ᠱᠠᠩᠳᠤ ᠰᠢᠶᠠᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2022/12/8
ᠭᠤᠣᠯ ᠰᠡᠳᠦᠪ᠄   ᠱᠠᠩᠳᠤ ᠰᠢᠶᠠᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠪᠡᠴᠠᠭ᠄   2022 ᠣᠨ ᠤ 11 ᠰᠠᠷ᠎ᠠ ᠶᠢᠨ 3 ‍ᠤ‌ᠡᠳᠦᠷᠵᠣᠴᠢᠨ᠄   ᠱᠠᠩᠳᠤ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠰᠦᠩ ᠴᠢᠶᠠᠩᠲᠣᠪᠴᠢᠯᠠᠯ᠄   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠲᠦᠯᠬᠢᠨ ᠠᠬᠢᠭᠤᠯᠬᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠃2022 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠱᠠᠩᠳᠤ ᠰᠢᠶᠠᠨ ᠤ ᠱᠢ ᠵᠢᠢ ᠪᠠᠭ᠎ᠠ ᠰᠤᠷᠭᠠᠭᠤᠯᠢ ᠪᠠ ᠨᠡᠶᠢᠳᠡᠮ ᠬᠡᠷᠡᠭᠯᠡᠬᠦ ᠪᠠᠭ᠎ᠠ ᠰᠤᠷᠭᠠᠭᠤᠯᠢ᠂ ᠴᠦᠨ ᠮᠢᠩ ᠪᠠᠭ᠎ᠠ ᠰᠤᠷᠭᠠᠭᠤᠯᠢ ᠪᠠ ᠫᠢᠩ ᠠᠨ ᠪᠠᠭ᠎ᠠ ᠰᠤᠷᠭᠠᠭᠤᠯᠢ ᠬᠠᠮᠲᠤᠷᠠᠨ ᠰᠤᠷᠭᠠᠭᠤᠯᠢ ᠡᠷᠭᠢᠯᠡᠬᠦ ᠶᠢ ᠬᠡᠷᠡᠭᠵᠢᠭᠦᠯᠦᠨ᠎ᠡ᠃ᠰᠤᠷᠪᠤᠯᠵᠢᠯᠠᠨ ᠶᠠᠷᠢᠯᠴᠠᠭᠰᠠᠨ ᠠᠭᠤᠯᠭ᠎ᠠ᠄【ᠰᠤᠷᠪᠤᠯᠵᠢᠯᠠᠭᠴᠢ】᠄ ᠰᠦᠩ ᠲᠣᠪᠴᠢᠶᠠᠨ ᠳᠠᠷᠤᠭ᠎ᠠ᠂ ᠲᠠ ᠰᠠᠶᠢᠨ ᠪᠠᠶᠢᠨ᠎ᠠ ᠤᠤ︕ᠮᠠᠨ ᠤ ᠰᠢᠶᠠᠨ ᠤ ᠣᠶᠢᠷ᠎ᠠ ᠶᠢᠨ ᠵᠢᠯ ᠤᠳ ᠲᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ ᠶᠠᠮᠠᠷ ᠶᠠᠮᠠᠷ ᠴᠢᠷᠮᠠᠶᠢᠯᠭ᠎ᠠ ᠭᠠᠷᠭᠠᠭᠰᠠᠨ ᠢ ᠲᠠᠨᠢᠯᠴᠠᠭᠤᠯᠤᠭᠠᠳ ᠥᠭᠭᠦᠨ᠎ᠡ ᠤᠤ︖【ᠰᠥᠩ ᠴᠢᠶᠠᠩ 】᠄ ᠨᠢᠭᠡ ᠳᠤ᠂ ᠪᠢᠳᠡ ᠪᠦᠯᠦᠭᠯᠡᠯ ᠤᠨ ᠮᠠᠶ᠋ᠢᠭ ᠤᠨ ᠬᠠᠮᠲᠤᠷᠠᠨ ᠰᠤᠷᠭᠠᠭᠤᠯᠢ ᠡᠷᠭᠢᠯᠡᠬᠦ ᠵᠠᠭᠪᠤᠷ  ᠢ ᠢᠳᠡᠪᠬᠢᠲᠡᠢ ᠪᠠᠷ ᠬᠠᠶᠢᠨ ᠰᠦᠪᠡᠭᠴᠢᠯᠡᠪᠡ︔ᠬᠤᠶᠠᠷ ᠲᠤ ᠪᠥᠬᠦ ᠰᠢᠶᠠᠨ ᠤ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠤ ᠣᠷᠴᠢᠨ ᠲᠣᠭᠤᠷᠢᠨ ᠤ ᠡᠮᠬᠢ ᠳᠢᠭᠯᠢᠮ ᠳᠤ ᠬᠠᠮᠲᠤᠷᠠᠭᠰᠠᠨ ᠪᠠᠶᠢᠴᠠᠭᠠᠯᠲᠠ ᠬᠢᠨ᠎ᠡ︔ᠭᠤᠷᠪᠠ ᠳᠤ ᠪᠢᠳᠡ ᠤᠯᠤᠰ ᠤᠨ ︽ᠬᠤᠶᠠᠷ ᠢ ᠪᠠᠭᠠᠰᠬᠠᠬᠤ︾ ᠲᠦᠷᠦ ᠶᠢᠨ ᠪᠣᠳᠣᠯᠭ᠎ᠠ ᠶᠢ ᠢᠳᠡᠪᠬᠢᠲᠡᠢ ᠪᠠᠷ ᠲᠤᠤᠱᠯᠠᠭᠤᠯᠤᠨ ᠨᠠᠶᠢᠳᠠᠪᠤᠷᠢᠵᠢᠭᠤᠯᠪᠠ;ᠳᠥᠷᠪᠡ ᠳᠤ᠂ ᠪᠢᠳᠡ ᠡᠨᠡ ᠵᠢᠯ ᠪᠥᠬᠦ ᠬᠠᠷᠢᠭᠤᠴᠠᠯᠭᠠᠲᠤ ᠰᠤᠷᠭᠠᠭᠤᠯᠢ ᠪᠠᠶᠢᠴᠠᠭᠠᠭᠴᠢ ᠣᠷᠣᠯᠴᠠᠭᠰᠠᠨ 40 ᠭᠠᠷᠤᠢ ᠬᠥᠮᠥᠨ ᠤ ᠲᠤᠰᠬᠠᠢ ᠠᠩᠭᠢ ᠶᠢᠨ ᠭᠡᠷ ᠪᠦᠯᠢ ᠶᠢᠨ ᠰᠤᠷᠭᠠᠨ ᠬᠥᠮᠦᠵᠢᠯ ᠤᠨ ᠯᠧᠺᠲ᠋ᠣᠷ ᠤᠨ ᠪᠦᠯᠬᠦᠮ ᠢ ᠵᠣᠬᠢᠶᠠᠨ ᠪᠠᠶᠢᠭᠤᠯᠤᠨ᠎ᠠ᠃【ᠰᠤᠷᠪᠤᠯᠵᠢᠯᠠᠭᠴᠢ】᠄ ᠪᠦᠯᠦᠭᠯᠡᠯ ᠤᠨ ᠬᠠᠮᠲᠤᠷᠠᠨ ᠰᠤᠷᠭᠠᠭᠤᠯᠢ ᠡᠷᠭᠢᠯᠡᠬᠦ ᠵᠠᠭᠪᠤᠷ   ᠢ ᠲᠠ ᠪᠢᠳᠡᠨ ᠳᠤ ᠨᠠᠷᠢᠨ ᠲᠠᠨᠢᠯᠴᠠᠭᠤᠯᠤᠭᠠᠳ ᠥᠭᠭᠦᠨ᠎ᠡ ᠤᠤ︖【ᠰᠥᠩ ᠴᠢᠶᠠᠩ 】᠄ ᠮᠠᠨ ᠤ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠪᠠᠭᠰᠢ ᠶᠢᠨ ᠡᠩᠨᠡᠭᠡᠨ ᠤ ᠰᠣᠯᠢᠯᠴᠠᠭ᠎ᠠ ᠶᠢ ᠲᠦᠷᠭᠡᠳᠬᠡᠨ ᠠᠬᠢᠭᠤᠯᠵᠤ᠂ ᠰᠢᠯᠢᠳᠡᠭ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠶᠢᠨ ᠲᠥᠯᠥᠭᠡ᠃ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠲᠦᠯᠬᠢᠨ ᠠᠬᠢᠭᠤᠯᠬᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠃2022 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠱᠠᠩᠳᠤ ᠰᠢᠶᠠᠨ ᠤ ᠱᠢ ᠵᠢᠢ ᠪᠠᠭ᠎ᠠ ᠰᠤᠷᠭᠠᠭᠤᠯᠢ ᠪᠠ ᠲᠤᠩ ᠶᠥᠩ ᠪᠠᠭ᠎ᠠ ᠰᠤᠷᠭᠠᠭᠤᠯᠢ᠂ ᠴᠦᠨ ᠮᠢᠩ ᠪᠠᠭ᠎ᠠ ᠰᠤᠷᠭᠠᠭᠤᠯᠢ ᠪᠠ ᠫᠢᠩ ᠠᠨ ᠪᠠᠭ᠎ᠠ ᠰᠤᠷᠭᠠᠭᠤᠯᠢ ᠬᠠᠮᠲᠤᠷᠠᠨ ᠰᠤᠷᠭᠠᠭᠤᠯᠢ ᠡᠷᠭᠢᠯᠡᠬᠦ ᠶᠢ ᠬᠡᠷᠡᠭᠵᠢᠭᠦᠯᠦᠨ᠎ᠡ᠃ ᠱᠢ ᠵᠢᠢ ᠪᠠᠭ᠎ᠠ ᠰᠤᠷᠭᠠᠭᠤᠯᠢ ᠪᠣᠯᠣᠨ ᠴᠦᠨ ᠮᠢᠩ ᠪᠠᠭ᠎ᠠ ᠰᠤᠷᠭᠠᠭᠤᠯᠢ ᠶᠢᠨ 7 ᠨᠡᠷᠡᠰ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠤᠨ ᠭᠤᠣᠯᠯᠠᠭᠴᠢ ᠪᠠᠭᠰᠢ ᠶᠢ ᠨᠡᠶᠢᠳᠡᠮ ᠬᠡᠷᠡᠭᠯᠡᠭᠡᠨ ᠤ ᠪᠠᠭ᠎ᠠ ᠰᠤᠷᠭᠠᠭᠤᠯᠢ ᠪᠣᠯᠣᠨ ᠫᠢᠩ ᠠᠨ ᠪᠠᠭ᠎ᠠ ᠰᠤᠷᠭᠠᠭᠤᠯᠢ ᠳᠤ ᠰᠣᠯᠢᠯᠴᠠᠭᠤᠯᠵᠤ᠂ ᠦᠢᠯᠡᠴᠢᠯᠡᠬᠦ ᠬᠤᠭᠤᠴᠠᠭ᠎ᠠ ᠨᠢ ᠭᠤᠷᠪᠠᠨ ᠵᠢᠯ ᠪᠠᠶᠢᠵᠤ᠂ ᠨᠢᠭᠡᠳᠦᠭᠡᠷ ᠪᠦᠯᠦᠭ ᠤᠨ 4 ᠨᠡᠷᠡᠰ ᠵᠢᠭᠠᠨ ᠰᠤᠷᠭᠠᠯᠲᠠ ᠶᠢᠨ ᠠᠩᠭᠢ ᠶᠢᠨ 160 ᠨᠡᠷᠡᠰ ᠰᠤᠷᠤᠭᠴᠢ ᠶᠢ ᠬᠠᠮᠲᠤᠷᠠᠨ ᠰᠤᠷᠭᠠᠭᠤᠯᠢ ᠡᠷᠬᠢᠯᠡᠬᠦ ᠰᠤᠷᠭᠠᠭᠤᠯᠢ ᠳᠤ ᠰᠤᠷᠤᠯᠴᠠᠭᠤᠯᠪᠠ᠃【ᠰᠤᠷᠪᠤᠯᠵᠢᠯᠠᠭᠴᠢ】᠄ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖【ᠰᠥᠩ ᠴᠢᠶᠠᠩ】᠄ ᠨᠢᠭᠡ ᠲᠠᠯ᠎ᠠ ᠪᠠᠷ 2022 ᠣᠨ ᠤ 5 ᠰᠠᠷ᠎ᠠ ᠶᠢᠨ 11 ᠤ ᠡᠳᠦᠷ ᠠᠴᠠ 