ᠭᠤᠣᠯ ᠰᠡᠳᠦᠪ᠄ | ᠱᠠᠩᠳᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠯᠤᠰ ᠤᠨ ᠢᠳᠡᠭᠡᠨ ᠤ | ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠠᠬᠢᠴᠠ | ᠴᠠᠭ᠄ | 2022 ᠣᠨ ᠤ 9 ᠰᠠᠷ᠎ᠠ ᠶᠢᠨ 23 | ᠵᠣᠴᠢᠨ᠄ | ᠱᠠᠩᠳᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠮᠠ ᠰᠢᠶᠣᠣ | ᠴᠢᠶᠠᠩ | ᠲᠣᠪᠴᠢᠯᠠᠯ᠄ | ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠶᠣᠰᠣᠭᠠᠷ᠂ ᠰᠢᠶᠠᠨ ᠤ ᠵᠠᠰᠠᠭ ᠤᠨ ᠣᠷᠳᠣᠨ ᠤ ᠢᠳᠡᠭᠡᠨ ᠤ ᠠᠮᠤᠷ ᠲᠦᠪᠰᠢᠨ ᠤ ᠵᠥᠪᠯᠡᠯ ᠤᠨ ᠤᠳᠤᠷᠢᠳᠤᠯᠭ᠎ᠠ | ᠳᠣᠣᠷ᠎ᠠ᠂ ᠱᠠᠩᠳᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ | ᠲᠦᠪᠰᠢᠨ ᠤ ᠠᠵᠢᠯ ᠤᠨ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠶᠢ ᠴᠢᠩᠭ᠎ᠠ ᠬᠠᠮᠢᠶᠠᠷᠬᠤ᠂ | ᠠᠶᠤᠯ ᠲᠦᠭᠰᠢᠭᠦᠷᠢ ᠶᠢ ᠴᠢᠩᠭ᠎ᠠ ᠡᠵᠡᠮᠳᠡᠬᠦ᠂ ᠬᠠᠤᠯᠢ ᠠᠴᠠ ᠵᠥᠷᠢᠴᠡᠨ ᠴᠢᠩᠭ᠎ᠠ ᠰᠢᠳᠬᠡᠬᠦ ᠶᠡᠷᠦᠩᠬᠡᠢ ᠬᠥᠭ | ᠠᠶᠠᠰ ᠢ ᠦᠨᠳᠦᠰᠦᠯᠡᠵᠦ᠂ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠠᠵᠢᠯ ᠤᠨ ᠳᠤᠮᠳᠠᠬᠢ ᠠᠮᠤᠷ | ᠲᠦᠪᠰᠢᠨ ᠤ ᠬᠤᠷᠢᠭ᠎ᠠ ᠱᠤᠭᠤᠮ ᠢ ᠪᠠᠲᠤᠳᠬᠠᠬᠤ ᠪᠠᠷ ᠰᠠᠭᠤᠷᠢ ᠪᠣᠯᠭᠠᠵᠤ᠂ ᠮᠠᠨ ᠤ ᠰᠢᠶᠠᠨ ᠤ︽ᠤᠯᠤᠰ ᠤᠨ | ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ︾ ᠶᠢ ᠡᠭᠦᠳᠦᠨ ᠪᠠᠶᠢᠭᠤᠯᠬᠤ ᠠᠵᠢᠯ ᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠪᠣᠯᠣᠨ ᠲᠦᠪᠰᠢᠨ ᠢ | ᠲᠠᠰᠤᠷᠠᠯᠳᠡ ᠦᠭᠡᠢ ᠳᠡᠭᠡᠭᠰᠢᠯᠡᠭᠦᠯᠵᠦ᠂ ᠠᠷᠠᠳ ᠤᠯᠠᠨ ᠢ ᠰᠠᠨᠠᠭ᠎ᠠ ᠠᠮᠤᠷ ᠢᠳᠡᠭᠦᠯᠵᠦ᠂ ᠰᠠᠨᠠᠭ᠎ᠠ ᠠᠮᠤᠷ ᠢᠳᠡᠭᠦᠯᠵᠦ᠂ | ᠰᠢᠯᠢᠳᠡᠭ ᠰᠠᠶᠢᠨ ᠠᠵᠢᠯ ᠤᠨ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠤᠭᠲᠤᠬᠤ ᠬᠡᠷᠡᠭᠲᠡᠢ᠃ | | ᠰᠤᠷᠪᠤᠯᠵᠢᠯᠠᠨ ᠶᠠᠷᠢᠯᠴᠠᠭᠰᠠᠨ ᠠᠭᠤᠯᠭ᠎ᠠ᠄ | 【ᠰᠤᠷᠪᠤᠯᠵᠢᠯᠠᠭᠴᠢ】᠄ ᠲᠠ ᠱᠠᠩᠳᠤ ᠰᠢᠶᠠᠨ ᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ | ᠠᠬᠤᠶᠢᠯᠠᠯ ᠤᠨ ᠦᠨᠳᠦᠰᠦᠨ ᠪᠠᠶᠢᠳᠠᠯ ᠢ ᠪᠢᠳᠡᠨ ᠳᠤ ᠲᠠᠨᠢᠯᠴᠠᠭᠤᠯᠤᠭᠠᠳ ᠥᠭᠭᠦᠨ᠎ᠡ ᠤᠤ︖ | 【ᠮᠠ ᠰᠢᠶᠣᠣ ᠴᠢᠶᠠᠩ】᠄ ᠪᠥᠬᠦ ᠰᠢᠶᠠᠨ ᠤ ᠬᠠᠷᠢᠶ᠎ᠠ ᠲᠣᠭᠤᠷᠢᠭ ᠲᠤ ᠣᠲᠣ ᠢᠳᠡᠭᠡᠨ ᠦᠢᠯᠡᠳᠪᠦᠷᠢᠯᠡᠵᠦ | ᠡᠳ᠋ᠰᠢᠭᠦᠯᠬᠦ ᠠᠵᠤ ᠠᠬᠤᠶᠢᠯᠠᠯ ︵ᠵᠢᠵᠢᠭ ᠦᠢᠯᠡᠳᠬᠡᠯ ᠤᠨ ᠭᠠᠵᠠᠷ ᠪᠠᠭᠲᠠᠨ᠎ᠠ︶ 81᠂ ᠢᠳᠡᠭᠡᠨ ᠤ ᠭᠦᠢᠯᠭᠡᠭᠡᠨ ᠤ | ᠠᠵᠤ ᠠᠬᠤᠶᠢᠯᠠᠯ ︵ᠬᠤᠪᠢ ᠶᠢᠨ ᠳᠡᠯᠭᠡᠭᠦᠷ ᠪᠠᠭᠲᠠᠨ᠎ᠠ︶ 300᠂ ᠢᠳᠡᠭᠡᠨ ᠤᠮᠳᠠᠭᠠᠨ ᠤ ᠦᠢᠯᠡᠴᠢᠯᠡᠭᠡᠨ ᠤ | ᠦᠢᠯᠡᠰ ︵ᠡᠯ᠎ᠡ ᠲᠥᠷᠥᠯ ᠤᠨ ᠬᠤᠭᠤᠯᠠᠨ ᠭᠡᠷ ᠪᠠᠭᠲᠠᠨ᠎ᠠ︶ 360᠂ ᠢᠳᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠣᠷ ᠴᠢᠭ᠋ ᠨᠡᠶᠢᠲᠡ 741 ᠪᠣᠶ᠃ | 【ᠰᠤᠷᠪᠤᠯᠵᠢᠯᠠᠭᠴᠢ】᠄ ᠮᠠᠨ ᠤ ᠰᠢᠶᠠᠨ ᠤ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ | ᠬᠤᠳᠠ ᠶᠢ ᠡᠭᠦᠳᠦᠨ ᠪᠠᠶᠢᠭᠤᠯᠬᠤ ᠭᠤᠣᠯ ᠠᠵᠢᠯ ᠢ ᠥᠷᠨᠢᠭᠦᠯᠦᠭᠰᠡᠨ ᠪᠠᠶᠢᠳᠠᠯ ᠶᠠᠭᠤ ᠶᠠᠭᠤ ᠪᠠᠶᠢᠬᠤ ᠪᠤᠢ︖ | 【ᠮᠠ ᠰᠢᠶᠣᠣ ᠴᠢᠶᠠᠩ】᠄ ︵ᠨᠢᠭᠡ︶ ᠠᠯᠤᠰ ᠬᠡᠲᠦ ᠶᠢᠨ ᠬᠥᠭᠵᠢᠯᠲᠡ ᠶᠢ ᠪᠠᠷᠢᠮᠲᠠᠯᠠᠵᠤ᠂ ᠥᠨᠳᠥᠷ | ᠪᠠᠷᠢᠮᠵᠢᠶ᠎ᠠ ᠪᠠᠷ ᠪᠠᠶᠢᠷᠢ ᠲᠣᠭᠲᠠᠭᠠᠯᠲᠠ ᠬᠢᠵᠦ᠂ ᠥᠨᠳᠥᠷ ᠶᠠᠰᠤ ᠴᠢᠨᠠᠷ ᠢᠶᠠᠷ ᠬᠤᠲᠠ ᠶᠢ ᠴᠣᠭᠴᠠᠯᠠᠨ᠎ᠠ | 1.ᠬᠠᠷᠠᠯᠲᠠ ᠪᠠᠨ ᠴᠢᠩᠭ᠎ᠠ ᠠᠳᠬᠤᠵᠤ᠂ ᠳᠣᠲᠣᠨ᠎ᠠ ᠭᠠᠳᠠᠨᠠᠬᠢ ᠶᠢ ᠵᠡᠷᠭᠡᠪᠡᠷ ᠵᠠᠰᠠᠵᠤ᠂ ᠥᠨᠳᠥᠷ ᠭᠠᠷᠤᠭ᠎ᠠ ᠠᠴᠠ | ᠬᠤᠲᠠ ᠪᠠᠶᠢᠭᠤᠯᠬᠤ ᠶᠢ ᠠᠬᠢᠭᠤᠯᠤᠨ᠎ᠠ᠃4 ᠰᠠᠷ᠎ᠠ ᠶᠢᠨ ᠰᠡᠭᠦᠯᠴᠢ ᠪᠠᠷ ᠪᠢᠳᠡ ᠪᠦᠬᠦ ᠲᠠᠯ᠎ᠠ ᠶᠢᠨ ᠰᠢᠯᠢᠳᠡᠭ | ᠬᠦᠴᠦᠨ ᠢ ᠲᠠᠲᠠᠵᠤ ᠵᠢᠨᠢᠩ ᠲᠣᠭᠤᠷᠢᠭ ᠤᠨ ᠬᠤᠳᠠ ᠶᠢ ᠪᠠᠶᠢᠭᠤᠯᠬᠤ ᠠᠵᠢᠯ ᠤᠨ ᠬᠢᠯᠠᠰ ᠴᠡᠭ ᠢ ᠲᠣᠭᠤᠷᠢᠨ | ᠦᠵᠡᠵᠦ ᠰᠤᠷᠤᠯᠴᠠᠪᠠ᠃ᠲᠥᠰᠥᠯ ᠢ ᠨᠠᠷᠢᠨ ᠬᠢᠨᠠᠮᠠᠭᠠᠢ ᠰᠤᠳᠤᠯᠤᠨ᠂ ᠠᠷᠭ᠎ᠠ ᠬᠡᠮᠵᠢᠶ᠎ᠡ ᠲᠣᠭᠲᠠᠭᠠᠵᠤ᠂ ᠡᠯ᠎ᠡ ᠰᠠᠯᠠᠭ᠎ᠠ | ᠮᠥᠴᠢᠷ ᠤᠨ ᠬᠤᠭᠤᠷᠣᠨᠳᠤ ᠪᠠᠨ ᠵᠣᠬᠢᠴᠠᠯᠳᠤᠨ ᠪᠠᠶᠢᠯᠳᠤᠵᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠪᠡᠭᠡᠵᠢᠩ | ᠥᠪᠥᠷ ᠮᠣᠩᠭᠤᠯ ᠤᠨ ᠳ᠋ᠦ᠋ ᠱᠠᠨ ᠶᠡᠭᠡ ᠵᠡᠭᠡᠯᠢ ᠶᠢ ︽ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠵᠡᠭᠡᠯᠢ︾ | ᠪᠣᠯᠭᠠᠨ ᠪᠠᠶᠢᠭᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠡᠶᠡᠯᠡᠭᠦᠯᠪᠡ︔ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠨ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠤᠨ ᠪᠦᠬᠦ ᠨᠡᠶᠢᠭᠡᠮ ᠳᠠᠬᠢ ᠲᠥᠪ ᠴᠢᠩᠭ᠎ᠠ ᠳᠦᠷᠢ ᠲᠥᠷᠬᠦ ᠶᠢ ᠳᠣᠪᠤᠶᠢᠯᠭᠠᠵᠤ᠂ ᠪᠥᠬᠦ | ᠬᠤᠲᠠ ᠶᠢᠨ ᠪᠠᠷᠢᠮᠵᠢᠶᠠᠵᠢᠭᠤᠯᠤᠭᠰᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠢ ᠭᠤᠷᠪᠠᠨ | ᠪᠠᠶᠢᠭᠤᠯᠵᠤ᠂ ᠣᠯᠠᠨ ᠵᠢᠯ ᠬᠠᠮᠠᠭᠠᠯᠠᠭᠠ ᠦᠭᠡᠢ ᠪᠠᠶᠢᠭᠰᠠᠨ ᠲᠣᠪᠴᠢᠶ᠎ᠠ ᠶᠢᠨ ᠪᠠᠶᠢᠭᠤᠯᠭ᠎ᠠ ᠶᠢᠨ ᠠᠯᠪᠠᠨ ᠠᠰᠠᠷ ᠤᠨ | ᠭᠠᠳᠠᠷ ᠬᠡᠷᠡᠮ ᠵᠢᠴᠢ ᠬᠦᠷᠢᠶᠡᠨ ᠳᠣᠲᠣᠷᠠᠬᠢ ᠲᠡᠷᠭᠡᠨ ᠵᠣᠭᠰᠣᠭᠠᠯ ᠢ ᠰᠢᠨᠡᠳᠬᠡᠵᠦ᠂ ᠢᠯᠠᠩᠭᠤᠶ᠎ᠠ ᠲᠣᠪᠴᠢᠶ᠎ᠠ ᠶᠢᠨ | ᠰᠢᠨ᠎ᠡ ᠨᠡᠷ᠎ᠡ᠂ ᠲᠣᠪᠴᠢᠶ᠎ᠠ ᠶᠢᠨ ᠰᠦᠯᠳᠡ ᠶᠢ ᠡᠯᠭᠦᠭᠰᠡᠨ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠢᠰᠲ᠋ᠧᠮ ᠤᠨ ᠵᠢᠷᠤᠮᠵᠢᠯ ᠤᠨ ᠲᠡᠮᠳᠡᠭ ᠤᠨ ᠭᠤᠣᠯ ᠬᠦᠴᠦᠨ ᠵᠦᠢᠯ ᠢ ᠤᠯᠠᠮ ᠨᠢᠭᠡ ᠠᠯᠬᠤᠮ ᠢᠯᠡᠷᠡᠭᠦᠯᠵᠦ᠂ | ᠮᠠᠨ ᠤ ᠲᠣᠪᠴᠢᠶ᠎ᠠ ᠶᠢᠨ ᠢᠳᠡᠭᠡᠨ ᠤ ᠠᠮᠤᠷ ᠲᠦᠪᠰᠢᠨ ᠤ ᠬᠤᠲᠠ ᠪᠠᠶᠢᠭᠤᠯᠬᠤ ᠠᠵᠢᠯ ᠤᠨ ᠥᠨᠳᠥᠷ ᠪᠠᠷᠢᠮᠵᠢᠶ᠎ᠠ ᠪᠠᠷ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | 2.ᠳᠠᠪᠠᠭᠤᠯᠢᠭ ᠢᠶᠠᠨ ᠳᠣᠪᠤᠶᠢᠯᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠨᠢᠭᠡ ᠳᠤ᠂ ᠴᠡᠭ ᠪᠠᠶᠢᠷᠢ ᠶᠢᠨ ᠪᠠᠶᠢᠴᠠᠭᠠᠯᠲᠠ ᠶᠢᠨ 20% ᠶᠢ ᠦᠨᠳᠦᠰᠦᠯᠡᠨ᠂ ᠢᠳᠡᠭᠡᠨ ᠤᠮᠳᠠᠭᠠᠨ ᠤ ᠠᠵᠤ | ᠠᠬᠤᠶᠢᠯᠠᠯ᠂ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ᠂ ᠳᠤᠮᠳᠠ ᠵᠡᠷᠭᠡ ᠶᠢᠨ ᠲᠣᠮᠣ | ᠬᠡᠯᠪᠡᠷᠢ ᠶᠢᠨ ᠬᠡᠲᠦ ᠳᠡᠯᠭᠡᠭᠦᠷ᠂ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠢ ᠪᠠᠭᠲᠠᠭᠠᠭᠰᠠᠨ 121 | ᠡᠷᠦᠬᠡ ᠶᠢ ᠭᠤᠣᠯᠳᠠᠯᠭ᠎ᠠ ᠲᠠᠢ ᠰᠣᠩᠭᠤᠵᠤ᠂ ᠢᠳᠡᠭᠡᠨ ᠪᠣᠯᠪᠠᠰᠤᠷᠠᠭᠤᠯᠬᠤ ᠵᠢᠵᠢᠭ ᠦᠢᠯᠡᠳᠬᠡᠯ ᠢ ᠮᠠᠨ ᠤ ᠰᠢᠶᠠᠨ ᠤ | ︽ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ︾ ᠶᠢ ᠡᠭᠦᠳᠦᠨ ᠪᠠᠶᠢᠭᠤᠯᠬᠤ ᠳᠤ | ᠣᠷᠤᠯᠴᠠᠬᠤ ᠭᠤᠣᠯᠳᠠᠯᠭ᠎ᠠ ᠲᠠᠢ ᠴᠡᠭ ᠪᠠᠶᠢᠷᠢ ᠪᠣᠯᠭᠠᠨ ᠨᠢᠭᠡᠳᠦᠯᠲᠡᠢ ᠵᠢᠷᠤᠮᠵᠢᠭᠤᠯᠵᠤ᠂ ᠴᠡᠭ ᠢᠶᠠᠷ ᠨᠡᠶᠢᠳᠡᠮ ᠢ | ᠳᠠᠶᠢᠴᠢᠯᠠᠬᠤ ᠶᠢ ᠬᠡᠷᠡᠭᠵᠢᠭᠦᠯᠦᠨ᠂ ᠡᠴᠦᠰ ᠲᠡᠭᠡᠨ ᠪᠥᠬᠦ ᠲᠠᠯ᠎ᠠ ᠪᠠᠷ ᠳᠡᠭᠡᠭᠰᠢᠯᠡᠭᠦᠯᠬᠦ ᠬᠠᠷᠠᠯᠲᠠ ᠶᠢ ᠪᠡᠶᠡᠯᠡᠭᠦᠯᠪᠡ᠃ | ᠬᠤᠶᠠᠷ ᠲᠤ ᠭᠤᠣᠯᠳᠠᠯᠭ᠎ᠠ ᠲᠠᠢ ᠴᠡᠭ ᠢᠶᠠᠷ ᠭᠤᠣᠯ ᠪᠣᠯᠭᠠᠵᠤ ᠥᠨᠳᠥᠷ ᠪᠠᠷᠢᠮᠵᠢᠶ᠎ᠠ ᠪᠠᠷ ᠵᠢᠷᠤᠮᠵᠢᠭᠤᠯᠤᠨ ᠲᠠᠩᠰᠠ | ᠡᠪᠬᠡᠮᠡᠯ ᠪᠠᠶᠢᠭᠤᠯᠤᠨ᠎ᠠ᠃ᠭᠤᠣᠯᠳᠠᠯᠭ᠎ᠠ ᠲᠠᠢ ᠴᠡᠭ ᠢ ᠪᠠᠭᠲᠠᠭᠠᠭᠰᠠᠨ ᠪᠥᠬᠦ ᠰᠢᠶᠠᠨ ᠳᠤ ᠨᠢᠭᠡᠨᠲᠡ 267 ᠢᠳᠡᠭᠡᠨ ᠤ | ᠵᠦᠢᠯ ᠤᠨ ᠦᠢᠯᠡᠳᠪᠦᠷᠢᠯᠡᠯ᠂ ᠢᠳᠡᠭᠡᠨ ᠤᠮᠳᠠᠭᠠᠨ ᠤ ᠦᠢᠯᠡᠴᠢᠯᠡᠭᠡ᠂ ᠢᠳᠡᠭᠡᠨ ᠤ ᠵᠦᠢᠯ ᠤᠨ ᠭᠦᠢᠯᠭᠡᠭᠡᠨ ᠤ ᠠᠵᠤ | ᠠᠬᠤᠶᠢᠯᠠᠯ ᠬᠤᠲᠠ ᠪᠠᠶᠢᠭᠤᠯᠬᠤ ᠬᠤᠣᠰ ᠴᠢᠭᠯᠡᠯ ᠤᠨ ᠡᠭᠦᠷᠢᠳᠡ ᠶᠢᠨ ᠲᠠᠩᠰᠠ ᠡᠪᠬᠡᠮᠡᠯ ᠪᠠᠶᠢᠭᠤᠯᠤᠭᠰᠠᠨ ᠪᠠᠶᠢᠨ᠎ᠠ᠃ | ᠬᠠᠲᠠᠭᠤ ᠬᠡᠷᠡᠭᠰᠡᠯ ᠤᠨ ᠪᠡᠯᠡᠳᠬᠡᠮᠵᠢ ᠶᠢ ᠳᠡᠭᠡᠭᠰᠢᠯᠡᠭᠦᠯᠬᠦ ᠠᠴᠠ ᠠᠵᠢᠯ ᠡᠷᠬᠢᠯᠡᠭᠰᠡᠳ ᠢ ᠰᠢᠨᠵᠢᠯᠡᠬᠦ ᠤᠬᠠᠭᠠᠨᠴᠢ ᠪᠠᠷ | ᠬᠠᠮᠢᠶᠠᠷᠬᠤ ᠬᠦᠷᠲᠡᠯ᠎ᠡ᠂ ᠡᠯ᠎ᠡ ᠵᠦᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠠᠴᠠ ᠦᠢᠯᠡᠳᠬᠦᠨ ᠤ ᠶᠠᠰᠤ | ᠴᠢᠨᠠᠷ ᠢ ᠪᠠᠲᠤᠯᠠᠬᠤ ᠬᠦᠷᠲᠡᠯ᠎ᠡ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡᠨ ᠳᠤ ᠬᠦᠷᠲᠡᠯ᠎ᠡ ︽ᠨᠢᠭᠡ ᠯᠡ | ᠡᠭᠦᠳᠡ ᠪᠠᠷ᠂ ᠪᠦᠬᠦᠨ ᠢ ᠬᠠᠮᠤᠷᠤᠭᠰᠠᠨ᠂ ᠮᠥᠷᠳᠡᠵᠦ ᠪᠣᠯᠬᠤ︾ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠯ ᠢ ᠴᠢᠩᠭ᠎ᠠ ᠨᠠᠶᠢᠳᠠᠪᠤᠷᠢᠵᠢᠭᠤᠯᠪᠠ᠃ | 3.ᠫᠠᠶᠢᠰᠠ ᠢᠯᠡᠷᠬᠡᠶᠢᠯᠡᠯ ᠢ ᠨᠢᠭᠡᠳᠦᠯᠲᠡᠢ ᠢᠯᠡ ᠨᠡᠶᠢᠲᠡᠯᠡᠵᠦ᠂ ᠬᠡᠮᠵᠢᠶᠡᠵᠢᠭᠦᠯᠦᠨ ᠲᠠᠰ ᠬᠤᠪᠢᠶᠠᠨ ᠢᠯᠡ | ᠨᠡᠶᠢᠲᠡᠯᠡᠵᠦ ᠰᠢᠨ᠎ᠡ ᠳᠦᠷᠢ ᠲᠥᠷᠬᠦ ᠶᠢ ᠢᠯᠡᠷᠡᠭᠦᠯᠦᠨ᠎ᠡ᠃ᠪᠦᠬᠦ ᠰᠢᠶᠠᠨ ᠤ ᠢᠳᠡᠭᠡᠨ ᠤ ᠠᠮᠤᠷ ᠲᠦᠪᠰᠢᠨ ᠤ ᠬᠤᠲᠠ | ᠪᠠᠶᠢᠭᠤᠯᠬᠤ ᠵᠢᠴᠢ ᠢᠳᠡᠭᠡᠨ ᠤ ᠠᠮᠤᠷ ᠲᠦᠪᠰᠢᠨ ᠢ ᠬᠡᠮᠵᠢᠶᠡᠵᠢᠭᠦᠯᠦᠨ ᠱᠠᠲᠤ ᠬᠤᠪᠢᠶᠠᠨ ᠬᠠᠮᠢᠶᠠᠷᠬᠤ ᠠᠵᠢᠯ ᠳᠤ | ᠬᠠᠮᠵᠢᠯᠴᠠᠬᠤ ᠶᠢᠨ ᠲᠥᠯᠥᠭᠡ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯᠯᠠᠬᠤ ᠳᠤ ᠳᠥᠭᠦᠮ᠂ ᠬᠠᠤᠯᠢ | ᠬᠡᠷᠡᠭᠵᠢᠭᠦᠯᠬᠦ ᠠᠵᠢᠯᠲᠠᠨ ᠬᠢᠨᠠᠨ ᠬᠠᠮᠢᠶᠠᠷᠬᠤ ᠳᠤ ᠳᠥᠭᠦᠮ᠂ ᠬᠡᠷᠡᠭᠯᠡᠭᠴᠢᠳ ᠬᠢᠨᠠᠯᠲᠠ ᠲᠠᠯᠪᠢᠬᠤ ᠳᠤ ᠳᠥᠭᠦᠮ | ᠪᠠᠶᠢᠬᠤ ᠱᠠᠭᠠᠷᠳᠠᠯᠭ᠎ᠠ ᠳᠤ ᠵᠣᠬᠢᠴᠠᠭᠤᠯᠤᠨ᠂ ᠪᠠᠷᠢᠮᠵᠢᠶ᠎ᠠ ᠬᠡᠮ ᠬᠡᠮᠵᠢᠶ᠎ᠡ ᠶᠢ ᠰᠢᠨ᠎ᠡ ᠪᠠᠷ ᠲᠥᠯᠥᠪᠯᠡᠨ ᠨᠢᠭᠡᠳᠬᠡᠵᠦ᠂ | ᠢᠯᠡ ᠨᠡᠶᠢᠲᠡᠯᠡᠬᠦ ᠠᠭᠤᠯᠭ᠎ᠠ ᠶᠢ ᠨᠢᠭᠡᠳᠬᠡᠵᠦ᠂ ᠦᠨᠡᠯᠡᠨ ᠲᠣᠭᠲᠠᠭᠠᠬᠤ ᠪᠠᠷᠢᠮᠵᠢᠶ᠎ᠠ ᠶᠢ ᠨᠢᠭᠡᠳᠬᠡᠵᠦ᠂ ᠴᠢᠷᠠᠢ | ᠶᠢᠨ ᠵᠢᠷᠤᠭ ᠤᠨ ᠲᠡᠮᠳᠡᠭ ᠢ ᠨᠢᠭᠡᠳᠬᠡᠵᠦ᠂ ᠬᠡᠷᠡᠭᠯᠡᠭᠴᠢᠳ ᠤᠨ ᠰᠠᠶᠢᠨ ᠮᠡᠳᠡᠳᠡᠭ ᠢᠨᠢᠶᠡᠳᠦ᠂ ᠢᠨᠢᠶᠡᠳᠦ᠂ ᠲᠡᠭᠰᠢ | ᠴᠢᠷᠠᠢ ᠭᠡᠬᠦ ᠭᠤᠷᠪᠠᠨ ᠵᠦᠢᠯ ᠤᠨ ︽ᠴᠢᠷᠠᠢ ᠶᠢᠨ ᠥᠩᠭᠡ︾ ᠶᠢ ᠢᠯᠭᠠᠨ ᠲᠠᠨᠢᠬᠤ ᠳᠤ ᠬᠢᠯᠪᠠᠷ ︽ᠴᠢᠷᠠᠢ ᠶᠢᠨ | ᠥᠩᠭᠡ︾ ᠶᠢ ᠢᠯᠡ ᠨᠡᠶᠢᠲᠡᠯᠡᠬᠦ ᠪᠤᠯᠤᠩ ᠳᠤ ᠬᠥᠳᠡᠯᠦᠩᠭᠦᠢ ᠪᠠᠷ ᠢᠯᠡᠷᠡᠭᠦᠯᠵᠦ᠂ ᠢᠳᠡᠭᠡᠨ ᠤ ᠠᠮᠤᠷ ᠲᠦᠪᠰᠢᠨ ᠤ | ᠮᠡᠳᠡᠭᠡ ᠵᠠᠩᠭᠢ ᠶᠢ ᠰᠢᠭᠤᠳ ᠪᠥᠭᠡᠳ ᠲᠣᠪᠴᠢ ᠠᠪᠰᠠᠷᠬᠠᠨ ᠢᠶᠠᠷ ᠲᠤᠰᠬᠠᠵᠤ᠂ ᠪᠦᠬᠦ ᠨᠡᠶᠢᠭᠡᠮ ᠤᠨ ᠬᠠᠮᠲᠤ ᠪᠠᠷ | ᠬᠢᠨᠠᠯᠲᠠ ᠲᠠᠯᠪᠢᠬᠤ ᠳᠤ ᠳᠥᠭᠦᠮ ᠪᠣᠯᠭᠠᠬᠤ ᠵᠣᠷᠢᠯᠭ᠎ᠠ ᠳᠤ ᠬᠦᠷᠦᠭᠰᠡᠨ ᠪᠠᠶᠢᠨ᠎ᠠ᠃ᠮᠠᠨ ᠤ ᠲᠣᠪᠴᠢᠶ᠎ᠠ ᠴᠠᠭ ᠲᠤᠬᠠᠢ | ᠳᠤᠨᠢ ᠵᠠᠷᠯᠠᠨ ᠨᠡᠶᠢᠲᠡᠯᠡᠬᠦ ᠫᠠᠶᠢᠰᠠ ᠵᠣᠬᠢᠶᠠᠵᠤ 741 ᠢᠳᠡᠭᠡᠨ ᠤ ᠵᠦᠢᠯ ᠤᠨ ᠦᠢᠯᠡᠳᠪᠦᠷᠢᠯᠡᠯ ᠡᠵᠡᠩᠨᠡᠯᠲᠡ ᠶᠢᠨ | ᠠᠵᠤ ᠠᠬᠤᠶᠢᠯᠠᠯ ᠳᠤ ᠨᠠᠭᠠᠵᠤ ᠡᠯᠭᠦᠵᠡᠢ᠃ | 4.ᠢᠳᠡᠭᠡᠨ ᠤ ᠵᠦᠢᠯ ᠤᠨ ᠡᠵᠡᠩᠨᠡᠯᠲᠡ ᠶᠢᠨ ᠡᠯ᠎ᠡ ᠬᠦᠷᠢᠶᠡᠨ ᠳᠠᠬᠢ ᠠᠮᠤᠷ ᠲᠦᠪᠰᠢᠨ ᠤ ᠠᠵᠢᠯ ᠢᠯᠡᠳᠲᠡ ᠦᠷ᠎ᠡ | ᠪᠦᠲᠦᠮᠵᠢ ᠣᠯᠪᠠ᠃ᠬᠡᠪᠴᠢᠶᠡᠵᠢᠯ ᠠᠴᠠ ᠳᠡᠭᠡᠭᠰᠢᠬᠢ ᠢᠳᠡᠭᠡᠨ ᠤ ᠡᠵᠡᠩᠨᠡᠯᠲᠡ ᠶᠢᠨ ᠠᠵᠤ ᠠᠬᠤᠶᠢᠯᠠᠯ᠂ ᠬᠡᠳᠦ | ᠳᠡᠯᠭᠡᠭᠦᠷ᠂ ᠳᠥᠭᠦᠮ ᠳᠡᠯᠭᠡᠭᠦᠷ᠂ ᠢᠳᠡᠭᠡᠨ ᠤ ᠳᠡᠯᠭᠡᠭᠦᠷᠴᠢᠨ᠂ ᠵᠢᠵᠢᠭ ᠢᠳᠡᠭᠡᠨ ᠤᠮᠳᠠᠭᠠᠨ᠂ ᠵᠢᠵᠢᠭ | ᠦᠢᠯᠡᠳᠬᠡᠯ ᠳᠤ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠡᠰ ᠬᠤᠪᠢᠶᠠᠭᠰᠠᠨ ᠬᠥᠳᠡᠯᠦᠩᠭᠦᠢ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠢᠳᠡᠭᠡᠨ ᠤ ᠬᠠᠮᠢᠶ᠎ᠠ ᠪᠦᠬᠦᠢ ᠡᠵᠡᠩᠨᠡᠯᠲᠡ ᠶᠢᠨ ᠨᠢᠭᠡᠴᠡ | ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠢᠳᠡᠭᠡᠨ ᠤ | ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠪᠠᠶᠢᠷᠢ ᠲᠣᠬᠢᠷᠠᠭᠤᠯᠵᠤ᠂ ᠢᠳᠡᠭᠡᠨ ᠤ ᠠᠵᠢᠯ | ᠡᠷᠬᠢᠯᠡᠭᠰᠡᠳ ᠵᠢᠴᠢ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ | ᠬᠥᠮᠥᠰ ᠲᠤ ᠲᠣᠭᠲᠠᠮᠠᠯ ᠬᠤᠭᠤᠴᠠᠭ᠎ᠠ ᠲᠠᠢ ᠪᠠᠷ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠵᠦ᠂ | ᠪᠣᠶ ᠪᠦᠬᠦᠢ ᠢᠳᠡᠭᠡᠨ ᠤ ᠠᠵᠢᠯ ᠡᠷᠬᠢᠯᠡᠭᠰᠡᠳ ᠤᠨ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ ᠴᠥᠮ ᠡᠷᠡᠭᠦᠯ | ᠮᠡᠨᠳᠦ ᠶᠢᠨ ᠭᠡᠷᠡᠴᠢ ᠣᠯᠵᠤ᠂ ᠢᠳᠡᠭᠡᠨ ᠤ ᠪᠠᠷᠠᠭ᠎ᠠ ᠣᠷᠣᠭᠤᠯᠬᠤ ᠳᠤ ᠭᠡᠷᠡᠴᠢ ᠪᠠᠷᠢᠮᠲᠠ ᠠᠪᠤᠭᠰᠠᠨ ᠲᠡᠮᠳᠡᠭᠯᠡᠯ | ᠪᠦᠷᠢᠨ ᠲᠡᠭᠦᠯᠳᠡᠷ ᠪᠠᠶᠢᠵᠤ᠂ ᠢᠳᠡᠭᠡᠨ ᠢ ᠡᠳ᠋ᠰᠢᠭᠦᠯᠦᠨ ᠪᠣᠯᠪᠠᠰᠤᠷᠠᠭᠤᠯᠬᠤ ᠠᠵᠢᠯ ᠤᠨ ᠶᠠᠪᠤᠴᠠ ᠶᠢᠨ ᠡᠵᠡᠮᠳᠡᠯ | ᠴᠢᠩᠭ᠎ᠠ ᠪᠠᠶᠢᠬᠤ ᠬᠡᠷᠡᠭᠲᠡᠢ᠃ᠪᠥᠬᠦ ᠰᠢᠶᠠᠨ ᠤ ᠢᠳᠡᠭᠡᠨ ᠤ ᠵᠦᠢᠯ ᠤᠨ ᠡᠵᠡᠩᠨᠡᠯᠲᠡ ᠶᠢᠨ ᠠᠵᠢᠯ ᠲᠥᠷᠥᠯ ᠤᠨ ᠶᠠᠰᠤ | ᠴᠢᠨᠠᠷ ᠢ ᠶᠡᠷᠦᠩᠬᠡᠢ ᠳᠤᠨᠢ ᠳᠡᠭᠡᠭᠰᠢᠯᠡᠭᠦᠯᠬᠦ ᠳᠤ ᠰᠠᠭᠤᠷᠢ ᠲᠠᠯᠪᠢᠵᠤ ᠥᠭᠴᠡᠢ᠃ | ︵ᠬᠤᠶᠠᠷ︶ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠢᠳᠡᠭᠡᠨ ᠤ ᠠᠮᠤᠷ ᠲᠦᠪᠰᠢᠨ ᠤ | ᠬᠠᠮᠠᠭᠠᠯᠠᠯᠲᠠ ᠶᠢᠨ ᠲᠣᠣᠷ ᠢ ᠬᠦᠴᠦ ᠪᠠᠨ ᠬᠠᠮᠲᠤᠳᠬᠠᠨ ᠪᠠᠶᠢᠭᠤᠯᠤᠨ᠎ᠠ | 1.ᠰᠢᠰᠲ᠋ᠧᠮᠵᠢ ᠶᠢ ᠪᠦᠷᠢᠨᠰᠢᠭᠦᠯᠵᠦ᠂ ᠰᠦᠯᠵᠢᠶᠡᠨ ᠤ ᠲᠠᠪᠴᠠᠩ ᠢ ᠪᠠᠶᠢᠭᠤᠯᠤᠨ᠎ᠠ᠃︽ᠣᠷᠣᠨ ᠬᠤᠪᠢᠶᠠᠷᠢᠯᠠᠯ | ᠲᠣᠳᠣᠷᠬᠠᠢ᠂ ᠠᠵᠢᠯᠲᠠᠨ ᠤ ᠪᠠᠶᠢᠷᠢ ᠲᠣᠭᠲᠠᠭᠠᠯᠲᠠ ᠲᠣᠳᠣᠷᠬᠠᠢ᠂ ᠡᠭᠦᠷᠭᠡ ᠬᠠᠷᠢᠭᠤᠴᠠᠯᠭ᠎ᠠ ᠲᠣᠳᠣᠷᠬᠠᠢ᠂ | ᠬᠠᠷᠢᠭᠤᠴᠠᠯᠭ᠎ᠠ ᠶᠢ ᠬᠥᠮᠥᠨ ᠳᠤ ᠨᠠᠶᠢᠳᠠᠪᠤᠷᠢᠵᠢᠭᠤᠯᠬᠤ︾ ᠵᠠᠷᠴᠢᠮ ᠶᠣᠰᠣᠭᠠᠷ᠂ ᠢᠳᠡᠭᠡᠨ ᠤ ᠠᠮᠤᠷ ᠲᠦᠪᠰᠢᠨ ᠤ | ᠭᠤᠷᠪᠠᠨ ᠱᠠᠲᠤᠨ ᠤ ᠲᠣᠥᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠡᠯ᠎ᠡ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠡᠭᠦᠷᠭᠡ ᠳᠤ ᠲᠣᠥᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ᠰᠢᠶᠠᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠪᠣᠯ | ᠨᠢᠭᠡᠳᠦᠭᠡᠷ ᠳᠡᠰ ᠤᠨ ᠲᠣᠣᠷᠵᠢᠯ ᠪᠣᠯᠣᠨ᠎ᠠ ᠰᠢᠶᠠᠩ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠭᠠᠵᠠᠷ ᠪᠣᠯ ᠬᠤᠶᠠᠳᠤᠭᠠᠷ ᠳᠡᠰ ᠤᠨ ᠲᠣᠣᠷᠵᠢᠯ ᠡᠯ᠎ᠡ ᠨᠡᠶᠢᠭᠡᠮ ᠲᠣᠭᠤᠷᠢᠭ ᠪᠠ ᠵᠠᠰᠠᠭ | ᠵᠠᠬᠢᠷᠭᠠᠨ ᠤ ᠲᠣᠰᠬᠤᠨ ᠨᠢ ᠭᠤᠷᠪᠠᠨ ᠱᠠᠲᠤᠨ ᠤ ᠲᠣᠣᠷ ᠰᠦᠯᠵᠢᠶ᠎ᠡ ᠲᠠᠢ ᠪᠠᠶᠢᠵᠤ᠂ ᠨᠡᠶᠢᠭᠡᠮ ᠲᠣᠭᠤᠷᠢᠭ᠂ ᠵᠠᠰᠠᠭ | ᠵᠠᠬᠢᠷᠭᠠᠨ ᠤ ᠲᠣᠰᠬᠤᠨ ᠨᠢ ᠬᠠᠷᠢᠶ᠎ᠠ ᠣᠷᠣᠨ ᠤ ᠳᠣᠲᠣᠷᠠᠬᠢ ᠢᠳᠡᠭᠡᠨ ᠤ ᠬᠢᠨᠠᠯᠲᠠ ᠬᠠᠮᠢᠶᠠᠷᠤᠯᠲᠠ ᠶᠢᠨ | ᠡᠲᠡᠭᠡᠳ ᠤᠨ ᠲᠠᠷᠬᠠᠯᠲᠠ ᠪᠠ ᠢᠳᠡᠭᠡᠨ ᠤ ᠡᠵᠡᠩᠨᠡᠯᠲᠡ ᠶᠢᠨ ᠲᠣᠣᠷ ᠴᠢᠭ᠋ ᠤᠨ ᠨᠢᠭᠲᠠᠴᠠ ᠵᠡᠷᠭᠡ ᠪᠠᠶᠢᠳᠠᠯ ᠲᠠᠢ ᠪᠠᠨ | ᠤᠶᠠᠯᠳᠤᠭᠤᠯᠤᠨ᠂ ᠠᠵᠢᠯᠲᠠᠨ ᠤ ᠠᠵᠢᠯ ᠤᠨ ᠬᠤᠪᠢᠶᠠᠷᠢᠯᠠᠯ ᠪᠠ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠳᠡᠭᠡᠭᠰᠢ ᠳᠣᠷᠣᠭᠰᠢ ᠨᠡᠪᠲᠡᠷᠡᠭᠰᠡᠨ᠂ ᠵᠡᠭᠦᠨᠰᠢ ᠪᠠᠷᠠᠭᠤᠨᠰᠢ ᠬᠠᠷᠢᠯᠴᠠᠨ ᠬᠤᠯᠪᠣᠯᠳᠤᠭᠰᠠᠨ᠂ | ᠵᠠᠪᠰᠠᠷ ᠦᠭᠡᠢ ᠵᠣᠯᠭᠠᠯᠳᠤᠭᠰᠠᠨ ᠢᠳᠡᠭᠡᠨ ᠤ ᠠᠮᠤᠷ ᠲᠦᠪᠰᠢᠨ ᠤ ᠲᠣᠣᠷ ᠰᠦᠯᠵᠢᠶ᠎ᠡ ᠶᠢᠨ ᠬᠠᠮᠢᠶᠠᠷᠤᠯᠲᠠ ᠶᠢᠨ | ᠰᠢᠰᠲ᠋ᠧᠮᠵᠢ ᠶᠢ ᠪᠣᠶ ᠪᠣᠯᠭᠠᠵᠤ᠂ ᠬᠠᠷᠢᠶ᠎ᠠ ᠣᠷᠣᠨ ᠤ ᠲᠣᠣᠷ ᠰᠦᠯᠵᠢᠶ᠎ᠡ ᠶᠢᠨ ᠬᠠᠮᠢᠶᠠᠷᠤᠯᠲᠠ ᠶᠢᠨ ᠪᠦᠬᠦᠨ ᠢ | ᠬᠠᠮᠤᠷᠬᠤ ᠶᠢ ᠦᠨᠡᠨᠬᠦ ᠪᠠᠲᠤᠯᠠᠬᠤ ᠬᠡᠷᠡᠭᠲᠡᠢ᠃ | 2.ᠰᠢᠶᠠᠩ ᠪᠠᠯᠭᠠᠰᠤ ᠶᠢᠨ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ ᠬᠢᠭᠡᠳ ᠨᠡᠶᠢᠭᠡᠮ | ᠲᠣᠭᠤᠷᠢᠭ ᠤᠨ ᠰᠠᠶᠢᠨ ᠳᠤᠷ᠎ᠠ ᠶᠢᠨ ᠬᠥᠮᠥᠰ ᠤᠨ ᠬᠠᠮᠵᠢᠯᠴᠠᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠬᠤ ᠶᠢ | ᠴᠢᠬᠤᠯᠠᠴᠢᠯᠠᠨ᠎ᠠ᠃ᠴᠢᠳᠠᠪᠤᠷᠢ ᠬᠢᠭᠡᠳ ᠬᠠᠷᠢᠭᠤᠴᠠᠯᠭᠠᠲᠤ ᠰᠡᠳᠬᠢᠯᠭᠡ ᠪᠠᠷ ᠨᠡᠯᠢᠶᠡᠳ ᠴᠢᠩᠭ᠎ᠠ ᠬᠥᠳᠡᠭᠡ ᠲᠣᠰᠬᠤᠨ ᠤ | ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠬᠤ ᠶᠢ | ᠴᠢᠬᠤᠯᠠᠴᠢᠯᠠᠵᠤ᠂ ᠨᠡᠶᠢᠭᠡᠮ ᠤᠨ ᠰᠡᠳᠬᠢᠯ ᠢᠶᠠᠨ ᠨᠢᠭᠡᠳᠬᠡᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ | ᠢᠳᠡᠪᠬᠢᠲᠡᠢ ᠵᠣᠬᠢᠴᠠᠭᠤᠯᠤᠨ ᠰᠠᠶᠢᠲᠤᠷ ᠵᠣᠬᠢᠶᠠᠨ ᠪᠠᠶᠢᠭᠤᠯᠵᠤ᠂ ᠡᠭᠦᠷᠭᠡ ᠶᠢᠨ ᠵᠠᠩᠭᠢᠯᠠᠭ᠎ᠠ ᠶᠢᠨ ᠴᠡᠭ ᠲᠠᠢ | ᠤᠶᠠᠯᠳᠤᠭᠤᠯᠤᠨ ᠣᠯᠠᠨ ᠡᠭᠡᠯᠵᠢ ᠶᠢᠨ ᠰᠢᠰᠲ᠋ᠧᠮ ᠤᠨ ᠪᠣᠯᠪᠠᠰᠤᠷᠠᠭᠤᠯᠤᠯ ᠢ ᠬᠡᠷᠡᠭᠵᠢᠭᠦᠯᠦᠭᠰᠡᠨ ᠤ ᠳᠠᠷᠠᠭ᠎ᠠ ᠲᠡᠭᠦᠨ ᠢ | ᠭᠤᠷᠪᠠᠳᠤᠭᠠᠷ ᠳᠡᠰ ᠤᠨ ᠰᠦᠯᠵᠢᠶᠡᠨ ᠤ ᠰᠢᠰᠲ᠋ᠧᠮ ᠳᠤ ᠲᠡᠭᠦᠯᠳᠡᠷᠵᠢᠭᠦᠯᠦᠨ᠂ ᠴᠠᠭ ᠲᠤᠬᠠᠢ ᠳᠤᠨᠢ ᠬᠠᠮᠵᠢᠨ | ᠬᠢᠨᠠᠯᠲᠠ ᠲᠠᠯᠪᠢᠬᠤ ᠬᠡᠷᠡᠭᠲᠡᠢ᠃ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠠᠰᠠᠭᠤᠳᠠᠯ ᠢ ᠬᠠᠷᠢᠭᠤ | ᠲᠤᠰᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠢᠳᠡᠭᠡᠨ ᠤ ᠠᠮᠤᠷ ᠲᠦᠪᠰᠢᠨ ᠤ ᠬᠤᠲᠠ ᠪᠠᠶᠢᠭᠤᠯᠬᠤ | ᠠᠵᠢᠯ ᠤᠨ ᠤᠷᠤᠭᠰᠢᠲᠠᠢ ᠶᠠᠪᠤᠭᠳᠠᠬᠤ ᠶᠢ ᠪᠦᠲᠦᠮᠵᠢᠲᠡᠶ ᠪᠠᠷ ᠤᠬᠠᠭᠤᠯᠤᠨ ᠠᠬᠢᠭᠤᠯᠤᠭᠰᠠᠨ ᠪᠠᠶᠢᠨ᠎ᠠ᠃ | ︵ᠭᠤᠷᠪᠠ︶ ᠭᠤᠣᠯᠳᠠᠯᠭ᠎ᠠ ᠲᠠᠢ ᠬᠦᠷᠢᠶᠡᠨ ᠤ ᠢᠳᠡᠭᠡᠨ ᠤ ᠠᠶᠤᠯ ᠦᠭᠡᠢ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠲᠡᠰ ᠳᠡᠪᠰᠢᠭᠦᠯᠦᠨ᠎ᠡ | ᠵᠢᠯ ᠤᠨ ᠡᠬᠢᠨ ᠠᠴᠠ ᠨᠠᠰᠢ᠂ ᠮᠠᠨ ᠤ ᠲᠣᠪᠴᠢᠶ᠎ᠠ ᠪᠣᠯᠣᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ᠂ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ᠂ ᠡᠯ᠎ᠡ ᠰᠤᠷᠭᠠᠭᠤᠯᠢ ᠳᠤ ᠢᠳᠡᠭᠡᠨ ᠤ | ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ᠣᠳᠣᠬᠠᠨ ᠳᠤ᠂ ᠪᠦᠬᠦ | ᠰᠢᠶᠠᠨ ᠤ 36 ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ ᠲᠤ ᠴᠥᠮ ᠢᠳᠡᠭᠡᠨ ᠤ ᠠᠮᠤᠷ ᠲᠦᠪᠰᠢᠨ ᠤ | ᠰᠤᠷᠭᠠᠭᠤᠯᠢ ᠶᠢᠨ ᠵᠠᠬᠢᠷᠤᠯ ︵ᠴᠡᠴᠡᠷᠯᠢᠭ ᠤᠨ ᠳᠠᠷᠤᠭ᠎ᠠ︶ ᠤᠨ ᠬᠠᠷᠢᠭᠤᠴᠠᠯᠭ᠎ᠠ ᠶᠢᠨ ᠳᠦᠷᠢᠮ ᠪᠠ ᠰᠤᠷᠭᠠᠭᠤᠯᠢ ᠶᠢᠨ | ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠮᠲᠤ ᠬᠤᠭᠤᠯᠠᠯᠠᠬᠤ ᠳᠦᠷᠢᠮ ᠢ ᠬᠡᠷᠡᠭᠵᠢᠭᠦᠯᠵᠦ᠂ ᠰᠤᠷᠤᠯᠭ᠎ᠠ ᠶᠢᠨ | ᠬᠤᠭᠤᠴᠠᠭ᠎ᠠ ᠪᠦᠷᠢ ᠶᠢᠨ ᠰᠤᠷᠭᠠᠭᠤᠯᠢ ᠡᠬᠢᠯᠡᠬᠦ ᠠᠴᠠ ᠡᠮᠦᠨ᠎ᠡ ᠠᠵᠢᠯ ᠡᠷᠬᠢᠯᠡᠭᠰᠡᠳ ᠲᠤ ᠢᠳᠡᠭᠡᠨ ᠤ ᠠᠮᠤᠷ | ᠲᠦᠪᠰᠢᠨ ᠤ ᠠᠵᠢᠯ ᠤᠨ ᠪᠣᠯᠪᠠᠰᠤᠷᠠᠭᠤᠯᠤᠯ ᠬᠢᠬᠦ ᠶᠢ ᠲᠥᠪᠯᠡᠷᠡᠭᠦᠯᠦᠨ ᠵᠣᠬᠢᠶᠠᠨ ᠪᠠᠶᠢᠭᠤᠯᠵᠤ᠂ ᠰᠢᠶᠠᠨ ᠤ | ᠶᠡᠷᠦᠩᠬᠡᠶᠢᠯᠡᠨ ᠵᠠᠰᠠᠬᠤ ᠠᠯᠪᠠᠨ ᠭᠡᠷ ᠤᠨ ᠪᠦᠷᠢᠯᠳᠦᠭᠦᠨ ᠨᠢᠭᠡᠴᠡ ᠲᠠᠢ ᠬᠤᠯᠪᠤᠭᠠᠯᠠᠨ ᠰᠤᠷᠭᠠᠭᠤᠯᠢ ᠶᠢᠨ ᠬᠦᠷᠢᠶ᠎ᠡ | ᠵᠢᠴᠢ ᠡᠷᠬᠢᠨ ᠲᠣᠭᠤᠷᠢᠨ ᠳᠤ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠢ ᠵᠠᠰᠠᠯᠲᠠ ᠬᠢᠵᠦ᠂ ᠰᠤᠷᠭᠠᠭᠤᠯᠢ ᠵᠢᠴᠢ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠲᠤ ᠴᠥᠮ ᠥᠩᠭᠡᠵᠢᠭᠦᠯᠬᠦ ᠪᠠ ︽4D︾ ᠶᠢᠨ | ᠬᠠᠮᠢᠶᠠᠷᠤᠯᠲᠠ ᠶᠢ ᠬᠡᠷᠡᠭᠵᠢᠭᠦᠯᠪᠡ︔23 ᠠᠯᠪᠠᠨ ᠠᠴᠠ ᠪᠠᠶᠢᠭᠤᠯᠤᠭᠰᠠᠨ ᠰᠤᠷᠭᠠᠭᠤᠯᠢ ᠵᠢᠴᠢ ᠬᠡᠦᠬᠡᠳ ᠤᠨ | ᠴᠡᠴᠡᠷᠯᠢᠭ ᠤᠨ ᠬᠤᠭᠤᠯᠠᠨ ᠭᠡᠷ ᠪᠦᠬᠦᠨ ᠢᠶᠠᠷ ᠢᠶᠠᠨ ︽ᠢᠨᠲ᠋ᠧᠷ ᠰᠦᠯᠵᠢᠶ᠎ᠡ + ᠢᠯᠡ ᠲᠣᠭᠤᠭ᠎ᠠ︾ ᠶᠢᠨ | ᠪᠠᠷᠢᠮᠵᠢᠶ᠎ᠠ ᠳᠤ ᠬᠥᠷᠪᠡ︔7 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠪᠦᠬᠦᠨ ᠢᠶᠠᠷ ᠢᠶᠠᠨ | ︽ᠢᠯᠡ ᠲᠣᠭᠤᠭ᠎ᠠ︾ ᠶᠢᠨ ᠪᠠᠷᠢᠮᠵᠢᠶ᠎ᠠ ᠳᠤ ᠬᠥᠷᠪᠡ᠃ᠬᠥᠳᠡᠯᠦᠩᠭᠦᠢ ᠪᠠᠷ ᠬᠡᠮᠵᠢᠶᠡᠵᠢᠭᠦᠯᠦᠭᠰᠡᠨ ᠲᠠᠰ ᠤᠨ ᠦᠨᠡᠯᠡᠨ | ᠲᠣᠭᠲᠠᠭᠠᠯᠲᠠ ᠳᠤ A ᠲᠠᠰ ᠤᠨ ᠪᠠᠷᠢᠮᠵᠢᠶ᠎ᠠ ᠳᠤ ᠭᠦᠷᠦᠭᠰᠡᠨ ᠬᠤᠭᠤᠯᠠᠨ ᠭᠡᠷ 15% ᠶᠢ ᠡᠵᠡᠯᠡᠵᠦ᠂ B ᠲᠠᠰ ᠤᠨ | ᠪᠠᠷᠢᠮᠵᠢᠶ᠎ᠠ ᠳᠤ ᠭᠦᠷᠦᠭᠰᠡᠨ ᠬᠤᠭᠤᠯᠠᠨ ᠭᠡᠷ 53% ᠶᠢ ᠡᠵᠡᠯᠡᠨ᠎ᠡ᠃ | ︵ᠳᠥᠷᠪᠡ︶ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠵᠦ᠂ ᠠᠷᠠᠳ ᠤᠨ ᠠᠮᠢᠳᠤᠷᠠᠯ ᠤᠨ | ᠠᠮᠤᠷ ᠲᠦᠪᠰᠢᠨ ᠢ ᠨᠠᠩ ᠪᠠᠲᠤᠯᠠᠭ᠎ᠠ ᠲᠠᠢ ᠪᠠᠶᠢᠯᠠᠭᠠᠨ᠎ᠠ | 1.