ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠪᠠᠷ ᠰᠡᠳᠬᠢᠯ ᠲᠠᠯᠪᠢᠵᠤ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠴᠢᠷᠮᠠᠶᠢᠵᠠᠢ
ᠨᠡᠶᠢᠲᠡᠯᠡᠭᠰᠡᠨ ᠴᠠᠭ᠄
2022/8/23
ᠭᠤᠣᠯ ᠰᠡᠳᠦᠪ᠄    ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠪᠠᠷ ᠰᠡᠳᠬᠢᠯ ᠲᠠᠯᠪᠢᠵᠤ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠴᠢᠷᠮᠠᠶᠢᠵᠠᠢᠴᠠᠭ᠄   2022 ᠣᠨ ᠤ 3 ᠰᠠᠷ᠎ᠠ ᠶᠢᠨ 28ᠵᠣᠴᠢᠨ᠄    ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠴᠠᠩ ᠯᠢ ᠴᠢᠨᠲᠣᠪᠴᠢᠯᠠᠯ᠄    ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠱᠠᠲᠤᠨ ᠳᠤ᠂ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠡᠭᠦᠳᠡ ᠪᠠᠨ ᠨᠡᠭᠡᠭᠡᠵᠦ ᠢᠳᠬᠠᠯ ᠠᠪᠤᠭᠰᠠᠨ ᠵᠢᠴᠢ ᠪᠠᠶᠢᠴᠠᠭᠠᠨ ᠦᠵᠡᠭᠰᠡᠨ ᠦᠷ᠎ᠡ ᠳ᠋ᠦᠩ ᠢ ᠦᠨᠳᠦᠰᠦᠯᠡᠨ᠂ ᠭᠤᠷᠪᠠᠨ ᠲᠠᠯ᠎ᠠ ᠶᠢᠨ ᠠᠰᠠᠭᠤᠳᠠᠯ ᠢ ᠬᠤᠷᠢᠶᠠᠩᠭᠤᠶᠢᠯᠠᠨ ᠳ᠋ᠦᠩᠨᠡᠵᠦ᠂ ᠠᠰᠠᠭᠤᠳᠠᠯ ᠤᠨ ᠡᠬᠡ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠵᠢᠴᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠠᠶᠢᠭᠤᠯᠤᠭᠰᠠᠨ ᠪᠥᠭᠡᠳ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠠᠤᠯᠢᠵᠢᠯ ᠤᠨ ᠱᠠᠩᠳᠤ ᠰᠢᠶᠠᠨ ᠤ ᠤᠯᠠᠨ ᠨᠡᠶᠢᠲᠡ ᠶᠢᠨ ᠲᠠᠪᠴᠠᠩ ᠳᠤ ᠨᠡᠶᠢᠲᠡᠯᠡᠵᠦ᠂ ᠠᠵᠤ ᠠᠬᠤᠶᠢᠯᠠᠯᠲᠠᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠬᠠᠮᠤᠭ ᠤᠨ ᠲᠦᠷᠦᠭᠦᠨ ᠳᠤ ᠣᠯᠵᠤ ᠬᠠᠷᠠᠭᠤᠯᠬᠤ ᠶᠢᠨ ᠬᠠᠮᠲᠤ ᠰᠠᠨᠠᠭᠤᠯᠭ᠎ᠠ ᠳᠤᠷᠠᠳᠪᠠ᠃ᠰᠤᠷᠪᠤᠯᠵᠢᠯᠠᠨ ᠶᠠᠷᠢᠯᠴᠠᠭᠰᠠᠨ ᠠᠭᠤᠯᠭ᠎ᠠ᠄ 【ᠰᠤᠷᠪᠤᠯᠵᠢᠯᠠᠭᠴᠢ】᠄ ᠲᠠ ᠪᠢᠳᠡᠨ ᠳᠤ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠠᠵᠢᠯ ᠤᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ 【ᠴᠠᠩ ᠯᠢ ᠴᠢᠨ】᠄ ᠶᠡᠭᠡ ᠶᠠᠷᠢᠯᠴᠠᠭᠠᠨ ᠤ ᠠᠵᠢᠯᠯᠠᠭ᠎ᠠ ᠠᠴᠠ ᠨᠠᠰᠢ᠂ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠤᠯᠢ ᠴᠠᠭᠠᠵᠠ ᠶᠢᠨ ᠪᠠᠲᠤᠯᠠᠭ᠎ᠠ ᠶᠢᠨ ᠡᠭᠦᠷᠭᠡ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠦᠢᠯᠡᠴᠢᠯᠡᠭᠡᠨ ᠤ ᠪᠠᠲᠤᠯᠠᠪᠤᠷᠢ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠬᠢᠨ ᠬᠤᠯᠪᠤᠭᠠᠯᠠᠨ ᠬᠥᠳᠡᠯᠦᠯᠴᠡᠬᠦ᠂ ᠨᠢᠭᠡ ᠴᠣᠭᠴᠠᠵᠢᠭᠤᠯᠤᠨ ᠵᠣᠬᠢᠶᠠᠨ ᠪᠠᠶᠢᠭᠤᠯᠬᠤ᠂ ᠵᠣᠬᠢᠴᠠᠭᠤᠯᠤᠨ ᠠᠬᠢᠭᠤᠯᠬᠤ ᠶᠢ ᠪᠠᠷᠢᠮᠲᠠᠯᠠᠵᠤ᠂ ᠡᠵᠡᠩᠨᠡᠯᠲᠡ ᠶᠢᠨ ᠡᠵᠡᠩᠨᠡᠯᠲᠡ ᠶᠢ ᠰᠢᠯᠢᠳᠡᠭᠵᠢᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠦᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ᠃    ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠶᠡᠭᠡ ᠶᠠᠷᠢᠯᠴᠠᠭ᠎ᠠ ᠡᠬᠢᠯᠡᠮᠡᠭᠴᠡ᠂ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠠᠷᠤᠢ ᠲᠦᠷᠭᠡᠨ ᠴᠤᠤᠷᠢᠶᠠᠲᠤᠨ ᠳᠠᠭᠠᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠪᠦᠬᠦ ᠵᠢᠯ ᠤᠨ ᠴᠢᠬᠤᠯᠠ ᠠᠵᠢᠯ ᠤᠨ ᠵᠥᠪᠯᠡᠬᠦ ᠵᠦᠢᠯ ᠳᠡᠭᠡᠨ ᠣᠷᠣᠭᠤᠯᠪᠠ᠃ᠨᠢᠭᠡᠴᠢ ᠶᠢᠨ ᠨᠢᠭᠡᠳᠦᠭᠡᠷ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠶᠡᠭᠡ ᠶᠠᠷᠢᠯᠴᠠᠭᠠᠨ ᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠶᠡᠭᠡ ᠶᠠᠷᠢᠯᠴᠠᠭᠠᠨ ᠤ ᠠᠵᠢᠯ ᠢ ᠲᠤᠰᠬᠠᠢ ᠬᠥᠮᠥᠨ ᠠᠳᠬᠤᠵᠤ᠂ ᠲᠤᠰᠬᠠᠢ ᠬᠥᠮᠥᠨ ᠢᠶᠠᠷ ᠬᠠᠮᠢᠶᠠᠷᠤᠭᠤᠯᠬᠤ ᠶᠢ ᠪᠡᠶᠡᠯᠡᠭᠦᠯᠦᠨ᠎ᠡ᠃ᠡᠭᠦᠨ ᠤ ᠬᠠᠮᠲᠤ ᠲᠡᠷᠡ ᠳᠠᠷᠤᠢ ᠳᠤᠨᠢ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠣᠯᠣᠨ ᠠᠵᠢᠯ ᠤᠨ ᠲᠣᠬᠢᠷᠠᠭᠤᠯᠭ᠎ᠠ ᠶᠢᠨ ᠬᠤᠷᠠᠯ ᠢ ᠬᠤᠷᠠᠯᠳᠤᠭᠤᠯᠵᠤ ᠶᠡᠭᠡ ᠶᠠᠷᠢᠯᠴᠠᠭᠠᠨ ᠤ ᠲᠤᠰᠬᠠᠢ ᠠᠵᠢᠯ ᠢ ᠰᠤᠳᠤᠯᠤᠨ ᠪᠠᠶᠢᠷᠢᠯᠠᠭᠤᠯᠵᠤ᠂ ᠶᠡᠭᠡ ᠶᠠᠷᠢᠯᠴᠠᠭᠠᠨ ᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ 【ᠰᠤᠷᠪᠤᠯᠵᠢᠯᠠᠭᠴᠢ】᠄ ᠲᠠ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠶᠡᠭᠡ ᠶᠠᠷᠢᠯᠴᠠᠭᠠᠨ ᠤ ᠠᠵᠢᠯ ᠤᠨ ᠡᠯ᠎ᠡ ᠱᠠᠲᠤᠨ ᠳᠠᠬᠢ ᠪᠣᠳᠠᠲᠠᠢ ᠠᠭᠤᠯᠭ᠎ᠠ ᠶᠢ ᠨᠠᠷᠢᠨ ᠶᠠᠷᠢᠭᠠᠷᠠᠢ᠃ 【ᠴᠠᠩ ᠯᠢ ᠴᠢᠨ 】᠄ ᠲᠥᠪᠯᠡᠷᠡᠭᠦᠯᠦᠨ ᠰᠤᠷᠤᠯᠴᠠᠬᠤ ᠱᠠᠲᠤᠨ ᠳᠤ᠂ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠪᠠ᠃ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠰᠤᠷᠤᠯᠴᠠᠯᠭ᠎ᠠ ᠶᠠᠷᠢᠯᠴᠠᠭ᠎ᠠ ᠶᠢ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ ᠶᠢᠨ ᠲᠥᠯᠥᠪᠯᠡᠭᠡ ᠳᠤ ᠣᠷᠣᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭᠠᠨ ᠤ ᠲᠠᠨᠢᠯᠲᠠ ᠪᠠᠨ ᠴᠢᠩᠭᠠᠳᠬᠠᠬᠤ᠂ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠬᠤ᠂ ᠠᠵᠢᠯ ᠬᠢᠵᠦ ᠦᠢᠯᠡᠰ ᠴᠣᠭᠴᠠᠯᠠᠬᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠶᠢ ᠬᠥᠲᠥᠯᠥᠨ ᠵᠢᠯᠤᠭᠤᠳᠴᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠢᠳᠡᠪᠬᠢᠲᠡᠢ ᠪᠠᠳᠠᠷᠠᠭᠤᠯᠬᠤ ᠶᠢ ᠬᠥᠲᠥᠯᠥᠨ ᠵᠣᠷᠢᠭᠵᠢᠭᠤᠯᠬᠤ ᠬᠡᠷᠡᠭᠲᠡᠢ᠃    ᠰᠤᠳᠤᠯᠤᠨ ᠶᠠᠷᠢᠯᠴᠠᠵᠤ ᠪᠠᠶᠢᠴᠠᠭᠠᠨ ᠦᠵᠡᠬᠦ ᠱᠠᠲᠤᠨ ᠳᠤ᠂ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠪᠠᠰᠠ ᠶᠡᠭᠡ ᠶᠠᠷᠢᠯᠴᠠᠬᠤ ᠠᠵᠢᠯᠯᠠᠭ᠎ᠠ ᠶᠢᠨ ᠰᠤᠳᠤᠯᠤᠨ ᠶᠠᠷᠢᠯᠴᠠᠵᠤ ᠪᠠᠶᠢᠴᠠᠭᠠᠨ ᠦᠵᠡᠬᠦ ᠱᠠᠲᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠬᠢᠵᠦ᠂ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠲᠣᠰᠬᠤᠨ︵ᠨᠡᠶᠢᠭᠡᠮ ᠲᠣᠭᠤᠷᠢᠭ︶ ᠵᠢᠴᠢ ᠠᠵᠤ ᠠᠬᠤᠶᠢᠯᠠᠯ ᠳᠤ ᠭᠦᠨᠵᠡᠭᠡᠶᠢᠷᠡᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠲᠦᠷᠦᠯ ᠤᠨ ᠬᠠᠤᠯᠢᠵᠢᠯ ᠤᠨ ᠤᠬᠠᠭᠤᠯᠭ᠎ᠠ᠂ ᠬᠠᠤᠯᠢᠵᠢᠯ ᠤᠨ ᠪᠡᠶ᠎ᠡ ᠶᠢᠨ ᠪᠠᠶᠢᠴᠠᠭᠠᠯᠲᠠ ᠶᠢ ᠥᠷᠨᠢᠭᠦᠯᠵᠦ᠂ ᠢᠷᠭᠡᠨ ᠤ ᠬᠠᠤᠯᠢ ᠶᠢᠨ ᠪᠢᠴᠢᠭ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠮᠢᠩᠭ᠎ᠠ ᠰᠢᠬᠠᠮ ᠬᠤᠪᠢ ᠲᠠᠷᠬᠠᠭᠠᠵᠠᠢ᠃ᠤᠳᠤᠷᠢᠳᠬᠤ ᠪᠠᠭ︽9 ᠪᠠᠶᠢᠬᠤ ᠡᠰᠡᠬᠦ︾ ᠲᠠᠢ ᠨᠠᠷᠢᠨ ᠬᠢᠨᠠᠮᠠᠭᠠᠢ ᠬᠠᠷᠢᠴᠠᠭᠤᠯᠤᠨ ᠲᠤᠰ ᠪᠡᠶ᠎ᠡ ᠶᠢᠨ ᠠᠵᠢᠯ ᠤᠨ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠮᠳᠠ ᠣᠷᠣᠰᠢᠵᠤ ᠪᠠᠶᠢᠭ᠎ᠠ ᠡᠯ᠎ᠡ ᠲᠦᠷᠦᠯ ᠤᠨ ᠠᠰᠠᠭᠤᠳᠠᠯ ᠢ ᠭᠦᠨᠵᠡᠭᠡᠢ ᠡᠷᠢᠵᠦ᠂ ᠬᠤᠪᠢ ᠬᠥᠮᠥᠨ ᠤ ᠪᠠᠶᠢᠴᠠᠭᠠᠨ ᠦᠵᠡᠭᠰᠡᠨ ᠪᠠᠶᠢᠳᠠᠯ ᠢᠶᠠᠨ ᠮᠡᠳᠡᠭᠦᠯᠬᠦ ᠶᠢᠨ ᠬᠠᠮᠲᠤ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠴᠠᠢ᠃    ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠱᠠᠲᠤᠨ ᠳᠤ᠂ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠡᠭᠦᠳᠡ ᠪᠠᠨ ᠨᠡᠭᠡᠭᠡᠵᠦ ᠢᠳᠬᠠᠯ ᠠᠪᠤᠭᠰᠠᠨ ᠵᠢᠴᠢ ᠪᠠᠶᠢᠴᠠᠭᠠᠨ ᠦᠵᠡᠭᠰᠡᠨ ᠦᠷ᠎ᠡ ᠳ᠋ᠦᠩ ᠢ ᠦᠨᠳᠦᠰᠦᠯᠡᠨ᠂ ᠭᠤᠷᠪᠠᠨ ᠲᠠᠯ᠎ᠠ ᠶᠢᠨ ᠠᠰᠠᠭᠤᠳᠠᠯ ᠢ ᠬᠤᠷᠢᠶᠠᠩᠭᠤᠶᠢᠯᠠᠨ ᠳ᠋ᠦᠩᠨᠡᠵᠦ᠂ ᠠᠰᠠᠭᠤᠳᠠᠯ ᠤᠨ ᠡᠬᠡ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠵᠢᠴᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠠᠶᠢᠭᠤᠯᠤᠭᠰᠠᠨ ᠪᠥᠭᠡᠳ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠠᠤᠯᠢᠵᠢᠯ ᠤᠨ ᠱᠠᠩᠳᠤ ᠰᠢᠶᠠᠨ ᠤ ᠤᠯᠠᠨ ᠨᠡᠶᠢᠲᠡ ᠶᠢᠨ ᠲᠠᠪᠴᠠᠩ ᠳᠤ ᠨᠡᠶᠢᠲᠡᠯᠡᠵᠦ᠂ ᠠᠵᠤ ᠠᠬᠤᠶᠢᠯᠠᠯᠲᠠᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠬᠠᠮᠤᠭ ᠤᠨ ᠲᠦᠷᠦᠭᠦᠨ ᠳᠤ ᠣᠯᠵᠤ ᠬᠠᠷᠠᠭᠤᠯᠬᠤ ᠶᠢᠨ ᠬᠠᠮᠲᠤ ᠰᠠᠨᠠᠭᠤᠯᠭ᠎ᠠ ᠳᠤᠷᠠᠳᠪᠠ᠃ᠡᠭᠦᠨ ᠤ ᠬᠠᠮᠲᠤ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠶᠠᠷᠢᠯᠴᠠᠭᠠᠨ ᠤ ᠠᠵᠢᠯᠯᠠᠭ᠎ᠠ ᠶᠢ ᠬᠤᠷᠠᠯᠳᠤᠭᠤᠯᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠬᠤᠷᠠᠯᠳᠤᠭᠤᠯᠵᠤ᠂ ᠪᠦᠬᠦ ᠺᠠᠳ᠋ᠷ ᠴᠠᠭᠳᠠᠭ᠎ᠠ ᠪᠠᠷ ᠴᠡᠭᠡᠷᠯᠡᠯ ᠪᠣᠯᠭᠠᠪᠠ᠃ 【ᠰᠤᠷᠪᠤᠯᠵᠢᠯᠠᠭᠴᠢ】᠄ ᠲᠠ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠷᠠᠭᠠᠴᠢ ᠶᠢᠨ ᠠᠵᠢᠯ ᠤᠨ ᠲᠥᠯᠥᠪᠯᠡᠭᠡ ᠶᠢ ᠶᠠᠷᠢᠭᠠᠷᠠᠢ᠃ 【ᠴᠠᠩ ᠯᠢ ᠴᠢᠨ 】᠄ ᠶᠡᠭᠡ ᠶᠠᠷᠢᠯᠴᠠᠭᠠᠨ ᠤ ᠠᠵᠢᠯᠯᠠᠭ᠎ᠠ ᠤᠳᠠᠯ ᠦᠭᠡᠢ ᠳᠠᠭᠤᠰᠬᠤ ᠭᠡᠵᠦ ᠪᠠᠶᠢᠭ᠎ᠠ ᠪᠣᠯᠪᠠᠴᠤ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠨᠢ ᠬᠡᠵᠢᠶᠡᠳᠡ ᠳᠠᠭᠤᠰᠤᠰᠢ ᠦᠭᠡᠢ ᠶᠤᠮ᠃ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠬᠤᠶᠢᠰᠢᠳᠠ ᠶᠢᠨ ᠠᠵᠢᠯ ᠳᠤᠮᠳᠠ ᠪᠠᠨ ᠦᠷᠭᠦᠯᠵᠢᠯᠡᠨ ᠬᠦᠴᠦᠯᠡᠵᠦ᠂ ᠦᠢᠯᠡᠴᠢᠯᠡᠭᠡᠨ ᠤ ᠪᠠᠲᠤᠯᠠᠪᠤᠷᠢ ᠶᠢᠨ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠱᠠᠩᠳᠤ ᠰᠢᠶᠠᠨ ᠤ ᠠᠵᠤ ᠠᠬᠤᠢ ᠶᠢᠨ ᠬᠥᠭᠵᠢᠯᠲᠡ ᠳᠤ ᠨᠡᠩ ᠰᠠᠶᠢᠨ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠬᠠᠩᠭᠠᠬᠤ ᠪᠠᠷ ᠦᠷᠭᠦᠯᠵᠢᠯᠡᠨ ᠴᠢᠷᠮᠠᠶᠢᠬᠤ ᠬᠡᠷᠡᠭᠲᠡᠢ᠃                                                              ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2