ᠰᠢᠶᠠᠨ ᠤ ᠰᠢᠨ᠎ᠡ ᠲᠢᠲᠢᠮ ᠲᠠᠢ ᠠᠭᠤᠰᠬᠢᠨ‌ᠦᠷᠪᠢᠰᠦᠯ ᠤᠨ ᠬᠢᠵᠢᠭ ᠤᠨ ᠪᠠᠶᠢᠳᠠᠯ ᠯᠡᠪᠡᠷᠡᠬᠦ ᠶᠢ ᠰᠡᠷᠭᠡᠶᠢᠯᠡᠬᠦ ᠠᠵᠢᠯ ᠤᠨ ᠲᠤᠰᠬᠠᠢ ᠠᠩᠭᠢ ᠮᠣᠣ ᠳ᠋ᠦ᠋ ᠰᠢᠶᠠᠩ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/8/23
   
   2022 ᠣᠨ ᠤ 8 ᠰᠠᠷ᠎ᠠ ᠶᠢᠨ 13 ᠤ ᠦᠳᠡ ᠶᠢᠨ ᠬᠤᠶᠢᠨ᠎ᠠ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠢᠦᠢ ᠭᠤᠸᠠᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠰᠢᠶᠠᠨ ᠤ ᠳᠣᠲᠣᠭᠠᠳᠤ   ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠶᠠᠨ ᠴᠢᠤᠸᠠᠨ ᠯᠢ᠂ ᠰᠢᠶᠠᠨ ᠤ ᠤᠯᠤᠰ ᠲᠥᠷᠥ   ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢᠶᠣᠤ ᠷᠦᠢ ᠫᠢᠩ ᠮᠣᠣ ᠳ᠋ᠦ᠋ ᠰᠢᠶᠠᠩ ᠳᠤ ᠬᠦᠷᠴᠦ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠠᠵᠢᠯ   ᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠵᠤ᠂ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠠᠵᠢᠯ   ᠢ ᠪᠠᠶᠢᠴᠠᠭᠠᠨ ᠰᠤᠳᠤᠯᠵᠤ᠂ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠠᠵᠢᠯ   ᠢ ᠡᠮᠬᠢᠯᠡᠨ ᠳᠢᠭᠯᠡᠬᠦ᠂ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠬᠤ᠂ ᠭᠤᠣᠯᠳᠠᠯᠭ᠎ᠠ  ᠲᠠᠢ ᠬᠥᠮᠥᠰ   ᠢ ᠬᠠᠮᠢᠶᠠᠷᠬᠤ᠂ ᠲᠡᠷᠭᠡ ᠤᠨᠤᠭ᠎ᠠ   ᠶᠢᠨ ᠬᠥᠮᠥᠰ ᠤᠨ ᠨᠡᠪᠲᠡᠷᠡᠬᠦ ᠵᠠᠮ   ᠢ ᠪᠠᠶᠢᠴᠠᠭᠠᠨ ᠡᠵᠡᠮᠳᠡᠬᠦ ᠠᠵᠢᠯ   ᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠤᠭᠰᠠᠨ ᠪᠥᠭᠡᠳ ᠳᠠᠷᠠᠭᠠᠴᠢ   ᠶᠢᠨ ᠠᠯᠬᠤᠮ ᠤᠨ ᠬᠢᠵᠢᠭ ᠤᠨ ᠪᠠᠶᠢᠳᠠᠯ ᠯᠡᠪᠡᠷᠡᠬᠦ   ᠶᠢ ᠰᠡᠷᠭᠡᠶᠢᠯᠡᠬᠦ ᠠᠵᠢᠯ ᠤᠨ ᠲᠠᠯ᠎ᠠ ᠪᠠᠷ ᠪᠣᠳᠠᠲᠠᠢ ᠵᠢᠯᠤᠭᠤᠳᠬᠤ ᠰᠠᠨᠠᠯ ᠳᠤᠷᠠᠳᠴᠠᠢ᠃ᠮᠣᠣ ᠳ᠋ᠦ᠋ ᠹᠠᠩ ᠲᠣᠰᠬᠤᠨ᠂ ᠰᠢᠨ ᠵᠢᠩ ᠽᠢ ᠲᠣᠰᠬᠤᠨ᠂ ᠰᠢᠨ ᠸᠧᠢ ᠽᠢ ᠲᠣᠰᠬᠤᠨ᠂ ᠡᠯ ᠳ᠋ᠣᠣ ᠴᠢᠦᠢ ᠲᠣᠰᠬᠤᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠲᠡᠷᠢᠭᠦᠯᠡᠭᠴᠢ ᠭᠦᠸᠧ ᠢᠦᠢ ᠭᠤᠸᠠᠩ᠄ ᠣᠳᠣᠬᠠᠨ ᠤ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠤᠨ ᠪᠡᠷᠬᠡ ᠬᠠᠲᠠᠭᠤᠵᠢᠯᠲᠠᠢ ᠴᠢᠨᠠᠷ᠂ ᠪᠤᠳᠤᠯᠢᠶᠠᠨᠲᠤ ᠴᠢᠨᠠᠷ   ᠢ ᠭᠦᠢᠴᠡᠳ ᠲᠠᠨᠢᠵᠤ᠂ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠯᠡᠪᠡᠷᠡᠬᠦ   ᠶᠢ ᠰᠡᠷᠭᠡᠶᠢᠯᠡᠬᠦ   ᠶᠢᠨ ᠲᠤᠶᠢᠯ ᠤᠨ ᠴᠢᠬᠤᠯᠠ ᠴᠢᠨᠠᠷ   ᠢ ᠰᠡᠷᠭᠡᠭ   ᠢᠶᠠᠷ ᠲᠠᠨᠢᠵᠤ᠂ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠯᠡᠪᠡᠷᠡᠬᠦ   ᠶᠢ ᠰᠡᠷᠭᠡᠶᠢᠯᠡᠬᠦ ᠠᠵᠢᠯ   ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ᠡᠭᠦᠨ ᠤ ᠬᠠᠮᠲᠤ ᠪᠠᠰᠠ ᠪᠤᠰᠤᠳ ᠰᠢᠶᠠᠩ ᠪᠠᠯᠭᠠᠰᠤ᠂ ᠰᠠᠯᠠᠭ᠎ᠠ ᠮᠥᠴᠢᠷ  ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠨᠡᠶᠢᠯᠡᠮᠡᠯ ᠬᠦᠴᠦᠨ ᠢ ᠦᠨᠡᠨ ᠬᠦ ᠪᠦᠷᠢᠯᠳᠦᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠳᠤ ᠠᠮᠤᠷ ᠲᠣᠭᠲᠠᠭᠤᠨ ᠡᠶ᠎ᠡ ᠨᠠᠶᠢᠷᠠᠮᠳᠠᠭᠤ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠢ᠃
   ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠰᠢᠶᠠᠨ ᠤ ᠳᠣᠲᠣᠭᠠᠳᠤ   ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠶᠠᠨ ᠴᠢᠤᠸᠠᠨ ᠯᠢ ᠵᠢᠭᠠᠵᠤ ᠭᠠᠷᠭᠠᠭᠰᠠᠨ ᠨᠢ᠄ ᠭᠠᠴᠠᠭᠠᠨ ᠤ ᠵᠥᠪᠯᠡᠯ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠣᠰᠬᠤᠨ ᠤ ᠠᠷᠠᠳ ᠤᠨ ᠵᠥᠪᠯᠡᠯ ᠤᠨ ᠯᠢᠨ ᠰᠢᠶᠠᠨ ᠳᠤ ᠨᠡᠪᠲᠡᠷᠡᠬᠦ ᠭᠠᠴᠠᠭ᠎ᠠ ᠲᠣᠰᠬᠤᠨ ᠳᠤ ᠨᠡᠪᠲᠡᠷᠡᠬᠦ ᠵᠠᠮ ᠵᠢᠴᠢ ᠡᠷᠬᠢᠨ ᠲᠣᠭᠤᠷᠢᠨ ᠤ ᠨᠡᠪᠲᠡᠷᠡᠬᠦ ᠵᠠᠮ ᠢ ᠪᠦᠬᠦ ᠲᠠᠯ᠎ᠠ ᠪᠠᠷ ᠪᠠᠶᠢᠴᠠᠭᠠᠨ ᠡᠮᠬᠢᠯᠡᠵᠦ᠂ ᠲᠤᠰᠬᠠᠢ ᠬᠥᠮᠥᠨ ᠲᠣᠮᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭ᠎ᠠ ᠴᠡᠭ ᠭᠠᠷᠭᠠᠵᠤ᠂ ᠲᠡᠷᠭᠡ ᠬᠥᠰᠬᠡ᠂ ᠬᠥᠮᠥᠰ ᠢ ᠪᠠᠶᠢᠴᠠᠭᠠᠨ ᠡᠵᠡᠮᠳᠡᠬᠦ ᠠᠵᠢᠯ ᠢ ᠴᠢᠩᠭᠠᠳᠬᠠᠵᠤ᠂ ᠨᠡᠪᠲᠡᠷᠡᠬᠦ ᠨᠥᠬᠦᠴᠡᠯ ᠳᠤ ᠨᠡᠶᠢᠴᠡᠬᠦ ᠦᠭᠡᠢ ᠶᠢ ᠨᠢ ᠪᠦᠬᠦᠨ ᠢ ᠢᠳᠬᠠᠨ ᠪᠤᠴᠠᠭᠠᠵᠤ᠂ ᠬᠢᠵᠢᠭ ᠲᠤ ᠬᠤᠯᠪᠣᠭᠳᠠᠭᠰᠠᠨ ᠬᠥᠮᠥᠰ ᠤᠨ ᠡᠯ᠎ᠡ ᠵᠦᠢᠯ ᠤᠨ ᠠᠷᠭ᠎ᠠ ᠵᠠᠮ ᠢᠶᠠᠷ ᠮᠠᠨ ᠤ ᠰᠢᠶᠠᠨ ᠠᠴᠠ ᠰᠠᠯᠵᠤ᠂ ᠪᠤᠰᠤᠳ ᠭᠠᠵᠠᠷ ᠣᠷᠣᠨ ᠳᠤ ᠣᠷᠣᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃    ᠬᠢᠵᠢᠭ ᠤᠨ ᠪᠠᠶᠢᠳᠠᠯ ᠯᠡᠪᠡᠷᠡᠬᠦ ᠶᠢ ᠰᠡᠷᠭᠡᠶᠢᠯᠡᠬᠦ ᠠᠵᠢᠯ ᠤᠨ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠳᠡᠳ᠋ ᠲᠡᠷᠢᠭᠦᠯᠡᠭᠴᠢ ᠴᠢᠶᠣᠤ ᠷᠦᠢ ᠫᠢᠩ ᠴᠢᠬᠤᠯᠠᠴᠢᠯᠠᠬᠤ ᠳᠠᠭᠠᠨ᠄ ᠭᠠᠳᠠᠭᠰᠢ ᠯᠡᠪᠡᠷᠡᠬᠦ ᠶᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠷᠢᠯᠢᠭᠵᠢᠭᠤᠯᠤᠨ ᠰᠠᠶᠢᠲᠤᠷ ᠨᠠᠶᠢᠳᠠᠪᠤᠷᠢᠵᠢᠭᠤᠯᠵᠤ᠂ ᠭᠠᠳᠠᠭᠰᠢ ᠯᠡᠪᠡᠷᠡᠬᠦ ᠶᠢ ᠰᠡᠷᠭᠡᠶᠢᠯᠡᠬᠦ ᠡᠷᠴᠢᠮ ᠢ ᠴᠢᠩᠭᠠᠷᠠᠭᠤᠯᠤᠨ᠂ ᠬᠠᠷᠢᠭᠤᠴᠠᠯᠭ᠎ᠠ ᠶᠢ ᠬᠥᠮᠥᠨ ᠪᠠ ᠠᠵᠢᠯ ᠤᠨ ᠪᠠᠶᠢᠷᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠰᠦᠯᠵᠢᠶᠡᠨ ᠤ ᠠᠵᠢᠯᠲᠠᠨ ᠪᠠ ᠰᠡᠷᠭᠡᠶᠢᠯᠡᠨ ᠡᠵᠡᠮᠳᠡᠬᠦ ᠪᠣᠭᠤᠮᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠦᠨᠳᠦᠰᠦᠨ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠯᠳᠤᠭᠠᠨ ᠤ ᠪᠠᠬᠢᠯᠡᠯᠲᠡ ᠶᠢ ᠪᠠᠲᠤ ᠪᠠᠶᠢᠭᠤᠯᠬᠤ ᠬᠡᠷᠡᠭᠲᠡᠢ ᠭᠡᠵᠡᠢ᠃                                                                  ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2