2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ | —— 2022 ᠣᠨ ᠤ 1 ᠰᠠᠷ᠎ᠠ ᠶᠢᠨ 7 ᠤ ᠡᠳᠦᠷ ᠱᠠᠩᠳᠤ ᠰᠢᠶᠠᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ | ᠳᠡᠭᠡᠷ᠎ᠡ | ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ ᠶᠠᠩ ᠸᠧᠨ | ᠾᠦᠢ | | ᠲᠥᠯᠥᠭᠡᠯᠡᠭᠴᠢᠳ ᠡ᠄ | ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠬᠤᠷᠠᠯ ᠳᠤ ᠰᠤᠯᠠ ᠣᠷᠣᠯᠴᠠᠭᠰᠠᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠪᠠ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠠᠵᠢᠯ ᠤᠨ ᠡᠷᠭᠢᠴᠡᠭᠦᠯᠦᠯ | ᠲᠣᠰ ᠬᠤᠭᠤᠴᠠᠭᠠᠨ ᠤ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠠᠴᠠ ᠨᠠᠰᠢ᠂ | ᠳᠡᠯᠡᠬᠡᠶ ᠶᠢᠨ ᠪᠠᠶᠢᠳᠠᠯ ᠤᠨ ᠡᠮᠦᠨ᠎ᠡ ᠡᠭᠡᠳᠡᠷᠡᠭᠡᠨ ᠪᠤᠳᠤᠯᠢᠶᠠᠨᠲᠠᠶ᠂ ᠬᠤᠷᠸ᠎ᠠ ᠠᠵᠤ ᠠᠬᠤᠶ ᠦᠷᠭᠦᠯᠵᠢᠯᠡᠨ ᠪᠠᠭᠤᠷᠠᠪᠠ᠂ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠲᠠᠭᠠᠷᠢᠯᠲᠠ ᠵᠡᠷᠭᠡ ᠠᠯᠢ ᠣᠯᠠᠨ ᠠᠰᠢᠭ | ᠥᠬᠡᠶ ᠨᠥᠯᠥᠭᠡ᠂ ᠪᠦᠬᠦ ᠰᠢᠶᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠪᠠ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠂ ᠳᠡᠭᠡᠳᠦ ᠱᠠᠲᠤᠨ ᠤ ᠨᠠᠮ ᠤᠨ ᠬᠤᠷᠢᠶ᠎ᠠ ᠳᠤ᠂ ᠵᠠᠰᠠᠭ ᠤᠨ | ᠣᠷᠳᠣᠨ ᠪᠣᠯᠤᠨ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠭᠡ ᠬᠠᠨᠳᠤᠰᠢ ᠶᠢ ᠡᠵᠡᠮᠳᠡᠵᠦ᠂ | ᠴᠠᠭ ᠲᠣᠬᠢᠶᠠᠯ ᠢ ᠠᠮᠵᠢᠨ ᠵᠠᠮ ᠨᠡᠭᠡᠭᠡᠨ ᠤᠷᠤᠭᠰᠢᠯᠠᠬᠤ᠂ ᠥᠷᠢᠰᠥᠯᠳᠦᠭᠡᠨ ᠢ ᠠᠷᠭᠠᠴᠠᠵᠤ᠂ ᠠᠶᠤᠯ | ᠲᠦᠭᠰᠢᠭᠦᠷᠢ ᠶᠢ ᠠᠷᠢᠯᠭᠠᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠂ ᠠᠷᠠᠳ ᠤᠨ | ᠠᠮᠢᠳᠤᠷᠠᠯ ᠢ ᠰᠠᠶᠢᠵᠢᠷᠠᠭᠤᠯᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠳᠤᠮᠳᠠ ᠪᠦᠬᠦ ᠬᠦᠴᠦᠨ ᠢᠶᠠᠷ ᠢᠶᠠᠨ | ᠴᠢᠷᠮᠠᠶᠢᠨ᠂ ᠠᠵᠤ ᠠᠬᠤᠶ ᠨᠡᠶᠢᠭᠡᠮ ᠤᠨ ᠬᠥᠭᠵᠢᠯᠲᠡ ᠬᠥᠮᠦᠰ ᠢ ᠵᠣᠷᠢᠭᠵᠢᠭᠤᠯᠤᠮ᠎ᠠ ᠠᠮᠵᠢᠯᠲᠠ ᠣᠯᠪᠠ᠂ ᠱᠠᠩᠳᠤ | ᠰᠢᠶᠠᠨ ᠤ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃ | ᠪᠢᠳᠡ ᠬᠠᠷᠠᠯᠲᠠ ᠪᠠᠨ ᠴᠢᠩᠭ᠎ᠠ ᠡᠵᠡᠮᠳᠡᠨ᠂ ᠠᠵᠤ ᠦᠢᠯᠡᠰ ᠢᠶᠠᠨ ᠪᠤᠵᠠᠭᠠᠶᠢᠷᠠᠭᠤᠯᠵᠤ᠂ ᠶᠡᠷᠦᠩᠬᠡᠶᠢᠯᠡᠭᠰᠡᠨ | ᠪᠣᠳᠠᠲᠤ ᠬᠦᠴᠦᠨ ᠢᠶᠠᠨ ᠲᠣᠭᠲᠠᠭᠤᠨ ᠢᠶᠠᠷ ᠳᠡᠭᠡᠭᠰᠢᠯᠡᠭᠦᠯᠪᠡ᠃ 2021 ᠣᠨ ᠳᠤ ᠵᠢᠱᠢᠯᠲᠡ ᠪᠠᠷ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 63 . 9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ | ᠳᠤᠮᠳᠠᠴᠢ ᠪᠠᠷ 3 . 7 % ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 18 . 8 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 1 . 6 % ᠨᠡᠮᠡᠭᠳᠡᠪᠡ︔ ᠨᠡᠶᠢᠭᠡᠮ ᠤᠨ | ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 19 . 7 ᠳ᠋ᠦᠩᠰᠢᠭᠤᠷ ᠲᠥᠭᠦᠷᠢᠭ ᠲᠤ | ᠬᠦᠷᠴᠦ᠂ ᠵᠢᠯ ᠳᠤᠮᠳᠠᠴᠢ ᠪᠠᠷ 2 % ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ | 2 . 4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 11 . 4 % ᠪᠠᠷ ᠨᠡᠮᠡᠭᠳᠡᠪᠡ᠃ | ᠣᠳᠣ ᠦᠶ᠎ᠡ ᠶᠢᠨ ᠲᠠᠷᠢᠶᠠᠯᠠᠩ ᠠᠩᠬ᠎ᠠ ᠬᠡᠪᠴᠢᠶᠡᠵᠢᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 12 . 06 | ᠲᠦᠮᠡᠨ ᠮᠥ ᠪᠠᠶᠢᠭᠤᠯᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠮᠧᠬᠠᠨᠢᠭᠵᠢᠭᠤᠯᠤᠯᠲᠠ ᠶᠢᠨ ᠨᠣᠷᠮ᠎ᠠ 78 . 9 | % ᠳᠤ ᠬᠦᠷᠴᠦ᠂ ᠠᠮᠤ ᠪᠤᠳᠠᠭᠠᠨ ᠤ ᠤᠨᠠᠯᠲᠠ ᠶᠢ 2 . 2 ᠳ᠋ᠦᠩᠰᠢᠭᠤᠷ ᠵᠢᠩ ᠣᠷᠴᠢᠮ ᠳᠤ | ᠲᠣᠭᠲᠠᠪᠤᠷᠢᠵᠢᠭᠤᠯᠪᠠ᠃ ᠣᠷᠭᠠᠨᠢᠭ ᠪᠠ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠭᠡ 43 | ᠪᠣᠯᠵᠣ᠂ ︽ᠱᠠᠩᠳᠤ ᠰᠢ ᠴᠢᠨ︾ ᠨᠢ ᠳᠤᠮᠳᠠᠳᠤ ᠤᠯᠤᠰ ᠤᠨ ᠨᠠᠷᠠᠲᠤ ᠲᠡᠮᠳᠡᠭ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠬᠤ ᠬᠤᠷᠠᠯ ᠠᠴᠠ 4 . 67 ᠳ᠋ᠦᠩᠰᠢᠭᠤᠷ ᠲᠥᠭᠦᠷᠢᠭ ᠤᠨ ᠥᠷᠲᠡᠭ ᠢ ᠮᠠᠭᠠᠳᠯᠠᠨ ᠲᠣᠭᠲᠠᠭᠠᠪᠠ᠃ ᠮᠠᠨ ᠤ | ᠰᠢᠶᠠᠨ ᠤᠯᠤᠰ ᠤᠨ ᠬᠥᠳᠡᠭᠡ ᠠᠵᠤ ᠠᠬᠤᠢ ᠶᠢᠨ ᠶᠠᠮᠤᠨ ᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠰᠢᠶᠠᠨ᠂ ᠪᠦᠬᠦ ᠤᠯᠤᠰ ᠤᠨ ᠲᠥᠮᠥᠰᠥ ᠶᠢᠨ ᠪᠦᠬᠦ ᠠᠵᠤ ᠦᠢᠯᠡᠰ ᠤᠨ | ᠬᠡᠯᠬᠢᠶ᠎ᠡ ᠶᠢᠨ ᠨᠡᠶᠢᠲᠡᠯᠢᠭ ᠰᠢᠶᠠᠨ ᠢᠶᠠᠷ ᠦᠨᠡᠯᠡᠭᠳᠡᠪᠡ᠃ ᠠᠵᠤ ᠦᠢᠯᠡᠳᠪᠦᠷᠢ ᠶᠢᠨ ᠰᠠᠭᠤᠷᠢ ᠲᠠᠰᠤᠷᠠᠯᠲᠠ ᠥᠬᠡᠶ | ᠪᠠᠬᠢᠵᠢᠪᠡ᠃ ᠲᠥᠮᠥᠰᠥ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠤᠨ ᠰᠠᠯᠬᠢᠨ | ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠠᠩᠬ᠎ᠠ ᠠᠯᠬᠤᠮ ᠬᠡᠪᠴᠢᠶᠡᠵᠢᠵᠦ᠂ | ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠲᠦᠷᠭᠡᠨ ᠬᠥᠭᠵᠢᠪᠡ᠃ ᠴᠠᠬᠢᠯᠭᠠᠨ ᠤ ᠲᠣᠣᠷ ᠤᠨ | ᠪᠦᠲᠦᠴᠡ ᠶᠢ ᠨᠡᠩ ᠵᠦᠢ ᠵᠣᠬᠢᠰᠲᠠᠢ ᠪᠣᠯᠭᠠᠵᠤ᠂ ᠴᠠᠬᠢᠯᠭᠠᠨ ᠬᠠᠩᠭᠠᠬᠤ ᠦᠢᠯᠡᠴᠢᠯᠡᠭᠡᠨ ᠤ ᠪᠠᠲᠤᠯᠠᠭ᠎ᠠ ᠶᠢᠨ | ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ 10 ᠲᠦᠮᠡᠨ ᠲᠡᠭᠰᠢ ᠳᠥᠷᠪᠡᠯᠵᠢᠨ ᠮᠧᠲ᠋ᠧᠷ ᠤᠨ ᠠᠵᠤ | ᠦᠢᠯᠡᠰ ᠤᠨ ᠨᠡᠪᠴᠢᠭᠦᠯᠬᠦ ᠬᠦᠷᠢᠶᠡᠯᠡᠩ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠢ ᠪᠠᠶᠢᠭᠤᠯᠵᠤ᠂ | ᠠᠵᠤ ᠠᠬᠤᠶᠢᠯᠠᠯ ᠤᠨ ᠬᠥᠩᠭᠡᠨ ᠠᠴᠢᠶᠠᠯᠠᠨ ᠬᠦᠷᠢᠶᠡᠯᠡᠩ ᠳᠤ ᠣᠷᠣᠭᠤᠯᠬᠤ᠂ ︽ᠠᠪᠴᠤ ᠣᠷᠣᠵᠤ ᠰᠠᠭᠤᠬᠤ︾ ᠶᠢ | ᠪᠡᠶᠡᠯᠡᠭᠦᠯᠵᠡᠢ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ 89 ᠠᠵᠤ ᠠᠬᠤᠶᠢᠯᠠᠯ ᠰᠠᠭᠤᠷᠢᠰᠢᠵᠤ᠂ | ᠵᠢᠯ ᠤᠨ ᠦᠢᠯᠡᠳᠭᠦᠨ ᠤ ᠥᠷᠲᠡᠭ ᠨᠢ 60 ᠳ᠋ᠦᠩᠰᠢᠭᠤᠷ ᠲᠥᠭᠦᠷᠢᠭ ᠲᠤ ᠬᠥᠷᠪᠡ᠃ ᠭᠤᠷᠪᠠᠳᠤᠭᠠᠷ ᠠᠵᠤ ᠦᠢᠯᠡᠰ | ᠥᠷᠨᠢᠩᠭᠦᠢ ᠬᠥᠭᠵᠢᠪᠡ᠃ ᠨᠠᠨ ᠬᠤ᠋ ᠨᠠᠭᠤᠷ᠂ ᠪᠦ᠋ ᠳ᠋ᠦᠩ ᠾᠧ ᠭᠤᠣᠯ ᠵᠡᠷᠭᠡ ᠦᠵᠡᠮᠵᠢ ᠶᠢᠨ ᠣᠷᠣᠨ ᠢ ᠲᠡᠰ | ᠳᠡᠪᠰᠢᠭᠦᠯᠵᠦ᠂ ᠠᠮᠢ ᠠᠬᠤᠢ ᠶᠢᠨ ᠵᠤᠭᠠᠴᠠᠯ᠂ ᠬᠥᠳᠡᠭᠡ ᠲᠣᠰᠬᠤᠨ ᠤ ᠵᠤᠭᠠᠴᠠᠯ᠂ ᠬᠤᠪᠢᠰᠬᠠᠯ ᠤᠨ ᠬᠥᠮᠦᠵᠢᠯ ᠤᠨ | ᠵᠤᠭᠠᠴᠠᠯ ᠠᠭᠠᠵᠢᠮ ᠢᠶᠠᠷ ᠬᠥᠭᠵᠢᠵᠦ᠂ ᠵᠤᠭᠠᠴᠠᠯ ᠤᠨ ᠦᠢᠯᠡᠰ ᠤᠨ ᠬᠡᠯᠪᠡᠷᠢ ᠨᠡᠩ ᠪᠠᠶᠠᠯᠢᠭᠵᠢᠪᠠ᠃ ᠰᠦᠯᠵᠢᠶᠡᠨ ᠤ | ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠬᠡᠮᠵᠢᠶ᠎ᠡ ᠨᠡᠶᠢᠲᠡ 2 . 5 ᠳ᠋ᠦᠩᠰᠢᠭᠤᠷ ᠲᠥᠭᠦᠷᠢᠭ ᠲᠤ ᠬᠦᠷᠴᠡᠶ᠃ | ᠳᠥᠷᠪᠡᠨ ᠣᠳᠣᠨ ᠲᠠᠰ ᠤᠨ ᠵᠢᠤᠢ ᠬᠤᠩ ᠣᠯᠠᠨ ᠤᠯᠤᠰ ᠤᠨ ᠬᠤᠷᠠᠯ ᠤᠨ ᠲᠥᠪ ᠵᠡᠷᠭᠡ ᠨᠢᠭᠡ ᠪᠦᠯᠦᠭ ᠳᠡᠭᠡᠳᠦ | ᠳᠤᠮᠳᠠ ᠲᠠᠰ ᠤᠨ ᠪᠠᠭᠤᠳᠠᠯ ᠡᠵᠡᠩᠨᠡᠯᠲᠡ ᠳᠤ ᠣᠷᠣᠪᠠ᠃ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ | ᠴᠣᠭᠴᠠ ᠶᠢᠨ ᠵᠢᠤᠢ ᠬᠤᠩ ᠠᠭᠤᠳᠠᠮ ᠲᠠᠯᠠᠪᠠᠶ᠂ ᠸᠧᠶ ᠪᠠᠶ ᠠᠮᠢᠳᠤᠷᠠᠯ ᠤᠨ ᠠᠭᠤᠳᠠᠮ ᠲᠠᠯᠠᠪᠠᠶ᠂ ᠵᠢᠶᠠ ᠵᠢᠶᠠ | ᠶᠤᠸᠠᠢ ᠠᠷᠠᠳ ᠲᠤ ᠲᠥᠬᠦᠮ ᠦᠵᠡᠭᠦᠯᠬᠦ ᠬᠡᠯᠬᠢᠶ᠎ᠡ ᠬᠡᠲᠦ ᠳᠡᠯᠭᠡᠭᠦᠷ ᠵᠡᠷᠭᠡ ᠠᠯᠢ ᠣᠯᠠᠨ ᠠᠮᠢᠳᠤᠷᠠᠯ ᠤᠨ | ᠦᠢᠯᠡᠴᠢᠯᠡᠭᠡᠨ ᠤ ᠲᠥᠷᠥᠯ ᠤᠨ ᠲᠥᠷᠥᠯ ᠵᠦᠢᠯ ᠢ ᠪᠠᠶᠢᠭᠤᠯᠤᠨ ᠳᠠᠭᠤᠰᠬᠠᠪᠠ᠃ | ᠪᠢᠳᠡ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠭᠠᠪᠰᠢᠭᠠᠶᠢᠯᠠᠨ ᠪᠠᠶᠢᠯᠳᠤᠵᠤ᠂ | ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠵᠠᠩᠭᠢᠯᠠᠭ᠎ᠠ ᠶᠢᠨ ᠠᠬᠢᠴᠠ ᠲᠠᠢ ᠪᠣᠯᠪᠠ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠲᠡᠭᠦᠰ ᠠᠮᠵᠢᠯᠲᠠ ᠲᠠᠢ ᠥᠨᠳᠥᠷᠯᠡᠪᠡ᠃ ︽ᠬᠤᠶᠠᠷ ᠲᠤ ᠵᠣᠪᠠᠭ᠋ᠤ | ᠥᠬᠡᠶ ᠭᠤᠷᠪᠠ ᠶᠢ ᠪᠠᠲᠤᠯᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ | ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠠᠴᠠ | ᠳᠤᠤᠷ᠎ᠠ 42613 ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ | 107 ᠶᠠᠳᠠᠭᠤ ᠬᠦᠴᠢᠷᠳᠡᠯᠲᠡᠶ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ 1 ᠬᠠᠮᠲᠤ ᠪᠣᠯᠤᠨ 1 | ᠨᠥᠬᠦᠷ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠠᠮᠲᠤ ᠪᠣᠯᠤᠨ | ᠲᠡᠷᠢᠭᠦᠨ ᠤ ᠬᠤᠪᠢ ᠬᠥᠮᠦᠨ᠂ 7 ᠬᠠᠮᠲᠤ ᠪᠣᠯᠤᠨ 6 ᠨᠥᠬᠦᠷ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠤ ᠢᠷᠠᠭᠤ | ᠠᠯᠳᠠᠷ ᠢ ᠬᠦᠷᠳᠡᠵᠠᠢ᠃ ᠪᠡᠭᠡᠵᠢᠩ ᠤᠨ ᠫᠢᠩ ᠬᠥ᠋ ᠪᠣᠯᠤᠨ ᠲᠥᠪ ᠤᠨ ᠬᠠᠪᠰᠤᠷᠤᠨ ᠲᠡᠳᠬᠦᠬᠦ ᠨᠢᠭᠡᠴᠡ ᠠᠵᠤ | ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠴᠢᠳᠠᠪᠤᠷᠢᠲᠠᠨ ᠤ ᠮᠡᠷᠭᠡᠵᠢᠯ᠂ | ᠬᠡᠷᠡᠭᠯᠡᠭᠡ ᠪᠠᠷ ᠬᠠᠪᠰᠤᠷᠤᠨ ᠲᠡᠳᠬᠦᠬᠦ ᠵᠡᠷᠭᠡ ᠲᠠᠯ᠎ᠠ ᠪᠠᠷ ᠬᠦᠴᠦᠲᠡᠶ ᠳᠡᠮᠵᠢᠯᠭᠡ ᠦᠵᠡᠭᠦᠯᠪᠡ᠃ ᠬᠦᠨᠳᠦ ᠶᠡᠭᠡ | ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 9 . | 5 ᠳ᠋ᠦᠩᠰᠢᠭᠤᠷ ᠲᠥᠭᠦᠷᠢᠭ ᠯᠠᠪᠳᠠᠭᠤᠨ ᠰᠢᠢᠳᠪᠦᠷᠢᠯᠡᠵᠦ᠂ ᠬᠤᠶᠠᠷ ᠵᠢᠯ ᠳᠠᠷᠠᠭᠠᠯᠠᠨ ᠪᠦᠬᠦ ᠬᠤᠲᠠ ᠶᠢᠨ ᠴᠣᠷ ᠤᠨ | ᠭᠠᠭᠴᠠ ᠥᠷᠢ ᠥᠭᠴᠡᠭᠡ ᠶᠢᠨ ᠲᠦᠭᠰᠢᠭᠦᠷᠢ ᠶᠢᠨ ᠪᠣᠬᠢᠷᠲᠤᠯ ᠦᠭᠡᠢ ᠲᠡᠰ ᠤᠨ ᠬᠤᠰᠢᠭᠤ ᠰᠢᠶᠠᠨ ᠪᠣᠯᠪᠠ᠃ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠡᠷᠴᠢᠮ ᠲᠠᠰᠤᠷᠠᠯᠲᠠ ᠥᠬᠡᠶ ᠴᠢᠩᠭᠠᠷᠠᠵᠤ᠂ ᠠᠶᠤᠯ ᠥᠬᠡᠶ ᠦᠢᠯᠡᠳᠪᠦᠷᠢᠯᠡᠯ ᠤᠨ ᠪᠠᠶᠢᠳᠠᠯ | ᠦᠷᠭᠦᠯᠵᠢᠯᠡᠨ ᠲᠣᠭᠲᠠᠭᠤᠨ ᠪᠠᠶᠢᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ | ᠤᠯᠪᠠ᠃ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ︾ 14 ᠠᠵᠤ ᠠᠬᠤᠶᠢᠯᠠᠯ ᠢ ᠴᠡᠭᠴᠡᠯᠡᠨ | ᠵᠠᠰᠠᠵᠤ᠂ ᠪᠣᠬᠢᠷᠲᠤᠯ ᠦᠭᠡᠢ 3 ᠠᠭᠤᠷᠬᠠᠢ ᠶᠢ ᠪᠦᠲᠦᠭᠡᠨ ᠪᠠᠶᠢᠭᠤᠯᠪᠠ᠃ 1 . 25 ᠲᠦᠮᠡᠨ ᠬᠢᠯᠦᠸᠠᠲ ᠠᠮᠫᠧᠷ | ᠵᠢᠴᠢ ᠲᠡᠭᠦᠨ ᠠᠴᠠ ᠳᠣᠷᠣᠭᠰᠢᠬᠢ ᠠᠭᠤᠷᠬᠠᠢ ᠶᠢᠨ ᠢᠯᠴᠢ ᠶᠢᠨ ᠵᠤᠤᠬ᠎ᠠ 15 ᠶᠢ ᠰᠢᠯᠢᠭᠳᠡᠭᠦᠯᠵᠦ᠂ 11 | ᠠᠭᠤᠷᠬᠠᠢ ᠶᠢᠨ ᠢᠯᠴᠢ ᠶᠢᠨ ᠵᠤᠤᠬ᠎ᠠ ᠳᠤ ᠨᠢᠭᠲᠠ ᠪᠢᠲᠡᠭᠦᠮᠵᠢᠯᠡᠬᠦ ᠥᠭᠡᠷᠡᠴᠢᠯᠡᠯᠲᠡ ᠬᠢᠪᠡ᠃ ᠭᠤᠣᠯ ᠪᠣᠯᠬᠤ | ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠡᠭᠡ ᠪᠠᠷ ᠪᠠᠭᠤᠷᠠᠵᠤ᠂ ᠠᠮᠢ ᠠᠬᠤᠢ ᠣᠷᠴᠢᠨ | ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ᠃ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠮᠠᠯᠲᠠᠬᠤ ᠶᠢ | ᠵᠠᠰᠠᠬᠤ ᠠᠵᠢᠯ ᠪᠣᠳᠠᠲᠤ ᠦᠷ᠎ᠡ ᠪᠦᠲᠦᠮᠵᠢ ᠣᠯᠵᠤ᠂ ᠰᠦᠷᠴᠢᠨ ᠤᠰᠤᠯᠠᠬᠤ ᠴᠠᠭᠠᠷᠢᠭ 378 ᠶᠢ ᠨᠤᠷᠠᠭᠠᠵᠤ᠂ | 1881 ᠮᠠᠰᠢᠨ ᠬᠤᠳᠳᠤᠭ ᠢ ᠪᠢᠲᠡᠭᠦᠮᠵᠢᠯᠡᠨ ᠵᠣᠭᠰᠣᠭᠠᠵᠤ᠂ ︽ᠤᠰᠤ ᠶᠢ ᠭᠠᠩ ᠬᠠᠭᠤᠷᠠᠶ ᠪᠣᠯᠭᠠᠬᠤ︾ ᠶᠢ 17 | . 86 ᠲᠦᠮᠡᠨ ᠮᠥ ᠬᠡᠷᠡᠭᠵᠢᠭᠦᠯᠵᠦ᠂ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠮᠠᠯᠲᠠᠭᠰᠠᠨ ᠣᠷᠣᠨ ᠤ | ᠡᠩᠨᠡᠭᠡ ᠠᠴᠠ ᠤᠬᠤᠷᠢᠨ ᠭᠠᠷᠪᠠ᠃ ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾ ᠠᠵᠢᠯ ᠯᠠᠪᠳᠠᠭᠤᠨ ᠢᠶᠠᠷ | ᠠᠬᠢᠵᠤ᠂ ᠲᠠᠷᠢᠶᠠᠨ ᠡᠮ᠂ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠵᠢᠯ ᠳᠠᠷᠠᠭᠠᠯᠠᠨ ᠪᠠᠭᠠᠰᠴᠤ᠂ ᠦᠯᠡᠳᠡᠭᠳᠡᠯ | ᠪᠦᠷᠬᠦᠪᠴᠢ ᠶᠢ ᠵᠠᠰᠠᠬᠤ ᠡᠷᠴᠢᠮ ᠲᠠᠰᠤᠷᠠᠯᠲᠠ ᠤᠢᠭᠡᠢ ᠴᠢᠩᠭᠠᠷᠠᠪᠠ᠃ ᠬᠤᠳᠠ ᠬᠥᠳᠡᠭᠡ ᠶᠢᠨ ᠨᠡᠶᠢᠲᠡ ᠶᠢᠨ ᠵᠠᠮ | ᠬᠠᠷᠢᠯᠴᠠᠭᠠᠨ ᠤ ᠲᠣᠣᠷ ᠰᠦᠯᠵᠢᠶ᠎ᠡ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠰᠢᠨ᠎ᠡ ᠡᠨᠧᠷᠭᠢ ᠶᠢᠨ | ᠰᠤᠷᠪᠤᠯᠵᠢ ᠶᠢᠨ ᠠᠶᠠᠨᠴᠢᠳ ᠤᠨ ᠲᠡᠭᠡᠭᠡᠪᠦᠷᠢ ᠶᠢᠨ 12 ᠲᠡᠷᠭᠡ ᠶᠢ ᠠᠰᠢᠭᠯᠠᠯᠲᠠ ᠳᠤ ᠣᠷᠣᠭᠤᠯᠪᠠ᠃ | ᠪᠢᠳᠡ ᠵᠦᠢ ᠵᠣᠬᠢᠰᠲᠠᠢ ᠲᠥᠯᠥᠪᠵᠢᠭᠦᠯᠵᠦ᠂ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠵᠦ᠂ ᠠᠮᠢ | ᠠᠬᠤᠢ ᠶᠢᠨ ᠣᠷᠴᠢᠨ ᠨᠥᠬᠦᠴᠡᠯ ᠪᠠ ᠬᠤᠳᠠ ᠬᠥᠳᠡᠭᠡ ᠶᠢᠨ ᠳᠦᠷᠰᠦ ᠪᠠᠶᠢᠳᠠᠯ ᠡᠳᠦᠷ ᠢᠷᠡᠬᠦᠶ᠎ᠡ ᠰᠠᠶᠢᠵᠢᠷᠠᠪᠠ᠃ | ᠠᠮᠢ ᠠᠬᠤᠢ ᠶᠢᠨ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ ᠴᠠᠭᠠᠨᠨᠠᠭᠤᠷ ᠤᠨ ᠠᠮᠢ ᠠᠬᠤᠢ ᠶᠢᠨ | ᠵᠠᠰᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠢᠲᠡᠭᠦᠮᠵᠢᠯᠡᠨ ᠪᠤᠶᠢᠵᠢᠭᠤᠯᠬᠤ᠂ | ᠬᠠᠰᠢᠶᠠᠯᠠᠨ ᠲᠡᠵᠢᠭᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ᠂ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠬᠦ᠂ | ᠭᠤᠣᠯ ᠤᠨ ᠵᠠᠮ ᠢ ᠵᠠᠰᠠᠬᠤ᠂ ᠨᠢᠰᠬᠡᠯ ᠢᠶᠠᠷ ᠡᠪᠡᠰᠦ ᠲᠠᠷᠢᠬᠤ᠂ ᠮᠠᠭᠤᠳᠠᠭᠰᠠᠨ ᠣᠢ ᠶᠢ ᠰᠡᠷᠭᠦᠭᠡᠬᠦ᠂ ᠪᠡᠭᠡᠵᠢᠩ | ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠵᠡᠷᠭᠡ ᠬᠠᠮᠠᠭᠠᠯᠠᠬᠤ ᠪᠠ ᠰᠡᠷᠭᠦᠭᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ | ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠢ ᠪᠦᠬᠦ ᠲᠠᠯ᠎ᠠ ᠪᠠᠷ | ᠠᠬᠢᠭᠤᠯᠤᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠨᠠᠩ ᠦᠷᠭᠦᠯᠵᠢᠯᠡᠵᠦ ᠴᠢᠳᠠᠨ᠎ᠠ᠃ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢᠨ ︽ᠬᠤᠣᠰ ᠦᠨᠡᠯᠡᠯᠲᠡ︾ ︽ᠭᠤᠷᠪᠠᠨ ᠱᠤᠭᠤᠮ︾ | ᠤᠨ ᠲᠥᠯᠥᠪᠵᠢᠭᠦᠯᠭᠡ ᠶᠢᠨ ᠠᠵᠢᠯ ᠢ ᠪᠡᠶᠡᠯᠡᠭᠦᠯᠪᠡ᠃ ᠬᠤᠲᠠ ᠶᠢᠨ ᠲᠣᠭᠤᠷᠢᠭ ᠤᠨ ᠲᠠᠯᠠᠪᠠᠢ ᠶᠢ 25 ᠲᠡᠭᠰᠢ | ᠳᠥᠷᠪᠡᠯᠵᠢᠨ ᠺᠢᠯᠤᠮᠧᠲ᠋ᠧᠷ ᠬᠦᠷᠲᠡᠯ᠎ᠡ ᠥᠷᠭᠡᠳᠬᠡᠵᠦ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ | ᠪᠠᠯᠭᠠᠰᠤᠵᠢᠯᠲᠠ ᠶᠢᠨ ᠨᠣᠷᠮ᠎ᠠ ᠶᠢᠨ 52 . 