ᠶᠠᠩ ᠸᠧᠨ ᠾᠦᠢ ᠰᠢᠶᠠᠨ ᠤ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ᠂ 2022 ᠣᠨ ᠤ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/2/10
   2 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ ᠰᠢᠶᠠᠨ ᠤ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ᠂ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠵᠢᠴᠢ 2022 ᠣᠨ ᠤ ᠴᠢᠬᠤᠯᠠ ᠶᠡᠭᠡ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ ᠵᠢᠴᠢ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
   ᠬᠤᠷᠠᠯ ᠠᠴᠠ᠂ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠠᠵᠢᠯ ᠢ ᠰᠠᠶᠢᠲᠤᠷ ᠬᠢᠬᠦ ᠪᠣᠯ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠ ᠤᠯᠤᠰ ᠲᠦᠷᠦ ᠶᠢᠨ ᠬᠠᠷᠢᠭᠤᠴᠠᠯᠭ᠎ᠠ ᠮᠥᠨ᠂ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ 2022 ᠣᠨ ᠤ ᠲᠥᠯᠥᠪᠯᠡᠭᠡ ᠶᠢ ᠬᠡᠷᠡᠭᠵᠢᠭᠦᠯᠬᠦ ᠲᠦᠷᠦᠯ ᠵᠦᠢᠯ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ︔ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ ᠶᠢ ᠤᠯᠠᠮ ᠴᠢᠨᠠᠭᠰᠢᠳᠠ ᠴᠢᠩᠭᠠᠳᠬᠠᠵᠤ᠂ ᠬᠠᠮᠲᠤᠷᠠᠭᠰᠠᠨ ᠬᠤᠷᠠᠯ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠡᠷᠭᠡ ᠲᠦᠷᠢᠮ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ  ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠪᠡ᠃    ᠬᠤᠷᠠᠯ ᠠᠴᠠ᠂ ᠲᠦᠷᠦᠯ ᠵᠦᠢᠯ ᠢ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠪᠤᠳᠤᠯ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠴᠢᠬᠤᠯᠠ ᠶᠡᠭᠡ ᠲᠦᠷᠦᠯ ᠵᠦᠢᠯ ᠤᠨ ᠭᠠᠷᠳᠠᠮ ᠢ ᠭᠦᠢᠴᠡᠳᠬᠡᠭᠰᠡᠨ ᠪᠠᠶᠢᠳᠠᠯ ᠤᠨ ᠲᠤᠬᠢᠷᠠᠭᠤᠯᠤᠯᠳᠠ ᠪᠠᠨ ᠴᠢᠩᠭᠠᠳᠬᠠᠵᠤ᠂ ᠰᠢᠢᠳᠪᠦᠷᠢᠯᠡᠬᠦ ᠶᠠᠪᠤᠴᠠ ᠳᠠᠬᠢ ᠬᠦᠴᠢᠷ ᠠᠰᠠᠭᠤᠳᠠᠯ ᠳᠤ ᠴᠢᠭᠯᠡᠭᠦᠯᠦᠨ᠂ ᠤᠨᠢᠨ ᠳᠡᠭᠡᠷ᠎ᠡ ᠨᠢ ᠬᠦᠴᠦᠯᠡᠵᠦ᠂ ᠴᠠᠭ ᠲᠤᠬᠠᠢ ᠳᠤᠨᠢ ᠰᠢᠢᠳᠪᠦᠷᠢᠯᠡᠵᠦ᠂ ᠲᠦᠷᠦᠯ ᠵᠦᠢᠯ ᠤᠨ ᠡᠷᠲᠡᠬᠡᠨ ᠠᠵᠢᠯ ᠡᠬᠢᠯᠡᠬᠦ ᠶᠢ ᠪᠠᠲᠤᠯᠠᠬᠤ ᠬᠡᠷᠡᠭᠲᠡᠢ᠃ ᠲᠥᠷᠥᠯ ᠵᠦᠢᠯ ᠢ ᠲᠥᠯᠥᠪᠵᠢᠭᠦᠯᠬᠦ᠂ ᠨᠥᠭᠡᠴᠡᠯᠡᠬᠦ ᠪᠠ ᠠᠬᠢᠭᠤᠯᠬᠤ ᠠᠵᠢᠯ ᠢ ᠤᠯᠠᠮ ᠨᠢᠭᠡ ᠠᠯᠬᠤᠮ ᠪᠣᠳᠠᠲᠠᠶ ᠨᠠᠷᠢᠯᠢᠭ ᠬᠢᠵᠦ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠡᠭᠦᠷᠭᠡᠯᠡᠵᠦ ᠪᠠᠶᠢᠭ᠎ᠠ ᠪᠣᠳᠠᠲᠠᠶ ᠡᠭᠦᠷᠭᠡ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠦᠨᠡᠨ ᠬᠦ ᠴᠢᠩᠭ᠎ᠠ ᠠᠳᠬᠤᠵᠤ ᠪᠣᠳᠠᠲᠠᠶ ᠠᠳᠬᠤᠵᠤ᠂ ᠡᠯ᠎ᠡ ᠴᠢᠬᠤᠯᠠ ᠶᠡᠭᠡ ᠲᠥᠷᠥᠯ ᠵᠦᠢᠯ ᠤᠨ ᠲᠣᠭᠲᠠᠭᠰᠠᠨ ᠴᠠᠭ ᠤᠨ ᠲᠠᠰ ᠳᠠᠷᠠᠭᠠᠯᠠᠯ ᠠᠬᠢᠴᠠ ᠪᠠᠷ ᠲᠣᠭᠲᠠᠭᠰᠠᠨ ᠬᠤᠭᠤᠴᠠᠭᠠᠨ ᠳᠤ ᠪᠠᠯᠠ ᠣᠷᠣᠭᠤᠯᠤᠯᠲᠠ ᠪᠠ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠪᠡ᠃    ᠬᠤᠷᠠᠯ ᠠᠴᠠ ᠪᠠᠰᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ᠂ ᠬᠤᠳᠠ ᠪᠠᠯᠭᠠᠰᠤᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃                                                           ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2