5 ᠰᠠᠷ᠎ᠠ ᠶᠢᠨ 19 ᠤ ᠡᠳᠦᠷ ᠪᠣᠯᠲᠠᠯ᠎ᠠ ᠰᠢᠶᠠᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠪᠠᠷ ᠲᠦᠷᠦᠭᠦᠯᠡᠭᠦᠯᠦᠭᠰᠡᠨ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠵᠠᠰᠠᠬᠤ᠂ ᠠᠮᠤᠷ ᠲᠦᠪᠰᠢᠨ ᠤ ᠬᠥᠮᠦᠵᠢᠯ ᠵᠢᠴᠢ ᠠᠮᠤᠷ ᠲᠦᠪᠰᠢᠨ ᠤ ᠪᠣᠯᠪᠠᠰᠤᠷᠠᠯ ᠤᠨ ᠰᠤᠷᠭᠠᠭᠤᠯᠢ ᠶᠢᠨ ᠢᠳᠡᠭᠡᠨ ᠤ ᠵᠠᠮ ᠬᠠᠷᠢᠯᠴᠠᠭᠠᠨ ᠤ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠵᠢᠷᠭᠤᠭᠠᠨ ᠲᠠᠯ᠎ᠠ  ᠪᠠᠷ ᠬᠠᠮᠲᠤᠷᠠᠭᠰᠠᠨ ᠪᠠᠶᠢᠴᠠᠭᠠᠯᠲᠠ ᠬᠢᠵᠦ᠂ ᠪᠠᠶᠢᠴᠠᠭᠠᠬᠤ ᠳᠤᠭᠤᠶᠢᠯᠠᠩ ᠤᠨ ᠬᠢᠨ ᠮᠡᠳᠡᠭᠦᠯᠦᠯᠲᠡ ᠰᠣᠨᠣᠰᠬᠤ᠂ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠲᠤᠬᠠᠢ   ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ ᠪᠦᠬᠦ ᠰᠢᠶᠠᠨ ᠤ ᠰᠤᠷᠭᠠᠭᠤᠯᠢ ᠪᠣᠯᠣᠨ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠠᠮᠤᠷ ᠲᠦᠪᠰᠢᠨ ᠳᠤ 7 ᠡᠳᠦᠷ ᠤᠨ ᠬᠤᠭᠤᠴᠠᠭ᠎ᠠ ᠲᠠᠢ ᠪᠦᠬᠦ ᠲᠠᠯ᠎ᠠ ᠶᠢᠨ ᠪᠠᠶᠢᠴᠠᠭᠠᠯᠲᠠ ᠬᠢᠵᠡᠢ᠃ ᠪᠠᠶᠢᠴᠠᠭᠠᠯᠲᠠ ᠪᠠᠷ ᠳᠡᠮᠵᠢᠨ ᠪᠥᠬᠦ ᠰᠢᠶᠠᠨ ᠤ ᠡᠯ᠎ᠡ ᠰᠤᠷᠭᠠᠭᠤᠯᠢ ᠨᠤᠭᠤᠳ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠰᠤᠷᠭᠠᠭᠤᠯᠢ ᠶᠢᠨ ᠤᠳᠤᠷᠢᠳᠤᠯᠭ᠎ᠠ ᠵᠢᠴᠢ ᠥᠷᠭᠡᠨ ᠣᠯᠠᠨ ᠪᠠᠭᠰᠢ ᠶᠢᠨ ᠠᠮᠤᠷ ᠲᠦᠪᠰᠢᠨ ᠤ ᠤᠬᠠᠮᠰᠠᠷ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠲᠥᠬᠦᠭᠡᠷᠦᠮᠵᠢ ᠪᠦᠷᠢᠨ ᠭᠦᠢᠴᠡᠳ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠡᠮᠬᠢ ᠵᠢᠷᠤᠮ ᠲᠠᠢ ᠬᠢᠵᠦ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠯ᠎ᠡ ᠵᠦᠢᠯ ᠤᠨ ᠠᠵᠢᠯᠯᠠᠭ᠎ᠠ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠭᠰᠡᠨ ᠢ ᠣᠯᠵᠤ ᠮᠠᠲᠠᠵᠠᠢ︔ᠨᠥᠭᠦᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠮᠠᠨ ᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷ᠂ ᠪᠠᠭᠰᠢ ᠠᠵᠢᠯᠲᠠᠨ ᠬᠠᠮᠤᠭ ᠤᠨ ᠲᠦᠷᠭᠡᠨ ᠬᠤᠷᠳᠤᠴᠠ ᠪᠠᠷ ᠪᠦᠦ ᠯᠢᠶᠠᠨ ᠪᠠᠭ᠎ᠠ ᠲᠣᠭᠤᠷᠢᠭ ᠲᠤ ᠪᠠᠭᠤᠵᠤ᠂ ︽ᠬᠢᠵᠢᠭ︾ ᠤᠨ ᠡᠮᠦᠨ᠎ᠡ ᠹᠷᠣᠨᠲ ᠲᠤ ᠶᠠᠭᠠᠷᠠᠯᠲᠠᠢ ᠠᠵᠢᠯᠯᠠᠵᠤ᠂ ᠪᠠᠭ᠎ᠠ ᠲᠣᠭᠤᠷᠢᠭ ᠤᠨ ᠵᠢᠵᠢᠭᠦᠷᠯᠡᠨ ᠰᠠᠬᠢᠬᠤ ᠠᠵᠢᠯ ᠢ ᠥᠷᠨᠢᠭᠦᠯᠪᠡ᠃ᠨᠡᠶᠢᠲᠡ 59 ᠰᠠᠭᠤᠭᠠᠯᠢ ᠠᠷᠠᠳ ᠤᠨ ᠲᠣᠭᠤᠷᠢᠭ ᠢ ᠳᠠᠭᠠᠭᠠᠴᠢᠯᠠᠨ ᠬᠤᠯᠪᠣᠵᠠᠢ᠂ ᠡᠭᠦᠨ ᠳᠤ ᠠᠶᠤᠯ ᠲᠦᠭᠰᠢᠭᠦᠷᠢ ᠶᠡᠬᠡᠲᠡᠢ ᠲᠣᠭᠤᠷᠢᠭ 6 ᠪᠠᠶᠢᠵᠤ᠂ ᠨᠡᠶᠢᠲᠡ 1573 ᠠᠵᠢᠯᠲᠠᠨ ᠣᠷᠣᠭᠤᠯᠵᠠᠢ᠂ ᠡᠭᠦᠨ ᠳᠤ ᠨᠡᠶᠢᠭᠡᠮ ᠲᠣᠭᠤᠷᠢᠭ ᠤᠨ ᠤᠰᠠᠳᠬᠠᠭᠴᠢ 36 ᠬᠥᠮᠥᠨ᠂ ᠮᠡᠳᠡᠭᠡ ᠵᠠᠩᠭᠢᠴᠢ 237 ᠬᠥᠮᠥᠨ᠂ ᠰᠠᠭᠤᠭᠠᠯᠢ ᠠᠷᠠᠳ ᠤᠨ ᠲᠣᠭᠤᠷᠢᠭ ᠤᠨ ᠵᠢᠵᠢᠭᠦᠷᠯᠡᠭᠴᠢ 1300 ᠬᠥᠮᠥᠨ ᠪᠠᠶᠢᠨ᠎ᠠ᠃ᠪᠣᠶ ᠪᠦᠬᠦᠢ ᠠᠵᠢᠯᠲᠠᠳ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠵᠢᠵᠢᠭ ᠲᠣᠭᠤᠷᠢᠭ ᠲᠤ ᠣᠷᠣᠵᠤ ᠭᠠᠷᠬᠤ ᠬᠥᠮᠥᠰ ᠲᠤ ᠺᠣᠳ᠋ ᠰᠢᠷᠪᠢᠵᠦ ᠲᠡᠮᠳᠡᠭᠯᠡᠬᠦ᠂ ᠪᠡᠶ᠎ᠡ ᠶᠢᠨ ᠳᠤᠯᠠᠭᠠᠨ ᠢ ᠬᠡᠮᠵᠢᠬᠦ ᠵᠡᠷᠭᠡ ᠠᠵᠢᠯ ᠢ ᠬᠢᠵᠦ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠷᠬᠠᠬᠤ ᠶᠢ ᠰᠡᠷᠭᠡᠶᠢᠯᠡᠬᠦ︾ ᠶᠢ ᠴᠢᠩᠭ᠎ᠠ ᠭᠦᠢᠴᠡᠳᠬᠡᠨ᠎ᠡ᠃ᠲᠣᠪᠴᠢᠶ᠎ᠠ ᠶᠢᠨ ᠳᠠᠳ ᠳᠠᠷᠤᠭ᠎ᠠ ᠵᠣᠤ  ᠬᠤᠩ ᠭᠤᠸᠠᠩ 80 ᠪᠠᠭᠰᠢ ᠪᠠᠷ ᠪᠦᠷᠢᠯᠳᠦᠭᠰᠡᠨ ᠮᠡᠳᠡᠭᠡ ᠵᠠᠩᠭᠢ ᠶᠢᠨ ᠳᠠᠩᠰᠠᠯᠠᠭᠴᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠢᠷᠴᠤ ᠴᠥᠮ᠎ᠡ ᠶᠢᠨ ᠬᠦᠴᠢᠯ ᠢ ᠪᠠᠶᠢᠴᠠᠭᠠᠨ ᠰᠢᠯᠭᠠᠬᠤ ᠠᠵᠢᠯ ᠢ ᠬᠠᠮᠵᠢᠨ ᠬᠢᠵᠡᠢ᠃【ᠰᠤᠷᠪᠤᠯᠵᠢᠯᠠᠭᠴᠢ】᠄ ︽ᠬᠤᠶᠠᠷ   ᠢ ᠪᠠᠭᠠᠰᠬᠠᠬᠤ︾ ᠲᠥᠷᠥ   ᠶᠢᠨ ᠪᠣᠳᠣᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠲᠠ ᠶᠠᠮᠠᠷ ᠶᠠᠮᠠᠷ ᠰᠠᠨᠠᠭᠤᠯᠭ᠎ᠠ ᠭᠠᠷᠭᠠᠭᠰᠠᠨ ᠪᠤᠶ︖【ᠰᠥᠩ ᠴᠢᠶᠠᠩ】᠄ ︽ᠬᠤᠶᠠᠷ ᠢ ᠬᠥᠩᠭᠡᠯᠡᠬᠦ︾ ᠨᠢ ᠰᠣᠷᠣᠭᠴᠢ ᠶᠢᠨ ᠬᠡᠲᠦ ᠬᠦᠨᠳᠦ ᠳᠠᠰᠬᠠᠯ ᠤᠨ ᠳᠠᠷᠤᠭᠠᠰᠤ ᠶᠢ ᠬᠥᠩᠭᠡᠯᠡᠵᠦ᠂ ᠡᠲᠡᠭᠡᠷ ᠬᠦᠨᠳᠦ ᠨᠦᠰᠡᠷ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠬᠥᠩᠭᠡᠯᠡᠵᠦ᠂ ᠬᠡᠦᠬᠡᠳ ᠤᠨ ᠠᠷᠪᠢᠯᠠᠵᠤ ᠭᠠᠷᠭᠠᠭᠰᠠᠨ ᠴᠠᠭ ᠪᠠ ᠣᠶᠤᠨ ᠴᠢᠳᠠᠯ ᠢ ᠬᠠᠮᠤᠭ ᠤᠨ ᠦᠨ᠎ᠡ ᠥᠷᠲᠡᠭ ᠲᠠᠢ ᠭᠠᠵᠠᠷ ᠲᠤ ᠬᠡᠷᠡᠭᠯᠡᠭᠦᠯᠬᠦ ᠬᠡᠷᠡᠭᠲᠡᠢ ᠭᠡᠵᠦ ᠪᠢ ᠴᠢᠬᠤᠯᠠᠴᠢᠯᠠᠭᠰᠠᠭᠠᠷ ᠢᠷᠡᠵᠡᠶ᠃ᠰᠤᠷᠤᠭᠴᠢᠳ ᠤᠨ ᠳᠠᠰᠬᠠᠯ ᠢ ᠨᠡᠩ ᠰᠢᠨᠵᠢᠯᠡᠬᠦ ᠤᠬᠠᠭᠠᠨᠴᠢ᠂ ᠨᠡᠩ ᠵᠦᠢ ᠵᠣᠬᠢᠰᠲᠠᠢ ᠪᠣᠯᠭᠠᠬᠤ ᠶᠢᠨ ᠲᠥᠯᠥᠭᠡ᠂ ᠮᠠᠨ ᠤ ᠲᠣᠪᠴᠢᠶ᠎ᠠ ᠠᠴᠠ ᠡᠯ᠎ᠡ ᠰᠤᠷᠭᠠᠭᠤᠯᠢ ᠶᠢ ᠵᠢᠯᠣᠭᠤᠳᠤᠨ ᠰᠢᠪᠠᠳᠠᠵᠤ ᠪᠠᠶᠢᠭᠠᠳ ᠳᠠᠰᠬᠠᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ ᠨᠠᠶᠢᠳᠠᠪᠤᠷᠢᠵᠢᠭᠤᠯᠵᠤ᠂ ︽ᠨᠢᠭᠡ ᠰᠤᠷᠭᠠᠭᠤᠯᠢ ᠳᠤ ᠨᠢᠭᠡ ᠬᠡᠷᠡᠭ︾ ᠢ ᠭᠦᠢᠴᠡᠳᠬᠡᠵᠦ᠂ ᠰᠤᠷᠭᠠᠭᠤᠯᠢ ᠶᠢᠨ ᠵᠠᠬᠢᠷᠤᠯ ᠬᠠᠷᠢᠭᠤᠴᠠᠬᠤ᠂ ᠬᠢᠴᠢᠶᠡᠯ ᠬᠥᠮᠦᠵᠢᠯ ᠤᠨ ᠭᠠᠵᠠᠷ ᠭᠤᠣᠯᠯᠠᠨ ᠠᠳᠬᠤᠬᠤ᠂ ᠣᠨ ᠤ ᠳᠤᠭᠤᠶᠢᠯᠠᠩ ᠨᠢᠭᠡᠳᠦᠯᠲᠡᠢ ᠲᠥᠯᠥᠪᠯᠡᠬᠦ᠂ ᠰᠢᠨᠵᠢᠯᠡᠭᠡᠨ ᠤ ᠳᠤᠭᠤᠶᠢᠯᠠᠩ ᠬᠢᠨᠠᠨ ᠬᠠᠷᠭᠤᠭᠤᠯᠬᠤ᠂ ᠠᠩᠭᠢ ᠶᠢᠨ ᠡᠷᠬᠢᠯᠡᠭᠴᠢ ᠵᠣᠬᠢᠴᠠᠭᠤᠯᠬᠤ᠂ ᠭᠡᠷ ᠤᠨ ᠠᠬᠠᠮᠠᠳ ᠬᠠᠮᠵᠢᠯᠴᠠᠬᠤ ᠳᠠᠰᠬᠠᠯ ᠤᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠯᠳᠦᠭᠦᠯᠪᠡ᠃ᠡᠯ᠎ᠡ ᠰᠤᠷᠭᠠᠭᠤᠯᠢ ᠶᠢᠨ ᠬᠢᠴᠢᠶᠡᠯ ᠲᠥᠷᠥᠯ ᠤᠨ ᠳᠤᠭᠤᠶᠢᠯᠠᠩ᠂ ᠣᠨ ᠤ ᠳᠤᠭᠤᠶᠢᠯᠠᠩ ᠤᠨ ᠵᠣᠬᠢᠶᠠᠨ ᠪᠠᠶᠢᠭᠤᠯᠤᠯᠲᠠ ᠶᠢᠨ ᠪᠠᠶᠢᠳᠠᠯ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠯᠲᠠ ᠬᠢᠵᠦ᠂ ᠳᠠᠰᠬᠠᠯ ᠤᠨ ᠬᠦᠴᠢᠷ ᠤᠨ ᠬᠡᠮᠵᠢᠶ᠎ᠡ ᠶᠢ ᠤᠯᠤᠰ ᠤᠨ ᠬᠢᠴᠢᠶᠡᠯ ᠤᠨ ᠪᠠᠷᠢᠮᠵᠢᠶ᠎ᠠ  ᠠᠴᠠ ᠳᠠᠪᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠡᠯ᠎ᠡ ᠬᠢᠴᠢᠶᠡᠯ ᠲᠥᠷᠥᠯ ᠤᠨ ᠳᠠᠰᠬᠠᠯ ᠤᠨ ᠬᠠᠷᠢᠴᠠᠯ ᠤᠨ ᠪᠦᠲᠦᠴᠡ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ᠡᠯ᠎ᠡ ᠰᠤᠷᠭᠠᠭᠤᠯᠢ ᠨᠤᠭᠤᠳ ᠳᠠᠰᠬᠠᠯ ᠤᠨ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠳᠤ ᠭᠡᠷ ᠪᠦᠯᠢ ᠶᠢᠨ ᠪᠢᠴᠢᠭ ᠤᠨ ᠳᠠᠰᠬᠠᠯ ᠲᠣᠬᠢᠷᠠᠭᠤᠯᠬᠤ ᠦᠭᠡᠢ᠂ ᠭᠤᠷᠪᠠ ᠠᠴᠠ ᠵᠢᠷᠭᠤᠳᠤᠭᠠᠷ ᠣᠨ ᠤ ᠪᠢᠴᠢᠭ ᠤᠨ ᠳᠠᠰᠬᠠᠯ ᠢ ᠪᠡᠶᠡᠯᠡᠭᠦᠯᠬᠦ ᠳᠤᠮᠳᠠᠴᠢ ᠴᠠᠭ ᠢ 60 ᠮᠢᠨᠦ᠋ᠲ ᠠᠴᠠ ᠬᠡᠲᠦᠷᠡᠭᠦᠯᠬᠦ ᠦᠭᠡᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠢᠴᠢᠭ ᠤᠨ ᠳᠠᠰᠬᠠᠯ ᠢ ᠪᠡᠶᠡᠯᠡᠭᠦᠯᠬᠦ ᠳᠤᠮᠳᠠᠴᠢ ᠴᠠᠭ ᠢ 90 ᠮᠢᠨᠦ᠋ᠲ ᠠᠴᠠ ᠬᠡᠲᠦᠷᠡᠭᠦᠯᠬᠦ ᠦᠭᠡᠢ᠂ 85% ᠠᠴᠠ ᠳᠡᠭᠡᠭᠰᠢᠬᠢ ᠰᠤᠷᠤᠭᠴᠢᠳ ᠤᠨ ᠲᠣᠭᠲᠠᠭᠰᠠᠨ ᠴᠠᠭ ᠤᠨ ᠤᠷᠲᠤ ᠳᠣᠲᠣᠷ᠎ᠠ ᠳᠠᠰᠬᠠᠯ ᠢᠶᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ᠳᠠᠪᠬᠤᠷᠭ᠎ᠠ ᠬᠤᠪᠢᠶᠠᠬᠤ᠂ ᠬᠠᠷᠢᠮᠠᠬᠠᠢ ᠴᠢᠨᠠᠷ ᠪᠠ ᠥᠪᠡᠷᠮᠢᠴᠡᠴᠢᠯᠡᠭᠰᠡᠨ ᠠᠵᠢᠯ ᠢ ᠪᠠᠶᠢᠷᠢᠯᠠᠭᠤᠯᠬᠤ ᠶᠢ ᠬᠠᠶᠢᠨ ᠰᠦᠪᠡᠭᠴᠢᠯᠡᠨ᠎ᠡ᠃ᠮᠧᠬᠠᠨᠢᠭ᠂ ᠬᠦᠴᠦᠨ ᠦᠭᠡᠢ ᠠᠵᠢᠯᠯᠠᠭ᠎ᠠ ᠶᠢ ᠡᠷᠡᠰ ᠲᠡᠪᠴᠢᠵᠦ᠂ ᠳᠠᠪᠲᠠᠬᠤ ᠴᠢᠨᠠᠷᠲᠠᠢ᠂ ᠶᠠᠯᠠᠯᠠᠨ ᠰᠢᠳᠬᠡᠬᠦ ᠴᠢᠨᠠᠷᠲᠠᠢ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ᠳᠠᠰᠬᠠᠯ ᠢᠶᠠᠨ ᠡᠷᠬᠡᠪᠰᠢ ᠬᠢᠴᠢᠶᠡᠯ ᠤᠨ ᠳᠣᠲᠣᠷ᠎ᠠ ᠪᠠᠶᠢᠷᠢᠯᠠᠭᠤᠯᠬᠤ ᠬᠡᠷᠡᠭᠲᠡᠢ᠂ ᠭᠠᠷ ᠤᠲᠠᠰᠤ᠂ ᠢᠨᠲ᠋ᠧᠷ ᠰᠦᠯᠵᠢᠶᠡᠨ ᠤ ᠲᠠᠪᠴᠠᠩ ᠢᠶᠠᠷ ᠪᠠᠶᠢᠷᠢᠯᠠᠭᠤᠯᠵᠤ ᠪᠣᠯᠬᠤ ᠦᠭᠡᠢ᠂ ᠰᠣᠷᠣᠭᠴᠢ ᠶᠢ ᠰᠦᠯᠵᠢᠶᠡᠨ ᠳᠡᠭᠡᠷ᠎ᠡ ᠳᠠᠰᠬᠠᠯ ᠢᠶᠠᠨ ᠲᠤᠰᠢᠶᠠᠯᠭᠠᠬᠤ ᠪᠠᠷ ᠱᠠᠭᠠᠷᠳᠠᠵᠤ ᠪᠣᠯᠬᠤ ᠦᠭᠡᠢ᠃ᠭᠡᠷ ᠤᠨ ᠠᠬᠠᠮᠠᠳ ᠲᠤ ᠳᠠᠰᠬᠠᠯ ᠳᠠᠭᠠᠭᠠᠯᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠳᠠᠰᠬᠠᠯ ᠳᠠᠭᠠᠭᠠᠯᠭᠠᠬᠤ ᠶᠢ ᠴᠢᠩᠭ᠎ᠠ ᠴᠠᠭᠠᠵᠠᠯᠠᠵᠤ᠂ ᠭᠡᠷ ᠤᠨ ᠠᠬᠠᠮᠠᠳ ᠢᠶᠠᠷ ᠪᠠᠶᠢᠴᠠᠭᠠᠯᠭᠠᠵᠤ ᠵᠠᠰᠠᠭᠤᠯᠬᠤ ᠪᠤᠶᠤ ᠰᠤᠷᠤᠭᠴᠢᠳ ᠢ ᠥᠪᠡᠷ ᠢᠶᠠᠨ ᠵᠥᠪᠰᠢᠶᠡᠷᠡᠭᠦᠯᠵᠦ ᠥᠪᠡᠷ ᠢᠶᠠᠨ ᠵᠠᠰᠠᠭᠤᠯᠬᠤ ᠪᠠᠷ ᠱᠠᠭᠠᠷᠳᠠᠬᠤ ᠶᠢ ᠴᠢᠩᠭ᠎ᠠ ᠴᠠᠭᠠᠵᠠᠯᠠᠨ᠎ᠠ᠃       【ᠰᠤᠷᠪᠤᠯᠵᠢᠯᠠᠭᠴᠢ】᠄ ᠭᠡᠷ ᠪᠦᠯᠢ   ᠶᠢᠨ ᠬᠥᠮᠦᠵᠢᠯ ᠤᠨ ᠲᠠᠶᠢᠯᠤᠮᠵᠢ ᠬᠢᠬᠦ   ᠶᠢᠨ ᠵᠣᠷᠢᠯᠭ᠎ᠠ ᠨᠢ ᠶᠠᠭᠤ ᠪᠤᠶ︖      【ᠰᠥᠩ ᠴᠢᠶᠠᠩ】᠄ ︽ᠭᠡᠷ ᠪᠦᠯᠢ ᠶᠢᠨ ᠰᠤᠷᠭᠠᠨ ᠬᠥᠮᠦᠵᠢᠯ᠂ ᠰᠤᠷᠭᠠᠭᠤᠯᠢ ᠶᠢᠨ ᠰᠤᠷᠭᠠᠨ ᠬᠥᠮᠦᠵᠢᠯ᠂ ᠨᠡᠶᠢᠭᠡᠮ ᠤᠨ ᠰᠤᠷᠭᠠᠨ ᠬᠥᠮᠦᠵᠢᠯ︾ ᠪᠣᠯᠣᠨ ᠰᠤᠷᠭᠠᠨ ᠬᠥᠮᠦᠵᠢᠯ ᠤᠨ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ᠂ ᠠᠳᠠᠯᠢ ᠪᠤᠰᠤ ᠲᠠᠯ᠎ᠠ᠂ ᠠᠳᠠᠯᠢ ᠪᠤᠰᠤ ᠲᠠᠯ᠎ᠠ ᠠᠴᠠ ᠰᠡᠳᠦᠪ ᠰᠣᠩᠭᠤᠵᠤ᠂ ᠭᠡᠷ ᠪᠦᠯᠢ ᠶᠢᠨ ᠬᠥᠮᠦᠵᠢᠯ ᠤᠨ ᠲᠤᠬᠠᠢ ᠲᠠᠨᠢᠯᠲᠠ᠂ ᠭᠡᠷ ᠪᠦᠯᠢ ᠶᠢᠨ ᠬᠥᠮᠦᠵᠢᠯ ᠤᠨ ᠴᠢᠬᠤᠯᠠ ᠴᠢᠨᠠᠷ᠂ ᠭᠡᠷ ᠪᠦᠯᠢ ᠶᠢᠨ ᠬᠥᠮᠦᠵᠢᠯ ᠪᠣᠯᠣᠨ ᠰᠤᠷᠭᠠᠭᠤᠯᠢ ᠶᠢᠨ ᠬᠥᠮᠦᠵᠢᠯ ᠤᠨ ᠢᠯᠭᠠᠭ᠎ᠠ ᠪᠠ ᠬᠠᠷᠢᠯᠴᠠᠭ᠎ᠠ᠂ ᠭᠡᠷ ᠪᠦᠯᠢ ᠶᠢᠨ ᠬᠥᠮᠦᠵᠢᠯ ᠤᠨ ᠠᠳᠡᠭᠦᠷᠡᠯ ᠠᠴᠠ ᠭᠠᠷᠬᠤ᠂ ᠰᠤᠷᠭᠠᠨ ᠬᠥᠮᠦᠵᠢᠯ ᠤᠨ ᠦᠵᠡᠯᠲᠡ ᠪᠠᠨ ᠰᠢᠨᠡᠳᠬᠡᠬᠦ᠂ ᠶᠠᠮᠠᠷ ᠶᠠᠩᠵᠤ ᠶᠢᠨ ᠭᠡᠷ ᠤᠨ ᠠᠬᠠᠮᠠᠳ ᠪᠣᠯᠬᠤ᠂ ᠨᠢᠯᠬ᠎ᠠ ᠪᠠᠭ᠎ᠠ ᠰᠤᠷᠭᠠᠭᠤᠯᠢ ᠶᠢ ᠵᠣᠯᠭᠠᠭᠤᠯᠬᠤ ᠪᠡᠯᠡᠳᠬᠡᠯ ᠬᠢᠬᠦ ᠵᠡᠷᠭᠡ ᠪᠠᠷ ᠤᠳᠤᠷᠢᠳᠤᠮᠵᠢ ᠪᠣᠯᠭᠠᠬᠤ ᠬᠡᠷᠡᠭᠲᠡᠢ᠃ ᠠᠮᠢᠳᠤᠯᠢᠭ ᠪᠣᠳᠠᠲᠠᠢ ᠬᠡᠷᠡᠭ ᠤᠨ ᠵᠢᠱᠢᠶ᠎ᠡ ᠨᠦᠭᠦᠳ ᠢᠶᠠᠷ ᠭᠦᠢᠴᠡᠳ ᠵᠠᠳᠠᠯᠤᠯᠲᠠ ᠬᠢᠵᠦ᠂ ᠭᠡᠷ ᠪᠦᠯᠢ ᠶᠢᠨ ᠬᠥᠮᠦᠵᠢᠯ ᠢ ᠬᠥᠮᠥᠨᠴᠢ ᠴᠢᠨᠠᠷ ᠤᠨ ᠬᠥᠮᠦᠵᠢᠯ᠂ ᠬᠥᠮᠥᠨᠴᠢ ᠴᠢᠨᠠᠷ ᠤᠨ ᠬᠥᠮᠦᠵᠢᠯ᠂ ᠪᠢᠰᠢᠷᠡᠨ ᠵᠢᠷᠦᠬᠡᠰᠢᠶᠡᠬᠦ ᠬᠥᠮᠦᠵᠢᠯ ᠭᠡᠵᠦ ᠲᠠᠶᠢᠯᠪᠤᠷᠢᠯᠠᠵᠤ᠂ ᠰᠤᠷᠤᠯᠴᠠᠵᠤ ᠰᠣᠯᠢᠯᠴᠠᠬᠤ ᠪᠠᠷ ᠳᠠᠮᠵᠢᠭᠤᠯᠤᠨ ᠭᠡᠷ ᠤᠨ ᠠᠬᠠᠮᠠᠳ ᠲᠤ ᠭᠡᠷ ᠪᠦᠯᠢ ᠶᠢᠨ ᠬᠥᠮᠦᠵᠢᠯ ᠪᠣᠯ ᠬᠡᠦᠬᠡᠳ ᠲᠤ ᠬᠡᠷᠬᠢᠨ ᠬᠥᠮᠥᠨ ᠪᠣᠯᠬᠤ᠂ ᠬᠡᠷᠬᠢᠨ ᠰᠤᠷᠤᠯᠴᠠᠬᠤ᠂ ᠬᠡᠷᠬᠢᠨ ᠰᠠᠶᠢᠨ ᠰᠠᠶᠢᠬᠠᠨ ᠵᠠᠩ ᠳᠠᠳᠬᠠᠯ ᠲᠠᠢ ᠪᠣᠯᠬᠤ ᠶᠢ ᠵᠢᠭᠠᠬᠤ ᠠᠩᠬᠠᠨ ᠤ ᠬᠢᠴᠢᠶᠡᠯ ᠤᠨ ᠲᠠᠩᠬᠢᠮ ᠮᠥᠨ ᠭᠡᠳᠡᠭ ᠢ ᠣᠶᠢᠯᠠᠭᠠᠭᠤᠯᠵᠤ᠂ ︽ᠭᠡᠷ ᠪᠦᠯᠢ᠂ ᠰᠤᠷᠭᠠᠭᠤᠯᠢ᠂ ᠨᠡᠶᠢᠭᠡᠮ︾ ᠢ ᠬᠠᠮᠲᠤ ᠪᠠᠷ ᠬᠥᠮᠥᠵᠢᠭᠦᠯᠬᠦ ᠶᠢᠨ ᠰᠤᠷᠭᠠᠨ ᠬᠥᠮᠦᠵᠢᠯ ᠤᠨ ᠦᠨᠡᠨ ᠶᠣᠰᠣ ᠶᠢ ᠣᠶᠢᠯᠠᠭᠠᠭᠤᠯᠤᠭᠰᠠᠨ ᠪᠥᠭᠡᠳ ᠭᠡᠷ ᠪᠦᠯᠢ ᠪᠣᠯ ᠬᠡᠦᠬᠡᠳ ᠤᠨ ᠦᠰᠦᠨ ᠪᠣᠶᠢᠵᠢᠬᠤ ᠨᠠᠰᠤᠨ ᠲᠤᠷᠰᠢᠲᠠ ᠶᠢᠨ ᠰᠤᠷᠭᠠᠭᠤᠯᠢ ᠮᠥᠨ᠂ ᠭᠡᠷ ᠪᠦᠯᠢ ᠶᠢᠨ ᠬᠥᠮᠦᠵᠢᠯ ᠪᠣᠯ ᠠᠯᠢᠪᠠ ᠰᠤᠷᠭᠠᠨ ᠬᠥᠮᠦᠵᠢᠯ ᠤᠨ ᠰᠠᠭᠤᠷᠢ ᠮᠥᠨ ᠭᠡᠳᠡᠭ ᠢ ᠴᠦ ᠣᠶᠢᠯᠠᠭᠠᠭᠤᠯᠤᠭᠰᠠᠨ ᠪᠠᠶᠢᠨ᠎ᠠ᠃【ᠰᠤᠷᠪᠤᠯᠵᠢᠯᠠᠭᠴᠢ】᠄ ᠰᠦᠩ ᠲᠣᠪᠴᠢᠶᠠᠨ ᠳᠠᠷᠤᠭ᠎ᠠ ᠱᠠᠩᠳᠤ ᠰᠢᠶᠠᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠲᠤᠬᠠᠢ ᠶᠠᠮᠠᠷ ᠲᠥᠯᠦᠪᠵᠢᠭᠦᠯᠭᠡ ᠲᠠᠢ ᠪᠤᠢ︖【ᠰᠥᠩ ᠴᠢᠶᠠᠩ】᠄ ᠨᠢᠭᠡ ᠳᠤ᠂ ᠵᠠᠩ ᠮᠣᠷᠠᠯ ᠰᠢᠯᠢᠳᠡᠭ ᠰᠠᠶᠢᠨ ᠪᠠᠶᠢᠵᠤ᠂ ᠰᠤᠷᠤᠭᠴᠢᠳ ᠤᠨ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ᠂ ᠦᠵᠡᠯ ᠤᠬᠠᠮᠰᠠᠷ ᠤᠨ ᠬᠡᠯᠪᠡᠷᠢ᠂ ᠪᠦᠷᠢᠨ ᠲᠡᠭᠦᠯᠳᠡᠷ ᠵᠠᠩ ᠴᠢᠨᠠᠷ ᠢ ᠬᠥᠮᠥᠵᠢᠭᠦᠯᠦᠨ᠎ᠡ ᡽ᠬᠤᠶᠠᠷ ᠲᠤ᠂ ᠪᠡᠶ᠎ᠡ ᠮᠠᠬᠠᠪᠤᠳ ᠡᠷᠡᠭᠦᠯ ᠴᠢᠭᠢᠷᠠᠭ ᠪᠠᠶᠢᠵᠤ᠂ ᠰᠤᠷᠤᠭᠴᠢᠳ ᠤᠨ ᠡᠷᠡᠭᠦᠯ ᠴᠢᠭᠢᠷᠠᠭ ᠪᠡᠶ᠎ᠡ ᠮᠠᠬᠠᠪᠤᠳ ᠢ ᠪᠤᠢ ᠪᠣᠯᠭᠠᠵᠤ᠂ ᠤᠯᠠᠨ ᠵᠦᠢᠯ ᠤᠨ ᠬᠡᠯᠪᠡᠷᠢ ᠮᠠᠶ᠋ᠢᠭ ᠤᠨ ᠰᠣᠶᠣᠯ ᠲᠠᠮᠢᠷ ᠤᠨ ᠬᠥᠳᠡᠯᠭᠡᠭᠡᠨ ᠢ ᠥᠷᠨᠢᠭᠦᠯᠬᠦ ᠪᠠᠷ ᠳᠠᠮᠵᠢᠭᠤᠯᠤᠨ᠂ ᠪᠡᠶ᠎ᠡ ᠲᠠᠮᠢᠷ ᠤᠨ ᠪᠣᠯᠪᠠᠰᠤᠷᠠᠯ ᠢ ᠴᠢᠩᠭᠠᠳᠬᠠᠵᠤ᠂ ᠲᠡᠳᠡᠨ ᠢ ᠪᠡᠶ᠎ᠡ ᠲᠠᠮᠢᠷ ᠤᠨ ᠪᠣᠯᠪᠠᠰᠤᠷᠠᠯ ᠤᠨ ᠳᠤᠮᠳᠠ ᠬᠠᠪᠤ ᠴᠡᠩᠭᠡᠯ ᠢ ᠡᠳ᠋ᠯᠡᠭᠦᠯᠵᠦ᠂ ᠪᠡᠶ᠎ᠡ ᠮᠠᠬᠠᠪᠤᠳ ᠢ ᠨᠢ ᠴᠢᠭᠢᠷᠠᠭᠵᠢᠭᠤᠯᠤᠨ᠂ ᠬᠥᠮᠥᠨ ᠴᠢᠨᠠᠷ ᠢ ᠨᠢ ᠲᠡᠭᠦᠯᠳᠡᠷᠵᠢᠭᠦᠯᠵᠦ᠂ ᠵᠣᠷᠢᠭ ᠰᠠᠨᠠᠭ᠎ᠠ ᠶᠢ ᠨᠢ ᠳᠠᠪᠲᠠᠨ ᠪᠣᠯᠪᠠᠰᠤᠷᠠᠭᠤᠯᠤᠨ᠎ᠠ;ᠭᠤᠷᠪᠠ ᠳᠤ ᠮᠡᠳᠡᠯᠭᠡ ᠲᠠᠢ ᠮᠥᠷᠲᠡᠭᠡᠨ ᠰᠣᠶᠣᠯ ᠲᠠᠢ ᠪᠠᠶᠢᠵᠤ᠂ ᠰᠤᠷᠤᠭᠴᠢᠳ ᠲᠤ ᠬᠥᠮᠥᠨ ᠴᠢᠨᠠᠷ ᠤᠨ ᠲᠠᠯ᠎ᠠ ᠪᠠᠷ ᠬᠢ ᠪᠦᠲᠦᠭᠡᠯᠲᠡ ᠪᠠ ᠶᠣᠰᠣ ᠮᠣᠷᠠᠯ ᠤᠨ ᠲᠠᠯ᠎ᠠ ᠪᠠᠷ ᠬᠢ ᠬᠥᠮᠦᠵᠢᠯ ᠬᠢᠵᠦ᠂ ᠲᠡᠳᠡᠨ ᠢ ᠰᠢᠯᠭᠠᠯᠲᠠ ᠶᠢᠨ ᠳᠥᠭᠦᠮ ᠮᠠᠰᠢᠨ ᠪᠣᠯᠭᠠᠬᠤ ᠦᠭᠡᠢ ᠪᠠᠶᠢᠬᠤ ᠬᠡᠷᠡᠭᠲᠡᠢ;ᠳᠥᠷᠪᠡ ᠳᠤ᠂ ᠬᠦᠰᠡᠯᠡᠩ ᠲᠠᠢ ᠮᠥᠷᠲᠡᠭᠡᠨ ᠬᠠᠶᠢᠷ᠎ᠠ ᠰᠡᠳᠬᠢᠯᠭᠡ ᠲᠠᠢ ᠪᠠᠶᠢᠵᠤ᠂ ᠬᠠᠷᠠᠬᠠᠨ ᠪᠠᠭ᠎ᠠ ᠠᠴᠠ ᠪᠠᠨ ᠰᠤᠷᠤᠭᠴᠢᠳ ᠢ ᠮᠠᠨ ᠤ ᠤᠯᠤᠰ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠤᠯᠤᠰ ᠣᠷᠣᠨ ᠢᠶᠠᠨ ᠬᠠᠶᠢᠷᠠᠯᠠᠬᠤ᠂ ᠬᠠᠮᠲᠤ ᠨᠡᠶᠢᠲᠡ ᠪᠠᠨ ᠬᠠᠶᠢᠷᠠᠯᠠᠬᠤ᠂ ᠡᠴᠢᠭᠡ ᠡᠬᠡ ᠪᠠᠨ ᠬᠠᠶᠢᠷᠠᠯᠠᠬᠤ ᠶᠢ ᠰᠤᠷᠭᠠᠵᠤ᠂ ᠲᠡᠳᠡᠨ ᠢ ᠬᠠᠶᠢᠷ᠎ᠠ ᠰᠡᠳᠬᠢᠯᠭᠡ ᠲᠠᠢ᠂ ᠰᠡᠳᠬᠢᠬᠦᠢ ᠲᠠᠢ᠂ ᠨᠡᠷ᠎ᠡ ᠬᠦᠨᠳᠦ ᠲᠠᠢ ᠬᠥᠮᠥᠨ ᠪᠣᠯᠭᠠᠬᠤ ᠬᠡᠷᠡᠭᠲᠡᠢ;ᠲᠠᠪᠤ ᠳᠤ᠂ ᠵᠢᠳᠬᠦᠯ ᠴᠢᠷᠮᠠᠶᠢᠯᠭ᠎ᠠ ᠲᠠᠢ ᠪᠥᠭᠡᠳ ᠬᠠᠷᠢᠭᠤᠴᠠᠯᠭ᠎ᠠ ᠲᠠᠢ ᠪᠠᠶᠢᠵᠤ᠂ ᠲᠤᠰ ᠪᠡᠶ᠎ᠡ ᠶᠢᠨ ᠬᠡᠪ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠰᠡᠯᠡᠩ ᠲᠠᠢ᠂ ᠢᠲᠡᠭᠡᠯ ᠲᠠᠢ᠂ ᠬᠠᠷᠢᠭᠤᠴᠠᠯᠭ᠎ᠠ ᠲᠠᠢ ᠴᠠᠭ ᠦᠶ᠎ᠡ ᠶᠢᠨ ᠰᠢᠨ᠎ᠡ ᠬᠥᠮᠥᠨ ᠪᠣᠯᠵᠤ ᠬᠥᠮᠥᠵᠢᠭᠳᠡᠨ᠎ᠡ᠃                                                                 ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2