ᠳ᠋ᠠ ᠾᠧᠢ ᠱᠠ ᠲᠤ ᠪᠠᠯᠭᠠᠰᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠤᠳᠤᠷᠢᠳᠬᠤ ᠪᠠᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠠᠭᠤᠯ ᠤᠨ ᠠᠵᠢᠯᠲᠠᠨ ᠪᠣᠯᠤᠨ ᠵᠢᠷᠭᠠᠯᠠᠩᠲᠤ ᠬᠦᠷᠢᠶᠡᠯᠡᠩ ᠤᠨ ᠨᠠᠰᠤᠲᠠᠨ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2022/2/11
   ᠬᠦᠢᠲᠡᠨ ᠤᠷᠤᠰᠬᠠᠯ ᠰᠠᠶ᠋ᠢᠬᠠᠨ ᠥᠩᠭᠡᠷᠡᠵᠦ᠂ ᠴᠠᠰᠤ ᠬᠠᠶᠢᠯᠤᠭ᠎ᠠ ᠦᠭᠡᠢ᠃ ᠡᠨᠡ ᠬᠦ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠳ᠋ᠠ ᠾᠧᠢ ᠱᠠ ᠲᠤ  ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠵᠢᠶᠠᠨ ᠯᠢᠨ ᠪᠣᠯᠤᠨ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠵᠧᠦ ᠬᠠᠢ ᠵᠢᠶᠦ᠋ᠨ ᠨᠠᠮ ᠤᠨ ᠬᠤᠷᠢᠶᠠᠨ ᠤ ᠳᠡᠳ᠋ ᠱᠦᠵᠢ ᠴᠠᠩ ᠶᠦᠩ᠂ ᠵᠠᠰᠠᠭ ᠤᠨ ᠣᠷᠳᠣᠨ ᠤ ᠳᠡᠳ᠋ ᠪᠠᠯᠭᠠᠰᠤᠨ ᠳᠠᠷᠤᠭ᠎ᠠ ᠸᠧᠩ ᡁᠢ ᠭᠦᠸᠧ᠂ ᠵᠣᠬᠢᠶᠠᠨ ᠪᠠᠶᠢᠭᠤᠯᠬᠤ ᠭᠡᠰᠢᠭᠦᠨ ᠯᠢᠦ ᠭᠤᠸᠠᠩ ᠵᠢᠴᠢ ᠵᠠᠰᠠᠭ ᠤᠨ ᠣᠷᠳᠣᠨ ᠤ ᠳᠡᠳ᠋ ᠪᠠᠯᠭᠠᠰᠤᠨ ᠳᠠᠷᠤᠭ᠎ᠠ ᠵᠠᠩ ᠵᠢᠢ ᠭᠦᠸᠧ ᠶᠢᠨ ᠪᠠᠷ᠎ᠠ ᠪᠤᠯᠤᠯᠭ᠎ᠠ ᠲᠠᠢ ᠪᠠᠷ᠂ ᠲᠤᠰ ᠲᠤᠰ  ᠯᠢᠶᠠᠩ ᠮᠢᠶᠠᠨ ᠵᠢᠩ᠂ ᠶᠠᠩ ᠯᠢᠦ ᠸᠠᠨ᠂ ᠨᠠᠨ ᠳ᠋ᠠ ᠦ᠋ ᠳ᠋ᠧᠩ᠂ ᠰᠧ ᠲᠠᠢ ᠹᠠᠩ ᠽᠢ ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠬᠤᠷᠢᠭ᠎ᠠ ᠶᠢ ᠰᠠᠬᠢᠵᠤ ᠪᠠᠶᠢᠭ᠎ᠠ ᠠᠵᠢᠯᠲᠠᠳ ᠢ ᠲᠣᠬᠤᠨᠢᠭᠤᠯᠬᠤ ᠶᠢᠨ ᠬᠠᠮᠲᠤ ᠡᠯ᠎ᠡ ᠲᠣᠰᠬᠤᠨ ᠤ ᠵᠣᠯ ᠵᠢᠷᠭᠠᠯ ᠤᠨ ᠬᠦᠷᠢᠶᠡᠯᠡᠩ ᠳᠤ ᠠᠮᠢᠳᠤᠷᠠᠵᠤ ᠪᠠᠶᠢᠭ᠎ᠠ ᠨᠠᠰᠤᠲᠠᠶᠢᠴᠤᠳ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠣᠷᠣᠰᠢᠵᠤ ᠮᠡᠳᠡᠬᠦ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠪᠠ᠃
   ᠯᠢ ᠵᠢᠶᠠᠨ ᠯᠢᠨ ᠨᠥᠬᠦᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠺᠠᠷᠲ ᠴᠡᠭ ᠤᠨ ᠠᠵᠢᠯᠲᠠᠳ ᠢ ᠡᠷᠬᠢᠨ ᠦᠵᠡᠵᠦ ᠲᠣᠬᠤᠨᠢᠭᠤᠯᠬᠤ ᠳᠠᠭᠠᠨ᠂ ᠲᠣᠬᠤᠨᠢᠭᠤᠯᠬᠤ ᠪᠣᠳᠠᠰ ᠪᠡᠯᠡᠭᠯᠡᠭᠰᠡᠨ ᠢᠶᠠᠷ ᠪᠠᠷᠠᠬᠤ ᠦᠭᠡᠢ ᠪᠠᠰᠠ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠵᠥᠩᠨᠡᠯ ᠳᠡᠪᠰᠢᠭᠦᠯᠵᠡᠢ᠂ ᠡᠭᠦᠨ ᠤ ᠵᠡᠷᠭᠡ ᠪᠠᠷ ᠪᠠᠰᠠ ᠲᠡᠳᠡᠨ ᠢ‌‍ᠳᠠ ᠾᠧᠢ ᠱᠠ ᠲᠤ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠪᠣᠭᠤᠮᠲᠠ ᠶᠢ ᠰᠠᠶᠢᠲᠤᠷ ᠰᠠᠬᠢᠵᠤ᠂ ᠬᠥᠮᠦᠰ ᠤᠨ ᠪᠡᠶ᠎ᠡ ᠶᠢᠨ ᠬᠠᠯᠠᠭᠤᠨ ᠢ ᠪᠠᠶᠢᠴᠠᠭᠠᠬᠤ᠂ ᠺᠣᠳ᠋ ᠰᠢᠷᠪᠢᠵᠦ ᠳᠠᠩᠰᠠᠯᠠᠬᠤ ᠠᠵᠢᠯ ᠢ ᠴᠢᠩᠭ᠎ᠠ ᠵᠢᠷᠤᠮᠵᠢᠯ ᠲᠠᠢ ᠰᠠᠶᠢᠲᠤᠷ ᠬᠢᠵᠦ᠂ ᠡᠴᠦᠰ ᠲᠡᠭᠡᠨ ᠠᠵᠢᠯᠲᠠᠳ ᠲᠤ ᠠᠵᠢᠯ ᠢᠶᠠᠨ ᠰᠠᠶᠢᠲᠤᠷ ᠬᠢᠬᠦ ᠶᠢᠨ ᠬᠠᠮᠲᠤ ᠴᠠᠭ ᠢᠮᠠᠭᠲᠠ ᠥᠪᠡᠷ ᠢ ᠪᠠᠨ ᠰᠠᠶᠢᠲᠤᠷ ᠬᠠᠮᠠᠭᠠᠯᠠᠵᠤ᠂ ᠤᠯᠠᠨ ᠲᠠᠢ ᠭᠠᠷ ᠬᠤᠯᠪᠣᠨ ᠠᠮᠤᠷ ᠠᠮᠤᠭᠤᠯᠠᠩ ᠰᠢᠨᠡᠯᠡᠬᠦ ᠪᠠᠷ ᠴᠢᠷᠮᠠᠶᠢᠭᠠᠷᠠᠢ ᠭᠡᠵᠦ ᠵᠣᠷᠢᠭᠵᠢᠭᠤᠯᠪᠠ᠃
