1 ᠰᠠᠷ᠎ᠠ ᠶᠢᠨ 27 ᠤ ᠡᠳᠦᠷ᠂ ᠰᠠᠨ ᠳ᠋ᠠ ᠴᠢᠩ ᠰᠢᠶᠠᠩ ᠴᠠᠭᠠᠨ ᠰᠠᠷ᠎ᠠ ᠶᠢᠨ ᠬᠤᠭᠤᠴᠠᠭᠠᠨ ᠤ ︽ᠲᠦᠷᠪᠡᠨ | ᠰᠤᠷᠲᠠᠯ︾ ᠢ ᠵᠠᠯᠠᠷᠠᠭᠤᠯᠵᠤ ᠰᠢᠨ᠎ᠡ ᠰᠤᠷᠲᠠᠯ ᠢ ᠪᠤᠢ ᠪᠣᠯᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠲᠤᠬᠠᠢ | ᠠᠵᠢᠯ ᠤᠨ ᠬᠤᠷᠠᠯ ᠬᠤᠷᠠᠯᠳᠤᠭᠤᠯᠵᠤ᠂ ᠰᠢᠶᠠᠩ ᠤᠨ ᠪᠦᠬᠦ ᠤᠳᠤᠷᠢᠳᠬᠤ ᠺᠠᠳ᠋ᠷ᠂ ᠡᠯ᠎ᠡ ᠲᠣᠰᠬᠤᠨ ᠤ ᠱᠦᠵᠢ᠂ | ᠨᠢᠭᠡᠳᠦᠭᠡᠷ ᠱᠦᠵᠢ᠂ ᠲᠣᠰᠬᠤᠨ ᠤ ᠬᠤᠶᠠᠷ ᠵᠥᠪᠯᠡᠯ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | | | | | ᠰᠢᠶᠠᠩ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠰᠢᠶᠧ ᠶᠢᠨ ᠰᠢᠶᠠ ᠴᠠᠭᠠᠨ ᠰᠠᠷ᠎ᠠ ᠶᠢᠨ | ᠬᠤᠭᠤᠴᠠᠭᠠᠨ ᠳᠠᠬᠢ ︽ᠳᠥᠷᠪᠡᠨ ᠰᠤᠷᠲᠠᠯ︾ ᠢ ᠵᠠᠯᠠᠷᠠᠭᠤᠯᠬᠤ ᠰᠢᠨ᠎ᠡ ᠰᠤᠷᠲᠠᠯ ᠢ ᠪᠣᠶ ᠪᠣᠯᠭᠠᠬᠤ ᠠᠵᠢᠯ ᠢ | ᠦᠷᠭᠦᠯᠵᠢᠯᠡᠨ ᠰᠠᠶᠢᠲᠤᠷ ᠬᠢᠬᠦ ᠲᠤᠬᠠᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠥᠬᠦᠳᠡ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠤᠳᠤᠷᠢᠳᠬᠤ ᠺᠠᠳ᠋ᠷ ᠢ | ᠲᠥᠪ ᠤᠨ ᠨᠠᠶᠢᠮᠠᠨ ᠲᠣᠭᠲᠠᠭᠠᠯ ᠤᠨ ᠬᠠᠰᠢᠯᠭ᠎ᠠ ᠳᠠᠯᠠᠩ ᠢ ᠪᠠᠬᠢᠵᠢᠭᠦᠯᠵᠦ᠂ ︽ᠳᠥᠷᠪᠡᠨ ᠰᠤᠷᠲᠠᠯ︾ ᠢ | ᠵᠠᠯᠠᠷᠠᠭᠤᠯᠬᠤ ᠰᠢᠨ᠎ᠡ ᠰᠤᠷᠲᠠᠯ ᠢ ᠴᠥᠬᠦᠷᠡᠰᠢ ᠥᠬᠡᠶ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ | ᠰᠢᠶᠠᠩ ᠤᠨ ᠨᠠᠮ ᠤᠨ ᠬᠤᠷᠢᠶᠠᠨ ᠤ ᠱᠦᠵᠢ ᠯᠢ ᡁᠢ ᠸᠧᠢ᠂ ᠰᠤᠷᠲᠠᠯ ᠢ ᠠᠳᠬᠤᠬᠤ ᠰᠠᠬᠢᠯᠭ᠎ᠠ ᠪᠠᠲᠤ ᠶᠢ | ᠠᠳᠬᠤᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ︽ᠲᠦᠷᠪᠡᠨ ᠰᠤᠷᠲᠠᠯ︾ ᠢ ᠵᠠᠯᠠᠷᠠᠭᠤᠯᠬᠤ ᠪᠠ | ᠰᠢᠨ᠎ᠡ ᠰᠤᠷᠲᠠᠯ ᠢ ᠪᠤᠢ ᠪᠣᠯᠭᠠᠬᠤ ᠶᠢ ᠵᠡᠷᠭᠡ ᠪᠠᠷ ᠠᠳᠬᠤᠵᠤ᠂ ᠰᠢᠯᠢᠳᠡᠭ ᠨᠠᠮ ᠤᠨ ᠰᠤᠷᠲᠠᠯ ᠢᠶᠠᠷ ᠠᠷᠠᠳ ᠤᠨ | ᠰᠤᠷᠲᠠᠯ ᠨᠡᠶᠢᠭᠡᠮ ᠤᠨ ᠰᠤᠷᠲᠠᠯ ᠢ ᠲᠠᠶᠢᠴᠢᠯᠠᠵᠤ᠂ ᠴᠠᠭ ᠦᠶ᠎ᠡ ᠶᠢᠨ ᠰᠢᠨ᠎ᠡ ᠰᠤᠷᠲᠠᠯ ᠢ ᠰᠠᠨᠠᠭᠠᠴᠢᠯᠠᠬᠤ ᠬᠡᠷᠡᠭᠲᠡᠢ | ᠭᠡᠵᠦ ᠴᠢᠬᠤᠯᠠᠴᠢᠯᠠᠪᠠ᠃ ᠨᠠᠮ ᠤᠨ ᠭᠡᠰᠢᠭᠦᠨ ᠺᠠᠳ᠋ᠷ ᠲᠦᠷᠦᠭᠦᠯᠡᠨ ᠵᠢᠱᠢᠶ᠎ᠡ ᠦᠵᠡᠭᠦᠯᠦᠨ ᠦᠢᠯᠡᠳᠦᠯᠭᠡᠵᠢᠭᠦᠯᠵᠦ᠂ | ᠪᠠᠶᠠᠷ ᠤᠨ ᠡᠳᠦᠷ ᠤᠨ ︽ᠳᠥᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠵᠤ᠂ ᠤᠯᠠᠭᠠᠨ ᠱᠤᠭᠤᠮ ᠢ ᠬᠥᠨᠳᠡᠬᠦ ᠥᠬᠡᠶ᠂ ᠬᠤᠷᠢᠭ᠎ᠠ ᠱᠤᠭᠤᠮ ᠢ ᠳᠠᠪᠠᠭ᠋ᠤ ᠥᠬᠡᠶ᠂ ᠥᠨᠳᠥᠷ | ᠬᠦᠴᠦᠳᠡᠯᠲᠦ ᠱᠤᠭᠤᠮ ᠢ ᠬᠥᠨᠳᠡᠬᠦ ᠥᠬᠡᠶ ᠪᠠᠶᠢᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ | ᠦᠷᠭᠦᠯᠵᠢᠯᠡᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ | ᠪᠣᠯᠭᠠᠬᠤ ᠬᠡᠷᠡᠭᠲᠡᠶ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ᠂ ᠠᠯᠪᠠᠨ ᠤ ᠵᠣᠭᠤᠰ ᠢᠶᠠᠷ | ᠵᠢᠭᠤᠯᠴᠢᠯᠠᠭᠰᠠᠨ᠂ ᠲᠣᠭᠲᠠᠭᠠᠯ ᠠᠴᠠ ᠵᠥᠷᠢᠴᠡᠨ ᠨᠡᠮᠡᠭᠦᠷᠢ ᠮᠥᠩᠭᠦ ᠨᠥᠬᠦᠪᠥᠷᠢ ᠮᠥᠩᠭᠦ ᠲᠠᠷᠬᠠᠭᠠᠭᠰᠠᠨ ᠵᠡᠷᠭᠡ | ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ᠂ ᠣᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤᠳᠬᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ | ᠲᠦᠷᠦᠭᠦᠯᠡᠨ ᠪᠠᠳᠠᠷᠠᠭᠤᠯᠤᠨ᠎ᠠ᠃ ᠴᠠᠭᠠᠨ ᠰᠠᠷ᠎ᠠ ᠠᠴᠠ ᠡᠮᠦᠨᠡᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ | ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠵᠡᠷᠭᠡ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠵᠡᠶ᠃ | | ᠰᠠᠷᠠᠭᠤᠯ ᠪᠠᠭᠤᠯᠭᠠᠪᠠ |