡᠳᠬᠡᠭᠰᠡᠨ ᠪᠠᠶᠢᠨ᠎ᠠ᠃   12 ᠰᠠᠷ᠎ᠠ ᠶᠢᠨ 6 ᠤ ᠡᠳᠦᠷ᠂ ᠨᠠᠮ ᠤᠨ ᠲᠥᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠵᠢᠶᠠᠩ ᠽᠧ ᠮᠢᠨ ᠨᠥᠬᠦᠷ ᠢ ᠭᠠᠰᠢᠭᠤᠳᠠᠬᠤ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠵᠤ᠂ ᠺᠠᠳ᠋ᠷ ᠤᠯᠠᠨ ᠲᠦᠮᠡᠨ ᠰᠠᠶᠢᠨ ᠳᠤᠷ᠎ᠠ ᠠᠴᠠ ᠪᠠᠨ ᠭᠠᠰᠢᠭᠤᠳᠠᠬᠤ ᠶᠡᠭᠡ ᠬᠤᠷᠠᠯ ᠢ ᠵᠣᠬᠢᠶᠠᠨ ᠪᠠᠶᠢᠭᠤᠯᠵᠤ᠂ ᠵᠢᠶᠠᠩ ᠽᠧ ᠮᠢᠨ ᠨᠥᠬᠦᠷ ᠢ ᠬᠠᠮᠤᠭ ᠡᠴᠦᠰ ᠤᠨ ᠨᠢᠭᠡ ᠵᠠᠮ ᠳᠤ ᠬᠦᠷᠭᠡᠵᠡᠢ᠃ᠦᠳᠡ ᠶᠢᠨ ᠡᠮᠦᠨ᠎ᠡ ᠶᠢᠨ ᠠᠷᠪᠠᠨ ᠴᠠᠭ ᠲᠤ᠂ ᠶᠡᠭᠡ ᠬᠦᠷᠢᠶ᠎ᠡ ᠰᠢᠶᠠᠩ ᠤᠨ ᠤᠳᠤᠷᠢᠳᠬᠤ ᠺᠠᠳ᠋ᠷ ᠬᠤᠷᠠᠯ ᠤᠨ ᠭᠡᠷ ᠲᠤ ᠢᠷᠡᠬᠦ ᠳᠤ᠂ ᠬᠤᠷᠠᠯ ᠤᠨ ᠭᠡᠷ ᠲᠤ ᠲᠣᠪ ᠳᠤᠭᠤᠢ ᠪᠠᠶᠢᠬᠤ ᠳᠤ᠂ ᠤᠳᠤᠷᠢᠳᠬᠤ ᠺᠠᠳ᠋ᠷᠴᠤᠳ ᠨᠢᠭᠡ ᠨᠠᠰᠤᠨ ᠤ ᠤᠶᠤᠨ ᠴᠢᠳᠠᠯ ᠢᠶᠠᠨ ᠳᠤᠮᠳᠠᠳᠤ ᠤᠯᠤᠰ ᠤᠨ ᠠᠷᠠᠳ ᠲᠦᠮᠡᠨ ᠳᠤ ᠵᠣᠷᠢᠭᠤᠯᠤᠭᠰᠠᠨ ᠠᠭᠤᠤ ᠶᠡᠭᠡ ᠡᠪ ᠬᠠᠮᠲᠤ ᠶᠢᠨ ᠦᠵᠡᠯᠲᠡᠨ ᠤ ᠲᠥᠯᠥᠭᠡ ᠨᠠᠮᠠᠨᠴᠢᠯᠠᠨ ᠭᠠᠰᠢᠭᠤᠳᠠᠪᠠ᠃   ᠭᠠᠰᠢᠭᠤᠳᠠᠯ ᠤᠨ ᠬᠤᠷᠠᠯ ᠤᠨ ᠳᠠᠷᠠᠭ᠎ᠠ᠂ ᠰᠤᠮᠤ ᠶᠢᠨ ᠨᠠᠮ ᠤᠨ ᠬᠤᠷᠢᠶᠠᠨ ᠤ ᠱᠦᠵᠢ ᠲᠢᠶᠠᠨ ᠵᠧᠨ ᠭᠠᠩ ᠨᠥᠬᠦᠷ ᠬᠡᠯᠡᠬᠦ ᠳᠡᠭᠡᠨ᠄ ︽ᠪᠢᠳᠡ ᠡᠮᠭᠡᠨᠢᠯ ᠭᠠᠰᠢᠭᠤᠳᠠᠯ ᠢᠶᠠᠨ ᠬᠦᠴᠦᠨ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠭᠠᠰᠢᠭᠤᠳᠠᠯ ᠢᠶᠠᠨ ᠢᠯᠡᠳᠬᠡᠵᠦ᠂ ᠵᠢᠶᠠᠩ ᠽᠧ ᠮᠢᠨ ᠨᠥᠬᠦᠷ ᠤᠨ ᠭᠡᠷᠢᠶᠡᠰ ᠵᠣᠷᠢᠭ ᠢ ᠵᠠᠯᠭᠠᠮᠵᠢᠯᠠᠨ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠤᠬᠠᠮᠰᠠᠷ ᠠᠴᠠ ᠪᠠᠨ ᠪᠦᠯᠬᠦᠮᠳᠡᠵᠦ᠂ ᠲᠤᠬᠠᠶᠢᠯᠠᠭᠰᠠᠨ ᠠᠵᠢᠯ ᠤᠨ ᠪᠠᠶᠢᠷᠢᠨ ᠳᠠᠭᠠᠨ ᠲᠠᠬᠢᠨ ᠰᠢᠨ᠎ᠡ ᠭᠠᠪᠢᠶ᠎ᠠ ᠪᠠᠶᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ︾ ᠭᠡᠵᠡᠢ᠃   ᠲᠢᠶᠠᠨ ᠵᠧᠨ ᠭᠠᠩ ᠨᠥᠬᠦᠷ ᠤᠨ ᠦᠭᠡᠨ ᠳᠤ ᠤᠳᠤᠷᠢᠳᠬᠤ ᠺᠠᠳ᠋ᠷᠴᠤᠳ ᠤᠨ ᠰᠡᠳᠬᠢᠯ ᠤᠨ ᠦᠭᠡ ᠶᠢ ᠬᠡᠯᠡᠵᠦ᠂ ᠨᠥᠬᠦᠳ ᠡᠭᠦᠨ ᠤ ᠲᠤᠬᠠᠢ ᠢᠯᠡᠳᠬᠡᠵᠡᠭᠡᠵᠦ ᠪᠠᠶᠢᠯ᠎ᠠ᠃ ᠡᠮᠭᠡᠨᠢᠯ ᠭᠠᠰᠢᠭᠤᠳᠠᠯ ᠢᠶᠠᠨ ᠬᠦᠴᠦᠨ ᠪᠣᠯᠭᠠᠵᠤ᠂ ᠭᠡᠷᠢᠶᠡᠰ ᠵᠣᠷᠢᠭ ᠢ ᠵᠠᠯᠭᠠᠮᠵᠢᠯᠠᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠤᠬᠠᠮᠰᠠᠷ ᠠᠴᠠ ᠪᠠᠨ ᠪᠦᠯᠬᠦᠮᠳᠡᠵᠦ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾  ᠢ ᠴᠢᠩᠭᠠᠳᠬᠠᠵᠤ᠂ ︽ᠲᠦᠷᠪᠡᠨ ᠢᠲᠡᠭᠡᠯ︾  ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ︕                                                                 ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2