   ᠯᠢ ᠵᠢᠶᠠᠨ ᠯᠢᠨ ᠱᠦᠵᠢ ᠪᠣᠯᠤᠨ ᠵᠧᠤ ᠬᠠᠶ ᠵᠢᠶᠦ᠋ᠨ ᠪᠠᠯᠭᠠᠰᠤᠨ ᠳᠠᠷᠤᠭ᠎ᠠ ᠪᠤᠰᠤᠳ ᠤᠳᠤᠷᠢᠳᠬᠤ ᠪᠠᠭ ᠤᠨ ᠭᠡᠰᠢᠭᠦᠳ ᠢᠶᠠᠨ ᠳᠠᠭᠠᠭᠤᠯᠤᠨ ᠵᠢᠷᠭᠠᠯᠠᠩᠲᠤ ᠬᠦᠷᠢᠶᠡᠯᠡᠩ ᠳᠤ ᠭᠦᠨᠵᠡᠭᠡᠶᠢᠷᠡᠨ᠂ ᠵᠢᠷᠭᠠᠯᠠᠩᠲᠤ ᠬᠦᠷᠢᠶᠡᠯᠡᠩ ᠳᠤ ᠠᠮᠢᠳᠤᠷᠠᠵᠤ ᠪᠠᠶᠢᠭ᠎ᠠ ᠨᠠᠰᠤᠲᠠᠳ ᠢ ᠲᠣᠬᠤᠨᠢᠭᠤᠯᠤᠭᠰᠠᠨ ᠪᠥᠭᠡᠳ ᠠᠮᠠᠷᠬᠠᠨ ᠰᠢᠲᠠᠵᠤ ᠳᠡᠯᠪᠡᠷᠡᠬᠦ ᠪᠣᠳᠠᠰ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠵᠡᠷᠭᠡ ᠬᠡᠮ ᠰᠣᠭᠤᠭ ᠢ ᠪᠠᠶᠢᠴᠠᠭᠠᠵᠠᠶ᠃ ᠯᠢ ᠵᠢᠶᠠᠨ ᠯᠢᠨ ᠱᠦᠵᠢ ᠠᠶᠢᠯ ᠡᠷᠦᠬᠡ ᠪᠣᠯᠭᠠᠨ ᠳᠤ ᠬᠦᠷᠬᠦ ᠪᠦᠷᠢ ︽ᠭᠡᠷ ᠬᠦᠢᠲᠡᠮᠰᠦᠭ ᠪᠠᠶᠢᠬᠤ ᠡᠰᠡᠬᠦ︾᠂ ︽ᠲᠦᠭᠡᠭᠡᠵᠦ ᠪᠠᠶᠢᠭ᠎ᠠ ᠬᠠᠯᠠᠭᠤᠨ ᠢᠯᠴᠢᠲᠦ ᠨᠡᠭᠦᠷᠡᠰᠦ ᠨᠢ ᠰᠢᠲᠠᠭᠠᠬᠤ ᠳᠤ ᠬᠦᠷᠦᠨ᠎ᠡ ᠦᠦ ᠦᠭᠡᠢ ᠦᠦ︾᠂ ︽ᠪᠠᠰᠠ ᠶᠠᠮᠠᠷ ᠬᠦᠴᠢᠷᠳᠡᠯ ᠪᠠᠶᠢᠪᠠᠯ ᠪᠢᠳᠡ ᠬᠠᠪᠰᠤᠷᠤᠨ ᠰᠢᠢᠳᠪᠦᠷᠢᠯᠡᠵᠦ ᠥᠭᠬᠦ ᠴᠢᠬᠤᠯᠠᠲᠠᠢ ᠪᠤᠢ︾ ᠭᠡᠵᠦ ᠬᠠᠯᠠᠮᠵᠢᠯᠠᠨ ᠠᠰᠠᠭᠤᠵᠤ ᠪᠠᠶᠢᠯ᠎ᠠ᠃ ᠯᠢ ᠵᠢᠶᠠᠨ ᠯᠢᠨ ᠱᠦᠵᠢ ᠨᠡᠷ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠤᠯᠠᠨ ᠲᠦᠮᠡᠨ ᠢ ︽ᠴᠢᠬᠤᠯᠠᠴᠢᠯᠠᠵᠤ︾᠂ ᠠᠷᠠᠳ ᠤᠨ ᠠᠮᠢᠳᠤᠷᠠᠯ ᠢ ︽ᠦᠨᠳᠦᠰᠦ ᠪᠣᠯᠭᠠᠵᠤ︾᠂ ᠠᠷᠠᠳ ᠲᠦᠮᠡᠨ ᠢ ︽ᠳᠡᠭᠡᠳᠦᠯᠡᠵᠦ︾ ᠲᠦᠷᠦ ᠪᠠᠷᠢᠬᠤ ᠣᠶᠢᠯᠠᠭᠠᠭᠳᠠᠬᠤᠨ ᠪᠣᠯᠤᠨ ᠨᠢᠳᠤᠷᠭ᠎ᠠ ᠶᠢᠨ ᠤᠭ ᠰᠠᠨᠠᠭ᠎ᠠ ᠶᠢ ᠦᠢᠯᠡᠳᠦᠯᠭᠡᠵᠢᠭᠦᠯᠪᠡ᠃                                                            ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2