ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶᠠᠨ ᠤ ᠡᠯ᠎ᠡ | ᠰᠠᠯᠠᠭ᠎ᠠ ᠮᠥᠴᠢᠷ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠳᠤ᠄ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠪᠦᠬᠦ ᠰᠢᠶᠠᠨ ᠤ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠂ | ᠬᠤᠲᠠ᠂ ᠰᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠡᠭᠦᠷᠭᠡ ᠶᠢᠨ ᠬᠤᠪᠢᠶᠠᠷᠢᠯᠠᠯ | ︵ᠨᠢᠭᠡ︶ ᠬᠠᠷᠠᠯᠲᠠ ᠶᠢᠨ ᠡᠭᠦᠷᠭᠡ | 2023 ᠣᠨ ᠳᠤ ᠨᠠᠮ ᠵᠠᠰᠠᠭ ᠤᠨ ᠭᠤᠣᠯ ᠤᠳᠤᠷᠢᠳᠤᠯᠭ᠎ᠠ ᠭᠠᠳᠠᠭᠰᠢ ᠭᠠᠷᠴᠤ ᠬᠤᠳᠠᠯᠳᠤᠭᠠᠴᠢᠨ ᠤᠷᠢᠬᠤ | ᠤᠳᠠᠭ᠎ᠠ ᠪᠠᠨ 24 ᠤᠳᠠᠭ᠎ᠠ ᠠᠴᠠ ᠳᠡᠭᠡᠭᠰᠢ ᠲᠣᠭᠲᠠᠭᠠᠵᠤ᠂ ᠪᠥᠬᠦ ᠰᠢᠶᠠᠨ ᠤ ᠡᠯ᠎ᠡ ᠡᠭᠦᠷᠭᠡ ᠶᠢᠨ ᠨᠢᠭᠡᠴᠡ ︵ | ᠰᠠᠯᠠᠭ᠎ᠠ ᠮᠥᠴᠢᠷ︶ ᠪᠥᠬᠦ ᠵᠢᠯ ᠳᠤ ᠡᠯ᠎ᠡ ᠵᠦᠢᠯ ᠤᠨ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠪᠠ ᠠᠷᠭ᠎ᠠ | ᠵᠠᠮ ᠢᠶᠠᠷ ᠳᠠᠮᠵᠢᠭᠤᠯᠤᠨ ᠰᠢᠨ᠎ᠡ ᠪᠠᠷ ᠭᠡᠷ᠎ᠡ ᠲᠣᠭᠲᠠᠭᠰᠠᠨ ᠬᠤᠳᠠᠯᠳᠤᠭᠠᠴᠢᠨ ᠤᠷᠢᠬᠤ ᠲᠥᠷᠥᠯ ᠵᠦᠢᠯ ᠤᠨ | ᠡᠭᠦᠷᠭᠡ ᠶᠢᠨ ᠲᠤᠭ᠎ᠠ 75 ᠠᠴᠠ ᠳᠡᠭᠡᠭᠰᠢ ︵ᠬᠦᠢᠲᠡᠨ ᠰᠢᠯᠢ ᠪᠣᠬᠢᠷᠲᠤᠯ ᠥᠬᠡᠶ ᠠᠵᠤ ᠠᠬᠤᠢ ᠶᠢᠨ ᠨᠡᠭᠡᠭᠡᠯᠲᠡ ᠶᠢᠨ | ᠣᠷᠣᠨ ᠢ ᠪᠠᠭᠲᠠᠭᠠᠨ᠎ᠠ︶ ᠪᠠᠷ ᠴᠢᠷᠮᠠᠶᠢᠵᠤ᠂ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠲᠥᠷᠥᠯ ᠵᠦᠢᠯ | ᠲᠣᠭᠲᠠᠭᠠᠬᠤ ᠭᠠᠷᠳᠠᠮ ᠢ ᠭᠦᠢᠴᠡᠳᠬᠡᠵᠦ ᠳᠠᠭᠤᠰᠬᠠᠬᠤ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ | ᠠᠵᠢᠯ ᠡᠬᠢᠯᠡᠭᠦᠯᠬᠦ ᠨᠣᠷᠮ᠎ᠠ ᠶᠢ 70% ᠠᠴᠠ ᠳᠡᠭᠡᠭᠰᠢ ᠳᠤ ᠬᠦᠷᠦᠭᠦᠯᠵᠦ᠂ ᠪᠠᠷᠢᠯᠭ᠎ᠠ ᠳᠠᠭᠤᠰᠤᠭᠰᠠᠨ ᠨᠣᠷᠮ᠎ᠠ ᠶᠢ | 45% ᠠᠴᠠ ᠳᠡᠭᠡᠭᠰᠢ ᠳᠤ ᠬᠦᠷᠦᠭᠦᠯᠦᠨ᠎ᠡ᠃ ᠡᠭᠦᠨ ᠳᠤ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢᠨ | ᠲᠥᠷᠥᠯ ᠵᠦᠢᠯ ᠤᠨ ᠪᠣᠳᠠᠲᠠᠶᠢᠵᠢᠭᠤᠯᠤᠭᠰᠠᠨ ᠪᠠᠯᠠ ᠮᠥᠩᠭᠦ 24 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ | ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ ᠮᠥᠩᠭᠦ 0.62 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠨ᠎ᠠ᠃ | ᠡᠯᠰᠡᠭᠳᠡᠭᠰᠡᠨ ᠲᠥᠷᠥᠯ ᠵᠦᠢᠯ ᠨᠢ ᠡᠷᠬᠡᠪᠰᠢ 500 ᠲᠦᠮᠡᠨ ᠲᠥᠭᠦᠷᠢᠭ ᠠᠴᠠ ᠳᠡᠭᠡᠭᠰᠢ ᠪᠠᠶᠢᠬᠤ ᠬᠡᠷᠡᠭᠲᠡᠶ | ᠮᠥᠷᠲᠡᠭᠡᠨ ᠬᠤᠳᠠᠯᠳᠤᠭᠠᠴᠢᠨ ᠤᠷᠢᠬᠤ ᠳᠤᠭᠤᠶᠢᠯᠠᠩ ᠨᠢᠭᠡᠪᠦᠷᠢ 3000 ᠲᠦᠮᠡᠨ ᠲᠥᠭᠦᠷᠢᠭ ᠠᠴᠠ ᠳᠡᠭᠡᠭᠰᠢᠬᠢ | ᠲᠥᠷᠥᠯ ᠵᠦᠢᠯ ᠢ ᠪᠡᠶᠡᠯᠡᠭᠦᠯᠪᠡᠯ ᠡᠷᠬᠡᠪᠰᠢ ᠡᠭᠦᠷᠭᠡ ᠶᠢᠨ ᠲᠥᠷᠥᠯ ᠵᠦᠢᠯ ᠤᠨ ᠲᠤᠭ᠎ᠠ ᠶᠢᠨ ᠭᠤᠷᠪᠠᠨ ᠤ ᠬᠤᠶᠠᠷ | ᠬᠤᠪᠢ ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ᠃ | ︵ᠬᠤᠶᠠᠷ︶ ᠡᠭᠦᠷᠭᠡ ᠶᠢᠨ ᠵᠠᠳᠠᠯᠤᠯᠲᠠ | ᠬᠦᠢᠲᠡᠨ ᠰᠢᠯᠢ ᠪᠣᠬᠢᠷᠲᠤᠯ ᠥᠬᠡᠶ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠤᠳᠠᠯᠳᠤᠭᠠᠴᠢᠨ | ᠤᠷᠢᠬᠤ ᠲᠥᠷᠥᠯ ᠵᠦᠶ᠋ᠯ ᠤᠨ ᠡᠭᠦᠷᠭᠡ ᠶᠢᠨ ᠲᠤᠭ᠎ᠠ 20 ᠠᠴᠠ ᠳᠡᠭᠡᠭᠰᠢ ᠪᠠᠶᠢᠨ᠎ᠠ︔ ᠳᠥᠷᠪᠡᠨ ᠲᠤᠰᠬᠠᠶ | ᠬᠤᠳᠠᠯᠳᠤᠭᠠᠴᠢᠨ ᠤᠷᠢᠬᠤ ᠳᠤᠭᠤᠶᠢᠯᠠᠩ ᠤᠨ ᠬᠤᠳᠠᠯᠳᠤᠭᠠᠴᠢᠨ ᠤᠷᠢᠬᠤ ᠲᠥᠷᠥᠯ ᠵᠦᠶ᠋ᠯ ᠤᠨ ᠡᠭᠦᠷᠭᠡ ᠶᠢᠨ | ᠲᠤᠭ᠎ᠠ ᠨᠡᠶᠢᠲᠡ 55 ᠠᠴᠠ ᠳᠡᠭᠡᠭᠰᠢ ᠪᠠᠶᠢᠨ᠎ᠠ᠂ ᠡᠭᠦᠨ ᠳᠤ᠄ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠠᠵᠤ ᠦᠶ᠋ᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ | ᠳᠤᠭᠤᠶᠢᠯᠠᠩ 14 ᠠᠴᠠ ᠳᠡᠭᠡᠭᠰᠢ᠂ ᠲᠣᠨᠤᠭ ᠲᠥᠬᠦᠭᠡᠷᠦᠮᠵᠢ ᠦᠶ᠋ᠯᠡᠳᠬᠦ ᠠᠵᠤ ᠦᠶ᠋ᠯᠡᠰ ᠤᠨ ᠬᠡᠯᠬᠢᠶ᠎ᠡ ᠶᠢᠨ | ᠬᠤᠳᠠᠯᠳᠤᠭᠠᠴᠢᠨ ᠤᠷᠢᠬᠤ ᠳᠤᠭᠤᠶᠢᠯᠠᠩ 14 ᠠᠴᠠ ᠳᠡᠭᠡᠭᠰᠢ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ | ᠦᠶ᠋ᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠳᠤᠭᠤᠶᠢᠯᠠᠩ 13 ᠠᠴᠠ ᠳᠡᠭᠡᠭᠰᠢ᠂ ᠶᠡᠷᠦᠩᠬᠡᠶᠢᠯᠡᠭᠰᠡᠨ | ᠬᠤᠳᠠᠯᠳᠤᠭᠠᠴᠢᠨ ᠤᠷᠢᠬᠤ ᠳᠤᠭᠤᠶᠢᠯᠠᠩ 14 ᠠᠴᠠ ᠳᠡᠭᠡᠭᠰᠢ ᠪᠠᠶᠢᠨ᠎ᠠ᠃ ᠡᠭᠦᠷᠭᠡ ᠶᠢ ᠤᠷᠤᠭᠰᠢᠲᠠᠶ | ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠡᠭᠦᠷᠭᠡ ᠶᠢᠨ | ᠲᠤᠭ᠎ᠠ ᠶᠢ ᠲᠣᠰ ᠲᠣᠰ 5 ᠠᠴᠠ ᠳᠡᠭᠡᠭᠰᠢ ᠪᠠᠶᠢᠯᠭᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ | ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠡᠭᠦᠷᠭᠡ ᠶᠢᠨ ᠲᠤᠭ᠎ᠠ ᠶᠢ ᠲᠣᠰ ᠲᠣᠰ 3 ᠠᠴᠠ ᠳᠡᠭᠡᠭᠰᠢ | ᠪᠠᠶᠢᠯᠭᠠᠵᠤ᠂ ᠪᠤᠰᠤᠳ ᠪᠦᠷᠢᠯᠳᠦᠬᠦᠨ ᠨᠢᠭᠡᠴᠡ ᠶᠢᠨ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠡᠭᠦᠷᠭᠡ ᠶᠢᠨ | ᠲᠤᠭ᠎ᠠ ᠶᠢ ᠲᠣᠰ ᠲᠣᠰ 1 ᠠᠴᠠ ᠳᠡᠭᠡᠭᠰᠢ ᠪᠠᠶᠢᠯᠭᠠᠨ᠎ᠠ᠃ ᠪᠣᠳᠠᠲᠠᠶ ᠪᠠᠶᠢᠳᠠᠯ ᠨᠢ ᠳᠣᠤᠷᠠᠬᠢ ᠮᠡᠲᠦ᠄ | 1. ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠠᠵᠤ | ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ | ᠶᠣᠣ ᠬᠠᠶ ᠹᠧᠩ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ | ᠳᠤᠭᠤᠶᠢᠯᠠᠩ ᠤᠨ ᠳᠡᠳ᠋ ᠳᠠᠷᠤᠭ᠎ᠠ᠄ | ᠱᠢ ᠼᠦᠢ ᠴᠢᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ | ᠼᠤᠤ ᠯᠸᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ | ᠰᠢᠶᠠᠨ ᠤ ᠳᠠᠷᠤᠭ᠎ᠠ | ᠯᠠᠨ ᠷᠦᠢ ᠰᠢᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ | ᠵᠠᠩ ᠭᠤᠸᠠᠩ ᠰᠢᠶᠠᠨ ᠤ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ | ᠴᠢᠶᠣᠤ ᠷᠦᠢ ᠫᠢᠩ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠪᠦᠷᠢᠯᠳᠦᠭᠦᠨ ᠢ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠵᠣᠬᠢᠶᠠᠨ ᠪᠠᠶᠢᠭᠤᠯᠬᠤ | ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ | ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠢ ᠰᠢᠭᠤᠢ ᠨᠤᠲᠤᠭ | ᠪᠡᠯᠴᠢᠭᠡᠷ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ | ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠨᠠᠮ ᠤᠨ ᠰᠤᠷᠭᠠᠭᠤᠯᠢ᠂ ᠬᠠᠩᠭᠠᠨ | ᠪᠣᠷᠣᠯᠠᠭᠤᠯᠬᠤ ᠬᠤᠷᠰᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ ᠤᠨ ᠡᠯ᠎ᠡ ᠨᠢᠭᠡᠴᠡ ︵ | ᠰᠠᠯᠠᠭ᠎ᠠ ᠮᠥᠴᠢᠷ︶ ᠠᠴᠠ ᠳᠤᠭᠤᠶᠢᠯᠠᠩ ᠰᠤᠩᠭᠤᠪᠠ᠃ | ᠲᠣᠰ ᠠᠵᠤ ᠦᠢᠯᠡᠰ ᠤᠨ ᠲᠥᠷᠥᠯ ᠤᠨ ᠬᠦᠷᠦᠯᠴᠡᠬᠦ ᠦᠭᠡᠢ ᠬᠡᠰᠡᠭ ᠢ ᠨᠢ ᠪᠤᠰᠤᠳ ᠠᠵᠤ ᠦᠢᠯᠡᠰ ᠤᠨ | ᠲᠥᠷᠥᠯ ᠵᠦᠢᠯ ᠤᠨ ᠨᠥᠬᠦᠪᠦᠷᠢ ᠶᠢ ᠣᠷᠣᠭᠤᠯᠵᠤ ᠪᠣᠯᠣᠨ᠎ᠠ᠃ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ | ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ ᠨᠢ 5 ᠳ᠋ᠦᠩᠰᠢᠭᠤᠷ ᠲᠥᠭᠦᠷᠢᠭ ᠠᠴᠠ ᠳᠡᠭᠡᠭᠰᠢ᠂ ᠪᠣᠳᠠᠲᠠᠶ | ᠬᠡᠷᠡᠭᠯᠡᠭᠰᠡᠨ ᠭᠠᠳᠠᠭᠠᠳᠤ ᠪᠡᠯᠡ ᠮᠥᠩᠭᠦ ᠨᠢ 0.15 ᠳ᠋ᠦᠩᠰᠢᠭᠤᠷ ᠲᠥᠭᠦᠷᠢᠭ ᠠᠴᠠ ᠳᠡᠭᠡᠭᠰᠢ᠃ | 2. ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ | ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ | ᠵᠠᠩ ᠿᠢ ᠭᠤᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ | ᠰᠢᠶᠠᠨ ᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ | ᠴᠧᠨ ᠶᠠ ᠮᠢᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ | ᠸᠠᠩ ᠰᠢᠶᠤᠤ ᠮᠢᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ | ᠳᠠᠷᠤᠭ᠎ᠠ | ᠬᠠᠨ ᠳ᠋ᠠ ᠸᠧᠶ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ | ᠶᠠᠨ ᠴᠢᠤᠸᠠᠨ ᠯᠢ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠳᠠᠷᠤᠭ᠎ᠠ | ᠵᠠᠩ ᠵᠠᠨ ᠶᠢᠩ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠪᠦᠷᠢᠯᠳᠦᠬᠦᠨ ᠨᠢ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠰᠢᠶᠠᠨ ᠤ ᠨᠠᠮ ᠤᠨ | ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠤᠬᠠᠭᠤᠯᠬᠤ ᠬᠡᠯᠲᠡᠰ᠂ ᠨᠢᠭᠡᠳᠦᠮᠡᠯ | ᠹᠷᠣᠨᠲ ᠤᠨ ᠬᠡᠯᠲᠡᠰ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠴᠠᠬᠢᠯᠭᠠᠨ ᠬᠠᠩᠭᠠᠬᠤ ᠺᠣᠮᠫᠠᠨᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ | ᠬᠢᠨᠠᠨ ᠪᠤᠳᠤᠬᠤ ᠲᠣᠪᠴᠢᠶ᠎ᠠ᠂ ᠪᠠᠶᠢᠭᠤᠯᠭ᠎ᠠ ᠶᠢᠨ ᠦᠢᠯᠡᠴᠢᠯᠡᠭᠡᠨ ᠤ ᠲᠥᠪ᠂ ᠤᠯᠠᠭ᠎ᠠ ᠥᠷᠲᠡᠭᠡ ᠤᠰᠤᠨ ᠤ | ᠶᠠᠪᠤᠳᠠᠯ ᠤᠨ ᠺᠣᠮᠫᠠᠨᠢ ᠶᠢᠨ ᠡᠯ᠎ᠡ ᠨᠢᠭᠡᠴᠡ ︵ᠰᠠᠯᠠᠭ᠎ᠠ ᠮᠥᠴᠢᠷ︶ ᠠᠴᠠ ᠳᠤᠭᠤᠶᠢᠯᠠᠩ ᠤᠨ ᠡᠯ᠎ᠡ ᠨᠢᠭᠡᠴᠡ ︵ | ᠰᠠᠯᠠᠭ᠎ᠠ ᠮᠥᠴᠢᠷ︶ ᠤᠨ ᠳᠤᠭᠤᠶᠢᠯᠠᠩ᠃ ᠲᠣᠰ ᠠᠵᠤ ᠦᠢᠯᠡᠰ ᠤᠨ ᠲᠥᠷᠥᠯ ᠤᠨ ᠬᠦᠷᠦᠯᠴᠡᠬᠦ ᠦᠭᠡᠢ ᠬᠡᠰᠡᠭ ᠢ ᠨᠢ | ᠪᠤᠰᠤᠳ ᠠᠵᠤ ᠦᠢᠯᠡᠰ ᠤᠨ ᠲᠥᠷᠥᠯ ᠵᠦᠢᠯ ᠤᠨ ᠨᠥᠬᠦᠪᠦᠷᠢ ᠶᠢ ᠣᠷᠣᠭᠤᠯᠵᠤ ᠪᠣᠯᠣᠨ᠎ᠠ᠃ ᠤᠯᠤᠰ ᠤᠨ | ᠳᠣᠲᠣᠭᠠᠳᠤ ︵ᠣᠷᠣᠨ ᠤ ᠭᠠᠳᠠᠨᠠᠬᠢ︶ ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ ᠨᠢ 6 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠠᠶᠢᠵᠤ᠂ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ ᠮᠥᠩᠭᠦ ᠨᠢ 0.15 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠣᠯᠤᠨ᠎ᠠ᠃ | 3. ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ | ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ | ᠰᠢᠶᠦ᠋ᠩ ᠸᠧᠶ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ | ᠫᠧᠩ ᠰᠢᠤᠸᠠᠢ ᠺᠦᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ | ᠬᠦᠴᠦᠨ ᠤ ᠬᠡᠯᠲᠡᠰ ᠤᠨ ᠳᠠᠷᠤᠭ᠎ᠠ | ᠮᠧᠩ ᠶᠦᠩ ᠴᠢᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ | ᠸᠠᠩ ᠬᠤ᠋ ᠵᠢᠶᠦ᠋ᠨ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠯᠢᠦ ᠷᠦᠢ ᠰᠢᠶᠠᠨ ᠤ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ | ᠭᠡᠰᠢᠭᠦᠳ ᠨᠢ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠠᠴᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠵᠡᠪᠰᠡᠭᠲᠦ ᠬᠦᠴᠦᠨ ᠤ ᠬᠡᠯᠲᠡᠰ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠨ ᠪᠠᠶᠢᠴᠠᠭᠠᠬᠤ ᠠᠯᠪᠠᠨ ᠭᠡᠷ᠂ ᠳᠠᠩᠰᠠ | ᠡᠪᠬᠡᠮᠡᠯ ᠤᠨ ᠣᠷᠳᠣᠨ᠂ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠨᠤᠭᠤ ᠭᠠᠵᠠᠷ ᠤᠨ | ᠬᠠᠮᠠᠭᠠᠯᠠᠯᠲᠠ ᠶᠢᠨ ᠲᠥᠪ᠂ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠦᠢᠯᠡᠴᠢᠯᠡᠭᠡᠨ ᠤ ᠲᠥᠪ᠂ ᠬᠤᠩ ᠰᠢᠨ | ᠪᠡᠯᠡ ᠣᠷᠣᠭᠤᠯᠤᠯᠲᠠ ᠶᠢᠨ ᠺᠣᠮᠫᠠᠨᠢ᠂ ᠢ ᠲᠦᠩ ᠰᠣᠶᠣᠯ ᠵᠢᠭᠤᠯᠴᠢᠯᠠᠯ ᠤᠨ ᠺᠣᠮᠫᠠᠨᠢ᠂ ᠷᠦᠩ ᠳ᠋ᠠ ᠴᠧᠩ ᠪᠡᠯᠡ | ᠣᠷᠣᠭᠤᠯᠤᠯᠲᠠ ᠶᠢᠨ ᠺᠣᠮᠫᠠᠨᠢ ᠶᠢᠨ ᠡᠯ᠎ᠡ ᠨᠢᠭᠡᠴᠡ ︵ᠰᠠᠯᠠᠭ᠎ᠠ ᠮᠥᠴᠢᠷ︶ ᠳᠤᠭᠤᠶᠢᠯᠠᠩ ᠢᠶᠠᠷ ᠰᠣᠩᠭᠤᠨ᠎ᠠ᠃ | ᠲᠣᠰ ᠠᠵᠤ ᠦᠢᠯᠡᠰ ᠤᠨ ᠲᠥᠷᠥᠯ ᠤᠨ ᠬᠦᠷᠦᠯᠴᠡᠬᠦ ᠦᠭᠡᠢ ᠬᠡᠰᠡᠭ ᠢ ᠨᠢ ᠪᠤᠰᠤᠳ ᠠᠵᠤ ᠦᠢᠯᠡᠰ ᠤᠨ | ᠲᠥᠷᠥᠯ ᠵᠦᠢᠯ ᠤᠨ ᠨᠥᠬᠦᠪᠦᠷᠢ ᠶᠢ ᠣᠷᠣᠭᠤᠯᠵᠤ ᠪᠣᠯᠣᠨ᠎ᠠ᠃ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ | ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ ᠨᠢ 6 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ ᠪᠣᠳᠠᠲᠠᠶ | ᠬᠡᠷᠡᠭᠯᠡᠭᠰᠡᠨ ᠭᠠᠳᠠᠭᠠᠳᠤ ᠪᠡᠯᠡ ᠮᠥᠩᠭᠦ ᠨᠢ 0.15 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠤᠨ᠎ᠠ᠃ | 4. ᠶᠡᠷᠦᠩᠬᠡᠶᠢᠯᠡᠭᠰᠡᠨ ᠬᠤᠳᠠᠯᠳᠤᠭᠠᠴᠢᠨ ᠤᠷᠢᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ | ᠭᠦᠸᠧ ᠶᠦᠨ ᠹᠸᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠳᠡᠳ᠋ ᠰᠢᠶᠠᠨ ᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ | ᠵᠢᠩ ᠰᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ | ᠸᠧᠶ ᠸᠧᠶ ᠰᠢᠶᠠᠨ ᠤ ᠳᠡᠳ᠋ ᠳᠠᠷᠤᠭ᠎ᠠ | ᠵᠣᠣ ᠭᠦᠸᠧ ᠸᠧᠨ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠳ᠋ᠤᠸᠠᠨ ᠰᠢᠶᠤᠤ ᠰᠢᠶᠠᠨ ᠤ ᠳᠡᠳ᠋ ᠳᠠᠷᠤᠭ᠎ᠠ | ᠪᠦᠷᠢᠯᠳᠦᠬᠦᠨ᠄ ᠭᠡᠰᠢᠭᠦᠳ ᠨᠢ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠤᠯᠤᠰ | ᠲᠥᠷᠥ ᠶᠢᠨ ᠵᠥᠪᠯᠡᠯᠭᠡᠨ ᠤ ᠠᠯᠪᠠᠨ ᠬᠡᠷ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠠᠵᠤ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠠᠵᠢᠯᠴᠢᠨ ᠤ ᠡᠪᠯᠡᠯ᠂ ᠴᠡᠷᠢᠭ ᠠᠴᠠ | ᠬᠠᠯᠠᠭᠳᠠᠭᠰᠠᠳ ᠤᠨ ᠬᠡᠷᠡᠭ ᠡᠷᠭᠢᠯᠡᠬᠦ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ | ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠴᠡᠴᠡᠷᠯᠢᠭ ᠤᠨ ᠦᠢᠯᠡᠴᠢᠯᠡᠭᠡᠨ ᠤ ᠲᠥᠪ᠂ ᠬᠤᠲᠠ | ᠪᠠᠯᠭᠠᠰᠤᠨ ᠤ ᠤᠰᠤᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠤᠨ ᠡᠯ᠎ᠡ ᠨᠢᠭᠡᠴᠡ ︵ᠰᠠᠯᠠᠭ᠎ᠠ ᠮᠥᠴᠢᠷ︶ | ᠠᠴᠠ ᠳᠤᠭᠤᠶᠢᠯᠠᠩ ᠤᠨ ᠪᠦᠷᠢᠯᠳᠦᠬᠦᠨ᠃ | ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ ᠨᠢ 7 | ᠳ᠋ᠦᠩᠰᠢᠭᠤᠷ ᠲᠥᠭᠦᠷᠢᠭ ᠠᠴᠠ ᠳᠡᠭᠡᠭᠰᠢ᠂ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ ᠮᠥᠩᠭᠦ ᠨᠢ 0.17 | ᠳ᠋ᠦᠩᠰᠢᠭᠤᠷ ᠲᠥᠭᠦᠷᠢᠭ ᠠᠴᠠ ᠳᠡᠭᠡᠭᠰᠢ᠃ | ᠡᠯ᠎ᠡ ᠬᠤᠳᠠᠯᠳᠤᠭᠠᠴᠢᠨ ᠤᠷᠢᠬᠤ ᠳᠤᠭᠤᠶᠢᠯᠠᠩ ᠤᠨ ᠪᠦᠷᠢᠯᠳᠦᠬᠦᠨ ᠨᠢ ᠳᠡᠭᠡᠷᠡᠬᠢ ᠳᠤᠭᠤᠶᠢᠯᠠᠩ ᠬᠤᠪᠢᠶᠠᠭᠰᠠᠨ | ᠨᠢᠭᠡᠴᠡ ︵ᠰᠠᠯᠠᠭ᠎ᠠ ᠮᠥᠴᠢᠷ︶ ᠢᠶᠠᠷ ᠬᠢᠵᠠᠭᠠᠷᠯᠠᠬᠤ ᠥᠬᠡᠶ᠂ ᠪᠠᠶᠢᠳᠠᠯ ᠢ ᠨᠢ ᠦᠵᠡᠵᠦ ᠪᠠᠶᠢᠭᠠᠳ ᠡᠯ᠎ᠡ ᠠᠵᠤ | ᠠᠬᠤᠶᠢᠯᠠᠯ ᠪᠠ ᠡᠯ᠎ᠡ ᠱᠠᠲᠤᠨ ᠤ ᠨᠢᠭᠡᠴᠡ ︵ᠰᠠᠯᠠᠭ᠎ᠠ ᠮᠥᠴᠢᠷ︶ ᠶᠢᠨ ᠬᠠᠮᠢᠶ᠎ᠠ ᠪᠥᠬᠦᠶ ᠬᠥᠮᠦᠰ ᠢ ᠵᠣᠬᠢᠶᠠᠨ | ᠪᠠᠶᠢᠭᠤᠯᠵᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠥᠷᠨᠢᠭᠦᠯᠵᠦ᠂ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ᠡᠭᠦᠷᠭᠡ ᠶᠢᠨ ᠤᠷᠤᠭᠰᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ᠬᠤᠶᠠᠷ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ᠂ ᠡᠯ᠎ᠡ ᠬᠤᠳᠠᠯᠳᠤᠭᠠᠴᠢᠨ ᠤᠷᠢᠬᠤ ᠳᠤᠭᠤᠶᠢᠯᠠᠩ ᠨᠢ ᠲᠣᠰ ᠳᠤᠭᠤᠶᠢᠯᠠᠩ ᠤᠨ ᠣᠷᠣᠭᠤᠯᠤᠨ | ᠠᠪᠴᠢᠷᠠᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠤᠨ | ᠡᠵᠡᠩᠨᠡᠬᠦ ᠪᠥᠬᠦ ᠶᠠᠪᠤᠴᠠ ᠳᠤ ᠬᠠᠷᠢᠭᠤᠴᠠᠨ᠎ᠠ᠃ ᠰᠢᠶᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠢᠯ ᠤᠨ | ᠡᠴᠦᠰ ᠤᠨ ᠬᠢᠨᠠᠨ ᠰᠢᠯᠭᠠᠬᠤ ᠨᠢᠭᠡ ᠵᠦᠢᠯ ᠤᠨ ᠴᠢᠬᠤᠯᠠ ᠠᠭᠤᠯᠭ᠎ᠠ ᠪᠣᠯᠭᠠᠵᠤ᠂ ᠵᠢᠯ ᠤᠨ ᠡᠴᠦᠰ ᠲᠤ ᠡᠯ᠎ᠡ | ᠬᠤᠳᠠᠯᠳᠤᠭᠠᠴᠢᠨ ᠤᠷᠢᠬᠤ ᠳᠤᠭᠤᠶᠢᠯᠠᠩ ᠪᠠ ᠨᠡᠭᠡᠭᠡᠯᠲᠡ ᠶᠢᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ | ᠣᠷᠣᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠡᠭᠦᠷᠭᠡ ᠪᠠᠨ ᠪᠡᠶᠡᠯᠡᠭᠦᠯᠦᠭᠡᠳᠦᠶ ᠨᠢᠭᠡᠴᠡ ︵ᠰᠠᠯᠠᠭ᠎ᠠ ᠮᠥᠴᠢᠷ︶ | ︶ ᠭᠤᠣᠯ ᠬᠠᠷᠢᠭᠤᠴᠠᠯᠭᠠᠲᠠᠨ ᠨᠥᠬᠦᠳ ᠪᠣᠯᠵᠣᠨ ᠶᠠᠷᠢᠯᠴᠠᠵᠤ᠃ | ︵ᠬᠤᠶᠠᠷ᠂ ᠡᠯ᠎ᠡ ᠡᠭᠦᠷᠭᠡ ᠶᠢᠨ ᠨᠢᠭᠡᠴᠢ︶ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠷᠢᠨ ᠨᠢᠮᠪᠠᠶ | ᠲᠥᠯᠥᠪᠯᠡᠨ᠂ ᠨᠠᠷᠢᠯᠢᠭ ᠣᠨᠣᠴᠠᠲᠠᠶ ᠪᠠᠷ ᠬᠦᠴᠦᠯᠡᠵᠦ᠂ ᠲᠣᠰ ᠪᠡᠶ᠎ᠡ ᠶᠢᠨ ᠬᠤᠳᠠᠯᠳᠤᠭᠠᠴᠢᠨ ᠤᠷᠢᠬᠤ ᠡᠭᠦᠷᠭᠡ ᠵᠢᠴᠢ | ᠬᠤᠳᠠᠯᠳᠤᠭᠠᠴᠢᠨ ᠤᠷᠢᠬᠤ ᠳᠤᠭᠤᠶᠢᠯᠠᠩ ᠤᠨ ᠬᠤᠪᠢᠶᠠᠷᠢᠯᠠᠯᠲᠠ ᠶᠢᠨ ᠠᠵᠢᠯ ᠤᠨ ᠡᠭᠦᠷᠭᠡ ᠶᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠵᠢᠴᠢ ᠪᠤᠰᠤᠳ | ᠮᠥᠷᠳᠡᠵᠦ ᠪᠠᠲᠤᠯᠠᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠵᠢᠴᠢ ᠬᠠᠮᠢᠶ᠎ᠠ ᠪᠥᠬᠦᠶ ᠪᠠᠲᠤᠯᠠᠭ᠎ᠠ ᠶᠢᠨ ᠠᠵᠢᠯ ᠤᠨ ᠪᠠᠶᠢᠳᠠᠯ ᠢ ᠬᠠᠮᠲᠤ ᠳᠤᠨᠢ ᠵᠢᠯ ᠤᠨ ᠡᠴᠦᠰ ᠤᠨ | ᠬᠢᠨᠠᠨ ᠰᠢᠯᠭᠠᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃ | ︵ᠭᠤᠷᠪᠠ᠂ ᠡᠯ᠎ᠡ ᠨᠢᠭᠡᠴᠢ︶ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ︽ᠥᠪᠡᠷᠲᠡᠭᠡᠨ ᠵᠠᠰᠠᠬᠤ ᠣᠷᠣᠨ ᠤ ᠨᠡᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠡᠩ ᠰᠠᠶᠢᠨ ᠦᠢᠯᠡᠴᠢᠯᠡᠬᠦ ᠠᠵᠢᠯᠯᠠᠭ᠎ᠠ ᠶᠢᠨ ᠲᠥᠰᠦᠯ︾ | ᠂ ︽ᠤᠯᠠᠭᠠᠨᠴᠠᠪ ᠬᠤᠳᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠴᠢᠨᠠᠭᠰᠢᠳᠠ | ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠡᠩ ᠰᠠᠶᠢᠨ ᠦᠢᠯᠡᠴᠢᠯᠡᠬᠦ ᠠᠵᠢᠯ ᠤᠨ ᠬᠡᠷᠡᠭᠵᠢᠭᠦᠯᠬᠦ | ᠲᠥᠰᠦᠯ︾ ᠤᠨ ᠱᠠᠭᠠᠷᠳᠠᠯᠭ᠎ᠠ ᠵᠢᠴᠢ ᠮᠠᠨ ᠤ ᠰᠢᠶᠠᠨ ᠤ ᠠᠯᠢ ᠤᠯᠠᠨ ᠲᠤᠬᠢᠷᠠᠭᠤᠯᠤᠯᠳᠠ ᠪᠠᠶᠢᠷᠢᠯᠠᠭᠤᠯᠤᠯᠲᠠ | ᠶᠣᠰᠣᠭᠠᠷ᠂ ᠮᠠᠨ ᠤ ᠰᠢᠶᠠᠨ ᠤ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡ ᠶᠢ ᠰᠢᠯᠢᠳᠡᠭᠵᠢᠭᠦᠯᠬᠦ | ᠪᠠᠲᠤᠯᠠᠭ᠎ᠠ ᠶᠢᠨ ᠠᠵᠢᠯ ᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠣᠷᠣᠭᠤᠯᠤᠨ ᠠᠪᠴᠢᠷᠠᠵᠤ | ᠨᠠᠶᠢᠳᠠᠪᠤᠷᠢᠵᠢᠭᠤᠯᠤᠭᠰᠠᠨ ᠠᠵᠤ ᠠᠬᠤᠶᠢᠯᠠᠯ ᠳᠤ ︽ᠤᠴᠢᠷ ᠪᠠᠶᠢᠪᠠᠯ ᠵᠠᠪᠠᠯ ᠬᠠᠷᠢᠭᠤᠴᠠᠵᠤ᠂ ᠤᠴᠢᠷ ᠦᠭᠡᠢ ᠪᠣᠯ | ᠬᠠᠷᠰᠢᠯᠠᠬᠤ ᠦᠭᠡᠢ︾ ︽ᠳᠡᠯᠭᠡᠭᠦᠷ ᠤᠨ ᠦᠢᠯᠡᠴᠢᠯᠡᠭᠴᠢ︾ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠠᠵᠢᠯ ᠤᠨ | ᠲᠣᠭᠲᠠᠴᠠ ᠶᠢ ᠬᠡᠷᠡᠭᠵᠢᠭᠦᠯᠵᠦ᠂ ᠠᠵᠤ ᠠᠬᠤᠶᠢᠯᠠᠯ ᠢ ᠦᠨᠡᠨ ᠬᠦ ︽ᠢᠷᠡᠬᠦ ᠳᠤᠷᠠᠲᠠᠢ᠂ ᠦᠯᠡᠳᠡᠭᠡᠵᠦ ᠳᠡᠶᠢᠯᠬᠦ᠂ | ᠰᠠᠶᠢᠨ ᠠᠵᠢᠯᠯᠠᠭᠤᠯᠬᠤ︾ ᠪᠣᠯᠭᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |