︽ᠱᠠᠩᠳᠤ ᠰᠢᠶᠠᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/2/12
  ᠨᠢᠭᠡ᠂ ︽ᠬᠡᠷᠡᠭᠵᠢᠭᠦᠯᠬᠦ ᠨᠠᠷᠢᠨ ᠲᠦᠷᠢᠮ︾ ᠢ ᠨᠡᠶᠢᠲᠡᠯᠡᠭᠰᠡᠨ ᠠᠬᠤᠶ ᠪᠠᠶᠢᠳᠠᠯ᠃   ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠵᠢᠴᠢ ᠮᠠᠨ ᠤ ᠰᠢᠶᠠᠨ ᠶᠠᠳᠠᠭᠤ ᠶᠢ ᠲᠡᠳᠬᠦᠬᠦ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠶᠡᠭᠡ ᠬᠡᠮᠵᠢᠶᠡᠨ ᠤ ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ ᠨᠡᠯᠢᠶᠡᠳ ᠶᠡᠭᠡ ᠬᠡᠪᠴᠢᠶᠡᠨ ᠤ ᠡᠳ᠋ ᠬᠥᠷᠥᠩᠭᠡ ᠶᠢ ᠪᠦᠷᠢᠯᠳᠦᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠲᠦᠢᠯ ᠤᠨ ᠶᠡᠭᠡ ᠪᠠᠷ ᠰᠠᠶᠢᠵᠢᠷᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠶᠠᠳᠠᠭᠤ ᠠᠴᠠ ᠠᠩᠭᠢᠵᠢᠷᠠᠨ ᠣᠷᠣᠯᠭ᠎ᠠ ᠪᠠᠨ ᠨᠡᠮᠡᠭᠳᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠴᠢᠬᠤᠯᠠ ᠰᠠᠭᠤᠷᠢ ᠶᠢ ᠲᠠᠯᠪᠢᠵᠤ ᠥᠭᠴᠡᠶ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠶᠢᠨ ᠲᠥᠯᠥᠭᠡ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠦᠨᠡᠨ ᠬᠦ ᠪᠠᠲᠤᠯᠠᠨ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠤᠨ᠎ᠠ᠂ ︽ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠲᠥᠪ ᠤᠨ ᠬᠥᠳᠡᠭᠡ ᠲᠣᠰᠬᠤᠨ ᠤ ᠠᠵᠢᠯ ᠤᠨ ᠠᠯᠪᠠᠨ ᠬᠡᠷ ᠡᠳ᠋ ᠤᠨ ᠵᠠᠰᠠᠭ ᠤᠨ ᠶᠠᠮᠤᠨ ᠤ ᠵᠢᠯᠣᠭᠤᠳᠬᠤ ᠰᠠᠨᠠᠯ ᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠤᠯᠠᠮᠵᠢᠯᠠᠨ ᠶᠠᠪᠤᠭᠤᠯᠬᠤ ᠮᠡᠳᠡᠭᠳᠡᠯ︾ ︵ᠲᠥᠷᠥ ᠠᠯᠪᠠᠨ ᠵᠠᠬᠢᠳᠠᠯ 202151 ᠳ᠋ᠤᠭᠡᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠠᠯᠪᠠᠨ ᠲᠠᠷᠬᠠᠭᠠᠭᠰᠠᠨ 202164 ᠳ᠋ᠤᠭᠡᠷ ᠲᠣᠭᠠᠲᠤ︶ ᠵᠢᠴᠢ ᠤᠯᠠᠭᠠᠨᠴᠠᠪ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠳᠠᠷᠤᠮᠠᠯᠯᠠᠨ ᠲᠠᠷᠬᠠᠭᠠᠭᠰᠠᠨ ︽ᠤᠯᠠᠭᠠᠨᠴᠠᠪ ᠬᠤᠲᠠ ᠶᠢᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠤᠯᠠᠭᠠᠨᠴᠠᠪ ᠨᠠᠮ ᠤᠨ ᠲᠠᠷᠢᠶᠠᠯᠠᠩ ᠮᠠᠯ ᠠᠵᠤ ᠠᠬᠤᠶ ᠶᠢᠨ ᠳᠤᠭᠤᠶᠢᠯᠠᠩ ᠲᠠᠷᠬᠠᠭᠠᠭᠰᠠᠨ 20218 ᠳ᠋ᠤᠭᠠᠷ ᠲᠣᠭᠠᠲᠤ︶ ᠱᠠᠩᠳᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠨᠠᠮ ᠤᠨ ᠬᠤᠷᠢᠶᠠᠨ ᠤ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ ︽ᠱᠠᠩᠳᠤ ᠰᠢᠶᠠᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠢ ᠰᠤᠳᠤᠯᠤᠨ ᠲᠣᠭᠲᠠᠭᠠᠪᠠ᠃    ᠬᠤᠶᠠᠷ᠂ ︽ᠬᠡᠷᠡᠭᠵᠢᠭᠦᠯᠬᠦ ᠨᠠᠷᠢᠨ ᠲᠦᠷᠢᠮ︾ ᠤᠨ ᠭᠤᠤᠯ ᠠᠭᠤᠯᠭ᠎ᠠ    ︽ᠱᠠᠩᠳᠤ ᠰᠢᠶᠠᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠨᠢ ᠨᠡᠶᠢᠲᠡ 11 ᠪᠦᠯᠦᠭ 57 ᠵᠦᠢᠯ ᠲᠠᠢ᠂ ᠭᠤᠤᠯ ᠠᠭᠤᠯᠭ᠎ᠠ ᠳᠤ᠄ ᠦᠨᠳᠦᠰᠦᠨ ᠵᠠᠷᠴᠢᠮ᠂ ᠬᠦᠷᠢᠶ᠎ᠡ ᠬᠡᠪᠴᠢᠶ᠎ᠡ ᠲᠥᠷᠥᠯ ᠬᠡᠯᠪᠡᠷᠢ᠂ ᠡᠬᠡ ᠲᠠᠩᠰᠠ ᠪᠠᠶᠢᠭᠤᠯᠬᠤ᠂ ᠡᠷᠬᠡ ᠶᠢ ᠨᠤᠲᠠᠯᠠᠨ ᠰᠢᠯᠵᠢᠭᠦᠯᠦᠨ ᠲᠤᠰᠢᠶᠠᠬᠤ᠂ ᠢᠯᠭᠠᠷᠠᠭᠤᠯᠤᠨ ᠪᠤᠳᠤᠵᠤ ᠬᠢᠨᠠᠨ ᠬᠠᠷᠭᠤᠭᠤᠯᠬᠤ᠂ ᠬᠠᠮᠢᠶᠠᠷᠤᠨ ᠬᠠᠮᠠᠭᠠᠯᠠᠵᠤ ᠡᠵᠡᠩᠨᠡᠬᠦ᠂ ᠠᠰᠢᠭ ᠣᠷᠣᠯᠭ᠎ᠠ ᠶᠢ ᠬᠤᠪᠢᠶᠠᠷᠢᠯᠠᠬᠤ᠂ ᠡᠳ᠋ ᠬᠥᠷᠥᠩᠭᠡ ᠶᠢ ᠰᠢᠢᠳᠪᠦᠷᠢᠯᠡᠬᠦ᠂ ᠬᠠᠷᠢᠭᠤᠴᠠᠯᠭ᠎ᠠ ᠶᠢᠨ ᠬᠤᠪᠢᠶᠠᠷᠢᠯᠠᠯ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠳᠠᠭᠠᠯᠳᠤᠭᠤᠯᠤᠭᠰᠠᠨ ᠲᠦᠷᠢᠮ ᠵᠡᠷᠭᠡ ᠪᠠᠭᠲᠠᠨ᠎ᠠ᠃    ᠲᠣᠰ ᠨᠠᠷᠢᠨ ᠲᠦᠷᠢᠮ ᠳᠤ ᠬᠡᠯᠡᠵᠦ ᠪᠠᠶᠢᠭ᠎ᠠ ︽ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ︾ ᠭᠡᠳᠡᠭ ᠨᠢ᠄ 2012 ᠣᠨ ᠠᠴᠠ ᠨᠠᠭᠠᠰᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠡᠷᠡᠭᠯᠡᠭᠰᠡᠨ ᠡᠯ᠎ᠡ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠪᠠᠯᠠ ᠮᠥᠩᠭᠦ ︵ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ᠂ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ ᠪᠠᠯᠠ ᠮᠥᠩᠭᠦ᠂ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ᠂ ᠠᠵᠢᠯ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ ᠵᠡᠷᠭᠡ︶᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠠᠯᠠ ᠮᠥᠩᠭᠦ᠂ ᠬᠤᠤᠰᠯᠠᠯ ᠪᠣᠯᠵᠣ ᠬᠠᠪᠰᠤᠷᠤᠨ ᠲᠡᠳᠬᠦᠬᠦ ᠪᠠᠯᠠ ᠮᠥᠩᠭᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ︵ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠳᠡᠮᠵᠢᠬᠦ ᠳᠤ ᠬᠡᠷᠡᠭᠯᠡᠨ᠎ᠡ︶᠂ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠪᠠᠯᠠ ᠮᠥᠩᠭᠦ᠂ ᠴᠡᠭ ᠲᠣᠭᠲᠠᠭᠠᠨ ᠬᠠᠪᠰᠤᠷᠤᠨ ᠲᠡᠳᠬᠦᠬᠦ ᠪᠠᠯᠠ ᠮᠥᠩᠭᠦ ᠵᠢᠴᠢ ᠨᠡᠶᠢᠭᠡᠮ ᠠᠴᠠ ᠬᠠᠨᠳᠢᠪᠯᠠᠨ ᠬᠦᠷᠭᠡᠭᠰᠡᠨ ᠵᠡᠷᠭᠡ ᠣᠷᠣᠭᠤᠯᠤᠯᠲᠠ ᠪᠠᠷ ᠪᠣᠶ ᠪᠣᠯᠤᠭᠰᠠᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠪᠠ ᠡᠷᠦᠬᠡ ᠳᠤ ᠬᠦᠷᠦᠭᠰᠡᠨ ᠲᠥᠷᠥᠯ ᠤᠨ ᠡᠳ᠋ ᠬᠥᠷᠥᠩᠭᠡ ᠪᠠᠷ ᠬᠠᠮᠢᠶᠠᠷᠬᠤ ᠬᠡᠷᠡᠭᠲᠡᠶ᠃    ᠲᠣᠰ ᠨᠠᠷᠢᠨ ᠲᠦᠷᠢᠮ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠨᠠᠷᠢᠨ ᠲᠦᠷᠢᠮ ᠢ ᠱᠠᠩᠳᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠨᠠᠮ ᠤᠨ ᠬᠤᠷᠢᠶᠠᠨ ᠤ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠨᠢ ᠡᠭᠦᠷᠭᠡ ᠴᠢᠳᠠᠪᠤᠷᠢ ᠪᠠᠨ ᠦᠨᠳᠦᠰᠦᠯᠡᠨ ᠬᠠᠷᠢᠭᠤᠴᠠᠨ ᠲᠠᠶᠢᠯᠪᠤᠷᠢᠯᠠᠵᠤ᠂ ᠭᠦᠢᠴᠡᠳ ᠭᠦᠢᠴᠡᠳᠭᠡᠭᠰᠡᠨ ᠥᠬᠡᠶ ᠵᠦᠢᠯᠡᠰ ᠢ ᠬᠠᠮᠢᠶ᠎ᠠ ᠪᠥᠬᠦᠶ ᠬᠠᠤᠯᠢ ᠴᠠᠭᠠᠵᠠ ᠪᠠ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠨᠡᠶᠢᠲᠡᠯᠡᠭᠰᠡᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠣᠰᠣᠭᠠᠷ ᠬᠡᠷᠡᠭᠵᠢᠭᠦᠯᠦᠨ᠎ᠡ᠃                                                                 ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2