3 % ᠳᠤ ᠬᠦᠷᠭᠡᠵᠦ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ | ᠨᠣᠷᠮ᠎ᠠ ᠶᠢᠨ 38 . 5 % ᠳᠤ ᠬᠦᠷᠭᠡᠨ᠎ᠡ᠃ 7200 ᠡᠷᠦᠬᠡ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢ | ᠥᠭᠡᠷᠡᠴᠢᠯᠡᠨ ᠵᠠᠰᠠᠵᠤ᠂ 78 ᠰᠠᠭᠤᠷᠢ 36 ᠲᠦᠮᠡᠨ ᠲᠡᠭᠰᠢ ᠳᠥᠷᠪᠡᠯᠵᠢᠨ ᠮᠧᠲ᠋ᠧᠷ ᠤᠨ ᠪᠤᠴᠠᠭᠠᠨ ᠨᠡᠭᠦᠯᠭᠡᠬᠦ | ᠠᠰᠠᠷ ᠢ ᠪᠠᠶᠢᠭᠤᠯᠤᠨ᠂ 2 . 7 ᠲᠦᠮᠡ ᠭᠠᠷᠤᠢ ᠣᠯᠠᠨ ᠲᠦᠮᠡᠨ ᠰᠢᠨ᠎ᠡ ᠣᠷᠣᠨ ᠰᠠᠭᠤᠴᠠ ᠳᠤ ᠨᠡᠭᠦᠨ ᠣᠷᠣᠵᠤ᠂ | ᠬᠠᠭᠤᠴᠢᠨ ᠬᠤᠲᠠ ᠶᠢᠨ ᠲᠣᠭᠤᠷᠢᠭ ᠤᠨ ᠳᠦᠷᠢ ᠲᠥᠷᠬᠦ ᠴᠣ᠋ ᠰᠢᠨ᠎ᠡ ᠪᠣᠯᠪᠠ᠃ ᠡᠳᠦᠷ ᠲᠤ 1 ᠲᠦᠮᠡᠨ ᠲᠣᠨ | ᠤᠰᠤ ᠴᠡᠪᠡᠷᠰᠢᠭᠦᠯᠬᠦ ᠦᠢᠯᠡᠳᠪᠦᠷᠢ 2 ᠪᠠᠶᠢᠭᠤᠯᠵᠤ᠂ ︽ᠤᠷᠢᠳᠴᠢᠯᠠᠨ ᠰᠢᠢᠳᠪᠦᠷᠢᠯᠡᠬᠦ + ᠬᠡᠳᠦ ᠱᠦᠭᠦᠯᠲᠡ + | ᠨᠡᠪᠴᠢᠯᠲᠡ ᠶᠢ ᠡᠰᠡᠷᠭᠦᠴᠡᠬᠦ︾ ᠬᠤᠣᠰ ᠪᠦᠷᠬᠦᠭᠦᠯ ᠤᠨ ᠠᠷᠭ᠎ᠠ ᠪᠠᠷ ᠤᠰᠤ ᠰᠢᠢᠳᠪᠦᠷᠢᠯᠬᠦ ᠮᠡᠷᠭᠡᠵᠢᠯ ᠢᠶᠠᠷ ᠳᠠᠮᠵᠢᠨ᠂ | ᠬᠤᠲᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠤᠤᠭᠤᠬᠤ ᠤᠰᠤᠨ ᠤ ᠹᠯᠣᠷᠲᠤ ᠨᠢᠭᠡᠳᠪᠦᠷᠢ | ᠪᠠᠷᠢᠮᠵᠢᠶ᠎ᠠ ᠠᠴᠠ ᠬᠡᠲᠦᠷᠡᠭᠰᠡᠨ ᠦᠵᠡᠭᠳᠡᠯ ᠢ ᠲᠦᠢᠯᠪᠤᠷᠢᠲᠠᠢ ᠰᠠᠶᠢᠵᠢᠷᠠᠭᠤᠯᠵᠤ᠂ ᠤᠰᠤᠨ ᠤ ᠴᠢᠨᠠᠷ ᠤᠨ | ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 100 % ᠳᠤ ᠬᠦᠷᠭᠡᠪᠡ᠃ ᠨᠢᠭᠡ ᠪᠦᠯᠦᠭ ᠰᠣᠶᠣᠯ ᠪᠡᠶ᠎ᠡ ᠶᠢᠨ ᠲᠠᠮᠢᠷ ᠤᠨ | ᠲᠠᠯᠠᠪᠤᠷ ᠣᠷᠳᠣᠨ ᠢ ᠠᠰᠢᠭᠯᠠᠯᠲᠠ ᠳᠤ ᠣᠷᠣᠭᠤᠯᠤᠨ ᠬᠡᠷᠡᠭᠯᠡᠵᠦ᠂ ᠤᠷᠤᠯᠳᠤᠭᠠᠨ ᠤ ᠪᠡᠶ᠎ᠡ ᠶᠢᠨ ᠲᠠᠮᠢᠷ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠵᠣᠬᠢᠴᠠᠭᠤᠯᠤᠨ ᠠᠬᠢᠭᠤᠯᠪᠠ᠃ ᠬᠥᠳᠡᠭᠡ ᠲᠣᠰᠬᠤᠨ ᠤ ᠳᠦᠷᠰᠦ ᠪᠠᠶᠢᠳᠠᠯ | ᠢᠯᠡᠳᠲᠡ ᠰᠠᠶᠢᠵᠢᠷᠠᠪᠠ᠃ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠨᠠᠩ ᠲᠡᠭᠦᠯᠳᠡᠷᠵᠢᠭᠦᠯᠵᠦ᠂ | ᠳᠥᠷᠪᠡᠳᠦᠭᠡᠷ ᠳᠡᠰ ᠠᠴᠠ ᠳᠡᠭᠡᠭᠰᠢᠬᠢ ᠵᠠᠰᠠᠮᠠᠯ ᠵᠠᠮ ᠤᠨ ᠤᠷᠳᠤ 1702 ᠺᠢᠯᠣᠮᠧᠲᠷ ᠲᠤ ᠬᠦᠷᠪᠡ᠃ ᠵᠠᠰᠠᠭ | ᠵᠠᠬᠢᠷᠭᠠᠨ ᠤ ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ ᠬᠠᠲᠠᠭᠤᠷᠠᠭᠤᠯᠤᠭᠰᠠᠨ ᠨᠣᠷᠮ᠎ᠠ ᠪᠠ ᠠᠶᠠᠨᠴᠢᠳ ᠤᠨ | ᠲᠡᠭᠡᠭᠡᠪᠦᠷᠢ ᠶᠢᠨ ᠲᠡᠷᠭᠡ ᠨᠡᠪᠲᠡᠷᠡᠬᠦ ᠨᠣᠷᠮ᠎ᠠ ᠶᠢ 100 % ᠳᠤ ᠬᠦᠷᠭᠡᠪᠡ᠃ ᠮᠠᠯ ᠵᠢᠭᠦᠷᠲᠡᠨ ᠤ ᠢᠯᠭᠠᠳᠠᠰᠤ ᠶᠢ | ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠪᠣᠳᠠᠲᠤ ᠦᠷ᠎ᠡ ᠪᠦᠲᠦᠮᠵᠢ ᠣᠯᠪᠠ᠃ ︽ᠵᠣᠷᠯᠣᠩ ᠤᠨ ᠬᠤᠪᠢᠰᠬᠠᠯ︾ | ᠲᠣᠭᠲᠠᠭᠤᠨ ᠢᠶᠠᠷ ᠠᠭᠢᠵᠤ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠨᠡᠶᠢᠲᠡ 11922 ᠪᠠᠶᠢᠭᠤᠯᠪᠠ᠃ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ 90 % ᠠᠴᠠ ᠳᠡᠭᠡᠭᠰᠢᠬᠢ ᠵᠠᠰᠠᠭ | ᠵᠠᠬᠢᠷᠭᠠᠨ ᠤ ᠲᠣᠰᠬᠤᠨ ᠢ ᠬᠠᠮᠤᠷᠴᠤ᠂ ᠣᠷᠣᠰᠢᠨ ᠰᠠᠭᠤᠬᠤ ᠣᠷᠴᠢᠨ ᠨᠥᠬᠦᠴᠡᠯ ᠢᠯᠡᠳᠲᠡ ᠰᠠᠶᠢᠵᠢᠷᠠᠪᠠ᠃ | ᠪᠢᠳᠡ ᠤᠯᠠᠨ ᠲᠠᠯ᠎ᠠ ᠪᠠᠷ ᠰᠢᠪᠲᠤᠯᠤᠯᠲᠠ ᠭᠠᠷᠭᠠᠵᠤ᠂ ᠳᠣᠲᠣᠭᠠᠳᠤ ᠳᠠᠭᠠᠨ ᠬᠤᠯᠪᠣᠭᠠᠯᠠᠨ ᠭᠠᠳᠠᠭᠰᠢ ᠥᠷᠭᠡᠳᠬᠡᠵᠦ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠡᠳ ᠢᠯᠡᠳᠲᠡ ᠠᠮᠵᠢᠯᠲᠠ ᠪᠦᠲᠦᠮᠵᠢ ᠤᠯᠪᠠ᠃ ᠵᠠᠰᠠᠭ ᠤᠨ ᠣᠷᠳᠣᠨ ᠤ | ᠪᠠᠶᠢᠭᠤᠯᠤᠮᠵᠢ ᠶᠢᠨ ᠥᠭᠡᠷᠡᠴᠢᠯᠡᠯᠲᠡ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠪᠠ ᠠᠵᠢᠯ ᠦᠶ᠋ᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠴᠢᠨᠠᠷ ᠰᠠᠶᠢᠲᠠᠶ ᠪᠡᠶᠡᠯᠡᠭᠦᠯᠵᠦ᠂ | ᠵᠠᠰᠠᠭ ᠤᠨ ᠣᠷᠳᠣᠨ ᠤ ᠵᠠᠰᠠᠯᠲᠠ ᠶᠢᠨ ᠦᠷ᠎ᠡ ᠪᠦᠲᠦᠮᠵᠢ ᠪᠠ ᠦᠢᠯᠡᠴᠢᠯᠡᠭᠡᠨ ᠤ ᠦᠷ᠎ᠡ ᠪᠦᠲᠦᠮᠵᠢ ᠶᠢ ᠤᠯᠠᠮ | ᠴᠢᠨᠠᠭᠰᠢᠳᠠ ᠳᠡᠭᠡᠭᠰᠢᠯᠡᠭᠦᠯᠦᠨ᠎ᠡ᠃ ︽ᠵᠠᠰᠠᠭ ᠤᠨ ᠣᠷᠳᠣᠨ ᠤ ᠬᠤᠳᠠᠯᠳᠤᠨ ᠠᠪᠬᠤ ᠡᠭᠦᠯᠡᠨ ᠲᠠᠪᠴᠠᠩ︾ ᠤᠨ | ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠥᠬᠦ | ᠶᠠᠪᠤᠴᠠ ᠶᠢᠨ ᠡᠯᠤᠺᠲᠷᠤᠨᠴᠢᠯᠡᠭᠰᠡᠨ ᠬᠠᠮᠢᠶᠠᠷᠤᠯᠲᠠ ᠶᠢ ᠪᠡᠶᠡᠯᠡᠭᠦᠯᠪᠡ᠃ ᠲᠥᠰᠦᠪ ᠤᠨ ᠬᠠᠮᠢᠶᠠᠷᠤᠯᠲᠠ ᠶᠢᠨ | ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠬᠠᠳᠠᠭᠠᠯᠠᠯᠲᠠ ᠪᠡᠯᠡ ᠮᠥᠩᠭᠦ ᠶᠢ | ᠪᠦᠲᠦᠮᠵᠢᠲᠡᠢ ᠪᠠᠷ ᠠᠮᠢᠳᠤᠯᠢᠭ ᠪᠣᠯᠭᠠᠨ᠎ᠠ᠃ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠪᠥᠬᠦ | ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠡᠷᠭᠢᠯᠡᠬᠦ ᠳᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ | ᠶᠢ ᠬᠡᠷᠡᠭᠵᠢᠭᠦᠯᠦᠨ᠂ ᠭᠦᠢᠴᠡᠳᠭᠡᠬᠦ ᠴᠠᠭ ᠤᠨ ᠬᠢᠵᠠᠭᠠᠷ ᠢ 0 . 5 ᠡᠳᠦᠷ ᠪᠣᠯᠲᠠᠯ᠎ᠠ ᠪᠣᠭᠤᠨᠢᠰᠬᠠᠪᠠ᠃ ︽ | ᠳᠥᠷᠪᠡ ᠶᠢ ᠭᠦᠢᠴᠡᠳᠭᠡᠬᠦ︾ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ 787 ᠪᠣᠯᠵᠣ᠂ ︽ | ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠭᠡᠬᠦ︾ ᠵᠦᠢᠯᠡᠰ 357 ᠪᠣᠯᠪᠠ᠃ ᠰᠤᠷᠭᠠᠨ | ᠬᠥᠮᠦᠵᠢᠯ ᠤᠨ ︽ᠬᠤᠶᠠᠷ ᠢ ᠪᠠᠭᠠᠰᠬᠠᠬᠤ︾ ᠠᠵᠢᠯ ᠢ ᠢᠳᠡᠪᠬᠢᠲᠡᠶ ᠯᠠᠪᠳᠠᠭᠤᠨ ᠢᠶᠠᠷ ᠠᠬᠢᠭᠤᠯᠵᠤ᠂ 44 | ᠰᠢᠨᠵᠢᠯᠡᠭᠡᠨ ᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠠᠰᠤᠪᠠ᠃ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ︽ᠳᠥᠷᠪᠡᠨ 100 %︾ ᠶᠢ ᠪᠡᠶᠡᠯᠡᠭᠦᠯᠪᠡ᠃ | ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ | ᠲᠤᠷᠰᠢᠯᠲᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠭᠠᠵᠠᠷ ᠰᠢᠷᠣᠢ ᠶᠢᠨ ᠡᠷᠬᠡ ᠶᠢ ᠨᠤᠲᠠᠯᠠᠨ | ᠲᠣᠭᠲᠠᠭᠠᠬᠤ ᠠᠵᠢᠯ ᠥᠪᠡᠷᠲᠡᠭᠡᠨ ᠵᠠᠰᠠᠬᠤ ᠣᠷᠣᠨ ᠳᠤ ᠰᠢᠯᠢᠳᠡᠭ ᠲᠡᠰ ᠢᠶᠠᠷ ᠦᠨᠡᠯᠡᠭᠳᠡᠪᠡ᠃ ᠬᠤᠳᠠᠯᠳᠤᠭᠠᠴᠢᠨ | ᠤᠷᠢᠵᠤ ᠪᠠᠯᠠ ᠲᠠᠲᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠺᠠᠶ ᠶᠢᠨ᠂ ᠾᠧᠩ ᠱᠧᠩ᠂ ᠾᠧᠩ ᠺᠧ᠂ | ᠾᠧᠩᠳᠧ ᠺᠠᠩ᠂ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ᠂ ᠲᠢᠶᠠᠨ ᠨᠤᠩ᠂ ᠲᠢᠶᠠᠨ ᠱᠦᠨ ᠵᠡᠷᠭᠡ 50 ᠭᠠᠷᠤᠶ | ᠲᠣᠮᠣ ᠲᠥᠷᠥᠯ ᠵᠦᠢᠯ ᠵᠠᠯᠭᠠᠭ᠎ᠠ ᠪᠠᠷ ᠠᠰᠢᠭᠯᠠᠯᠲᠠ ᠳᠤ ᠣᠷᠣᠵᠤ᠂ 39 . 7 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠪᠡ᠃ | ᠪᠢᠳᠡ ᠵᠥᠷᠢᠴᠡᠯ ᠳᠤ ᠰᠢᠭᠤᠳ ᠬᠠᠨᠳᠤᠵᠤ᠂ ᠬᠦᠴᠢᠷ ᠵᠦᠢᠯ ᠢ ᠰᠢᠢᠳᠪᠦᠷᠢᠯᠡᠵᠦ᠂ ᠠᠷᠠᠳ ᠲᠦᠮᠡᠨ ᠤ ᠵᠣᠯ | ᠵᠢᠷᠭᠠᠯ ᠤᠨ ᠵᠢᠭᠠᠯᠲᠠ ᠲᠤᠭ᠎ᠠ ᠵᠢᠯ ᠳᠠᠷᠠᠭᠠᠯᠠᠨ ᠨᠡᠮᠡᠭᠳᠡᠵᠦ ᠪᠠᠶᠢᠨ᠎ᠠ᠃ ᠨᠡᠶᠢᠭᠡᠮ ᠤᠨ ᠦᠢᠯᠡᠰ ᠯᠠᠪᠳᠠᠭᠤᠨ ᠢᠶᠠᠷ | ᠬᠥᠭᠵᠢᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ | ᠰᠤᠷᠭᠠᠨ ᠬᠥᠮᠦᠵᠢᠯ ᠤᠨ ᠶᠠᠮᠤᠨ ᠠᠴᠠ ᠪᠦᠬᠦ ᠤᠯᠤᠰ ᠠᠴᠠ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ | ᠬᠥᠮᠦᠵᠢᠯ ᠤᠨ ᠲᠤᠷᠰᠢᠯᠲᠠ ᠶᠢᠨ ᠲᠣᠭᠤᠷᠢᠭ ᠢᠶᠠᠷ ᠦᠨᠡᠯᠡᠭᠳᠡᠪᠡ᠃ ᠠᠯᠪᠠᠨ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ 9 ᠶᠢ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢ ᠲᠦᠭᠡᠮᠡᠯᠵᠢᠭᠦᠯᠦᠭᠰᠡᠨ ᠨᠣᠷᠮ᠎ᠠ 82 . 4 % ᠳᠤ ᠬᠥᠷᠪᠡ᠃ ᠵᠡᠮᠳᠡᠭ ᠬᠡᠦᠬᠡᠳ ᠤᠨ ᠡᠷᠡᠭᠦᠯᠵᠢᠯ ᠤᠨ | ᠲᠥᠪ᠂ ᠣᠶᠤᠨᠴᠢᠯᠠᠭᠰᠠᠨ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ ᠡᠭᠦᠳᠡᠨ ᠡᠮᠨᠡᠯᠭᠡ ᠵᠡᠷᠭᠡ ᠡᠷᠡᠭᠦᠯ | ᠬᠠᠮᠠᠭᠠᠯᠠᠯ ᠤᠨ ᠰᠠᠭᠤᠷᠢ ᠪᠡᠯᠡᠳᠬᠡᠮᠵᠢ ᠶᠢ ᠪᠠᠶᠢᠭᠤᠯᠵᠤ ᠳᠠᠭᠤᠰᠬᠠᠨ ᠠᠵᠢᠯᠯᠠᠭᠤᠯᠤᠨ᠎ᠠ᠃ ᠳᠤᠮᠳᠠᠳᠤ ᠤᠯᠤᠰ ᠤᠨ | ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠤᠨ ᠲᠤᠰᠠᠯᠠᠭᠰᠠᠨ ᠠᠩᠬᠠᠳᠠᠭᠴᠢ ᠨᠡᠭᠦᠳᠡᠯ ᠡᠮᠨᠡᠯᠭᠡ ᠶᠢᠨ ᠬᠤᠷᠢᠶ᠎ᠠ | ᠰᠢᠶᠤᠤ ᠲᠦᠩ ᠨᠡᠭᠦᠳᠡᠯ ᠣᠨᠣᠰᠢᠯᠠᠨ ᠡᠮᠨᠡᠬᠦ ᠲᠡᠷᠭᠡ ᠶᠢ ᠠᠰᠢᠭᠯᠠᠯᠲᠠ ᠳᠤ ᠣᠷᠣᠭᠤᠯᠵᠤ᠂ ᠡᠮ ᠡᠮᠨᠡᠯᠭᠡ ᠶᠢᠨ | ᠦᠢᠯᠡᠴᠢᠯᠡᠭᠡᠨ ᠤ ᠮᠠᠯᠴᠢᠨ ᠲᠠᠷᠢᠶᠠᠴᠢᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ᠪᠥᠬᠦ | ᠬᠤᠲᠠ ᠶᠢᠨ ᠠᠩᠬᠠᠳᠠᠭᠴᠢ ᠬᠤᠰᠢᠭᠤ ᠰᠢᠶᠠᠨ ᠤ ᠱᠠᠲᠤᠨ ᠤ ᠨᠠᠰᠤᠨ ᠳᠤ ᠥᠯᠥ ᠭᠦᠷᠦᠭᠰᠡᠳ ᠢ ᠠᠪᠤᠷᠠᠨ | ᠲᠤᠰᠠᠯᠠᠵᠤ ᠬᠠᠮᠠᠭᠠᠯᠠᠬᠤ ᠲᠥᠪ ᠢ ᠪᠠᠶᠢᠭᠤᠯᠤᠨ ᠳᠠᠭᠤᠰᠬᠠᠪᠠ᠃ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ | ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠵᠦ᠂ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠪᠥᠬᠦ ᠬᠤᠲᠠ ᠶᠢᠨ ᠴᠣᠷ ᠤᠨ ᠭᠠᠭᠴᠠ ᠪᠥᠬᠦ ᠤᠯᠤᠰ ᠤᠨ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ ᠢᠶᠠᠷ ᠲᠣᠭᠲᠠᠭᠠᠭᠳᠠᠪᠠ᠃ ᠴᠢ ᠲᠠᠢ | ᠪᠠᠯᠭᠠᠰᠤᠨ ᠤ ᠰᠢᠶᠠᠩ ᠾᠧ ᠨᠡᠶᠢᠭᠡᠮ ᠲᠣᠭᠤᠷᠢᠭ ᠪᠠ ᠼᠠᠢ ᠴᠠᠩ ᠨᠡᠶᠢᠭᠡᠮ ᠲᠣᠭᠤᠷᠢᠭ ᠨᠢ ᠲᠣᠰ ᠲᠣᠰ ᠪᠥᠬᠦ | ᠤᠯᠤᠰ ᠤᠨ ᠲᠦᠷᠦᠭᠦᠦ ᠪᠦᠯᠦᠭ ᠤᠨ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠤᠨ ᠨᠥᠬᠦᠷᠰᠡᠭ | ᠬᠡᠯᠪᠡᠷᠢ ᠶᠢᠨ ᠨᠡᠶᠢᠭᠡᠮ ᠲᠣᠭᠤᠷᠢᠭ ᠪᠠ ᠤᠯᠤᠰ ᠤᠨ ᠲᠠᠰ ᠤᠨ ᠭᠦᠢᠴᠡᠳᠠᠵᠢᠯ ᠣᠯᠭᠤᠯᠲᠠ ᠶᠢᠨ ᠨᠡᠶᠢᠭᠡᠮ | ᠲᠣᠭᠤᠷᠢᠭ ᠢᠶᠠᠷ ᠨᠡᠷᠡᠶᠢᠳᠦᠭᠳᠡᠪᠡ᠃ ᠨᠡᠶᠢᠭᠡᠮ ᠤᠨ ᠪᠠᠲᠤᠯᠠᠭ᠎ᠠ ᠶᠢ ᠥᠷᠭᠡᠨ ᠢᠶᠠᠷ ᠪᠦᠷᠬᠦᠭᠦᠯᠪᠡ᠃ ᠬᠤᠳᠠ | ᠪᠠᠯᠭᠠᠰᠤᠨ ᠳᠤ 4485 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ | ᠬᠦᠴᠦᠨ ᠢ 1776 ᠲᠦᠮᠡᠨ ᠬᠥᠮᠦᠨ ᠢ ᠰᠢᠯᠵᠢᠭᠦᠯᠦᠨ ᠠᠵᠢᠯ ᠣᠯᠭᠤᠵᠤ᠂ ᠬᠤᠳᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 45 % ᠶᠢᠨ ᠳᠣᠲᠣᠷ᠎ᠠ ᠬᠢᠵᠠᠭᠠᠷᠯᠠᠪᠠ᠃ ᠨᠡᠶᠢᠭᠡᠮ ᠤᠨ | ᠨᠠᠰᠤᠵᠢᠯ ᠤᠨ ᠳᠠᠭᠠᠳᠬᠠᠯ ᠪᠠ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠦᠷᠬᠦᠴᠡ ᠶᠢᠨ ᠨᠣᠷᠮ᠎ᠠ ᠴᠥᠮ | 97 % ᠳᠤ ᠬᠦᠷᠴᠦ᠂ ᠪᠠᠲᠤᠯᠠᠭ᠎ᠠ ᠶᠢᠨ ᠪᠠᠷᠢᠮᠵᠢᠶ᠎ᠠ ᠵᠢᠯ ᠳᠠᠷᠠᠭᠠᠯᠠᠨ ᠳᠡᠭᠡᠭᠰᠢᠯᠡᠪᠡ᠃ ᠰᠢᠶᠠᠨ ᠤ ᠡᠮᠨᠡᠯᠭᠡ ᠶᠢᠨ | ᠬᠤᠷᠢᠶ᠎ᠠ ᠡᠩ ᠲᠡᠷᠢᠭᠦᠨ ᠳᠤ ᠡᠮ ᠡᠮᠨᠡᠯᠭᠡ ᠶᠢᠨ ᠳᠠᠭᠠᠳᠬᠠᠯ ᠤᠨ ᠮᠤᠵᠢ ᠠᠯᠤᠰᠯᠠᠨ ᠤᠨᠳᠤᠤ ᠭᠠᠵᠠᠷ ᠲᠤ | ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠶᠢ ᠨᠡᠪᠲᠡᠷᠡᠭᠦᠯᠵᠦ᠂ ᠣᠯᠠᠨ ᠲᠦᠮᠡᠨ ᠤ ᠣᠶᠢᠷ᠎ᠠ | ᠬᠠᠪᠢ ᠳᠠᠭᠠᠨ ᠡᠪᠡᠳᠴᠢᠨ ᠦᠵᠡᠭᠦᠯᠵᠦ ᠡᠮ ᠬᠡᠷᠡᠭᠯᠡᠬᠦ ᠳᠤ ᠤᠯᠠᠮ ᠨᠢᠭᠡ ᠠᠯᠬᠤᠮ ᠲᠥᠬᠦᠮ ᠦᠵᠡᠭᠦᠯᠪᠡ᠃ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ | ᠲᠣᠭᠲᠠᠴᠠ ᠶᠢ ᠪᠠᠶᠢᠭᠤᠯᠪᠠ᠃ 7 ᠡᠮᠴᠢ ᠰᠤᠪᠢᠯᠠᠭᠴᠢ ᠦᠬᠠᠨ ᠳᠤ ᠰᠥᠷᠥᠨ ᠶᠠᠪᠤᠵᠤ᠂ ᠳᠤᠮᠳᠠᠳᠤ ᠤᠯᠤᠰ ᠤᠨ | ᠡᠮᠨᠡᠯᠭᠡ ᠶᠢᠨ ᠬᠤᠷᠢᠶᠠᠨ ᠤ ᠨᠡᠶᠢᠭᠡᠮᠯᠢᠭ ᠲᠤ ︽ᠳᠤᠮᠳᠠᠳᠤ ᠤᠯᠤᠰ ᠤᠨ ᠡᠮᠨᠡᠯᠭᠡ ᠶᠢᠨ ᠬᠤᠷᠢᠶᠠᠨ ᠤ ᠰᠢᠨᠵᠢᠯᠡᠬᠦ | ᠤᠬᠠᠭᠠᠨᠴᠢ ᠪᠠᠷ ᠬᠢᠵᠢᠭ ᠲᠠᠢ ᠲᠡᠮᠡᠴᠡᠬᠦ ᠲᠡᠷᠢᠭᠦᠨ ᠤ ᠪᠠᠲᠤᠯᠠᠭ᠎ᠠ ᠶᠢᠨ ᠪᠦᠯᠬᠦᠮ︾ ᠢᠶᠠᠷ ᠦᠨᠡᠯᠡᠭᠳᠡᠪᠡ᠃ | ᠶᠡᠷᠦᠩᠬᠡᠶᠢᠯᠡᠭᠰᠡᠨ ᠴᠢᠨᠠᠷᠲᠠᠶ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠢᠳᠡᠪᠬᠢᠲᠡᠶ ᠠᠪᠤᠭᠰᠠᠨ ᠠᠴᠠ ᠬᠥᠮᠦᠨ ᠤ | ᠬᠤᠭᠤᠷᠣᠨᠳᠣ ᠬᠤᠯᠤᠭᠠᠨ᠎ᠠ ᠶᠢᠨ ᠬᠢᠵᠢᠭ ᠤᠨ ᠪᠠᠶᠢᠳᠠᠯ ︽ᠲᠡᠭ︾ ᠭᠠᠷᠪᠠ᠃ | ᠪᠢᠳᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠂ ᠰᠤᠷᠲᠠᠯ ᠢᠶᠠᠨ ᠰᠠᠶᠢᠵᠢᠷᠠᠭᠤᠯᠵᠤ᠂ ᠵᠠᠰᠠᠭ ᠤᠨ | ᠣᠷᠳᠣᠨ ᠤ ᠦᠷ᠎ᠡ ᠪᠦᠲᠦᠮᠵᠢ ᠲᠠᠰᠤᠷᠠᠯᠲᠠ ᠥᠬᠡᠶ ᠳᠡᠭᠡᠭᠰᠢᠯᠡᠪᠡ᠃ ᠠᠷᠠᠳ ᠤᠨ ᠲᠥᠯᠥᠭᠡ ᠠᠵᠢᠯᠴᠢ | ᠬᠢᠴᠢᠶᠡᠩᠭᠦᠶ ᠪᠠᠷ ᠵᠠᠰᠠᠭ ᠪᠠᠷᠢᠬᠤ ᠣᠨᠣᠯᠵᠢᠬᠤᠨ ᠢ ᠢᠮᠠᠭᠲᠠ ᠪᠠᠷᠢᠮᠲᠠᠯᠠᠵᠤ᠂ ︽ᠬᠤᠶᠠᠷ ᠢ ᠰᠤᠷᠤᠯᠴᠠᠵᠤ ᠬᠢᠷᠢ | ᠲᠡᠩᠴᠡᠭᠰᠡᠨ ᠨᠠᠮ ᠤᠨ ᠭᠡᠰᠢᠭᠦᠨ ᠪᠣᠯᠬᠤ︾ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠶ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ | ᠬᠡᠷᠡᠭᠲᠡᠶ᠃ ᠬᠠᠤᠯᠢ ᠶᠣᠰᠣᠭᠠᠷ ᠰᠢᠢᠳᠪᠦᠷᠢᠳᠦ ᠪᠤᠳᠤᠯᠭ᠎ᠠ ᠲᠣᠭᠲᠠᠭᠠᠬᠤ᠂ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ | ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ | ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠪᠠ ᠰᠢᠶᠠᠨ ᠤ ᠳᠠᠷᠤᠭ᠎ᠠ ᠶᠢᠨ ᠵᠠᠬᠢᠳᠠᠯ ᠤᠨ ᠬᠠᠶᠢᠷᠴᠠᠭ ᠤᠨ ᠰᠦᠯᠵᠢᠶᠡᠨ | ᠢᠷᠭᠡᠳ ᠤᠨ ᠦᠭᠡ ᠦᠯᠡᠳᠡᠭᠡᠭᠰᠡᠨ ᠬᠠᠷᠢᠭᠤᠯᠲᠠ ᠥᠭᠭᠦᠭᠰᠡᠨ ᠨᠤᠷᠮ᠎ᠠ ᠴᠥᠮ 100 % ᠳᠤ ᠬᠦᠷᠴᠡᠢ᠃ | ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ | ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠵᠠᠰᠠᠭ ᠤᠨ ᠣᠷᠳᠣᠨ ᠤ | ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ᠂ ᠬᠢᠨᠠᠨ ᠪᠣᠳᠣᠵᠤ ᠬᠢᠨᠠᠯᠲᠠ ᠲᠠᠯᠪᠢᠬᠤ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ︽ᠠᠯᠵᠠᠭᠤ ᠵᠠᠯᠬᠠᠭᠤ ᠰᠤᠯᠠ ᠵᠠᠳᠠᠭᠠᠢ᠂ | ᠬᠤᠶᠢᠰᠢᠯᠠᠭᠤᠯᠵᠤ ᠬᠤᠶᠢᠰᠢᠯᠠᠭᠤᠯᠬᠤ᠂ ᠬᠤᠶᠢᠷᠭᠤᠰᠢᠨ ᠬᠤᠶᠢᠷᠭᠤᠰᠢᠬᠤ︾ ᠦᠵᠡᠭᠳᠡᠯ ᠢ ᠡᠷᠡᠰ ᠴᠡᠭᠴᠡᠯᠡᠨ ᠵᠠᠰᠠᠵᠤ᠂ | ᠵᠠᠰᠠᠭ ᠤᠨ ᠰᠤᠷᠲᠠᠯ ᠠᠵᠢᠯ ᠲᠥᠷᠥᠯ ᠤᠨ ᠰᠤᠷᠲᠠᠯ ᠢ ᠤᠯᠠᠮ ᠨᠢᠭᠡ ᠠᠯᠬᠤᠮ ᠬᠤᠪᠢᠷᠠᠭᠤᠯᠤᠨ᠎ᠠ᠃ ᠨᠡᠶᠢᠭᠡᠮ ᠤᠨ | ᠵᠠᠰᠠᠯᠲᠠ ᠪᠦᠬᠦ ᠲᠠᠯ᠎ᠠ ᠪᠠᠷ ᠳᠡᠭᠡᠭᠰᠢᠯᠡᠵᠦ᠂ ᠠᠮᠤᠭᠤᠯᠠᠩ ᠱᠠᠩᠳᠤ ᠶᠢᠨ ᠪᠠᠶᠢᠭᠤᠯᠤᠯᠲᠠ ᠭᠦᠨᠵᠡᠭᠡᠢ ᠥᠷᠨᠢᠪᠡ᠃ ᠪᠥᠬᠦ | ᠠᠵᠢᠯ ᠲᠥᠷᠥᠯ ᠪᠥᠬᠦ ᠬᠦᠷᠢᠶᠡᠨ ᠤ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠠᠵᠢᠯ ᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠶᠢ ︽ᠲᠡᠭ︾ ᠨᠡᠮᠡᠭᠳᠡᠭᠦᠯᠬᠦ᠂ | ᠨᠢᠭᠡᠴᠢ GDP ᠶᠢᠨ ᠡᠨᠧᠷᠭᠢ ᠶᠢᠨ ᠬᠤᠷᠣᠭᠳᠠᠯ ᠢ 14 . 