ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ | ᠲᠥᠯᠥᠭᠡᠯᠡᠭᠴᠢᠳ ᠡ᠄ | ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠷᠠᠯ ᠳᠤ ᠰᠤᠯᠠ ᠣᠷᠣᠯᠴᠠᠭᠰᠠᠨ ᠡᠯ᠎ᠡ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠪᠠ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠲᠦᠢᠯ ᠤᠨ ᠶᠡᠷᠦ ᠪᠤᠰᠤ ᠶᠢᠨ ᠨᠢᠭᠡ ᠵᠢᠯ ᠮᠥᠨ᠃ ᠨᠢᠭᠡ ᠵᠢᠯ ᠤᠨ ᠲᠤᠷᠰᠢ᠂ | ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶ᠎ᠠ ᠪᠣᠯᠤᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ︽ | ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ | ᠲᠦᠪᠰᠢᠨ ᠪᠠᠶᠢᠯᠭᠠᠬᠤ︾ ᠶᠡᠷᠦᠩᠬᠡᠢ ᠱᠠᠭᠠᠷᠳᠠᠯᠭ᠎ᠠ ᠶᠢ ᠢᠮᠠᠭᠲᠠ ᠪᠠᠷᠢᠮᠲᠠᠯᠠᠵᠤ᠂ ᠰᠢᠨ᠎ᠡ ᠲᠢᠲᠢᠮ ᠲᠠᠢ ᠬᠢᠵᠢᠭ ᠤᠨ | ᠪᠠᠶᠢᠳᠠᠯ᠂ ᠬᠦᠨᠳᠦ ᠨᠣᠴᠢᠲᠠᠢ ᠭᠠᠩ ᠬᠠᠭᠰᠠᠷᠠᠭᠠᠨ ᠵᠡᠷᠭᠡ ᠠᠯᠢ ᠤᠯᠠᠨ ᠠᠰᠢᠭ ᠦᠭᠡᠢ ᠬᠦᠴᠦᠨ ᠵᠦᠢᠯ ᠤᠨ | ᠨᠥᠯᠥᠭᠡ ᠶᠢ ᠢᠳᠡᠪᠬᠢᠲᠡᠢ ᠠᠷᠭᠠᠴᠠᠭᠠᠵᠤ᠂ ᠪᠦᠬᠦ ᠰᠢᠶᠠᠨ ᠤ ᠠᠷᠠᠳ ᠲᠦᠮᠡᠨ ᠲᠠᠢ ᠬᠠᠮᠲᠤᠪᠠᠷ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ | ᠬᠥᠭᠵᠢᠬᠦ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ | ᠤᠯᠪᠠ᠃ | ᠨᠢᠭᠡ ᠵᠢᠯ ᠤᠨ ᠲᠤᠷᠰᠢ᠂ ᠪᠢᠳᠡ ᠬᠦᠴᠢᠷ ᠢ ᠰᠦᠷᠦᠨ ᠤᠷᠤᠭᠰᠢᠯᠠᠵᠤ᠂ ᠳᠠᠷᠤᠯᠲᠠ ᠦᠵᠡᠭᠦᠯᠦᠨ ᠡᠷᠡᠯᠬᠡᠭᠯᠡᠨ | ᠤᠷᠤᠭᠰᠢᠯᠠᠵᠤ᠂ ᠠᠵᠤ ᠠᠬᠤᠢ ᠶᠢᠨ ᠠᠵᠢᠯᠯᠠᠭᠠᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠪᠠ᠃ | ᠬᠥᠭᠵᠢᠯᠲᠡ ᠶᠢ ᠠᠯᠢᠪᠠ ᠠᠰᠠᠭᠤᠳᠠᠯ ᠢ ᠰᠢᠢᠳᠪᠦᠷᠢᠯᠡᠬᠦ ᠶᠢᠨ ᠰᠠᠭᠤᠷᠢ ᠪᠠ ᠵᠠᠩᠭᠢᠯᠠᠭ᠎ᠠ ᠪᠣᠯᠭᠠᠬᠤ ᠶᠢ ᠪᠠᠷᠢᠮᠲᠠᠯᠠᠵᠤ᠂ | ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠠᠵᠢᠯᠯᠠᠭᠠᠨ | ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠲᠣᠭᠲᠠᠭᠤᠨ ᠤ ᠳᠤᠮᠳᠠ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠵᠢᠱᠢᠯᠲᠡ ᠪᠠᠷ ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ | 68.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 6% ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ 13% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | 21 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 17.8% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 19.8 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 2. | 1% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 2.5 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 4.2% ᠢᠶᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 36378 ᠲᠥᠭᠦᠷᠢᠭ ᠪᠠ | 15037 ᠲᠥᠭᠦᠷᠢᠭ ᠲᠤ ᠬᠦᠷᠴᠦ᠂ 8% ᠪᠠ 9% ᠪᠠᠷ ᠨᠡᠮᠡᠭᠳᠡᠪᠡ᠃ ︽ᠲᠠᠪᠤ ᠶᠢ ᠲᠦᠢᠯᠪᠤᠷᠢᠲᠠᠢ | ᠪᠠᠶᠢᠴᠠᠭᠠᠬᠤ︾ ᠲᠤᠰᠬᠠᠶ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠢᠨᠠᠷ ᠰᠠᠶᠢᠲᠠᠶ | ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠵᠤ ᠦᠭᠭᠦᠨ᠎ᠡ᠃ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠨᠢ | ᠰᠠᠭᠤᠷᠢ ᠶᠢ ᠪᠠᠬᠢᠵᠢᠭᠦᠯᠬᠦ ᠰᠠᠭᠤᠷᠢ ᠳᠤ ᠡᠯᠪᠡᠭ ᠳᠡᠯᠪᠡᠭ ᠪᠠᠶᠢᠳᠠᠯ ᠢᠯᠡᠷᠡᠵᠦ᠂ ᠤᠳᠤ ᠦᠶ᠎ᠡ ᠶᠢᠨ ᠠᠵᠤ | ᠦᠢᠯᠡᠰ ᠤᠨ ᠰᠢᠰᠲ᠋ᠧᠮ ᠢ ᠪᠠᠶᠢᠭᠤᠯᠬᠤ ᠲᠠᠯ᠎ᠠ ᠪᠠᠷ ᠰᠢᠨ᠎ᠡ ᠠᠯᠬᠤᠮ ᠢ ᠠᠯᠬᠤᠪᠠ᠃ | ᠨᠢᠭᠡ ᠵᠢᠯ ᠤᠨ ᠲᠤᠷᠰᠢ᠂ ᠪᠢᠳᠡ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠳᠤ | ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠲᠠᠢ ᠪᠠᠷ ᠬᠦᠴᠦᠯᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ | ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ︽ᠲᠦᠷᠪᠡ ᠶᠢ ᠲᠠᠶᠠᠭᠳᠠᠬᠤ ᠦᠭᠡᠢ︾ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠴᠠ ᠪᠠᠶᠢᠭᠤᠯᠤᠮᠵᠢ᠂ ᠲᠦᠷᠦ ᠶᠢᠨ ᠪᠤᠳᠤᠯᠭ᠎ᠠ ᠪᠣᠯᠤᠨ ᠠᠵᠢᠯ ᠤᠨ ︽ | ᠭᠤᠷᠪᠠ ᠶᠢ ᠵᠣᠯᠭᠠᠭᠤᠯᠬᠤ︾ ᠶᠢ ᠴᠢᠩᠭᠠᠳᠬᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ | ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠬᠤᠶᠠᠷ ᠲᠤ ᠵᠣᠪᠠᠭ᠋ᠤ ᠦᠭᠡᠢ | ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠪᠠᠲᠤ | ᠰᠠᠬᠢᠨ᠎ᠠ᠃ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠤᠯᠤᠰ ᠤᠨ ᠭᠤᠷᠪᠠᠳᠤᠭᠠᠷ ᠶᠡᠷᠦᠩᠬᠡᠶᠢᠯᠡᠭᠰᠡᠨ ᠬᠢᠨᠠᠨ | ᠪᠠᠶᠢᠴᠠᠭᠠᠬᠤ ᠪᠠᠭ᠎ᠠ ᠶᠢᠨ ᠬᠢᠨᠠᠨ ᠦᠨᠡᠯᠡᠯᠲᠡ ᠶᠢ ᠬᠦᠯᠢᠶᠡᠨ᠎ᠡ᠃ ᠠᠵᠤ ᠦᠢᠯᠡᠰ ᠤᠨ ᠠᠵᠢᠯ ᠣᠯᠭᠤᠯᠲᠠ ᠶᠢ ᠬᠤᠶᠠᠷ | ᠲᠠᠯ᠎ᠠ ᠪᠠᠷ ᠠᠳᠬᠤᠬᠤ ᠶᠢ ᠪᠠᠷᠢᠮᠲᠠᠯᠠᠵᠤ᠂ 1.85 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠬᠥᠳᠡᠭᠡ | ᠲᠣᠰᠬᠤᠨ ᠤ ᠠᠵᠤ ᠦᠢᠯᠡᠰ ᠤᠨ ᠲᠦᠷᠦᠯ ᠵᠦᠢᠯ ᠢ ᠬᠥᠭᠵᠢᠭᠦᠯᠵᠦ᠂ 63% ᠶᠢ ᠡᠵᠡᠯᠡᠵᠦ᠂ ᠬᠥᠳᠡᠭᠡ | ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ 3810 ᠨᠡᠭᠡᠭᠡᠵᠦ᠂ 19 ᠠᠵᠢᠯ | ᠣᠯᠭᠤᠯᠲᠠ ᠶᠢᠨ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠢ ᠲᠣᠭᠲᠠᠭᠤᠨ ᠢᠶᠠᠷ ᠠᠵᠢᠯᠯᠠᠭᠤᠯᠪᠠ᠃ | ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠵᠦ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ 206.85 ᠲᠦᠮᠡᠨ ᠮᠦ ᠢᠯᠭᠠᠨ ᠲᠣᠭᠲᠠᠭᠠᠵᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ 9.5 ᠲᠦᠮᠡᠨ ᠮᠦ ᠪᠡᠶᠡᠯᠡᠭᠦᠯᠵᠦ᠂ | ᠬᠥᠳᠡᠭᠡ ᠲᠣᠰᠬᠤᠨ ᠤ ᠭᠠᠵᠠᠷ ᠰᠢᠷᠣᠢ ᠶᠢᠨ ᠬᠡᠪᠴᠢᠶᠡᠵᠢᠭᠰᠡᠨ ᠡᠵᠡᠩᠨᠡᠯᠲᠡ ᠶᠢᠨ ᠲᠠᠯᠠᠪᠠᠢ 87 ᠲᠦᠮᠡᠨ ᠮᠦ ᠳᠤ | ᠬᠦᠷᠴᠦ᠂ ᠲᠠᠷᠢᠶᠠᠯᠠᠩ ᠤᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠤᠷᠮ᠎ᠠ 83.76% ᠳᠤ ᠬᠦᠷᠴᠡᠢ᠃ | ᠲᠠᠷᠢᠶᠠᠯᠠᠩ ᠤᠨ ᠪᠦᠲᠦᠭᠡᠭᠳᠡᠬᠦᠨ ᠨᠢ ᠪᠣᠬᠢᠷᠲᠤᠯ ᠥᠬᠡᠶ ᠢᠳᠡᠭᠡᠨ ᠤ ᠭᠡᠷᠡᠴᠢᠯᠡᠯ ᠢᠶᠠᠷ ᠦᠨᠡᠯᠡᠭᠳᠡᠵᠦ᠂ ᠭᠡᠷᠡᠴᠢᠯᠡᠭᠰᠡᠨ | ᠲᠠᠯᠠᠪᠠᠶ ᠨᠢ 7.6 ᠲᠦᠮᠡᠨ ᠮᠥ ᠳᠤ ᠬᠦᠷᠴᠡᠶ᠃ ᠮᠠᠯ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠰᠠᠶᠢᠨ ᠪᠠᠶᠢᠵᠤ | ᠂ ︽ᠠᠵᠤ ᠠᠬᠤᠶᠢᠯᠠᠯ ᠲᠣᠰᠬᠤᠨ ᠬᠤᠳᠠᠯᠳᠤᠨ ᠠᠪᠴᠤ ᠬᠠᠮᠢᠶᠠᠷᠬᠤ ᠪᠠ ᠲᠠᠷᠢᠶᠠᠯᠠᠩ ᠮᠠᠯ ᠠᠵᠤ ᠠᠬᠤᠶ ᠶᠢ | ᠬᠠᠮᠢᠶᠠᠷᠬᠤ︾ ᠵᠠᠭᠪᠤᠷ ᠢ ᠥᠷᠭᠡᠨ ᠢᠶᠠᠷ ᠳᠡᠯᠭᠡᠷᠡᠭᠦᠯᠵᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠳᠤ ︽ | ᠰᠦᠷᠦᠭᠵᠢᠯ ᠢ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ︾ ᠶᠢ ᠪᠡᠶᠡᠯᠡᠭᠦᠯᠵᠦ᠂ 1.16 ᠲᠦᠮᠡᠨ ᠲᠣᠯᠣᠭᠠᠶ | ᠰᠢᠨ᠎ᠡ ᠪᠠᠷ ᠨᠡᠮᠡᠭᠳᠡᠪᠡ᠃ ᠵᠢᠯ ᠤᠨ ᠠᠷᠠᠯᠵᠢᠶ᠎ᠠ ᠶᠢᠨ 70 ᠲᠦᠮᠡᠨ ᠲᠣᠯᠣᠭᠠᠶ ︵ᠲᠣᠯᠣᠭᠠᠶ︶ ᠠᠷᠠᠯᠵᠢᠶᠠᠯᠠᠬᠤ ᠵᠠᠬ᠎ᠠ | ᠳᠡᠯᠭᠡᠭᠦᠷ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠬᠡᠷᠡᠭᠲᠡᠶ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ | ᠭᠤᠤᠯ ᠴᠣᠭᠴᠠ ᠶᠢ ᠲᠦᠷᠭᠡᠪᠴᠢᠯᠡᠨ ᠪᠤᠶᠢᠵᠢᠭᠤᠯᠵᠤ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ | ᠲᠠᠷᠢᠶᠠᠴᠢᠳ ᠤᠨ ᠬᠤᠷᠰᠢᠶ᠎ᠠ ᠶᠢ ᠲᠣᠰ ᠲᠣᠰ 596 ᠡᠷᠦᠬᠡ ᠪᠠ 584 ᠪᠣᠯᠭᠠᠨ ᠨᠡᠮᠡᠭᠳᠡᠭᠦᠯᠪᠡ᠃ ᠬᠥᠳᠡᠭᠡ | ᠲᠣᠰᠬᠤᠨ ᠤ ᠵᠣᠷᠯᠣᠩ ᠤᠨ ᠬᠤᠪᠢᠰᠬᠠᠯ᠂ ᠬᠥᠮᠦᠨ ᠮᠠᠯ ᠢ ᠰᠠᠯᠭᠠᠬᠤ᠂ ᠠᠮᠢᠳᠤᠷᠠᠯ ᠤᠨ ᠪᠣᠬᠢᠷ ᠤᠰᠤ ᠶᠢ ᠵᠠᠰᠠᠬᠤ | ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ | ᠰᠢᠰᠲ᠋ᠧᠮ ᠢ 90% ᠠᠴᠠ ᠳᠡᠭᠡᠭᠰᠢᠬᠢ ᠵᠠᠰᠠᠭ ᠵᠠᠬᠢᠷᠭᠠᠨ ᠤ ᠲᠣᠰᠬᠤᠨ ᠳᠤ ᠪᠦᠷᠬᠦᠭᠦᠯᠵᠦ᠂ ᠬᠥᠳᠡᠭᠡ ᠲᠣᠰᠬᠤᠨ ᠤ | ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠲᠣᠰᠬᠤᠨ ᠳᠤᠭᠤᠶᠢᠯᠠᠩ ᠤᠨ ᠵᠠᠮ᠂ | ᠲᠣᠰᠬᠤᠨ ᠤ ᠳᠣᠲᠣᠷᠠᠬᠢ ᠵᠠᠮ᠂ ᠠᠵᠤ ᠦᠢᠯᠡᠰ ᠤᠨ ᠵᠠᠮ ᠢ 117 ᠺᠢᠯᠣᠮᠧᠳ᠋ᠷ ᠰᠢᠨ᠎ᠡ ᠪᠠᠷ ᠨᠡᠮᠡᠭᠳᠡᠭᠦᠯᠪᠡ᠃ | ᠨᠢᠭᠡ ᠵᠢᠯ ᠤᠨ ᠲᠤᠷᠰᠢ᠂ ᠪᠢᠳᠡ ᠨᠣᠭᠤᠭᠠᠨ ᠦᠩᠭᠡ ᠶᠢ ᠵᠤᠵᠠᠭᠠᠳᠬᠠᠵᠤ᠂ ᠰᠠᠭᠤᠷᠢ ᠥᠩᠭᠡ ᠶᠢ | ᠭᠡᠷᠡᠯᠳᠦᠬᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠬᠠᠮᠠᠭᠠᠯᠠᠵᠤ ᠵᠠᠰᠠᠬᠤ ᠶᠢ | ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠨ᠎ᠠ᠃ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠴᠢᠨᠠᠷ ᠰᠠᠶᠢᠲᠠᠶ ᠪᠡᠶᠡᠯᠡᠭᠦᠯᠦᠨ᠎ᠡ᠃ ᠴᠠᠭᠠᠨᠨᠠᠭᠤᠷ ᠤᠨ ᠰᠠᠪᠠ ᠭᠠᠵᠠᠷ ᠤᠨ ᠭᠠᠵᠠᠷ ᠳᠣᠤᠷᠠᠬᠢ ᠤᠰᠤᠨ | ᠲᠦᠪᠰᠢᠨ ᠠᠯᠬᠤᠮ ᠠᠯᠬᠤᠮ ᠢᠶᠠᠷ ᠳᠡᠭᠡᠭᠰᠢᠯᠡᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠪᠦᠲᠦᠮᠵᠢᠲᠡᠶ | ᠬᠠᠮᠠᠭᠠᠯᠠᠭᠳᠠᠵᠤ᠂ ᠥᠪᠡᠷᠲᠡᠭᠡᠨ ᠵᠠᠰᠠᠬᠤ ᠣᠷᠣᠨ ᠳᠤ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢᠨ ᠬᠤᠪᠢ ᠪᠠᠷ | ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠯᠪᠠᠨ ᠬᠡᠷ ᠲᠤ | ᠮᠡᠳᠡᠭᠦᠯᠦᠭᠰᠡᠨ ᠪᠠᠶᠢᠨ᠎ᠠ᠃ ᠴᠠᠭᠠᠨᠨᠠᠭᠤᠷ ᠨᠤᠭᠤ ᠭᠠᠵᠠᠷ ᠤᠨ ᠴᠡᠴᠡᠷᠯᠢᠭ ᠢ ᠤᠯᠤᠰ ᠤᠨ ᠨᠤᠭᠤ ᠭᠠᠵᠠᠷ ᠤᠨ | ᠴᠡᠴᠡᠷᠯᠢᠭ ᠲᠤ ᠳᠡᠪᠰᠢᠭᠦᠯᠦᠨ᠎ᠡ᠃ ︽ᠲᠠᠪᠤᠵᠢᠭᠤᠯᠬᠤ ᠥᠭᠡᠷᠡᠴᠢᠯᠡᠯᠲᠡ︾ ᠶᠢ ᠭᠦᠨᠵᠡᠭᠡᠶ ᠠᠬᠢᠭᠤᠯᠵᠤ᠂ 7 | ᠬᠠᠶᠢᠯᠤᠰᠢ ᠶᠢᠨ ᠠᠭᠤᠷᠬᠠᠢ ᠶᠢᠨ ᠢᠯᠴᠢ ᠶᠢᠨ ᠵᠤᠤᠬ᠎ᠠ ᠶᠢ ᠨᠢᠭᠲᠠ ᠪᠢᠲᠡᠭᠦᠮᠵᠢᠯᠡᠨ ᠥᠭᠡᠷᠡᠴᠢᠯᠡᠬᠦ ᠶᠢ ᠪᠡᠶᠡᠯᠡᠭᠦᠯᠵᠦ᠂ | ᠲᠡᠮᠦᠷ ᠤᠨ ᠬᠠᠶᠢᠯᠤᠰᠢ ᠶᠢᠨ 3 ᠠᠵᠤ ᠠᠬᠤᠶᠢᠯᠠᠯ ᠤᠨ ᠦᠯᠡᠳᠡᠪᠦᠷᠢ ᠢᠯᠴᠢ ᠦᠯᠡᠳᠡᠪᠦᠷᠢ ᠬᠡᠢ ᠪᠠᠷ ᠴᠠᠬᠢᠯᠭᠠᠨ | ᠭᠠᠷᠭᠠᠬᠤ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ 10 ᠠᠭᠤᠷᠰᠢᠯᠲᠠ ᠶᠢᠨ | ᠲᠣᠨ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠲᠥᠬᠦᠭᠡᠷᠦᠮᠵᠢ 3 ᠶᠢ ᠰᠢᠭᠰᠢᠭᠳᠡᠭᠦᠯᠦᠨ᠎ᠡ᠃ | ᠠᠭᠠᠷ ᠤᠨ ᠴᠢᠨᠠᠷ ᠰᠠᠶᠢᠨ ᠪᠠᠶᠢᠬᠤ ᠨᠤᠷᠮ᠎ᠠ 97.3% ᠬᠦᠷᠴᠡᠢ᠃ ᠬᠤᠲᠠ ᠪᠠᠯᠭᠠᠰᠤ ᠶᠢᠨ ᠠᠮᠢᠳᠤᠷᠠᠯ ᠤᠨ ᠪᠣᠬᠢᠷ | ᠤᠰᠤ ᠶᠢ ᠰᠢᠢᠳᠪᠦᠷᠢᠯᠡᠬᠦ ᠪᠠᠷᠢᠮᠵᠢᠶ᠎ᠠ ᠶᠢ ᠳᠡᠭᠡᠭᠰᠢᠯᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠪᠣᠬᠢᠷ | ᠤᠰᠤ ᠶᠢ ᠰᠢᠢᠳᠪᠦᠷᠢᠯᠡᠬᠦ ᠨᠣᠷᠮ᠎ᠠ ᠶᠢ 100% ᠳᠤ ᠬᠦᠷᠦᠭᠦᠯᠦᠨ᠎ᠡ᠃ ︽ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ︾ ᠶᠢᠨ ᠲᠦᠷᠢᠮ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠯᠠᠪᠳᠠᠭᠤᠨ ᠪᠠᠲᠤᠲᠠᠢ ᠠᠬᠢᠵᠤ᠂ ᠲᠠᠪᠤᠨ | ᠠᠭᠤᠯᠠ ᠭᠤᠣᠯ᠂ ᠱᠢ ᠪᠠ ᠴᠢᠩ ᠭᠤᠣᠯ ᠤᠨ ᠵᠠᠮ ᠢ ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠤᠨᠠᠯᠲᠠ ᠳᠣᠣᠷ᠎ᠠ | ᠦᠷ᠎ᠡ ᠠᠰᠢᠭ ᠢᠶᠠᠷ ᠳᠣᠣᠷ᠎ᠠ ᠤᠢ ᠶᠢ 1.7 ᠲᠦᠮᠡᠨ ᠮᠦ ᠥᠭᠡᠷᠡᠴᠢᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠢ | 640 ᠮᠦ ᠨᠣᠭᠤᠭᠠᠷᠠᠭᠤᠯᠪᠠ᠃ ᠬᠥᠷᠥᠰᠥ ᠰᠢᠷᠣᠶ ᠶᠢᠨ ᠪᠣᠬᠢᠷᠲᠤᠯ ᠤᠨ ᠡᠬᠢ ᠰᠤᠷᠪᠤᠯᠵᠢ ᠶᠢ ᠰᠡᠷᠭᠡᠶᠢᠯᠡᠨ | ᠡᠵᠡᠮᠳᠡᠬᠦ ᠶᠢ ᠴᠢᠩᠳᠠᠯᠠᠵᠤ᠂ ᠪᠥᠬᠦ ᠰᠢᠶᠠᠨ ᠤ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠳᠤ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ ᠲᠠᠷᠢᠶᠠᠨ ᠡᠮ ᠬᠢᠮᠢ ᠶᠢᠨ ᠪᠣᠷᠳᠣᠭᠤᠷ ᠤᠨ ︽ | ᠬᠤᠶᠠᠷ ᠢ ᠪᠠᠭᠠᠰᠬᠠᠵᠤ ᠬᠤᠶᠠᠷ ᠢ ᠬᠢᠵᠠᠭᠠᠷᠯᠠᠬᠤ︾ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠵᠤ᠂ ᠬᠡᠷᠡᠭᠯᠡᠬᠦ | ᠬᠡᠮᠵᠢᠶ᠎ᠡ ᠶᠢ ᠲᠣᠰ ᠲᠣᠰ 1.4% ᠪᠠ 1.3% ᠪᠠᠭᠠᠰᠬᠠᠪᠠ᠃ ᠲᠠᠷᠢᠶᠠᠨ ᠭᠠᠵᠠᠷ ᠤᠨ ︽ᠴᠠᠭᠠᠨ ᠪᠣᠬᠢᠷᠲᠤᠯ︾ ᠢ | ᠪᠦᠲᠦᠮᠵᠢᠲᠡᠢ ᠰᠡᠷᠭᠡᠢᠯᠡᠨ ᠬᠢᠵᠠᠭᠠᠷᠯᠠᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠭᠦᠯ ᠢ ᠬᠤᠷᠢᠶᠠᠨ ᠠᠪᠬᠤ | ᠨᠣᠷᠮ᠎ᠠ ᠨᠢ 85 ᠳᠤ ᠬᠦᠷᠴᠡᠢ᠃ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠯᠠᠪᠳᠠᠭᠤᠨ ᠪᠠᠲᠤᠲᠠᠶ | ᠠᠬᠢᠭᠤᠯᠵᠤ᠂ ᠬᠤᠲᠠ ᠶᠢᠨ ᠠᠮᠢᠳᠤᠷᠠᠯ ᠤᠨ ᠬᠤᠭ ᠨᠣᠪᠰᠢ ᠵᠢᠴᠢ ᠬᠤᠭᠤᠯᠠᠨ ᠭᠡᠷ ᠤᠨ ᠬᠤᠭ ᠨᠣᠪᠰᠢ ᠶᠢ ᠬᠤᠤᠷ | ᠥᠬᠡᠶ ᠪᠣᠯᠭᠠᠨ ᠰᠢᠢᠳᠪᠦᠷᠢᠯᠡᠬᠦ ᠨᠣᠷᠮ᠎ᠠ ᠶᠢ 100% ᠳᠤ ᠬᠦᠷᠭᠡᠪᠡ᠃ ᠠᠭᠤᠷᠬᠠᠢ ᠶᠢᠨ ᠶᠡᠷᠦᠩᠬᠡᠶᠢᠯᠡᠨ ᠵᠠᠰᠠᠬᠤ | ᠠᠵᠢᠯ ᠢ ᠶᠡᠬᠡᠪᠡᠷ ᠥᠷᠨᠢᠭᠦᠯᠵᠦ᠂ 5 ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠤᠨ᠎ᠠ᠃ ︽ᠬᠤᠶᠠᠷ | ᠶᠡᠬᠡᠲᠡᠶ︾ ᠲᠥᠷᠥᠯ ᠵᠦᠢᠯ ᠤᠨ ᠳᠣᠤᠷ᠎ᠠ ᠬᠢᠷᠢ ᠬᠡᠮᠵᠢᠶ᠎ᠡ ᠪᠠᠷ ᠰᠣᠬᠤᠷ ᠪᠠᠯᠠᠶ ᠪᠠᠷ ᠬᠥᠭᠵᠢᠬᠦ ᠶᠢ ᠡᠷᠡᠰ ᠬᠤᠷᠢᠭᠯᠠᠵᠤ᠂ | ᠠᠵᠤ ᠦᠢᠯᠡᠳᠪᠦᠷᠢ ᠶᠢᠨ ᠪᠣᠬᠢᠷᠲᠤᠯ ᠦᠭᠡᠶ ᠪᠠᠷ ᠳᠡᠰ ᠳᠡᠪᠰᠢᠬᠦ᠂ ᠡᠬᠢ ᠪᠠᠶᠠᠯᠢᠭ ᠢ ᠡᠷᠭᠢᠯᠳᠦᠭᠦᠯᠦᠨ | ᠠᠰᠢᠭᠯᠠᠬᠤ ᠶᠢ ᠪᠡᠶᠡᠯᠡᠭᠦᠯᠬᠦ ᠬᠡᠷᠡᠭᠲᠡᠶ᠃ ᠲᠩᠷᠢ ᠴᠡᠯᠮᠡᠭ᠂ ᠤᠰᠤ ᠲᠤᠩᠭᠠᠯᠠᠭ᠂ ᠭᠠᠵᠠᠷ ᠨᠣᠭᠤᠭᠠᠨ ᠱᠠᠩᠳᠤ ᠶᠢᠨ | ᠵᠢᠷᠤᠭ ᠶᠠᠭ ᠰᠠᠶᠢᠬᠠᠨ ᠵᠢᠷᠤᠭᠯᠠᠵᠤ ᠪᠠᠶᠢᠨ᠎ᠠ᠃ | ᠨᠢᠭᠡ ᠵᠢᠯ ᠤᠨ ᠲᠤᠷᠰᠢ᠂ ᠪᠢᠳᠡ ᠲᠣᠭᠲᠠᠴᠠ ᠶᠢᠨ ᠰᠢᠨ᠎ᠡ ᠶᠢ ᠡᠭᠦᠳᠴᠦ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠡᠳᠦᠷ ᠢᠷᠡᠬᠦᠶ᠎ᠡ ᠴᠢᠩᠭᠠᠷᠠᠪᠠ᠃ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠠ ᠰᠢᠨ᠎ᠡ ᠣᠶᠢᠯᠠᠭᠠᠭᠳᠠᠬᠤᠨ ᠢ ᠲᠤᠭᠤᠰᠢᠯᠠᠭᠤᠯᠬᠤ ᠴᠢᠬᠤᠯᠠ ᠠᠷᠭ᠎ᠠ ᠪᠠᠷᠢᠯ | ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠩ ᠶᠡᠭᠡ ᠬᠡᠮᠵᠢᠶ᠎ᠡ ᠪᠠᠷ | ᠪᠠᠳᠠᠷᠠᠭᠤᠯᠤᠨ᠎ᠠ᠃ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠶᠠᠰᠤ ᠴᠢᠨᠠᠷ ᠢ | ᠳᠡᠭᠡᠭᠰᠢᠯᠡᠭᠦᠯᠦᠨ ᠪᠠᠷᠢᠮᠵᠢᠶ᠎ᠠ ᠶᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠂ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠭᠡᠬᠦ︾ | ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠨᠳᠥᠷ | ᠳᠠᠪᠲᠠᠮᠵᠢᠲᠤ ᠪᠥᠬᠦ ᠶᠠᠪᠤᠴᠠ᠂ ᠪᠥᠬᠦ ᠭᠤᠭᠴᠤᠭ᠎ᠠ ᠶᠢ ᠰᠦᠯᠵᠢᠶᠡᠨ ᠳᠡᠭᠡᠷ᠎ᠡ ᠭᠦᠢᠴᠡᠳᠭᠡᠬᠦ ᠶᠢ ᠪᠡᠶᠡᠯᠡᠭᠦᠯᠪᠡ᠃ ︽ | ᠲᠠᠪᠤ ᠶᠢ ᠬᠠᠰᠤᠵᠤ ᠨᠢᠭᠡ ᠶᠢ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ ᠶᠢᠨ ᠦᠷ᠎ᠡ ᠪᠦᠲᠦᠮᠵᠢ ᠢᠯᠡᠷᠬᠡᠶ ᠪᠠᠶᠢᠵᠤ᠂ | ᠡᠯ᠎ᠡ ᠲᠥᠷᠥᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠭᠦᠢᠴᠡᠳᠬᠡᠬᠦ ᠳᠤᠮᠳᠠᠴᠢ ᠴᠠᠭ ᠤᠨ | ᠬᠢᠵᠠᠭᠠᠷ ᠢ 30% ᠪᠠᠷ ᠪᠠᠭᠠᠰᠬᠠᠵᠤ᠂ ᠳᠤᠮᠳᠠᠴᠢ ᠭᠦᠶᠦᠬᠦ ᠶᠢ ᠪᠠᠭᠠᠰᠬᠠᠬᠤ ᠲᠤᠭ᠎ᠠ ᠶᠢ 18% ᠪᠠᠷ ᠪᠠᠭᠠᠰᠬᠠᠪᠠ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠶᠠᠨ ᠤ ᠬᠡᠪᠴᠢᠶᠡᠨ ᠤ ᠠᠵᠤ ᠠᠬᠤᠶ ᠶᠢᠨ | ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠲᠠᠰᠤᠷᠠᠯᠲᠠ ᠤᠢᠭᠡᠢ ᠨᠡᠮᠡᠭᠳᠡᠭᠦᠯᠦᠨ᠎ᠡ᠃ ᠲᠠᠷᠢᠶᠠᠯᠠᠩ ᠤᠨ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠥᠳᠡᠭᠡ | ᠲᠣᠰᠬᠤᠨ ᠤ ᠤᠰᠤᠨ ᠤ ᠦᠨ᠎ᠡ ᠶᠢ ᠪᠦᠷᠢᠯᠳᠦᠭᠦᠯᠬᠦ᠂ ᠨᠠᠷᠢᠯᠢᠭ ᠣᠨᠣᠴᠠᠲᠠᠶ ᠪᠠᠷ ᠨᠥᠬᠦᠪᠥᠷᠢ ᠥᠭᠬᠦ ᠪᠠ ᠤᠰᠤ | ᠠᠷᠪᠢᠯᠠᠬᠤ ᠱᠠᠩᠨᠠᠯ᠂ ᠢᠨᠵᠧᠨᠧᠷᠢᠩ ᠢ ᠬᠠᠮᠢᠶᠠᠷᠤᠨ ᠬᠠᠮᠠᠭᠠᠯᠠᠬᠤ᠂ ᠤᠰᠤ ᠬᠡᠷᠡᠭᠯᠡᠬᠦ ᠶᠢ ᠬᠠᠮᠢᠶᠠᠷᠬᠤ ᠳᠥᠷᠪᠡᠨ | ᠵᠦᠢᠯ ᠤᠨ ᠲᠣᠭᠲᠠᠴᠠ ᠶᠢ ᠪᠠᠶᠢᠭᠤᠯᠪᠠ᠃ ᠬᠠᠮ ᠬᠡᠯᠪᠡᠷᠢ ᠪᠠᠷ ᠠᠵᠤ ᠠᠬᠤᠶᠢᠯᠠᠯ ᠳᠤ ᠠᠰᠢᠭ ᠬᠦᠷᠲᠡᠭᠡᠵᠦ | ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠵᠤ᠂ ᠰᠢᠨ᠎ᠡ ᠪᠠᠷ | ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠵᠢᠴᠢ ᠭᠠᠶᠢᠯᠢ ᠪᠤᠴᠠᠭᠠᠬᠤ ᠶᠢ ᠬᠤᠶᠢᠰᠢᠯᠠᠭᠤᠯᠬᠤ ᠭᠠᠶᠢᠯᠢ ᠶᠢ 2. | 24 ᠳ᠋ᠦᠩᠰᠢᠭᠤᠷ ᠲᠥᠭᠦᠷᠢᠭ ᠨᠡᠮᠡᠭᠳᠡᠭᠦᠯᠪᠡ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ | 2231 ᠡᠷᠦᠬᠡ ᠰᠢᠨ᠎ᠡ ᠪᠠᠷ ᠨᠡᠮᠡᠭᠳᠡᠭᠦᠯᠵᠦ᠂ 19% ᠨᠡᠮᠡᠭᠳᠡᠪᠡ᠃ ᠭᠠᠳᠠᠭᠰᠢ ᠭᠠᠷᠬᠤ ᠪᠠ ᠣᠷᠣᠭᠤᠯᠤᠨ | ᠠᠪᠴᠢᠷᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ | ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠰᠦᠯᠵᠢᠶᠡᠨ ᠳᠡᠭᠡᠷ᠎ᠡ ᠬᠤᠳᠠᠯᠳᠤᠭᠠᠴᠢᠨ | ᠤᠷᠢᠬᠤ ᠶᠢ ᠢᠳᠡᠪᠬᠢᠲᠡᠶ ᠥᠷᠨᠢᠭᠦᠯᠵᠦ᠂ 55 ᠲᠥᠷᠥᠯ ᠵᠦᠢᠯ ᠳᠤ ᠭᠡᠷ᠎ᠡ ᠲᠣᠭᠲᠠᠵᠤ᠂ ᠵᠥᠪᠯᠡᠯᠴᠡᠭᠡᠷ ᠤᠨ ᠶᠡᠷᠦᠩᠬᠡᠶ | ᠪᠠᠯᠠ ᠣᠷᠣᠭᠤᠯᠤᠯᠲᠠ 455 ᠳ᠋ᠦᠩᠰᠢᠭᠤᠷ ᠲᠥᠭᠦᠷᠢᠭ ᠲᠤ ᠬᠦᠷᠴᠦ᠂ 33 ᠲᠥᠷᠥᠯ ᠵᠦᠢᠯ ᠢ ᠠᠵᠢᠯ ᠡᠬᠢᠯᠡᠭᠦᠯᠵᠦ | ᠂ ᠶᠡᠷᠦᠩᠬᠡᠶ ᠪᠠᠯᠠ ᠣᠷᠣᠭᠤᠯᠤᠯᠲᠠ ᠨᠢ 36.1 ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠥᠳᠡᠯᠭᠡᠬᠦ ᠬᠦᠴᠦᠨ ᠨᠠᠩ ᠭᠦᠢᠴᠡᠳ᠂ ᠠᠮᠢᠵᠢᠷᠠᠯ ᠤᠨ ᠬᠦᠴᠦᠨ ᠨᠠᠩ ᠴᠢᠩᠭ᠎ᠠ ᠪᠣᠯᠪᠠ᠃ | ᠨᠢᠭᠡ ᠵᠢᠯ ᠤᠨ ᠲᠤᠷᠰᠢ᠂ ᠪᠢᠳᠡ ᠰᠡᠳᠬᠢᠯ ᠲᠠᠯᠪᠢᠨ ᠬᠠᠶᠢᠷ᠎ᠠ ᠰᠡᠳᠬᠢᠯᠭᠡ ᠪᠠᠷ᠂ ᠠᠷᠠᠳ ᠲᠤ ᠠᠰᠢᠭ | ᠬᠦᠷᠲᠡᠭᠡᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠦᠷᠭᠦᠯᠵᠢᠯᠡᠨ ᠨᠡᠮᠡᠭᠳᠡᠪᠡ᠃ ᠠᠷᠠᠳ ᠲᠦᠮᠡᠨ ᠢᠶᠠᠷ | ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ | ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠵᠠᠷᠤᠯᠭ᠎ᠠ 26. | 9 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 76. | 9% ᠶᠢ ᠡᠵᠡᠯᠡᠵᠦ᠂ 1.44% ᠪᠠᠷ ᠨᠡᠮᠡᠭᠳᠡᠪᠡ᠃ ᠠᠷᠠᠳ ᠤᠨ ᠠᠮᠢᠳᠤᠷᠠᠯ ᠤᠨ 5 ᠪᠣᠳᠠᠲᠤ ᠶᠠᠪᠤᠳᠠᠯ ᠢ ᠪᠦᠬᠦᠨ ᠢ | ᠨᠠᠶᠢᠳᠠᠪᠤᠷᠢᠵᠢᠭᠤᠯᠪᠠ᠃ ᠨᠡᠶᠢᠭᠡᠮ ᠤᠨ ᠪᠠᠲᠤᠯᠠᠭ᠎ᠠ ᠲᠠᠰᠤᠷᠠᠯᠲᠠ ᠦᠭᠡᠢ ᠴᠢᠩᠭᠠᠳᠬᠠᠵᠤ᠃ ᠬᠤᠲᠠ ᠪᠠᠯᠭᠠᠰᠤᠨ ᠤ | ᠰᠢᠨ᠎ᠡ ᠪᠠᠷ ᠠᠵᠢᠯ ᠣᠯᠤᠭᠰᠠᠨ ᠬᠥᠮᠦᠨ 712 ᠪᠠᠶᠢᠵᠤ᠂ ᠠᠵᠢᠯ ᠠᠯᠳᠠᠭᠰᠠᠳ ᠳᠠᠬᠢᠨ ᠠᠵᠢᠯ ᠣᠯᠤᠭᠰᠠᠨ ᠬᠥᠮᠦᠨ | 247 ᠪᠠᠶᠢᠵᠤ᠂ ᠬᠤᠲᠠ ᠪᠠᠯᠭᠠᠰᠤᠨ ᠤ ᠠᠵᠢᠯ ᠠᠯᠳᠠᠭᠰᠠᠳ ᠢ ᠳᠠᠩᠰᠠᠯᠠᠬᠤ ᠨᠣᠷᠮ᠎ᠠ ᠶᠢ 4.4% ᠶᠢᠨ ᠳᠣᠲᠣᠷ᠎ᠠ | ᠬᠢᠵᠠᠭᠠᠷᠯᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠢ | ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠪᠠ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠥᠨᠥᠴᠢᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢ | ᠦᠷᠭᠦᠯᠵᠢᠯᠡᠨ ᠴᠢᠩᠭᠠᠳᠬᠠᠪᠠ᠃ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠬᠠᠩᠭᠠᠯᠭ᠎ᠠ ᠶᠢ ᠪᠥᠬᠦ | ᠬᠦᠴᠦᠨ ᠢᠶᠠᠷ ᠢᠶᠠᠨ ᠪᠠᠲᠤᠯᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠤᠯᠠᠭᠠᠨ ᠪᠦᠯᠢᠶᠡᠨ | ᠡᠪᠦᠯᠵᠢᠬᠦ ᠶᠢ ᠦᠨᠡᠨ ᠬᠦ ᠪᠠᠲᠤᠯᠠᠨ᠎ᠠ᠃ ᠰᠤᠷᠭᠠᠨ ᠬᠥᠮᠥᠵᠢᠯ ᠤᠨ ᠦᠢᠯᠡᠰ ᠤᠨ ᠬᠥᠭᠵᠢᠯᠲᠡ ᠲᠦᠷᠭᠡᠳ᠋ᠪᠡ᠃ ︽ | ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡᠳᠦᠭᠡᠷ | ᠳᠤᠮᠳᠠᠳᠤ ᠰᠤᠷᠭᠠᠭᠤᠯᠢ ᠪᠠ ᠱᠢ ᠵᠢᠢ ᠪᠠᠭ᠎ᠠ ᠰᠤᠷᠭᠠᠭᠤᠯᠢ ᠶᠢ ᠬᠤᠲᠠ ᠶᠢᠨ ᠱᠠᠲᠤᠨ ᠤ ︽ᠬᠤᠶᠠᠷ ᠢ ᠪᠠᠭᠠᠰᠬᠠᠬᠤ︾ | ᠵᠢᠱᠢᠶ᠎ᠡ ᠦᠵᠡᠭᠦᠯᠬᠦ ᠰᠤᠷᠭᠠᠭᠤᠯᠢ ᠪᠠᠷ ᠲᠣᠭᠲᠠᠭᠠᠪᠠ᠃ ᠣᠶᠤᠨᠴᠢ ᠬᠢᠴᠢᠶᠡᠯ ᠤᠨ ᠲᠠᠩᠬᠢᠮ ᠢ 200 ᠰᠢᠨ᠎ᠡ ᠪᠠᠷ | ᠨᠡᠮᠡᠭᠳᠡᠭᠦᠯᠵᠦ᠂ ︽ᠨᠢᠭᠡ ᠰᠤᠷᠭᠠᠭᠤᠯᠢ ᠣᠯᠠᠨ ᠰᠤᠷᠭᠠᠭᠤᠯᠢ ᠶᠢ ᠳᠠᠭᠠᠭᠤᠯᠵᠤ᠂ ᠨᠢᠭᠡ ᠰᠤᠷᠭᠠᠭᠤᠯᠢ ᠣᠯᠠᠨ ᠴᠡᠭ ᠢ | ᠳᠠᠭᠠᠭᠤᠯᠬᠤ︾ ᠰᠦᠯᠵᠢᠶᠡᠨ ᠤ ᠵᠢᠭᠠᠨ ᠰᠤᠷᠭᠠᠯᠲᠠ ᠶᠢᠨ ᠵᠠᠭᠪᠤᠷ ᠢ ᠠᠯᠬᠤᠮ ᠠᠯᠬᠤᠮ ᠢᠶᠠᠷ ᠳᠡᠯᠭᠡᠷᠡᠭᠦᠯᠪᠡ᠃ ᠪᠠᠭ᠎ᠠ | ᠰᠤᠷᠭᠠᠭᠤᠯᠢ ᠶᠢᠨ ᠰᠤᠷᠭᠠᠭᠤᠯᠢ ᠳᠤ ᠤᠷᠤᠭᠰᠠᠨ ᠨᠤᠷᠮ᠎ᠡ᠂ ᠠᠯᠪᠠᠨ ᠵᠢᠷᠤᠮ ᠤᠨ ᠰᠤᠷᠭᠠᠨ ᠬᠦᠮᠦᠵᠢᠯ ᠢ | ᠪᠠᠳᠤᠳᠬᠠᠭᠰᠠᠨ ᠨᠤᠷᠮ᠎ᠡ ᠪᠦᠷ 100% ᠳᠤ ᠬᠦᠷᠪᠡ᠃ ᠠᠵᠢᠯ ᠮᠡᠷᠭᠡᠵᠢᠯ ᠤᠨ ᠳᠡᠭᠡᠳᠦ ᠵᠡᠷᠭᠡ ᠶᠢᠨ ᠵᠢᠩᠬᠢᠨᠢ | ᠠᠩᠭᠢ ