︽ᠱᠠᠩᠳᠤ ᠰᠢᠶᠠᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢ ᠳᠠᠷᠤᠮᠠᠯᠯᠠᠨ ᠲᠠᠷᠬᠠᠭᠠᠬᠤ ᠲᠤᠬᠠᠶ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠤᠨ ᠮᠡᠳᠡᠭᠳᠡᠯ
ᠨᠡᠶᠢᠲᠡᠯᠡᠭᠰᠡᠨ ᠴᠠᠭ᠄
2022/2/11
         ᠱᠠᠩᠳᠦ ᠵᠠᠰᠠᠭ ᠠᠯᠪᠠᠨ ᠲᠠᠷᠬᠠᠭᠠᠭᠰᠠᠨ 20225 ᠳ᠋ᠤᠭᠠᠷ ᠲᠣᠭᠠᠲᠤ               ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ︽ᠱᠠᠩᠳᠤ ᠰᠢᠶᠠᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢ ᠳᠠᠷᠤᠮᠠᠯᠯᠠᠨ ᠲᠠᠷᠬᠠᠭᠠᠬᠤ ᠲᠤᠬᠠᠶ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠤᠨ ᠮᠡᠳᠡᠭᠳᠡᠯᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ᠄    ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠣᠲᠣ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠨᠠᠮ ᠤᠨ ᠬᠤᠷᠢᠶᠠᠨ ᠤ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ ᠶᠢᠨ ᠰᠤᠳᠤᠯᠤᠨ ᠲᠣᠭᠲᠠᠭᠠᠭᠰᠠᠨ ︽ᠱᠠᠩᠳᠤ ᠰᠢᠶᠠᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠢ ᠲᠠᠨᠠᠷ ᠲᠤ ᠳᠠᠷᠤᠮᠠᠯᠯᠠᠨ ᠲᠠᠷᠬᠠᠭᠠᠪᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃    2022 ᠣᠨ ᠤ 1 ᠰᠠᠷ᠎ᠠ ᠶᠢᠨ 12 ᠤᠨ ᠡᠳᠦᠷ    ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ ︽br /︾᠃ ᠱᠠᠩᠳᠤ ᠰᠢᠶᠠᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ᠃ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠡᠷᠬᠡ ᠶᠢ ᠨᠤᠲᠠᠯᠠᠨ ᠲᠣᠭᠲᠠᠭᠠᠵᠤ ᠰᠢᠯᠵᠢᠭᠦᠯᠦᠨ ᠲᠤᠰᠢᠶᠠᠬᠤ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠂ ᠡᠳ᠋ ᠬᠤᠭᠰᠢᠯ ᠢᠶᠠᠨ ᠪᠦᠷᠢᠳᠬᠡᠨ ᠬᠠᠷᠭᠤᠭᠤᠯᠬᠤ᠂ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ᠂ ᠡᠯᠡᠭᠳᠡᠯ ᠢ ᠰᠢᠢᠳᠪᠦᠷᠢᠯᠡᠬᠦ ᠵᠡᠷᠭᠡ ᠠᠵᠢᠯ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠣᠷᠳᠣ ᠬᠤᠭᠤᠴᠠᠭ᠎ᠠ ᠪᠠᠷ ᠲᠣᠭᠲᠠᠭᠤᠨ ᠪᠠᠶᠢᠬᠤ ᠶᠢ ᠪᠠᠲᠤᠯᠠᠵᠤ ᠦᠷ᠎ᠡ ᠠᠰᠢᠭ ᠢ ᠪᠠᠳᠠᠷᠠᠭᠤᠯᠤᠨ᠎ᠠ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠨ᠎ᠡ᠂ ︽ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠥᠪ ᠤᠨ ᠬᠥᠳᠡᠭᠡ ᠲᠣᠰᠬᠤᠨ ᠤ ᠠᠵᠢᠯ ᠤᠨ ᠠᠯᠪᠠᠨ ᠬᠡᠷ ᠡᠳ᠋ ᠤᠨ ᠵᠠᠰᠠᠭ ᠤᠨ ᠶᠠᠮᠤᠨ ᠤ ᠵᠢᠯᠣᠭᠤᠳᠬᠤ ᠰᠠᠨᠠᠯ ᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠤᠯᠠᠮᠵᠢᠯᠠᠨ ᠶᠠᠪᠤᠭᠤᠯᠬᠤ ᠮᠡᠳᠡᠭᠳᠡᠯ︾ ︵ᠲᠥᠷᠥ ᠠᠯᠪᠠᠨ 202151 ᠳ᠋ᠤᠭᠡᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︵ᠥᠪᠥᠷ ᠵᠠᠰᠠᠭ ᠠᠯᠪᠠᠨ ᠲᠠᠷᠬᠠᠭᠠᠭᠰᠠᠨ 202164 ᠳ᠋ᠤᠭᠡᠷ ᠲᠣᠭᠠᠲᠤ︶ ᠵᠢᠴᠢ ᠤᠯᠠᠭᠠᠨᠴᠠᠪ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠳᠠᠷᠤᠮᠠᠯᠯᠠᠨ ᠶᠠᠪᠤᠭᠤᠯᠤᠭᠰᠠᠨ ︽ᠤᠯᠠᠭᠠᠨᠴᠠᠪ ᠬᠤᠲᠠ ᠶᠢᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠤᠯᠠᠭᠠᠨᠴᠠᠪ ᠨᠠᠮ ᠤᠨ ᠲᠠᠷᠢᠶᠠᠯᠠᠩ ᠮᠠᠯ ᠠᠵᠤ ᠠᠬᠤᠶ ᠶᠢᠨ ᠳᠤᠭᠤᠶᠢᠯᠠᠩ ᠲᠠᠷᠬᠠᠭᠠᠭᠰᠠᠨ 20᠂ ᠮᠠᠨ ᠤ ᠰᠢᠶᠠᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠤᠤᠷᠠᠬᠢ ᠮᠡᠲᠦ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠨ᠎ᠠ᠃    ᠨᠢᠭᠡᠳᠦᠭᠡᠷ ᠪᠦᠯᠦᠭ       ᠦᠨᠳᠦᠰᠦᠨ ᠵᠠᠷᠴᠢᠮ    ᠨᠢᠭᠡᠳᠦᠭᠡᠷ ᠵᠦᠢᠯ    ᠬᠠᠤᠯᠢ ᠲᠣᠭᠲᠠᠭᠠᠯ ᠶᠣᠰᠣᠭᠠᠷ ᠠᠵᠢᠯᠯᠠᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠯᠦᠭᠡ ᠬᠠᠷᠢᠯᠴᠠᠨ ᠵᠣᠯᠭᠠᠭᠤᠯᠵᠤ᠂ ᠤᠯᠤᠰ ᠠᠴᠠ ᠥᠮᠴᠢᠯᠡᠯᠲᠡ ᠡᠳ᠋ ᠬᠥᠷᠥᠩᠭᠡ ᠪᠠ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠵᠢᠴᠢ ᠠᠵᠢᠯ ᠲᠥᠷᠥᠯ ᠤᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠤᠷᠲᠤ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠲᠣᠭᠲᠠᠭᠤᠨ ᠪᠥᠭᠡᠳ ᠰᠠᠶᠢᠨ ᠠᠵᠢᠯᠯᠠᠭᠠᠨ ᠲᠠᠢ᠂ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠠᠯᠳᠠᠭᠳᠠᠬᠤ ᠥᠬᠡᠶ ᠪᠤᠶᠤ ᠡᠵᠡᠯᠡᠭᠳᠡᠬᠦ ᠥᠬᠡᠶ ᠪᠠᠶᠢᠬᠤ ᠶᠢ ᠦᠨᠡᠨᠬᠦ ᠪᠠᠲᠤᠯᠠᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠡᠷᠦᠬᠡ ᠳᠤ ᠬᠦᠷᠦᠭᠰᠡᠨ ᠲᠥᠷᠥᠯ ᠤᠨ ᠡᠳ᠋ ᠬᠥᠷᠥᠩᠭᠡ ᠶᠢᠨ ᠥᠷᠲᠡᠭ ᠢ ᠪᠠᠲᠤᠯᠠᠨ ᠨᠡᠮᠡᠭᠳᠡᠭᠦᠯᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠦᠨ᠎ᠡ᠃    ᠬᠤᠶᠠᠳᠤᠭᠠᠷ ᠵᠦᠢᠯ     ᠡᠷᠬᠡ ᠬᠠᠷᠢᠭᠤᠴᠠᠯᠭ᠎ᠠ ᠨᠢ ᠲᠣᠳᠣᠷᠬᠠᠶ ᠪᠠᠶᠢᠬᠤ ᠶᠢ ᠪᠠᠷᠢᠮᠲᠠᠯᠠᠨ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠨᠢᠭᠡᠳᠦᠯᠲᠡᠶ ᠲᠥᠯᠥᠪᠯᠡᠨ᠎ᠡ᠃ ᠥᠮᠴᠢᠯᠡᠬᠦ ᠡᠷᠬᠡ ᠶᠢᠨ ᠬᠠᠷᠢᠶᠠᠯᠠᠯ ᠶᠣᠰᠣᠭᠠᠷ ᠲᠥᠷᠥᠯ ᠱᠠᠲᠤ ᠬᠤᠪᠢᠶᠠᠨ ᠵᠠᠯᠭᠠᠮᠵᠢ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠭᠦᠢᠴᠡᠳᠭᠡᠵᠦ᠂ ᠠᠵᠢᠯ ᠲᠥᠷᠥᠯ ᠤᠨ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠨ᠎ᠠ᠃    ᠭᠤᠷᠪᠠᠳᠤᠭᠠᠷ ᠵᠦᠢᠯ   ᠢᠯᠡ ᠲᠣᠳᠣᠷᠬᠠᠶ ᠪᠠᠶᠢᠯᠭᠠᠬᠤ ᠶᠢ ᠪᠠᠷᠢᠮᠲᠠᠯᠠᠨ᠂ ᠵᠠᠷᠯᠠᠨ ᠨᠡᠶᠢᠲᠡᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠪᠠ ᠡᠵᠡᠩᠨᠡᠯᠲᠡ ᠶᠢᠨ ᠲᠤᠩᠭᠠᠴᠠ ᠶᠢ ᠳᠡᠭᠡᠭᠰᠢᠯᠡᠭᠦᠯᠬᠦ ᠬᠡᠷᠡᠭᠲᠡᠶ᠃ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠣᠷᠣᠯᠴᠠᠭᠤᠯᠤᠨ᠂ ᠣᠯᠠᠨ ᠲᠦᠮᠡᠨ ᠤ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠣᠯᠠᠨ ᠲᠦᠮᠡᠨ ᠤ ᠶᠠᠳᠠᠭᠤ ᠶᠢ ᠲᠡᠳᠬᠦᠬᠦ ᠲᠥᠷᠥᠯ  ᠵᠦᠢᠯ ᠤᠨ ᠡᠳ᠋ ᠬᠥᠷᠥᠩᠭᠡ ᠶᠢᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠦᠨᠡᠨᠬᠦ ᠪᠠᠲᠤᠯᠠᠬᠤ ᠬᠡᠷᠡᠭᠲᠡᠶ᠃    ᠬᠤᠶᠠᠳᠤᠭᠠᠷ ᠪᠦᠯᠦᠭ     ᠬᠦᠷᠢᠶ᠎ᠡ ᠬᠡᠪᠴᠢᠶᠡᠨ ᠤ ᠬᠡᠯᠪᠡᠷᠢ    ᠳᠥᠷᠪᠡᠳᠦᠭᠡᠷ ᠵᠦᠢᠯ    ᠲᠤᠰ ᠨᠠᠷᠢᠨ ᠳᠦᠷᠢᠮ ᠳᠤ ᠬᠡᠯᠡᠵᠦ ᠪᠠᠶᠢᠭ᠎ᠠ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠭᠡᠳᠡᠭ ᠨᠢ 2012 ᠣᠨ ᠠᠴᠠ ᠨᠠᠰᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠡᠷᠡᠭᠯᠡᠭᠰᠡᠨ ᠡᠯ᠎ᠡ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠪᠡᠯᠡ ᠮᠥᠩᠭᠦ ︵ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠵᠦᠢᠯ ᠤᠨ ᠪᠡᠯᠡ ᠮᠥᠩᠭᠦ᠂ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠡᠯᠡ ᠮᠥᠩᠭᠦ᠂ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ᠂ ᠠᠵᠢᠯ ᠲᠥᠷᠥᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠵᠡᠷᠭᠡ︶᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ᠂ ᠬᠤᠤᠰᠯᠠᠯ ᠪᠣᠯᠵᠤ ᠬᠠᠪᠰᠤᠷᠤᠨ ᠲᠡᠳᠬᠦᠬᠦ ᠪᠡᠯᠡ ᠮᠥᠩᠭᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ︵ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠳᠡᠮᠵᠢᠬᠦ ᠳᠤ ᠬᠡᠷᠡᠭᠯᠡᠬᠦ︶᠂ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠪᠡᠯᠡ ᠮᠥᠩᠭᠦ᠂ ᠴᠢᠭ ᠲᠣᠭᠲᠠᠭᠠᠨ ᠬᠠᠪᠰᠤᠷᠤᠨ ᠲᠡᠳᠬᠦᠬᠦ ᠪᠡᠯᠡ ᠮᠥᠩᠭᠦ ᠵᠢᠴᠢ ᠨᠡᠶᠢᠭᠡᠮ ᠤᠨ ᠲᠤᠰᠠᠯᠠᠨ ᠬᠦᠷᠭᠡᠭᠰᠡᠨ ᠵᠡᠷᠭᠡ ᠣᠷᠣᠭᠤᠯᠤᠯᠲᠠ ᠪᠠᠷ ᠪᠤᠶ ᠪᠣᠯᠤᠭᠰᠠᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠵᠢᠭᠠᠵᠤ ᠪᠤᠶ᠃    ᠲᠠᠪᠤᠳᠤᠭᠠᠷ ᠵᠦᠢᠯ    ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠪᠣᠯᠤᠨ ᠡᠷᠦᠬᠡ ᠳᠤ ᠬᠦᠷᠦᠭᠰᠡᠨ ᠲᠥᠷᠥᠯ ᠤᠨ ᠡᠳ᠋ ᠬᠥᠷᠥᠩᠭᠡ ᠪᠠᠷ ᠬᠠᠮᠢᠶᠠᠷᠤᠨ᠎ᠠ᠃    ᠵᠢᠷᠭᠤᠳᠤᠭᠠᠷ ᠵᠦᠢᠯ    ᠡᠵᠡᠩᠨᠡᠯᠲᠡ ᠶᠢᠨ ᠴᠢᠨᠠᠷᠲᠠᠶ ᠡᠳ᠋ ᠬᠦᠷᠦᠩᠭᠡ ᠨᠢ ᠭᠤᠤᠯᠳᠠᠭᠤ ᠡᠵᠡᠩᠨᠡᠯᠲᠡ ᠶᠢᠨ ᠰᠢᠨᠵᠢ ᠴᠢᠨᠠᠷ ᠲᠠᠢ ᠠᠵᠤ ᠦᠢᠯᠡᠰ ᠤᠨ ᠠᠵᠢᠯ ᠣᠯᠭᠤᠬᠤ ᠲᠥᠷᠥᠯ ᠤᠨ ᠲᠦᠷᠦᠯ ᠵᠦᠢᠯ ᠤᠨ ᠲᠣᠭᠲᠠᠮᠠᠯ ᠡᠳ᠋ ᠬᠦᠷᠦᠩᠭᠡ ᠵᠢᠴᠢ ᠡᠷᠬᠡ ᠠᠰᠢᠭ ᠤᠨ ᠴᠢᠨᠠᠷᠲᠠᠶ ᠡᠳ᠋ ᠬᠦᠷᠦᠩᠭᠡ ᠪᠣᠯᠤᠨ᠎ᠠ᠂ ᠡᠭᠦᠨ ᠳᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠶᠢᠨ ᠠᠵᠤ ᠦᠢᠯᠡᠰ ᠤᠨ ᠰᠠᠭᠤᠷᠢᠨ ᠭᠠᠵᠠᠷ᠂ ᠦᠢᠯᠡᠳᠪᠦᠷᠢᠯᠡᠵᠦ ᠡᠳ᠋ᠰᠢᠭᠦᠯᠬᠦ ᠪᠡᠯᠡᠳᠬᠡᠮᠵᠢ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠪᠡᠯᠡᠳᠬᠡᠮᠵᠢ᠂ ᠭᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ᠂ ᠵᠢᠭᠤᠯᠴᠢᠯᠠᠯ ᠤᠨ ᠦᠢᠯᠡᠴᠢᠯᠡᠭᠡᠨ ᠤ ᠪᠡᠯᠡᠳᠬᠡᠮᠵᠢ ᠵᠡᠷᠭᠡ ᠶᠢ ᠪᠠᠭᠲᠠᠭᠠᠨ᠎ᠠ ᠪᠠᠰᠠ  ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠬᠦ ᠭᠡᠷ ᠪᠠᠶᠢᠰᠢᠩ᠂ ᠦᠢᠯᠡᠳᠪᠦᠷᠢ ᠶᠢᠨ ᠭᠡᠷ ᠪᠠᠶᠢᠰᠢᠩ᠂ ᠲᠥᠬᠦᠭᠡᠷᠦᠮᠵᠢ᠂ ᠪᠠᠭᠠᠵᠢ ᠬᠡᠷᠡᠭᠰᠡᠯ᠂ ᠠᠮᠢᠳᠤ ᠪᠣᠳᠠᠰ ᠤᠨ ᠴᠢᠨᠠᠷᠲᠠᠶ ᠡᠳ᠋ ᠬᠦᠷᠦᠩᠭᠡ ᠵᠡᠷᠭᠡ ᠶᠢ ᠪᠠᠭᠲᠠᠭᠠᠨ᠎ᠠ᠂ ᠵᠢᠴᠢ ᠶᠠᠳᠠᠭᠤ ᠶᠢ ᠲᠡᠳᠬᠦᠬᠦ ᠪᠡᠯᠡ ᠮᠥᠩᠭᠦ ᠶᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ᠂ ᠠᠵᠤ ᠠᠬᠤᠶᠢᠯᠠᠯ ᠵᠡᠷᠭᠡ ᠡᠵᠡᠩᠨᠡᠯᠲᠡ ᠶᠢᠨ ᠭᠤᠤᠯ ᠴᠣᠭᠴᠠ ᠳᠤ ᠰᠢᠭᠤᠳ ᠣᠷᠣᠭᠤᠯᠤᠭᠠᠳ ᠪᠤᠶ ᠪᠣᠯᠭᠠᠭᠰᠠᠨ ᠰᠲ᠋ᠣᠺ ᠤᠨ ᠡᠷᠬᠡ᠂ ᠠᠪᠴᠠᠭᠠᠨ ᠤ ᠡᠷᠬᠡ ᠵᠡᠷᠭᠡ ᠡᠷᠬᠡ ᠠᠰᠢᠭ ᠤᠨ ᠴᠢᠨᠠᠷᠲᠠᠶ ᠡᠳ᠋ ᠬᠦᠷᠦᠩᠭᠡ ᠵᠡᠷᠭᠡ ᠶᠢ ᠪᠠᠭᠲᠠᠭᠠᠨ᠎ᠠ᠃    ᠳᠣᠯᠣᠳᠤᠭᠠᠷ ᠵᠦᠢᠯ    ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠨᠢ ᠭᠤᠤᠯᠳᠠᠭᠤ ᠵᠠᠮ ᠬᠠᠷᠢᠯᠴᠠᠭ᠎ᠠ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠠᠶᠤᠯ ᠦᠭᠡᠶ ᠤᠤᠭᠤᠬᠤ ᠤᠰᠤ᠂ ᠴᠠᠬᠢᠯᠭᠠᠨ ᠬᠦᠴᠦᠨ ᠴᠢᠮᠡᠭᠡ ᠬᠤᠯᠪᠣᠭ᠎ᠠ᠂ ᠣᠷᠴᠢᠨ ᠲᠣᠭᠤᠷᠢᠨ ᠤ ᠵᠠᠰᠠᠯᠲᠠ᠂ ᠰᠤᠷᠭᠠᠨ ᠬᠥᠮᠦᠵᠢᠯ᠂ ᠰᠣᠶᠣᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠠᠭᠤᠷᠢ ᠪᠡᠯᠡᠳᠬᠡᠮᠵᠢ ᠲᠥᠬᠦᠭᠡᠷᠦᠮᠵᠢ ᠵᠡᠷᠭᠡ ᠶᠢ ᠪᠠᠭᠲᠠᠭᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ  ᠦᠢᠯᠡᠴᠢᠯᠡᠭᠡᠨ ᠤ ᠲᠥᠷᠥᠯ ᠤᠨ ᠲᠣᠭᠲᠠᠮᠠᠯ ᠬᠥᠷᠥᠩᠭᠡ ᠪᠣᠯᠤᠨ᠎ᠠ᠃     ᠨᠠᠶᠢᠮᠠᠳᠤᠭᠠᠷ ᠵᠦᠢᠯ   ᠡᠷᠦᠬᠡ ᠳᠤ ᠬᠦᠷᠦᠭᠰᠡᠨ ᠲᠥᠷᠥᠯ ᠤᠨ ᠡᠳ᠋ ᠬᠥᠷᠥᠩᠭᠡ ᠨᠢ ᠭᠤᠤᠯᠳᠠᠭᠤ ᠡᠳ᠋ ᠤᠨ ᠵᠠᠰᠠᠭ ᠤᠨ ᠨᠥᠬᠦᠪᠥᠷᠢ ᠥᠭᠬᠦ ᠵᠡᠷᠭᠡ ᠬᠡᠯᠪᠡᠷᠢ ᠪᠠᠷ ᠳᠠᠮᠵᠢᠭᠤᠯᠤᠨ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠴᠤ ᠪᠠᠶᠢᠭᠠᠳ ᠪᠤᠢ ᠪᠣᠯᠤᠭᠰᠠᠨ ᠠᠮᠢᠳᠤ ᠪᠣᠳᠠᠰ ᠤᠨ ᠴᠢᠨᠠᠷᠲᠠᠶ ᠡᠳ᠋ ᠬᠥᠷᠥᠩᠭᠡ ᠪᠤᠶᠤ ᠲᠣᠭᠲᠠᠮᠠᠯ ᠡᠳ᠋ ᠬᠥᠷᠥᠩᠭᠡ ᠪᠣᠯᠤᠨ᠎ᠠ᠃     ᠭᠤᠷᠪᠠᠳᠤᠭᠠᠷ ᠪᠦᠯᠦᠭ    ᠡᠬᠡ ᠳᠠᠩᠰᠠ ᠪᠠᠶᠢᠭᠤᠯᠬᠤ     ᠶᠢᠰᠦᠳᠦᠭᠡᠷ ᠵᠦᠢᠯ    ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ᠂ ᠭᠠᠴᠠᠭ᠎ᠠ ᠲᠣᠰᠬᠤᠨ ᠵᠢᠯ ᠪᠦᠷᠢ ᠶᠢᠨ 1 ᠳ᠋ᠤᠭᠡᠷ ᠰᠠᠷ᠎ᠠ ᠳᠤ ᠳᠡᠭᠡᠷ᠎ᠡ ᠨᠢᠭᠡ ᠵᠢᠯ ᠤᠨ ᠣᠷᠣᠭᠤᠯᠤᠭᠰᠠᠨ ᠡᠯ᠎ᠡ ᠱᠠᠲᠤᠨ ᠤ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠪᠠᠨ ᠡᠮᠬᠢᠯᠡᠨ ᠲᠢᠭᠯᠡᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠪᠣᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠡᠬᠡ ᠳᠠᠩᠰᠠ ᠪᠠᠶᠢᠭᠤᠯᠤᠨ᠂ ᠠᠭᠤᠯᠭ᠎ᠠ ᠳᠤ ᠪᠠᠭᠲᠠᠬᠤ ᠪᠣᠯᠪᠠᠴᠤ᠄ ᠲᠥᠷᠥᠯ ᠵᠦᠢᠯ ᠤᠨ ᠨᠡᠷᠡᠶᠢᠳᠦᠯ᠂ ᠭᠦᠢᠴᠡᠳᠭᠡᠬᠦ ᠲᠤᠭ᠎ᠠ ᠶᠢᠨ ᠪᠢᠴᠢᠭ ᠤᠨ ᠳ᠋ᠤᠭᠠᠷ᠂ ᠪᠡᠯᠡ ᠮᠥᠩᠭᠦ ᠶᠢᠨ ᠲᠥᠷᠥᠯ ᠬᠡᠯᠪᠡᠷᠢ᠂ ᠪᠡᠯᠡ ᠣᠷᠣᠭᠤᠯᠤᠯᠲᠠ ᠶᠢᠨ ᠬᠡᠪᠴᠢᠶ᠎ᠡ᠂ ᠪᠦᠲᠦᠭᠡᠨ ᠪᠠᠶᠢᠭᠤᠯᠬᠤ ᠴᠠᠭ ᠬᠤᠭᠤᠴᠠᠭ᠎ᠠ᠂ ᠪᠦᠲᠦᠭᠡᠨ ᠪᠠᠶᠢᠭᠤᠯᠬᠤ ᠭᠠᠵᠠᠷ ᠣᠷᠣᠨ᠂ ᠪᠦᠲᠦᠭᠡᠨ ᠪᠠᠶᠢᠭᠤᠯᠬᠤ ᠠᠭᠤᠯᠭ᠎ᠠ᠂ ᠪᠠᠷᠢᠯᠭ᠎ᠠ ᠳᠠᠭᠤᠰᠤᠭᠰᠠᠨ ᠴᠠᠭ ᠬᠤᠭᠤᠴᠠᠭ᠎ᠠ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠡᠷᠡᠭᠵᠢᠭᠦᠯᠬᠦ ᠰᠠᠯᠠᠭ᠎ᠠ ᠮᠥᠴᠢᠷ ᠵᠡᠷᠭᠡ ᠳᠤ ᠬᠢᠵᠠᠭᠠᠷᠯᠠᠭᠳᠠᠬᠤ ᠦᠭᠡᠶ᠃    ᠠᠷᠪᠠᠳᠤᠭᠠᠷ ᠵᠦᠢᠯ    ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ᠂ ᠭᠠᠴᠠᠭ᠎ᠠ ᠲᠣᠰᠬᠤᠨ ᠨᠤᠭᠤᠳ ᠵᠢᠯ ᠪᠦᠷᠢ ᠶᠢᠨ 1 ᠳ᠋ᠤᠭᠡᠷ ᠰᠠᠷ᠎ᠠ ᠳᠤ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠡᠬᠡ ᠳᠠᠩᠰᠠ ︵ᠡᠵᠡᠩᠨᠡᠯᠲᠡ ᠶᠢᠨ ᠲᠥᠷᠥᠯ᠂ ᠨᠡᠶᠢᠲᠡ ᠶᠢᠨ ᠠᠰᠠᠷᠠᠮᠵᠢ ᠶᠢᠨ ᠲᠥᠷᠥᠯ᠂ ᠡᠷᠦᠬᠡ ᠳᠤ ᠬᠦᠷᠦᠭᠰᠡᠨ ᠲᠥᠷᠥᠯ ᠤᠨ ︽ᠭᠤᠷᠪᠠᠨ ᠳᠠᠩᠰᠠ︾︶ ᠶᠢ ᠲᠥᠷᠥᠯ ᠬᠤᠪᠢᠶᠠᠨ ᠪᠠᠶᠢᠭᠤᠯᠵᠤ᠂ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠂ ᠠᠭᠤᠯᠭ᠎ᠠ ᠳᠤ ᠪᠠᠭᠲᠠᠬᠤ ᠪᠣᠯᠪᠠᠴᠤ᠄ ᠡᠳ᠋ ᠬᠥᠷᠥᠩᠭᠡ ᠶᠢᠨ ᠨᠡᠷᠡᠶᠢᠳᠦᠯ᠂ ᠡᠳ᠋ ᠬᠥᠷᠥᠩᠭᠡ ᠶᠢᠨ ᠲᠥᠷᠥᠯ ᠢᠯᠭᠠᠯ᠂ ᠬᠤᠳᠠᠯᠳᠤᠨ ᠠᠪᠴᠤ ᠪᠠᠶᠢᠭᠤᠯᠬᠤ ᠴᠠᠭ ᠬᠤᠭᠤᠴᠠᠭ᠎ᠠ᠂ ᠬᠤᠳᠠᠯᠳᠤᠨ ᠠᠪᠴᠤ ᠪᠠᠶᠢᠭᠤᠯᠬᠤ ᠲᠤᠭ᠎ᠠ ᠬᠡᠮᠵᠢᠶ᠎ᠡ᠂ ᠬᠡᠮᠵᠢᠬᠦ ᠨᠢᠭᠡᠴᠡ᠂ ᠬᠡᠷᠡᠭᠯᠡᠬᠦ ᠵᠢᠯ ᠬᠤᠭᠤᠴᠠᠭ᠎ᠠ᠂ ᠤᠤᠯ ᠦᠨ᠎ᠡ ᠥᠷᠲᠡᠭ᠂ ᠪᠡᠯᠡ ᠮᠥᠩᠭᠦ ᠶᠢᠨ ᠢᠷᠡᠯᠲᠡ᠂ ᠥᠮᠴᠢᠯᠡᠬᠦ ᠡᠷᠬᠡ ᠶᠢᠨ ᠬᠠᠷᠢᠶᠠᠯᠠᠯ᠂ ᠬᠠᠮᠢᠶᠠᠷᠴᠤ ᠬᠠᠮᠠᠭᠠᠯᠠᠬᠤ ᠵᠠᠭᠪᠤᠷ᠂ ᠡᠳ᠋ ᠬᠥᠷᠥᠩᠭᠡ ᠶᠢᠨ ᠪᠠᠶᠢᠳᠠᠯ᠂ ᠡᠵᠡᠩᠨᠡᠬᠦ ᠭᠤᠤᠯ ᠴᠣᠭᠴᠠ᠂ ᠠᠰᠢᠭ ᠪᠣᠶ ᠪᠣᠯᠤᠭᠰᠠᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠠᠩᠬᠠᠨ ᠤ ᠥᠷᠲᠡᠭ ᠢ ᠵᠠᠷᠴᠢᠮ ᠳᠡᠭᠡᠷ᠎ᠡ ᠪᠠᠨ ᠲᠥᠷᠥᠯ ᠵᠦᠢᠯ‌‍ᠤᠨ ᠪᠠᠷᠢᠯᠭ᠎ᠠ ᠳᠠᠭᠤᠰᠤᠭᠰᠠᠨ ᠲᠥᠰᠦᠪ ᠤᠨ  ᠭᠦᠢᠴᠡᠳᠭᠡᠯ ᠢᠶᠠᠷ ᠳᠠᠩᠰᠠᠯᠠᠬᠤ ᠦᠨᠳᠦᠰᠦᠯᠡᠯ ᠪᠣᠯᠭᠠᠨ᠎ᠠ᠃    ᠳᠥᠷᠪᠡᠳᠦᠭᠡᠷ ᠪᠦᠯᠦᠭ      ᠡᠷᠬᠡ ᠶᠢ ᠨᠤᠲᠠᠯᠠᠨ ᠰᠢᠯᠵᠢᠭᠦᠯᠦᠨ ᠲᠤᠰᠢᠶᠠᠬᠤ    ᠠᠷᠪᠠᠨ ᠨᠢᠭᠡᠳᠦᠭᠡᠷ ᠵᠦᠢᠯ    ᠵᠢᠯ ᠪᠦᠷᠢ ᠶᠢᠨ 13 ᠳ᠋ᠤᠭᠠᠷ ᠰᠠᠷ᠎ᠠ ᠳᠤ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ᠂ ᠭᠠᠴᠠᠭ᠎ᠠ ᠲᠣᠰᠬᠤᠨ ᠨᠤᠭᠤᠳ ᠶᠠᠳᠠᠭᠤ ᠶᠢ ᠲᠡᠳᠬᠦᠬᠦ ᠲᠥᠷᠥᠯ ᠵᠦᠶ᠋ᠯ ᠤᠨ ᠡᠳ᠋ ᠬᠥᠷᠥᠩᠭᠡ ᠶᠢᠨ ᠡᠷᠬᠡ ᠶᠢᠨ ᠬᠠᠷᠢᠶ᠎ᠠ ᠶᠢ ᠵᠦᠶ ᠵᠣᠬᠢᠰᠲᠠᠶ ᠵᠠᠭᠠᠭᠯᠠᠨ ᠲᠣᠭᠲᠠᠭᠠᠵᠤ᠂ ᠡᠷᠬᠡ ᠶᠢ ᠨᠤᠲᠠᠯᠠᠨ ᠰᠢᠯᠵᠢᠭᠦᠯᠦᠨ ᠲᠤᠰᠢᠶᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠶᠠᠳᠠᠭᠤ ᠶᠢ ᠲᠡᠳᠬᠦᠬᠦ ᠲᠥᠷᠥᠯ ᠵᠦᠶ᠋ᠯ ᠤᠨ ᠡᠳ᠋ ᠬᠥᠷᠥᠩᠭᠡ ᠶᠢᠨ ᠠᠰᠢᠭ ᠭᠥᠷᠳᠡᠬᠦ ᠣᠯᠠᠨ ᠲᠦᠮᠡᠨ ᠤ ᠣᠨᠴᠠᠭᠠᠶ ᠴᠢᠨᠠᠷ ᠢ ᠭᠦᠢᠴᠡᠳ ᠪᠣᠳᠣᠯᠬᠢᠯᠠᠵᠤ᠂ ᠡᠳ᠋ ᠬᠥᠷᠥᠩᠭᠡ ᠶᠢᠨ ᠡᠷᠬᠡ ᠶᠢᠨ ᠬᠠᠷᠢᠶᠠᠯᠠᠯ ᠪᠠ ᠠᠰᠢᠭ ᠣᠷᠣᠯᠭ᠎ᠠ ᠶᠢ ᠠᠯᠢ ᠴᠢᠳᠠᠬᠤ ᠪᠠᠷ ᠭᠠᠴᠠᠭ᠎ᠠ ᠲᠣᠰᠬᠤᠨ ᠳᠤ ᠪᠠᠭᠤᠯᠭᠠᠨ᠎ᠠ᠃    ᠠᠷᠪᠠᠨ ᠬᠤᠶᠠᠳᠤᠭᠠᠷ ᠵᠦᠢᠯ    ᠡᠳ᠋ ᠬᠥᠷᠥᠩᠭᠡ ᠶᠢᠨ ᠥᠷᠲᠡᠭ ᠢ ᠲᠣᠭᠲᠠᠭᠠᠬᠤ ᠳᠤ᠂ ︽ᠬᠡᠨ ᠬᠡᠷᠡᠭᠵᠢᠭᠦᠯᠪᠡᠯ ᠂ ᠲᠡᠷᠡ ᠬᠠᠷᠢᠭᠤᠴᠠᠬᠤ︾ ᠵᠠᠷᠴᠢᠮ ᠤᠨ ᠶᠣᠰᠣᠭᠠᠷ᠂ ᠡᠵᠡᠩᠨᠡᠯᠲᠡ ᠶᠢᠨ ᠲᠥᠷᠥᠯ᠂ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠶᠠᠳᠠᠭᠤ ᠶᠢ ᠲᠡᠳᠬᠦᠬᠦ ᠡᠳ᠋ ᠬᠥᠷᠥᠩᠭᠡ ᠳᠤ᠂ ᠲᠥᠷᠥᠯ ᠵᠦᠢᠯ ᠢ ᠬᠡᠷᠡᠭᠵᠢᠭᠦᠯᠬᠦ ᠨᠢᠭᠡᠴᠡ ᠠᠴᠠ ᠲᠥᠷᠥᠯ ᠵᠦᠢᠯ ᠤᠨ ᠬᠢᠨᠠᠨ ᠪᠣᠳᠣᠯᠲᠠ ᠪᠤᠶᠤ ᠭᠤᠷᠪᠠᠳᠠᠬᠢ ᠡᠲᠡᠭᠡᠳ ᠤᠨ ᠬᠢᠨᠠᠨ ᠲᠣᠭᠲᠠᠭᠠᠭᠰᠠᠨ ᠮᠡᠳᠡᠭᠦᠯᠦᠯᠲᠡ ᠶᠢ ᠦᠨᠳᠦᠰᠦᠯᠡᠨ᠂ ᠪᠣᠳᠠᠲᠠᠶ ᠡᠳ᠋ ᠬᠥᠷᠥᠩᠭᠡ ᠶᠢᠨ ᠥᠷᠲᠡᠭ ᠢ ᠲᠣᠭᠲᠠᠭᠠᠨ᠎ᠠ︔ ᠡᠷᠬᠡ ᠠᠰᠢᠭ ᠤᠨ ᠬᠡᠯᠪᠡᠷᠢ ᠶᠢᠨ ᠡᠵᠡᠩᠨᠡᠯᠲᠡ ᠶᠢᠨ ᠲᠥᠷᠥᠯ ᠤᠨ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠪᠣᠯ ᠬᠤᠷᠰᠢᠬᠤ ᠬᠡᠯᠡᠯᠴᠡᠭᠡᠷ ︵ᠭᠡᠷ᠎ᠡ︶ ᠤᠨ ᠪᠣᠳᠠᠲᠠᠶ ᠣᠷᠣᠭᠤᠯᠤᠯᠲᠠ ᠶᠢᠨ ᠥᠷᠲᠡᠭ ᠢᠶᠠᠷ ᠲᠣᠭᠲᠠᠭᠠᠨ᠎ᠠ᠃ ᠡᠷᠦᠬᠡ ᠳᠤ ᠬᠦᠷᠦᠭᠰᠡᠨ ᠲᠥᠷᠥᠯ ᠤᠨ ᠡᠳ᠋ ᠬᠥᠷᠥᠩᠭᠡ ᠶᠢ ᠪᠣᠳᠠᠲᠠᠶ ᠣᠷᠣᠭᠤᠯᠤᠯᠲᠠ ᠶᠣᠰᠣᠭᠠᠷ ᠲᠣᠰᠬᠤᠨ ᠤ ᠠᠷᠠᠳ ᠤᠨ ᠵᠥᠪᠯᠡᠯ ᠠᠴᠠ ᠡᠬᠡ ᠳᠠᠩᠰᠠ ᠪᠠᠶᠢᠭᠤᠯᠤᠨ ᠬᠠᠮᠢᠶᠠᠷᠬᠤ ᠬᠡᠷᠡᠭᠲᠡᠶ᠃ ᠠᠷᠪᠠᠨ ᠭᠤᠷᠪᠠᠳᠤᠭᠠᠷ ᠵᠦᠢᠯ    ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠬᠡᠷᠡᠭᠵᠢᠭᠦᠯᠦᠭᠰᠡᠨ ᠶᠠᠳᠠᠭᠤ ᠶᠢ ᠲᠡᠳᠬᠦᠬᠦ ᠲᠥᠷᠥᠯ ᠵᠦᠢᠯ ᠢᠶᠠᠷ ᠪᠤᠶ ᠪᠣᠯᠤᠭᠰᠠᠨ ᠲᠥᠷᠥᠯ ᠵᠦᠢᠯ ᠤᠨ ᠡᠳ᠋ ᠬᠥᠷᠥᠩᠭᠡ ᠶᠢ ᠵᠠᠷᠴᠢᠮ ᠳᠡᠭᠡᠷ᠎ᠡ ᠪᠠᠨ ᠡᠷᠬᠡ ᠶᠢ ᠨᠢ ᠨᠤᠲᠠᠯᠠᠨ ᠭᠠᠴᠠᠭ᠎ᠠ ᠳᠤ ᠬᠦᠷᠦᠭᠦᠯᠬᠦ ᠬᠡᠷᠡᠭᠲᠡᠶ᠃ ᠡᠷᠬᠡ ᠶᠢ ᠨᠢ ᠲᠣᠳᠣᠷᠬᠠᠶᠢᠯᠠᠨ ᠲᠣᠰᠬᠤᠨ ᠳᠤ ᠬᠦᠷᠭᠡᠬᠦ ᠶᠢᠨ ᠠᠷᠭ᠎ᠠ ᠦᠭᠡᠶ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ ᠬᠥᠷᠥᠩᠭᠡ ᠶᠢ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠠᠵᠢᠯ ᠲᠥᠷᠥᠯ ᠤᠨ ᠰᠠᠯᠠᠭ᠎ᠠ ᠮᠥᠴᠢᠷ᠂ ᠰᠢᠶᠠᠩ ᠪᠠᠯᠭᠠᠰᠤ ᠪᠤᠶᠤ ᠡᠳ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢ ᠵᠢᠭᠠᠨ ᠲᠣᠭᠲᠠᠭᠠᠵᠤ ᠡᠳᠦᠷ ᠲᠤᠲᠤᠮ ᠤᠨ ᠬᠠᠮᠢᠶᠠᠷᠤᠯᠲᠠ ᠬᠢᠯᠭᠡᠬᠦ ᠶᠢᠨ ᠬᠠᠮᠲᠤ ᠰᠢᠶᠠᠨ ᠤ ᠤᠯᠤᠰ ᠤᠨ ᠥᠮᠴᠢᠯᠡᠯᠲᠦ ᠡᠳ ᠬᠥᠷᠥᠩᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠤᠯᠤᠰ ᠤᠨ ᠥᠮᠴᠢᠯᠡᠯᠲᠦ ᠡᠳ ᠬᠥᠷᠥᠩᠭᠡ ᠶᠢᠨ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠤᠨ ᠬᠠᠮᠢᠶᠠᠷᠤᠭᠤᠯᠬᠤ ᠬᠡᠷᠡᠭᠲᠡᠶ᠃    ᠠᠷᠪᠠᠨ ᠳᠥᠷᠪᠡᠳᠦᠭᠡᠷ ᠵᠦᠢᠯ    ᠠᠵᠢᠯ ᠲᠥᠷᠥᠯ ᠤᠨ ᠰᠠᠯᠠᠭ᠎ᠠ ᠮᠥᠴᠢᠷ ᠠᠴᠠ ᠬᠡᠷᠡᠭᠵᠢᠭᠦᠯᠦᠭᠰᠡᠨ ᠶᠠᠳᠠᠭᠤ ᠶᠢ ᠲᠡᠳᠬᠦᠬᠦ ᠵᠦᠢᠯᠡᠰ ᠢ ᠡᠷᠬᠡ ᠶᠢ ᠨᠤᠲᠠᠯᠠᠨ ᠲᠣᠭᠲᠠᠭᠠᠭᠠᠳ ᠰᠢᠶᠠᠩ ᠪᠠᠯᠭᠠᠰᠤᠨ ᠳᠤ ᠰᠢᠯᠵᠢᠭᠦᠯᠦᠨ ᠲᠤᠰᠢᠶᠠᠭᠰᠠᠨ ᠪᠠᠶᠢᠪᠠᠯ᠂ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠬᠢᠨᠠᠵᠤ ᠲᠤᠰᠢᠶᠠᠯᠭᠠᠨ᠎ᠠ︔ ᠡᠷᠬᠡ ᠶᠢ ᠲᠣᠳᠣᠷᠬᠠᠶᠢᠯᠠᠨ ᠭᠠᠴᠠᠭ᠎ᠠ ᠲᠣᠰᠬᠤᠨ ᠳᠤ ᠰᠢᠯᠵᠢᠭᠦᠯᠦᠨ ᠲᠤᠰᠢᠶᠠᠭᠰᠠᠨ ᠪᠣᠯ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠪᠣᠯᠤᠨ ᠰᠢᠶᠠᠩ ᠪᠠᠯᠭᠠᠰᠤ ᠠᠴᠠ ᠬᠠᠷᠢᠭᠤᠴᠠᠨ ᠬᠢᠨᠠᠵᠤ ᠲᠤᠰᠢᠶᠠᠯᠭᠠᠨ᠎ᠠ᠃    ᠠᠷᠪᠠᠨ ᠲᠠᠪᠤᠳᠤᠭᠠᠷ ᠵᠦᠢᠯ    ᠰᠢᠶᠠᠩ ᠪᠠᠯᠭᠠᠰᠤ ᠪᠤᠶᠤ ᠲᠣᠰᠬᠤᠨ ᠠᠴᠠ ᠬᠡᠷᠡᠭᠵᠢᠭᠦᠯᠬᠦ ᠲᠥᠷᠥᠯ ᠵᠦᠢᠯ ᠢ ᠰᠢᠶᠠᠩ ᠪᠠᠯᠭᠠᠰᠤ ᠠᠴᠠ ᠡᠳ᠋ ᠬᠥᠷᠥᠩᠭᠡ ᠶᠢᠨ ᠡᠷᠬᠡ ᠶᠢᠨ ᠬᠠᠷᠢᠶ᠎ᠠ ᠶᠢ ᠨᠢᠭᠡᠳᠦᠯᠲᠡᠶ ᠰᠢᠯᠵᠢᠭᠦᠯᠦᠨ ᠲᠤᠰᠢᠶᠠᠵᠤ᠂ ᠥᠮᠴᠢᠯᠡᠬᠦ ᠡᠷᠬᠡ ᠶᠢ ᠨᠢ ᠨᠤᠲᠠᠯᠠᠨ ᠲᠣᠭᠲᠠᠭᠠᠭᠠᠳ ᠰᠢᠶᠠᠩ ᠪᠠᠯᠭᠠᠰᠤ ᠳᠤ ᠬᠦᠷᠦᠭᠰᠡᠨ ᠪᠣᠯ ᠰᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠬᠢᠨᠠᠨ ᠲᠤᠰᠢᠶᠠᠯᠭᠠᠵᠤ᠂ ᠥᠮᠴᠢᠯᠡᠬᠦ ᠡᠷᠬᠡ ᠶᠢ ᠨᠢ ᠨᠤᠲᠠᠯᠠᠨ ᠲᠣᠭᠲᠠᠭᠠᠭᠠᠳ ᠭᠠᠴᠠᠭ᠎ᠠ ᠲᠣᠰᠬᠤᠨ ᠳᠤ ᠬᠦᠷᠦᠭᠰᠡᠨ ᠪᠣᠯ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠬᠠᠷᠢᠭᠤᠴᠠᠨ ᠬᠢᠨᠠᠨ ᠲᠤᠰᠢᠶᠠᠯᠭᠠᠨ᠎ᠠ᠃     ᠠᠷᠪᠠᠨ ᠵᠢᠷᠭᠤᠳᠤᠭᠠᠷ ᠵᠦᠢᠯ    ᠲᠣᠰᠬᠤᠨ ᠤ ᠱᠠᠲᠤᠨ ᠤ ᠬᠠᠮᠲᠤᠷᠠᠨ ᠪᠠᠶᠢᠭᠤᠯᠬᠤ ᠲᠥᠷᠥᠯ ᠵᠦᠢᠯ ᠢᠶᠠᠷ ᠪᠤᠶ ᠪᠣᠯᠤᠭᠰᠠᠨ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠪᠡᠯᠡ ᠮᠥᠩᠭᠦ ᠶᠢᠨ ᠣᠷᠣᠭᠤᠯᠤᠯᠲᠠ ᠶᠢᠨ ᠬᠠᠷᠢᠴᠠᠯ ᠢ ᠦᠨᠳᠦᠰᠦᠯᠡᠨ ᠡᠷᠬᠡ ᠶᠢ ᠨᠤᠲᠠᠯᠠᠨ ᠭᠠᠴᠠᠭ᠎ᠠ ᠲᠣᠰᠬᠤᠨ ᠳᠤ ᠰᠢᠯᠵᠢᠭᠦᠯᠦᠨ ᠲᠤᠰᠢᠶᠠᠨ᠎ᠠ︔ ᠡᠯ᠎ᠡ ᠰᠢᠶᠠᠩ ᠪᠠᠯᠭᠠᠰᠤ ᠶᠢᠨ ᠬᠡᠷᠡᠭᠵᠢᠭᠦᠯᠦᠭᠰᠡᠨ ᠣᠨᠳᠣᠣ ᠭᠠᠵᠠᠷ ᠨᠡᠭᠦᠳᠡᠯ ᠠᠷᠠᠳ ᠤᠨ ᠵᠠᠯᠭᠠᠮᠵᠢ ᠠᠵᠤ ᠦᠢᠯᠡᠰ ᠤᠨ ᠲᠥᠷᠥᠯ ᠵᠦᠢᠯ ᠢᠶᠠᠷ ᠪᠤᠶ ᠪᠣᠯᠤᠭᠰᠠᠨ ᠶᠠᠳᠠᠭᠤ ᠶᠢ ᠲᠡᠳᠬᠦᠬᠦ ᠡᠳ ᠬᠥᠷᠥᠩᠭᠡ ᠶᠢ ᠡᠯ᠎ᠡ ᠰᠢᠶᠠᠩ ᠪᠠᠯᠭᠠᠰᠤ ᠨᠢ ᠡᠯ᠎ᠡ ᠭᠠᠴᠠᠭ᠎ᠠ ᠲᠣᠰᠬᠤᠨ ᠤ ᠣᠨᠳᠣᠣ ᠭᠠᠵᠠᠷ ᠨᠡᠭᠦᠳᠡᠯ ᠠᠷᠠᠳ ᠤᠨ ᠬᠥᠮᠦᠨ ᠤ ᠲᠤᠭ᠎ᠠ ᠶᠢᠨ ᠬᠠᠷᠢᠴᠠᠯ ᠪᠤᠶᠤ ᠡᠯ᠎ᠡ ᠭᠠᠴᠠᠭ᠎ᠠ ᠲᠣᠰᠬᠤᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠬᠠᠷᠢᠴᠠᠯ ᠢᠶᠠᠷ ᠡᠳ ᠬᠥᠷᠥᠩᠭᠡ ᠶᠢᠨ ᠡᠷᠬᠡ ᠶᠢ ᠭᠠᠴᠠᠭ᠎ᠠ ᠲᠣᠰᠬᠤᠨ ᠳᠤ ᠨᠤᠲᠠᠯᠠᠨ ᠲᠣᠭᠲᠠᠭᠠᠵᠤ ᠪᠣᠯᠤᠨ᠎ᠠ᠃    ᠠᠷᠪᠠᠨ ᠳᠣᠯᠣᠳᠤᠭᠠᠷ ᠵᠦᠢᠯ    ᠡᠷᠬᠡ ᠶᠢ ᠲᠣᠳᠣᠯᠠᠭᠰᠠᠨ ᠭᠠᠴᠠᠭ᠎ᠠ ᠲᠣᠰᠬᠤᠨ ᠳᠤ ᠬᠦᠷᠴᠦ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠡᠷᠬᠡ ᠶᠢ ᠲᠣᠳᠣᠯᠠᠭᠰᠠᠨ ᠡᠬᠡ ᠳᠠᠩᠰᠠ ᠶᠢ ᠲᠤᠰ ᠲᠤᠰ ᠭᠠᠴᠠᠭ᠎ᠠ ᠪᠠ ᠰᠢᠶᠠᠩ ᠪᠠᠯᠭᠠᠰᠤ ᠬᠤᠶᠠᠷ ᠱᠠᠲᠤᠨ ᠤ ᠢᠯᠡ ᠪᠤᠯᠤᠩ ᠳᠤ ᠢᠯᠡ ᠨᠡᠶᠢᠲᠡᠯᠡᠵᠦ᠂ ᠢᠯᠡ ᠨᠡᠶᠢᠲᠡᠯᠡᠬᠦ ᠴᠠᠭ ᠬᠤᠭᠤᠴᠠᠭ᠎ᠠ ᠶᠢ 10 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ᠃ ᠰᠢᠶᠠᠨ ᠤ ᠱᠠᠲᠤᠨ ᠤ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠶᠡᠷᠦᠩᠬᠡᠶ ᠡᠬᠡ ᠲᠠᠩᠰᠠ ᠶᠢ ᠵᠠᠰᠠᠭ ᠤᠨ ᠣᠷᠳᠣᠨ ᠤ ᠫᠤᠷᠲ᠋ᠤᠯ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠵᠦ᠂ ᠣᠷᠳᠣ ᠬᠤᠭᠤᠴᠠᠭ᠎ᠠ ᠪᠠᠷ ᠢᠯᠡ ᠪᠣᠯᠭᠠᠨ᠂ ᠬᠢᠨᠠᠯᠲᠠ ᠲᠠᠯᠪᠢᠬᠤ ᠶᠢ ᠬᠦᠯᠢᠶᠡᠨ᠎ᠡ᠃    ᠠᠷᠪᠠᠨ ᠨᠠᠶᠢᠮᠠᠳᠤᠭᠷ ᠵᠦᠢᠯ    ᠡᠷᠬᠡ ᠶᠢ ᠨᠤᠲᠠᠯᠠᠵᠤ ᠰᠢᠯᠵᠢᠭᠦᠯᠦᠨ ᠲᠤᠰᠢᠶᠠᠭᠰᠠᠨ ᠡᠬᠡ ᠳᠠᠩᠰᠠ ᠶᠢᠨ ᠨᠡᠶᠢᠲᠡ ᠳᠤ ᠵᠠᠷᠯᠠᠭᠠᠳ ᠤᠨᠳᠤᠤ ᠰᠠᠨᠠᠯ ᠦᠭᠡᠶ ᠪᠣᠯ ᠳᠠᠩᠰᠠᠨ ᠳᠤ ᠲᠡᠮᠳᠡᠭᠯᠡᠨ ᠣᠷᠣᠭᠤᠯᠵᠤ᠂  ᠰᠢᠰᠲ᠋ᠧᠮ ᠢᠶᠠᠷ ᠪᠢᠴᠢᠵᠦ ᠣᠷᠣᠭᠤᠯᠤᠨ᠂ ᠡᠷᠬᠡ ᠶᠢ ᠨᠤᠲᠠᠯᠠᠭᠠᠳ ᠲᠣᠰᠬᠤᠨ ᠳᠤ ᠬᠦᠷᠦᠭᠰᠡᠨ ᠡᠳ᠋ ᠬᠥᠷᠥᠩᠭᠡ ᠶᠢ ᠬᠠᠷᠢᠶ᠎ᠠ ᠪᠦᠬᠦᠢ ᠰᠢᠶᠠᠩ ᠪᠠᠯᠭᠠᠰᠤ ᠶᠢᠨ ᠬᠠᠮᠲᠤ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠣᠰᠬᠤᠨ ᠤ ᠬᠠᠮᠲᠤ ᠶᠢᠨ ᠠᠵᠤ ᠠᠬᠤᠶ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠤᠨ ᠬᠠᠮᠢᠶᠠᠷᠬᠤ ᠬᠡᠷᠡᠭᠲᠡᠶ︔ ᠡᠷᠬᠡ ᠶᠢ ᠰᠢᠶᠠᠨ᠂ ᠰᠢᠶᠠᠩ ᠪᠠᠯᠭᠠᠰᠤᠨ ᠳᠤ ᠨᠤᠲᠠᠯᠠᠨ ᠲᠣᠭᠲᠠᠭᠠᠭᠰᠠᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠥᠮᠴᠢᠯᠡᠯ ᠤᠨ ᠡᠷᠬᠡ ᠶᠢᠨ ᠬᠠᠷᠢᠶᠠᠯᠠᠯ ᠤᠨ ᠨᠢᠭᠡᠴᠢ ᠪᠤᠶᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠨᠢᠭᠡᠴᠢ ᠪᠠ ᠰᠠᠯᠠᠭ᠎ᠠ ᠮᠥᠴᠢᠷ ᠠᠴᠠ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠤᠨ ᠬᠠᠮᠢᠶᠠᠷᠤᠨ᠎ᠠ᠃    ᠲᠠᠪᠤᠳᠤᠭᠠᠷ ᠪᠦᠯᠦᠭ       ᠢᠯᠭᠠᠷᠠᠭᠤᠯᠤᠨ ᠪᠣᠳᠣᠵᠤ ᠬᠢᠨᠠᠨ ᠬᠠᠷᠭᠤᠭᠤᠯᠬᠤ    ᠠᠷᠪᠠ ᠶᠢᠰᠦᠳᠦᠭᠡᠷ ᠵᠦᠢᠯ    ᠵᠢᠯ ᠪᠦᠷᠢ ᠶᠢᠨ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠪᠤᠶᠤ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ᠂ ᠥᠩᠭᠡᠷᠡᠭᠰᠡᠨ ᠵᠢᠯ ᠤᠳ ᠤᠨ ᠪᠣᠶ ᠪᠣᠯᠤᠭᠰᠠᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠡᠷᠡᠭᠯᠡᠭᠰᠡᠨ ᠣᠳᠣᠬᠢ ᠪᠠᠶᠢᠳᠠᠯ᠂ ᠡᠳ᠋ ᠬᠥᠷᠥᠩᠭᠡ ᠶᠢᠨ ᠴᠡᠪᠡᠷ ᠥᠷᠲᠡᠭ ᠢ ᠤᠨ ᠢᠯᠭᠠᠷᠠᠭᠤᠯᠤᠨ ᠪᠣᠳᠣᠵᠤ ᠬᠢᠨᠠᠨ ᠬᠠᠷᠭᠤᠭᠤᠯᠬᠤ ᠠᠵᠢᠯ ᠢ ᠥᠷᠨᠢᠭᠦᠯᠦᠨ᠎ᠡ᠃ ᠢᠯᠭᠠᠷᠠᠭᠤᠯᠤᠨ ᠪᠤᠳᠤᠵᠤ ᠬᠢᠨᠠᠨ ᠬᠠᠷᠭᠤᠭᠤᠯᠵᠤ ᠳᠠᠭᠤᠰᠤᠭᠰᠠᠨ ᠤ ᠳᠠᠷᠠᠭ᠎ᠠ᠂ ᠡᠳ᠋ ᠬᠥᠷᠥᠩᠭᠡ ᠶᠢᠨ ᠲᠥᠷᠥᠯ ᠬᠡᠯᠪᠡᠷᠢ ᠶᠢ ᠦᠨᠳᠦᠰᠦᠯᠡᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠨᠢᠭᠲᠠᠯᠠᠨ ᠪᠤᠳᠤᠬᠤ ᠪᠠᠷᠢᠮᠵᠢᠶ᠎ᠠ ᠶᠢ ᠦᠨᠳᠦᠰᠦᠯᠡᠨ ᠡᠯᠡᠭᠳᠡᠯ ᠢ ᠪᠤᠳᠤᠵᠤ ᠭᠠᠷᠭᠠᠨ ᠠᠪᠴᠤ᠂ ᠴᠡᠪᠡᠷ ᠥᠷᠲᠡᠭ ᠢ ᠪᠤᠳᠤᠵᠤ᠂ ᠡᠯ᠎ᠡ ᠱᠠᠲᠤᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠡᠬᠡ ᠲᠠᠩᠰᠠ ᠶᠢ ᠲᠡᠭᠦᠯᠳᠡᠷᠵᠢᠭᠦᠯᠦᠨ ᠰᠢᠨᠡᠳᠬᠡᠵᠦ᠂ ᠮᠠᠰᠢᠨ ᠲᠠᠩᠰᠠ ᠪᠠ ᠪᠣᠳᠠᠲᠤ ᠲᠠᠩᠰᠠ ᠶᠢ ᠨᠢᠭᠡᠳᠦᠯᠲᠡᠶ ᠪᠣᠯᠭᠠᠨ᠎ᠠ᠃    ᠬᠤᠷᠢᠳᠤᠭᠠᠷ ᠵᠦᠢᠯ    ᠡᠯᠡᠭᠳᠡᠯ ᠪᠣᠳᠣᠵᠤ ᠪᠣᠳᠣᠬᠤ ᠠᠷᠭ᠎ᠠ ᠶᠢ ᠶᠡᠷᠦ ᠳᠡᠭᠡᠨ ᠳᠤᠮᠳᠠᠴᠢ ᠵᠢᠯ ᠬᠤᠭᠤᠴᠠᠭ᠎ᠠ ᠶᠢᠨ ᠠᠷᠭ᠎ᠠ ᠶᠢ ᠬᠡᠷᠡᠭᠯᠡᠵᠦ᠂ ᠴᠡᠪᠡᠷ ᠦᠯᠡᠳᠡᠭᠳᠡᠯ ᠥᠷᠲᠡᠭ ᠤᠨ ᠬᠠᠷᠢᠴᠠᠭᠠᠨ ᠤ ᠬᠡᠮᠵᠢᠭᠳᠡᠯ ᠢ 35 % ᠪᠠᠷ ᠲᠣᠭᠲᠠᠭᠠᠬᠤ ᠶᠢ ᠰᠠᠨᠠᠭᠤᠯᠤᠨ᠎ᠠ᠃ ᠡᠯᠡᠭᠳᠡᠯ ᠪᠤᠳᠤᠬᠤ ᠵᠢᠯ ᠬᠤᠭᠤᠴᠠᠭ᠎ᠠ ᠶᠢᠨ ᠰᠠᠨᠠᠭᠤᠯᠭ᠎ᠠ᠄ ᠬᠡᠷ ᠪᠠᠶᠢᠰᠢᠩ ᠤᠨ ᠫᠧᠩ ᠰᠠᠷᠠᠪᠴᠢ᠂ ᠫᠧᠩ ᠰᠠᠷᠠᠪᠴᠢ᠂ ᠲᠣᠮᠣ ᠫᠧᠩ᠂ ᠬᠠᠶᠢᠷ ᠴᠢᠯᠠᠭᠤᠨ ᠵᠠᠮ᠂ ᠬᠤᠳᠳᠤᠭ᠂ ᠬᠤᠳᠳᠤᠭ ᠤᠨ ᠬᠡᠷ᠂ ᠴᠠᠬᠢᠯᠭᠠᠨ ᠬᠦᠴᠦᠨ ᠤ ᠪᠡᠯᠡᠳᠬᠡᠮᠵᠢ᠂ ᠬᠡᠷᠡᠯ ᠴᠡᠨᠡᠭ ᠤᠨ ᠪᠡᠯᠡᠳᠬᠡᠮᠵᠢ ᠵᠡᠷᠭᠡ ᠨᠢ 20 ᠵᠢᠯ ᠪᠣᠯᠤᠨ᠎ᠠ︔ ᠦᠢᠯᠡᠳᠪᠦᠷᠢᠯᠡᠯ ᠤᠨ ᠲᠥᠬᠦᠭᠡᠷᠦᠮᠵᠢ᠂ ᠲᠠᠷᠢᠶᠠᠯᠠᠩ ᠳᠤ ᠬᠡᠷᠡᠭᠯᠡᠬᠦ ᠮᠠᠰᠢᠨ ᠮᠧᠬᠠᠨᠢᠭ ᠵᠡᠷᠭᠡ ᠨᠢ 10 ᠵᠢᠯ ᠪᠣᠯᠤᠨ᠎ᠠ︔ ᠦᠬᠡᠷ᠂ ᠬᠤᠨᠢ᠂ ᠡᠯᠵᠢᠭᠡ᠂ ᠭᠠᠭ᠋ᠠᠶ ᠵᠡᠷᠭᠡ ᠠᠮᠢᠳᠤ ᠪᠣᠳᠠᠰ ᠤᠨ ᠴᠢᠨᠠᠷᠲᠠᠶ ᠡᠳ ᠬᠥᠷᠥᠩᠭᠡ ᠪᠣᠯ 3 ᠵᠢᠯ ᠪᠣᠯᠤᠨ᠎ᠠ︔ ᠡᠯᠧᠺᠳ᠋ᠷᠣᠨ ᠲᠥᠬᠦᠭᠡᠷᠦᠮᠵᠢ ᠨᠢ 3 ᠵᠢᠯ᠃    ᠬᠤᠷᠢᠨ ᠨᠢᠭᠡᠳᠦᠭᠡᠷ ᠵᠦᠢᠯ     ᠵᠠᠷᠴᠢᠮ ᠳᠡᠭᠡᠷ᠎ᠡ ᠪᠠᠨ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠳᠠᠬᠢ ᠡᠷᠬᠡ ᠠᠰᠢᠭ ᠡᠳ᠋ ᠬᠥᠷᠥᠩᠭᠡ ᠪᠠ ᠡᠷᠦᠬᠡ ᠳᠤ ᠬᠦᠷᠦᠭᠰᠡᠨ ᠲᠥᠷᠥᠯ ᠤᠨ ᠡᠳ᠋ ᠬᠥᠷᠥᠩᠭᠡ ᠳᠤ ᠡᠯᠡᠭᠳᠡᠯ ᠪᠤᠳᠤᠵᠤ ᠭᠠᠷᠭᠠᠨ ᠠᠪᠬᠤ ᠦᠭᠡᠶ᠃ ᠰᠢᠨᠡᠳᠬᠡᠵᠦ ᠰᠣᠯᠢᠭᠰᠠᠨ ᠡᠳ᠋ ᠬᠥᠷᠥᠩᠭᠡ ᠳᠤ᠂ ᠡᠳ᠋ ᠬᠥᠷᠥᠩᠭᠡ ᠶᠢᠨ ᠤᠤᠯ ᠥᠷᠲᠡᠭ ᠢ ᠳᠠᠬᠢᠨ ᠳᠠᠩᠰᠠᠯᠠᠬᠤ ᠶᠢᠨ ᠬᠠᠮᠲᠤ ᠡᠯᠡᠭᠳᠡᠯ ᠤᠨ ᠵᠢᠯ ᠬᠤᠭᠤᠴᠠᠭ᠎ᠠ ᠶᠢ ᠳᠠᠬᠢᠨ ᠲᠣᠭᠲᠠᠭᠠᠨ᠎ᠠ᠃ ᠬᠡᠷᠡᠭᠯᠡᠬᠦ ᠶᠢᠨ ᠠᠷᠭ᠎ᠠ ᠥᠬᠡᠶ ᠪᠤᠶᠤ ᠬᠡᠷᠡᠭᠯᠡᠬᠦ ᠤᠨ ᠵᠢᠯ ᠳᠤ ᠬᠦᠷᠦᠭᠰᠡᠨ ᠪᠥᠭᠡᠳ ᠡᠳ᠋ ᠬᠥᠷᠥᠩᠭᠡ ᠶᠢ ᠰᠢᠶ᠋ᠳᠪᠦᠷᠢᠯᠡᠬᠦ ᠳᠤ ᠨᠡᠶᠢᠴᠡᠵᠦ᠂ ᠬᠠᠤᠯᠢ ᠲᠣᠭᠲᠠᠭᠠᠯ ᠶᠣᠰᠣᠭᠠᠷ ᠡᠳ᠋ ᠬᠥᠷᠥᠩᠭᠡ ᠶᠢ ᠰᠢᠶ᠋ᠳᠪᠦᠷᠢᠯᠡᠵᠦ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠣᠨ ᠢᠶᠠᠷ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ᠃    ᠵᠢᠷᠭᠤᠳᠤᠭᠠᠷ ᠪᠦᠯᠦᠭ      ᠬᠠᠮᠢᠶᠠᠷᠴᠤ ᠬᠠᠮᠠᠭᠠᠯᠠᠨ ᠡᠵᠡᠩᠨᠡᠬᠦ   ᠬᠤᠷᠢᠨ ᠬᠤᠶᠠᠳᠤᠭᠠᠷ ᠵᠦᠢᠯ   ᠥᠮᠴᠢᠯᠡᠬᠦ ᠡᠷᠬᠡ ᠪᠠ ᠬᠢᠨᠠᠨ ᠬᠠᠮᠢᠶᠠᠷᠬᠤ ᠡᠷᠬᠡ ᠶᠢ ᠬᠠᠷᠢᠯᠴᠠᠨ ᠨᠢᠭᠡᠳᠬᠡᠬᠦ᠂ ᠠᠰᠢᠭ ᠬᠦᠷᠲᠡᠬᠦ ᠡᠷᠬᠡ ᠪᠠ ᠬᠠᠮᠢᠶᠠᠷᠤᠨ ᠬᠠᠮᠠᠭᠠᠯᠠᠬᠤ ᠡᠷᠬᠡ ᠶᠢ ᠬᠠᠷᠢᠯᠴᠠᠨ ᠤᠶᠠᠯᠳᠤᠭᠤᠯᠬᠤ ᠵᠠᠷᠴᠢᠮ ᠶᠣᠰᠣᠭᠠᠷ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠨ ᠬᠠᠮᠠᠭᠠᠯᠠᠵᠤ ᠡᠵᠡᠩᠨᠡᠬᠦ ᠶᠢ ᠴᠢᠩᠭᠠᠳᠬᠠᠵᠤ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠠᠮᠢᠶᠠᠷᠤᠨ ᠬᠠᠮᠠᠭᠠᠯᠠᠵᠤ ᠡᠵᠡᠩᠨᠡᠬᠦ ᠲᠥᠰᠦᠯ ᠢ ᠲᠣᠭᠲᠠᠭᠠᠵᠤ᠂ ᠡᠳ᠋ ᠬᠥᠷᠥᠩᠭᠡ ᠶᠢᠨ ᠦᠷᠭᠦᠯᠵᠢᠯᠡᠨ ᠦᠷ᠎ᠡ ᠠᠰᠢᠭ ᠪᠠᠳᠠᠷᠠᠭᠤᠯᠬᠤ ᠶᠢ ᠦᠨᠡᠨᠬᠦ ᠪᠠᠲᠤᠯᠠᠨ᠎ᠠ᠃    ᠬᠤᠷᠢᠨ ᠭᠤᠷᠪᠠᠳᠤᠭᠠᠷ ᠵᠦᠢᠯ    ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠥᠮᠴᠢᠯᠡᠬᠦ ᠡᠷᠬᠡᠲᠦ ᠬᠥᠮᠦᠨ ᠨᠢ ᠲᠥᠷᠥᠯ ᠵᠦᠢᠯ ᠤᠨ ᠡᠳ᠋ ᠬᠥᠷᠥᠩᠭᠡ ᠶᠢ ᠰᠢᠭᠤᠳ ᠡᠵᠡᠩᠨᠡᠵᠦ ᠪᠠᠶᠢᠪᠠᠯ᠂ ᠥᠪᠡᠷ ᠢᠶᠠᠨ ᠡᠵᠡᠩᠨᠡᠨ ᠬᠠᠮᠢᠶᠠᠷᠤᠨ᠎ᠠ᠃ ᠨᠠᠶᠢᠳᠠᠨ ᠬᠠᠮᠢᠶᠠᠷᠤᠭᠤᠯᠬᠤ᠂ ᠲᠦᠷᠢᠶᠡᠰᠦᠯᠡᠭᠦᠯᠬᠦ᠂ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠡᠵᠡᠩᠨᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠶᠣᠰᠣᠭᠠᠷ ᠡᠵᠡᠩᠨᠡᠯᠲᠡ ᠶᠢᠨ ᠭᠤᠤᠯ ᠴᠣᠭᠴᠠ ᠶᠢ ᠲᠣᠳᠣᠷᠬᠠᠶᠢᠯᠠᠨ᠎ᠠ᠂ ᠡᠳ᠋ ᠬᠥᠷᠥᠩᠭᠡ ᠶᠢᠨ ᠥᠮᠴᠢᠯᠡᠬᠦ ᠡᠷᠬᠡᠲᠦ ᠬᠥᠮᠦᠨ ᠨᠢ ᠡᠷᠬᠡᠪᠰᠢ ᠡᠵᠡᠩᠨᠡᠯᠲᠡ ᠶᠢᠨ ᠭᠤᠤᠯ ᠴᠣᠭᠴᠠ ᠯᠤᠭ᠎ᠠ ᠭᠡᠷ᠎ᠡ ᠲᠣᠭᠲᠠᠵᠤ᠂ ᠬᠤᠶᠠᠷ ᠲᠠᠯ᠎ᠠ ᠶᠢᠨ ᠡᠷᠬᠡ ᠠᠰᠢᠭ ᠪᠠ ᠡᠭᠦᠷᠭᠡ ᠶᠢ ᠲᠣᠳᠣᠷᠬᠠᠶᠢᠯᠠᠨ᠎ᠠ᠂ ᠠᠰᠢᠭ ᠣᠯᠵᠠᠪᠤᠷᠢ ᠶᠢᠨ ᠨᠣᠷᠮ᠎ᠠ᠂ ᠴᠠᠭ ᠬᠤᠭᠤᠴᠠᠭ᠎ᠠ᠂ ᠲᠦᠭᠰᠢᠭᠦᠷᠢ ᠶᠢᠨ ᠡᠭᠦᠷᠭᠡᠯᠡᠯ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ᠂ ᠬᠠᠪᠰᠤᠷᠤᠨ ᠲᠡᠳᠬᠦᠬᠦ ᠬᠠᠷᠢᠭᠤᠴᠠᠯᠭ᠎ᠠ᠂ ᠪᠤᠴᠠᠭᠠᠨ ᠭᠠᠷᠭᠠᠬᠤ ᠠᠷᠭ᠎ᠠ ᠵᠡᠷᠭᠡ ᠶᠢ ᠪᠠᠭᠲᠠᠭᠠᠬᠤ ᠪᠣᠯᠪᠠᠴᠤ ᠬᠢᠵᠠᠭᠠᠷᠯᠠᠭᠳᠠᠬᠤ ᠥᠬᠡᠶ ᠪᠠᠶᠢᠬᠤ ᠶᠢ ᠲᠣᠳᠣᠷᠬᠠᠶ ᠲᠣᠭᠲᠠᠭᠠᠬᠤ ᠶᠢᠨ ᠬᠠᠮᠲᠤ᠂ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠡᠵᠡᠩᠨᠡᠯᠲᠡ ᠶᠢᠨ ᠭᠤᠤᠯ ᠴᠣᠭᠴᠠ ᠨᠢ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠵᠢᠷᠤᠭᠯᠠᠨ ᠲᠥᠯᠥᠪᠯᠡᠵᠦ ᠬᠡᠷᠡᠭᠯᠡᠬᠦ ᠴᠠᠭ ᠬᠤᠭᠤᠴᠠᠭ᠎ᠠ ᠳᠤ ᠬᠦᠷᠦᠭᠦᠯᠵᠦ᠂ ᠭᠡᠷ᠎ᠡ ᠶᠢᠨ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ᠂ ᠡᠳ᠋ ᠬᠥᠷᠥᠩᠭᠡ ᠶᠢᠨ ᠬᠡᠪ ᠤᠨ ᠴᠢᠳᠠᠮᠵᠢ ᠶᠢ ᠨᠢ ᠪᠠᠳᠠᠷᠠᠭᠤᠯᠬᠤ ᠶᠢ ᠪᠠᠲᠤᠯᠠᠵᠤ᠂ ᠬᠠᠮᠢᠶᠠᠷᠴᠤ ᠬᠠᠮᠠᠭᠠᠯᠠᠨ ᠡᠵᠡᠩᠨᠡᠭᠰᠡᠨ ᠨᠢ ᠵᠣᠬᠢᠰ ᠥᠬᠡᠶ ᠪᠤᠶᠤ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠡᠵᠡᠩᠨᠡᠯᠲᠡ ᠶᠢᠨ ᠭᠤᠤᠯ ᠴᠣᠭᠴᠠ ᠠᠴᠠ ᠬᠠᠮᠢᠶ᠎ᠠ ᠪᠥᠬᠦᠶ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠵᠡᠩᠨᠡᠯᠲᠡ ᠶᠢᠨ ᠭᠤᠤᠯ ᠴᠣᠭᠴᠠ ᠨᠢ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠠᠰᠢᠭᠯᠠᠨ ᠪᠠᠷᠢᠴᠠᠭᠠᠯᠠᠬᠤ᠂ ᠳᠠᠭᠠᠭᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠪᠠᠯᠠ ᠲᠣᠬᠢᠷᠠᠭᠤᠯᠭ᠎ᠠ ᠬᠢᠵᠦ ᠪᠣᠯᠬᠤ ᠥᠬᠡᠶ᠃    ᠬᠤᠷᠢᠨ ᠳᠥᠷᠪᠡᠳᠦᠭᠡᠷ ᠵᠦᠢᠯ     ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠵᠡᠷᠭᠡ ᠲᠤᠰᠬᠠᠶ ᠠᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠲᠥᠷᠥᠯ ᠵᠦᠢᠯ ᠤᠨ ᠡᠳ᠋ ᠬᠥᠷᠥᠩᠭᠡ ᠶᠢ ᠪᠣᠯ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠬᠠᠮᠢᠶᠠᠷᠤᠨ ᠬᠠᠮᠠᠭᠠᠯᠠᠵᠤ ᠠᠵᠢᠯᠯᠠᠭᠤᠯᠵᠤ ᠪᠣᠯᠤᠨ᠎ᠠ᠃    ᠬᠤᠷᠢᠨ ᠲᠠᠪᠤᠳᠤᠭᠠᠷ ᠵᠦᠢᠯ     ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠶᠢ ᠬᠠᠮᠢᠶᠠᠷᠴᠤ ᠬᠠᠮᠠᠭᠠᠯᠠᠬᠤ ᠳᠤ ᠬᠠᠮᠢᠶᠠᠷᠴᠤ ᠬᠠᠮᠠᠭᠠᠯᠠᠬᠤ ᠨᠢᠭᠡᠴᠡ ᠪᠠ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠵᠢᠯ ᠲᠥᠷᠥᠯ ᠤᠨ ᠪᠠᠷᠢᠮᠵᠢᠶ᠎ᠠ ᠪᠠ ᠵᠢᠷᠤᠮᠵᠢᠯ ᠶᠣᠰᠣᠭᠠᠷ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠶ᠃ ᠰᠢᠶᠠᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠢᠶᠠᠷᠴᠤ ᠬᠠᠮᠠᠭᠠᠯᠠᠨ᠎ᠠ︔ ᠰᠢᠶᠠᠩ ᠪᠠᠯᠭᠠᠰᠤᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠶᠢ ᠰᠢᠶᠠᠩ ᠪᠠᠯᠭᠠᠰᠤ ᠠᠴᠠ ᠬᠠᠮᠢᠶᠠᠷᠴᠤ ᠬᠠᠮᠠᠭᠠᠯᠠᠨ᠎ᠠ︔ ᠭᠠᠴᠠᠭ᠎ᠠ ᠲᠣᠰᠬᠤᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠶᠢ ᠭᠠᠴᠠᠭ᠎ᠠ ᠲᠣᠰᠬᠤᠨ ᠠᠴᠠ ᠬᠠᠮᠢᠶᠠᠷᠴᠤ ᠬᠠᠮᠠᠭᠠᠯᠠᠨ᠎ᠠ᠃ ᠭᠠᠴᠠᠭ᠎ᠠ ᠲᠣᠰᠬᠤᠨ ᠤ ᠬᠠᠮᠲᠤ ᠶᠢᠨ ᠬᠠᠮᠢᠶᠠᠷᠤᠨ ᠬᠠᠮᠠᠭᠠᠯᠠᠬᠤ ᠬᠦᠴᠦᠨ ᠬᠦᠷᠦᠯᠴᠡᠬᠦ ᠥᠬᠡᠶ ᠪᠠᠶᠢᠪᠠᠯ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠠ ᠬᠥᠪᠡᠭᠡ ᠵᠠᠬ᠎ᠠ ᠶᠢᠨ ᠬᠥᠮᠦᠨ ᠠᠮᠠ ᠶᠢ ᠤᠷᠢᠳᠠᠪᠠᠷ ᠬᠠᠮᠢᠶᠠᠷᠤᠨ ᠬᠠᠮᠠᠭᠠᠯᠠᠬᠤ ᠳᠤ ᠣᠷᠣᠯᠴᠠᠭᠤᠯᠵᠤ᠂ ᠬᠠᠮᠢᠶᠠᠷᠤᠨ ᠬᠠᠮᠠᠭᠠᠯᠠᠬᠤ ᠵᠠᠷᠤᠳᠠᠯ ᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠪᠠ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠠᠰᠢᠭ ᠣᠯᠵᠠᠪᠤᠷᠢ ᠠᠴᠠ ᠰᠢᠢᠳᠪᠦᠷᠢᠯᠡᠵᠦ ᠪᠣᠯᠤᠨ᠎ᠠ᠃    ᠬᠤᠷᠢᠨ ᠵᠢᠷᠭᠤᠳᠤᠭᠠᠷ ᠵᠦᠢᠯ    ᠡᠷᠦᠬᠡ ᠳᠤ ᠬᠦᠷᠦᠭᠦᠯᠬᠦ ᠲᠥᠷᠥᠯ ᠤᠨ ᠡᠳ᠋ ᠬᠥᠷᠥᠩᠭᠡ ᠶᠢ ᠲᠠᠷᠢᠶᠠᠯᠠᠬᠤ ᠮᠠᠯᠵᠢᠬᠤ ᠡᠷᠦᠬᠡ ᠥᠪᠡᠷ ᠲᠡᠭᠡᠨ ᠬᠠᠮᠢᠶᠠᠷᠴᠤ᠂ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ᠂ ᠰᠢᠶᠠᠩ ᠪᠠᠯᠭᠠᠰᠤ ᠪᠣᠯᠤᠨ ᠭᠠᠴᠠᠭ᠎ᠠ ᠲᠣᠰᠬᠤᠨ ᠮᠡᠷᠭᠡᠵᠢᠯ ᠤᠨ ᠵᠢᠯᠣᠭᠤᠳᠤᠯᠭ᠎ᠠ᠂ ᠦᠢᠯᠡᠴᠢᠯᠡᠭᠡᠨ ᠤ ᠬᠢᠨᠠᠯᠲᠠ ᠲᠠᠯᠪᠢᠯᠲᠠ ᠪᠣᠯᠤᠨ ᠰᠢᠢᠳᠪᠦᠷᠢᠯᠡᠬᠦ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃    ᠬᠤᠷᠢᠨ ᠳᠣᠯᠣᠳᠤᠭᠠᠷ ᠵᠦᠢᠯ     ᠶᠠᠳᠠᠭᠤ ᠶᠢ ᠲᠡᠳᠬᠦᠬᠦ ᠲᠥᠷᠥᠯ ᠵᠦᠶ᠋ᠯ ᠤᠨ ᠡᠳ᠋ ᠬᠥᠷᠥᠩᠭᠡ ᠶᠢ ᠬᠠᠮᠢᠶᠠᠷᠴᠤ ᠬᠠᠮᠠᠭᠠᠯᠠᠬᠤ ᠵᠠᠷᠤᠳᠠᠯ ᠢ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠤᠨ ᠶᠣᠰᠣᠭᠠᠷ ᠨᠠᠶᠢᠳᠠᠪᠤᠷᠢᠵᠢᠭᠤᠯᠵᠤ᠂ ᠡᠷᠦᠬᠡ ᠳᠤ ᠬᠦᠷᠦᠭᠦᠯᠬᠦ ᠲᠥᠷᠥᠯ ᠤᠨ ᠡᠳ᠋ ᠬᠥᠷᠥᠩᠭᠡ ᠶᠢ ᠬᠠᠮᠢᠶᠠᠷᠴᠤ ᠬᠠᠮᠠᠭᠠᠯᠠᠬᠤ ᠵᠠᠷᠤᠳᠠᠯ ᠢ ᠲᠠᠷᠢᠶᠠᠯᠠᠬᠤ ᠮᠠᠯᠵᠢᠬᠤ ᠡᠷᠦᠬᠡ ᠡᠭᠦᠷᠭᠡᠯᠡᠨ᠎ᠡ︔ ᠰᠢᠶᠠᠨ ᠤ ᠱᠠᠲᠤ ᠪᠣᠯᠤᠨ ᠰᠢᠶᠠᠩ ᠪᠠᠯᠭᠠᠰᠤ ᠶᠢᠨ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠶᠢ ᠬᠠᠮᠢᠶᠠᠷᠴᠤ ᠬᠠᠮᠠᠭᠠᠯᠠᠬᠤ ᠵᠠᠷᠤᠳᠠᠯ ᠢ ᠰᠢᠶᠠᠨ ᠤ ᠡᠳ᠋ ᠤᠨ ᠵᠠᠰᠠᠭ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠭᠠᠴᠠᠭ᠎ᠠ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠶᠢ ᠬᠠᠮᠢᠶᠠᠷᠴᠤ ᠬᠠᠮᠠᠭᠠᠯᠠᠬᠤ ᠵᠠᠷᠤᠳᠠᠯ ᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠪᠣᠯᠤᠨ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ ᠳᠣᠲᠣᠷ᠎ᠠ ᠠᠴᠠ ᠰᠢᠢᠳᠪᠦᠷᠢᠯᠡᠵᠦ ᠪᠣᠯᠤᠨ᠎ᠠ︔ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠤᠯᠤᠰ ᠤᠨ ᠥᠮᠴᠢᠯᠡᠯ ᠤᠨ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠳᠤ ᠪᠣᠯ ᠣᠨ ᠤ ᠠᠰᠢᠭ ᠣᠷᠣᠯᠭ᠎ᠠ ᠶᠢᠨ ᠶᠡᠷᠦᠩᠬᠡᠶ ᠲᠣᠭᠠᠨ ᠤ 1 % ᠠᠴᠠ ᠥᠨᠳᠥᠷ ᠪᠠᠶᠢᠯᠭᠠᠬᠤ ᠥᠬᠡᠶ ᠪᠠᠷ ᠡᠵᠡᠩᠨᠡᠯᠲᠡ ᠬᠠᠮᠢᠶᠠᠷᠤᠯᠲᠠ ᠶᠢᠨ ᠵᠠᠷᠤᠳᠠᠯ ᠢ ᠭᠠᠷᠭᠠᠨ ᠠᠪᠴᠤ ᠪᠣᠯᠤᠨ᠎ᠠ᠂ ᠰᠢᠶᠠᠨ ᠠᠴᠠ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ ᠠᠵᠢᠯᠯᠠᠬᠤ᠂ ᠠᠵᠢᠯᠲᠠᠨ᠂ ᠬᠠᠮᠢᠶᠠᠷᠬᠤ᠂ ᠦᠨᠡᠯᠡᠨ ᠵᠢᠱᠢᠬᠦ ᠵᠡᠷᠭᠡ ᠵᠠᠷᠤᠳᠠᠯ ᠢ ᠪᠣᠳᠠᠲᠠᠶ ᠪᠠᠶᠢᠳᠠᠯ ᠢ ᠦᠨᠳᠦᠰᠦᠯᠡᠨ ᠭᠠᠷᠭᠠᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠡᠳ᠋ ᠬᠥᠷᠥᠩᠭᠡ ᠪᠠ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ ᠶᠢᠨ ᠬᠠᠮᠢᠶᠠᠷᠴᠤ ᠬᠠᠮᠠᠭᠠᠯᠠᠬᠤ ᠵᠠᠷᠤᠳᠠᠯ ᠬᠦᠷᠦᠯᠴᠡᠬᠦ ᠦᠭᠡᠢ ᠬᠡᠰᠡᠭ ᠢ ᠰᠢᠶᠠᠨ ᠤ ᠡᠳ᠋ ᠤᠨ ᠵᠠᠰᠠᠭ ᠠᠴᠠ ᠨᠢᠭᠡᠳᠦᠯᠲᠡᠢ ᠲᠥᠯᠥᠪᠯᠡᠨ ᠰᠢᠢᠳᠪᠦᠷᠢᠯᠡᠬᠦ ᠬᠡᠷᠡᠭᠲᠡᠢ᠃    ᠬᠤᠷᠢᠨ ᠨᠠᠶ᠋ᠮᠠᠳᠤᠭᠠᠷ ᠵᠦᠢᠯ    ᠡᠵᠡᠩᠨᠡᠯᠲᠡ ᠶᠢᠨ ᠴᠢᠨᠠᠷᠲᠠᠶ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠳᠤ ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠵᠦ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ᠂ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠲᠤᠰᠬᠠᠶ ᠠᠵᠢᠯ ᠤᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠳ᠋ ᠬᠥᠷᠥᠩᠭᠡ ᠶᠢᠨ ᠪᠣᠳᠠᠲᠠᠶ ᠡᠵᠡᠩᠨᠡᠯᠲᠡ ᠶᠢᠨ ᠨᠢᠭᠡᠴᠡ ᠨᠦᠭᠦᠳ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠵᠡᠩᠨᠡᠯᠲᠡ ᠶᠢᠨ ᠴᠢᠨᠠᠷᠲᠠᠶ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠠᠵᠢᠯᠯᠠᠭᠠᠨ ᠤ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠴᠢᠭᠯᠡᠭᠦᠯᠬᠦ ᠴᠢᠨᠠᠷᠲᠠᠶ ᠪᠠᠷ ᠲᠣᠭᠲᠠᠭᠠᠨ᠂ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠡᠳᠦᠷ ᠲᠤᠲᠤᠮ ᠤᠨ ᠬᠢᠨᠠᠨ ᠡᠵᠡᠮᠳᠡᠬᠦ ᠡᠬᠡ ᠳᠠᠩᠰᠠ ᠪᠠᠶᠢᠭᠤᠯᠵᠤ᠂ ᠡᠳᠦᠷ ᠲᠤᠲᠤᠮ ᠤᠨ ᠮᠥᠷᠳᠡᠨ ᠬᠢᠨᠠᠨ ᠰᠢᠨᠵᠢᠬᠦ ᠶᠢ ᠰᠠᠶᠢᠲᠤᠷ ᠬᠢᠵᠦ᠂ ᠡᠵᠡᠩᠨᠡᠯᠲᠡ ᠶᠢᠨ ᠴᠢᠨᠠᠷᠲᠠᠶ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠡᠵᠡᠩᠨᠡᠯᠲᠡ ᠶᠢᠨ ᠲᠦᠭᠰᠢᠭᠦᠷᠢ ᠪᠠᠷ ᠨᠡᠯᠢᠶᠡᠳ ᠥᠨᠳᠥᠷ ᠲᠥᠷᠥᠯ ᠵᠦᠢᠯ ᠤᠨ ᠡᠳ᠋ ᠬᠥᠷᠥᠩᠭᠡ ᠳᠤ ᠬᠤᠳᠠᠯᠳᠤᠭᠠᠨ ᠤ ᠳᠠᠭᠠᠳᠬᠠᠯ ᠬᠤᠳᠠᠯᠳᠤᠨ ᠠᠪᠬᠤ ᠪᠠ ᠳᠠᠭᠠᠭᠠᠯᠲᠠ ᠬᠢᠵᠦ ᠪᠠᠲᠤᠯᠠᠬᠤ᠂ ᠡᠳ᠋ ᠬᠥᠷᠥᠩᠭᠡ ᠪᠠᠷ ᠪᠠᠷᠢᠴᠠᠭᠠᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠵᠡᠩᠨᠡᠯᠲᠡ ᠶᠢᠨ ᠲᠦᠭᠰᠢᠭᠦᠷᠢ ᠶᠢ ᠵᠠᠳᠠᠷᠠᠭᠤᠯᠬᠤ ᠪᠠ ᠪᠠᠭᠤᠷᠠᠭᠤᠯᠵᠤ᠂ ᠭᠡᠷ᠎ᠡ ᠪᠠᠨ ᠭᠦᠢᠴᠡᠳᠭᠡᠵᠦ ᠳᠥᠯᠥᠬᠦ ᠴᠢᠳᠠᠪᠤᠷᠢ ᠶᠢ ᠨᠢ ᠴᠢᠩᠭᠠᠷᠠᠭᠤᠯᠬᠤ ᠬᠡᠷᠡᠭᠲᠡᠶ᠃    ᠳᠣᠯᠣᠳᠤᠭᠠᠷ ᠪᠦᠯᠦᠭ      ᠠᠰᠢᠭ ᠣᠷᠣᠯᠭ᠎ᠠ ᠶᠢᠨ ᠬᠤᠪᠢᠶᠠᠷᠢᠯᠠᠯᠲᠠ    ᠬᠤᠷᠢ ᠶᠢᠰᠦᠳᠦᠭᠡᠷ ᠵᠦᠢᠯ    ᠰᠢᠶᠠᠨ ᠤ ᠱᠠᠲᠤ ᠪᠤᠶᠤ ᠰᠢᠶᠠᠩ ᠪᠠᠯᠭᠠᠰᠤ ᠶᠢᠨ ᠱᠠᠲᠤᠨ ᠤ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ ᠮᠥᠩᠭᠦ ᠶᠢ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠭᠤᠤᠯᠴᠢᠯᠠᠨ ᠬᠠᠮᠢᠶᠠᠷᠬᠤ ᠬᠠᠷᠢᠭᠤᠴᠠᠯᠭᠠᠲᠤ ᠨᠢᠭᠡᠴᠡ ᠠᠴᠠ ᠬᠠᠷᠢᠭᠤᠴᠠᠨ ᠬᠤᠷᠢᠶᠠᠵᠤ᠂ ᠣᠯᠤᠭᠰᠠᠨ ᠠᠰᠢᠭ ᠣᠯᠵᠠᠪᠤᠷᠢ ᠶᠢ ᠴᠠᠭ ᠲᠤᠬᠠᠶ ᠳᠤᠨᠢ ᠴᠤᠭᠯᠠᠭᠤᠯᠤᠨ ᠳᠡᠭᠡᠭᠰᠢ ᠰᠢᠶᠠᠨ ᠤ ᠱᠠᠲᠤᠨ ᠤ ᠡᠳ᠋ ᠤᠨ ᠵᠠᠰᠠᠭ ᠲᠤ ᠲᠤᠰᠢᠶᠠᠬᠤ ᠬᠡᠷᠡᠭᠲᠡᠶ᠃ ᠭᠠᠴᠠᠭ᠎ᠠ ᠲᠣᠰᠬᠤᠨ ᠤ ᠱᠠᠲᠤᠨ ᠤ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠭᠠᠴᠠᠭ᠎ᠠ ᠲᠣᠰᠬᠤᠨ ᠤ ᠵᠥᠪᠯᠡᠯ ᠠᠴᠠ ᠬᠠᠷᠢᠭᠤᠴᠠᠨ ᠬᠤᠷᠢᠶᠠᠵᠤ ᠠᠪᠤᠭᠠᠳ ᠂ ᠲᠣᠭᠲᠠᠭᠠᠭᠰᠠᠨ ᠴᠠᠭ ᠬᠤᠭᠤᠴᠠᠭ᠎ᠠ ᠶᠢᠨ ᠳᠣᠲᠣᠷ᠎ᠠ ᠴᠤᠭᠯᠠᠭᠤᠯᠤᠨ ᠳᠡᠭᠡᠭᠰᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠲᠠᠩᠰᠠᠨ ᠡᠷᠦᠬᠡ ᠳᠤ ᠲᠤᠰᠢᠶᠠᠬᠤ ᠬᠡᠷᠡᠭᠲᠡᠶ᠃    ᠭᠤᠴᠢᠳᠤᠭᠠᠷ ᠵᠦᠢᠯ    ᠡᠵᠡᠩᠨᠡᠯᠲᠡ ᠶᠢᠨ ᠴᠢᠨᠠᠷᠲᠠᠶ ᠡᠳ᠋ ᠬᠥᠷᠦᠩᠭᠡ ᠶᠢᠨ ᠠᠰᠢᠭ ᠣᠷᠣᠯᠭ᠎ᠠ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠬᠦ ᠵᠢᠴᠢ ᠲᠦᠷᠦᠯ ᠵᠦᠢᠯ ᠤᠨ ᠡᠳ᠋ ᠬᠥᠷᠦᠩᠭᠡ ᠶᠢᠨ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠵᠡᠷᠭᠡ ᠳᠤ ᠭᠤᠤᠯᠳᠠᠯᠭ᠎ᠠ ᠲᠠᠢ ᠬᠡᠷᠡᠭᠯᠡᠨ᠎ᠡ︔ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠡᠷᠦᠬᠡ ᠳᠤ ᠤᠷᠢᠳᠠᠪᠠᠷ ᠬᠡᠷᠡᠭᠯᠡᠨ᠎ᠡ᠂ ᠵᠠᠬ᠎ᠠ ᠶᠢᠨ ᠠᠮᠠᠷᠬᠠᠨ ᠶᠠᠳᠠᠭᠤᠷᠠᠬᠤ ᠡᠷᠦᠬᠡ᠂ ᠭᠡᠨᠡᠳᠲᠡ ᠬᠦᠨᠳᠦ ᠨᠣᠴᠢᠲᠠᠶ ᠬᠦᠴᠢᠷᠳᠡᠯᠲᠡᠶ ᠡᠷᠦᠬᠡ ᠶᠢ ᠬᠠᠪᠰᠤᠷᠤᠨ ᠲᠡᠳᠬᠦᠬᠦ᠂ ᠪᠠᠰᠠ ᠬᠥᠷᠥᠩᠭᠡ ᠶᠢᠨ ᠠᠰᠢᠭ ᠣᠷᠣᠯᠭ᠎ᠠ ᠳᠤ ᠬᠡᠷᠡᠭᠯᠡᠵᠦ ᠪᠣᠯᠤᠨ᠎ᠠ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠬᠦ᠂ ᠣᠶᠤᠨ ᠵᠣᠷᠢᠭ ᠬᠤᠶᠠᠷ ᠢ ᠲᠡᠳᠬᠦᠬᠦ ᠱᠠᠩᠨᠠᠯ ᠤᠨ ᠨᠥᠬᠦᠪᠥᠷᠢ᠂ ᠭᠠᠴᠠᠭ᠎ᠠ ᠲᠣᠰᠬᠤᠨ ᠤ ᠳᠣᠲᠣᠷᠠᠬᠢ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠪᠣᠯᠤᠨ ᠬᠥᠭᠵᠢᠯᠲᠡ ᠵᠡᠷᠭᠡ ᠬᠥᠳᠡᠯᠮᠦᠷᠢ ᠲᠤ ᠤᠯᠠᠨ ᠲᠦᠮᠡᠨ ᠤ ᠣᠷᠣᠯᠴᠠᠬᠤ ᠶᠢ ᠵᠣᠷᠢᠭᠵᠢᠭᠤᠯᠤᠨ᠎ᠠ᠂ ︽ᠶᠠᠳᠠᠭᠤ ᠶᠢ ᠰᠡᠷᠭᠡᠶᠢᠯᠡᠬᠦ ᠳᠠᠭᠠᠳᠬᠠᠯ︾ ᠪᠠ ︽ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠳᠠᠭᠠᠳᠬᠠᠯ︾ ᠬᠤᠳᠠᠯᠳᠤᠨ ᠠᠪᠤᠨ᠎ᠠ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠬᠠᠮᠠᠭᠠᠯᠠᠯᠲᠠ᠂ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ᠂ ᠪᠠᠰᠠ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠳᠤ ᠬᠡᠷᠡᠭᠯᠡᠵᠦ ᠪᠣᠯᠤᠨ᠎ᠠ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠯᠲᠡ ᠪᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠂ ᠪᠤᠰᠤᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠤᠯᠪᠣᠭᠳᠠᠯ ᠪᠦᠬᠦᠢ ᠲᠥᠷᠥᠯ ᠵᠦᠢᠯ᠃    ᠭᠤᠴᠢᠨ ᠨᠢᠭᠡᠳᠦᠭᠡᠷ ᠵᠦᠢᠯ    ᠥᠮᠴᠢᠯᠡᠬᠦ ᠡᠷᠬᠡ ᠨᠢ ᠰᠢᠶᠠᠨ ᠳᠤ ᠬᠦᠷᠦᠭᠰᠡᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠠᠴᠠ ᠬᠤᠪᠢᠶᠠᠷᠢᠯᠠᠬᠤ ᠲᠥᠰᠦᠯ ᠢᠶᠠᠨ ᠳᠤᠷᠠᠳᠴᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠦᠨ ᠰᠤᠳᠤᠯᠤᠭᠤᠯᠤᠨ ᠬᠢᠨᠠᠨ ᠲᠣᠭᠲᠠᠭᠠᠯᠭᠠᠵᠤ᠂ ᠲᠥᠰᠦᠯ ᠶᠣᠰᠣᠭᠠᠷ ᠬᠤᠪᠢᠶᠠᠷᠢᠯᠠᠨ᠎ᠠ︔ ᠥᠮᠴᠢᠯᠡᠬᠦ ᠡᠷᠬᠡ ᠨᠢ ᠰᠢᠶᠠᠩ ᠪᠠᠯᠭᠠᠰᠤᠨ ᠳᠤ ᠬᠦᠷᠴᠦ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠠᠰᠢᠭ ᠣᠷᠣᠯᠭ᠎ᠠ ᠶᠢ ᠰᠢᠶᠠᠩ ᠪᠠᠯᠭᠠᠰᠤ ᠠᠴᠠ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠰᠦᠯ ᠢ ᠰᠤᠳᠤᠯᠤᠨ ᠲᠣᠭᠲᠠᠭᠠᠵᠤ᠂ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ︔ ᠥᠮᠴᠢᠯᠡᠬᠦ ᠡᠷᠬᠡ ᠨᠢ ᠭᠠᠴᠠᠭ᠎ᠠ ᠲᠣᠰᠬᠤᠨ ᠳᠤ ᠬᠦᠷᠦᠭᠰᠡᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠠᠴᠠ ᠠᠰᠢᠭ ᠣᠯᠵᠠᠪᠤᠷᠢ ᠶᠢ ᠬᠤᠪᠢᠶᠠᠷᠢᠯᠠᠨ ᠬᠡᠷᠡᠭᠯᠡᠬᠦ ᠲᠥᠰᠦᠯ ᠢ ᠳᠤᠷᠠᠳᠴᠤ᠂ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠢᠶᠠᠷ ᠶᠠᠷᠢᠯᠴᠠᠭᠤᠯᠤᠨ ᠪᠠᠲᠤᠯᠠᠭᠤᠯᠤᠭᠠᠳ᠂ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠳᠠᠩᠰᠠᠯᠠᠭᠤᠯᠤᠨ᠎ᠠ᠃    ᠭᠤᠴᠢᠨ ᠬᠤᠶᠠᠳᠤᠭᠠᠷ ᠵᠦᠢᠯ    ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡᠨ ᠤ ᠲᠦᠷᠦᠯ ᠵᠦᠢᠯ ᠤᠨ ᠠᠰᠢᠭ ᠣᠷᠣᠯᠭ᠎ᠠ ᠶᠢ ᠬᠤᠪᠢᠶᠠᠷᠢᠯᠠᠨ ᠬᠡᠷᠡᠭᠯᠡᠬᠦ ᠳᠤ᠂ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡᠨ ᠤ ᠲᠦᠷᠦᠯ ᠵᠦᠢᠯ ᠤᠨ ᠠᠰᠢᠭ ᠣᠷᠣᠯᠭ᠎ᠠ ᠶᠢ ᠬᠤᠪᠢᠶᠠᠷᠢᠯᠠᠨ ᠬᠡᠷᠡᠭᠯᠡᠬᠦ ᠬᠠᠮᠢᠶ᠎ᠠ ᠪᠦᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    ᠭᠤᠴᠢᠨ ᠭᠤᠷᠪᠠᠳᠤᠭᠠᠷ ᠵᠦᠢᠯ    ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠦᠨᠡᠨ ᠢ ᠪᠠᠷᠢᠮᠲᠠᠯᠠᠨ᠂ ᠪᠣᠳᠠᠲᠤ ᠪᠠᠶᠢᠳᠠᠯ ᠳᠤ ᠨᠡᠶᠢᠴᠡᠭᠦᠯᠵᠦ᠂ ᠦᠨᠡᠨᠬᠦ ᠶᠠᠪᠤᠭᠳᠠᠭᠤᠰᠢᠲᠠᠶ ᠪᠠᠶᠢᠯᠭᠠᠵᠤ᠂ ᠣᠷᠣᠭᠤᠯᠤᠯᠲᠠ ᠶᠢᠨ ᠪᠡᠯᠡ ᠮᠥᠩᠭᠦ ᠶᠢᠨ ᠠᠶᠤᠯ ᠦᠭᠡᠶ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠵᠠᠬ᠎ᠠ ᠳᠡᠯᠭᠡᠭᠦᠷ ᠤᠨ ᠪᠠᠶᠢᠳᠠᠯ ᠢ ᠦᠨᠳᠦᠰᠦᠯᠡᠨ ᠡᠵᠡᠨ ᠮᠡᠳᠡᠨ ᠲᠣᠭᠲᠠᠭᠠᠬᠤ ᠬᠡᠷᠡᠭᠲᠡᠶ᠂ ᠭᠡᠬᠦ ᠳᠡᠭᠡᠨ ᠵᠢᠯ ᠤᠨ ᠠᠰᠢᠭ ᠣᠯᠵᠠᠪᠤᠷᠢ ᠶᠢᠨ ᠨᠣᠷᠮ᠎ᠠ ᠶᠢ ᠠᠳᠠᠯᠢ ᠬᠤᠭᠤᠴᠠᠭᠠᠨ ᠤ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ ᠠᠴᠠ ᠳᠤᠤᠷ᠎ᠠ ᠪᠠᠶᠢᠯᠭᠠᠵᠤ ᠪᠣᠯᠬᠤ ᠦᠭᠡᠶ᠃    ᠭᠤᠴᠢᠨ ᠳᠥᠷᠪᠡᠳᠦᠭᠡᠷ ᠵᠦᠢᠯ     ᠳᠥᠭᠦᠮᠬᠡᠨ ᠢᠶᠠᠷ ᠵᠣᠭᠤᠰ ᠲᠠᠷᠬᠠᠭᠠᠬᠤ᠂ ᠡᠳ᠋ ᠪᠣᠳᠠᠰ ᠲᠦᠭᠡᠭᠡᠬᠦ᠂ ᠨᠢᠭᠡ ᠬᠤᠪᠢ ᠬᠤᠪᠢᠶᠠᠬᠤ ᠠᠷᠭ᠎ᠠ ᠪᠠᠷ ᠠᠰᠢᠭ ᠣᠷᠣᠯᠭ᠎ᠠ ᠶᠢ ᠬᠤᠪᠢᠶᠠᠷᠢᠯᠠᠬᠤ ᠶᠢ ᠴᠢᠩᠭ᠎ᠠ ᠴᠠᠭᠠᠵᠠᠯᠠᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠬᠠᠮᠢᠶ᠎ᠠ ᠦᠭᠡᠢ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ᠂ ᠡᠭᠦᠨ ᠳᠤ ᠨᠢᠭᠡᠴᠢ ᠶᠢᠨ ᠦᠨᠳᠦᠰᠦᠨ ᠵᠠᠷᠤᠯᠭ᠎ᠠ᠂ ᠵᠠᠮ ᠬᠠᠷᠢᠯᠴᠠᠭᠠᠨ ᠤ ᠪᠠᠭᠠᠵᠢ ᠵᠢᠴᠢ ᠴᠢᠮᠡᠭᠡ ᠬᠤᠯᠪᠣᠭᠠᠨ ᠤ ᠲᠥᠬᠦᠭᠡᠷᠦᠮᠵᠢ᠂ ᠠᠰᠠᠷ ᠲᠠᠩᠬᠢᠮ ᠣᠷᠳᠣᠨ ᠪᠠᠭᠤᠳᠠᠯ ᠢ ᠪᠠᠶᠢᠭᠤᠯᠬᠤ᠂ ᠡᠯ᠎ᠡ ᠵᠦᠢᠯ ᠤᠨ ᠱᠠᠩᠨᠠᠯ ᠤᠨ ᠮᠥᠩᠭᠦ ᠨᠥᠬᠦᠪᠥᠷᠢ ᠮᠥᠩᠭᠦ ᠪᠠ ᠠᠰᠠᠷᠠᠮᠵᠢ ᠶᠢᠨ ᠨᠥᠬᠦᠪᠥᠷᠢ᠂ ᠥᠷᠢ ᠥᠭᠴᠡᠭᠡ ᠶᠢ ᠲᠦᠯᠦᠬᠦ ᠪᠠ ᠪᠡᠯᠡ ᠮᠥᠩᠭᠦ ᠣᠷᠣᠯᠠᠨ ᠥᠭᠬᠦ ᠵᠡᠷᠭᠡ ᠪᠠᠭᠲᠠᠨ᠎ᠠ᠃    ᠭᠤᠴᠢᠨ ᠲᠠᠪᠤᠳᠤᠭᠠᠷ ᠵᠦᠢᠯ    ᠵᠠᠰᠠᠭ ᠤᠨ ᠣᠷᠳᠣᠨ ᠤ ᠥᠷᠢ ᠥᠭᠴᠡᠭᠡ ᠪᠠᠷ ᠪᠤᠶ ᠪᠣᠯᠤᠭᠰᠠᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠳᠤ ᠣᠷᠣᠭᠤᠯᠵᠤ᠂ ᠥᠷᠢ ᠥᠭᠴᠡᠭᠡ ᠶᠢᠨ ᠡᠬᠡ ᠬᠦᠦ ᠮᠥᠩᠭᠦ ᠶᠢ ᠲᠥᠷᠥᠯ ᠵᠦᠢᠯ ᠤᠨ ᠠᠰᠢᠭ ᠣᠷᠣᠯᠭ᠎ᠠ ᠠᠴᠠ ᠪᠤᠴᠠᠭᠠᠬᠤ ᠪᠠᠷ ᠪᠣᠯᠵᠣᠨ ᠲᠣᠭᠲᠠᠭᠰᠠᠨ ᠪᠠᠶᠢᠪᠠᠯ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠬᠡᠷᠡᠭᠵᠢᠭᠦᠯᠦᠨ᠎ᠡ᠃ ᠥᠭᠴᠡᠭᠡ ᠶᠢ ᠪᠦᠬᠦ ᠲᠤᠭ᠎ᠠ ᠪᠠᠷ ᠨᠢ ᠲᠦᠯᠦᠬᠦ ᠠᠴᠠ ᠡᠮᠦᠨ᠎ᠡ᠂ ᠰᠢᠯᠵᠢᠭᠦᠯᠦᠨ ᠥᠭᠬᠦ᠂ ᠦᠨ᠎ᠡ ᠬᠠᠶᠠᠵᠤ ᠬᠤᠳᠠᠯᠳᠤᠬᠤ᠂ ᠰᠣᠯᠢᠬᠤ᠂ ᠪᠠᠷᠢᠴᠠᠭᠠᠯᠠᠬᠤ᠂ ᠳᠠᠭᠠᠭᠠᠯᠲᠠ ᠬᠢᠬᠦ᠂ ᠬᠤᠬᠢᠷᠠᠯ ᠢ ᠮᠡᠳᠡᠭᠦᠯᠬᠦ ᠪᠠ ᠬᠡᠷᠡᠭᠴᠡᠭᠡ ᠠᠴᠠ ᠭᠠᠷᠭᠠᠵᠤ ᠪᠣᠯᠬᠤ ᠦᠭᠡᠢ᠃    ᠨᠠᠶᠢᠮᠠᠳᠤᠭᠠᠷ ᠪᠦᠯᠦᠭ      ᠡᠳ᠋ ᠬᠥᠷᠥᠩᠭᠡ ᠶᠢ ᠰᠢᠶ᠋ᠳᠪᠦᠷᠢᠯᠡᠬᠦ    ᠭᠤᠴᠢᠨ ᠵᠢᠷᠭᠤᠳᠤᠭᠠᠷ ᠵᠦᠢᠯ    ᠡᠳ᠋ ᠬᠥᠷᠥᠩᠭᠡ ᠶᠢ ᠰᠢᠢᠳᠪᠦᠷᠢᠯᠡᠬᠦ ᠳᠤ ᠬᠠᠤᠯᠢ ᠶᠣᠰᠣᠨ ᠤ᠂ ᠲᠣᠭᠲᠠᠭᠠᠯ ᠳᠤ ᠨᠡᠶᠢᠴᠡᠭᠰᠡᠨ᠂ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠤᠯᠤᠰ ᠤᠨ ᠥᠮᠴᠢᠯᠡᠯᠲᠦ ᠪᠠ ᠬᠠᠮᠲᠤ ᠶᠢᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠳᠤᠷ᠎ᠠ ᠪᠠᠷ ᠢᠶᠠᠨ ᠰᠢᠢᠳᠪᠦᠷᠢᠡᠯᠵᠦ ᠪᠣᠯᠬᠤ ᠥᠬᠡᠶ᠃ ᠦᠨᠡᠨᠬᠦ ᠰᠢᠢᠳᠪᠦᠷᠢᠯᠡᠬᠦ ᠴᠢᠬᠤᠯᠠᠲᠠᠶ ᠡᠳ᠋ ᠬᠥᠷᠥᠩᠭᠡ ᠳᠤ ᠤᠯᠤᠰ ᠠᠴᠠ ᠥᠮᠴᠢᠯᠡᠯᠲᠡ ᠡᠳ᠋ ᠬᠥᠷᠥᠩᠭᠡ᠂ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠵᠣᠬᠢᠬᠤ ᠬᠢᠨᠠᠨ ᠵᠥᠪᠰᠢᠶᠡᠷᠡᠬᠦ ᠭᠠᠷᠳᠠᠮ ᠢ ᠵᠢᠷᠤᠮᠵᠢᠭᠤᠯᠤᠨ  ᠰᠢᠢᠳᠪᠦᠷᠢᠯᠡᠬᠦ ᠬᠡᠷᠡᠭᠲᠡᠶ᠃    ᠭᠤᠴᠢᠨ ᠳᠣᠯᠣᠳᠤᠭᠠᠷ ᠵᠦᠢᠯ    ᠶᠠᠳᠠᠭᠤ ᠶᠢ ᠲᠡᠳᠬᠦᠬᠦ ᠡᠳ᠋ ᠬᠥᠷᠥᠩᠭᠡ ᠨᠢ ᠵᠢᠷᠤᠭ ᠲᠥᠯᠥᠪᠯᠡᠭᠡ ᠶᠢᠨ ᠴᠢᠳᠠᠮᠵᠢ ᠪᠠᠨ ᠪᠠᠳᠠᠷᠠᠭᠤᠯᠵᠤ ᠳᠡᠶᠢᠯᠬᠦ ᠮᠥᠷᠲᠡᠭᠡᠨ ᠠᠮᠵᠢᠯᠲᠠ ᠪᠦᠲᠦᠮᠵᠢ ᠨᠢ ᠪᠠᠷᠢᠮᠵᠢᠶ᠎ᠠ ᠳᠤ ᠬᠦᠷᠦᠭᠰᠡᠨ ᠪᠣᠯ ᠵᠠᠷᠴᠢᠮ ᠳᠡᠭᠡᠷ᠎ᠡ ᠪᠠᠨ ᠰᠢᠢᠳᠪᠦᠷᠢᠯᠡᠵᠦ ᠪᠣᠯᠬᠤ ᠦᠭᠡᠶ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠳᠤ ᠪᠠᠷᠢᠴᠠᠭᠠᠯᠠᠨ ᠳᠠᠭᠠᠭᠠᠯᠲᠠ ᠬᠢᠬᠦ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠶᠢᠨ ᠬᠠᠮᠲᠤ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠭᠦᠢᠴᠡᠳᠬᠡᠬᠦ ᠬᠡᠷᠡᠭᠲᠡᠶ᠃    ᠭᠤᠴᠢᠨ  ᠨᠠᠶᠢᠮᠠᠳᠤᠭᠠᠷ ᠵᠦᠢᠯ    ᠶᠠᠳᠠᠭᠤ ᠶᠢ ᠲᠡᠳᠬᠦᠬᠦ ᠡᠳ᠋ ᠬᠥᠷᠥᠩᠭᠡ ᠶᠢ  ᠰᠢᠢᠳᠪᠦᠷᠢᠯᠡᠬᠦ ᠬᠡᠪᠴᠢᠶ᠎ᠡ᠄    1 . ᠰᠤᠯᠠ ᠪᠠᠶᠢᠭ᠎ᠠ ᠡᠳ᠋ ᠬᠥᠷᠥᠩᠭᠡ︔    2 . ᠭᠡᠷ᠎ᠡ ︵ᠬᠡᠯᠡᠯᠴᠡᠭᠡᠷ︶ ᠶᠢᠨ ᠬᠤᠭᠤᠴᠠᠭ᠎ᠠ ᠲᠤᠯᠤᠭᠰᠠᠨ ᠡᠳ᠋ ᠬᠥᠷᠥᠩᠭᠡ︔    3 . ᠥᠮᠴᠢᠯᠡᠬᠦ ᠡᠷᠬᠡ ᠶᠢ ᠬᠤᠪᠢᠷᠠᠭᠤᠯᠬᠤ ᠴᠢᠬᠤᠯᠠᠲᠠᠶ ᠡᠳ᠋ ᠬᠥᠷᠥᠩᠭᠡ︔    4 . ᠬᠡᠷᠡᠭᠯᠡᠭᠡᠨ ᠠᠴᠠ ᠭᠠᠷᠭᠠᠭᠰᠠᠨ ᠡᠳ᠋ ᠬᠥᠷᠥᠩᠭᠡ ᠶᠢ ᠰᠢᠭᠰᠢᠭᠳᠡᠭᠦᠯᠦᠨ᠎ᠡ︔    5 . ᠡᠵᠡᠩᠨᠡᠯᠲᠡ ᠶᠢᠨ ᠠᠯᠳᠠᠭᠳᠠᠯ ᠵᠢᠴᠢ ᠬᠡᠪ ᠤᠨ ᠪᠤᠰᠤ ᠬᠤᠬᠢᠷᠠᠯ ᠤᠨ ᠡᠳ᠋ ᠬᠥᠷᠥᠩᠭᠡ︔    6 . ᠬᠡᠷᠡᠭᠯᠡᠬᠦ ᠵᠢᠯ ᠬᠤᠭᠤᠴᠠᠭ᠎ᠠ ᠠᠴᠠ ᠨᠢᠭᠡᠨᠲᠡ ᠬᠡᠲᠦᠷᠡᠭᠡᠳ ᠦᠷᠭᠦᠯᠵᠢᠯᠡᠨ ᠬᠡᠷᠡᠭᠯᠡᠵᠦ ᠳᠡᠶᠢᠯᠬᠦ ᠥᠬᠡᠶ ᠪᠣᠯᠤᠭᠰᠠᠨ ᠡᠳ᠋ ᠬᠥᠷᠥᠩᠭᠡ︔    7 . ᠮᠡᠷᠭᠡᠵᠢᠯ ᠤᠨ ᠰᠢᠯᠲᠠᠭᠠᠨ ᠠᠴᠠ ᠪᠣᠯᠤᠭᠰᠠᠨ ᠪᠥᠭᠡᠳ ᠰᠢᠨᠵᠢᠯᠡᠬᠦ ᠤᠬᠠᠭᠠᠨᠴᠢ ᠨᠤᠲᠠᠯᠠᠯᠲᠠ ᠬᠢᠵᠦ᠂ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠡᠳ᠋ ᠬᠥᠷᠥᠩᠭᠡ ᠶᠢ ᠰᠢᠢᠳᠪᠦᠷᠢᠯᠡᠬᠦ ᠴᠢᠬᠤᠯᠠᠲᠠᠶ ᠪᠤᠰᠤᠳ ᠪᠠᠶᠢᠳᠠᠯ᠃    ᠭᠤᠴᠢ ᠶᠢᠰᠦᠳᠦᠭᠡᠷ ᠵᠦᠢᠯ    ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠰᠢᠢᠳᠪᠦᠷᠢᠯᠡᠬᠦ ᠲᠥᠷᠥᠯ ᠬᠡᠯᠪᠡᠷᠢ᠄    1 . ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠥᠮᠴᠢᠯᠡᠬᠦ ᠡᠷᠬᠡ ᠶᠢ  ᠰᠢᠢᠳᠪᠦᠷᠢᠯᠡᠬᠦ᠃ ᠦᠨ᠎ᠡ ᠬᠠᠶᠠᠵᠤ ᠬᠤᠳᠠᠯᠳᠤᠬᠤ᠂ ᠰᠢᠯᠵᠢᠭᠦᠯᠦᠨ ᠥᠭᠬᠦ᠂ ᠬᠤᠳᠠᠯᠳᠤᠬᠤ᠂ ᠰᠣᠯᠢᠬᠤ ᠵᠡᠷᠭᠡ ᠠᠷᠭ᠎ᠠ ᠮᠠᠶ᠋ᠢᠭ ᠢᠶᠠᠷ ᠰᠢᠢᠳᠪᠦᠷᠢᠯᠡᠨ᠎ᠡ᠃    2 . ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠡᠵᠡᠩᠨᠡᠯᠲᠡ ᠶᠢᠨ ᠡᠷᠬᠡ ᠶᠢ ᠰᠢᠢᠳᠪᠦᠷᠢᠯᠡᠬᠦ᠃ ᠨᠠᠶᠢᠳᠠᠨ ᠬᠠᠮᠢᠶᠠᠷᠤᠭᠤᠯᠬᠤ᠂ ᠲᠦᠷᠢᠶᠡᠰᠦᠯᠡᠭᠦᠯᠬᠦ᠂ ᠬᠤᠷᠰᠢᠬᠤ ᠵᠡᠷᠭᠡ ᠠᠷᠭ᠎ᠠ ᠮᠠᠶ᠋ᠢᠭ ᠢ ᠠᠪᠴᠤ ᠡᠵᠡᠩᠨᠡᠭᠰᠡᠨ ᠡᠵᠡᠩᠨᠡᠯᠲᠡ ᠶᠢᠨ ᠴᠢᠨᠠᠷᠲᠠᠶ ᠡᠳ ᠬᠥᠷᠥᠩᠭᠡ ᠶᠢᠨ ᠭᠡᠷ᠎ᠡ ︵ᠵᠥᠪᠯᠡᠯᠴᠡᠭᠡᠷ︶ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠵᠤ ᠡᠵᠡᠩᠨᠡᠯᠲᠡ ᠶᠢᠨ ᠭᠤᠣᠯ ᠴᠣᠭᠴᠠ ᠶᠢ ᠰᠣᠩᠭᠤᠬᠤ ᠪᠤᠶᠤ ᠡᠵᠡᠩᠨᠡᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠪᠠᠷ ᠳᠠᠮᠵᠢᠭᠤᠯᠤᠨ ᠰᠢᠢᠳᠪᠦᠷᠢᠯᠡᠬᠦ ᠵᠢᠴᠢ ᠰᠤᠯᠠ ᠲᠠᠯᠪᠢᠵᠤ ᠪᠠᠶᠢᠭ᠎ᠠ ᠡᠵᠡᠩᠨᠡᠯᠲᠡ ᠶᠢᠨ ᠴᠢᠨᠠᠷᠲᠠᠶ ᠡᠳ ᠬᠥᠷᠥᠩᠭᠡ ᠶᠢ ᠳᠠᠬᠢᠨ ᠠᠮᠢᠳᠤᠯᠢᠭᠵᠢᠭᠤᠯᠤᠨ ᠬᠡᠷᠡᠭᠯᠡᠬᠦ ᠬᠡᠷᠡᠭᠲᠡᠶ᠃    3 . ᠬᠤᠬᠢᠷᠠᠯ ᠮᠡᠳᠡᠭᠦᠯᠦᠭᠰᠡᠨ ᠢ ᠰᠢᠢᠳᠪᠦᠷᠢᠯᠡᠬᠦ᠃ ᠡᠪᠳᠡᠷᠡᠵᠦ ᠰᠦᠶ᠋ᠳᠦᠭᠰᠡᠨ ᠡᠳ᠋ ᠬᠥᠷᠥᠩᠭᠡ ᠶᠢ ᠰᠢᠢᠳᠪᠦᠷᠢᠯᠡᠬᠦ᠃ ᠰᠡᠷᠭᠦᠭᠡᠵᠦ᠂ ᠥᠭᠡᠷᠡᠴᠢᠯᠡᠵᠦ ᠪᠣᠯᠬᠤ ᠶᠢ ᠨᠢ ᠵᠣᠬᠢᠴᠠᠩᠭᠤᠶ ᠠᠷᠭ᠎ᠠ ᠬᠡᠮᠵᠢᠶ᠎ᠡ ᠠᠪᠴᠤ ᠪᠠᠶᠢᠭᠠᠳ ᠬᠡᠷᠡᠭᠯᠡᠬᠦ ᠴᠢᠳᠠᠮᠵᠢ ᠶᠢ ᠨᠢ ᠰᠡᠷᠭᠦᠭᠡᠬᠦ ᠬᠡᠷᠡᠭᠲᠡᠶ᠃ ᠦᠨᠡᠬᠡᠷ ᠵᠠᠰᠠᠨ ᠰᠡᠷᠭᠦᠭᠡᠵᠦ ᠥᠭᠡᠷᠡᠴᠢᠯᠡᠨ ᠠᠰᠢᠭᠯᠠᠬᠤ ᠶᠢᠨ ᠠᠷᠭ᠎ᠠ ᠥᠬᠡᠶ ᠪᠠᠶᠢᠪᠠᠯ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠡᠳ᠋ ᠬᠥᠷᠥᠩᠭᠡ ᠶᠢ ᠨᠢ ᠬᠠᠷᠭᠤᠭᠤᠯᠵᠤ ᠲᠠᠩᠰᠠᠨ ᠠᠴᠠ ᠲᠠᠶᠢᠯᠬᠤ ᠬᠡᠷᠡᠭᠲᠡᠶ᠃    4 . ᠬᠡᠷᠡᠭᠯᠡᠭᠡᠨ ᠠᠴᠠ ᠭᠠᠷᠭᠠᠬᠤ ᠶᠢ ᠰᠢᠢᠳᠪᠦᠷᠢᠯᠡᠬᠦ᠃ ᠬᠡᠪ ᠤᠨ ᠶᠣᠰᠣᠭᠠᠷ ᠬᠡᠷᠡᠭᠯᠡᠬᠦ ᠶᠢᠨ ᠠᠷᠭ᠎ᠠ ᠦᠭᠡᠶ ᠪᠤᠶᠤ ᠬᠡᠷᠡᠭᠯᠡᠬᠦ ᠤᠨ ᠵᠢᠯ ᠳᠤ ᠬᠦᠷᠦᠭᠰᠡᠨ ᠪᠠᠶᠢᠪᠠᠯ᠂ ᠮᠡᠷᠭᠡᠵᠢᠯ ᠤᠨ ᠬᠢᠨᠠᠨ ᠲᠣᠭᠲᠠᠭᠠᠯᠲᠠ ᠬᠢᠬᠦ ᠪᠤᠶᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠥᠮᠴᠢᠯᠡᠬᠦ ᠡᠷᠬᠡ ᠶᠢ ᠨᠢ ᠬᠢᠨᠠᠨ ᠬᠠᠰᠤᠬᠤ ᠬᠡᠷᠡᠭᠲᠡᠶ᠃ᠳᠥᠴᠢᠳᠦᠭᠡᠷ ᠵᠦᠢᠯ    ᠥᠮᠴᠢᠯᠡᠬᠦ ᠡᠷᠬᠡ ᠨᠢ ᠰᠢᠶᠠᠨ ᠪᠣᠯᠤᠨ ᠰᠢᠶᠠᠩ ᠪᠠᠯᠭᠠᠰᠤ ᠳᠤ ᠬᠦᠷᠦᠭᠰᠡᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠦᠨᠡᠨᠬᠦ ᠰᠢᠢᠳᠪᠦᠶᠢᠷᠯᠡᠬᠦ ᠴᠢᠬᠤᠯᠠ ᠲᠠᠢ ᠪᠣᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠲᠤᠰ ᠲᠤᠰ ᠵᠢᠭᠠᠨ ᠲᠣᠭᠲᠠᠭᠠᠭᠰᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠡᠴᠡ ᠨᠢ ᠰᠢᠢᠳᠪᠦᠷᠢᠯᠡᠬᠦ ᠭᠤᠶᠤᠴᠢᠯᠠᠯ ᠢᠶᠠᠨ ᠳᠤᠷᠠᠳᠴᠤ᠂ ᠡᠳ᠋ ᠤᠨ ᠵᠠᠰᠠᠭ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠨᠤᠲᠠᠯᠠᠯᠲᠠ ᠬᠢᠭᠰᠡᠨ ᠤ ᠳᠠᠷᠠᠭ᠎ᠠ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ ᠰᠢᠢᠳᠪᠦᠷᠢᠯᠡᠬᠦ ᠬᠡᠷᠡᠭᠲᠡᠶ᠃ ᠡᠳ᠋ ᠬᠥᠷᠥᠩᠭᠡ ᠶᠢ ᠰᠢᠢᠳᠪᠦᠷᠢᠯᠡᠵᠦ ᠣᠯᠤᠭᠰᠠᠨ ᠠᠰᠢᠭ ᠣᠷᠣᠯᠭ᠎ᠠ ᠶᠢ ᠳᠠᠬᠢᠨ ᠰᠢᠨ᠎ᠡ ᠪᠠᠷ ᠲᠣᠬᠢᠷᠠᠭᠤᠯᠵᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ‌ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠬᠦ ᠳᠤ ᠬᠡᠷᠡᠭᠯᠡᠨ᠎ᠡ᠂ ᠪᠠᠯᠠ ᠮᠥᠩᠭᠦ ᠶᠢ ᠰᠤᠯᠠ ᠲᠠᠯᠪᠢᠬᠤ ᠪᠠ ᠭᠡᠭᠡᠭᠳᠡᠭᠦᠯᠵᠦ ᠪᠣᠯᠬᠤ ᠥᠬᠡᠶ᠃    ᠳᠥᠴᠢᠨ ᠨᠢᠭᠡᠳᠦᠭᠡᠷ ᠵᠦᠢᠯ    ᠥᠮᠴᠢᠯᠡᠬᠦ ᠡᠷᠬᠡ ᠨᠢ ᠭᠠᠴᠠᠭ᠎ᠠ ᠲᠣᠰᠬᠤᠨ ᠳᠤ ᠬᠦᠷᠦᠭᠰᠡᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠦᠨᠡᠨᠬᠦ ᠰᠢᠢᠳᠪᠦᠶᠢᠯᠡᠬᠦ ᠴᠢᠬᠤᠯᠠᠲᠠᠶ ᠪᠠᠶᠢᠪᠠᠯ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠠᠴᠠ ᠰᠢᠢᠳᠪᠦᠶᠢᠯᠡᠬᠦ ᠲᠥᠰᠦᠯ ᠢᠶᠠᠨ ᠳᠤᠷᠠᠳᠴᠤ᠂ ᠠᠷᠠᠳᠴᠢᠯᠠᠯ ᠢᠶᠠᠷ ᠰᠢᠢᠳᠪᠦᠶᠢᠯᠡᠬᠦ ᠪᠣᠳᠣᠯᠭ᠎ᠠ ᠲᠣᠭᠲᠠᠭᠠᠬᠤ᠂ ᠢᠯᠡ ᠨᠡᠶᠢᠲᠡᠯᠡᠬᠦ᠂ ᠰᠤᠮᠤ ᠰᠢᠶᠠᠩ ᠪᠠᠯᠭᠠᠰᠤ ᠳᠤ ᠮᠡᠳᠡᠭᠦᠯᠵᠦ ᠬᠢᠨᠠᠨ ᠬᠠᠷᠭᠤᠭᠤᠯᠤᠭᠰᠠᠨ ᠤ ᠳᠠᠷᠠᠭ᠎ᠠ ᠰᠢᠢᠳᠪᠦᠷᠢᠯᠡᠨ᠎ᠡ᠃  ᠰᠢᠢᠳᠪᠦᠷᠢᠯᠡᠭᠰᠡᠨ ᠦᠷ᠎ᠡ ᠳ᠋ᠦᠩ ᠢᠶᠠᠨ ᠰᠢᠶᠠᠨ ᠤ ᠬᠤᠯᠪᠣᠭᠳᠠᠯ ᠪᠦᠬᠦᠢ ᠠᠵᠢᠯ ᠲᠥᠷᠥᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃ ᠣᠯᠵᠠᠪᠤᠷᠢ ᠶᠢᠨ ᠰᠢᠢᠳᠪᠦᠷᠢᠯᠡᠯᠳᠡ ᠶᠢ ᠳᠠᠬᠢᠨ ᠰᠢᠨ᠎ᠡ ᠪᠠᠷ ᠲᠣᠬᠢᠷᠠᠭᠤᠯᠵᠤ ᠲᠣᠰ ᠭᠠᠴᠠᠭ᠎ᠠ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠬᠦ ᠳᠤ ᠬᠡᠷᠡᠭᠯᠡᠨ᠎ᠡ᠃    ᠳᠥᠴᠢᠨ ᠬᠤᠶᠠᠳᠤᠭᠠᠷ ᠵᠦᠢᠯ    ᠡᠷᠦᠬᠡ ᠳᠤ ᠬᠦᠷᠦᠭᠦᠯᠬᠦ ᠲᠥᠷᠥᠯ ᠤᠨ ᠡᠳ᠋ ᠬᠥᠷᠦᠩᠭᠡ ᠳᠤ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠠᠴᠠ ᠬᠠᠷᠢᠭᠤᠴᠠᠨ ᠬᠢᠨᠠᠯᠲᠠ ᠲᠠᠯᠪᠢᠵᠤ᠂ ᠮᠠᠯᠵᠢᠬᠤ ᠲᠠᠷᠢᠶᠠᠯᠠᠬᠤ ᠡᠷᠦᠬᠡ ᠠᠴᠠ  ᠰᠢᠢᠳᠪᠦᠷᠢᠯᠡᠬᠦ ᠠᠷᠭ᠎ᠠ ᠮᠠᠶ᠋ᠢᠭ ᠢ ᠥᠪᠡᠰᠦᠪᠡᠨ ᠲᠣᠭᠲᠠᠭᠠᠨ᠎ᠠ᠂ ᠭᠡᠪᠡᠴᠦ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃    ᠳᠥᠴᠢᠨ ᠭᠤᠷᠪᠠᠳᠤᠭᠠᠷ ᠵᠦᠢᠯ    ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠵᠦ ᠪᠣᠶ ᠪᠣᠯᠤᠭᠰᠠᠨ ᠲᠣᠭᠲᠠᠮᠠᠯ ᠬᠥᠷᠥᠩᠭᠡ ᠶᠢ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ‌‍ᠰᠢᠢᠳᠪᠦᠶᠢᠯᠡᠬᠦ ᠬᠡᠷᠡᠭᠲᠡᠶ᠂ ᠳᠤᠷ᠎ᠠ ᠪᠠᠷ ᠢᠶᠠᠨ  ᠰᠢᠢᠳᠪᠦᠷᠢᠯᠡᠵᠦ ᠪᠣᠯᠬᠤ ᠦᠭᠡᠶ᠃    ᠳᠥᠴᠢᠨ ᠳᠥᠷᠪᠡᠳᠦᠭᠡᠷ ᠵᠦᠢᠯ    ᠡᠳ᠋ ᠬᠥᠷᠦᠩᠭᠡ ᠶᠢ ᠰᠢᠢᠳᠪᠦᠶᠢᠯᠡᠬᠦ ᠶᠠᠪᠤᠴᠠ ᠳᠤ᠂ ᠵᠥᠪᠰᠢᠶᠡᠷᠡᠭᠦᠯᠦᠭᠡᠳᠦᠶ ᠪᠠᠷ ᠳᠤᠷ᠎ᠠ ᠪᠠᠷ ᠢᠶᠠᠨ ᠰᠢᠢᠳᠪᠦᠶᠢᠯᠡᠬᠦ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠦᠢᠯᠡᠳᠦᠭᠰᠡᠨ᠂ ᠡᠳ᠋ ᠬᠥᠷᠦᠩᠭᠡ ᠳᠤ ᠵᠣᠷᠢᠭᠤᠳᠠ ᠬᠤᠬᠢᠷᠠᠯ ᠤᠴᠠᠷᠠᠭᠤᠯᠤᠭᠰᠠᠨ ᠢ ᠣᠯᠵᠤ ᠮᠡᠳᠡᠪᠡᠯ᠂ ᠨᠢᠭᠡᠨᠲᠡ ᠰᠢᠢᠳᠪᠦᠶᠢᠯᠡᠬᠦ ᠵᠥᠪᠰᠢᠶᠡᠷᠡᠯ ᠣᠯᠤᠭᠰᠠᠨ ᠡᠳ᠋ ᠬᠥᠷᠦᠩᠭᠡ ᠶᠢ ᠰᠢᠢᠳᠪᠦᠷᠢᠯᠡᠭᠰᠡᠨ ᠦᠭᠡᠢ᠂ ᠦᠷᠭᠦᠯᠵᠢᠯᠡᠨ ᠦᠯᠡᠳᠡᠭᠡᠨ ᠬᠡᠷᠡᠭᠯᠡᠭᠰᠡᠨ᠂ ᠡᠳ᠋ ᠬᠥᠷᠦᠩᠭᠡ ᠶᠢ ᠨᠢᠭᠤᠵᠤ ᠳᠠᠷᠤᠭᠰᠠᠨ᠂ ᠦᠯᠡᠳᠡᠭᠡᠨ ᠠᠪᠤᠭᠰᠠᠨ᠂ ᠰᠢᠬᠠᠨ ᠡᠵᠡᠯᠡᠭᠰᠡᠨ᠂ ᠰᠢᠭᠤᠳ ᠵᠠᠷᠤᠭᠰᠠᠨ ᠪᠠ ᠨᠡᠭᠦᠯᠭᠡᠨ ᠬᠡᠷᠡᠭᠯᠡᠭᠰᠡᠨ ᠣᠷᠣᠯᠭ᠎ᠠ ᠵᠢᠴᠢ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠡᠳ᠋ ᠬᠥᠷᠦᠩᠭᠡ ᠶᠢ ᠰᠢᠢᠳᠪᠦᠷᠢᠯᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠡᠬᠡᠮᠵᠢᠯᠡᠨ᠎ᠡ᠃     ᠶᠢᠰᠦᠳᠦᠭᠡᠷ ᠪᠦᠯᠦᠭ      ᠬᠠᠷᠢᠭᠤᠴᠠᠯᠭ᠎ᠠ ᠶᠢᠨ ᠬᠤᠪᠢᠶᠠᠷᠢᠯᠠᠯ    ᠳᠥᠴᠢᠨ ᠲᠠᠪᠤᠳᠤᠭᠠᠷ ᠵᠦᠢᠯ   ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ᠂ ᠭᠠᠴᠠᠭ᠎ᠠ ᠲᠣᠰᠬᠤᠨ ᠨᠤᠭᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ᠂ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ ᠴᠢᠩᠭᠠᠳᠬᠠᠨ᠂ ᠨᠢᠭᠲᠠ ᠬᠠᠮᠵᠢᠯᠴᠠᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠲᠦᠯᠬᠢᠨ ᠠᠬᠢᠭᠤᠯᠬᠤ ᠬᠡᠷᠡᠭᠲᠡᠶ᠃    ᠳᠥᠴᠢᠨ ᠵᠢᠷᠭᠤᠳᠤᠭᠠᠷ ᠵᠦᠢᠯ   ᠰᠢᠶᠠᠨ ᠤ ᠠᠷᠠᠳ ᠤᠨ ᠵᠠᠰᠠᠭ ᠤᠨ ᠣᠷᠳᠣᠨ ᠨᠢ ᠲᠤᠰ ᠰᠢᠶᠠᠨ ᠤ ᠬᠡᠪᠴᠢᠶᠡᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠭᠡᠨ᠎ᠡ᠂ ᠭᠤᠤᠯ ᠤᠳᠤᠷᠢᠳᠤᠯᠭ᠎ᠠ ᠨᠢ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠬᠤ ᠪᠥᠭᠡᠳ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ᠂ ᠠᠵᠢᠯ ᠤᠨ ᠨᠠᠶᠢᠳᠠᠪᠤᠷᠢᠵᠢᠭᠤᠯᠤᠯᠲᠠ᠂ ᠴᠢᠬᠤᠯᠠ ᠶᠡᠭᠡ ᠠᠰᠠᠭᠤᠳᠠᠯ ᠤᠨ ᠰᠢᠢᠳᠪᠦᠷᠢᠳᠦ ᠪᠣᠳᠣᠯᠭ᠎ᠠ ᠵᠡᠷᠭᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠶᠢ ᠬᠠᠷᠢᠭᠤᠴᠠᠨ᠎ᠠ᠃    ᠳᠥᠴᠢᠨ ᠳᠣᠯᠣᠳᠤᠭᠠᠷ ᠵᠦᠢᠯ   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠨᠢ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠰᠠᠨᠠᠯ ᠰᠠᠨᠠᠭᠤᠯᠭ᠎ᠠ ᠬᠠᠩᠭᠠᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ᠂ ᠡᠷᠬᠡ ᠶᠢ ᠲᠣᠳᠣᠷᠬᠠᠶᠢᠯᠠᠨ ᠰᠢᠯᠵᠢᠭᠦᠯᠦᠨ ᠲᠤᠰᠢᠶᠠᠬᠤ᠂ ᠡᠬᠡ ᠲᠠᠩᠰᠠ ᠪᠠᠶᠢᠭᠤᠯᠬᠤ᠂ ᠬᠠᠮᠢᠶᠠᠷᠤᠨ ᠬᠠᠮᠠᠭᠠᠯᠠᠵᠤ ᠡᠵᠡᠩᠨᠡᠬᠦ᠂ ᠠᠰᠢᠭ ᠣᠷᠣᠯᠭ᠎ᠠ ᠶᠢ ᠬᠤᠪᠢᠶᠠᠷᠢᠯᠠᠬᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠡᠳ᠋ ᠬᠥᠷᠥᠩᠭᠡ ᠶᠢ ᠰᠢᠢᠳᠪᠦᠶᠢᠯᠡᠬᠦ ᠵᠡᠷᠭᠡ ᠵᠠᠯᠭᠠᠮᠵᠢ ᠬᠠᠮᠢᠶᠠᠷᠤᠯᠲᠠ ᠶᠢᠨ ᠠᠵᠢᠯ ᠢ ᠵᠣᠬᠢᠴᠠᠭᠤᠯᠤᠨ ᠰᠠᠶᠢᠲᠤᠷ ᠬᠢᠨ᠎ᠠ᠃    ᠳᠥᠴᠢᠨ ᠨᠠᠶ᠋ᠮᠠᠳᠤᠭᠠᠷ ᠵᠦᠢᠯ    ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠡᠷᠬᠡ ᠶᠢ ᠨᠤᠲᠠᠯᠠᠨ ᠭᠠᠴᠠᠭ᠎ᠠ ᠲᠣᠰᠬᠤᠨ ᠳᠤ ᠬᠦᠷᠭᠡᠭᠰᠡᠨ ᠶᠠᠳᠠᠭᠤ ᠶᠢ ᠲᠡᠳᠬᠦᠬᠦ ᠲᠥᠷᠥᠯ ᠵᠦᠶ᠋ᠯ ᠤᠨ ᠡᠳ᠋ ᠬᠥᠷᠥᠩᠭᠡ ᠶᠢ ᠲᠠᠷᠢᠶᠠᠯᠠᠬᠤ ᠮᠠᠯᠵᠢᠬᠤ ᠣᠷᠣᠨ ᠤ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠰᠢᠰᠲ᠋ᠧᠮᠵᠢ ᠳᠤ ᠣᠷᠣᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠶᠢ ᠵᠢᠯᠣᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃    ᠳᠥᠴᠢ ᠶᠢᠰᠦᠳᠦᠭᠡᠷ ᠵᠦᠢᠯ   ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠥᠩᠭᠡᠷᠡᠭᠰᠡᠨ ᠵᠢᠯ ᠤᠳ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠶᠢ ᠡᠮᠬᠢᠯᠡᠨ ᠪᠦᠷᠢᠳᠬᠡᠬᠦ ᠶᠢ ᠬᠠᠷᠢᠭᠤᠴᠠᠵᠤ᠂ ᠰᠢᠶᠠᠨ ᠰᠢᠶᠠᠩ ᠤᠨ ᠱᠠᠲᠤᠨ ᠤ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠤᠷᠢᠶᠠᠵᠤ ᠲᠤᠰᠢᠶᠠᠯᠭᠠᠬᠤ ᠠᠵᠢᠯ ᠢ ᠬᠠᠮᠵᠢᠨ ᠰᠠᠶᠢᠲᠤᠷ ᠬᠢᠵᠦ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠠᠮᠵᠢᠯᠲᠠ ᠪᠦᠲᠦᠮᠵᠢ ᠶᠢ ᠡᠮᠬᠢ ᠵᠢᠷᠤᠮ ᠲᠠᠢ ᠪᠠᠷ ᠰᠢᠯᠭᠠᠨ ᠬᠢᠨᠠᠵᠤ᠂ ᠤᠯᠤᠰ ᠤᠨ ᠥᠮᠴᠢᠯᠡᠯᠲᠦ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠶ ᠳᠤ ᠣᠷᠣᠭᠤᠯᠬᠤ ᠵᠡᠷᠭᠡ ᠪᠣᠯᠤᠨ᠎ᠠ᠃    ᠲᠠᠪᠢᠳᠤᠭᠠᠷ ᠵᠦᠢᠯ      ᠪᠤᠰᠤᠳ ᠬᠠᠮᠢᠶ᠎ᠠ ᠪᠦᠬᠦᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠢᠯ ᠲᠥᠷᠥᠯ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠲᠤᠰ ᠰᠠᠯᠠᠭ᠎ᠠ ᠮᠥᠴᠢᠷ ᠤᠨ ᠭᠤᠤᠯᠴᠢᠯᠠᠨ ᠬᠠᠮᠢᠶᠠᠷᠴᠤ ᠪᠠᠶᠢᠭ᠎ᠠ ᠰᠢᠶᠠᠨ ᠤ ᠱᠠᠲᠤᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠡᠵᠡᠩᠨᠡᠬᠦ᠂ ᠬᠠᠮᠢᠶᠠᠷᠬᠤ ᠪᠠ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠬᠤ ᠶᠢᠨ ᠬᠠᠮᠲᠤ᠂ ᠲᠤᠰ ᠰᠠᠯᠠᠭ᠎ᠠ ᠮᠥᠴᠢᠷ ᠤᠨ ᠭᠤᠤᠯᠴᠢᠯᠠᠨ ᠬᠠᠮᠢᠶᠠᠷᠴᠤ ᠪᠠᠶᠢᠭ᠎ᠠ ᠪᠤᠰᠤᠳ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠳᠤ ᠬᠢᠨᠠᠯᠲᠠ ᠲᠠᠯᠪᠢᠵᠤ ᠵᠢᠯᠣᠭᠤᠳᠬᠤ ᠠᠵᠢᠯ ᠢ ᠡᠭᠦᠷᠭᠡᠯᠡᠨ᠎ᠡ᠃    ᠲᠠᠪᠢᠨ ᠨᠢᠭᠡᠳᠦᠭᠡᠷ ᠵᠦᠢᠯ     ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯ ᠰᠢᠶᠠᠩ ᠪᠠᠯᠭᠠᠰᠤ ᠬᠤᠶᠠᠷ ᠱᠠᠲᠤᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠢᠭᠤᠳ ᠭᠤᠤᠯ ᠴᠣᠭᠴᠠ ᠪᠣᠯᠬᠤ ᠪᠥᠭᠡᠳ ᠭᠤᠤᠯ ᠤᠳᠤᠷᠢᠳᠤᠯᠭ᠎ᠠ ᠨᠢ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠪᠣᠯᠬᠤ ᠲᠤᠯᠠ᠂ ᠡᠳ᠋ ᠬᠥᠷᠥᠩᠭᠡ ᠪᠠᠨ ᠪᠠᠶᠢᠴᠠᠭᠠᠨ ᠬᠠᠷᠭᠤᠭᠤᠯᠬᠤ᠂ ᠡᠷᠬᠡ ᠶᠢ ᠲᠣᠳᠣᠷᠬᠠᠶᠢᠯᠠᠨ ᠰᠢᠯᠵᠢᠭᠦᠯᠦᠨ ᠲᠤᠰᠢᠶᠠᠬᠤ᠂ ᠡᠬᠡ ᠳᠠᠩᠰᠠ ᠪᠠᠶᠢᠭᠤᠯᠬᠤ᠂ ᠬᠠᠮᠢᠶᠠᠷᠴᠤ ᠬᠠᠮᠠᠭᠠᠯᠠᠨ ᠡᠵᠡᠩᠨᠡᠬᠦ᠂ ᠠᠰᠢᠭ ᠣᠷᠣᠯᠭ᠎ᠠ ᠶᠢ ᠬᠤᠪᠢᠶᠠᠷᠢᠯᠠᠬᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠡᠳ᠋ ᠬᠥᠷᠥᠩᠭᠡ ᠶᠢ ᠰᠢᠢᠳᠪᠦᠶᠢᠯᠡᠬᠦ ᠵᠡᠷᠭᠡ ᠶᠢ ᠪᠠᠭᠲᠠᠭᠠᠭᠰᠠᠨ ᠲᠤᠰ ᠣᠷᠣᠨ ᠤ ᠳᠣᠲᠣᠷᠠᠬᠢ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠵᠦ᠂ ᠣᠷᠣᠨ ᠪᠦᠰᠡ ᠶᠢᠨ ᠳᠣᠲᠣᠷᠠᠬᠢ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠡᠵᠡᠩᠨᠡᠯᠲᠡ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃    ᠲᠠᠪᠢᠨ ᠬᠤᠶᠠᠳᠤᠭᠠᠷ ᠵᠦᠢᠯ    ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠨᠢ ᠡᠷᠬᠡ ᠶᠢ ᠲᠣᠳᠣᠷᠬᠠᠶᠢᠯᠠᠨ ᠲᠤᠰ ᠭᠠᠴᠠᠭ᠎ᠠ ᠲᠣᠰᠬᠤᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠪᠠᠶᠢᠴᠠᠭᠠᠨ ᠬᠠᠷᠭᠤᠭᠤᠯᠬᠤ᠂ ᠡᠬᠡ ᠳᠠᠩᠰᠠ ᠪᠠᠶᠢᠭᠤᠯᠬᠤ᠂ ᠬᠠᠮᠢᠶᠠᠷᠴᠤ ᠬᠠᠮᠠᠭᠠᠯᠠᠨ ᠡᠵᠡᠩᠨᠡᠬᠦ᠂ ᠠᠰᠢᠭ ᠣᠷᠣᠯᠭ᠎ᠠ ᠶᠢ ᠬᠤᠪᠢᠶᠠᠷᠢᠯᠠᠬᠤ᠂ ᠡᠳ᠋ ᠬᠥᠷᠥᠩᠭᠡ ᠶᠢ ᠰᠢᠢᠳᠪᠦᠶᠢᠯᠡᠬᠦ ᠵᠡᠷᠭᠡ ᠠᠵᠢᠯ ᠢ ᠬᠠᠷᠢᠭᠤᠴᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠷᠦᠬᠡ ᠳᠤ ᠬᠦᠷᠦᠭᠰᠡᠨ ᠲᠥᠷᠥᠯ ᠤᠨ ᠡᠳ᠋ ᠬᠥᠷᠥᠩᠭᠡ ᠳᠤ ᠵᠢᠯᠣᠭᠤᠳᠴᠤ ᠦᠢᠯᠡᠴᠢᠯᠡᠬᠦ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃    ᠠᠷᠪᠠᠳᠤᠭᠠᠷ ᠪᠦᠯᠦᠭ       ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ    ᠲᠠᠪᠢᠨ ᠭᠤᠷᠪᠠᠳᠤᠭᠠᠷ ᠵᠦᠢᠯ     ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠪᠠᠬᠢᠵᠢᠭᠦᠯᠦᠨ᠎ᠡ᠃ ᠰᠢᠶᠠᠨ ᠤ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠬᠢᠨ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠪᠣᠳᠠᠲᠠᠶ ᠶᠢ ᠡᠷᠬᠢᠮᠯᠡᠭᠰᠡᠨ᠂ ᠲᠤᠰᠠᠲᠠᠶ᠂ ᠬᠡᠷᠡᠭᠵᠢᠭᠦᠯᠬᠦ ᠴᠢᠨᠠᠷ ᠢᠶᠠᠷ ᠴᠢᠩᠭ᠎ᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠵᠢᠷᠤᠮᠵᠢᠭᠤᠯᠤᠨ ᠬᠠᠮᠢᠶᠠᠷᠬᠤ ᠡᠭᠦᠷᠭᠡ ᠶᠢ ᠵᠦᠢᠯ ᠳᠠᠷᠠᠭᠠᠯᠠᠨ ᠨᠠᠶᠢᠳᠠᠪᠤᠷᠢᠵᠢᠭᠤᠯᠵᠤ᠂ ᠳᠠᠬᠢᠨ ᠪᠠᠶᠢᠭᠤᠯᠵᠤ ᠬᠠᠮᠢᠶᠠᠷᠬᠤ ᠶᠢ ᠬᠥᠩᠭᠡᠪᠴᠢᠯᠡᠬᠦ ᠠᠰᠠᠭᠤᠳᠠᠯ ᠢ ᠦᠨᠡᠨ ᠬᠦ ᠰᠢᠢᠳᠪᠦᠶᠢᠯᠡᠬᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠥᠮᠴᠢᠯᠡᠬᠦ ᠡᠷᠬᠡ ᠨᠢ ᠲᠣᠳᠣᠷᠬᠠᠶ᠂ ᠬᠠᠮᠢᠶᠠᠷᠤᠯᠲᠠ ᠨᠢ ᠵᠢᠷᠤᠮᠵᠢᠯ ᠲᠠᠢ᠂ ᠣᠷᠳᠣ ᠬᠤᠭᠤᠴᠠᠭ᠎ᠠ ᠪᠠᠷ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃    ᠲᠠᠪᠢᠨ ᠳᠥᠷᠪᠡᠳᠦᠭᠡᠷ ᠵᠦᠢᠯ    ᠬᠠᠮᠵᠢᠯᠴᠠᠭ᠎ᠠ ᠪᠠᠨ ᠴᠢᠩᠬᠠᠳᠬᠠᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠬᠡᠷᠡᠭᠲᠡᠶ᠃ ᠰᠢᠶᠠᠨ ᠤ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ᠂ ᠭᠠᠴᠠᠭ᠎ᠠ ᠲᠣᠰᠬᠤᠨ ᠨᠢ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠷᠬᠡ ᠶᠢ ᠨᠤᠲᠠᠯᠠᠨ ᠲᠣᠭᠲᠠᠭᠠᠵᠤ ᠰᠢᠯᠵᠢᠭᠦᠯᠦᠨ ᠲᠤᠰᠢᠶᠠᠬᠤ ᠪᠠ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠠᠮᠵᠢᠯᠴᠠᠭ᠎ᠠ ᠪᠠᠨ ᠴᠢᠩᠭᠠᠳᠬᠠᠨ᠂ ᠠᠵᠢᠯ ᠤᠨ ᠪᠠᠷᠢᠮᠵᠢᠶ᠎ᠠ ᠶᠢ ᠣᠨᠣᠪᠴᠢᠲᠠᠶ ᠡᠵᠡᠮᠰᠢᠵᠦ᠂ ᠲᠤᠭ᠎ᠠ ᠪᠠᠷᠢᠮᠲᠠ ᠨᠢ ᠲᠦᠢᠯ ᠤᠨ ᠣᠨᠣᠪᠴᠢᠲᠠᠶ᠂ ᠪᠠᠶᠢᠳᠠᠯ ᠨᠢ ᠦᠨᠡᠨ ᠪᠣᠳᠠᠲᠠᠶ ᠪᠠᠶᠢᠬᠤ ᠶᠢ ᠪᠡᠶᠡᠯᠡᠭᠦᠯᠬᠦ ᠬᠡᠷᠡᠭᠲᠡᠶ︔ ᠬᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠨ᠂ ᠢᠳᠡᠪᠬᠢᠲᠡᠶ ᠬᠠᠮᠵᠢᠯᠴᠠᠵᠤ᠂ ᠲᠣᠬᠢᠷᠠᠭᠤᠯᠤᠨ ᠪᠠᠶᠢᠷᠢᠯᠠᠭᠤᠯᠬᠤ᠂ ᠵᠣᠬᠢᠶᠠᠨ ᠪᠠᠶᠢᠭᠤᠯᠤᠨ ᠠᠬᠢᠭᠤᠯᠬᠤ ᠪᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠬᠢᠵᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃    ᠲᠠᠪᠢᠨ ᠲᠠᠪᠤᠳᠤᠭᠠᠷ ᠵᠦᠢᠯ     ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠵᠤ᠂ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ᠂ ᠭᠠᠴᠠᠭ᠎ᠠ ᠲᠣᠰᠬᠤᠨ ᠨᠤᠭᠤᠳ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠦᠨ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠬᠤ᠂ ᠳᠤᠮᠳᠠ ᠠᠴᠠ ᠨᠢ ᠲᠠᠰᠤᠳᠠᠨ ᠦᠯᠡᠳᠡᠭᠡᠵᠦ ᠳᠠᠯᠳᠠᠭᠤᠷ ᠬᠤᠪᠢᠶᠠᠬᠤ᠂ ᠱᠠᠮᠰᠢᠵᠤ ᠨᠡᠭᠦᠯᠭᠡᠨ ᠬᠡᠷᠡᠭᠯᠡᠬᠦ᠂ ᠡᠵᠡᠯᠡᠵᠦ ᠮᠡᠬᠡᠯᠡᠨ ᠠᠪᠬᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠬᠠᠤᠯᠢ ᠪᠤᠰᠤ ᠪᠠᠷ ᠡᠵᠡᠯᠡᠵᠦ ᠬᠡᠷᠡᠭᠯᠡᠬᠦ ᠪᠤᠶᠤ ᠰᠢᠢᠳᠪᠦᠶᠢᠯᠡᠬᠦ ᠵᠡᠷᠭᠡ ᠬᠠᠤᠯᠢ ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠭᠠᠷᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃    ᠠᠷᠪᠠᠨ ᠨᠢᠭᠡᠳᠦᠭᠡᠷ ᠪᠦᠯᠦᠭ      ᠳᠠᠭᠠᠯᠳᠤᠭᠤᠯᠤᠭᠰᠠᠨ ᠳᠦᠷᠢᠮ    ᠲᠠᠪᠢᠨ ᠵᠢᠷᠭᠤᠳᠤᠭᠠᠷ ᠵᠦᠢᠯ   ᠲᠤᠰ ᠨᠠᠷᠢᠨ ᠲᠦᠷᠢᠮ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠵᠡᠷᠭᠡ ᠨᠢ ᠡᠭᠦᠷᠭᠡ ᠴᠢᠳᠠᠪᠬᠢ ᠪᠠᠨ ᠦᠨᠳᠦᠰᠦᠯᠡᠨ ᠬᠠᠷᠢᠭᠤᠴᠠᠨ ᠲᠠᠶᠢᠯᠪᠤᠷᠢᠯᠠᠨ᠎ᠠ᠂ ᠭᠦᠢᠴᠡᠳᠭᠡᠭᠡᠳᠦᠢ ᠵᠦᠢᠯᠡᠰ ᠢ ᠬᠠᠮᠢᠶ᠎ᠠ ᠪᠦᠬᠦᠶ ᠬᠠᠤᠯᠢ ᠴᠠᠭᠠᠵᠠ ᠪᠠ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠨᠡᠶᠢᠲᠡᠯᠡᠭᠰᠡᠨ ᠬᠤᠯᠪᠣᠭᠳᠠᠯ ᠪᠦᠬᠦᠶ ᠲᠦᠷᠦ ᠶᠢᠨ ᠪᠤᠳᠤᠯᠭ᠎ᠠ ᠶᠣᠰᠣᠭᠠᠷ ᠬᠡᠷᠡᠭᠵᠢᠭᠦᠯᠲᠦᠭᠡᠶ᠃    ᠲᠠᠪᠢᠨ ᠳᠣᠯᠣᠳᠤᠭᠠᠷ  ᠵᠦᠢᠯ   ᠲᠤᠰ ᠨᠠᠷᠢᠨ ᠳᠦᠷᠢᠮ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃                                                                                                                           ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2