24 % ᠪᠠᠭᠤᠷᠠᠭᠤᠯᠬᠤ ᠶᠢ ᠪᠡᠶᠡᠯᠡᠭᠦᠯᠪᠡ᠃ | ᠡᠭᠦᠨ ᠠᠴᠠ ᠭᠠᠳᠠᠨ᠎ᠠ᠂ ᠠᠷᠠᠳ ᠤᠨ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠵᠦ ᠬᠠᠷᠠᠭᠠᠯᠵᠠᠬᠤ᠂ ᠴᠡᠷᠢᠭ ᠠᠴᠠ | ᠬᠠᠯᠠᠭᠳᠠᠭᠰᠠᠳ ᠤᠨ ᠶᠠᠪᠤᠳᠠᠯ᠂ ᠰᠣᠨᠢᠨ ᠮᠡᠳᠡᠭᠡ ᠷᠠᠳᠢᠣ᠋ ᠲᠧᠯᠸᠢᠰ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ | ᠂ ᠦᠨᠳᠦᠰᠦᠲᠡᠨ ᠱᠠᠰᠢᠨ ᠰᠤᠷᠲᠠᠬᠤᠨ᠂ ᠲᠡᠦᠬᠡ ᠣᠶᠢᠯᠠᠯᠭ᠎ᠠ ᠶᠢᠨ ᠲᠠᠩᠰᠠ ᠡᠪᠬᠡᠮᠡᠯ᠂ ᠠᠷᠠᠳ ᠤᠨ ᠠᠭᠠᠷ ᠤᠨ | ᠰᠡᠷᠭᠡᠶᠢᠯᠡᠯᠲᠡ᠂ ᠴᠠᠭ ᠠᠭᠤᠷ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠤᠯᠠᠭᠠᠨ | ᠵᠠᠭᠠᠯᠮᠠᠶᠢᠲᠠᠨ ᠤ ᠦᠢᠯᠡᠰ᠂ ᠡᠮᠡᠭᠲᠡᠶᠢᠴᠦᠳ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠵᠡᠷᠭᠡ ᠠᠵᠢᠯ ᠰᠢᠨ᠎ᠡ | ᠳᠠᠪᠰᠢᠯᠲᠠ ᠲᠠᠢ ᠪᠣᠯᠪᠠ᠃ | ᠲᠥᠯᠥᠭᠡᠯᠡᠭᠴᠢᠳ ᠡ︕ ᠳᠥᠷᠪᠡᠨ ᠵᠢᠯ ᠤᠨ ᠲᠡᠮᠡᠴᠡᠯ ᠤᠨ ᠥᠩᠭᠡᠷᠡᠯᠲᠡ ᠪᠠᠨ ᠡᠷᠭᠢᠴᠡᠭᠦᠯᠬᠦᠶ᠎ᠡ᠂ ᠪᠢᠳᠡ | ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ᠂ ᠵᠠᠮ ᠨᠡᠭᠡᠭᠡᠨ ᠰᠢᠨ᠎ᠡ ᠶᠢ | ᠡᠭᠦᠳᠬᠦ ᠳᠡᠭᠡᠨ ᠠᠯᠤᠰ ᠬᠡᠲᠦ ᠳᠤ ᠬᠤᠯᠪᠣᠭᠳᠠᠬᠤ ᠨᠢᠭᠡ ᠪᠦᠯᠦᠭ ᠶᠡᠭᠡ ᠶᠠᠪᠤᠳᠠᠯ ᠢ ᠲᠥᠯᠥᠪᠯᠡᠵᠦ᠂ ᠬᠥᠭᠵᠢᠯᠲᠡ ᠶᠢ | ᠠᠬᠢᠭᠤᠯᠬᠤ ᠨᠢᠭᠡ ᠪᠦᠯᠦᠭ ᠴᠢᠬᠤᠯᠠ ᠶᠠᠪᠤᠳᠠᠯ ᠢ ᠪᠣᠳᠠᠲᠠᠶ ᠠᠳᠬᠤᠵᠤ᠂ ᠠᠷᠠᠳ ᠲᠤ ᠠᠰᠢᠭ ᠬᠦᠷᠲᠡᠭᠡᠬᠦ ᠨᠢᠭᠡ | ᠪᠦᠯᠦᠭ ᠰᠠᠶᠢᠨ ᠶᠠᠪᠤᠳᠠᠯ ᠢ ᠪᠦᠲᠦᠭᠡᠵᠡᠶ᠃ ᠡᠳᠡᠭᠡᠷ ᠠᠮᠵᠢᠯᠲᠠ ᠶᠢ ᠣᠯᠤᠭᠰᠠᠨ ᠶᠠᠪᠤᠳᠠᠯ ᠪᠣᠯ ᠳᠡᠭᠡᠳᠦ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠡᠷᠡᠰ ᠴᠢᠩᠭ᠎ᠠ | ᠤᠳᠤᠷᠢᠳᠤᠭᠰᠠᠨ ᠤ ᠦᠷ᠎ᠡ ᠳ᠋ᠦᠩ ᠮᠥᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠦᠵᠡᠭᠦᠯᠦᠭᠰᠡᠨ ᠤ ᠦᠷ᠎ᠡ ᠳ᠋ᠦᠩ ᠮᠥᠨ᠂ ᠨᠡᠩ | ᠴᠤ ᠪᠦᠬᠦ ᠰᠢᠶᠠᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ | ᠠᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠥᠬᠦ ᠰᠢᠶᠠᠨ ᠤ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳ ᠤᠨ ᠪᠦᠯᠬᠦᠮ᠂ ᠨᠡᠶᠢᠭᠡᠮ ᠤᠨ | ᠡᠯ᠎ᠡ ᠡᠲᠡᠭᠡᠳ ᠤᠨ ᠬᠥᠮᠦᠰ᠂ ᠱᠠᠩᠳᠤ ᠶᠢᠨ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ | ᠤᠳᠤᠷᠢᠳᠤᠯᠭ᠎ᠠ᠂ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠ | ᠮᠥᠨ ᠬᠦ ᠴᠥᠭᠡᠨ ᠪᠤᠰᠤ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ | ᠤᠯᠪᠠ᠂ ᠭᠤᠤᠯᠳᠠᠭᠤ᠄ ᠠᠮᠢ ᠠᠬᠤᠶ ᠶᠢᠨ ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ᠂ ᠴᠠᠭᠠᠨᠨᠠᠭᠤᠷ ᠢ | ᠶᠡᠷᠦᠩᠬᠡᠶᠢᠯᠡᠨ ᠵᠠᠰᠠᠬᠤ ᠡᠭᠦᠷᠭᠡ ᠬᠠᠲᠠᠭᠤ ᠪᠡᠷᠬᠡ ᠪᠠᠶᠢᠨ᠎ᠠ︔ ᠬᠥᠭᠵᠢᠯᠲᠡ ᠶᠢᠨ ᠠᠷᠭ᠎ᠠ ᠬᠡᠯᠪᠡᠷᠢ ᠶᠡᠷᠦᠩᠬᠡᠢ ᠳᠡᠭᠡᠨ | ᠪᠦᠳᠦᠭᠦᠯᠢᠭ᠂ ᠠᠵᠤ ᠦᠢᠯᠡᠰ ᠤᠨ ᠪᠦᠲᠦᠴᠡ ᠬᠠᠷᠢᠴᠠᠩᠭᠤᠢ ᠳᠠᠩ ᠴᠤᠯᠭᠤᠢ︔ ᠲᠠᠷᠢᠶᠠᠯᠠᠩ ᠤᠨ ᠰᠠᠭᠤᠷᠢ ᠨᠢᠮᠭᠡᠨ | ᠂ ᠲᠠᠷᠢᠶᠠᠯᠠᠩ ᠤᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠥᠨᠳᠥᠷ ᠪᠢᠰᠢ︔ ᠠᠷᠠᠳ ᠤᠨ ᠠᠮᠢᠳᠤᠷᠠᠯ ᠤᠨ | ᠪᠠᠲᠤᠯᠠᠭ᠎ᠠ ᠪᠠ ᠤᠯᠠᠨ ᠨᠡᠶᠢᠲᠡ ᠶᠢᠨ ᠦᠢᠯᠡᠴᠢᠯᠡᠭᠡ ᠳᠤ ᠮᠠᠰᠢ ᠤᠯᠠᠨ ᠳᠤᠲᠠᠭᠤᠳᠠᠯ ᠣᠷᠣᠰᠢᠵᠤ ᠪᠠᠶᠢᠬᠤ ᠵᠡᠷᠭᠡ | ᠪᠣᠯᠤᠨ᠎ᠠ᠃ ᠡᠳᠡᠭᠡᠷ ᠠᠰᠠᠭᠤᠳᠠᠯ ᠳᠤ ᠪᠢᠳᠡ ᠵᠠᠪᠠᠯ ᠨᠠᠷᠢᠨ ᠬᠢᠨᠠᠮᠠᠭᠠᠢ ᠬᠠᠨᠳᠤᠵᠤ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠨ ᠬᠤᠶᠢᠰᠢ ᠤᠬᠤᠷᠢᠬᠤ ᠦᠭᠡᠢ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠷᠠᠳ ᠲᠦᠮᠡᠨ ᠳᠤ | ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ᠂ | ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠬᠥᠭᠵᠢᠯᠲᠡ ᠶᠢ ᠠᠳᠬᠤᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠣᠭᠲᠠᠭᠤᠨ ᠢ ᠪᠠᠲᠤᠯᠠᠬᠤ ᠴᠢᠳᠠᠪᠤᠷᠢ ᠲᠦᠪᠰᠢᠨ ᠢᠶᠠᠨ ᠦᠨᠡᠨ ᠬᠦ | ᠳᠡᠭᠡᠭᠰᠢᠯᠡᠭᠦᠯᠵᠦ᠂ ᠪᠦᠬᠦ ᠰᠢᠶᠠᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ | ᠦᠭᠡᠢ︕ | ᠬᠤᠶᠠᠷ᠂ ᠢᠷᠡᠭᠡᠳᠦᠢ ᠶᠢᠨ ᠲᠠᠪᠤᠨ ᠵᠢᠯ ᠤᠨ ᠶᠡᠷᠦᠩᠬᠡᠢ ᠰᠡᠳᠬᠢᠮᠵᠢ ᠪᠠ ᠬᠠᠷᠠᠯᠲᠠ ᠡᠭᠦᠷᠭᠡ | ᠢᠷᠡᠭᠡᠳᠦᠢ ᠶᠢᠨ ᠲᠠᠪᠤᠨ ᠵᠢᠯ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ | ᠤᠷᠤᠭᠰᠢᠯᠠᠬᠤ ᠲᠠᠪᠤᠨ ᠵᠢᠯ ᠪᠣᠯᠤᠨ᠎ᠠ᠂ ᠮᠥᠨ ᠴᠦ ᠱᠠᠩᠳᠤ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ | ᠴᠢᠬᠤᠯᠠ ᠴᠠᠭ ᠬᠤᠭᠤᠴᠠᠭ᠎ᠠ ᠪᠣᠯᠤᠨ᠎ᠠ᠃ ᠢᠷᠡᠭᠡᠳᠦᠢ ᠶᠢᠨ ᠲᠠᠪᠤᠨ ᠵᠢᠯ ᠤᠨ ᠠᠵᠢᠯ ᠢ ᠰᠠᠶᠢᠲᠤᠷ ᠬᠢᠬᠦ ᠳᠤ | ᠬᠠᠷᠢᠭᠤᠴᠠᠯᠭ᠎ᠠ ᠬᠦᠨᠳᠦ ᠶᠡᠭᠡ᠂ ᠠᠴᠢ ᠬᠤᠯᠪᠣᠭᠳᠠᠯ ᠭᠦᠨ ᠭᠦᠨᠵᠡᠭᠡᠢ ᠶᠤᠮ᠃ | ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠶᠡᠷᠦᠩᠬᠡᠢ ᠰᠡᠳᠬᠢᠮᠵᠢ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠨ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ | ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠶ᠎ᠠ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠂ ᠥᠪᠡᠷᠲᠡᠭᠡᠨ ᠵᠠᠰᠠᠬᠤ ᠣᠷᠣᠨ ᠤ ︽ᠬᠤᠶᠠᠷ | ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠎ᠡ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠶ᠎ᠠ᠂ ᠯᠠᠪᠳᠠᠭᠤᠨ ᠪᠠᠶᠢᠬᠤ ᠶᠢ ᠪᠠᠷᠢᠮᠲᠠᠯᠠᠬᠤ᠂ ᠲᠣᠭᠲᠠᠭᠤᠨ ᠤ | ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ᠂ ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠳᠤ ᠢᠳᠡᠪᠬᠢᠲᠡᠶ ᠠᠭᠤᠰᠤᠯᠴᠠᠪᠠ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠠᠳᠬᠤᠨ᠎ᠠ᠂ | ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ᠂ ᠡᠨᠧᠷᠭᠢ ᠶᠢᠨ ᠬᠤᠷᠣᠭᠳᠠᠯ ᠤᠨ ︽ᠬᠤᠶᠠᠷ ᠢ | ᠬᠢᠵᠠᠭᠠᠷᠯᠠᠬᠤ︾ ᠭᠤᠷᠪᠠᠨ ᠵᠦᠶ᠋ᠯ ᠤᠨ ᠭᠤᠤᠯᠳᠠᠯᠭ᠎ᠠ ᠲᠠᠢ ᠡᠭᠦᠷᠭᠡ᠂ ᠰᠢᠨ᠎ᠡ ᠡᠨᠧᠷᠭᠢ ᠶᠢ ᠡᠵᠡᠮᠳᠡᠨ ᠬᠡᠪᠴᠢᠶ᠎ᠡ ᠶᠢ | ᠥᠷᠭᠡᠳᠬᠡᠵᠦ ᠰᠠᠭᠤᠷᠢ ᠶᠢ ᠴᠢᠩᠭᠠᠳᠬᠠᠨ᠎ᠠ᠂ ᠰᠢᠨ᠎ᠡ ᠮᠠᠲ᠋ᠧᠷᠢᠶᠠᠯ ᠢ ᠥᠭᠡᠷᠡᠴᠢᠯᠡᠨ ᠳᠡᠭᠡᠭᠰᠢᠯᠡᠭᠦᠯᠵᠦ᠂ ᠭᠤᠷᠪᠠᠨ | ᠠᠵᠤ ᠦᠢᠯᠡᠰ ᠤᠨ ᠳᠡᠰ ᠳᠡᠪᠰᠢᠬᠦ ᠬᠡᠯᠬᠢᠶ᠎ᠡ ᠶᠢ ᠤᠷᠲᠤᠳᠬᠠᠬᠤ ︽ᠭᠤᠷᠪᠠᠨ ᠵᠠᠩᠭᠢᠯᠠᠭ᠎ᠠ︾᠂ ᠠᠮᠢ ᠠᠬᠤᠶ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ | ᠱᠠᠩᠳᠤ ᠶᠢᠨ ᠰᠢᠨ᠎ᠡ ᠠᠶᠠᠨ ᠢ ᠡᠬᠢᠯᠡᠭᠦᠯᠦᠨ᠎ᠡ᠃ | ᠭᠤᠣᠯ ᠲᠡᠮᠡᠴᠡᠬᠦ ᠬᠠᠷᠠᠯᠲᠠ ᠪᠣᠯ᠄ ᠭᠤᠣᠯ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ | ᠬᠡᠮᠵᠢᠶ᠎ᠡ ᠶᠢ ᠪᠦᠬᠦ ᠬᠤᠲᠠ ᠶᠢᠨ ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠠᠢᠯᠭᠠᠵᠤ᠂ ᠡᠯ᠎ᠡ ᠵᠦᠢᠯ ᠤᠨ | ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢ ᠪᠦᠬᠦ ᠬᠤᠲᠠ ᠶᠢᠨ ᠱᠠᠭᠠᠷᠳᠠᠯᠭ᠎ᠠ ᠳᠤ ᠬᠦᠷᠭᠡᠨ᠎ᠡ᠃ | ᠠᠵᠢᠯ ᠤᠨ ᠭᠤᠣᠯ ᠡᠭᠦᠷᠭᠡ ᠪᠣᠯ᠄ | ︵ᠨᠢᠭᠡ︶ ᠠᠮᠢ ᠠᠬᠤᠢ ᠶᠢᠨ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠣᠬᠢᠷᠲᠤᠯ ᠦᠭᠡᠢ | ᠬᠥᠭᠵᠢᠯᠲᠡ ᠶᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ | ᠪᠠᠬᠢᠵᠢᠭᠦᠯᠦᠨ᠎ᠡ᠃ ᠴᠠᠭᠠᠨᠨᠠᠭᠤᠷ ᠢ ᠡᠷᠡᠰ ᠬᠦᠴᠦᠲᠡᠢ ᠰᠠᠶᠢᠲᠤᠷ ᠵᠠᠰᠠᠵᠤ᠂ ᠰᠠᠶᠢᠲᠤᠷ ᠬᠠᠮᠠᠭᠠᠯᠠᠵᠤ᠂ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠯᠲᠠ ᠶᠢᠨ ᠠᠵᠢᠯ ᠢ ᠯᠠᠪᠳᠠᠭᠤᠨ | ᠬᠦᠴᠦᠲᠡᠢ ᠠᠬᠢᠭᠤᠯᠵᠤ᠂ 2025 ᠤᠨ ᠪᠣᠯᠬᠤ ᠳᠤ᠂ ᠥᠨᠳᠥᠷ ᠪᠦᠲᠦᠮᠵᠢᠲᠡᠢ ᠤᠰᠤ ᠠᠷᠪᠢᠯᠠᠬᠤ ᠲᠠᠷᠢᠶᠠᠯᠠᠩ᠂ | ᠬᠠᠭᠤᠷᠠᠢ ᠪᠠᠷ ᠲᠠᠷᠢᠵᠤ ᠪᠣᠷᠣᠭᠠᠨ ᠢᠶᠠᠷ ᠲᠡᠵᠢᠭᠡᠬᠦ ᠲᠠᠷᠢᠶᠠᠯᠠᠩ᠂ ᠡᠪᠡᠰᠦᠨ ᠲᠡᠵᠢᠭᠡᠯᠲᠦ ᠮᠠᠯ ᠠᠵᠤ ᠠᠬᠤᠢ ᠶᠢᠨ | ᠬᠥᠭᠵᠢᠯᠲᠡ ᠶᠢᠨ ᠲᠦᠪᠰᠢᠨ ᠢ ᠢᠯᠡᠳᠲᠡ ᠳᠡᠭᠡᠭᠰᠢᠯᠡᠭᠦᠯᠬᠦ ᠶᠢ ᠪᠠᠲᠤᠯᠠᠵᠤ᠂ ᠴᠠᠭᠠᠨᠨᠠᠭᠤᠷ ᠤᠨ ᠰᠠᠪᠠ ᠭᠠᠵᠠᠷ ᠤᠨ | ᠠᠮᠢ ᠠᠬᠤᠢ ᠣᠷᠴᠢᠨ ᠲᠣᠭᠤᠷᠢᠨ ᠲᠣᠭᠲᠠᠭᠤᠨ ᠢᠶᠠᠷ ᠰᠠᠶᠢᠵᠢᠷᠠᠵᠤ᠂ ᠨᠤᠭᠤ ᠭᠠᠵᠠᠷ ᠤᠨ ᠠᠮᠢ ᠠᠬᠤᠢ ᠶᠢᠨ | ᠰᠢᠰᠲ᠋ᠧᠮ ᠤᠨ ᠲᠣᠭᠲᠠᠪᠤᠷᠢᠲᠤ ᠴᠢᠨᠠᠷ ᠢ ᠤᠯᠠᠮ ᠴᠢᠨᠠᠭᠰᠢᠳᠠ ᠴᠢᠩᠭᠠᠳᠬᠠᠨ᠎ᠠ᠃ ᠲᠠᠷᠢᠶᠠᠯᠠᠬᠤ ᠶᠢ ᠵᠣᠭᠰᠣᠭᠠᠵᠤ | ᠡᠪᠡᠰᠦ ᠲᠠᠷᠢᠬᠤ᠂ ᠥᠨᠵᠢᠭᠦᠯᠦᠨ ᠲᠠᠷᠢᠬᠤ ᠡᠪᠡᠰᠦ ᠲᠠᠷᠢᠬᠤ᠂ ᠮᠠᠭᠤᠵᠢᠷᠠᠭᠰᠠᠨ ᠣᠢ ᠮᠣᠳᠣ ᠶᠢ ᠰᠡᠷᠭᠦᠭᠡᠬᠦ ᠵᠡᠷᠭᠡ | ᠢᠨᠵᠧᠨᠧᠷᠢᠩ ᠢ ᠨᠢᠭᠡᠳᠦᠯᠲᠡᠢ ᠳᠤ ᠲᠥᠯᠥᠪᠯᠡᠨ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠲᠠᠯᠠᠪᠠᠢ ᠪᠠ ᠣᠶᠢᠲᠤ | ᠭᠠᠵᠠᠷ ᠤᠨ ᠲᠠᠯᠠᠪᠠᠢ ᠶᠢ ᠲᠣᠰ ᠲᠣᠰ 230 . 6 ᠲᠦᠮᠡᠨ ᠮᠤ᠋ ᠪᠠ 117 . 8 ᠲᠦᠮᠡᠨ ᠮᠤ᠋ ᠳᠤ ᠪᠠᠶᠢᠯᠭᠠᠪᠠ᠃ | ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠨᠡᠨ ᠬᠦ ᠴᠢᠩᠭᠠᠳᠬᠠᠵᠤ᠂ ᠠᠭᠠᠷ ᠤᠨ ᠰᠢᠯᠢᠳᠡᠭ ᠰᠠᠶᠢᠨ | ᠡᠳᠦᠷ ᠤᠨ ᠲᠤᠭ᠎ᠠ ᠶᠢᠨ ᠬᠠᠷᠢᠴᠠᠯ ᠢ 90 % ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠠᠭᠤᠷᠬᠠᠢ ᠶᠢᠨ | ᠵᠠᠰᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ᠵᠠᠳᠠᠭᠠᠢ ᠠᠭᠤᠷᠬᠠᠢ ᠶᠢᠨ ᠵᠠᠰᠠᠯᠲᠠ ᠶᠢᠨ ᠨᠣᠷᠮ᠎ᠠ ᠶᠢ 60 % ᠠᠴᠠ | ᠳᠡᠭᠡᠭᠰᠢ ᠳᠤ ᠬᠦᠷᠦᠭᠦᠯᠦᠨ᠎ᠡ᠃ ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠭᠤᠤᠯ᠂ ᠨᠠᠭᠤᠷ᠂ ᠴᠥᠭᠦᠷᠥᠮ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠠᠵᠠᠷ | ᠳᠤᠤᠷᠠᠬᠢ ᠤᠰᠤᠨ ᠤ ᠬᠠᠮᠢᠶᠠᠷᠤᠯᠲᠠ ᠶᠢ ᠴᠢᠩᠭᠠᠷᠠᠭᠤᠯᠵᠤ᠂ ᠤᠰᠤ ᠠᠪᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠶᠢ | ᠵᠢᠷᠤᠮᠵᠢᠭᠤᠯᠤᠨ᠎ᠠ᠃ ᠬᠤᠲᠠ ᠪᠠᠯᠭᠠᠰᠤᠨ ᠤ ᠤᠰᠤᠨ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ | ᠂ ᠬᠥᠳᠡᠭᠡ ᠲᠣᠰᠬᠤᠨ ᠤ ᠤᠰᠤᠨ ᠰᠤᠷᠪᠤᠯᠵᠢ ᠶᠢᠨ ᠭᠠᠵᠠᠷ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠬᠤ ᠬᠡᠷᠡᠭᠲᠡᠶ᠃ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠴᠢᠩᠭᠠᠳᠬᠠᠵᠤ᠂ ᠲᠠᠷᠢᠶᠠᠯᠠᠩ ᠤᠨ ︽ᠳᠥᠷᠪᠡ ᠶᠢ ᠡᠵᠡᠮᠳᠡᠬᠦ︾ ᠶᠢ ᠦᠷᠭᠦᠯᠵᠢᠯᠡᠨ ᠠᠬᠢᠭᠤᠯᠤᠨ᠎ᠠ᠃ | ︵ᠬᠤᠶᠠᠷ︶ ᠬᠤᠲᠠ ᠬᠥᠳᠡᠭᠡ ᠶᠢᠨ ᠵᠣᠬᠢᠴᠠᠭᠤᠯᠭ᠎ᠠ ᠶᠢ ᠳᠣᠪᠤᠶᠢᠯᠭᠠᠬᠤ ᠶᠢ ᠪᠠᠷᠢᠮᠲᠠᠯᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠵᠣᠯ | ᠵᠢᠷᠭᠠᠯ ᠤᠨ ᠵᠢᠭᠠᠯᠲᠠ ᠲᠤᠭ᠎ᠠ ᠶᠢ ᠦᠨᠡᠨᠬᠦ ᠳᠡᠭᠡᠭᠰᠢᠯᠡᠭᠦᠯᠦᠨ᠎ᠡ᠃ ᠪᠦᠬᠦ ᠰᠢᠶᠠᠨ ᠤ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠣᠰᠣᠭᠠᠷ᠂ ᠠᠶᠢᠯ ᠲᠣᠰᠬᠤᠨ ᠤ ᠲᠠᠷᠬᠠᠯᠲᠠ ᠪᠠ ᠲᠥᠪᠯᠡᠷᠡᠭᠰᠡᠨ | ᠣᠳᠣᠬᠢ ᠪᠠᠶᠢᠳᠠᠯ ᠲᠠᠢ ᠤᠶᠠᠯᠳᠤᠭᠤᠯᠤᠨ᠂ ︽ᠤᠯᠠᠨ ᠲᠥᠯᠥᠪᠵᠢᠭᠦᠯᠭᠡ ᠶᠢ ᠨᠢᠭᠡᠳᠬᠡᠭᠰᠡᠨ︾ ᠠᠶᠢᠯ ᠲᠣᠰᠬᠤᠨ ᠤ | ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠤᠳᠠ ᠬᠥᠳᠡᠭᠡ ᠶᠢᠨ ᠪᠦᠳᠦᠭᠡᠨ | ᠪᠠᠶᠢᠭᠤᠯᠤᠯᠲᠠ ᠶᠢ ᠲᠦᠷᠦᠯ ᠬᠤᠪᠢᠶᠠᠨ ᠡᠮᠬᠢ ᠵᠢᠷᠤᠮ ᠲᠠᠢ ᠠᠬᠢᠭᠤᠯᠵᠤ᠂ ᠬᠤᠳᠠ ᠬᠥᠳᠡᠭᠡ ᠶᠢᠨ ᠰᠠᠭᠤᠷᠢ | ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ | ᠃ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ᠂ ᠵᠠᠮ ᠤᠨ ᠪᠦᠲᠦᠭᠡᠨ ᠪᠠᠶᠢᠭᠤᠯᠤᠯᠲᠠ᠂ | ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠥᠭᠡᠷᠡᠴᠢᠯᠡᠯᠲᠡ᠂ ᠬᠠᠭᠤᠴᠢᠨ ᠬᠤᠭᠤᠯᠠᠶ ᠶᠢᠨ | ᠲᠣᠣᠷ ᠢ ᠰᠢᠨᠡᠳᠬᠡᠬᠦ ᠵᠡᠷᠭᠡ ᠭᠤᠣᠯᠳᠠᠯᠭ᠎ᠠ ᠲᠠᠢ ᠬᠤᠲᠠ ᠶᠢᠨ ᠶᠠᠪᠤᠳᠠᠯ ᠤᠨ ᠢᠨᠵᠧᠨᠧᠷᠢᠩ ᠢ ᠲᠣᠪᠤᠶᠢᠮ᠎ᠠ ᠰᠠᠶᠢᠲᠤᠷ | ᠠᠳᠬᠤᠨ᠎ᠠ᠃ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠶᠡᠬᠡᠪᠡᠷ ᠬᠡᠷᠡᠭᠵᠢᠭᠦᠯᠵᠦ᠂ | 2025 ᠤᠨ ᠪᠣᠯᠬᠤ ᠳᠤ᠂ 2005 ᠣᠨ ᠠᠴᠠ ᠡᠮᠦᠨ᠎ᠡ ᠪᠠᠶᠢᠭᠤᠯᠵᠤ ᠳᠠᠭᠤᠰᠬᠠᠭᠰᠠᠨ ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠨ ᠰᠢᠨᠡᠳᠬᠡᠨ᠎ᠡ᠃ ᠤᠯᠤᠰ ᠠᠴᠠ ᠴᠡᠴᠡᠷᠯᠢᠭᠵᠢᠭᠰᠡᠨ ᠰᠢᠶᠠᠨ ᠤ ᠬᠤᠲᠠ᠂ ᠤᠯᠤᠰ ᠠᠴᠠ | ᠢᠳᠡᠭᠡᠨ ᠤ ᠵᠦᠢᠯ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ᠂ ᠤᠯᠤᠰ ᠠᠴᠠ ᠦᠨᠳᠦᠰᠦᠲᠡᠨ ᠤ | ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ᠂ | ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯ ᠢ | ᠨᠢᠭᠡ ᠴᠣᠭᠴᠠᠵᠢᠭᠤᠯᠤᠨ ᠠᠬᠢᠭᠤᠯᠵᠤ᠂ ᠬᠤᠲᠠ ᠶᠢᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠵᠠᠮ᠂ ᠵᠢᠭᠤᠯᠴᠢᠯᠠᠯ ᠤᠨ ᠵᠠᠮ᠂ ᠠᠵᠤ ᠦᠢᠯᠡᠰ ᠤᠨ ᠵᠠᠮ ᠪᠠ ︽ | ᠳᠥᠷᠪᠡᠨ ᠰᠠᠶᠢᠨ︾ ᠬᠥᠳᠡᠭᠡ ᠲᠣᠰᠬᠤᠨ ᠤ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ︽ᠳᠥᠷᠪᠡ ᠶᠢ ᠲᠠᠶᠠᠭᠳᠠᠬᠤ ᠥᠬᠡᠶ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ | ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠪᠠᠶᠢᠳᠠᠯ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ | ᠬᠥᠳᠡᠭᠡ ᠲᠣᠰᠬᠤᠨ ᠤ ᠡᠬᠢ ᠪᠠᠶᠠᠯᠢᠭ ᠤᠨ ᠡᠯᠧᠮᠧᠨ᠋ᠲ ᠢ ᠭᠦᠨᠵᠡᠭᠡᠢ ᠠᠭᠤᠳᠠᠯᠵᠤ᠂ ᠣᠨᠴᠠᠯᠢᠭᠲᠤ ᠲᠠᠷᠢᠶᠠᠯᠠᠩ᠂ | ᠰᠡᠯᠡᠭᠦᠴᠡᠯ ᠤᠨ ᠲᠠᠷᠢᠶᠠᠯᠠᠩ᠂ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠢ ᠵᠣᠷᠢᠭᠵᠢᠭᠤᠯᠤᠨ ᠬᠥᠭᠵᠢᠭᠦᠯᠵᠦ | ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠲᠠᠷᠢᠶᠠᠴᠢᠳ ᠤᠨ ᠥᠪᠡᠷ ᠢ ᠪᠠᠨ | ᠬᠥᠭᠵᠢᠭᠦᠯᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠲᠠᠷᠢᠶᠠᠴᠢᠳ ᠤᠨ ᠪᠡᠶ᠎ᠡ ᠶᠢᠨ ᠭᠠᠷᠤᠯ ᠢ ᠠᠵᠢᠯ | ᠮᠡᠷᠭᠡᠵᠢᠯᠵᠢᠭᠦᠯᠬᠦ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠡᠭᠡ ᠣᠷᠣᠨᠴᠢ ᠦᠵᠡᠯ᠂ ᠨᠡᠶᠢᠲᠡᠴᠢ ᠦᠵᠡᠯ ᠪᠠ | ᠨᠡᠶᠢᠭᠡᠮ ᠵᠢᠷᠤᠮ ᠤᠨ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠩ ᠳᠠᠳᠬᠠᠯ ᠢ | ᠥᠭᠡᠷᠡᠴᠢᠯᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠶᠡᠭᠡ ᠪᠠᠷ ᠬᠢᠬᠦ᠂ ᠶᠣᠰᠣᠯᠠᠯ ᠢ ᠲᠠᠭᠠᠵᠦ ᠰᠠᠮᠠᠭᠤᠷᠠᠬᠤ᠂ | ᠪᠠᠭ᠎ᠠ ᠲᠡᠵᠢᠭᠡᠵᠦ ᠬᠦᠨᠳᠦ ᠪᠠᠷ ᠣᠷᠣᠰᠢᠭᠤᠯᠬᠤ᠂ ᠪᠦᠷᠢᠯᠭᠡᠨ ᠰᠦᠢᠳᠬᠡᠬᠦ ᠵᠡᠷᠭᠡ ᠭᠠᠵᠢᠭᠤ ᠰᠤᠷᠲᠠᠯ ᠪᠤᠯᠬᠢ | ᠳᠠᠳᠬᠠᠯ ᠢ ᠬᠤᠪᠢᠷᠠᠭᠤᠯᠤᠨ᠎ᠠ᠃ | ︵ᠭᠤᠷᠪᠠ︶ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠠᠷᠠᠯᠲᠠ ᠶᠢ ᠪᠠᠷᠢᠮᠲᠠᠯᠠᠵᠤ᠂ ᠠᠵᠤ | ᠦᠢᠯᠡᠰ ᠤᠨ ᠰᠢᠰᠲ᠋ᠧᠮᠵᠢ ᠶᠢ ᠰᠢᠯᠢᠳᠡᠭᠵᠢᠭᠦᠯᠦᠨ᠂ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠴᠢᠷᠮᠠᠶᠢᠨ | ᠰᠠᠶᠢᠲᠤᠷ ᠵᠠᠮᠨᠠᠨ᠎ᠠ᠃ ︽ᠬᠥᠷᠥᠰᠥ ᠰᠢᠷᠣᠶ ᠶᠢ ᠰᠢᠮᠡᠵᠢᠭᠦᠯᠬᠦ ᠢᠨᠵᠧᠨᠧᠷᠢᠩ︾ ᠢ ᠪᠥᠬᠦ ᠲᠠᠯ᠎ᠠ ᠪᠠᠷ ᠬᠡᠷᠡᠭᠵᠢᠭᠦᠯᠵᠦ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ | ᠂ 2025 ᠤᠨ ᠪᠣᠯᠬᠤ ᠳᠤ᠂ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ ᠶᠢ 90 % ᠠᠴᠠ ᠳᠡᠭᠡᠭᠰᠢ ᠳᠤ | ᠬᠦᠷᠦᠭᠦᠯᠬᠦ ᠪᠠᠷ ᠴᠢᠷᠮᠠᠶᠢᠨ᠎ᠠ᠃ ᠲᠥᠮᠥᠰᠥ ᠶᠢᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠢᠨᠵᠢᠯᠡᠬᠦ | ᠤᠬᠠᠭᠠᠨ ᠤ ᠰᠤᠳᠤᠯᠤᠯ ᠨᠡᠭᠡᠭᠡᠯᠲᠡ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠵᠢᠱᠢᠶ᠎ᠡ ᠦᠵᠡᠭᠦᠯᠦᠨ | ᠳᠡᠯᠭᠡᠷᠡᠭᠦᠯᠬᠦ᠂ ᠨᠠᠷᠢᠯᠢᠭ ᠭᠦᠨᠵᠡᠭᠡᠶ ᠡᠳ᠋ᠰᠢᠭᠦᠯᠬᠦ᠂ ᠡᠵᠡᠩᠨᠡᠨ ᠪᠣᠷᠣᠯᠠᠭᠤᠯᠬᠤ ᠪᠠ ᠪᠠᠷᠠᠭ᠎ᠠ ᠶᠢᠨ ᠭᠦᠶᠦᠯᠭᠡᠭᠡᠨ ᠢ ᠨᠢᠭᠡ | ᠴᠣᠭᠴᠠᠵᠢᠭᠤᠯᠤᠭᠰᠠᠨ ᠪᠥᠬᠦ ᠠᠵᠤ ᠦᠢᠯᠡᠰ ᠤᠨ ᠬᠡᠯᠬᠢᠶ᠎ᠡ ᠶᠢ ᠠᠯᠬᠤᠮ ᠠᠯᠬᠤᠮ ᠢᠶᠠᠷ ᠪᠤᠢ ᠪᠣᠯᠭᠠᠨ᠎ᠠ᠃ ᠠᠯᠠᠰᠢᠨ | ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠵᠢᠯ ᠳᠤ 3 ᠲᠦᠮᠡᠨ ᠠᠯᠠᠰᠢᠨ ᠦᠬᠡᠷ | ᠬᠤᠳᠠᠯᠳᠤᠬᠤ ᠶᠢ ᠪᠡᠶᠡᠯᠡᠭᠦᠯᠦᠨ᠎ᠡ᠃ ᠰᠠᠭᠠᠯᠢ ᠶᠢᠨ ᠦᠨᠢᠶ᠎ᠡ ᠶᠢ 2 ᠲᠦᠮᠡ ᠠᠴᠠ ᠳᠡᠭᠡᠭᠰᠢ ᠪᠠᠶᠢᠯᠭᠠᠵᠤ᠂ ᠠᠯᠠᠰᠢᠨ | ᠬᠤᠨᠢᠨ ᠤ ᠵᠢᠯ ᠤᠨ ᠭᠠᠷᠤᠯᠲᠠ ᠶᠢ 110 ᠲᠦᠮᠡ ᠳᠤ ᠬᠢᠵᠠᠭᠠᠷᠯᠠᠨ᠎ᠠ᠃ ᠬᠡᠯᠪᠡᠷᠢ ᠪᠠᠨ ᠬᠤᠪᠢᠷᠠᠭᠤᠯᠤᠨ | ᠬᠥᠭᠵᠢᠬᠦ ᠶᠢ ᠠᠬᠢᠭᠤᠯᠬᠤ ᠨᠢᠭᠡ ᠪᠦᠯᠦᠭ ᠲᠣᠮᠣ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠣᠨᠴᠠᠯᠢᠭᠲᠤ | ᠠᠵᠤ ᠦᠢᠯᠡᠰ ᠢᠶᠠᠷ ᠲᠤᠯᠭᠠᠭᠤᠷᠢᠯᠠᠭᠰᠠᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠰᠢᠰᠲ᠋ᠧᠮᠵᠢ ᠶᠢ | ᠪᠠᠶᠢᠭᠤᠯᠤᠨ᠎ᠠ᠃ ᠣᠯᠠᠨ ᠡᠨᠧᠷᠭᠢ ᠪᠠᠷ ᠬᠠᠷᠢᠯᠴᠠᠨ ᠨᠥᠬᠦᠪᠥᠷᠢᠯᠡᠬᠦ᠂ ᠰᠠᠯᠬᠢ ᠭᠡᠷᠡᠯ ᠢᠶᠠᠷ ᠬᠠᠳᠠᠭᠠᠯᠠᠬᠤ ᠶᠢ ᠨᠢᠭᠡ | ᠴᠣᠭᠴᠠᠵᠢᠭᠤᠯᠬᠤ᠂ ᠴᠠᠬᠢᠯᠭᠠᠨ ᠤ ᠰᠤᠷᠪᠤᠯᠵᠢ ᠲᠣᠣᠷ ᠳᠠᠭᠠᠭᠠᠴᠠ ᠪᠠᠷ ᠬᠠᠳᠠᠭᠠᠯᠠᠬᠤ᠂ ᠰᠢᠨ᠎ᠡ ᠡᠨᠧᠷᠭᠢ ᠪᠠᠷ ᠢᠯᠴᠢ | ᠬᠠᠩᠭᠠᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ ᠶᠢ 517 ᠲᠦᠮᠡᠨ ᠬᠢᠯᠦᠸᠠᠲ ᠪᠡᠶᠡᠯᠡᠭᠦᠯᠦᠨ᠎ᠡ᠃ ᠪᠦᠬᠦ ᠬᠤᠲᠠ ᠶᠢᠨ ᠴᠢᠬᠤᠯᠠ | ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠰᠠᠭᠤᠷᠢᠨ ᠭᠠᠵᠠᠷ ᠢ ᠪᠠᠶᠢᠭᠤᠯᠵᠤ᠂ ᠦᠢᠯᠡᠳᠬᠦᠨ ᠤ | ᠥᠷᠲᠡᠭ ᠢ 100 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠰᠢᠨ᠎ᠡ ᠡᠨᠧᠷᠭᠢ᠂ ᠰᠢᠨ᠎ᠡ | ᠮᠠᠲ᠋ᠧᠷᠢᠶᠠᠯ ᠵᠡᠷᠭᠡ ᠠᠵᠢᠯ ᠲᠥᠷᠥᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠠᠮᠵᠢᠵᠤ᠂ ᠠᠵᠤ ᠦᠢᠯᠡᠳᠪᠦᠷᠢ ᠶᠢᠨ | ᠠᠵᠤ ᠠᠬᠤᠢ ᠶᠢᠨ ᠪᠣᠬᠢᠷᠲᠤᠯ ᠦᠭᠡᠢ᠂ ᠳᠡᠭᠡᠰᠦ ᠲᠡᠰ ᠤᠨ᠂ ᠪᠦᠯᠦᠭᠵᠢᠨ ᠬᠥᠭᠵᠢᠬᠦ ᠶᠢ ᠠᠬᠢᠭᠤᠯᠤᠨ᠎ᠠ᠃ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ | ᠦᠵᠡᠭᠦᠯᠬᠦ ᠰᠢᠶᠠᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠥᠷᠭᠡᠳᠬᠡᠵᠦ᠂ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠤᠯᠠᠮᠵᠢᠯᠠᠯᠲᠤ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠶᠢ ᠲᠦᠷᠭᠡᠳᠬᠡᠨ᠎ᠡ᠃ | ᠠᠮᠢ ᠠᠬᠤᠢ ᠶᠢᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠱᠠᠩᠳᠤ ᠴᠠᠭᠠᠨᠨᠠᠭᠤᠷ ᠨᠤᠭᠤ ᠭᠠᠵᠠᠷ ᠤᠨ ᠴᠡᠴᠡᠷᠯᠢᠭ᠂ | ᠲᠣᠮᠣ ᠴᠢᠯᠠᠭᠤᠨ ᠵᠢᠶᠠᠰᠠ ᠶᠢᠨ ᠥᠪᠡᠷᠲᠡᠭᠡᠨ ᠵᠠᠰᠠᠬᠤ ᠣᠷᠣᠨ ᠤ ᠲᠡᠰ ᠤᠨ ᠭᠠᠵᠠᠷ ᠰᠢᠨᠵᠢᠯᠡᠭᠡᠨ ᠤ ᠴᠡᠴᠡᠷᠯᠢᠭ | ᠵᠡᠷᠭᠡ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠯᠲᠡ ᠶᠢ ᠠᠬᠢᠭᠤᠯᠤᠨ᠎ᠠ᠃ | ︵ᠳᠥᠷᠪᠡ︶ ᠣᠷᠣᠨ ᠪᠦᠰᠡ ᠶᠢᠨ ᠬᠤᠷᠰᠢᠯᠴᠠᠭ᠎ᠠ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠶᠢ ᠴᠢᠩᠭᠠᠷᠠᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠨᠡᠮᠡᠭᠳᠡᠯ ᠤᠨ ᠲᠦᠢᠯ ᠢ | ᠴᠢᠷᠮᠠᠶᠢᠨ ᠪᠤᠶ ᠪᠣᠯᠭᠠᠨ᠎ᠠ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ | ᠪᠠ ︽ᠪᠡᠭᠡᠵᠢᠩ ᠲᠢᠶᠠᠨᠵᠢᠨ ᠾᠧᠪᠧᠶ︾ ᠶᠢᠨ ᠬᠠᠮᠵᠢᠯᠴᠠᠨ ᠬᠥᠭᠵᠢᠬᠦ ᠪᠠᠶᠢᠯᠳᠤᠬᠤ ᠪᠣᠳᠣᠯᠭ᠎ᠠ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠵᠤ ᠦᠢᠯᠡᠰ᠂ ᠪᠠᠯᠠ ᠮᠥᠩᠭᠦ᠂ ᠴᠢᠳᠠᠪᠤᠷᠢᠲᠠᠨ ᠪᠠ ᠮᠡᠷᠭᠡᠵᠢᠯ | ᠪᠢᠯᠬᠠᠨ ᠭᠠᠷᠬᠤ ᠶᠢ ᠳᠠᠭᠠᠭᠠᠨ ᠠᠪᠴᠤ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠣᠯᠠᠨ ᠲᠠᠯ᠎ᠠ ᠪᠠᠷ ᠥᠷᠭᠡᠳᠬᠡᠬᠦ ᠶᠢ | ᠠᠬᠢᠭᠤᠯᠤᠨ᠎ᠠ᠃ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠲᠠ ᠪᠠᠷ | ᠠᠵᠠ ᠲᠣᠬᠢᠶᠠᠯ ᠪᠣᠯᠭᠠᠵᠤ᠂ ︽ᠨᠢᠭᠡ ᠪᠦᠰᠡ ᠨᠢᠭᠡ ᠵᠠᠮ︾ ᠤᠨ ᠬᠠᠮᠲᠤᠷᠠᠯᠴᠠᠭᠠᠨ ᠤ ᠲᠣᠭᠲᠠᠴᠠ ᠶᠢ ᠠᠰᠢᠭᠯᠠᠵᠤ᠂ | ᠭᠠᠳᠠᠭᠠᠳᠤ ᠯᠤᠭ᠎ᠠ ᠶᠢᠨ ᠬᠠᠷᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠶ᠎ᠠ᠃ ᠳᠠᠪᠠᠭᠤᠯᠢᠭ ᠠᠵᠤ | ᠠᠬᠤᠶᠢᠯᠠᠯ ᠤᠳ ᠤᠨ ᠭᠠᠳᠠᠭᠠᠳᠤ ᠶᠢᠨ ᠵᠠᠬ᠎ᠠ ᠳᠡᠯᠭᠡᠭᠦᠷ ᠢ ᠦᠷᠭᠦᠯᠵᠢᠯᠡᠨ ᠨᠡᠭᠡᠭᠡᠬᠦ ᠶᠢ ᠵᠣᠷᠢᠭᠵᠢᠭᠤᠯᠤᠨ ᠳᠡᠮᠵᠢᠵᠦ᠂ | ᠭᠠᠳᠠᠭᠠᠳᠤ ᠠᠷᠠᠯᠵᠢᠶᠠᠨ ᠤ ᠠᠵᠤ ᠠᠬᠤᠶ ᠶᠢᠨ ᠨᠡᠮᠡᠭᠳᠡᠯ ᠤᠨ ᠰᠢᠨ᠎ᠡ ᠴᠢᠭ ᠢ ᠪᠤᠶᠢᠵᠢᠭᠤᠯᠬᠤ ᠬᠡᠷᠡᠭᠲᠡᠶ᠃ ᠳᠡᠭᠡᠳᠦ | ᠳᠤᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠬᠠᠮᠵᠢᠯᠴᠠᠨ ᠬᠠᠮᠲᠤᠷᠠᠯᠴᠠᠬᠤ ᠶᠢ ᠪᠠᠷᠢᠮᠲᠠᠯᠠᠵᠤ᠂ ᠠᠵᠤ | ᠠᠬᠤᠶᠢᠯᠠᠯ ᠤᠨ ᠬᠥᠭᠵᠢᠯᠲᠡ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ᠂ ᠡᠷᠬᠡ ᠲᠡᠭᠰᠢ ᠲᠥᠪ ᠭᠤᠤᠯᠴᠢ᠂ | ᠠᠮᠤᠷ ᠲᠦᠪᠰᠢᠨ ᠡᠮᠬᠢ ᠵᠢᠷᠤᠮ ᠲᠠᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃ | ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠲᠠᠪᠴᠠᠩ ᠢ ᠪᠠᠶᠢᠭᠤᠯᠵᠤ᠂ ᠮᠥᠩᠭᠦᠨ ᠭᠦᠢᠯᠭᠡᠭᠡᠨ ᠤ ᠪᠣᠳᠠᠲᠤ | ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠪᠤᠷᠢ ᠶᠢ ᠨᠡᠮᠡᠭᠳᠡᠭᠦᠯᠦᠨ᠂ ᠳᠤᠮᠳᠠ ᠵᠢᠵᠢᠭ ᠠᠵᠤ | ᠠᠬᠤᠶᠢᠯᠠᠯ ᠤᠨ ᠪᠡᠯᠡ ᠲᠣᠬᠢᠷᠠᠭᠤᠯᠬᠤ ᠬᠡᠷᠡᠭᠴᠡᠭᠡ ᠶᠢ ᠦᠨᠡᠨᠬᠦ ᠰᠢᠢᠳᠪᠦᠷᠢᠯᠡᠨ᠎ᠡ᠃ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠵᠠᠰᠠᠭ ᠤᠨ | ᠶᠠᠪᠤᠳᠠᠯ ᠤᠨ ᠣᠷᠴᠢᠨ ᠲᠣᠭᠤᠷᠢᠨ ᠢ ᠪᠠᠶᠢᠭᠤᠯᠤᠨ᠎ᠠ᠃ ᠮᠠᠨ ᠤ ᠰᠢᠶᠠᠨ ᠤ ᠠᠵᠤ ᠦᠢᠯᠡᠰ ᠤᠨ ᠲᠥᠪᠯᠡᠷᠡᠯ ᠤᠨ | ᠬᠥᠭᠵᠢᠯᠲᠡ ᠶᠢᠨ ᠪᠠᠶᠢᠳᠠᠯ ᠤᠨ ᠲᠣᠭᠤᠷᠢᠨ ᠳᠤ᠂ ᠵᠣᠷᠢᠯᠭ᠎ᠠ ᠲᠠᠢ᠂ ᠴᠢᠭᠯᠡᠯ ᠲᠠᠢ᠂ ᠴᠢᠭᠯᠡᠭᠦᠯᠬᠦ ᠴᠢᠨᠠᠷᠲᠠᠶ ᠪᠠᠷ ᠨᠢᠭᠡ | ᠪᠦᠯᠦᠭ ᠨᠥᠯᠥᠭᠡᠯᠡᠨ ᠳᠠᠶᠢᠴᠢᠯᠠᠬᠤ ᠴᠢᠨᠠᠷ ᠢᠶᠠᠷ ᠴᠢᠩᠭ᠎ᠠ ᠬᠤᠳᠠᠯᠳᠤᠭᠠᠴᠢᠨ ᠤᠷᠢᠬᠤ ᠲᠥᠷᠥᠯ ᠵᠦᠢᠯ ᠢ ᠰᠡᠳᠦᠵᠦ᠂ | ︽ᠬᠥᠨᠳᠡᠯᠡᠨ ᠢᠶᠠᠷ ᠪᠥᠭᠡᠮᠨᠡᠷᠡᠬᠦ︾᠂ ︽ᠭᠤᠯᠳᠤ ᠪᠠᠷ ᠬᠡᠯᠬᠢᠶᠡᠵᠢᠬᠦ︾ ᠠᠵᠤ ᠦᠢᠯᠡᠰ ᠤᠨ ᠬᠥᠭᠵᠢᠯᠲᠡ ᠶᠢᠨ ᠰᠢᠨ᠎ᠡ | ᠪᠠᠶᠢᠷᠢᠰᠢᠯ ᠢ ᠪᠤᠶ ᠪᠣᠯᠭᠠᠨ᠎ᠠ᠃ | ︵ᠲᠠᠪᠤ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠢᠬᠦ ᠶᠢ ᠪᠠᠷᠢᠮᠲᠠᠯᠠᠵᠤ᠂ ᠣᠯᠠᠨ ᠨᠡᠶᠢᠲᠡ ᠶᠢᠨ | ᠦᠢᠯᠡᠴᠢᠯᠡᠭᠡ ᠶᠢ ᠲᠡᠭᠦᠯᠳᠡᠷᠵᠢᠭᠦᠯᠵᠦ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠲᠠᠰᠤᠷᠠᠯᠲᠠ ᠥᠬᠡᠶ ᠬᠠᠩᠭᠠᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶ᠎ᠡ ᠶᠢ | ᠦᠷᠭᠦᠯᠵᠢᠯᠡᠨ ᠥᠷᠭᠡᠳᠬᠡᠵᠦ᠂ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠨ᠎ᠡ᠃ | ᠠᠵᠢᠯ ᠤᠯᠬᠤ ᠳᠤ ᠬᠦᠴᠢᠷᠲᠡᠢ ᠬᠥᠮᠦᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ | ᠦᠨᠳᠦᠰᠦᠨ ᠵᠦᠢᠯ ᠢ ᠪᠠᠲᠤᠯᠠᠬᠤ ᠪᠠ ᠲᠥᠪᠬᠢᠨᠡᠭᠦᠯᠬᠦ ᠠᠵᠢᠯ ᠢ ᠰᠠᠶᠢᠲᠤᠷ ᠬᠢᠵᠦ᠂ ᠬᠤᠳᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4 . 5 % ᠶᠢᠨ ᠳᠣᠲᠣᠷ᠎ᠠ ᠬᠢᠵᠠᠭᠠᠷᠯᠠᠨ᠎ᠠ᠃ ᠪᠦᠬᠦ | ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠭᠦᠨᠵᠡᠭᠡᠢ ᠠᠬᠢᠭᠤᠯᠵᠤ᠂ ᠳᠠᠭᠠᠳᠬᠠᠯ ᠳᠤ ᠣᠷᠣᠯᠴᠠᠭᠰᠠᠨ | ᠪᠦᠷᠬᠦᠴᠡ ᠶᠢ 95 % ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠨᠠᠰᠤᠲᠠᠶᠢᠴᠤᠳ ᠪᠠ ᠨᠢᠯᠬᠠᠰ︾ ᠤᠨ | ᠠᠰᠠᠭᠤᠳᠠᠯ ᠢ ᠬᠦᠴᠦᠯᠡᠨ ᠰᠠᠶᠢᠲᠤᠷ ᠰᠢᠶ᠋ᠳᠪᠦᠷᠢᠯᠡᠵᠦ᠂ ᠨᠠᠰᠤᠲᠠᠨ ᠢ ᠠᠰᠠᠷᠠᠵᠤ ᠠᠰᠠᠷᠠᠨ ᠬᠥᠮᠦᠵᠢᠭᠦᠯᠬᠦ | ᠦᠢᠯᠡᠴᠢᠯᠡᠭᠡ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠤᠯᠠᠭᠠᠨᠮᠥ᠋ᠴᠢᠷ ᠤᠨ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠢᠭᠡ ᠪᠦᠯᠦᠭ ᠣᠨᠴᠠᠯᠢᠭᠲᠤ ᠰᠣᠶᠣᠯ ᠤᠨ ᠨᠠᠷᠠᠲᠤ | ᠲᠥᠷᠥᠯ ᠲᠡᠮᠳᠡᠭᠲᠦ ᠶᠢᠨ ᠫᠷᠤᠭ᠍ᠷᠠᠮ ᠢ ᠪᠣᠶ ᠪᠣᠯᠭᠠᠨ᠎ᠠ᠃ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ | ᠮᠠᠨᠳᠤᠭᠤᠯᠬᠤ ᠪᠠ ᠪᠣᠳᠠᠰ ᠤᠨ ᠪᠤᠰᠤ ᠰᠣᠶᠣᠯ ᠤᠨ ᠥᠪ ᠤᠨ ᠴᠢᠳᠠᠪᠤᠷᠢᠲᠠᠨ ᠤ ᠰᠤᠳᠤᠯᠤᠨ ᠰᠤᠷᠤᠯᠴᠠᠬᠤ | ᠲᠥᠯᠥᠪᠯᠡᠭᠡ ᠶᠢ ᠶᠡᠬᠡᠪᠡᠷ ᠬᠡᠷᠡᠭᠵᠢᠭᠦᠯᠦᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠬᠥᠯ | ᠪᠥᠮᠪᠦᠭᠡ ᠶᠢᠨ ᠲᠠᠯᠠᠪᠤᠷ᠂ ᠤᠮᠪᠠᠯᠲᠠ ᠶᠢᠨ ᠣᠷᠳᠣᠨ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠪᠡᠭᠡᠵᠢᠩ ᠵᠡᠷᠭᠡ ᠭᠠᠵᠠᠷ ᠤᠨ ᠴᠢᠨᠠᠷ ᠰᠠᠶᠢᠲᠠᠢ | ᠰᠤᠷᠭᠠᠨ ᠬᠥᠮᠦᠵᠢᠯ ᠤᠨ ᠡᠬᠢ ᠪᠠᠶᠠᠯᠢᠭ ᠲᠠᠢ ᠰᠠᠨᠠᠭᠠᠴᠢᠯᠠᠭ᠎ᠠ ᠠᠴᠠ ᠪᠠᠨ ᠵᠣᠯᠭᠠᠯᠳᠤᠭᠤᠯᠵᠤ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠤᠨᠴᠠᠯᠢᠭᠳᠤ ᠬᠥᠭᠵᠢᠯᠲᠡ ᠶᠢ ᠲᠦᠯᠬᠢᠨ ᠠᠬᠢᠭᠤᠯᠵᠤ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠲᠦᠯᠬᠢᠨ | ᠠᠬᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠤᠷᠮ᠎ᠠ ᠶᠢ | 90 % ᠠᠴᠠ ᠳᠡᠭᠡᠭᠰᠢ ᠳᠤ ᠬᠦᠷᠭᠡᠨ᠎ᠡ᠃ | ᠲᠥᠯᠥᠭᠡᠯᠡᠭᠴᠢᠳ ᠡ᠂ ᠬᠥᠭᠵᠢᠯᠲᠡ ᠨᠢ ᠪᠣᠳᠠᠲᠠᠢ ᠠᠵᠢᠯᠯᠠᠬᠤ ᠳᠤ ᠲᠦᠰᠢᠭᠯᠡᠵᠦ᠂ ᠴᠢᠷᠮᠠᠶᠢᠨ ᠲᠡᠮᠡᠴᠡᠵᠦ | ᠬᠦᠰᠡᠯ ᠵᠡᠭᠦᠳᠦ ᠪᠠᠨ ᠲᠡᠷᠭᠡᠯᠰᠢᠭᠦᠯᠦᠨ᠎ᠡ᠃ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ | ᠪᠠᠶᠢᠳᠠᠯ ᠳᠤᠨᠢ ᠲᠤᠬᠢᠷᠠᠭᠤᠯᠤᠨ ᠪᠣᠳᠣᠯᠬᠢᠯᠠᠵᠤ᠂ ᠢᠳᠡᠪᠬᠢᠲᠡᠢ ᠤᠷᠤᠭᠰᠢᠯᠠᠨ ᠲᠠᠪᠰᠢᠵᠤ᠂ ᠠᠰᠢᠭᠲᠠᠢ ᠪᠠᠶᠢᠳᠠᠯ ᠢ | ᠠᠰᠢᠭᠯᠠᠨ ᠤᠷᠤᠭᠰᠢᠯᠠᠵᠤ᠂ ᠨᠢᠭᠡ ᠨᠢᠭᠡ ᠶᠠᠪᠤᠳᠠᠯ ᠢᠶᠠᠷ ᠵᠠᠯᠭᠠᠨ ᠬᠢᠵᠦ᠂ ᠨᠢᠭᠡ ᠨᠢᠭᠡ ᠵᠢᠯ ᠢᠶᠠᠷ ᠵᠠᠯᠭᠠᠨ ᠬᠢᠵᠦ᠂ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠯᠠᠪᠳᠠᠭᠤᠨ ᠪᠠᠲᠤᠲᠠᠢ ᠤᠷᠤᠭᠰᠢᠯᠠᠵᠤ᠂ ᠴᠥᠬᠦᠷᠡᠰᠢ ᠦᠭᠡᠢ | ᠴᠢᠷᠮᠠᠶᠢᠵᠤ᠂ ᠤᠳᠠᠭᠠᠨ ᠳᠠᠭᠠᠭᠠᠮᠠᠭᠠᠢ ᠵᠢᠳᠬᠦᠳᠡᠭ ᠯᠡ ᠶᠤᠮ ᠪᠣᠯ ᠰᠢᠨ᠎ᠡ ᠨᠢᠭᠡᠨ ᠡᠭᠡᠯᠵᠢ ᠶᠢᠨ ᠬᠥᠭᠵᠢᠯᠲᠡ ᠶᠢᠨ | ᠳᠤᠮᠳᠠ ᠰᠠᠨᠠᠭᠠᠴᠢᠯᠠᠭᠠᠲᠤ ᠪᠠᠶᠢᠷᠢ ᠶᠢ ᠣᠯᠵᠤ᠂ ᠳᠠᠪᠠᠯᠲᠠ ᠶᠢ ᠪᠡᠶᠡᠯᠡᠭᠦᠯᠵᠦ ᠴᠢᠳᠠᠬᠤ ᠨᠢ ᠯᠠᠪᠲᠠᠢ ᠶᠤᠮ︕ | ᠭᠤᠷᠪᠠ᠂ 2022 ᠣᠨ ᠤ ᠠᠵᠢᠯ ᠤᠨ ᠲᠣᠬᠢᠷᠠᠭᠤᠯᠤᠯᠲᠠ᠃ ᠡᠨᠡ ᠵᠢᠯ ᠪᠣᠯ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠬᠦ | ᠵᠠᠩᠭᠢᠯᠠᠭ᠎ᠠ ᠶᠢᠨ ᠨᠢᠭᠡ ᠵᠢᠯ ᠮᠥᠨ᠂ ᠮᠠᠨ ᠤ ᠨᠠᠮ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠪᠣᠯᠬᠤᠷ ᠡᠯ᠎ᠡ | ᠵᠦᠢᠯ ᠤᠨ ᠠᠵᠢᠯ ᠢ ᠰᠠᠶᠢᠲᠤᠷ ᠬᠢᠬᠦ ᠨᠢ ᠣᠨᠴᠠᠭᠠᠢ ᠴᠢᠬᠤᠯᠠ ᠠᠴᠢ ᠬᠤᠯᠪᠣᠭᠳᠠᠯ ᠲᠠᠢ ᠶᠤᠮ᠃ ᠭᠠᠳᠠᠭᠠᠳᠤ | ᠣᠷᠴᠢᠨ ᠨᠥᠬᠦᠴᠡᠯ ᠠᠴᠠ ᠦᠵᠡᠪᠡᠯ᠂ ᠤᠯᠤᠰ ᠤᠨ ᠨᠡᠮᠡᠭᠳᠡᠯ ᠢ ᠲᠣᠭᠲᠠᠪᠤᠷᠢᠵᠢᠭᠤᠯᠤᠨ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ ᠠᠯᠢ ᠤᠯᠠᠨ ᠲᠦᠷᠦ ᠶᠢᠨ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠭᠰᠡᠨ ᠨᠢ ᠪᠢᠳᠡᠨ ᠤ | ᠬᠥᠭᠵᠢᠯᠲᠡ ᠪᠠᠨ ᠲᠦᠷᠭᠡᠳᠬᠡᠬᠦ ᠳᠤ ᠴᠢᠬᠤᠯᠠ ᠶᠡᠭᠡ ᠠᠴᠢ ᠲᠤᠰᠠ ᠠᠪᠴᠢᠷᠠᠭᠰᠠᠨ ᠪᠠᠶᠢᠨ᠎ᠠ᠃ ᠥᠪᠡᠷᠲᠡᠭᠡᠨ | ᠵᠠᠰᠠᠬᠤ ᠣᠷᠣᠨ ᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠬᠤ ᠪᠦᠲᠦᠭᠡᠨ | ᠪᠠᠶᠢᠭᠤᠯᠤᠯᠲᠠ ᠶᠢᠨ ᠠᠬᠢᠴᠠ᠂ ᠤᠯᠠᠭᠠᠨᠴᠠᠪ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ︽ᠡᠭᠦᠯᠡᠨ ᠬᠥᠨᠳᠡᠶ᠂ | ᠳᠠᠷᠳᠠᠩ ᠵᠠᠮ᠂ ᠡᠷᠡᠭᠦᠯ ᠮᠡᠨᠳᠦ᠂ ᠠᠮᠢ ᠠᠬᠤᠶ᠂ ᠨᠣᠭᠤᠭᠠᠨ ᠡᠨᠧᠷᠭᠢ︾ ᠤᠯᠠᠭᠠᠨᠴᠠᠪ ᠤᠨ ᠪᠠᠶᠢᠷᠢ | ᠲᠣᠭᠲᠠᠭᠠᠯᠲᠠ ᠨᠢ ᠪᠢᠳᠡᠨ ᠳᠤ ᠰᠢᠨ᠎ᠡ ᠬᠥᠭᠵᠢᠯᠲᠡ ᠶᠢᠨ ᠠᠵᠠ ᠲᠣᠬᠢᠶᠠᠯ ᠣᠯᠭᠤᠪᠠ᠃ ᠳᠣᠲᠣᠭᠠᠳᠤ | ᠨᠥᠬᠦᠴᠡᠯ ᠠᠴᠠ ᠦᠵᠡᠪᠡᠯ᠂ ᠤᠢᠢᠷ᠎ᠠ ᠶᠢᠨ ᠬᠡᠳᠦᠨ ᠵᠢᠯ ᠤᠨ ᠴᠥᠬᠦᠷᠡᠰᠢ ᠦᠭᠡᠢ ᠲᠡᠮᠡᠴᠡᠯ ᠢᠶᠠᠷ ᠲᠠᠮᠵᠢᠨ᠂ ᠮᠠᠨ ᠤ | ᠰᠢᠶᠠᠨ ᠤ ᠠᠵᠤ ᠦᠢᠯᠡᠳᠪᠦᠷᠢ ᠶᠢᠨ ᠤᠨᠴᠠᠯᠢᠬᠳᠤ ᠳᠠᠪᠠᠭᠤᠯᠢᠭ ᠠᠵᠤ ᠦᠢᠯᠡᠰ ᠤᠨ ᠪᠦᠯᠦᠭᠵᠢᠯ ᠠᠩᠬ᠎ᠠ ᠠᠯᠬᠤᠮ | ᠬᠡᠪᠴᠢᠶᠡᠵᠢᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠦᠬᠦ ᠠᠵᠤ ᠦᠢᠯᠡᠰ ᠤᠨ ᠬᠡᠯᠬᠢᠶ᠎ᠡ | ᠠᠯᠬᠤᠮ ᠠᠯᠬᠤᠮ ᠢᠶᠠᠷ ᠪᠦᠷᠢᠯᠳᠦᠵᠦ᠂ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠠᠯᠬᠤᠮ ᠠᠯᠬᠤᠮ ᠢᠶᠠᠷ | ᠬᠥᠭᠵᠢᠵᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠲᠠᠰᠤᠷᠠᠯᠳᠠ ᠦᠭᠡᠢ ᠨᠡᠮᠡᠭᠳᠡᠵᠦ᠂ ᠬᠥᠭᠵᠢᠯᠲᠡ ᠶᠢᠨ | ᠨᠥᠭᠡᠴᠡ ᠬᠦᠴᠦᠨ ᠢᠯᠡᠳᠲᠡ ᠴᠢᠩᠭᠠᠷᠠᠪᠠ᠂ ᠡᠨᠡ ᠪᠣᠯ ᠪᠢᠳᠡᠨ ᠤ ᠡᠷᠡᠮᠡᠬᠡᠶᠢᠯᠡᠨ ᠤᠷᠤᠭᠰᠢᠯᠠᠬᠤ ᠶᠢᠨ ᠴᠢᠬᠤᠯᠠ | ᠰᠠᠭᠤᠷᠢ ᠪᠣᠯᠤᠨ᠎ᠠ᠃ ᠪᠢᠳᠡ ᠡᠷᠬᠡᠪᠰᠢ ᠪᠠᠶᠢᠳᠠᠯ ᠢ ᠭᠦᠨᠵᠡᠭᠡᠢ ᠲᠠᠨᠢᠨ ᠣᠨᠣᠪᠴᠢᠲᠠᠢ ᠡᠵᠡᠮᠳᠡᠵᠦ᠂ ᠪᠠᠲᠤ | ᠬᠦᠴᠦᠨ ᠢᠶᠠᠨ ᠪᠠᠲᠤᠯᠠᠨ᠂ ᠴᠠᠭ ᠲᠣᠬᠢᠶᠠᠯ ᠢ ᠠᠮᠵᠢᠵᠤ᠂ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ | ᠬᠥᠭᠵᠢᠬᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6 % | ᠣᠷᠴᠢᠮ ᠢᠶᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 6 % ᠣᠷᠴᠢᠮ ᠢᠶᠠᠷ | ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 4 % ᠣᠷᠴᠢᠮ ᠢᠶᠠᠷ ᠨᠡᠮᠡᠭᠳᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 9 % ᠣᠷᠴᠢᠮ ᠢᠶᠠᠷ | ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 6 % | ᠣᠷᠴᠢᠮ ᠢᠶᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ | ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 8 % ᠪᠠ 9 % ᠣᠷᠴᠢᠮ ᠢᠶᠠᠷ ᠨᠡᠮᠡᠭᠳᠡᠭᠦᠯᠦᠨ᠎ᠡ᠃ ᠠᠮᠢ | ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠡᠨᠧᠷᠭᠢ ᠠᠷᠪᠢᠯᠠᠨ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄ | ︵ᠨᠢᠭᠡ︶ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠳᠤ ᠠᠩᠬᠠᠷᠤᠯ ᠢᠶᠠᠨ | ᠲᠥᠪᠯᠡᠷᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠰᠢᠨ᠎ᠡ ᠰᠠᠶᠢᠵᠢᠷᠠᠯᠲᠠ ᠶᠢ ᠠᠬᠢᠭᠤᠯᠤᠨ᠎ᠠ᠃ ᠠᠮᠢ | ᠠᠬᠤᠶ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠴᠠᠭᠠᠨᠨᠠᠭᠤᠷ ᠤᠨ ᠠᠮᠢ ᠠᠬᠤᠶ ᠶᠢ | ᠬᠠᠮᠠᠭᠠᠯᠠᠬᠤ ᠪᠠ ᠵᠠᠰᠠᠨ ᠰᠡᠷᠭᠦᠭᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠎ᠡ᠂ ︽ᠠᠶᠠᠨᠳᠠᠭᠠᠨ | ᠰᠡᠷᠭᠦᠬᠦ ᠪᠠᠷ ᠭᠤᠤᠯ ᠪᠣᠯᠭᠠᠬᠤ ᠶᠢ ᠪᠠᠷᠢᠮᠲᠠᠯᠠᠨ᠎ᠠ᠂ ᠬᠥᠮᠦᠨ ᠤ ᠬᠦᠴᠦ ᠪᠠᠷ ᠭᠠᠷ ᠲᠦᠷᠦᠭᠦ ᠡᠷᠴᠢᠮ ᠢ ᠵᠣᠬᠢᠰᠲᠠᠶ | ᠬᠢᠵᠠᠭᠠᠷᠯᠠᠬᠤ︾ ᠵᠠᠰᠠᠯᠲᠠ ᠶᠢᠨ ᠵᠠᠷᠴᠢᠮ᠂ ᠲᠠᠷᠢᠶᠠᠯᠠᠩ ᠤᠨ ᠤᠰᠤ ᠠᠷᠪᠢᠯᠠᠬᠤ ᠶᠢ ᠨᠢᠭᠡᠳᠦᠯᠲᠡᠢ ᠲᠥᠯᠥᠪᠯᠡᠨ | ᠬᠡᠷᠡᠭᠵᠢᠭᠦᠯᠦᠨ᠎ᠡ᠂ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ᠂ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ᠂ | ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠬᠢᠭᠡᠳ ᠴᠢᠳᠠᠪᠤᠷᠢ ᠶᠢ ᠳᠡᠭᠡᠭᠰᠢᠯᠡᠭᠦᠯᠬᠦ ︽ᠳᠥᠷᠪᠡᠨ ᠶᠡᠭᠡ | ᠢᠨᠵᠧᠨᠧᠷᠢᠩ︾᠂ ᠱᠠᠩᠳᠤ ᠶᠢᠨ ᠴᠠᠭᠠᠨᠨᠠᠭᠤᠷ ᠨᠤᠭᠤ ᠭᠠᠵᠠᠷ ᠤᠨ ᠴᠡᠴᠡᠷᠯᠢᠭ ᠢ ᠤᠯᠤᠰ ᠠᠴᠠ ᠨᠤᠭᠤ ᠭᠠᠵᠠᠷ ᠤᠨ | ᠴᠡᠴᠡᠷᠯᠢᠭ ᠪᠣᠯᠭᠠᠨ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠤᠨ᠎ᠠ᠂ ᠱᠠᠩ ᠢ ᠰᠢᠶᠠᠨ ᠵᠢᠴᠢ ᠰᠠᠪᠠ | ᠭᠠᠵᠠᠷ ᠤᠨ ᠳᠣᠲᠣᠷᠠᠬᠢ ᠪᠤᠰᠤᠳ ᠬᠤᠰᠢᠭᠤ ᠰᠢᠶᠠᠨ ᠯᠤᠭ᠎ᠠ ᠶᠢᠨ ᠬᠠᠮᠵᠢᠯᠴᠠᠭ᠎ᠠ ᠶᠢ ᠴᠢᠩᠭᠠᠳᠬᠠᠨ᠎ᠠ᠂ ᠳ᠋ᠠᠶᠢᠲ᠋ᠠ | ᠬᠠᠮᠲᠤ ᠡᠳ᠋ᠯᠡᠬᠦ ᠶᠢ ᠪᠦᠷᠢᠯᠳᠦᠭᠦᠯᠬᠦ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠵᠠᠰᠠᠯᠲᠠ ᠶᠢᠨ ᠪᠠᠶᠢᠷᠢᠰᠢᠯ᠂ | ᠴᠠᠭᠠᠨᠨᠠᠭᠤᠷ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠪᠦᠷᠢᠨ ᠪᠦᠲᠦᠨ ᠬᠠᠮᠠᠭᠠᠯᠠᠯᠲᠠ ᠶᠢ ᠴᠢᠷᠮᠠᠶᠢᠨ | ᠪᠡᠶᠡᠯᠡᠭᠦᠯᠦᠨ᠎ᠡ᠃ ᠠᠭᠤᠷᠬᠠᠢ ᠶᠢᠨ ᠵᠠᠰᠠᠯᠲᠠ ᠶᠢᠨ ᠠᠵᠢᠯ ᠢ ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠣᠶ ︵ᠡᠪᠡᠰᠦ︶ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠬᠦ | ᠬᠡᠷᠡᠭᠲᠡᠶ᠃ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ | ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠨᠠᠩ ᠥᠨᠳᠥᠷ | ᠪᠠᠷᠢᠮᠵᠢᠶ᠎ᠠ ᠪᠠᠷ ᠰᠠᠶᠢᠲᠤᠷ ᠬᠢᠨ᠎ᠠ᠃ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠶ | ᠠᠬᠢᠭᠤᠯᠵᠤ᠂ ᠠᠵᠤ ᠦᠢᠯᠡᠳᠪᠦᠷᠢ ᠶᠢᠨ ᠬᠠᠶᠠᠭᠳᠠᠮᠠᠯ ᠬᠡᠶ᠂ ᠪᠠᠷᠢᠯᠭ᠎ᠠ ᠶᠢᠨ ᠬᠤᠭ ᠲᠣᠭᠤᠰᠣ᠂ ᠡᠰᠢ ᠰᠦᠷᠡᠯ ᠢ | ᠰᠢᠲᠠᠭᠠᠬᠤ ᠵᠡᠷᠭᠡ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠠᠭᠠᠷ ᠤᠨ ᠴᠢᠨᠠᠷ ᠰᠠᠶᠢᠲᠠᠶ ᠡᠳᠦᠷ ᠤᠨ | ᠲᠤᠭ᠎ᠠ ᠶᠢ 90 % ᠠᠴᠠ ᠳᠡᠭᠡᠭᠰᠢ ᠳᠤ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠲᠠᠷᠢᠶᠠᠯᠠᠩ ᠤᠨ ︽ | ᠳᠥᠷᠪᠡ ᠶᠢ ᠬᠢᠵᠠᠭᠠᠷᠯᠠᠬᠤ︾ ᠶᠢ ᠦᠷᠭᠦᠯᠵᠢᠯᠡᠨ ᠲᠦᠯᠬᠢᠨ ᠠᠬᠢᠭᠤᠯᠵᠤ᠂ ᠦᠯᠡᠳᠡᠭᠳᠡᠯ ᠪᠦᠷᠬᠦᠪᠴᠢ ᠶᠢ ᠡᠭᠡᠭᠦᠯᠦᠨ | ᠬᠤᠷᠢᠶᠠᠬᠤ ᠲᠣᠭᠲᠠᠴᠠ ᠶᠢ ᠲᠡᠭᠦᠯᠳᠡᠷᠵᠢᠭᠦᠯᠦᠨ᠂ ᠳᠠᠬᠢᠨ ᠠᠰᠢᠭᠯᠠᠬᠤ ᠡᠷᠴᠢᠮ ᠢ ᠨᠡᠮᠡᠭᠳᠡᠭᠦᠯᠦᠨ᠎ᠡ᠃ ︽ᠳᠥᠷᠪᠡᠨ | ᠤᠰᠤ ᠳᠥᠷᠪᠡᠨ ᠲᠣᠭᠲᠠᠭᠠᠯ︾ ᠤᠨ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠲᠠᠷᠢᠶᠠᠯᠠᠩ ᠤᠨ ᠤᠰᠤᠨ ᠤ | ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠤᠨ᠂ ᠤᠰᠤ ᠶᠡᠭᠡ ᠬᠤᠷᠣᠭᠳᠠᠭᠤᠯᠬᠤ ᠠᠵᠤ | ᠦᠢᠯᠡᠰ ᠤᠨ ᠬᠥᠭᠵᠢᠯᠲᠡ ᠶᠢ ᠴᠢᠩᠭ᠎ᠠ ᠡᠵᠡᠮᠳᠡᠵᠦ᠂ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢ | ᠴᠢᠩᠭᠠᠷᠠᠭᠤᠯᠤᠨ᠎ᠠ᠃ | ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠶᠡᠬᠡᠪᠡᠷ ᠲᠦᠯᠬᠢᠨ ᠠᠬᠢᠭᠤᠯᠤᠨ᠎ᠠ᠃ | ᠡᠨᠧᠷᠭᠢ ᠶᠢᠨ ᠬᠤᠷᠣᠭᠳᠠᠭᠤᠯᠭ᠎ᠠ ᠶᠢᠨ ︽ᠬᠤᠶᠠᠷ ᠢ ᠬᠢᠵᠠᠭᠠᠷᠯᠠᠬᠤ︾ ᠪᠠ ᠡᠨᠧᠷᠭᠢ ᠠᠷᠪᠢᠯᠠᠨ ᠦᠷ᠎ᠡ ᠠᠰᠢᠭ ᠢ | ᠨᠡᠮᠡᠭᠳᠡᠭᠦᠯᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠡᠨᠧᠷᠭᠢ ᠶᠢᠨ ᠬᠤᠷᠣᠭᠳᠠᠭᠤᠯᠭ᠎ᠠ ᠶᠢᠨ ᠬᠦᠴᠦᠯᠡᠴᠡ ᠶᠢ | ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ ᠡᠨᠧᠷᠭᠢ ᠶᠢᠨ ᠬᠤᠷᠣᠭᠳᠠᠭᠤᠯᠭ᠎ᠠ ᠶᠢᠨ ᠦᠢᠯᠡᠳᠪᠦᠷᠢᠯᠡᠵᠦ ᠭᠠᠷᠭᠠᠭᠰᠠᠨ | ᠦᠷ᠎ᠡ ᠠᠰᠢᠭ ᠲᠤ ᠦᠨᠡᠯᠡᠯᠲᠡ ᠬᠢᠬᠦ ᠶᠢ ᠭᠦᠨᠵᠡᠭᠡᠶ ᠥᠷᠨᠢᠭᠦᠯᠦᠨ᠂ ᠡᠨᠧᠷᠭᠢ ᠠᠷᠪᠢᠯᠠᠬᠤ ᠶᠢ ᠡᠩ ᠲᠡᠷᠢᠭᠦᠨ ᠳᠤ | ᠪᠠᠶᠢᠯᠭᠠᠬᠤ᠂ ᠪᠠᠲᠤᠯᠠᠬᠤ ᠶᠢ ᠨᠢ ᠪᠠᠲᠤᠯᠠᠵᠤ ᠪᠠᠭᠠᠰᠬᠠᠬᠤ ᠶᠢ ᠨᠢ ᠬᠢᠵᠠᠭᠠᠷᠯᠠᠬᠤ ᠶᠢ ᠪᠠᠷᠢᠮᠲᠠᠯᠠᠨ᠂ ᠤᠯᠠᠮᠵᠢᠯᠠᠯᠲᠤ | ᠠᠵᠤ ᠦᠢᠯᠡᠰ ᠤᠨ ᠨᠡᠭᠦᠷᠡᠰᠦᠲᠥ᠋ᠷᠥᠭᠴᠢ ᠶᠢ ᠪᠠᠭᠠᠰᠬᠠᠨ ᠬᠤᠷᠣᠭᠳᠠᠭᠤᠯᠭ᠎ᠠ ᠶᠢ ᠪᠠᠭᠤᠷᠠᠭᠤᠯᠬᠤ ᠪᠠ ᠪᠣᠬᠢᠷᠲᠤᠯ | ᠦᠭᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠵᠡᠷᠭᠡ ᠳᠤᠨᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃ ᠡᠨᠧᠷᠭᠢ | ᠬᠡᠷᠡᠭᠯᠡᠬᠦ ᠬᠢᠵᠠᠭᠠᠷᠯᠠᠯ ᠢ ᠡᠬᠢ ᠡᠭᠦᠰᠦᠯ ᠠᠴᠠ ᠨᠢ ᠴᠢᠩᠭᠠᠷᠠᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ | ᠥᠭᠡᠷᠡᠴᠢᠯᠡᠯᠲᠡ ᠬᠢᠬᠦ ᠶᠢ ᠢᠳᠡᠪᠬᠢᠲᠡᠶ ᠪᠠᠷ ᠵᠣᠷᠢᠭᠵᠢᠭᠤᠯᠤᠨ᠂ ᠦᠢᠯᠡᠳᠪᠦᠷᠢᠯᠡᠯ ᠤᠨ ᠤᠷ᠎ᠠ ᠮᠡᠷᠭᠡᠰᠢᠯ ᠢ | ᠰᠢᠯᠢᠳᠡᠭᠵᠢᠭᠦᠯᠵᠦ᠂ ᠨᠢᠭᠡᠴᠢ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠯ ᠪᠠ ᠨᠢᠭᠡᠴᠢ ᠦᠢᠯᠡᠳᠭᠦᠨ ᠤ | ᠥᠷᠲᠡᠭ ᠤᠨ ᠡᠨᠧᠷᠭᠢ ᠶᠢᠨ ᠬᠤᠷᠣᠭᠳᠠᠯ ᠢ ᠪᠠᠭᠤᠷᠠᠭᠤᠯᠤᠨ᠎ᠠ᠃ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ | ᠡᠨᠧᠷᠭᠢ ᠶᠢᠨ ᠬᠡᠷᠡᠭᠯᠡᠭᠡ ᠶᠢ ᠲᠡᠩᠴᠡᠭᠦᠦ ᠬᠡᠮᠵᠢᠶ᠎ᠡ ᠪᠠᠷ ᠪᠤᠶᠤ ᠬᠡᠮᠵᠢᠶ᠎ᠡ ᠶᠢ ᠨᠢ ᠪᠠᠭᠠᠰᠬᠠᠨ ᠰᠣᠯᠢᠬᠤ ᠶᠢ | ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ ᠬᠠᠳᠠᠭᠠᠯᠠᠯᠲᠠ ᠶᠢ ᠪᠠᠭᠠᠰᠬᠠᠨ᠂ ᠡᠨᠧᠷᠭᠢ ᠬᠡᠷᠡᠭᠯᠡᠬᠦ ᠣᠷᠣᠨ ᠵᠠᠶ ᠶᠢ | ᠥᠷᠭᠡᠳᠬᠡᠨ᠎ᠡ᠃ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ ᠠᠮᠢᠳᠤᠷᠠᠯ ᠤᠨ ᠠᠷᠭ᠎ᠠ | ᠮᠠᠶ᠋ᠢᠭ ᠢ ᠶᠡᠬᠡᠪᠡᠷ ᠰᠠᠨᠠᠭᠠᠴᠢᠯᠠᠵᠤ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠪᠠᠭᠠᠰᠬᠠᠬᠤ ᠤᠬᠠᠭᠤᠯᠤᠯ ᠬᠥᠮᠦᠵᠢᠯ ᠢ | ᠥᠷᠭᠡᠨ ᠢᠶᠠᠷ ᠥᠷᠨᠢᠭᠦᠯᠦᠨ᠂ ᠨᠡᠶᠢᠭᠡᠮ ᠳᠠᠶᠠᠭᠠᠷ ᠲᠤ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠪᠠᠭᠠᠰᠬᠠᠬᠤ ᠭᠦᠨ | ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ | ︵ᠬᠤᠶᠠᠷ︶ ᠬᠤᠲᠠ ᠬᠥᠳᠡᠭᠡ ᠶᠢᠨ ᠬᠠᠮᠵᠢᠯᠴᠠᠨ ᠬᠥᠭᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠦᠵᠡᠰᠬᠦᠯᠡᠩᠲᠦ ᠰᠠᠶᠢᠬᠠᠨ ᠭᠡᠷ ᠣᠷᠣᠨ ᠤ ᠰᠢᠨ᠎ᠡ ᠵᠢᠷᠤᠭ ᠢ ᠵᠢᠷᠤᠭᠯᠠᠨ᠎ᠠ᠃ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠴᠢᠷᠮᠠᠶᠢᠨ ᠪᠠᠬᠢᠵᠢᠭᠦᠯᠦᠨ᠎ᠡ᠃ ᠠᠵᠤ ᠦᠶ᠋ᠯᠡᠰ᠂ ᠠᠵᠢᠯ ᠣᠯᠭᠤᠯᠲᠠ᠂ | ᠤᠨᠳᠤᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠵᠡᠷᠭᠡ ᠬᠥᠭᠵᠢᠯᠲᠡ ᠶᠢᠨ ᠲᠥᠷᠥᠯ ᠤᠨ | ᠲᠥᠷᠥ ᠶᠢᠨ ᠪᠣᠳᠣᠯᠭ᠎ᠠ ᠶᠢᠨ ᠳᠠᠶᠢᠴᠢᠯᠠᠬᠤ ᠴᠢᠨᠠᠷ ᠢ ᠴᠢᠩᠭᠠᠷᠠᠭᠤᠯᠵᠤ᠂ ᠮᠥᠩᠭᠦᠨ ᠭᠦᠶᠦᠯᠭᠡᠭᠡ ᠳᠠᠭᠠᠳᠬᠠᠯ ᠤᠨ | ᠲᠥᠷᠥᠯ ᠤᠨ ᠲᠥᠷᠥ ᠶᠢᠨ ᠪᠣᠳᠣᠯᠭ᠎ᠠ ᠶᠢᠨ ᠲᠦᠭᠡᠮᠡᠯ ᠬᠠᠷᠠᠭᠠᠯᠵᠠᠯ ᠤᠨ ᠴᠢᠨᠠᠷ ᠢ ᠴᠢᠩᠭᠠᠳᠬᠠᠵᠤ᠂ ᠰᠤᠷᠭᠠᠨ | ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠤᠰᠤ ᠬᠠᠩᠭᠠᠬᠤ ᠵᠡᠷᠭᠡ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠲᠥᠷᠥᠯ ᠤᠨ ᠲᠥᠷᠥ ᠶᠢᠨ ᠪᠣᠳᠣᠯᠭ᠎ᠠ ᠶᠢᠨ ᠴᠢᠭᠯᠡᠭᠦᠯᠦᠯᠲᠦ ᠴᠢᠨᠠᠷ ᠢ ᠳᠡᠭᠡᠭᠰᠢᠯᠡᠭᠦᠯᠵᠦ᠂ | ᠦᠨᠳᠦᠰᠦᠨ ᠵᠦᠢᠯ ᠢ ᠪᠠᠲᠤᠯᠠᠨ ᠠᠪᠤᠷᠠᠨ ᠲᠤᠰᠠᠯᠠᠬᠤ ᠲᠥᠷᠥᠯ ᠤᠨ ᠲᠥᠷᠥ ᠶᠢᠨ ᠪᠣᠳᠣᠯᠭ᠎ᠠ ᠶᠢᠨ ᠲᠣᠭᠲᠠᠪᠤᠷᠢᠲᠤ | ᠴᠢᠨᠠᠷ ᠢ ᠪᠠᠲᠤᠯᠠᠵᠤ᠂ ᠬᠡᠪᠴᠢᠶᠡᠵᠢᠯ ᠤᠨ ᠴᠢᠨᠠᠷᠲᠠᠶ ᠪᠠᠷ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ | ᠪᠠᠲᠤ ᠰᠠᠬᠢᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠤᠨ ︽ᠳᠠᠷᠠᠭᠠᠬᠢ | ᠦᠨᠡᠯᠡᠯᠲᠡ︾ ᠶᠢᠨ ᠱᠠᠭᠠᠷᠳᠠᠯᠭ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠰᠢᠯᠵᠢᠯᠲᠡ ᠶᠢᠨ ᠬᠤᠭᠤᠴᠠᠭᠠᠨ ᠳᠠᠬᠢ ᠡᠯ᠎ᠡ | ᠵᠦᠢᠯ ᠤᠨ ᠬᠠᠪᠰᠤᠷᠤᠨ ᠲᠡᠳᠬᠦᠬᠦ ᠵᠢᠴᠢ ᠲᠠᠷᠢᠶᠠᠯᠠᠩ ᠳᠤ ᠬᠤᠯᠪᠣᠭᠳᠠᠬᠤ ᠪᠠᠯᠠ ᠮᠥᠩᠭᠦ ᠶᠢ ᠡᠮᠬᠢᠯᠡᠨ ᠨᠡᠶᠢᠯᠡᠭᠦᠯᠬᠦ | ᠲᠥᠷᠥ ᠶᠢᠨ ᠪᠣᠳᠣᠯᠭ᠎ᠠ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠶ | ᠬᠥᠮᠦᠰ ᠢ ᠭᠤᠤᠯᠳᠠᠯᠭ᠎ᠠ ᠲᠠᠢ ᠠᠩᠬᠠᠷᠴᠤ᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ | ᠬᠢᠨᠠᠨ ᠰᠢᠨᠵᠢᠬᠦ ᠪᠠ ᠲᠦᠢᠯ ᠤᠨ ᠣᠨᠣᠪᠴᠢᠲᠠᠶ ᠪᠠᠷ ᠬᠠᠪᠰᠤᠷᠤᠨ ᠲᠡᠳᠬᠦᠬᠦ ᠲᠣᠭᠲᠠᠴᠠ ᠶᠢ ᠦᠷᠭᠦᠯᠵᠢᠯᠡᠨ | ᠲᠡᠭᠦᠯᠳᠡᠷᠵᠢᠭᠦᠯᠦᠨ᠎ᠡ᠃ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠬᠢ ᠶᠢᠨ | ᠦᠢᠯᠡᠳᠦᠯ ᠢ ᠦᠨᠡᠨ ᠬᠦ ᠪᠠᠳᠠᠷᠠᠭᠤᠯᠵᠤ᠂ ᠨᠡᠶᠢᠭᠡᠮ ᠤᠨ ᠬᠦᠴᠦᠨ ᠤ ᠬᠠᠪᠰᠤᠷᠤᠨ ᠲᠡᠳᠬᠦᠬᠦ ᠠᠵᠢᠯ ᠳᠤ ᠣᠷᠣᠯᠴᠠᠬᠤ | ᠠᠵᠢᠯ ᠤᠨ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠲᠦᠮᠡᠨ ᠠᠵᠤ ᠠᠬᠤᠶᠢᠯᠠᠯ ᠲᠦᠮᠡᠨ | ᠲᠣᠰᠬᠤᠨ ᠢ ᠬᠥᠭᠵᠢᠭᠦᠯᠬᠦ︾ ᠠᠵᠢᠯᠯᠠᠭ᠎ᠠ ᠶᠢ ᠶᠡᠭᠡ ᠪᠠᠷ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠦᠨ᠎ᠡ᠃ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠬᠤᠲᠠ | ᠪᠠᠯᠭᠠᠰᠤᠨ ᠤ ᠵᠠᠮ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠶᠢ ᠴᠢᠩᠭᠠᠳᠬᠠᠵᠤ᠂ ᠱᠠᠩ ᠵᠠᠩ | ᠵᠠᠰᠠᠮᠠᠯ ᠵᠠᠮ᠂ ᠱᠠᠩ ᠳ᠋ᠠ ᠵᠠᠰᠠᠮᠠᠯ ᠵᠠᠮ ᠤᠨ ᠣᠷᠣᠵᠤ ᠭᠠᠷᠬᠤ ᠭᠠᠵᠠᠷ ᠢ ᠥᠭᠡᠷᠡᠴᠢᠯᠡᠵᠦ᠂ ᠬᠤᠩ ᠰᠢᠩ ᠵᠡᠭᠡᠯᠢ ᠶᠢᠨ | ᠶᠡᠷᠦᠩᠬᠡᠢᠯᠡᠭᠰᠡᠨ ᠥᠭᠡᠷᠡᠴᠢᠯᠡᠯᠲᠡ ᠶᠢᠨ ᠢᠨᠵᠧᠨᠧᠷᠢᠩ ᠢ ᠠᠬᠢᠭᠤᠯᠤᠨ᠎ᠠ᠃ ᠭᠠᠵᠠᠷ ᠳᠣᠣᠷᠠᠬᠢ ᠬᠤᠭᠤᠯᠠᠢ ᠶᠢᠨ | ᠲᠣᠣᠷ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠠ ᠪᠠᠯᠭᠠᠰᠤᠨ ᠤ | ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ 8 ᠲᠦᠮᠡᠨ ᠲᠡᠭᠰᠢ ᠳᠥᠷᠪᠡᠯᠵᠢᠨ | ᠮᠧᠲ᠋ᠧᠷ ᠤᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠪᠠ 7 ᠬᠠᠭᠤᠴᠢᠨ ᠰᠠᠭᠤᠭᠠᠯᠢ | ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠵᠦ᠂ 400 ᠢᠵᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ | ᠰᠢᠨ᠎ᠡ ᠪᠠᠷ ᠪᠠᠶᠢᠭᠤᠯᠤᠨ᠎ᠠ᠃ ᠭᠠᠯᠲᠤ ᠲᠡᠷᠭᠡᠨ ᠥᠷᠲᠡᠭᠡ ᠥᠷᠲᠡᠭᠡ ᠶᠢᠨ ᠡᠮᠦᠨᠡᠬᠢ ᠠᠭᠤᠳᠠᠮ ᠲᠠᠯᠠᠪᠠᠶ ᠵᠢᠴᠢ ᠣᠯᠠᠨ | ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠨᠢᠭᠡᠳᠦᠯᠲᠡᠶ | ᠲᠥᠯᠥᠪᠯᠡᠨ ᠠᠬᠢᠭᠤᠯᠤᠨ᠎ᠠ᠃ ᠬᠤᠲᠠ ᠲᠣᠭᠤᠷᠢᠭ ᠤᠨ ᠲᠡᠷᠭᠡᠨ ᠵᠣᠭᠰᠣᠭᠠᠯ ᠢ ᠵᠣᠬᠢᠰᠲᠠᠶ ᠲᠣᠬᠢᠷᠠᠭᠤᠯᠵᠤ᠂ ᠲᠡᠷᠭᠡᠨ | ᠵᠣᠭᠰᠣᠭᠠᠯ ᠤᠨ ᠬᠠᠩᠭᠠᠯᠭ᠎ᠠ ᠶᠢ ᠪᠦᠲᠦᠮᠵᠢᠲᠡᠶ ᠨᠡᠮᠡᠭᠳᠡᠭᠦᠯᠦᠨ᠎ᠡ᠃ ᠱᠦᠨ ᠳ᠋ᠧ ᠰᠤᠪᠠᠭ ᠢ ᠥᠭᠡᠷᠡᠴᠢᠯᠡᠨ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠨᠡᠭᠡᠭᠡᠯᠲᠡᠲᠦ ᠬᠡᠯᠪᠡᠷᠢ ᠶᠢᠨ ᠣᠯᠠᠨ ᠴᠢᠳᠠᠮᠵᠢᠲᠤ ᠠᠮᠢ ᠠᠬᠤᠢ ᠶᠢᠨ | ᠴᠡᠴᠡᠷᠯᠢᠭ ᠢ ᠵᠡᠷᠭᠡᠪᠡᠷ ᠪᠦᠲᠦᠭᠡᠨ ᠪᠠᠶᠢᠭᠤᠯᠵᠤ᠂ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠤᠨ᠎ᠠ᠃ ᠬᠤᠲᠠ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠶᠡᠷᠦᠩᠬᠡᠶᠢᠯᠡᠭᠰᠡᠨ ᠵᠠᠰᠠᠯᠲᠠ ᠶᠢ ᠦᠨᠡᠨᠬᠦ ᠴᠢᠩᠭᠠᠳᠬᠠᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ | ᠨᠢᠭᠡ ᠠᠯᠬᠤᠮ ᠰᠠᠶᠢᠵᠢᠷᠠᠭᠤᠯᠤᠨ᠂ ᠬᠤᠲᠠ ᠪᠠᠯᠭᠠᠰᠤᠨ ᠤ ᠴᠢᠨᠠᠷ ᠳᠡᠰ ᠢ ᠳᠡᠭᠡᠭᠰᠢᠯᠡᠭᠦᠯᠦᠨ᠎ᠡ᠃ | ᠣᠷᠣᠰᠢᠨ ᠰᠠᠭᠤᠬᠤ ᠳᠤ ᠲᠠᠭᠠᠯᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠷᠮᠠᠶᠢᠨ ᠴᠣᠭᠴᠠᠯᠠᠶ᠎ᠠ | ᠃ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠬᠤ᠂ | ᠵᠣᠷᠯᠣᠩ ᠤᠨ ᠬᠤᠪᠢᠰᠬᠠᠯ ᠬᠢᠬᠦ᠂ ᠬᠥᠮᠦᠨ ᠮᠠᠯ ᠢ ᠰᠠᠯᠭᠠᠬᠤ᠂ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ | ᠵᠠᠰᠠᠬᠤ᠂ ᠲᠣᠰᠬᠤᠨ ᠳᠤᠭᠤᠶᠢᠯᠠᠩ ᠤᠨ ᠵᠠᠮ ᠤᠨ ᠪᠦᠳᠦᠭᠡᠨ ᠪᠠᠶᠢᠭᠤᠯᠤᠯᠲᠠ᠂ ᠴᠠᠬᠢᠯᠭᠠᠨ ᠲᠣᠣᠷ ᠤᠨ | ᠥᠭᠡᠷᠡᠴᠢᠯᠡᠯᠲᠡ ᠵᠡᠷᠭᠡ ᠢᠨᠵᠧᠨᠧᠷᠢᠩ ᠢ ᠦᠷᠭᠦᠯᠵᠢᠯᠡᠨ ᠠᠬᠢᠭᠤᠯᠤᠨ᠎ᠠ᠃ ᠬᠥᠳᠡᠭᠡ ᠲᠣᠰᠬᠤᠨ ᠤ ᠵᠠᠰᠠᠯᠲᠠ ᠶᠢᠨ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠶ᠎ᠡ ᠵᠣᠬᠢᠴᠠᠯ ᠲᠠᠢ ᠪᠥᠭᠡᠳ ᠡᠮᠬᠢ ᠵᠢᠷᠤᠮ ᠲᠠᠢ᠂ ᠪᠣᠯᠪᠠᠰᠤᠨ | ᠪᠥᠭᠡᠳ ᠡᠷᠡᠭᠦᠯ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠥᠳᠡᠭᠡ ᠲᠣᠰᠬᠤᠨ ᠤ ᠨᠡᠶᠢᠭᠡᠮ ᠢ ᠢᠳᠡᠪᠬᠢᠲᠡᠢ ᠪᠠᠷ | ᠪᠠᠶᠢᠭᠤᠯᠤᠨ᠎ᠠ᠃ ᠬᠥᠳᠡᠭᠡ ᠲᠣᠰᠬᠤᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠶᠢ | ᠵᠣᠷᠢᠭᠵᠢᠭᠤᠯᠵᠤ᠂ ᠰᠠᠨ ᠳ᠋ᠠ ᠴᠢᠩ ᠰᠢᠶᠠᠩ ᠤᠨ ᠳ᠋ᠦᠩ ᠵᠢᠶᠠ ᠲᠣᠰᠬᠤᠨ ᠵᠡᠷᠭᠡ 5 ᠭᠤᠣᠯᠳᠠᠯᠭ᠎ᠠ ᠲᠠᠢ ᠠᠵᠢᠭᠯᠠᠨ | ᠬᠡᠮᠵᠢᠬᠦ ᠲᠣᠰᠬᠤᠨ ᠤ ᠲᠤᠬᠠᠢ ᠶᠢᠨ ᠭᠠᠵᠠᠷ ᠲᠠᠭᠠᠨ ᠲᠤᠬᠢᠷᠠᠭᠤᠯᠤᠨ ᠬᠥᠳᠡᠭᠡ ᠲᠣᠰᠬᠤᠨ ᠤ ᠵᠢᠭᠤᠯᠴᠢᠯᠠᠯ᠂ | ᠣᠨᠴᠠᠯᠢᠭᠲᠤ ᠲᠠᠷᠢᠮᠠᠯ ᠵᠡᠷᠭᠡ ᠠᠵᠤ ᠦᠢᠯᠡᠰ ᠢ ᠬᠥᠭᠵᠢᠭᠦᠯᠬᠦ ᠶᠢ ᠭᠤᠣᠯᠳᠠᠯᠭ᠎ᠠ ᠲᠠᠢ ᠳᠠᠮᠵᠢᠵᠤ᠂ ᠬᠥᠲᠥᠯᠥᠨ | ᠳᠠᠭᠠᠭᠤᠯᠵᠤ ᠵᠢᠱᠢᠶ᠎ᠡ ᠦᠵᠡᠭᠦᠯᠬᠦ ᠪᠠ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ︵ᠭᠤᠷᠪᠠ︶ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠪᠤᠢ ᠪᠣᠯᠭᠠᠨ᠎ᠠ᠃ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ | ᠠᠬᠤᠶ ᠶᠢ ᠲᠦᠷᠭᠡᠳᠬᠡᠨ ᠬᠥᠭᠵᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠡᠷᠡᠰ ᠬᠠᠮᠠᠭᠠᠯᠠᠨ᠎ᠠ᠃ ᠲᠠᠷᠢᠶᠠᠯᠠᠩ ᠤᠨ ᠦᠷ᠎ᠡ | ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠨ᠂ ᠲᠠᠷᠢᠮᠠᠯ ᠤᠨ | ᠪᠦᠲᠦᠴᠡ ᠶᠢ ᠢᠳᠡᠪᠬᠢᠲᠡᠶ ᠲᠣᠬᠢᠷᠠᠭᠤᠯᠬᠤ ᠬᠡᠷᠡᠭᠲᠡᠶ᠃ ᠴᠠᠭᠠᠨᠨᠠᠭᠤᠷ ᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢᠨ | ᠲᠣᠭᠤᠷᠢᠨ ᠳᠤ᠂ ︽ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ︾ ᠪᠠ ᠲᠡᠵᠢᠭᠡᠯ ᠡᠪᠡᠰᠦᠨ ᠤ | ᠰᠠᠭᠤᠷᠢᠨ ᠤ ᠪᠠᠲᠤᠯᠠᠭ᠎ᠠ ᠵᠡᠷᠭᠡ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠲᠠᠷᠢᠶᠠᠴᠢᠳ ᠤᠨ ᠲᠡᠵᠢᠭᠡᠯ | ᠡᠪᠡᠰᠦ ᠲᠠᠷᠢᠬᠤ ᠲᠠᠯᠠᠪᠠᠢ ᠪᠠᠨ ᠥᠷᠭᠡᠳᠬᠡᠬᠦ ᠶᠢ ᠢᠳᠡᠪᠬᠢᠲᠡᠢ ᠵᠢᠯᠣᠭᠤᠳᠴᠤ᠂ ︽ᠲᠡᠵᠢᠭᠡᠬᠦ ᠶᠢᠨ ᠲᠥᠯᠥᠭᠡ ᠲᠠᠷᠢᠬᠤ | ᠂ ᠮᠠᠯ ᠠᠵᠤ ᠠᠬᠤᠢ ᠶᠢᠨ ᠲᠥᠯᠥᠭᠡ ᠲᠠᠷᠢᠬᠤ︾ ᠰᠢᠨ᠎ᠡ ᠲᠠᠷᠢᠶᠠᠯᠠᠩ ᠢ ᠬᠥᠭᠵᠢᠭᠦᠯᠦᠨ᠎ᠡ᠃ ᠤᠯᠠᠭᠠᠨᠴᠠᠪ | ᠬᠤᠲᠠ ᠶᠢᠨ ︽ᠳᠤᠮᠳᠠᠳᠤ ᠤᠯᠤᠰ ᠤᠨ ᠨᠣᠬᠠᠶ ᠶᠢᠨ ᠬᠤᠰᠢᠭᠤ ᠶᠢᠨ ᠲᠥᠪ︾ ᠤᠨ ᠲᠥᠷᠥᠯ ᠲᠡᠮᠳᠡᠭ ᠤᠨ | ᠳᠠᠪᠠᠭᠤᠯᠢᠭ ᠲᠤ ᠲᠦᠰᠢᠭᠯᠡᠨ᠂ ᠠ ᠮᠢ ᠯᠡ ᠺᠣᠮᠫᠠᠨᠢ ᠪᠠᠷ ᠳᠠᠭᠠᠭᠤᠯᠤᠭᠴᠢ ᠪᠣᠯᠭᠠᠵᠤ᠂ ᠬᠠᠭᠤᠷᠠᠶ ᠶᠢᠨ ᠲᠠᠷᠢᠮᠠᠯ | ᠨᠣᠬᠠᠶ ᠶᠢᠨ ᠬᠤᠰᠢᠭᠤ ᠶᠢ ᠳᠠᠷᠢᠬᠤ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠨᠣᠬᠠᠶ ᠶᠢᠨ | ᠬᠤᠰᠢᠭᠤ ᠶᠢᠨ ᠠᠵᠤ ᠦᠶ᠋ᠯᠡᠰ ᠤᠨ ᠬᠡᠯᠬᠢᠶ᠎ᠡ ᠶᠢ ᠪᠤᠶᠢᠵᠢᠭᠤᠯᠤᠨ ᠴᠣᠭᠴᠠᠯᠠᠵᠤ᠂ ᠲᠠᠷᠢᠶᠠᠴᠢᠳ ᠢ ᠳᠠᠶᠢᠴᠢᠯᠠᠨ | ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃ ᠰᠢ ᠰᠧᠨ ᠺᠣᠮᠫᠠᠨᠢ ᠶᠢᠨ ᠲᠥᠮᠥᠰᠥ ᠳᠠᠷᠢᠬᠤ ᠰᠢᠨᠵᠢᠯᠡᠬᠦ | ᠤᠬᠠᠭᠠᠨ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ᠂ ᠬᠠᠭᠤᠷᠠᠶ ᠪᠠᠷ ᠳᠠᠷᠢᠬᠤ ᠲᠥᠮᠥᠰᠥᠨ ᠤ ᠰᠠᠶᠢᠨ ᠡᠭᠦᠯᠳᠡᠷ ᠢ | ᠥᠷᠭᠡᠳᠬᠡᠨ ᠦᠷᠡᠵᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠲᠥᠮᠥᠰᠥ | ᠳᠠᠷᠢᠬᠤ ᠲᠠᠯᠠᠪᠠᠶ 3 ᠲᠦᠮᠡᠨ ᠮᠥ ᠳᠤ ᠬᠥᠷᠪᠡ᠃ ᠮᠠᠨ ᠤ ᠰᠢᠶᠠᠨ ᠤ ᠥᠪᠡᠷᠮᠢᠴᠡ ᠠᠭᠤᠷ ᠠᠮᠢᠰᠬᠤᠯ ᠪᠠ ᠬᠦᠶ᠋ᠲᠡᠨ | ᠰᠡᠷᠢᠭᠦᠨ ᠢᠳᠡᠰᠢᠨ ᠨᠣᠭᠤᠭ᠎ᠠ ᠶᠢᠨ ᠲᠥᠷᠥᠯ ᠲᠡᠮᠳᠡᠭ ᠤᠨ ᠳᠠᠪᠠᠭᠤᠯᠢᠭ ᠢ ᠪᠠᠳᠠᠷᠠᠭᠤᠯᠵᠤ᠂ ᠰᠢᠬᠢᠷ ᠨᠣᠭᠤᠭ᠎ᠠ᠂ | ᠤᠳᠪᠠᠯᠠ ᠨᠣᠭᠤᠭ᠎ᠠ ᠪᠠ ᠥᠨᠳᠥᠷ ᠪᠦᠲᠦᠮᠵᠢᠲᠡᠶ ᠢᠳᠡᠰᠢᠨ ᠨᠣᠭᠤᠭ᠎ᠠ ᠳᠠᠷᠢᠬᠤ ᠶᠢ ᠲᠣᠭᠲᠠᠭᠤᠨ ᠢᠶᠠᠷ | ᠬᠥᠭᠵᠢᠭᠦᠯᠦᠨ᠎ᠡ᠃ ︽ᠠᠯᠠᠰᠢᠨ ᠦᠬᠡᠷ ᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾ ᠪᠠ ︽ᠠᠯᠠᠰᠢᠨ ᠬᠤᠨᠢ ᠶᠢ | ᠰᠠᠶᠢᠵᠢᠷᠠᠭᠤᠯᠵᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ︾ ᠶᠢ ᠬᠡᠷᠡᠭᠵᠢᠭᠦᠯᠦᠨ᠎ᠡ᠃ ︽ᠺᠣᠮᠫᠠᠨᠢ + ᠲᠡᠵᠢᠭᠡᠨ | ᠦᠷᠡᠵᠢᠭᠦᠯᠬᠦ ᠡᠷᠦᠬᠡ︾᠂ ︽ᠲᠣᠰᠬᠤᠨ ᠤ ᠬᠠᠮᠲᠤ ᠪᠠᠷ ᠦᠬᠡᠷ ᠬᠤᠳᠠᠯᠳᠤᠨ ᠠᠪᠬᠤ ᠲᠠᠷᠢᠶᠠᠴᠢᠨ ᠡᠷᠦᠬᠡ ᠶᠢ | ᠲᠦᠷᠢᠶᠡᠰᠦᠯᠡᠨ ᠲᠡᠵᠢᠭᠡᠨ ᠦᠷᠡᠵᠢᠭᠦᠯᠬᠦ︾ ᠵᠡᠷᠭᠡ ᠵᠠᠭᠪᠤᠷ ᠢᠶᠠᠷ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ | ᠬᠥᠭᠵᠢᠭᠦᠯᠬᠦ ᠶᠢ ᠵᠣᠷᠢᠭᠵᠢᠭᠤᠯᠵᠤ᠂ ᠵᠢᠯ ᠤᠨ ᠳᠣᠲᠣᠷ᠎ᠠ 2 ᠲᠦᠮᠡᠨ ᠠᠯᠠᠰᠢᠨ ᠦᠬᠡᠷ ᠢ ᠭᠠᠳᠠᠭᠰᠢ ᠭᠠᠷᠭᠠᠬᠤ ᠪᠠᠷ | ᠴᠢᠷᠮᠠᠶᠢᠨ᠎ᠠ︔ ᠰᠠᠶᠢᠨ ᠡᠭᠦᠯᠳᠡᠷ ᠤᠨ ᠠᠯᠠᠰᠢᠨ ᠬᠤᠨᠢ ᠶᠢ ᠢᠳᠡᠪᠬᠢᠲᠡᠶ ᠣᠷᠣᠭᠤᠯᠤᠨ ᠠᠪᠴᠢᠷᠠᠵᠤ᠂ ᠠᠯᠠᠰᠢᠨ ᠬᠤᠨᠢ | ᠲᠡᠵᠢᠭᠡᠨ ᠦᠷᠡᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | ᠳᠤᠮᠳᠠ ᠣᠷᠣᠨ ᠤ ᠠᠮᠢ ᠠᠬᠤᠢ ᠶᠢᠨ ᠮᠠᠯᠵᠢᠯ ᠤᠨ ᠲᠠᠯᠠᠪᠠᠢ ᠶᠢᠨ 1 . 8 ᠲᠦᠮᠡᠨ ᠰᠠᠭᠠᠯᠢ ᠶᠢᠨ ᠦᠨᠢᠶ᠎ᠡ ᠲᠡᠵᠢᠭᠡᠨ | ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠣᠯᠤᠨ ᠱᠧᠨ ᠠᠨ ᠪᠦᠯᠦᠭᠯᠡᠯ ᠤᠨ ᠬᠤ ᠶᠠᠩ ᠬᠤᠨᠢ | ᠲᠡᠵᠢᠭᠡᠨ ᠦᠷᠡᠵᠢᠭᠦᠯᠬᠦ ᠡᠳ᠋ᠰᠢᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ | ᠠᠬᠢᠭᠤᠯᠤᠨ᠎ᠠ᠃ ᠰᠢ ᠰᠧᠨ ᠲᠥᠮᠥᠰᠥ ᠶᠢᠨ ᠦᠶ᠋ᠯᠡᠰ᠂ ᠯᠠᠨ ᠸᠧᠶ ᠰᠧᠳᠦᠨ᠂ ᠪᠠᠶ ᠬᠤᠶ ᠱᠧᠩ ᠰᠢᠬᠢᠷ ᠤᠨ | ᠦᠶ᠋ᠯᠡᠰ᠂ ᠮᠧᠩᠳᠧ ᠶᠤᠸᠠᠨ ᠮᠢᠬᠠᠨ ᠤ ᠦᠶ᠋ᠯᠡᠰ ᠵᠡᠷᠭᠡ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠡᠳ᠋ᠰᠢᠭᠦᠯᠬᠦ ᠬᠥᠲᠥᠴᠢ ᠠᠵᠤ ᠠᠬᠤᠶᠢᠯᠠᠯ ᠳᠤ ᠲᠦᠰᠢᠭᠯᠡᠨ᠂ ᠳᠡᠭᠡᠳᠦ ᠳᠤᠤᠷᠠᠳᠤ ᠬᠡᠯᠬᠢᠶ᠎ᠡ ᠶᠢᠨ ᠬᠤᠯᠪᠣᠯᠳᠤᠭᠰᠠᠨ | ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠵᠤ᠂ ᠰᠠᠭᠤᠷᠢᠨ ᠭᠠᠵᠠᠷ ᠠᠴᠠ ᠦᠵᠦᠭᠦᠷ ᠬᠦᠷᠲᠡᠯᠡᠬᠢ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠥᠬᠦ ᠠᠵᠤ ᠦᠶ᠋ᠯᠡᠰ ᠤᠨ ᠬᠡᠯᠬᠢᠶᠡᠰᠦ ᠶᠢ ᠪᠣᠶ ᠪᠣᠯᠭᠠᠨ᠎ᠠ᠃ | ᠪᠣᠬᠢᠷᠲᠤᠯ ᠦᠭᠡᠢ ᠬᠥᠭᠵᠢᠯᠲᠡ ᠪᠠᠷ ᠭᠤᠣᠯ ᠰᠢᠵᠢᠮ ᠪᠣᠯᠭᠠᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢ | ᠲᠦᠷᠭᠡᠳᠬᠡᠨ ᠪᠠᠶᠢᠭᠤᠯᠤᠨ᠎ᠠ᠃ ᠲᠢᠶᠠᠨ ᠱᠦᠨ ᠰᠤᠪᠤᠷᠭ᠎ᠠ ᠵᠢᠴᠢ ᠨᠠᠪᠴᠢ᠂ ᠶᠢᠨ ᠹᠧᠩ ᠰᠢᠨᠵᠢᠯᠡᠬᠦ ᠤᠬᠠᠭᠠᠨ | ᠮᠡᠷᠭᠡᠵᠢᠯ ᠤᠨ ᠭᠤᠣᠯ ᠮᠠᠰᠢᠨ᠂ ᠲᠢᠶᠠᠨ ᠨᠧᠩ ᠰᠤᠪᠤᠷᠭ᠎ᠠ᠂ ᠬᠤᠸᠠ ᠱᠠᠩ ᠨᠢᠰᠬᠡᠯ ᠤᠨ ᠥᠷᠥᠭᠡᠨ ᠤ ᠪᠦᠷᠬᠦᠭᠦᠯ | ᠵᠡᠷᠭᠡ ᠲᠥᠷᠥᠯ ᠵᠦᠢᠯ ᠳᠤ ᠲᠦᠰᠢᠭᠯᠡᠨ᠂ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ | ᠠᠵᠤ ᠦᠢᠯᠡᠰ ᠤᠨ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠵᠦ᠂ ᠰᠠᠯᠬᠢᠨ ᠬᠦᠴᠦᠨ ᠤ ᠴᠠᠬᠢᠯᠭᠠᠨ ᠤ ᠲᠣᠨᠤᠭ | ᠲᠥᠬᠦᠭᠡᠷᠦᠮᠵᠢ ᠦᠢᠯᠡᠳᠬᠦ ᠪᠦᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠠᠶᠢᠭᠤᠯᠤᠨ᠎ᠠ᠃ ᠴᠠᠭᠠᠨᠨᠠᠭᠤᠷ ᠤᠨ ᠠᠮᠢ ᠠᠬᠤᠢ ᠶᠢ ᠰᠡᠷᠭᠦᠭᠡᠬᠦ 150 ᠲᠦᠮᠡᠨ ᠬᠢᠯᠦᠸᠠᠲ ᠤᠨ ᠭᠡᠷᠡᠯ ᠢᠶᠠᠷ | ᠬᠠᠳᠠᠭᠠᠯᠠᠬᠤ ᠮᠠᠯ ᠠᠵᠤ ᠠᠬᠤᠢ ᠶᠢ ᠨᠢᠭᠡ ᠴᠣᠭᠴᠠᠵᠢᠭᠤᠯᠬᠤ᠂ ᠭᠤᠷᠪᠠᠨ ᠬᠠᠪᠴᠢᠯ ᠤᠨ ᠪᠦᠯᠦᠭᠯᠡᠯ ᠤᠨ 50 | ᠲᠦᠮᠡᠨ ᠬᠢᠯᠦᠸᠠᠲ ᠤᠨ ᠡᠬᠢ ᠰᠤᠷᠪᠤᠯᠵᠢ ᠶᠢᠨ ᠴᠠᠬᠢᠯᠭᠠᠨ ᠳᠠᠭᠠᠭᠠᠴᠠ ᠶᠢ ᠨᠢᠭᠡ ᠴᠣᠭᠴᠠᠵᠢᠭᠤᠯᠬᠤ᠂ ᠥᠪᠥᠷ | ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ 30 ᠲᠦᠮᠡᠨ ᠬᠢᠯᠦᠸᠠᠲ ᠤᠨ ᠰᠠᠯᠬᠢᠨ ᠬᠦᠴᠦᠨ ᠤ | ᠴᠠᠬᠢᠯᠭᠠᠨ ᠤ ᠲᠤᠷᠰᠢᠯᠲᠠ ᠶᠢᠨ ᠲᠠᠯᠠᠪᠠᠢ ᠵᠡᠷᠭᠡ ᠨᠣᠭᠤᠭᠠᠨ ᠴᠠᠬᠢᠯᠭᠠᠨ ᠤ ᠵᠢᠱᠢᠶ᠎ᠡ ᠦᠵᠡᠭᠦᠯᠬᠦ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠵᠢᠶᠧ ᠷᠦᠢ ᠪᠦᠯᠦᠭᠯᠡᠯ ᠤᠨ 20 ᠲᠦᠮᠡᠨ ᠲᠣᠨ | ᠯᠢᠲ᠋ᠢ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ ᠪᠠ 10 GWH / ᠵᠢᠯ ᠤᠨ ᠡᠨᠧᠷᠭᠢ | ᠬᠠᠳᠠᠭᠠᠯᠠᠬᠤ ᠰᠢᠰᠲ᠋ᠧᠮ ᠤᠨ ᠬᠤᠷᠠᠮᠠᠯ ᠤᠨ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ | ᠠᠬᠢᠭᠤᠯᠵᠤ᠂ ᠺᠠᠶ ᠶᠢᠨ᠂ ᠾᠧᠩ ᠱᠧᠩ᠂ ᠾᠧᠩ ᠺᠧ ᠵᠡᠷᠭᠡ ᠯᠢᠲ᠋ᠢ ᠴᠠᠬᠢᠯᠭᠠᠨ ᠴᠡᠨᠡᠭ ᠤᠨ ᠪᠢᠯᠢᠭ ᠲᠦᠢᠯ ᠤᠨ | ᠮᠠᠲ᠋ᠧᠷᠢᠶᠠᠯ ᠦᠶ᠋ᠯᠡᠳᠪᠦᠷᠢᠯᠡᠬᠦ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠳᠡᠮᠵᠢᠵᠦ᠂ | ᠦᠶ᠋ᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠨ᠂ ᠯᠢᠲ᠋ᠢ ᠴᠠᠬᠢᠯᠭᠠᠨ ᠴᠡᠨᠡᠭ ᠤᠨ ᠠᠵᠢᠯ ᠲᠥᠷᠥᠯ ᠤᠨ ᠪᠥᠬᠦ ᠠᠵᠤ | ᠦᠢᠯᠡᠰ ᠤᠨ ᠬᠡᠯᠬᠢᠶ᠎ᠡ ᠶᠢ ᠪᠤᠶᠢᠵᠢᠭᠤᠯᠤᠨ ᠬᠥᠭᠵᠢᠭᠦᠯᠦᠨ᠎ᠡ᠃ ᠾᠧᠩ ᠺᠧ ᠣᠨᠴᠠ ᠲᠥᠷᠥᠯ ᠤᠨ ᠸᠠᠭᠠᠷ ᠱᠠᠭᠠᠵᠠᠩ | ᠪᠠ ᠾᠧᠩᠳᠧ ᠺᠠᠩ ᠡᠮ ᠡᠮᠨᠡᠯᠭᠡ ᠡᠷᠡᠭᠦᠯ ᠬᠠᠮᠠᠭᠠᠯᠠᠯ ᠤᠨ ᠬᠤᠷᠣᠭᠳᠠᠯ ᠮᠠᠲ᠋ᠧᠷᠢᠶᠠᠯ ᠵᠢᠴᠢ ᠪᠠᠭᠠᠵᠢ ᠬᠡᠷᠡᠭᠰᠡᠯ ᠤᠨ | ᠲᠥᠷᠥᠯ ᠵᠦᠢᠯ ᠢ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠤᠨ ᠦᠷ᠎ᠡ ᠠᠰᠢᠭ ᠤᠯᠬᠤ ᠶᠢ ᠪᠡᠶᠡᠯᠡᠭᠦᠯᠦᠨ᠎ᠡ᠃ | ᠱᠧᠩ ᠴᠢᠩ ᠰᠢᠨᠵᠢᠯᠡᠬᠦ ᠤᠬᠠᠭᠠᠨ ᠮᠡᠷᠭᠡᠵᠢᠯ ᠤᠨ ᠤᠰᠤ ᠴᠡᠪᠡᠷᠰᠢᠭᠦᠯᠬᠦ ᠲᠥᠬᠦᠭᠡᠷᠦᠮᠵᠢ ᠪᠠ ᠸᠠᠨ ᠸᠧᠢ | ᠪᠦᠯᠦᠭᠯᠡᠯ ᠤᠨ ᠤᠰᠤᠨ ᠳᠤ ᠠᠭᠤᠰᠬᠤ ᠴᠢᠨᠠᠷᠲᠠᠢ ᠰᠢᠷᠬᠡᠭᠯᠢᠭ ᠤᠨ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ | ᠣᠷᠣᠭᠤᠯᠬᠤ ᠶᠢ ᠠᠬᠢᠭᠤᠯᠤᠨ᠎ᠠ᠃ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠬᠤ ᠪᠠᠷ ᠤᠳᠤᠷᠢᠳᠤᠮᠵᠢ ᠪᠣᠯᠭᠠᠨ᠂ ᠣᠳᠣ ᠦᠶ᠎ᠡ ᠶᠢᠨ | ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ | ᠠᠰᠢᠭᠲᠠᠶ ᠨᠥᠬᠦᠴᠡᠯ ᠢ ᠠᠰᠢᠭᠯᠠᠨ᠂ ᠪᠡᠭᠡᠵᠢᠩ ᠤᠨ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠪᠦᠯᠦᠭᠯᠡᠯ ᠵᠡᠷᠭᠡ | ᠲᠣᠮᠣ ᠬᠡᠯᠪᠡᠷᠢ ᠶᠢᠨ ᠨᠡᠷᠡᠲᠦ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠬᠥᠮᠥᠷᠭᠡᠯᠡᠨ ᠬᠠᠳᠠᠭᠠᠯᠠᠬᠤ | ᠪᠠᠷᠠᠭᠠᠨ ᠤ ᠭᠦᠢᠯᠭᠡᠭᠡᠨ ᠤ ᠺᠣᠮᠫᠠᠨᠢ ᠯᠤᠭ᠎ᠠ ᠶᠢᠨ ᠬᠤᠷᠰᠢᠯᠴᠠᠭ᠎ᠠ ᠶᠢ ᠲᠦᠯᠬᠢᠨ ᠠᠬᠢᠭᠤᠯᠵᠤ᠂ ︽ᠴᠡᠪᠡᠷ | ᠨᠣᠭᠤᠭ᠎ᠠ ᠶᠢ ᠪᠡᠭᠡᠵᠢᠩ ᠳᠤ ᠣᠷᠣᠭᠤᠯᠬᠤ︾ ᠠᠵᠢᠯᠯᠠᠭ᠎ᠠ ᠶᠢ ᠬᠡᠷᠡᠭᠵᠢᠭᠦᠯᠦᠨ᠎ᠡ᠃ ᠲᠥᠮᠥᠰᠥ ᠪᠣᠯᠤᠨ ᠬᠦᠢᠲᠡᠨ | ᠰᠡᠷᠢᠭᠦᠨ ᠢᠳᠡᠰᠢᠨ ᠨᠣᠭᠤᠭ᠎ᠠ ᠶᠢᠨ ᠭᠤᠣᠯ ᠭᠠᠷᠤᠯᠲᠠ ᠶᠢᠨ ᠣᠷᠣᠨ ᠳᠤ ᠲᠠᠷᠢᠶᠠᠯᠠᠩ ᠤᠨ ᠪᠦᠲᠦᠭᠡᠭᠳᠡᠬᠦᠨ ᠤ | ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠪ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ | ᠪᠣᠯᠪᠠᠰᠤᠷᠠᠭᠤᠯᠵᠤ ᠲᠥᠪᠯᠡᠷᠡᠭᠦᠯᠦᠨ ᠲᠠᠷᠬᠠᠭᠠᠬᠤ ᠵᠠᠬ᠎ᠠ ᠳᠡᠯᠭᠡᠭᠦᠷ ᠪᠠᠶᠢᠭᠤᠯᠵᠤ᠂ ᠮᠠᠨ ᠤ ᠰᠢᠶᠠᠨ ᠤ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠡᠭᠡᠵᠢᠩ ᠳᠤ ᠣᠷᠣᠭᠤᠯᠵᠤ ᠪᠣᠷᠣᠯᠠᠭᠤᠯᠬᠤ ᠳᠤ ᠪᠦᠬᠦ ᠲᠠᠯ᠎ᠠ ᠶᠢᠨ | ᠪᠠᠲᠤᠯᠠᠭ᠎ᠠ ᠬᠠᠩᠭᠠᠬᠤ ᠬᠡᠷᠡᠭᠲᠡᠶ᠃ ᠬᠥᠮᠥᠷᠭᠡᠯᠡᠬᠦ ᠲᠡᠭᠡᠭᠡᠪᠦᠷᠢᠯᠡᠬᠦ᠂ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡ᠂ | ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ | ᠴᠢᠨᠠᠷᠲᠠᠢ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠵᠤ᠂ ᠵᠢᠯ ᠤᠨ ᠠᠷᠠᠯᠵᠢᠶᠠᠨ ᠤ | ᠬᠡᠮᠵᠢᠶ᠎ᠡ 70 ᠲᠦᠮᠡᠨ ᠲᠣᠯᠣᠭᠠᠢ ᠳᠤ ᠬᠦᠷᠦᠭᠰᠡᠨ ᠮᠠᠯ ᠠᠷᠠᠯᠵᠢᠶᠠᠯᠠᠬᠤ ᠵᠠᠬ᠎ᠠ ᠳᠡᠯᠭᠡᠭᠦᠷ ᠢ ᠪᠠᠶᠢᠭᠤᠯᠤᠨ | ᠡᠵᠡᠩᠨᠡᠬᠦ ᠶᠢ ᠠᠬᠢᠭᠤᠯᠵᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢ | ᠠᠬᠢᠭᠤᠯᠤᠨ᠎ᠠ᠃ ᠵᠢᠤᠢ ᠬᠤᠩ ᠲᠥᠮᠥᠰᠥᠨ ᠵᠢᠵᠢᠭ ᠪᠠᠯᠭᠠᠰᠤ ᠪᠠᠷ ᠠᠴᠢᠶᠠᠯᠠᠪᠤᠷᠢ ᠪᠣᠯᠭᠠᠵᠤ᠂ ᠪᠠᠷᠠᠭ᠎ᠠ ᠬᠤᠳᠠᠯᠳᠤᠨ | ᠠᠪᠬᠤ ᠬᠡᠷᠡᠭᠯᠡᠭᠡ᠂ ᠡᠯᠧᠺᠲᠷᠣᠨ ᠬᠤᠳᠠᠯᠳᠤᠭᠠᠨ ᠤ ᠪᠠᠷᠠᠭᠠᠨ ᠤ ᠭᠦᠢᠯᠭᠡᠭᠡ᠂ ᠡᠷᠡᠭᠦᠯ ᠮᠡᠨᠳᠦ ᠪᠡᠶ᠎ᠡ ᠰᠤᠪᠢᠯᠠᠯᠲᠠ᠂ | ᠠᠮᠢ ᠠᠬᠤᠶ ᠶᠢᠨ ᠵᠢᠭᠤᠯᠴᠢᠯᠠᠯ ᠵᠡᠷᠭᠡ ᠶᠢ ᠨᠢᠭᠡ ᠴᠣᠭᠴᠠᠵᠢᠭᠤᠯᠤᠭᠰᠠᠨ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ | ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠨ᠎ᠠ᠃ ᠰᠢᠭᠤᠳ ᠨᠡᠪᠲᠡᠷᠡᠭᠦᠯᠭᠡ ᠪᠠᠷ ᠪᠠᠷᠠᠭ᠎ᠠ ᠳᠠᠭᠠᠭᠤᠯᠬᠤ᠂ | ᠰᠦᠯᠵᠢᠶᠡᠨ ᠳᠡᠭᠡᠷᠡᠬᠢ ᠦᠢᠯᠡᠴᠢᠯᠡᠭᠡ᠂ ᠰᠦᠯᠵᠢᠶᠡᠨ ᠤ ᠨᠡᠷᠡᠳᠦ ᠠᠵᠤ ᠠᠬᠤᠢ ᠵᠡᠷᠭᠡ ᠬᠡᠷᠡᠭᠯᠡᠭᠡ ᠶᠢᠨ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠬᠦ ᠶᠢ ᠳᠡᠮᠵᠢᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠢ ᠪᠠᠶᠢᠭᠤᠯᠤᠨ᠎ᠠ᠃ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ | ᠠᠬᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠡᠵᠡᠩᠨᠡᠯᠲᠡ ᠬᠠᠮᠢᠶᠠᠷᠤᠯᠲᠠ ᠶᠢᠨ ᠠᠵᠤ | ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ | ᠰᠢᠰᠲ᠋ᠧᠮᠵᠢ ᠶᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠎ᠠ᠃ ᠲᠦᠷᠭᠡᠨ ᠢᠯᠡᠭᠡᠯᠲᠡ ᠶᠢᠨ ᠠᠦ᠋ᠲ᠋ᠣᠴᠢᠯᠠᠭᠰᠠᠨ ᠢᠯᠭᠠᠨ | ᠢᠯᠭᠠᠬᠤ ᠲᠥᠪ ᠢ ᠪᠠᠶᠢᠭᠤᠯᠵᠤ᠂ ᠲᠦᠷᠭᠡᠨ ᠢᠯᠡᠭᠡᠯᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠡᠷᠴᠢᠮ ᠢ ᠴᠢᠩᠭᠠᠷᠠᠭᠤᠯᠵᠤ᠂ | ᠲᠣᠮᠣ ᠴᠢᠯᠠᠭᠤᠨ ᠵᠢᠶᠠᠰᠠ ᠶᠢᠨ ᠥᠪᠡᠷᠲᠡᠭᠡᠨ ᠵᠠᠰᠠᠬᠤ ᠣᠷᠣᠨ ᠤ ᠲᠡᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠠᠨ ᠳ᠋ᠠ ᠴᠢᠩ ᠰᠢᠶᠠᠩ ᠤᠨ ᠳ᠋ᠦᠩ ᠵᠢᠶᠠ ᠲᠣᠰᠬᠤᠨ ᠤ ᠰᠤᠳᠤᠯᠤᠨ | ᠰᠤᠷᠤᠯᠴᠠᠬᠤ᠂ ᠠᠷᠠᠳ ᠤᠨ ᠵᠠᠩ ᠦᠢᠯᠡ᠂ ᠲᠣᠭᠤᠷᠢᠨ ᠦᠵᠡᠬᠦ᠂ ᠲᠠᠷᠢᠶᠠᠯᠠᠬᠤ ᠰᠣᠶᠣᠯ ᠵᠡᠷᠭᠡ ᠶᠢ ᠨᠢᠭᠡ | ᠴᠣᠭᠴᠠᠵᠢᠭᠤᠯᠤᠭᠰᠠᠨ ︽ᠬᠠᠮᠤᠭ ᠤᠨ ᠭᠤᠶᠤ ᠣᠢ ᠰᠢᠭᠤᠶ ᠶᠢᠨ ᠬᠥᠳᠡᠭᠡ ᠲᠣᠰᠬᠤᠨ︾ ᠢ ᠭᠤᠤᠯᠳᠠᠯᠭ᠎ᠠ ᠲᠠᠢ | ᠴᠣᠭᠴᠠᠯᠠᠨ᠎ᠠ᠃ ᠲᠣᠮᠣ ᠴᠢᠯᠠᠭᠤᠨ ᠵᠢᠶᠠᠰᠠ ᠥᠯᠥ ᠬᠥᠯᠳᠡᠭᠡᠬᠦ ᠭᠤᠤᠯ ᠵᠢᠤᠢ ᠬᠤᠩ ᠲᠥᠮᠥᠰᠥᠨ ᠵᠢᠵᠢᠭ ᠪᠠᠯᠭᠠᠰᠤ | ᠵᠡᠷᠭᠡ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ᠂ ᠠᠮᠢ ᠠᠬᠤᠶ ᠶᠢᠨ ᠵᠢᠭᠤᠯᠴᠢᠯᠠᠯ ᠢ ᠰᠣᠶᠣᠯ ᠤᠨ | ᠡᠷᠡᠭᠦᠯᠵᠢᠯ ᠰᠤᠪᠢᠯᠠᠯᠲᠠ᠂ ᠰᠡᠯᠡᠭᠦᠴᠡᠨ ᠪᠠᠷᠠᠭ᠎ᠠ ᠬᠤᠳᠠᠯᠳᠤᠨ ᠠᠪᠬᠤ᠂ ᠲᠠᠷᠢᠶᠠᠯᠠᠩ ᠤᠨ ᠲᠡᠭᠦᠵᠦ ᠲᠡᠭᠦᠬᠦ | ᠵᠡᠷᠭᠡ ᠯᠦᠭᠡ ᠤᠶᠠᠯᠳᠤᠭᠤᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠭᠦᠨᠵᠡᠭᠡᠶ ᠠᠬᠢᠭᠤᠯᠤᠨ᠎ᠠ᠃ | | ︵ᠳᠥᠷᠪᠡ︶ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠦᠨ᠎ᠡ᠃ ᠭᠤᠣᠯᠳᠠᠯᠭ᠎ᠠ ᠲᠠᠢ ᠬᠦᠷᠢᠶᠡᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ | ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠤ ᠭᠠᠵᠠᠷ | ᠰᠢᠷᠣᠶ ᠶᠢᠨ ︽ᠭᠤᠷᠪᠠᠨ ᠡᠷᠬᠡ ᠶᠢ ᠰᠠᠯᠭᠠᠬᠤ︾ ᠶᠢ ᠯᠠᠪᠳᠠᠭᠤᠨ ᠢᠶᠠᠷ ᠠᠬᠢᠭᠤᠯᠵᠤ᠂ ᠭᠠᠵᠠᠷ ᠰᠢᠷᠣᠶ ᠶᠢᠨ ᠬᠤᠪᠢ | ᠣᠷᠣᠭᠤᠯᠤᠭᠰᠠᠨ ᠬᠠᠮᠲᠤᠷᠠᠯᠴᠠᠭ᠎ᠠ ᠶᠢ ᠬᠥᠭᠵᠢᠭᠦᠯᠵᠦ᠂ ᠡᠵᠡᠩᠨᠡᠯᠲᠡ ᠶᠢᠨ ᠭᠤᠤᠯ ᠴᠣᠭᠴᠠ᠂ ᠲᠣᠰᠬᠤᠨ ᠤ ᠬᠠᠮᠲᠤ | ᠪᠣᠯᠤᠨ ᠲᠠᠷᠢᠶᠠᠴᠢᠨ ᠡᠷᠦᠬᠡ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ | ᠠᠵᠤ ᠠᠬᠤᠶ ᠬᠥᠳᠡᠭᠡ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠎ᠠ᠃ ᠡᠳ᠋ ᠤᠨ | ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠦᠪ ᠤᠨ ᠬᠢᠵᠠᠭᠠᠷᠯᠠᠯ ᠪᠠ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠥᠷᠢ ᠥᠭᠴᠡᠭᠡ ᠶᠢᠨ ᠨᠡᠮᠡᠭᠳᠡᠯ ᠢ ᠡᠷᠡᠰ | ᠬᠤᠷᠢᠭᠯᠠᠵᠤ᠂ ᠥᠷᠢ ᠥᠭᠴᠡᠭᠡ ᠶᠢᠨ ᠦᠯᠡᠳᠡᠭᠡᠯ ᠢ ᠢᠳᠡᠪᠬᠢᠲᠡᠶ ᠪᠠᠷ ᠠᠷᠢᠯᠭᠠᠨ᠂ ᠵᠠᠰᠠᠭ ᠤᠨ ᠣᠷᠳᠣᠨ ᠤ ᠥᠷᠢ | ᠥᠭᠴᠡᠭᠡ ᠶᠢᠨ ᠲᠦᠭᠰᠢᠭᠦᠷᠢ ᠶᠢ ᠶᠡᠷᠦᠩᠬᠡᠶ ᠳᠡᠭᠡᠨ ᠡᠵᠡᠮᠳᠡᠵᠦ ᠪᠣᠯᠬᠤ ᠶᠢ ᠦᠨᠡᠨᠬᠦ ᠪᠠᠲᠤᠯᠠᠨ᠎ᠠ᠃ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠡᠵᠡᠩᠨᠡᠯᠲᠡ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ | ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠵᠤ᠂ ᠰᠢᠶᠠᠨ ᠤ ᠬᠠᠷᠢᠶ᠎ᠠ ᠠᠵᠤ | ᠠᠬᠤᠶᠢᠯᠠᠯ ᠢ ᠬᠤᠲᠠ ᠶᠢᠨ ᠰᠠᠭᠤᠷᠢ ᠲᠥᠬᠦᠭᠡᠷᠦᠮᠵᠢ᠂ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠭᠤᠤᠯ ᠴᠣᠭᠴᠠ | ᠪᠣᠯᠭᠠᠨ᠎ᠠ᠃ ᠰᠤᠷᠭᠠᠨ ᠬᠥᠮᠦᠵᠢᠯ ᠤᠨ ᠬᠦᠷᠢᠶ᠎ᠡ ᠴᠠᠷᠠᠭ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ᠂ ᠬᠦᠷᠢᠶ᠎ᠡ ᠴᠠᠷᠠᠭ᠎ᠠ ᠪᠠ ᠰᠠᠯᠠᠭ᠎ᠠ ᠮᠥᠴᠢᠷ ᠠᠯᠤᠰᠯᠠᠭᠰᠠᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠡᠷᠭᠡ ᠠᠵᠢᠯ ᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠵᠠᠰᠠᠭ ᠤᠨ ᠣᠷᠳᠣᠨ ᠤ ᠬᠦᠴᠦᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ | ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠯᠢᠳᠡᠭ | ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠪᠠᠶᠢᠭᠤᠯᠤᠨ᠎ᠠ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠣᠳᠠᠲᠤ ᠴᠣᠭᠴᠠ ᠶᠢᠨ ᠲᠢᠩᠬᠢᠮ᠂ ᠰᠦᠯᠵᠢᠶᠡᠨ ᠳᠡᠭᠡᠷᠡᠬᠢ ᠲᠠᠪᠴᠠᠩ᠂ ᠰᠢᠯᠵᠢᠭᠡ | ᠬᠡᠷᠡᠭᠯᠡᠭᠴᠢ ᠶᠢᠨ ᠦᠵᠦᠭᠦᠷ᠂ ᠥᠪᠡᠰᠦᠪᠡᠨ ᠦᠢᠯᠡᠴᠢᠯᠡᠬᠦ ᠦᠵᠦᠭᠦᠷ᠂ ᠦᠢᠯᠡᠴᠢᠯᠡᠭᠡ ᠶᠢᠨ ᠬᠠᠯᠠᠮᠰᠢᠯ ᠤᠲᠠᠰᠤ ᠶᠢ | ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ | ᠴᠢᠳᠠᠮᠵᠢ ᠪᠠᠨ ᠬᠠᠷᠢᠯᠴᠠᠨ ᠨᠥᠬᠦᠪᠥᠷᠢᠯᠡᠬᠦ᠂ ᠠᠭᠤᠰᠤᠯᠴᠠᠨ ᠬᠥᠭᠵᠢᠬᠦ ᠶᠢ ᠪᠡᠶᠡᠯᠡᠭᠦᠯᠦᠨ᠎ᠡ᠃ ᠣᠷᠣᠰᠢᠭᠤᠯᠭ᠎ᠠ ᠶᠢᠨ | ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠰᠢᠶᠠᠨ ᠰᠢᠶᠠᠩ ᠲᠣᠰᠬᠤᠨ ᠭᠤᠷᠪᠠᠨ | ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠩᠭᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ | ᠣᠷᠣᠰᠢᠭᠤᠯᠭ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠪᠣᠯᠪᠠᠰᠤᠨ ᠣᠷᠣᠰᠢᠭᠤᠯᠭ᠎ᠠ ᠶᠢ ᠰᠠᠨᠠᠭᠠᠴᠢᠯᠠᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠬᠥᠮᠦᠨ ᠪᠦᠬᠦᠨ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠠᠶᠢᠵᠤ᠂ ᠬᠥᠮᠦᠨ ᠪᠦᠬᠦᠨ ᠱᠠᠩᠳᠤ ᠶᠢᠨ ᠳᠦᠷᠢ ᠲᠥᠷᠬᠦ ᠪᠣᠯᠬᠤ︾ | ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠳᠣᠲᠣᠨᠣ ᠴᠢᠬᠡᠴᠢ ᠵᠠᠰᠠᠭ ᠬᠤᠳᠠᠯᠳᠤᠭᠠᠨ ᠤ ᠬᠠᠷᠢᠴᠠᠭ᠎ᠠ ᠶᠢ | ᠲᠦᠷᠭᠡᠳᠬᠡᠨ ᠪᠠᠶᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠢ᠂ | ᠡᠷᠬᠡ ᠲᠡᠭᠰᠢ ᠲᠥᠪ ᠭᠤᠣᠯᠴᠢ᠂ ᠠᠮᠤᠷ ᠲᠦᠪᠰᠢᠨ ᠡᠮᠬᠢ ᠵᠢᠷᠤᠮ ᠲᠠᠢ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠡᠷᠡᠰ ᠭᠤᠶᠢᠪᠢᠰᠢ ᠦᠭᠡᠢ ᠪᠤᠢ ᠪᠣᠯᠭᠠᠵᠤ ᠥᠭᠭᠦᠨ᠎ᠡ᠃ ᠠᠵᠤ ᠠᠬᠤᠶᠢᠯᠠᠯ ᠤᠨ ᠪᠠᠯᠠ ᠲᠣᠬᠢᠷᠠᠭᠤᠯᠬᠤ | ᠲᠠᠪᠴᠠᠩ ᠢ ᠪᠠᠶᠢᠭᠤᠯᠵᠤ᠂ ︽ᠳᠠᠭᠠᠭᠠᠯᠲᠠ ᠳᠤ ᠲᠤᠰᠠᠯᠠᠬᠤ ᠵᠢᠭᠡᠯᠡᠯᠭᠡ︾ ᠶᠢᠨ ᠬᠠᠮᠤᠷᠬᠤ ᠬᠡᠪᠴᠢᠶ᠎ᠡ ᠶᠢ | ᠥᠷᠭᠡᠳᠬᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ | ᠦᠨᠡᠨᠬᠦ ᠰᠢᠢᠳᠪᠦᠷᠢᠯᠡᠨ᠎ᠡ᠃ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠦᠯᠬᠦ ᠪᠡᠯᠡᠳᠬᠡᠮᠵᠢ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ 220 ᠬᠢᠯᠦᠸᠠᠲ ᠤᠨ ᠬᠦᠴᠦᠳᠡᠯ ᠥᠭᠡᠷᠡᠴᠢᠯᠡᠬᠦ | ᠥᠷᠲᠡᠭᠡ ᠶᠢᠨ ᠲᠥᠷᠥᠯ ᠵᠦᠢᠯ ᠪᠣᠯᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠥᠷᠥᠯ ᠵᠦᠢᠯ ᠤᠨ | ᠪᠠᠷᠢᠯᠭ᠎ᠠ ᠡᠬᠢᠯᠡᠭᠦᠯᠬᠦ ᠶᠢ ᠲᠦᠯᠬᠢᠨ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠪᠥᠭᠡᠳ | ᠣᠶᠤᠨᠴᠢᠯᠠᠭᠰᠠᠨ ᠬᠥᠭᠵᠢᠯᠲᠡ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠣᠶᠤᠨᠴᠢ | ᠬᠦᠷᠢᠶᠡᠯᠡᠩ ᠲᠣᠭᠤᠷᠢᠭ ᠢ ᠴᠢᠷᠮᠠᠶᠢᠨ ᠪᠠᠶᠢᠭᠤᠯᠤᠨ᠎ᠠ᠃ ︽ᠦᠬᠦᠰᠢᠷᠡᠮᠡᠯ ᠠᠵᠤ ᠠᠬᠤᠶᠢᠯᠠᠯ︾ ᠢ ᠬᠠᠤᠯᠢ ᠶᠣᠰᠣᠭᠠᠷ | ᠰᠤᠯᠠᠯᠠᠨ ᠪᠤᠴᠠᠭᠠᠵᠤ᠂ ᠰᠤᠯᠠ ᠪᠠᠶᠢᠭ᠎ᠠ ᠦᠷ᠎ᠡ ᠠᠰᠢᠭ ᠪᠠᠭᠠᠲᠠᠢ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠢ | ᠠᠮᠢᠳᠤᠯᠢᠭ ᠪᠣᠯᠭᠠᠵᠤ᠂ ᠬᠦᠷᠢᠶᠡᠯᠡᠩ ᠲᠣᠭᠤᠷᠢᠭ ᠤᠨ ᠡᠷᠴᠢᠮᠵᠢᠨ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠳᠤᠪᠤᠶᠢᠮ᠎ᠠ ᠰᠠᠶᠢᠲᠤᠷ ᠠᠳᠬᠤᠨ᠎ᠠ᠃ ᠤᠯᠠᠭᠠᠨᠴᠠᠪ | ᠬᠤᠲᠠ ᠶᠢᠨ ︽ᠲᠠᠪᠤᠨ ᠶᠡᠭᠡ ᠠᠵᠤ ᠦᠢᠯᠡᠰ ᠤᠨ ᠲᠥᠪᠯᠡᠷᠡᠯ︾ ᠪᠣᠯᠤᠨ ︽ᠠᠷᠪᠠᠨ ᠵᠦᠢᠯ ᠤᠨ ᠠᠵᠤ ᠦᠢᠯᠡᠰ ᠤᠨ | ᠬᠡᠯᠬᠢᠶ᠎ᠡ︾ ᠶᠢᠨ ᠲᠣᠭᠤᠷᠢᠨ ᠳᠤ᠂ ᠮᠠᠨ ᠤ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠳᠤ | ᠨᠡᠶᠢᠴᠡᠬᠦ ᠡᠯ᠎ᠡ ᠲᠥᠷᠥᠯ ᠤᠨ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠵᠤ ᠢᠷᠡᠨ᠎ᠡ᠃ ᠬᠡᠯᠬᠢᠶ᠎ᠡ ᠶᠢ | ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠠᠵᠢᠯᠯᠠᠭ᠎ᠠ ᠪᠠ ᠶᠠᠰᠤ ᠴᠢᠨᠠᠷ ᠢ | ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠵᠤ ᠦᠶ᠋ᠯᠡᠰ ᠢ ᠲᠥᠪᠯᠡᠷᠡᠭᠦᠯᠦᠨ ᠳᠡᠭᠡᠭᠰᠢᠯᠡᠭᠦᠯᠬᠦ ᠶᠢ | ᠠᠬᠢᠭᠤᠯᠤᠨ᠎ᠠ᠃ ᠨᠠᠷᠢᠯᠢᠭ ᠣᠨᠣᠪᠴᠢᠲᠠᠶ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ | ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ | ᠤᠷᠢᠬᠤ ᠡᠯᠴᠢ ᠪᠠᠷ ᠬᠤᠳᠠᠯᠳᠤᠭᠠᠴᠢᠨ ᠤᠷᠢᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠪᠥᠬᠦ ᠠᠷᠠᠳ ᠢᠶᠠᠷ ᠢᠶᠠᠨ ᠬᠤᠳᠠᠯᠳᠤᠭᠠᠴᠢᠨ ᠤᠷᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠢᠭᠡ | ᠪᠦᠯᠦᠭ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠴᠠᠷᠠᠭ᠎ᠠ ᠶᠢᠨ | ᠴᠢᠨᠠᠷ ᠰᠠᠶᠢᠲᠠᠶ ᠬᠥᠷᠥᠩᠭᠡ᠂ ᠳᠡᠭᠡᠳᠦ ᠲᠠᠰ ᠤᠨ ᠲᠥᠷᠥᠯ ᠵᠦᠢᠯ᠂ ᠲᠡᠷᠢᠭᠦᠨ ᠤ ᠠᠵᠤ ᠠᠬᠤᠶᠢᠯᠠᠯ ᠢ ᠣᠷᠣᠭᠤᠯᠤᠨ | ᠠᠪᠴᠢᠷᠠᠬᠤ ᠪᠠᠷ ᠴᠢᠷᠮᠠᠶᠢᠨ᠎ᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠪᠣᠳᠠᠲᠤ ᠦᠷ᠎ᠡ | ᠪᠦᠲᠦᠮᠵᠢ ᠶᠢ ᠨᠠᠩ ᠴᠢᠬᠤᠯᠠᠴᠢᠯᠠᠨ᠂ ᠲᠥᠷᠥᠯ ᠵᠦᠢᠯ ᠤᠨ ᠪᠥᠬᠦ ᠶᠠᠪᠤᠴᠠ ᠶᠢ ᠮᠥᠷᠳᠡᠨ ᠦᠶ᠋ᠯᠡᠴᠢᠯᠡᠬᠦ | ᠲᠣᠭᠲᠠᠴᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠭᠡᠷ᠎ᠡ ᠲᠣᠭᠲᠠᠭᠰᠠᠨ ᠲᠥᠷᠥᠯ ᠵᠦᠢᠯ ᠤᠨ ᠭᠡᠷ᠎ᠡ | ᠭᠦᠢᠴᠡᠳᠭᠡᠬᠦ ᠨᠣᠷᠮ᠎ᠠ ᠶᠢ ᠳᠡᠭᠡᠭᠰᠢᠯᠡᠭᠦᠯᠦᠨ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠨᠣᠷᠮ᠎ᠠ ᠶᠢ ᠪᠠᠲᠤᠯᠠᠨ᠎ᠠ᠃ | ︵ᠲᠠᠪᠤ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠨᠡᠶᠢᠭᠡᠮ ᠤᠨ ᠦᠢᠯᠡᠰ ᠤᠨ ᠰᠢᠨ᠎ᠡ ᠳᠠᠪᠰᠢᠯᠲᠠ ᠶᠢ ᠠᠬᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠴᠢᠳᠠᠪᠤᠷᠢᠲᠠᠨ ᠢᠶᠠᠷ ᠰᠢᠶᠠᠨ ᠢᠶᠠᠨ ᠬᠦᠴᠦᠷᠬᠡᠭᠵᠢᠭᠦᠯᠬᠦ ᠢᠨᠵᠧᠨᠧᠷᠢᠩ ᠢ ᠶᠡᠬᠡᠪᠡᠷ | ᠬᠡᠷᠡᠭᠵᠢᠭᠦᠯᠵᠦ᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠣᠯᠠᠨ ᠢᠶᠠᠷ ᠢᠶᠠᠨ ᠰᠢᠨ᠎ᠡ ᠶᠢ | ᠡᠭᠦᠳᠬᠦ ᠶᠢ ᠭᠦᠨᠵᠡᠭᠡᠶ ᠠᠬᠢᠭᠤᠯᠤᠨ᠎ᠠ᠃ ᠨᠡᠶᠢᠭᠡᠮ ᠤᠨ ᠠᠵᠢᠯ ᠣᠯᠭᠤᠯᠲᠠ ᠶᠢ ᠲᠣᠭᠲᠠᠭᠤᠨ ᠢᠶᠠᠷ ᠥᠷᠭᠡᠳᠬᠡᠵᠦ᠂ | ᠨᠤᠲᠤᠭ ᠲᠠᠭᠠᠨ ᠪᠤᠴᠠᠭᠰᠠᠨ ᠲᠠᠷᠢᠶᠠᠴᠢᠨ ᠬᠦᠴᠦ ᠶᠠᠪᠤᠭᠰᠠᠳ᠂ ᠳᠡᠭᠡᠳᠦ ᠰᠤᠷᠭᠠᠭᠤᠯᠢ ᠲᠡᠭᠦᠰᠦᠭᠰᠡᠳ᠂ ᠬᠤᠲᠠ | ᠪᠠᠯᠭᠠᠰᠤ ᠶᠢᠨ ᠠᠵᠢᠯ ᠣᠯᠬᠤ ᠳᠤ ᠬᠦᠴᠢᠷᠲᠡᠶ ᠬᠥᠮᠦᠰ᠂ ᠴᠡᠷᠢᠭ ᠤᠨ ᠠᠯᠪᠠᠨ ᠠᠴᠠ ᠪᠠᠭᠤᠭᠰᠠᠳ ᠵᠡᠷᠭᠡ ᠳᠤ ᠠᠳᠠᠯ | ᠦᠢᠯᠡᠰ ᠴᠣᠭᠴᠠᠯᠠᠨ ᠠᠵᠢᠯ ᠣᠯᠭᠤᠬᠤ ᠶᠢ ᠭᠤᠣᠯᠳᠠᠯᠭ᠎ᠠ ᠲᠠᠢ ᠪᠠᠲᠤᠯᠠᠵᠤ᠂ ᠬᠤᠲᠠ ᠪᠠᠯᠭᠠᠰᠤ ᠶᠢᠨ 700 | ᠬᠥᠮᠦᠨ ᠳᠤ ᠰᠢᠨ᠎ᠡ ᠪᠠᠷ ᠠᠵᠢᠯ ᠣᠯᠭᠤᠬᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ 4 . 3 ᠲᠦᠮᠡᠨ | ᠬᠥᠮᠦᠨ ᠢ ᠰᠢᠯᠵᠢᠭᠦᠯᠦᠨ ᠠᠵᠢᠯ ᠣᠯᠭᠤᠬᠤ ᠪᠠᠷ ᠴᠢᠷᠮᠠᠶᠢᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠶᠢ ᠦᠷᠭᠦᠯᠵᠢᠯᠡᠨ ᠠᠬᠢᠭᠤᠯᠵᠤ᠂ ᠨᠠᠰᠤᠵᠢᠯ᠂ ᠠᠵᠢᠯ ᠠᠴᠠ ᠪᠣᠯᠤᠭᠰᠠᠨ ᠭᠡᠮᠲᠦᠯ᠂ ᠡᠮᠴᠢᠯᠡᠭᠡ᠂ ᠠᠵᠢᠯ | ᠠᠯᠳᠠᠯᠲᠠ ᠶᠢᠨ ᠳᠠᠭᠠᠳᠬᠠᠯ ᠤᠨ ᠬᠠᠤᠯᠢ ᠪᠠᠷ ᠲᠣᠭᠲᠠᠭᠠᠭᠰᠠᠨ ᠬᠥᠮᠦᠰ ᠢ ᠪᠦᠷᠢᠨ ᠪᠦᠷᠬᠦᠭᠦᠯᠬᠦ ᠶᠢ ᠴᠢᠷᠮᠠᠶᠢᠨ | ᠪᠡᠶᠡᠯᠡᠭᠦᠯᠦᠨ᠎ᠡ᠃ ᠲᠠᠰ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠬᠦᠯᠵᠦ | ᠂ ᠨᠡᠶᠢᠭᠡᠮ ᠤᠨ ᠠᠪᠤᠷᠠᠨ ᠲᠤᠰᠠᠯᠠᠬᠤ ᠶᠢᠨ ︽ᠨᠢᠭᠡ ᠥᠷᠲᠡᠭᠡ ᠮᠠᠶ᠋ᠢᠭ ᠤᠨ ᠭᠥᠯᠢᠶᠡᠨ ᠠᠪᠴᠤ ᠰᠢᠢᠳᠪᠦᠷᠢᠯᠡᠬᠦ ᠪᠠ | ᠰᠦᠯᠵᠢᠶᠡᠨ ᠳᠡᠭᠡᠷ᠎ᠡ ᠭᠦᠢᠴᠡᠳᠭᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠬᠦᠴᠢᠷᠳᠡᠯᠲᠡᠶ ᠣᠯᠠᠨ ᠲᠦᠮᠡᠨ ᠢ | ᠠᠪᠤᠷᠠᠨ ᠲᠤᠰᠠᠯᠠᠬᠤ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠣᠯᠭᠤᠨ᠎ᠠ᠃ ᠡᠷᠦᠬᠡ ᠶᠢᠨ | ᠴᠡᠷᠢᠭ ᠤᠨ ᠪᠠᠶᠢᠭᠤᠯᠤᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠭᠦᠷᠭᠡ ᠪᠠᠷ | ᠵᠢᠯᠣᠭᠤᠳᠤᠮᠵᠢ ᠪᠣᠯᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠬᠤᠶᠠᠷ ᠢ | ᠬᠦᠷᠢᠶᠡᠯᠡᠵᠦ ᠬᠠᠷᠠᠭᠠᠯᠵᠠᠬᠤ ᠠᠵᠢᠯ ᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ᠂ | ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠨᠡᠶᠢᠭᠡᠮ ᠤᠨ ᠦᠢᠯᠡᠰ ᠤᠨ ᠪᠥᠬᠦ ᠲᠠᠯ᠎ᠠ ᠪᠠᠷ ᠬᠥᠭᠵᠢᠬᠦ ᠶᠢ ᠳᠡᠮᠵᠢᠨ᠎ᠡ᠃ | ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ ᠤᠯᠠᠭᠠᠨᠮᠥ᠋ᠴᠢᠷ ᠤᠨ | ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ︽ᠲᠠᠯ᠎ᠠ ᠨᠤᠲᠤᠭ ᠤᠨ ᠬᠥᠪᠡᠭᠦᠳ ᠥᠬᠢᠳ ᠡᠬᠡ ᠤᠯᠤᠰ ᠢᠶᠠᠨ | ᠬᠠᠶᠢᠷᠠᠯᠠᠬᠤ᠂ ᠳᠤᠮᠳᠠᠳᠤ ᠶᠢᠨ ᠦᠨᠳᠦᠰᠦᠲᠡᠨ ᠬᠠᠮᠲᠤ ᠪᠠᠷ ᠴᠤᠭᠯᠠᠷᠠᠬᠤ︾ ᠵᠡᠷᠭᠡ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ ᠰᠢᠷᠢᠰ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠨ᠎ᠠ᠃ ︽ᠣᠶᠤᠨᠴᠢ ᠬᠢᠴᠢᠶᠡᠯ ᠤᠨ ᠲᠠᠩᠬᠢᠮ︾ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠡᠭᠡᠵᠢᠩ ᠤᠨ ᠰᠢᠯᠢᠳᠡᠭ ᠰᠤᠷᠭᠠᠨ ᠬᠥᠮᠦᠵᠢᠯ ᠤᠨ ᠡᠬᠢ | ᠪᠠᠶᠠᠯᠢᠭ ᠲᠠᠢ ︽ᠡᠭᠦᠯᠡᠨ ᠦᠵᠦᠭᠦᠷ︾ ᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠰᠤᠷᠭᠠᠨ ᠬᠥᠮᠦᠵᠢᠯ ᠤᠨ ᠮᠡᠳᠡᠭᠡ | ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠶᠢᠰᠦᠳᠦᠭᠡᠷ | ᠬᠡᠦᠬᠡᠳ ᠤᠨ ᠴᠡᠴᠡᠷᠯᠢᠭ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ︽ᠤᠯᠤᠰ ᠤᠨ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠬᠤ ᠰᠢᠶᠠᠨ︾ ᠢ | ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠠ | ᠸᠠᠺᠼᠢᠨ ᠤ ᠲᠠᠷᠢᠯᠭ᠎ᠠ ᠬᠢᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ | ᠰᠠᠶᠢᠲᠤᠷ ᠠᠳᠬᠤᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ | ᠮᠡᠨᠳᠦ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ᠃ ᠰᠢᠶᠠᠨ ᠤ ᠡᠮᠨᠡᠯᠭᠡ ᠶᠢᠨ ᠬᠤᠷᠢᠶ᠎ᠠ ᠶᠢ ᠭᠤᠷᠪᠠᠨ ᠬᠥᠬᠡᠭᠴᠢᠨ | ᠡᠮᠨᠡᠯᠭᠡ ᠶᠢᠨ ᠬᠤᠷᠢᠶ᠎ᠠ ᠪᠣᠯᠭᠠᠵᠤ᠂ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠶ᠋ᠯᠡᠴᠢᠯᠡᠭᠡᠨ ᠤ | ᠲᠥᠪ ᠢ ᠬᠤᠶᠠᠳᠤᠭᠠᠷ ᠳᠡᠰ ᠤᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠪᠣᠯᠭᠠᠬᠤ ᠪᠠᠷ ᠪᠥᠬᠦ | ᠬᠦᠴᠦᠨ ᠢᠶᠠᠷ ᠢᠶᠠᠨ ᠴᠢᠷᠮᠠᠶᠢᠨ᠎ᠠ᠃ | ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ︽ᠹᠧᠩ | ᠴᠢᠶᠣᠤ ᠶᠢᠨ ᠲᠤᠷᠰᠢᠯᠭ᠎ᠠ︾ ᠶᠢ ᠭᠦᠨᠵᠡᠭᠡᠶ ᠬᠡᠷᠡᠭᠵᠢᠭᠦᠯᠵᠦ᠂ ᠶᠡᠷᠦᠩᠬᠡᠶᠢᠯᠡᠨ ᠵᠠᠰᠠᠬᠤ ᠲᠧᠯᠸᠢᠰ ᠤᠨ ᠰᠦᠯᠵᠢᠶ᠎ᠡ᠂ ︽ | ᠭᠡᠭᠡᠨ ᠰᠠᠷᠠᠭᠤᠯ ᠢᠨᠵᠧᠨᠧᠷᠢᠩ︾ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠶᠢᠭᠡᠮ ᠤᠨ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠪᠠ ᠬᠠᠮᠢᠶᠠᠷᠤᠯᠲᠠ ᠦᠢᠯᠡᠴᠢᠯᠡᠭᠡᠨ ᠤ ᠨᠠᠷᠢᠯᠢᠬᠵᠢᠭᠤᠯᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠲᠦᠭᠰᠢᠭᠦᠷᠢ ᠶᠢᠨ ᠲᠤᠰᠬᠠᠶ ᠪᠠᠶᠢᠴᠠᠭᠠᠯᠲᠠ ᠶᠢ | ᠦᠷᠭᠦᠯᠵᠢᠯᠡᠨ ᠥᠷᠨᠢᠭᠦᠯᠵᠦ᠂ ᠬᠠᠤᠯᠢ ᠪᠤᠰᠤ ᠮᠥᠩᠭᠦᠨ ᠭᠦᠶ᠋ᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠠᠮᠵᠢᠨ ᠵᠦᠶ ᠪᠤᠰᠤ ᠵᠢᠭᠡᠯᠡᠯᠭᠡ ᠶᠢ ᠢᠯᠭᠠᠷᠠᠭᠤᠯᠤᠨ | ᠬᠤᠷᠢᠶᠠᠵᠤ᠂ ᠵᠦᠶ ᠪᠤᠰᠤ ᠵᠢᠭᠡᠯᠡᠯᠭᠡ ᠶᠢᠨ ᠨᠣᠷᠮ᠎ᠠ ᠶᠢ 6 % ᠶᠢᠨ ᠳᠣᠲᠣᠷ᠎ᠠ ᠬᠢᠵᠠᠭᠠᠷᠯᠠᠨ᠎ᠠ᠃ ᠤᠯᠠᠨ ᠲᠦᠮᠡᠨ ᠤ | ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠵᠥᠷᠢᠴᠡᠯ ᠢ | ᠴᠤᠬᠤᠶᠢᠵᠤ ᠪᠠᠶᠢᠬᠤ ᠳᠤᠨᠢ ᠰᠢᠢᠳᠪᠦᠷᠢᠯᠡᠵᠦ᠂ ᠦᠨᠳᠦᠰᠦᠨ ᠱᠠᠲᠤᠨ ᠳᠤᠨᠢ ᠰᠢᠢᠳᠪᠦᠷᠢᠯᠡᠬᠦ ᠪᠠᠷ ᠴᠢᠷᠮᠠᠶᠢᠨ᠎ᠠ᠃ | ᠢᠳᠡᠭᠡᠨ ᠪᠠ ᠡᠮ ᠤᠨ ᠵᠦᠢᠯ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ᠂ ᠠᠶᠤᠯ ᠲᠠᠢ ᠬᠢᠮᠢ ᠶᠢᠨ ᠡᠳ᠂ ᠵᠠᠮ | ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠪᠠᠷᠢᠬᠤ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ | ᠲᠣᠭᠤᠷᠢᠨ ᠳᠤ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠵᠡᠷᠭᠡ | ᠠᠵᠢᠯᠯᠠᠭ᠎ᠠ ᠶᠢ ᠶᠡᠬᠡᠪᠡᠷ ᠥᠷᠨᠢᠭᠦᠯᠦᠨ᠂ ᠠᠶᠤᠯ ᠦᠭᠡᠶ ᠶᠢᠨ ᠨᠡᠯᠢᠶᠡᠳ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ | ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢᠨ ᠰᠢᠰᠲ᠋ᠧᠮ ᠪᠣᠯᠤᠨ ᠪᠠᠴᠢᠮ ᠪᠠᠶᠢᠳᠠᠯ ᠢ | ᠠᠷᠭᠠᠴᠠᠭᠠᠬᠤ ᠡᠳ᠋ ᠪᠣᠳᠠᠰ ᠤᠨ ᠨᠥᠭᠡᠴᠡ ᠶᠢᠨ ᠰᠢᠰᠲ᠋ᠧᠮ ᠤᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠵᠠᠰᠠᠯᠲᠠ ᠶᠢᠨ ᠴᠢᠳᠠᠪᠤᠷᠢ ᠶᠢᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠬᠠᠤᠯᠢ ᠶᠢ ᠴᠢᠩᠭ᠎ᠠ ᠵᠢᠷᠤᠮᠯᠠᠨ᠂ ᠬᠠᠤᠯᠢ ᠪᠠᠷ ᠵᠠᠰᠠᠬᠤ ᠶᠢ | ᠬᠦᠨᠳᠦᠳᠬᠡᠵᠦ᠂ ᠬᠠᠤᠯᠢ ᠴᠠᠭᠠᠵᠠ ᠶᠢ ᠬᠦᠨᠳᠦᠳᠬᠡᠨ᠂ ᠬᠠᠤᠯᠢ ᠶᠣᠰᠣᠭᠠᠷ ᠵᠠᠰᠠᠭ ᠶᠠᠪᠤᠭᠤᠯᠵᠤ᠂ ᠬᠠᠤᠯᠢ ᠪᠠᠷ | ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠶᠠᠷᠢᠶ᠎ᠠ | ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠠᠷᠠᠳᠴᠢᠯᠠᠭᠰᠠᠨ ᠨᠠᠮ | ᠪᠦᠯᠦᠭ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠠ ᠡᠯ᠎ᠡ | ᠠᠷᠠᠳ ᠤᠨ ᠪᠦᠯᠬᠦᠮ ᠤᠨ ᠰᠠᠨᠠᠯ ᠢ ᠬᠢᠨᠠᠮᠠᠭᠠᠢ ᠰᠣᠨᠣᠰᠴᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠶᠡᠭᠡ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠠᠵᠢᠯ ᠤᠨ | ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠡᠶᠢᠭᠡᠮ ᠳᠠᠶᠠᠭᠠᠷ ᠤᠨ | ᠬᠠᠤᠯᠢ ᠪᠠᠷ ᠵᠠᠰᠠᠬᠤ ᠠᠭᠤᠷ ᠠᠮᠢᠰᠬᠤᠯ ᠢ ᠵᠤᠵᠠᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ | ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ | ᠥᠨᠳᠥᠷ ᠪᠦᠲᠦᠮᠵᠢᠲᠡᠢ ᠪᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠨᠠᠮ ᠤᠨ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠠ᠃ | ᠦᠨᠡᠨᠴᠢ ᠢᠲᠡᠭᠡᠮᠵᠢ ᠶᠢᠨ ᠤᠬᠠᠮᠰᠠᠷ ᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠪᠠᠷ ᠪᠦᠬᠦ ᠨᠡᠶᠢᠭᠡᠮ ᠤᠨ ᠦᠨᠡᠨᠴᠢ ᠢᠲᠡᠭᠡᠮᠵᠢᠲᠡᠢ ᠪᠠᠶᠢᠬᠤ ᠶᠢ ᠳᠠᠶᠢᠴᠢᠯᠠᠬᠤ ᠬᠡᠷᠡᠭᠲᠡᠢ᠃ ᠰᠢᠶᠠᠨ | ᠰᠢᠶᠠᠩ ᠬᠤᠶᠠᠷ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠲᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠢᠶᠠᠷ ᠲᠣᠭᠲᠠᠭᠠᠬᠤ ᠲᠥᠷᠢᠮ ᠢ ᠪᠥᠬᠦ ᠲᠠᠯ᠎ᠠ ᠪᠠᠷ | ᠶᠠᠪᠤᠭᠤᠯᠵᠤ᠂ ᠬᠢᠵᠠᠭᠠᠷ ᠲᠠᠢ ᠬᠦᠴᠦᠨ ᠢ ᠤᠯᠠᠨ ᠲᠦᠮᠡᠨ ᠤ ᠬᠠᠮᠤᠭ ᠠᠴᠠ ᠬᠡᠷᠡᠭᠴᠡᠭᠡ ᠲᠠᠢ ᠭᠠᠵᠠᠷ ᠣᠷᠣᠨ ᠲᠤ | ᠣᠷᠣᠭᠤᠯᠤᠨ᠂ ᠠᠷᠠᠳ ᠤᠯᠠᠨ ᠤ ᠰᠡᠳᠬᠢᠯ ᠵᠣᠪᠠᠵᠤ ᠪᠠᠶᠢᠭ᠎ᠠ ᠶᠠᠪᠤᠳᠠᠯ᠂ ᠰᠡᠳᠬᠢᠯ ᠵᠣᠪᠠᠵᠤ ᠪᠠᠶᠢᠭ᠎ᠠ ᠶᠠᠪᠤᠳᠠᠯ᠂ | ᠰᠡᠳᠬᠢᠯ ᠵᠣᠪᠠᠵᠤ ᠪᠠᠶᠢᠭ᠎ᠠ ᠶᠠᠪᠤᠳᠠᠯ ᠢ ᠬᠦᠴᠦᠯᠡᠨ ᠰᠢᠢᠳᠪᠦᠷᠢᠯᠡᠨ᠎ᠡ᠃ ᠤᠯᠤᠰ ᠲᠥᠷᠥ ᠶᠢᠨ ᠬᠠᠷᠢᠭᠤᠴᠠᠯᠭ᠎ᠠ ᠶᠢ | ᠠᠵᠢᠯ ᠬᠢᠵᠦ ᠠᠳᠠᠯ ᠦᠢᠯᠡᠰ ᠴᠣᠭᠴᠠᠯᠠᠬᠤ᠂ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ | ᠪᠠᠶᠢᠯᠳᠤᠬᠤ ᠪᠣᠳᠣᠯᠭ᠎ᠠ ᠶᠢᠨ ᠬᠠᠷᠠᠴᠠ᠂ ᠲᠥᠷᠥ ᠪᠠᠷᠢᠬᠤ ᠴᠢᠳᠠᠪᠤᠷᠢ᠂ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠪᠠᠨ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠠᠵᠢᠯ ᠢ ᠰᠢᠨᠵᠢᠯᠡᠬᠦ ᠤᠬᠠᠭᠠᠨᠴᠢ ᠵᠢᠮ᠎ᠡ | ᠶᠣᠰᠣᠨ ᠳᠤ ᠨᠡᠶᠢᠴᠡᠭᠦᠯᠬᠦ᠂ ᠣᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠬᠦ ᠶᠢ ᠠᠬᠢᠭᠤᠯᠤᠨ᠎ᠠ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠬᠤ᠂ ᠵᠠᠰᠠᠭ ᠤᠨ ᠣᠷᠳᠣᠨ ᠤ ᠰᠢᠰᠲ᠋ᠧᠮ ᠤᠨ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠺᠠᠳ᠋ᠷᠴᠤᠳ ᠲᠥᠪ | ᠭᠤᠣᠯᠴᠢ᠂ ᠵᠠᠰᠠᠭ ᠤᠨ ᠣᠷᠳᠣᠨ ᠠᠷᠢᠭᠤᠨ ᠴᠢᠬᠡᠴᠢ᠂ ᠤᠯᠤᠰ ᠲᠥᠷᠥ ᠬᠡᠪ ᠳᠦᠷᠢᠮ ᠲᠠᠢ ᠪᠠᠶᠢᠬᠤ ᠶᠢ ᠪᠠᠲᠤᠯᠠᠨ᠎ᠠ | ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ | ᠬᠡᠷᠡᠭᠵᠢᠭᠦᠯᠵᠦ᠂ ︽ᠳᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠵᠤ᠂ ᠡᠷᠬᠡ ᠬᠡᠷᠡᠭᠯᠡᠬᠦ ︽ᠵᠠᠯᠠᠭᠤᠷ︾ ᠢ | ᠰᠠᠶᠢᠲᠤᠷ ᠡᠵᠡᠮᠳᠡᠵᠦ᠂ ᠠᠷᠢᠭᠤᠨ ᠴᠢᠬᠡᠴᠢ ᠶᠢᠨ ︽ᠠᠮᠤᠷ ᠲᠦᠪᠰᠢᠨ ᠤ ᠪᠦᠰᠡ︾ ᠶᠢ ᠰᠠᠶᠢᠲᠤᠷ ᠪᠦᠰᠡᠯᠡᠬᠦ | ᠬᠡᠷᠡᠭᠲᠡᠢ᠃ ᠠᠷᠪᠢᠯᠠᠵᠤ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠲᠥᠰᠦᠪ ᠤᠨ ᠬᠠᠲᠠᠭᠤ | ᠬᠢᠵᠠᠭᠠᠷᠯᠠᠯ ᠢ ᠴᠢᠩᠭᠠᠳᠬᠠᠵᠤ᠂ ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠵᠤ᠂ ︽ᠭᠤᠷᠪᠠᠨ ᠵᠦᠢᠯ ᠤᠨ ᠠᠯᠪᠠᠨ | ᠵᠠᠷᠤᠳᠠᠯ︾ ᠢ ᠴᠢᠩᠭ᠎ᠠ ᠡᠵᠡᠮᠳᠡᠵᠦ᠂ ᠡᠳ᠋ ᠤᠨ ᠬᠦᠴᠦᠨ ᠢ ᠲᠥᠪᠯᠡᠷᠡᠭᠦᠯᠦᠨ ᠦᠨᠳᠦᠰᠦᠨ ᠠᠷᠠᠳ ᠤᠨ ᠠᠮᠢᠳᠤᠷᠠᠯ ᠢ | ᠪᠠᠲᠤᠯᠠᠵᠤ᠂ ᠴᠠᠯᠢᠩ ᠢ ᠪᠠᠲᠤᠯᠠᠵᠤ᠂ ᠡᠷᠭᠢᠯᠲᠡ ᠶᠢ ᠪᠠᠲᠤᠯᠠᠨ᠎ᠠ᠃ ᠢᠯᠵᠢᠷᠡᠯ ᠢ ᠵᠠᠯᠬᠠᠭᠠᠨ ᠰᠢᠢᠳᠬᠡᠬᠦ ᠰᠦᠷ | ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠴᠢᠬᠡᠴᠢ ᠣᠪᠣᠷ | ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠬᠤ ᠬᠡᠷᠡᠭᠲᠡᠢ᠃ | ᠲᠥᠯᠥᠭᠡᠯᠡᠭᠴᠢᠳ ᠡ︕ | ᠰᠠᠶᠢᠨ ᠰᠠᠶᠢᠬᠠᠨ ᠵᠢᠷᠤᠭ ᠲᠥᠰᠦᠪ ᠢ ᠨᠢᠭᠡᠨᠲᠡ ᠵᠢᠷᠤᠭᠯᠠᠵᠤ᠂ ᠬᠦᠴᠦ ᠪᠠᠨ ᠲᠥᠪᠯᠡᠷᠡᠭᠦᠯᠦᠨ ᠡᠷᠡᠮᠡᠬᠡᠶᠢᠯᠡᠨ | ᠤᠷᠤᠭᠰᠢᠯᠠᠬᠤ ᠴᠠᠭ ᠪᠣᠯᠵᠠᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠴᠢᠳᠠᠮᠠᠭᠠᠢ ᠶᠢ ᠡᠷᠬᠢᠮᠯᠡᠬᠦ ᠤᠶᠤᠨ | ᠤᠬᠠᠭᠠᠨ᠂ ᠵᠣᠷᠢᠭᠲᠠᠢ ᠬᠢᠬᠦ ᠰᠥᠰᠥ ᠵᠣᠷᠢᠭ᠂ ᠬᠢᠵᠦ ᠳᠡᠶᠢᠯᠬᠦ ᠡᠷᠴᠢᠮ ᠢᠶᠠᠷ ᠵᠣᠷᠢᠭᠲᠠᠢ ᠤᠷᠤᠭᠰᠢᠯᠠᠵᠤ᠂ ᠵᠠᠮ | ᠨᠡᠭᠡᠭᠡᠨ ᠤᠷᠤᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠠᠷᠠᠯᠵᠢᠶᠠᠴᠢᠨ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ | | ᠰᠠᠷᠠᠭᠤᠯ ᠪᠠᠭᠤᠯᠭᠠᠪᠠ |