ᠭᠤᠤ ᠶᠦᠩ ᠪᠢᠨ᠂ ᠶᠠᠩ ᠸᠧᠨ ᠾᠦᠢ ᠮᠠᠨ ᠤ ᠰᠢᠶᠠᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠤᠭᠰᠠᠨ ᠪᠥᠭᠡᠳ ᠲᠤᠬᠠᠢ ᠶᠢᠨ ᠲᠠᠯᠠᠪᠠᠢ ᠳᠤ ᠠᠵᠢᠯᠯᠠᠪᠠ
ᠨᠡᠶᠢᠲᠡᠯᠡᠭᠰᠡᠨ ᠴᠠᠭ᠄
2022/2/10
   2 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ  ᠶᠠᠩ ᠸᠧᠨ ᠾᠦᠢ ᠮᠠᠨ ᠤ ᠰᠢᠶᠠᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠤᠭᠰᠠᠨ ᠪᠥᠭᠡᠳ ᠲᠤᠬᠠᠢ ᠶᠢᠨ ᠲᠠᠯᠠᠪᠠᠢ ᠳᠤᠨᠢ ᠠᠵᠢᠯᠯᠠᠪᠠ᠃
   ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠴᠧᠨ ᠶᠠ ᠮᠢᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠠᠨ ᠲᠢᠶᠠᠨ ᠯᠢᠶᠠᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠶᠠᠨ ᠴᠢᠤᠸᠠᠨ ᠯᠢ᠂ ᠵᠠᠰᠠᠭ ᠤᠨ ᠣᠷᠳᠣᠨ ᠤ ᠳᠡᠳ᠋ ᠪᠠᠶᠢᠴᠠᠭᠠᠨ ᠰᠤᠳᠤᠯᠤᠭᠴᠢ ᠯᠢᠦ ᠷᠦᠢ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
   ᠭᠤᠤ ᠶᠦᠩ ᠪᠢᠨ ᠨᠠᠷ ᠡᠩ ᠲᠡᠷᠢᠭᠦᠨ ᠳᠤ ᠮᠠᠨ ᠤ ᠰᠢᠶᠠᠨ ᠤ ᠰᠢᠨ ᠮᠢᠨ ᠵᠠᠮ ᠳᠤ ᠬᠦᠷᠴᠦ ᠵᠠᠮ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ ᠵᠢᠴᠢ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠭᠤᠤ ᠶᠦᠩ ᠪᠢᠨ᠂ ᠬᠤᠳᠠ ᠪᠠᠯᠭᠠᠰᠤᠨ ᠤ ᠵᠡᠭᠡᠯᠢ ᠭᠤᠳᠤᠮᠵᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠬᠤᠳᠠ ᠶᠢᠨ ᠤᠯᠠᠨ ᠨᠡᠶᠢᠲᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠡᠬᠢ ᠡᠭᠦᠰᠦᠯ ᠢ ᠨᠢ ᠡᠷᠢᠵᠦ ᠤᠯᠬᠤ ᠬᠡᠷᠡᠭᠲᠡᠢ᠂ ᠲᠤᠨᠤᠭ ᠲᠥᠬᠦᠭᠡᠷᠦᠮᠵᠢ ᠶᠢ ᠲᠥᠪᠬᠢᠨᠡᠭᠦᠯᠬᠦ ᠵᠠᠢ ᠶᠢ ᠵᠣᠬᠢᠰᠲᠠᠢ ᠰᠣᠩᠭᠤᠵᠤ᠂ ᠲᠤᠮᠤ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠠᠷᠭ᠎ᠠ ᠶᠢ ᠰᠠᠶᠢᠲᠤᠷ ᠠᠰᠢᠭᠯᠠᠵᠤ᠂ ᠵᠣᠬᠢᠰᠲᠠᠢ ᠬᠡᠪᠴᠢᠶᠡᠨ ᠳᠣᠲᠣᠷ᠎ᠠ ᠰᠠᠭᠤᠷᠢ ᠲᠥᠬᠦᠭᠡᠷᠦᠮᠵᠢ ᠶᠢ ᠲᠠᠯᠪᠢᠬᠤ ᠴᠡᠭ ᠢ ᠰᠣᠩᠭᠤᠵᠤ᠂ ᠡᠷᠤᠬᠡ ᠪᠠᠷ ᠬᠡᠮᠵᠢᠶ᠎ᠡ ᠶᠣᠰᠣᠭᠠᠷ᠂ ᠬᠠᠮᠤᠭ ᠤᠨ ᠶᠡᠭᠡ ᠬᠡᠮᠵᠢᠶ᠎ᠡ ᠪᠠᠷ ᠡᠷᠬᠢᠨ ᠲᠣᠭᠤᠷᠢᠨ ᠤ ᠰᠠᠭᠤᠭᠠᠯᠢ ᠠᠷᠠᠳ ᠲᠤ ᠲᠦᠬᠦᠮ ᠦᠵᠡᠭᠦᠯᠬᠦ ᠬᠡᠷᠡᠭᠲᠡᠢ᠃ ᠵᠠᠯᠬᠠᠭᠠᠨ ᠰᠢᠢᠳᠭᠡᠬᠦ ᠲᠣᠭᠲᠠᠴᠠ ᠶᠢ ᠪᠠᠶᠢᠭᠤᠯᠤᠨ᠂ ᠣᠯᠠᠨ ᠰᠠᠯᠠᠭ᠎ᠠ ᠮᠥᠴᠢᠷ ᠬᠠᠮᠵᠢᠯᠴᠠᠨ ᠬᠥᠳᠡᠯᠦᠯᠴᠡᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠬᠠᠮᠠᠭᠠᠯᠠᠵᠤ ᠲᠦᠷᠢᠮ ᠢ ᠵᠢᠷᠤᠮᠯᠠᠬᠤ ᠤᠬᠠᠮᠰᠠᠷ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠮᠠᠰᠢᠨᠲᠤ ᠪᠤᠰᠤ ᠲᠡᠷᠭᠡ ᠶᠢᠨ ᠣᠷᠣ ᠶᠢ ᠵᠦᠶ ᠵᠣᠬᠢᠰᠲᠠᠶ ᠦᠯᠡᠳᠡᠭᠡᠬᠦ ᠶᠢ ᠪᠠᠲᠤᠯᠠᠨ᠎ᠠ᠃
   ᠳᠠᠷᠠᠭ᠎ᠠ ᠨᠢ᠂ ᠭᠤᠤ ᠶᠦᠩ ᠪᠢᠨ ᠨᠠᠷ ᠨᠢᠭᠡᠳᠦᠭᠡᠷ ᠳᠤᠮᠳᠠᠳᠤ ᠰᠤᠷᠭᠠᠭᠤᠯᠢ ᠪᠣᠯᠤᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠡᠷᠬᠢᠨ ᠲᠣᠭᠤᠷᠢᠨ᠂ ᠬᠠᠭᠤᠴᠢᠨ ᠠᠮᠤ ᠪᠤᠳᠠᠭᠠᠨ ᠤ ᠲᠤᠪᠴᠢᠶ᠎ᠠ᠂ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠬᠦᠷᠴᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠮ ᠤᠨ ᠲᠥᠯᠥᠪᠵᠢᠭᠦᠯᠭᠡ ᠶᠢ ᠨᠠᠷᠢᠨ ᠰᠤᠳᠤᠯᠤᠨ ᠶᠠᠷᠢᠯᠴᠠᠵᠤ᠂ ᠰᠤᠷᠭᠠᠭᠤᠯᠢ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠪᠣᠯᠤᠨ ᠲᠥᠯᠥᠪᠵᠢᠭᠦᠯᠭᠡ ᠵᠢᠴᠢ ᠠᠩᠬᠢ ᠶᠢᠨ ᠲᠤᠭ᠎ᠠ ᠬᠡᠮᠵᠢᠶ᠎ᠡ ᠶᠢ ᠨᠠᠷᠢᠨ ᠣᠶᠢᠯᠠᠭᠠᠪᠠ᠃ ᠭᠤᠤ ᠶᠦᠩ ᠪᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠵᠠᠶ ᠶᠢ ᠪᠠᠲᠤᠯᠠᠵᠤ᠂ ᠣᠯᠠᠨ ᠪᠡᠯᠡᠳᠬᠡᠯ ᠲᠥᠰᠦᠯ ᠭᠠᠷᠭᠠᠵᠤ᠂ ᠠᠮᠤᠷ ᠲᠦᠪᠰᠢᠨ ᠤ ᠠᠷᠭ᠎ᠠ ᠬᠡᠮᠵᠢᠶ᠎ᠡ ᠵᠢᠴᠢ ᠱᠤᠤᠬᠢᠶᠠᠨ ᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠬᠠᠭᠤᠴᠢᠨ ᠠᠮᠤ ᠪᠤᠳᠠᠭᠠᠨ ᠤ ᠲᠣᠪᠴᠢᠶ᠎ᠠ ᠶᠢᠨ ᠣᠶᠢᠷᠠᠯᠴᠠᠭ᠎ᠠ ᠵᠡᠭᠡᠯᠢ ᠳᠠᠭᠠᠤ ᠶᠢᠨ ᠴᠠᠬᠢᠯᠭᠠᠨ ᠬᠠᠩᠭᠠᠬᠤ ᠱᠤᠭᠤᠮ ᠢ ᠵᠦᠶ ᠵᠣᠬᠢᠰᠲᠠᠶ ᠴᠡᠭᠴᠡᠯᠡᠨ ᠰᠠᠶᠢᠵᠢᠷᠠᠭᠤᠯᠵᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠲᠥᠯᠥᠪᠵᠢᠭᠦᠯᠭᠡ ᠶᠢᠨ ᠲᠥᠰᠦᠯ ᠢ ᠰᠠᠶᠢᠲᠤᠷ ᠬᠢᠵᠦ᠂ ᠠᠷᠠᠳ ᠣᠯᠠᠨ ᠤ ᠳᠥᠭᠦᠮ ᠦᠵᠡᠭᠦᠯᠬᠦ ᠬᠡᠮᠵᠢᠶ᠎ᠡ ᠶᠢ ᠴᠢᠩᠭ᠎ᠠ ᠵᠢᠷᠤᠮᠯᠠᠨ ᠪᠦᠲᠦᠭᠡᠨ ᠪᠠᠶᠢᠭᠤᠯᠵᠤ᠂ ᠡᠷᠭᠢᠨ ᠲᠣᠭᠤᠷᠢᠨ ᠤ ᠨᠣᠭᠤᠭᠠᠷᠠᠭᠤᠯᠤᠯᠲᠠ ᠶᠢ ᠪᠠᠲᠤᠯᠠᠵᠤ᠂ ᠬᠤᠲᠠ ᠶᠢᠨ ᠬᠠᠭᠤᠴᠢᠨ ᠮᠣᠳᠣ ᠶᠢ ᠰᠡᠯᠪᠢᠨ ᠵᠠᠰᠠᠵᠤ ᠬᠠᠮᠠᠭᠠᠯᠠᠨ᠂ ᠬᠤᠲᠠ ᠶᠢᠨ ᠳᠤᠷᠠᠳᠬᠠᠯ ᠢ ᠦᠯᠡᠳᠡᠭᠡᠬᠦ ᠬᠡᠷᠡᠭᠲᠡᠶ ᠭᠡᠪᠡ᠃   ᠶᠠᠩ ᠸᠧᠨ ᠾᠦᠢ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠬᠤᠲᠠ ᠶᠢᠨ ᠪᠥᠲᠥᠭᠡᠨ ᠪᠠᠶᠢᠭᠤᠯᠤᠯᠲᠠ ᠳᠤ ᠲᠥᠯᠥᠪᠵᠢᠭᠦᠯᠭᠡ ᠪᠠ ᠪᠡᠯᠡᠳᠬᠡᠯ ᠲᠥᠰᠦᠯ ᠢ ᠴᠢᠩᠭ᠎ᠠ ᠰᠠᠶᠢᠲᠤᠷ ᠬᠢᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠳᠡᠭᠡᠳᠦ ᠳᠤᠤᠷᠠᠳᠤ ᠱᠠᠲᠤ ᠬᠠᠮᠲᠤᠷᠠᠨ ᠬᠥᠳᠡᠯᠦᠯᠴᠡᠭᠰᠡᠨ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠤᠭᠰᠠᠨ ᠰᠠᠶᠢᠨ ᠰᠠᠶᠢᠬᠠᠨ ᠠᠵᠢᠯ ᠤᠨ ᠪᠠᠶᠢᠳᠠᠯ ᠢ ᠠᠯᠬᠤᠮ ᠠᠯᠬᠤᠮ ᠢᠶᠠᠷ ᠪᠣᠶ ᠪᠣᠯᠭᠠᠬᠤ ᠬᠡᠷᠡᠭᠲᠡᠶ᠃                                                             ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2