ᠶᠠᠩ ᠸᠧᠨ ᠾᠦᠢ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 13 ᠳ᠋ᠤᠭᠠᠷ ᠤᠳᠠᠭ᠎ᠠ ᠶᠢᠨ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/8
   12 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 13 ᠳ᠋ᠤᠭᠠᠷ ᠤᠳᠠᠭ᠎ᠠ ᠶᠢᠨ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ᠰᠢᠶᠠᠨ ᠤ ᠤᠳᠤᠷᠢᠳᠤᠯᠭ᠎ᠠ ᠰᠢᠶᠦᠶᠢᠩ ᠸᠧᠢ᠂ ᠯᠢᠦ ᠷᠦᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃
  ᠬᠤᠷᠠᠯ ᠠᠴᠠ᠂︽ᠠᠵᠤ ᠦᠢᠯᠡᠳᠪᠦᠷᠢ ᠶᠢᠨ ᠥᠭᠡᠷᠡᠴᠢᠯᠡᠯᠲᠡ︾ ᠶᠢᠨ ᠠᠵᠢᠯ ᠪᠣᠯ︽ᠲᠠᠯᠪᠢᠬᠤ ᠬᠠᠮᠢᠶᠠᠷᠬᠤ ᠦᠢᠯᠡᠴᠢᠯᠡᠬᠦ︾ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠬᠦᠴᠦᠲᠡᠢ ᠭᠠᠷᠳᠠᠴᠠ ᠮᠥᠨ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠬᠦ ᠴᠢᠬᠤᠯᠠ ᠭᠤᠭᠴᠤᠭ᠎ᠠ ᠮᠥᠨ᠃ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂︽ᠠᠵᠤ ᠦᠢᠯᠡᠳᠪᠦᠷᠢ ᠶᠢᠨ ᠥᠭᠡᠷᠡᠴᠢᠯᠡᠯᠲᠡ︾ ᠶᠢᠨ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃   ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠨ ᠬᠠᠮᠵᠢᠯᠴᠠᠵᠤ᠂ ᠲᠤᠰ ᠪᠡᠶ᠎ᠡ ᠶᠢᠨ ᠡᠭᠦᠷᠭᠡ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠵᠤ᠂ ︽ᠠᠵᠤ ᠦᠢᠯᠡᠳᠪᠦᠷᠢ ᠶᠢᠨ ᠥᠭᠡᠷᠡᠴᠢᠯᠡᠯᠲᠡ︾ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ︔ ᠡᠭᠦᠨ ᠤ ᠬᠠᠮᠲᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠳᠦᠷᠢᠮ ᠤᠨ ᠬᠢᠵᠠᠭᠠᠷᠯᠠᠯ ᠢ ᠴᠢᠩᠭᠠᠳᠬᠠᠵᠤ᠂ ᠰᠡᠳᠬᠢᠴᠡ ᠪᠠᠨ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠵᠤ᠂ ︽ᠨᠢᠭᠡ ᠦᠷᠳᠡᠭᠡ ᠶᠢᠨ ᠬᠡᠯᠪᠡᠷᠢ︾ ᠶᠢᠨ ᠲᠥᠪᠯᠡᠷᠡᠩᠭᠦᠢ ᠦᠢᠯᠡᠴᠢᠯᠡᠭᠡ ᠶᠢ ᠢᠳᠡᠪᠬᠢᠲᠡᠢ ᠠᠬᠢᠭᠤᠯᠵᠤ᠂ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ︽ᠠᠵᠤ ᠦᠢᠯᠡᠳᠪᠦᠷᠢ ᠶᠢᠨ ᠥᠭᠡᠷᠡᠴᠢᠯᠡᠯᠲᠡ︾ ᠶᠢᠨ ᠠᠵᠢᠯ ᠤᠨ ᠭᠦᠨᠵᠡᠭᠡᠶᠢᠷᠡᠨ ᠪᠣᠭᠤᠮᠲᠠ ᠰᠢᠪᠲᠤᠯᠬᠤ ᠰᠢᠪᠲᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠬᠤᠷᠠᠯ ᠠᠴᠠ ᠪᠠᠰᠠ ᠥᠷᠢ ᠥᠭᠴᠡᠭᠡ ᠶᠢ ᠠᠷᠢᠯᠭᠠᠬᠤ᠂ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠵᠠᠰᠠᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃                                                              ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2