ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠳᠤ ᠬᠦᠴᠦ ᠨᠡᠮᠡᠷᠢᠯᠡᠬᠦ ᠳᠤ ᠪᠢᠳᠡ ᠶᠠᠭᠤ ᠶᠠᠭᠤ ᠬᠢᠵᠦ ᠪᠣᠯᠬᠤ ᠪᠤᠢ︖
ᠨᠡᠶᠢᠲᠡᠯᠡᠭᠰᠡᠨ ᠴᠠᠭ᠄
2022/12/8
ᠢᠳᠡᠬᠦ᠂ ᠡᠮᠦᠰᠬᠦ᠂ ᠰᠠᠭᠤᠬᠤ᠂ ᠶᠠᠪᠤᠬᠤ᠂ ᠬᠡᠷᠡᠭᠯᠡᠬᠦ ᠳᠤ ᠴᠥᠮ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠤᠢ ᠪᠣᠯᠭᠠᠳᠠᠭ᠃ᠡᠶᠢᠮᠦ ᠠᠴᠠ ᠪᠢᠳᠡ ᠪᠠᠰᠠ ᠡᠨᠡ ᠲᠠᠪᠤᠨ ᠲᠠᠯ᠎ᠠ ᠪᠠᠷ ᠴᠢᠷᠮᠠᠶᠢᠵᠤ ᠪᠣᠯᠣᠨ᠎ᠠ᠄① ᠢᠳᠡᠬᠦ᠂ ᠢᠳᠡᠭᠡᠨ ᠢ ᠪᠦᠷᠢᠯᠭᠡᠬᠦ ᠠᠴᠠ ᠰᠡᠷᠭᠡᠶᠢᠯᠡᠨ᠎ᠡ᠃ᠠᠮᠤ ᠪᠤᠳᠠᠭᠠᠨ ᠤ ᠦᠢᠯᠡᠳᠪᠦᠷᠢᠯᠡᠯ ᠨᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠳᠠᠭ᠂ ᠠᠮᠤ ᠪᠤᠳᠠᠭ᠎ᠠ ᠶᠢ ᠲᠠᠷᠢᠬᠤ᠂ ᠪᠣᠯᠪᠠᠰᠤᠷᠠᠭᠤᠯᠬᠤ᠂ ᠵᠥᠭᠡᠭᠡᠪᠦᠷᠢᠯᠡᠬᠦ᠂ ᠬᠤᠭᠤᠯᠠᠨ ᠰᠢᠷᠡᠭᠡᠨ ᠳᠤ ᠭᠠᠷᠭᠠᠬᠤ ᠵᠡᠷᠭᠡ ᠭᠤᠭᠴᠤᠭ᠎ᠠ ᠪᠦᠷᠢ ᠳᠤ ᠴᠥᠮ ᠴᠢᠯᠠᠭᠤᠵᠢᠮᠠᠯ ᠲᠦᠯᠡᠰᠢ ᠪᠠ ᠴᠠᠬᠢᠯᠭᠠᠨ ᠬᠦᠴᠦᠨ ᠤ ᠬᠡᠷᠡᠭᠯᠡᠯᠲᠡ ᠲᠠᠢ ᠪᠠᠶᠢᠳᠠᠭ᠂ ᠭᠡᠪᠡᠴᠦ ᠪᠣᠯᠪᠠᠰᠤᠷᠠᠭᠤᠯᠬᠤ ᠳᠤ ᠨᠡᠩ ᠶᠡᠭᠡ ᠰᠦᠢᠳᠬᠡᠳᠡᠭ ᠶᠤᠮ᠃ᠣᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠠᠮᠤ ᠪᠤᠳᠠᠭ᠎ᠠ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠶᠢᠨ 2021 ᠣᠨ ᠤ ᠪᠦᠷᠢᠳᠬᠡᠯ ᠠᠴᠠ ᠦᠵᠡᠪᠡᠯ᠂ ᠪᠥᠬᠦ ᠳᠡᠯᠡᠬᠡᠢ ᠶᠢᠨ ᠪᠠᠷᠤᠭ 1/3 ᠶᠢᠨ ᠠᠮᠤ ᠪᠤᠳᠠᠭ᠎ᠠ ᠬᠤᠷᠣᠭᠳᠠᠨ ᠪᠦᠷᠢᠯᠭᠡᠭᠳᠡᠵᠦ᠂ ᠬᠠᠶᠠᠭᠰᠠᠨ ᠠᠮᠤ ᠪᠤᠳᠠᠭᠠᠨ ᠤ ᠶᠡᠷᠦᠩᠬᠡᠢ ᠬᠡᠮᠵᠢᠶ᠎ᠡ 13 ᠳ᠋ᠦᠩᠰᠢᠭᠤᠷ ᠲᠣᠨ ᠳᠤ ᠬᠦᠷᠴᠦ᠂ ᠪᠥᠬᠦ ᠳᠡᠯᠡᠬᠡᠢ ᠶᠢᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢᠨ 8%~10% ᠶᠢ ᠡᠵᠡᠯᠡᠵᠦ ᠪᠠᠶᠢᠨ᠎ᠠ᠃② ᠡᠮᠦᠰᠬᠦ᠂ ᠬᠡᠷᠡᠭᠯᠡᠭᠡᠨ ᠤ ᠳᠠᠳᠬᠠᠯ ᠢ ᠰᠢᠯᠢᠳᠡᠭᠵᠢᠭᠦᠯᠦᠨ᠎ᠡ᠃ᠬᠠᠶᠠᠭᠳᠠᠯ ᠡᠳ᠋ ᠤᠨ ᠪᠣᠶ ᠪᠣᠯᠬᠤ ᠶᠢ ᠪᠠᠭᠠᠰᠬᠠᠬᠤ ᠶᠢᠨ ᠵᠠᠩᠭᠢᠯᠠᠭ᠎ᠠ ᠨᠢ ᠬᠠᠰᠢ ᠯᠠ ᠶᠡᠭᠡ ᠬᠡᠮᠵᠢᠶ᠎ᠡ ᠪᠠᠷ ᠬᠤᠳᠠᠯᠳᠤᠨ ᠠᠪᠬᠤ ᠶᠢ ᠲᠡᠪᠴᠢᠵᠦ᠂ ᠡᠮᠦᠰᠬᠦ ᠦᠭᠡᠢ ᠬᠠᠭᠤᠴᠢᠨ ᠬᠤᠪᠴᠠᠰᠤ ᠶᠢ ᠳᠤᠷ᠎ᠠ ᠪᠠᠷ ᠢᠶᠠᠨ ᠬᠠᠶᠠᠵᠤ ᠪᠣᠯᠬᠤ ᠦᠭᠡᠢ᠂ ᠬᠤᠷᠢᠶᠠᠨ ᠠᠪᠴᠤ ᠠᠰᠢᠭᠯᠠᠵᠤ ᠪᠣᠯᠣᠨ᠎ᠠ ᠭᠡᠵᠦ ᠲᠤᠰᠬᠠᠢ ᠮᠡᠷᠭᠡᠵᠢᠯᠲᠡᠳ ᠦᠵᠡᠵᠦ ᠪᠠᠶᠢᠨ᠎ᠠ᠃③ ᠰᠠᠭᠤᠬᠤ᠂ ᠥᠨᠳᠥᠷ ᠡᠨᠧᠷᠭᠢᠲᠦ ᠠᠭᠠᠷ ᠲᠣᠬᠢᠷᠠᠭᠤᠯᠤᠭᠴᠢ ᠶᠢ ᠬᠤᠳᠠᠯᠳᠤᠨ ᠠᠪᠤᠨ᠎ᠠ᠃ᠪᠠᠶᠢᠩᠭᠤ ᠲᠣᠬᠢᠶᠠᠯᠳᠤᠳᠠᠭ ᠠᠭᠠᠷ ᠲᠣᠬᠢᠷᠠᠭᠤᠯᠤᠭᠴᠢ ᠶᠢᠨ ᠡᠨᠧᠷᠭᠢ ᠶᠢᠨ ᠠᠰᠢᠭᠯᠠᠮᠵᠢ ᠶᠢᠨ ᠲᠠᠰ ᠨᠢ ᠭᠤᠷᠪᠠᠨ ᠳᠡᠰ ᠪᠠᠶᠢᠵᠤ᠂ ᠨᠢᠭᠡᠳᠦᠭᠡᠷ ᠳᠡᠰ ᠤᠨ ᠡᠨᠧᠷᠭᠢ ᠶᠢᠨ ᠠᠰᠢᠭᠯᠠᠮᠵᠢ ᠨᠢ ᠬᠠᠮᠤᠭ ᠤᠨ ᠳᠡᠭᠡᠳᠦ ᠳᠡᠰ ᠤᠨ ᠡᠨᠧᠷᠭᠢ ᠶᠢᠨ ᠠᠰᠢᠭᠯᠠᠮᠵᠢ ᠲᠠᠢ᠂ ᠭᠤᠷᠪᠠᠳᠤᠭᠠᠷ ᠳᠡᠰ ᠨᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠠᠰ ᠪᠣᠯᠣᠨ᠎ᠠ᠂ ᠥᠨᠳᠥᠷ ᠡᠨᠧᠷᠭᠢ ᠶᠢᠨ ᠠᠰᠢᠭᠯᠠᠮᠵᠢ ᠲᠠᠢ ᠠᠭᠠᠷ ᠲᠣᠬᠢᠷᠠᠭᠤᠯᠤᠭᠴᠢ ᠶᠢᠨ ᠦᠨ᠎ᠡ ᠨᠢ ᠵᠢᠭᠠᠬᠠᠨ ᠦᠨᠡᠲᠡᠢ ᠪᠠᠶᠢᠵᠤ ᠮᠡᠳᠡᠨ᠎ᠡ᠂ ᠭᠡᠪᠡᠴᠦ ᠬᠡᠷᠡᠭᠯᠡᠬᠦ ᠳᠤ ᠨᠠᠩ ᠵᠣᠭᠤᠰ ᠠᠷᠪᠢᠯᠠᠨ᠎ᠠ᠃ᠡᠭᠦᠨ ᠠᠴᠠ ᠭᠠᠳᠠᠨ᠎ᠠ ᠠᠭᠠᠷ ᠲᠣᠬᠢᠷᠠᠭᠤᠯᠤᠭᠴᠢ ᠶᠢᠨ ᠳᠤᠯᠠᠭᠠᠨ ᠤ ᠬᠡᠮᠵᠢᠶ᠎ᠡ ᠶᠢ ᠵᠤᠨ ᠤ ᠤᠯᠠᠷᠢᠯ ᠳᠤ 26℃ ᠣᠷᠴᠢᠮ᠂ ᠡᠪᠦᠯ ᠤᠨ ᠤᠯᠠᠷᠢᠯ ᠳᠤ 18℃ ᠠᠴᠠ 20℃ ᠪᠠᠶᠢᠵᠤ᠂ ᠪᠡᠶ᠎ᠡ ᠳᠤ ᠲᠠᠭᠠᠯᠠᠮᠵᠢᠲᠠᠢ ᠰᠠᠨᠠᠭᠳᠠᠳᠠᠭ᠃ᠡᠭᠦᠨ ᠤ ᠬᠠᠮᠲᠤ ᠪᠠᠰᠠ ᠡᠨᠧᠷᠭᠢ ᠶᠢᠨ ᠰᠤᠷᠪᠤᠯᠵᠢ ᠶᠢ ᠶᠡᠭᠡ ᠪᠠᠷ ᠠᠷᠪᠢᠯᠠᠵᠤ ᠪᠣᠯᠣᠨ᠎ᠠ᠃④ᠳᠣᠣᠷ᠎ᠠ ᠨᠡᠭᠦᠷᠡᠰᠦᠲᠥ᠋ᠷᠥᠭᠴᠢᠲᠦ ᠠᠶᠠᠯᠠᠯ ᠢᠶᠠᠷ ᠶᠠᠪᠤᠬᠤ᠃ᠵᠠᠮ ᠬᠠᠷᠢᠯᠴᠠᠭ᠎ᠠ ᠪᠣᠯ ᠬᠠᠮᠤᠭ ᠤᠨ ᠴᠢᠬᠤᠯᠠ ᠠᠵᠢᠯᠯᠠᠭᠠᠨ ᠤ ᠬᠦᠷᠢᠶ᠎ᠡ ᠴᠠᠷᠠᠭ᠎ᠠ ᠶᠢᠨ ᠨᠢᠭᠡ ᠪᠣᠯᠣᠨ᠎ᠠ᠂ ᠭᠠᠳᠠᠭᠰᠢ ᠭᠠᠷᠬᠤ ᠳᠤ ᠶᠠᠪᠠᠭᠠᠨ ᠶᠠᠪᠤᠬᠤ᠂ ᠳᠤᠭᠤᠢ ᠤᠨᠤᠬᠤ ᠪᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠪᠠᠷ ᠭᠤᠣᠯ ᠪᠣᠯᠭᠠᠪᠠᠯ ᠬᠠᠮᠤᠭ ᠰᠠᠶᠢᠨ᠃ᠬᠤᠯᠠ ᠶᠢᠨ ᠵᠠᠮ ᠠᠴᠠ ᠦᠵᠡᠪᠡᠯ᠂ ᠲᠡᠮᠦᠷ ᠵᠠᠮ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠨᠢ ᠬᠠᠮᠤᠭ ᠤᠨ ᠪᠠᠭ᠎ᠠ ᠪᠠᠶᠢᠳᠠᠭ᠃⑤ ᠬᠡᠷᠡᠭᠯᠡᠬᠦ᠂ ᠡᠳᠦᠷ ᠲᠤᠲᠤᠮ ᠤᠨ ᠠᠮᠢᠳᠤᠷᠠᠯ ᠤᠨ ᠳᠤᠮᠳᠠ ᠴᠠᠬᠢᠯᠭᠠᠨ ᠤ ᠬᠤᠷᠣᠭᠳᠠᠯ ᠢ ᠪᠠᠭᠠᠰᠬᠠᠨ᠎ᠠ᠃ᠴᠠᠬᠢᠯᠭᠠᠨ ᠬᠦᠴᠦᠨ ᠤ ᠬᠤᠷᠣᠭᠳᠠᠯ ᠪᠣᠯ ᠥᠭᠡᠷ᠎ᠡ ᠨᠢᠭᠡᠨ ᠴᠢᠬᠤᠯᠠ ᠬᠦᠷᠢᠶ᠎ᠡ ᠮᠥᠨ᠂ ᠴᠠᠬᠢᠯᠭᠠᠨ ᠬᠦᠴᠦᠨ ᠤ ᠬᠤᠷᠣᠭᠳᠠᠯ ᠢ ᠪᠠᠭᠠᠰᠬᠠᠪᠠᠯ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠪᠠᠭᠠᠰᠬᠠᠬᠤ ᠪᠠᠷ ᠪᠠᠷᠠᠬᠤ ᠦᠭᠡᠢ ᠪᠠᠰᠠ ᠥᠪᠡᠷ ᠤᠨ ᠦᠷᠲᠡᠭ ᠢ ᠪᠠᠭᠤᠷᠠᠭᠤᠯᠵᠤ ᠴᠢᠳᠠᠨ᠎ᠠ᠃        ᠵᠣᠬᠢᠶᠠᠯ ᠤᠨ ᠢᠷᠡᠯᠲᠡ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠱᠠᠩᠳᠤ ᠰᠢᠶᠠᠨ ᠤ ᠬᠤᠪᠢᠶᠠᠷᠢ ᠲᠣᠪᠴᠢᠶ᠎ᠠ ᠶᠢᠨ ᠠᠯᠪᠠᠨ ᠭᠡᠷ  ᠵᠣᠬᠢᠶᠠᠭᠴᠢ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠱᠠᠩᠳᠤ ᠰᠢᠶᠠᠨ ᠤ ᠬᠤᠪᠢᠶᠠᠷᠢ ᠲᠣᠪᠴᠢᠶ᠎ᠠ ᠶᠢᠨ ᠠᠯᠪᠠᠨ ᠭᠡᠷ           ᠬᠠᠷᠢᠭᠤᠴᠠᠯᠭᠠᠲᠤ ᠨᠠᠶᠢᠷᠠᠭᠤᠯᠤᠭᠴᠢ᠄ ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2