ᠢᠳᠡᠭᠡᠨ ᠤ ᠠᠮᠤᠷ ᠲᠦᠪᠰᠢᠨ ᠤ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠦᠢᠯᠡᠳᠦᠯ ᠢ ᠢᠯᠡᠳᠲᠡ | ᠪᠠᠳᠠᠷᠠᠭᠤᠯᠤᠨ᠎ᠠ᠃ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ | ᠱᠠᠭᠠᠷᠳᠠᠯᠭ᠎ᠠ ᠶᠣᠰᠣᠭᠠᠷ᠂ ᠡᠨᠡ ᠵᠢᠯ ᠤᠨ ᠭᠤᠷᠪᠠᠳᠠᠭᠢ ᠡᠲᠡᠭᠡᠳ ᠤᠨ ᠰᠤᠭᠤᠴᠢᠨ ᠪᠠᠶᠢᠴᠠᠭᠠᠬᠤ ᠡᠭᠦᠷᠭᠡ ᠪᠣᠯ | 330 ᠪᠦᠯᠦᠭ ᠤᠳᠠᠭ᠎ᠠ᠂ ᠥᠪᠡᠰᠦᠪᠡᠨ ᠪᠠᠶᠢᠴᠠᠭᠠᠬᠤ ᠪᠦᠯᠦᠭ ᠤᠳᠠᠭ᠎ᠠ ᠪᠣᠯ 500 ᠪᠦᠯᠦᠭ ᠤᠳᠠᠭ᠎ᠠ ᠪᠣᠯᠣᠨ᠎ᠠ᠃ | ᠮᠠᠨ ᠤ ᠲᠣᠪᠴᠢᠶ᠎ᠠ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠡᠭᠦᠷᠭᠡ ᠲᠠᠢ ᠪᠠᠨ ᠤᠶᠠᠯᠳᠤᠭᠤᠯᠤᠨ 2022 | ᠣᠨ ᠤ ᠢᠳᠡᠭᠡᠨ ᠤ ᠵᠦᠢᠯ ᠤᠨ ᠥᠯᠢᠭᠡᠷ ᠠᠪᠴᠤ ᠰᠢᠯᠭᠠᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠵᠤ᠂ | ᠲᠥᠯᠥᠪᠯᠡᠭᠡ ᠶᠣᠰᠣᠭᠠᠷ ᠠᠯᠬᠤᠮ ᠠᠯᠬᠤᠮ ᠢᠶᠠᠷ ᠲᠦᠯᠬᠢᠨ ᠠᠬᠢᠭᠤᠯᠪᠠ᠃ᠣᠲᠣ ᠪᠣᠯᠲᠠᠯ᠎ᠠ ᠭᠤᠷᠪᠠᠳᠠᠭᠢ | ᠡᠲᠡᠭᠡᠳ ᠤᠨ ᠪᠠᠶᠢᠭᠤᠯᠤᠮᠵᠢ ᠶᠢᠨ ᠰᠢᠯᠭᠠᠨ ᠪᠠᠶᠢᠴᠠᠭᠠᠯᠲᠠ ᠶᠢ ᠨᠢᠭᠡᠨᠲᠡ 280 ᠪᠦᠯᠦᠭ ᠤᠳᠠᠭ᠎ᠠ ᠪᠡᠶᠡᠯᠡᠭᠦᠯᠵᠦ᠂ | ᠬᠢᠷᠢ ᠲᠡᠩᠴᠡᠭᠰᠡᠨ ᠨᠣᠷᠮ᠎ᠠ ᠨᠢ 100% ᠳᠤ ᠬᠦᠷᠴᠡᠢ︔ᠥᠪᠡᠰᠦᠪᠡᠨ 300 ᠪᠦᠯᠦᠭ ᠤᠳᠠᠭ᠎ᠠ ᠪᠠᠶᠢᠴᠠᠭᠠᠵᠤ᠂ | ᠡᠭᠦᠨ ᠳᠤ 1 ᠪᠦᠯᠦᠭ ᠤᠳᠠᠭ᠎ᠠ ᠨᠢ ᠬᠢᠷᠢ ᠲᠡᠩᠴᠡᠭᠰᠡᠨ ᠦᠭᠡᠢ᠂ ᠬᠢᠷᠢ ᠲᠡᠩᠴᠡᠭᠰᠡᠨ ᠨᠣᠷᠮ᠎ᠠ ᠨᠢ 99% ᠪᠠᠶᠢᠵᠤ | ᠂ ᠣᠳᠣᠬᠠᠨ ᠳᠤ ᠪᠥᠬᠦ ᠵᠢᠯ ᠤᠨ ᠰᠤᠭᠤᠯᠤᠨ ᠪᠠᠶᠢᠴᠠᠭᠠᠬᠤ ᠡᠭᠦᠷᠭᠡ ᠶᠢᠨ 69.9% ᠶᠢ ᠨᠢᠭᠡᠨᠲᠡ ᠪᠡᠶᠡᠯᠡᠭᠦᠯᠦᠭᠰᠡᠨ | ᠪᠠᠶᠢᠨ᠎ᠠ᠃ᠡᠭᠦᠷᠭᠡ ᠲᠠᠢ ᠪᠠᠨ ᠤᠶᠠᠯᠳᠤᠭᠤᠯᠤᠨ ᠪᠢᠳᠡ ᠢᠳᠡᠭᠡᠨ ᠤ ᠠᠮᠤᠷ ᠲᠦᠪᠰᠢᠨ ᠤ ︽ᠴᠢ ᠮᠠᠨ ᠤ ᠬᠢ ᠶᠢ | ᠵᠢᠭᠠᠵᠤ ᠪᠠᠶᠢᠴᠠᠭᠠᠬᠤ︾ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠪᠡ᠃ᠡᠯᠭᠦᠭᠡ ᠪᠢᠴᠢᠭᠡᠰᠦ ᠡᠯᠭᠦᠬᠦ | ᠂ ᠳᠡᠯᠭᠡᠨ ᠦᠵᠡᠭᠦᠯᠬᠦ ᠰᠠᠮᠪᠠᠷ᠎ᠠ ᠪᠠᠶᠢᠷᠢᠯᠠᠭᠤᠯᠬᠤ ᠪᠠ ᠲᠤᠬᠠᠢ ᠶᠢᠨ ᠭᠠᠵᠠᠷ ᠲᠤᠨᠢ ᠠᠰᠠᠭᠤᠨ ᠯᠠᠪᠯᠠᠬᠤ ᠵᠡᠷᠭᠡ | ᠬᠡᠯᠪᠡᠷᠢ ᠪᠠᠷ ᠨᠡᠶᠢᠭᠡᠮ ᠲᠣᠭᠤᠷᠢᠭ᠂ ᠰᠢᠶᠠᠩ ᠪᠠᠯᠭᠠᠰᠤ᠂ ᠲᠣᠰᠬᠤᠨ ᠤ ᠠᠷᠠᠳ ᠲᠤ ᠢᠳᠡᠭᠡᠨ ᠤ ᠠᠮᠤᠷ ᠲᠦᠪᠰᠢᠨ ᠤ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ | ᠲᠣᠭᠲᠠᠭᠠᠯ ᠢ ᠤᠬᠠᠭᠤᠯᠵᠤ᠂ ᠠᠵᠢᠯᠯᠠᠭ᠎ᠠ ᠶᠢᠨ ᠳᠤᠮᠳᠠ᠂ ᠢᠳᠡᠭᠡᠨ ᠰᠢᠯᠭᠠᠨ ᠪᠠᠶᠢᠴᠠᠭᠠᠬᠤ ᠠᠵᠢᠯᠲᠠᠳ ᠨᠡᠶᠢᠭᠡᠮ | ᠲᠣᠭᠤᠷᠢᠭ᠂ ᠰᠢᠶᠠᠩ ᠪᠠᠯᠭᠠᠰᠤᠨ ᠤ ᠣᠯᠠᠨ ᠲᠦᠮᠡᠨ ᠢ ᠤᠷᠢᠵᠤ ᠢᠳᠡᠭᠡᠨ ᠤ ᠲᠦᠷᠭᠡᠨ ᠪᠠᠶᠢᠴᠠᠭᠠᠯᠲᠠ ᠶᠢᠨ | ᠲᠡᠷᠭᠡ ᠶᠢ ᠲᠣᠭᠤᠷᠢᠨ ᠦᠵᠡᠭᠦᠯᠵᠦ᠂ ᠣᠯᠠᠨ ᠲᠦᠮᠡᠨ ᠳᠤ ᠲᠦᠷᠭᠡᠨ ᠪᠠᠶᠢᠴᠠᠭᠠᠯᠲᠠ ᠶᠢᠨ ᠮᠡᠳᠡᠯᠭᠡ ᠶᠢ | ᠲᠠᠶᠢᠯᠪᠤᠷᠢᠯᠠᠬᠤ ᠶᠢᠨ ᠬᠠᠮᠲᠤ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠭᠡᠷ ᠪᠦᠯᠢ ᠶᠢᠨ ᠪᠠᠶᠢᠩᠭᠤ | ᠬᠡᠷᠡᠭᠯᠡᠬᠦ ᠢᠳᠡᠭᠡᠨ ᠤ ᠮᠠᠲ᠋ᠧᠷᠢᠶᠠᠯ ᠤᠨ ᠲᠦᠷᠭᠡᠨ ᠪᠠᠶᠢᠴᠠᠭᠠᠯᠲᠠ ᠶᠢᠨ ᠶᠠᠪᠤᠴᠠ᠂ ᠠᠵᠢᠯᠯᠠᠭᠠᠨ ᠤ ᠶᠠᠪᠤᠴᠠ ᠶᠢ | ᠲᠤᠬᠠᠢ ᠶᠢᠨ ᠲᠠᠯᠠᠪᠤᠷ ᠲᠤᠨᠢ ᠦᠵᠡᠭᠦᠯᠵᠦ᠂ ᠲᠤᠬᠠᠢ ᠶᠢᠨ ᠲᠠᠯᠠᠪᠤᠷ ᠤᠨ ᠣᠯᠠᠨ ᠲᠦᠮᠡᠨ ᠳᠤ ᠢᠳᠡᠭᠡᠨ ᠤ ᠠᠮᠤᠷ | ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠪᠠᠶᠢᠨ᠎ᠠ᠃ᠠᠷᠠᠳ ᠣᠯᠠᠨ ᠤ | ᠢᠳᠡᠭᠡᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠲᠤᠬᠠᠢ ᠲᠠᠨᠢᠯᠲᠠ ᠶᠢ ᠶᠡᠬᠡᠪᠡᠷ ᠳᠡᠭᠡᠭᠰᠢᠯᠡᠭᠦᠯᠪᠡ᠃ | 2.ᠬᠤᠶᠠᠷ ᠵᠦᠢᠯ ᠤᠨ ᠨᠢᠭᠡ ᠵᠦᠢᠯ ᠤᠨ ᠪᠠᠭᠠᠵᠢ ᠵᠡᠪᠰᠡᠭ ᠤᠨ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ | ᠴᠢᠩᠭᠠᠳᠬᠠᠪᠠ᠃︽ᠬᠤᠶᠠᠷ ᠪᠦᠲᠦᠭᠡᠭᠳᠡᠬᠦᠨ ᠨᠢᠭᠡ ᠪᠠᠭᠠᠵᠢ ᠵᠡᠪᠰᠡᠭ︾ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠲᠦᠭᠰᠢᠭᠦᠷᠢ ᠶᠢᠨ ᠢᠲᠡᠭᠡᠮᠵᠢ ᠶᠢ ᠬᠡᠮᠵᠢᠶᠡᠵᠢᠭᠦᠯᠦᠨ ᠲᠠᠰ ᠲᠥᠷᠥᠯ ᠬᠤᠪᠢᠶᠠᠨ ᠬᠢᠨᠠᠨ | ᠬᠠᠮᠢᠶᠠᠷᠬᠤ ᠶᠢ ᠬᠡᠷᠡᠭᠵᠢᠭᠦᠯᠦᠨ᠎ᠡ᠃︽ᠬᠤᠶᠠᠷ ᠦᠢᠯᠡᠳᠬᠦᠨ ᠨᠢᠭᠡ ᠵᠡᠪᠰᠡᠭ︾︾ ᠤᠨ ᠶᠠᠰᠤ ᠴᠢᠨᠠᠷ ᠲᠤ ᠬᠢᠨᠠᠯᠲᠠ | ᠲᠠᠯᠪᠢᠵᠤ ᠰᠤᠭᠤᠴᠢᠨ ᠪᠠᠶᠢᠴᠠᠭᠠᠬᠤ ᠶᠢ ᠴᠢᠩᠭᠠᠳᠬᠠᠨ᠎ᠠ᠃ᠸᠠᠺᠼᠢᠨ ᠤ ᠪᠦᠲᠦᠭᠡᠭᠳᠡᠬᠦᠨ᠂ ᠴᠢᠰᠤᠨ ᠤ ᠪᠦᠲᠦᠭᠡᠭᠳᠡᠬᠦᠨ | ᠂ ᠪᠠᠺᠲ᠋ᠧᠷᠢ ᠦᠭᠡᠢ ᠪᠠ ᠳᠠᠷᠢᠵᠤ ᠣᠷᠣᠭᠤᠯᠬᠤ ᠴᠢᠨᠠᠷᠲᠠᠢ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠲᠦᠭᠰᠢᠭᠦᠷᠢ | ᠶᠡᠬᠡᠲᠡᠢ ᠪᠦᠲᠦᠭᠡᠭᠳᠡᠬᠦᠨ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ᠪᠦᠬᠦ ᠰᠢᠶᠠᠨ ᠤ ᠡᠮ ᠤᠨ | ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠸᠠᠺᠼᠢᠨ ᠤ ᠲᠠᠷᠢᠯᠭ᠎ᠠ ᠶᠢᠨ ᠨᠢᠭᠡᠴᠢ ᠳᠤ 2360 | ᠡᠷᠦᠬᠡ ᠤᠳᠠᠭ᠎ᠠ ᠶᠢᠨ ᠪᠦᠬᠦᠨ ᠢ ᠬᠠᠮᠤᠷᠤᠭᠰᠠᠨ ᠪᠠᠶᠢᠴᠠᠭᠠᠯᠲᠠ ᠶᠢ ᠪᠡᠶᠡᠯᠡᠭᠦᠯᠪᠡ᠃ᠪᠠᠶᠢᠴᠠᠭᠠᠯᠲᠠ ᠶᠢᠨ ᠳᠤᠮᠳᠠ 25 | ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠠᠰᠠᠭᠤᠳᠠᠯ ᠤᠨ ᠳᠠᠯᠳᠠ ᠬᠡᠮ ᠣᠷᠣᠰᠢᠵᠤ ᠪᠠᠶᠢᠬᠤ ᠶᠢ ᠣᠯᠵᠤ | ᠮᠡᠳᠡᠭᠡᠳ᠂ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠵᠠᠷᠯᠢᠭᠳᠠᠵᠤ ᠪᠠᠶᠢᠭᠠᠳ ᠴᠡᠭᠴᠡᠯᠡᠨ | ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠬᠤ ᠬᠡᠷᠡᠭᠲᠡᠢ ᠭᠡᠵᠦ ᠱᠠᠭᠠᠷᠳᠠᠪᠠ᠃ | ︵ᠲᠠᠪᠤ︶ ᠢᠳᠡᠭᠡᠨ ᠠᠴᠠ ᠢᠷᠡᠯᠲᠡ ᠲᠠᠢ ᠡᠪᠡᠳᠴᠢᠨ ᠡᠮᠭᠡᠭ ᠢ ᠬᠢᠨᠠᠨ ᠬᠡᠮᠵᠢᠬᠦ᠂ ᠤᠷᠢᠳᠴᠢᠯᠠᠨ ᠰᠡᠷᠭᠡᠶᠢᠯᠡᠬᠦ ᠶᠢ | ᠨᠠᠩ ᠪᠦᠲᠦᠮᠵᠢᠲᠡᠶ ᠪᠣᠯᠭᠠᠨ᠎ᠠ | ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠢᠳᠡᠪᠬᠢᠲᠡᠢ ᠪᠠᠷ ᠬᠥᠳᠡᠯᠦᠯᠴᠡᠵᠦ᠂ ᠢᠳᠡᠭᠡᠨ ᠠᠴᠠ | ᠢᠷᠡᠯᠲᠡ ᠲᠠᠢ ᠡᠪᠡᠳᠴᠢᠨ ᠡᠮᠭᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠᠨ | ᠳᠡᠭᠡᠭᠰᠢᠯᠡᠭᠦᠯᠦᠨ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠡᠷᠲᠡ ᠣᠯᠵᠤ ᠮᠡᠳᠡᠬᠦ᠂ ᠡᠷᠲᠡ | ᠣᠨᠣᠰᠢᠯᠠᠬᠤ᠂ ᠡᠷᠲᠡ ᠡᠮᠨᠡᠨ ᠵᠠᠰᠠᠬᠤ᠂ ᠡᠷᠲᠡ ᠰᠢᠢᠳᠪᠦᠷᠢᠯᠡᠬᠦ ᠵᠠᠷᠴᠢᠮ ᠢ ᠲᠤᠭᠤᠰᠢᠯᠠᠭᠤᠯᠤᠨ᠂ ᠢᠳᠡᠭᠡᠨ ᠤ ᠠᠮᠤᠷ | ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠢᠯᠡᠷᠡᠭᠦᠯᠵᠦ᠂ ᠠᠶᠤᠯ ᠲᠦᠭᠰᠢᠭᠦᠷᠢ ᠶᠢ ᠤᠷᠢᠳᠴᠢᠯᠠᠨ | ᠰᠡᠷᠡᠮᠵᠢᠯᠡᠭᠦᠯᠵᠦ᠂ ᠮᠠᠨ ᠤ ᠰᠢᠶᠠᠨ ᠤ ᠢᠳᠡᠭᠡᠨ ᠠᠴᠠ ᠢᠷᠡᠯᠲᠡ ᠲᠠᠢ ᠡᠪᠡᠳᠴᠢᠨ ᠡᠮᠭᠡᠭ ᠤᠨ ᠡᠪᠡᠳᠴᠢᠯᠡᠬᠦ | ᠨᠣᠷᠮ᠎ᠠ ᠶᠢ ᠪᠠᠭᠠᠰᠬᠠᠪᠠ᠃ᠨᠢᠭᠡ ᠳᠤ 2022 ᠣᠨ ᠤ ᠲᠦᠷᠦᠭᠦᠸ ᠬᠠᠭᠠᠰ ᠵᠢᠯ ᠳᠤ ᠢᠳᠡᠭᠡᠨ ᠠᠴᠠ ᠢᠷᠡᠯᠲᠡ ᠲᠠᠢ | ᠡᠪᠡᠳᠴᠢᠨ ᠳᠤ ᠨᠡᠷᠪᠡᠭᠳᠡᠭᠰᠡᠳ ᠤᠨ ᠲᠤᠭ᠎ᠠ ᠶᠢ ᠨᠡᠶᠢᠲᠡ 110 ᠳᠡᠭᠡᠭᠰᠢ ᠮᠡᠳᠡᠭᠦᠯᠵᠡᠢ᠂ ᠡᠭᠦᠨ ᠳᠤ ᠢᠳᠡᠭᠡᠨ ᠠᠴᠠ | ᠢᠷᠡᠯᠲᠡ ᠲᠠᠢ ᠭᠡᠨᠡᠳᠲᠡ ᠡᠭᠦᠰᠦᠭᠰᠡᠨ 2 ᠬᠡᠷᠡᠭ ᠲᠤ ᠬᠤᠯᠪᠣᠭᠳᠠᠭᠰᠠᠨ ᠬᠥᠮᠥᠨ ᠤ ᠲᠤᠭ᠎ᠠ 13 ᠪᠠᠶᠢᠵᠤ᠂ | ᠦᠬᠦᠭᠰᠡᠨ ᠡᠪᠡᠳᠴᠢᠨ ᠤ ᠵᠢᠱᠢᠶ᠎ᠡ ᠭᠠᠷᠤᠭᠰᠠᠨ ᠦᠭᠡᠢ᠃ᠬᠤᠶᠠᠷ ᠲᠤ ᠲᠥᠰᠥᠯ ᠤᠨ ᠱᠠᠭᠠᠷᠳᠠᠯᠭ᠎ᠠ ᠶᠣᠰᠣᠭᠠᠷ ᠡᠳᠦᠷ | ᠲᠤᠲᠤᠮ ᠤᠨ ᠠᠵᠢᠯ ᠢᠶᠠᠨ ᠥᠷᠨᠢᠭᠦᠯᠵᠦ᠂ ᠢᠳᠡᠭᠡᠨ ᠠᠴᠠ ᠢᠷᠡᠯᠲᠡ ᠲᠠᠢ ᠡᠪᠡᠳᠴᠢᠨ ᠡᠮᠭᠡᠭ ᠢ ᠬᠢᠨᠠᠨ ᠬᠡᠮᠵᠢᠬᠦ | ᠲᠥᠰᠥᠯ ᠤᠨ ᠮᠡᠳᠡᠭᠦᠯᠬᠦ ᠰᠢᠰᠲ᠋ᠧᠮ ᠢ ᠴᠢᠩᠭ᠎ᠠ ᠵᠢᠷᠤᠮᠯᠠᠨ᠂ ᠴᠠᠭ ᠲᠤᠬᠠᠢ ᠳᠤᠨᠢ ᠰᠦᠯᠵᠢᠶ᠎ᠡ ᠪᠠᠷ ᠳᠠᠮᠵᠢᠭᠤᠯᠤᠨ | ᠮᠡᠳᠡᠭᠦᠯᠬᠦ ᠬᠡᠷᠡᠭᠲᠡᠢ᠃ᠢᠳᠡᠭᠡᠨ ᠠᠴᠠ ᠢᠷᠡᠯᠲᠡ ᠲᠠᠢ ᠡᠪᠡᠳᠴᠢᠨ ︵ᠢᠳᠡᠭᠡᠨ ᠳᠤ ᠬᠤᠣᠷᠳᠠᠭᠳᠠᠬᠤ︶ ᠤ ᠠᠵᠢᠯ ᠢ | ᠢᠳᠡᠪᠬᠢᠲᠡᠢ ᠥᠷᠨᠢᠭᠦᠯᠵᠦ᠂ ᠵᠣᠬᠢᠴᠠᠩᠭᠤᠢ ᠠᠵᠢᠯ ᠤᠨ ᠲᠣᠭᠲᠠᠴᠠ ᠶᠢ ᠪᠤᠶ ᠪᠣᠯᠭᠠᠪᠠ᠃ | ︵ᠵᠢᠷᠭᠤᠭ᠎ᠠ︶ ᠲᠠᠷᠢᠶᠠᠯᠠᠩ ᠳᠤ ᠬᠤᠯᠪᠣᠭᠳᠠᠬᠤ ᠵᠠᠬ᠎ᠠ ᠳᠡᠯᠭᠡᠭᠦᠷ ᠤᠨ ᠶᠠᠰᠤ ᠴᠢᠨᠠᠷ ᠤᠨ ᠠᠮᠤᠷ ᠲᠦᠪᠰᠢᠨ ᠢ | ᠡᠵᠡᠮᠳᠡᠵᠦ ᠪᠣᠯᠬᠤ᠃ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠠᠴᠠ 10 ᠰᠢᠶᠠᠩ ᠪᠠᠯᠭᠠᠰᠤ ᠶᠢ ᠪᠥᠬᠦᠳᠡ ᠶᠢ ᠬᠢᠨᠠᠨ ᠬᠠᠮᠢᠶᠠᠷᠬᠤ ᠲᠣᠣᠷ ᠲᠤ ᠣᠷᠣᠭᠤᠯᠵᠤ᠂ ᠬᠥᠳᠡᠭᠡ | ᠲᠣᠰᠬᠤᠨ ᠬᠤᠶᠠᠷ ᠱᠠᠲᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠨ | ᠬᠠᠮᠢᠶᠠᠷᠬᠤ ᠠᠵᠢᠯᠲᠠᠨ ᠨᠡᠶᠢᠳᠡ 232 ᠬᠥᠮᠥᠨ ᠪᠠᠶᠢᠨ᠎ᠠ᠃ᠪᠦᠬᠦ ᠰᠢᠶᠠᠨ ᠢᠶᠠᠷ ᠢᠶᠠᠨ 22 ᠰᠠᠤᠷᠢ ︽ᠲᠣᠮᠣ | ᠳ᠋ᠠᠶᠢᠲ᠋ᠠ ᠶᠢᠨ ᠣᠶᠤᠨᠴᠢ ᠬᠢᠨᠠᠯᠲᠠ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠲᠠᠪᠴᠠᠩ ᠤᠨ ᠭᠠᠷ ᠦᠵᠦᠭᠦᠷ︾᠂ | ᠰᠢᠶᠠᠩ ᠪᠠᠯᠭᠠᠰᠤ ᠪᠦᠷᠢ ᠳᠤ 2 ᠰᠠᠤᠷᠢ᠂ ᠬᠢᠨᠠᠨ ᠬᠠᠮᠢᠶᠠᠷᠬᠤ ᠰᠲ᠋ᠣᠺ᠂ ᠶᠠᠰᠤ ᠴᠢᠨᠠᠷ ᠤᠨ ᠪᠠᠶᠢᠴᠠᠭᠠᠯᠲᠠ ᠶᠢᠨ | ᠦᠷᠳᠡᠭᠡ ᠲᠤᠰ ᠪᠦᠷᠢ 1 ᠰᠠᠤᠷᠢ ᠲᠣᠬᠢᠷᠠᠭᠤᠯᠵᠠᠢ᠃ᠰᠢᠶᠠᠩ ᠪᠠᠯᠭᠠᠰᠤ ᠪᠣᠯᠭᠠᠨ ᠳᠤ︽ᠲᠠᠷᠢᠶᠠᠨ ᠡᠮ ᠤᠨ | ᠦᠯᠡᠳᠡᠭᠳᠡᠯ ᠢ ᠲᠦᠷᠭᠡᠨ ᠬᠡᠮᠵᠢᠬᠦ ᠬᠡᠮᠵᠢᠭᠦᠷᠯᠢᠭ︾1 ᠰᠠᠤᠷᠢ ᠲᠣᠬᠢᠷᠠᠭᠤᠯᠵᠤ᠂ ᠬᠥᠮᠥᠰ ᠢ ᠵᠣᠬᠢᠶᠠᠨ ᠪᠠᠶᠢᠭᠤᠯᠬᠤ ᠶᠢᠨ | ᠬᠠᠮᠲᠤ ᠬᠤᠳᠠ ᠶᠢᠨ ᠵᠣᠬᠢᠶᠠᠨ ᠪᠠᠶᠢᠭᠤᠯᠤᠭᠰᠠᠨ ᠲᠦᠷᠭᠡᠨ ᠬᠡᠮᠵᠢᠬᠦ ᠬᠡᠮᠵᠢᠭᠦᠷᠯᠢᠭ ᠤᠨ ᠪᠣᠯᠪᠠᠰᠤᠷᠠᠯ ᠤᠨ ᠬᠤᠷᠠᠯ ᠳᠤ | ᠣᠷᠣᠯᠴᠠᠵᠤ᠂ ᠮᠡᠷᠭᠡᠵᠢᠯ ᠤᠨ ᠵᠢᠯᠣᠭᠤᠳᠤᠯᠭ᠎ᠠ ᠪᠠ ᠠᠵᠢᠯᠯᠠᠭᠤᠯᠤᠨ ᠬᠡᠷᠡᠭᠯᠡᠬᠦ ᠪᠣᠯᠪᠠᠰᠤᠷᠠᠯ ᠢ ᠥᠷᠨᠢᠭᠦᠯᠵᠡᠢ᠃ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠲᠤ ᠰᠤᠭᠤᠴᠢᠨ ᠪᠠᠶᠢᠴᠠᠭᠠᠯᠲᠠ ᠬᠢᠵᠦ᠂ | ᠣᠳᠣᠬᠠᠨ ᠳᠤ ᠨᠡᠶᠢᠲᠡ 118 ᠪᠦᠯᠦᠭ ᠤᠳᠠᠭ᠎ᠠ ᠶᠢᠨ ᠨᠢᠰᠦᠯᠲᠡ ᠶᠢᠨ ᠰᠤᠭᠤᠴᠢᠨ ᠪᠠᠶᠢᠴᠠᠭᠠᠯᠲᠠ ᠶᠢ 10 ᠪᠦᠯᠦᠭ | ᠤᠳᠠᠭ᠎ᠠ ᠪᠡᠶᠡᠯᠡᠭᠦᠯᠵᠦ᠂ 63 ᠪᠦᠯᠦᠭ ᠵᠤᠷᠰᠢᠯ ᠢᠶᠠᠷ ᠰᠤᠭᠤᠴᠢᠨ ᠪᠠᠶᠢᠴᠠᠭᠠᠯᠲᠠ ᠬᠢᠵᠦ᠂ 45 ᠪᠦᠯᠦᠭ ᠬᠢᠨᠠᠯᠲᠠ | ᠲᠠᠯᠪᠢᠵᠤ ᠰᠤᠭᠤᠴᠢᠨ ᠪᠠᠶᠢᠴᠠᠭᠠᠯᠲᠠ ᠬᠢᠵᠦ᠂ ᠴᠢᠨᠠᠷ ᠲᠣᠭᠲᠠᠭᠠᠨ ᠰᠤᠭᠤᠴᠢᠨ ᠪᠠᠶᠢᠴᠠᠭᠠᠯᠲᠠ ᠶᠢ 870 ᠪᠦᠯᠦᠭ | ᠤᠳᠠᠭ᠎ᠠ ᠪᠡᠶᠡᠯᠡᠭᠦᠯᠵᠦ᠂ ᠬᠢᠷᠢ ᠲᠡᠩᠴᠡᠭᠰᠡᠨ ᠨᠣᠷᠮ᠎ᠠ ᠨᠢ 100% ᠳᠤ ᠬᠥᠷᠪᠡ᠃ᠢᠳᠡᠭᠡᠨ ᠳᠤ ᠬᠡᠷᠡᠭᠯᠡᠬᠦ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ︽ᠴᠠᠭᠠᠵᠠ ᠶᠢ | ᠵᠥᠷᠢᠴᠡᠨ ᠡᠮ ᠤᠨ ᠦᠯᠡᠳᠡᠭᠳᠡᠯ ᠢ ᠬᠢᠵᠠᠭᠠᠷᠯᠠᠨ ᠬᠢᠵᠠᠭᠠᠷᠯᠠᠬᠤ ᠶᠢ ᠵᠠᠰᠠᠵᠤ ᠳᠡᠭᠡᠭᠰᠢᠯᠡᠭᠦᠯᠬᠦ ᠶᠢ ᠠᠬᠢᠭᠤᠯᠬᠤ︾ | ᠠᠵᠢᠯᠯᠠᠭ᠎ᠠ ᠶᠢ ᠥᠷᠨᠢᠭᠦᠯᠵᠦ᠂ ᠨᠡᠶᠢᠲᠡ 32 ᠲᠡᠷᠭᠡ ᠤᠳᠠᠭ᠎ᠠ ᠬᠠᠤᠯᠢ ᠬᠡᠷᠡᠭᠵᠢᠭᠦᠯᠬᠦ ᠤᠬᠠᠭᠤᠯᠭ᠎ᠠ ᠶᠢᠨ ᠲᠡᠷᠭᠡ᠂ | 152 ᠬᠠᠤᠯᠢ ᠬᠡᠷᠡᠭᠵᠢᠭᠦᠯᠬᠦ ᠠᠵᠢᠯᠲᠠᠨ᠂ 88 ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠡᠵᠡᠩᠨᠡᠯᠲᠡ ᠶᠢᠨ ᠡᠷᠦᠬᠡ᠂ 610 ᠡᠯᠭᠦᠭᠡ ᠪᠢᠴᠢᠭᠡᠰᠦ ᠶᠢ ᠪᠠᠶᠢᠴᠠᠭᠠᠵᠤ᠂ ᠲᠠᠷᠢᠶᠠᠴᠢᠳ ᠲᠤ 6000 ᠭᠠᠷᠤᠢ | ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ ᠥᠭᠴᠦ᠂ ᠲᠤᠬᠠᠢ ᠶᠢᠨ ᠲᠠᠯᠠᠪᠤᠷ ᠲᠤ 520 ᠭᠠᠷᠤᠢ ᠤᠳᠠᠭ᠎ᠠ | ᠠᠰᠠᠭᠤᠨ ᠯᠠᠪᠯᠠᠬᠤ ᠶᠢ ᠭᠥᠯᠢᠶᠡᠨ ᠠᠪᠤᠭᠰᠠᠨ ᠪᠠᠶᠢᠨ᠎ᠠ᠃ | ︵ᠳᠣᠯᠤᠭ᠎ᠠ︶ ᠣᠯᠠᠨ ᠲᠠᠯ᠎ᠠ ᠶᠢᠨ ᠤᠬᠠᠭᠤᠯᠭ᠎ᠠ ᠶᠢᠨ ᠠᠷᠭ᠎ᠠ ᠮᠠᠶ᠋ᠢᠭ ᠢ ᠡᠭᠦᠳᠴᠦ᠂ ᠬᠤᠲᠠ ᠪᠠᠶᠢᠭᠤᠯᠬᠤ ᠡᠶ᠎ᠡ | ᠵᠣᠬᠢᠴᠠᠯ ᠲᠠᠢ ᠠᠭᠤᠷ ᠠᠮᠢᠰᠬᠤᠯ ᠢ ᠪᠣᠶ ᠪᠣᠯᠭᠠᠨ᠎ᠠ | ᠢᠳᠡᠭᠡᠨ ᠤ ᠠᠶᠤᠯ ᠦᠭᠡᠢ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯᠣᠨ ᠳᠤᠮᠳᠠ | ᠨᠡᠶᠢᠭᠡᠮᠣᠨ ᠤᠬᠠᠭᠤᠯᠭ᠎ᠠ ᠶᠢᠨ ᠠᠵᠢᠯ ᠤᠨ ᠴᠢᠬᠤᠯᠠ ᠴᠢᠨᠠᠷ ᠢ ᠲᠤᠪᠤᠶᠢᠯᠭᠠᠬᠤ ᠬᠡᠷᠡᠭᠲᠡᠢ᠃︽ᠢᠳᠡᠭᠡᠨ ᠤ ᠠᠮᠤᠷ | ᠲᠦᠪᠰᠢᠨ ᠤ ᠬᠤᠲᠠ ᠶᠢ ᠡᠭᠦᠳᠦᠨ ᠪᠠᠶᠢᠭᠤᠯᠤᠶ᠎ᠠ᠂ ᠪᠢᠳᠡ ᠠᠵᠢᠯᠯᠠᠭ᠎ᠠ ᠪᠠᠷ ᠢᠶᠠᠨ ᠠᠵᠢᠯᠯᠠᠶ᠎ᠠ︾ ᠭᠡᠬᠦ ᠲᠤᠰᠬᠠᠢ | ᠰᠡᠳᠦᠪᠲᠦ ᠤᠬᠠᠭᠤᠯᠭ᠎ᠠ ᠶᠢᠨ ᠹᠢᠯᠢᠮ ᠢ ᠰᠢᠨ᠎ᠡ ᠪᠠᠷ ᠡᠭᠦᠳᠦᠨ ᠦᠢᠯᠡᠳᠴᠦ᠂ ᠥᠪᠥᠷ ᠮᠣᠩᠭᠤᠯ ᠤᠨ | ᠬᠡᠷᠡᠭᠯᠡᠭᠴᠢᠳ ᠤᠨ ᠨᠡᠶᠢᠭᠡᠮᠯᠢᠭ ᠤᠨ ᠭᠤᠣᠯ ᠵᠠᠭᠤᠴᠢᠯᠠᠭᠤᠷ ᠵᠢᠴᠢ ᠬᠤᠪᠢ ᠶᠢᠨ ᠵᠠᠭᠤᠴᠢᠯᠠᠭᠤᠷ ᠤᠨ ᠲᠠᠪᠴᠠᠩ ᠳᠤ | ᠠᠮᠵᠢᠯᠲᠠ ᠲᠠᠢ ᠨᠡᠪᠲᠡᠷᠡᠭᠦᠯᠪᠡ︔ᠱᠠᠩᠳᠤ ᠰᠢᠶᠠᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠠᠯᠪᠠᠨ ᠤ | ᠲᠠᠯ᠎ᠠ ᠶᠢᠨ ᠲᠠᠩᠰᠠᠨ ᠨᠣᠮᠧᠷ ᠢ ᠡᠭᠦᠳᠦᠨ ᠪᠠᠶᠢᠭᠤᠯᠵᠤ᠂ 36 ᠠᠩᠬᠠᠨ ᠤ ᠡᠭᠦᠳᠦᠯᠲᠡ ᠶᠢᠨ ᠪᠦᠲᠦᠭᠡᠯ ᠢ | ᠨᠡᠶᠢᠲᠡᠯᠡᠵᠦ᠂ 525 ᠰᠢᠳᠦᠨ ᠪᠢᠰᠢᠷᠡᠭᠴᠢ ᠣᠯᠵᠤ᠂ 1570 ᠮᠠᠭᠲᠠᠭᠠᠯ ᠰᠠᠶᠢᠰᠢᠶᠠᠯ ᠢ ᠣᠯᠵᠤ᠂ ᠨᠡᠶᠢᠲᠡ | 213000 ᠤᠳᠠᠭ᠎ᠠ ᠨᠠᠪᠲᠠᠷᠡᠭᠦᠯᠵᠦ᠂ ᠨᠡᠶᠢᠭᠡᠮ ᠤᠨ ᠲᠤᠰᠬᠠᠯ ᠨᠡᠯᠢᠶᠡᠳ ᠰᠠᠶᠢᠨ ᠪᠣᠯᠪᠠ︔ᠰᠦᠯᠵᠢᠶᠡᠨ ᠳᠡᠭᠡᠷᠡᠬᠢ | 3.15 ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠤᠨ ᠰᠢᠭᠤᠳ ᠨᠡᠪᠲᠡᠷᠡᠭᠦᠯᠭᠡ ᠶᠢᠨ ᠦᠢᠯᠡᠳᠦᠯᠴᠡᠯ᠂ | ᠢᠳᠡᠭᠡᠨ ᠤ ᠠᠮᠤᠷ ᠲᠦᠪᠰᠢᠨ ᠢ ᠨᠡᠶᠢᠭᠡᠮ ᠲᠣᠭᠤᠷᠢᠭ ᠲᠤ ᠣᠷᠣᠭᠤᠯᠬᠤ᠂ ᠰᠢᠶᠠᠩ ᠪᠠᠯᠭᠠᠰᠤᠨ ᠳᠤ ᠣᠷᠣᠭᠤᠯᠬᠤ᠂ | ᠠᠵᠤ ᠠᠬᠤᠶᠢᠯᠠᠯ ᠳᠤ ᠣᠷᠣᠭᠤᠯᠬᠤ᠂ ᠬᠡᠳᠦ ᠳᠡᠯᠭᠡᠭᠦᠷ ᠲᠤ ᠣᠷᠣᠭᠤᠯᠬᠤ᠂ ᠬᠤᠭᠤᠯᠠᠨ ᠭᠡᠷ ᠲᠤ ᠣᠷᠣᠭᠤᠯᠬᠤ᠂ | ᠰᠤᠷᠭᠠᠭᠤᠯᠢ ᠳᠤ ᠣᠷᠣᠭᠤᠯᠬᠤ ᠠᠵᠢᠯᠯᠠᠭ᠎ᠠ᠂ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ᠂ ᠶᠠᠰᠤ | ᠴᠢᠨᠠᠷ ᠤᠨ ᠠᠮᠤᠷ ᠲᠦᠪᠰᠢᠨ ᠤ ᠤᠬᠠᠭᠤᠯᠭ᠎ᠠ ᠶᠢᠨ ᠰᠠᠷ᠎ᠠ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠭᠤᠷᠬᠢ ᠤᠬᠠᠭᠤᠯᠭ᠎ᠠ ᠶᠢᠨ ᠠᠵᠢᠯᠯᠠᠭ᠎ᠠ ᠨᠤᠭᠤᠳ ᠢ ᠴᠠᠭ ᠲᠤᠨᠢ ᠲᠣᠬᠢᠷᠠᠭᠤᠯᠤᠨ ᠥᠷᠨᠢᠭᠦᠯᠪᠡ᠃ ᠣᠯᠠᠨ | ᠨᠡᠶᠢᠲᠡ ᠶᠢᠨ ᠲᠠᠯᠠᠪᠤᠷ ᠵᠢᠴᠢ ᠡᠯ᠎ᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ LED ᠳᠡᠯᠭᠡᠴᠡ ᠶᠢ ᠠᠰᠢᠭᠯᠠᠨ | ᠤᠬᠠᠭᠤᠯᠭ᠎ᠠ ᠶᠢᠨ ᠸᠢᠳᠢᠤ᠋ ᠶᠢ ᠦᠷᠭᠦᠯᠵᠢᠯᠡᠨ ᠨᠠᠪᠲᠠᠷᠡᠭᠦᠯᠵᠦ᠂ ᠬᠥᠮᠥᠨ ᠨᠡᠯᠢᠶᠡᠳ ᠲᠥᠪᠯᠡᠷᠡᠭᠰᠡᠨ ᠰᠠᠭᠤᠭᠠᠯᠢ | ᠠᠷᠠᠳ ᠤᠨ ᠲᠣᠭᠤᠷᠢᠭ ᠤᠨ ᠭᠠᠳᠠᠷ ᠬᠡᠷᠡᠮ ᠳᠤ ᠲᠣᠭᠲᠠᠮᠠᠯ ᠤᠬᠠᠭᠤᠯᠭ᠎ᠠ ᠶᠢᠨ ᠯᠣᠽᠦ᠋ᠩ ᠪᠢᠴᠢᠵᠦ᠂ ᠠᠷᠠᠳ | ᠣᠯᠠᠨ ᠤ ᠢᠳᠡᠭᠡᠨ ᠤ ᠠᠮᠤᠷ ᠲᠦᠪᠰᠢᠨ ᠤ ᠤᠬᠠᠮᠰᠠᠷ ᠪᠠ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ | ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠢ ᠣᠶᠢᠯᠠᠭᠠᠬᠤ ᠨᠣᠷᠮ᠎ᠠ᠂ ᠳᠡᠮᠵᠢᠬᠦ ᠨᠣᠷᠮ᠎ᠠ ᠪᠠ | ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ | 【ᠰᠤᠷᠪᠤᠯᠵᠢᠯᠠᠭᠴᠢ】ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ︖ | 【ᠮᠠ ᠰᠢᠶᠣᠣ ᠴᠢᠶᠠᠩ】᠄ | ︵ᠨᠢᠭᠡ︶ ᠬᠢᠨᠠᠨ ᠬᠠᠮᠢᠶᠠᠷᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠰᠤᠷᠤᠯᠴᠠᠯᠭ᠎ᠠ ᠶᠢ | ᠴᠢᠩᠭᠠᠳᠬᠠᠵᠤ᠂ ᠰᠢᠨᠵᠢᠯᠡᠬᠦ ᠤᠬᠠᠭᠠᠨᠴᠢ ᠬᠢᠨᠠᠨ ᠬᠠᠮᠢᠶᠠᠷᠤᠯᠲᠠ ᠪᠠᠷ ᠲᠣᠥᠷᠵᠢᠭᠤᠯᠤᠭᠰᠠᠨ ᠰᠢᠰᠲ᠋ᠧᠮᠵᠢ ᠶᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠨ᠎ᠠ᠃ᠠᠵᠢᠯ ᠢ ᠪᠣᠳᠠᠲᠠᠶᠢᠵᠢᠭᠤᠯᠬᠤ ᠲᠣᠭᠲᠠᠴᠠ ᠶᠢ | ᠪᠠᠶᠢᠭᠤᠯᠤᠨ᠂ ᠲᠣᠥᠷᠵᠢᠭᠤᠯᠤᠭᠴᠢ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ | ᠲᠣᠥᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠴᠢᠮᠡᠭᠡ ᠨᠡᠪᠲᠡᠷᠡᠯᠭᠡ ᠶᠢᠨ ᠲᠡᠮᠳᠡᠭᠯᠡᠯ ᠢ ᠨᠠᠶᠢᠷᠠᠭᠤᠯᠤᠨ | ᠳᠠᠷᠤᠮᠠᠯᠯᠠᠵᠤ᠂ ︽ᠬᠡᠨ ᠬᠢᠨᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ︽ᠪᠥᠬᠦ ᠲᠠᠯ᠎ᠠ ᠶᠢ | ᠬᠠᠮᠤᠷᠬᠤ᠂ ᠱᠠᠲᠤ ᠱᠠᠲᠤ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠲᠣᠥᠷᠵᠢᠭᠤᠯᠤᠯᠲᠠ ᠶᠢ ᠡᠴᠦᠰ ᠲᠤᠨᠢ | ᠲᠤᠯᠲᠠᠯ᠎ᠠ ᠭᠦᠢᠴᠡᠳᠬᠡᠬᠦ᠂ ᠬᠠᠷᠢᠭᠤᠴᠠᠯᠭ᠎ᠠ ᠶᠢ ᠬᠥᠮᠥᠨ ᠳᠤᠨᠢ ᠨᠠᠶᠢᠳᠠᠪᠤᠷᠢᠵᠢᠭᠤᠯᠬᠤ︾ ᠲᠣᠥᠷᠵᠢᠭᠤᠯᠤᠭᠰᠠᠨ | ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠨᠠᠶᠢᠳᠠᠪᠤᠷᠢᠵᠢᠭᠤᠯᠤᠨ᠎ᠠ᠃ | ︵ᠬᠤᠶᠠᠷ︶ ᠬᠤᠲᠠ ᠪᠠᠶᠢᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠪᠣᠳᠠᠲᠠᠢ | ᠪᠥᠭᠡᠳ ᠨᠠᠷᠢᠯᠢᠭ ᠠᠳᠬᠤᠨ᠎ᠠ᠃ᠡᠯ᠎ᠡ ᠰᠢᠶᠠᠩ ᠪᠠᠯᠭᠠᠰᠤ ᠪᠣᠯᠣᠨ ᠪᠦᠷᠢᠯᠳᠦᠭᠦᠨ ᠨᠢᠭᠡᠴᠡ ᠶᠢᠨ ᠦᠢᠯᠡᠳᠦᠯ ᠢ ᠦᠨᠡᠨᠬᠦ | ᠪᠠᠳᠠᠷᠠᠭᠤᠯᠵᠤ᠂ ᠬᠤᠲᠠ ᠪᠠᠶᠢᠭᠤᠯᠬᠤ ᠠᠵᠢᠯ ᠤᠨ ᠨᠠᠷᠢᠨ ᠳᠦᠷᠢᠮ ᠵᠢᠴᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢ ᠦᠨᠳᠦᠰᠦᠯᠡᠨ ᠥᠨᠳᠥᠷ ᠪᠠᠷᠢᠮᠵᠢᠶ᠎ᠠ ᠪᠠᠷ ᠬᠤᠲᠠ ᠪᠠᠶᠢᠭᠤᠯᠬᠤ ᠡᠯ᠎ᠡ ᠬᠦᠷᠢᠶ᠎ᠡ ᠴᠠᠷᠠᠭ᠎ᠠ ᠶᠢᠨ | ᠠᠵᠢᠯ ᠢ ᠰᠠᠶᠢᠲᠤᠷ ᠬᠢᠬᠦ ᠶᠢᠨ ᠬᠠᠮᠲᠤ᠂ ᠲᠣᠭᠲᠠᠮᠠᠯ ᠤᠷᠢᠶ᠎ᠠ ᠶᠢ ᠠᠰᠢᠭᠯᠠᠨ ᠬᠤᠲᠠ ᠪᠠᠶᠢᠭᠤᠯᠬᠤ ᠠᠵᠢᠯ ᠤᠨ | ᠬᠥᠳᠡᠭᠡ ᠲᠣᠰᠬᠤᠨ ᠳᠠᠬᠢ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ᠮᠠᠨ ᠤ ᠲᠣᠪᠴᠢᠶ᠎ᠠ ᠢᠳᠡᠭᠡᠨ | ᠤᠮᠳᠠᠭᠠᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠨᠢᠭᠡ ᠵᠡᠭᠡᠯᠢ ᠶᠢᠨ ᠰᠠᠭᠤᠷᠢᠨ ᠳᠡᠭᠡᠷ᠎ᠡ ᠪᠠᠰᠠ | ᠬᠤᠶᠠᠷ ᠵᠢᠱᠢᠶ᠎ᠡ ᠦᠵᠡᠭᠦᠯᠬᠦ ᠵᠡᠭᠡᠯᠢ ᠶᠢ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ᠲᠣᠰ ᠤᠳᠠᠭᠠᠨ ᠤ ᠬᠤᠲᠠ | ᠪᠠᠶᠢᠭᠤᠯᠬᠤ ᠪᠠᠷ ᠠᠵᠠ ᠲᠣᠬᠢᠶᠠᠯ ᠪᠣᠯᠭᠠᠨ᠂ ᠠᠵᠢᠯ ᠤᠨ ᠳᠤᠲᠠᠭᠤᠳᠠᠯ ᠢᠶᠠᠨ ᠨᠥᠬᠦᠪᠦᠷᠢᠯᠡᠵᠦ᠂ ᠢᠳᠡᠭᠡᠨ ᠤ ᠠᠮᠤᠷ | ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠬᠠᠷᠠᠯᠲᠠᠲᠤ ᠡᠭᠦᠷᠭᠡ ᠶᠢ ᠪᠥᠬᠦ ᠲᠠᠯ᠎ᠠ ᠪᠠᠷ | ᠡᠮᠬᠢᠯᠡᠨ ᠳᠢᠭᠯᠡᠵᠦ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠠᠷᠭ᠎ᠠ ᠬᠡᠮᠵᠢᠶ᠎ᠡ ᠶᠢ | ᠴᠢᠩᠭᠠᠷᠠᠭᠤᠯᠵᠤ᠂ ᠪᠠᠷᠢᠮᠵᠢᠶ᠎ᠠ ᠲᠠᠢ ᠬᠠᠷᠭᠤᠭᠤᠯᠵᠤ ᠬᠦᠰᠦᠨᠦᠭᠲᠦ ᠲᠠᠢ ᠬᠠᠷᠭᠤᠭᠤᠯᠵᠤ᠂ ᠬᠠᠷᠠᠯᠲᠠ ᠶᠢᠨ ᠡᠭᠦᠷᠭᠡ ᠶᠢ | ᠨᠠᠷᠢᠯᠢᠭᠵᠢᠭᠤᠯᠤᠨ ᠬᠡᠮᠵᠢᠶᠡᠵᠢᠭᠦᠯᠵᠦ᠂ ᠭᠤᠯᠳᠤ ᠪᠠᠷ᠂ ᠬᠥᠨᠳᠡᠯᠡᠨ ᠢᠶᠠᠷ ᠬᠢᠨᠠᠨ ᠬᠠᠮᠢᠶᠠᠷᠬᠤ ᠪᠠ ᠬᠠᠷᠢᠯᠴᠠᠬᠤ ᠶᠢ | ᠴᠢᠩᠭᠠᠳᠬᠠᠨ᠂ ︽ᠬᠤᠶᠠᠷ ᠢ ᠠᠶᠤᠯᠭᠦᠢ ᠪᠠᠷ ᠠᠳᠠᠯ ᠦᠢᠯᠡᠰ ᠴᠣᠭᠴᠠᠯᠠᠨ ᠰᠢᠨ᠎ᠡ ᠶᠢ ᠡᠭᠦᠳᠬᠦ︾ ᠠᠵᠢᠯ ᠳᠤ ᠪᠠᠲᠤ | ᠪᠠᠬᠢ ᠰᠠᠭᠤᠷᠢ ᠲᠠᠯᠪᠢᠵᠤ᠂ ᠬᠤᠲᠠ ᠪᠠᠶᠢᠭᠤᠯᠬᠤ ᠠᠵᠢᠯ ᠤᠨ ᠬᠠᠷᠠᠯᠲᠠᠲᠤ ᠡᠭᠦᠷᠭᠡ ᠶᠢ ᠪᠥᠬᠦ ᠲᠠᠯ᠎ᠠ ᠪᠠᠷ | ᠪᠡᠶᠡᠯᠡᠭᠦᠯᠬᠦ ᠶᠢ ᠦᠨᠡᠨᠬᠦ ᠪᠠᠳᠤᠯᠠᠨ᠎ᠠ᠃ | ︵ᠭᠤᠷᠪᠠ︶ ᠲᠥᠯᠥᠪᠯᠡᠭᠡ ᠶᠣᠰᠣᠭᠠᠷ ᠣᠶᠤᠨᠴᠢ ᠬᠢᠨᠠᠯᠲᠠ ᠬᠠᠮᠢᠶᠠᠷᠤᠯᠲᠠ ᠶᠢ ᠠᠬᠢᠭᠤᠯᠵᠤ᠂ ︽ᠢᠨᠲ᠋ᠧᠷ ᠰᠦᠯᠵᠢᠶ᠎ᠡ | + ᠢᠯᠡ ᠲᠣᠭᠤᠭ᠎ᠠ︾ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ᠡᠨᠡ ᠵᠢᠯ ᠤᠨ ᠡᠴᠦᠰ | ᠪᠣᠯᠬᠤ ᠳᠤ᠂ ᠪᠥᠬᠦ ᠰᠢᠶᠠᠨ ᠤ ᠰᠤᠷᠭᠠᠭᠤᠯᠢ ᠵᠢᠴᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠲᠥᠪ ᠤᠨ ᠬᠤᠭᠤᠯᠠᠨ ᠭᠡᠷ ᠤᠨ ︽ᠢᠨᠲ᠋ᠧᠷ ᠰᠦᠯᠵᠢᠶ᠎ᠡ + ᠢᠯᠡ ᠲᠣᠭᠤᠭ᠎ᠠ︾ ᠶᠢᠨ ᠪᠦᠷᠬᠦᠴᠡ ᠶᠢᠨ ᠨᠣᠷᠮ᠎ᠠ ᠶᠢ | 100% ᠳᠤ ᠬᠦᠷᠦᠭᠦᠯᠬᠦ ᠪᠠᠷ ᠴᠢᠷᠮᠠᠶᠢᠨ᠎ᠠ︔ᠪᠥᠬᠦ ᠰᠢᠶᠠᠨ ᠤ ᠢᠳᠡᠭᠡᠨ ᠤᠮᠳᠠᠭᠠᠨ ᠤ ᠨᠢᠭᠡᠴᠡ ᠶᠢᠨ ︽ᠢᠨᠲ᠋ᠧᠷ | ᠰᠦᠯᠵᠢᠶ᠎ᠡ + ᠢᠯᠡ ᠲᠣᠭᠤᠭ᠎ᠠ︾ ᠶᠢᠨ ᠪᠦᠷᠬᠦᠴᠡ ᠶᠢᠨ ᠨᠣᠷᠮ᠎ᠠ ᠶᠢ ᠴᠢᠷᠮᠠᠶᠢᠨ ᠬᠡᠷᠡᠭᠵᠢᠭᠦᠯᠦᠨ᠎ᠡ᠃ | | ᠰᠠᠷᠠᠭᠤᠯ ᠪᠠᠭᠤᠯᠭᠠᠪᠠ | | |