ᠱᠠᠩᠳᠤ ᠰᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/12
   2 ᠰᠠᠷ᠎ᠠ ᠶᠢᠨ 9 ᠤ ᠡᠳᠦᠷ᠂ ᠮᠠᠨ ᠤ ᠰᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠧᠶ ᠸᠧᠶ ᠬᠤᠷᠠᠯ ᠡᠷᠭᠢᠯᠡᠪᠡ᠃ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠬᠤᠯᠪᠣᠭᠳᠠᠯ ᠪᠦᠬᠦᠢ ᠰᠠᠯᠠᠭ᠎ᠠ ᠲᠣᠪᠴᠢᠶ᠎ᠠ ᠵᠢᠴᠢ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
   ᠬᠤᠷᠠᠯ ᠳᠡᠭᠡᠷ᠎ᠡ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠡᠨᠡ ᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠰᠠᠨᠠᠯ ᠢᠶᠠᠨ ᠢᠯᠡᠳᠬᠡᠪᠡ᠃    ᠸᠧᠶ ᠸᠧᠶ ᠬᠤᠷᠠᠯ ᠳᠡᠭᠡᠷ᠎ᠡ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠵᠤ ᠪᠣᠯᠬᠤ ᠥᠬᠡᠶ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠴᠠ ᠶᠢ ᠣᠷᠳᠣ ᠬᠤᠭᠤᠴᠠᠭ᠎ᠠ ᠪᠠᠷ ᠪᠠᠲᠤᠯᠠᠬᠤ ᠬᠡᠷᠡᠭᠲᠡᠶ︔ ᠣᠯᠠᠨ ᠲᠦᠮᠡᠨ ᠳᠤ ᠵᠣᠬᠢᠬᠤ ᠬᠡᠮᠵᠢᠶᠡᠨ ᠤ ᠪᠦᠲᠦᠮᠵᠢᠲᠡᠶ ᠤᠬᠠᠭᠤᠯᠭ᠎ᠠ ᠬᠢᠬᠦ ᠬᠡᠷᠡᠭᠲᠡᠶ︔ ᠡᠯ᠎ᠡ ᠰᠢᠶᠠᠩ ᠪᠠᠯᠭᠠᠰᠤ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠦᠯ ᠤᠨ ᠪᠣᠳᠠᠲᠠᠶ ᠬᠡᠷᠡᠭᠵᠢᠭᠦᠯᠭᠡᠲᠦ ᠴᠢᠨᠠᠷ ᠢ ᠴᠢᠬᠤᠯᠠᠴᠢᠯᠠᠵᠤ᠂ ᠠᠵᠢᠯ ᠤᠨ ᠵᠠᠩᠭᠢᠯᠠᠭ᠎ᠠ ᠪᠣᠯᠤᠨ ᠠᠵᠢᠯ ᠤᠨ ᠴᠤᠪᠤᠷᠠᠯ ᠢᠶᠠᠨ ᠨᠠᠷᠢᠯᠢᠭᠵᠢᠭᠤᠯᠵᠤ᠂ ᠬᠢᠵᠢᠭ ᠰᠡᠷᠭᠡᠶᠢᠯᠡᠬᠦ ᠠᠵᠢᠯ ᠤᠨ ᠡᠮᠬᠢ ᠵᠠᠮᠪᠠᠷᠠᠭ᠎ᠠ ᠲᠠᠢ ᠪᠠᠶᠢᠬᠤ ᠶᠢ ᠠᠬᠢᠭᠤᠯᠬᠤ ᠬᠡᠷᠡᠭᠲᠡᠶ︔ ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠶ︔ ᠡᠯ᠎ᠡ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠵᠢᠯ ᠤᠨ ᠪᠠᠶᠢᠷᠢ ᠳᠠᠭᠠᠨ ᠪᠤᠴᠠᠭᠰᠠᠨ ᠬᠥᠮᠦᠰ ᠤᠨ ᠬᠤᠷᠢᠶᠠᠩᠭᠤᠶᠢᠯᠠᠯ ᠢ ᠨᠠᠷᠢᠨ ᠨᠢᠮᠪᠠᠶ ᠪᠥᠬᠦ ᠲᠠᠯ᠎ᠠ ᠪᠠᠷ ᠬᠢᠵᠦ᠂ ᠢᠯᠠᠩᠭᠤᠶ᠎ᠠ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠤ ᠠᠵᠢᠯ ᠤᠨ ᠪᠠᠶᠢᠷᠢ ᠳᠠᠭᠠᠨ ᠪᠤᠴᠠᠭᠰᠠᠨ ᠬᠥᠮᠦᠰ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃                                                        ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2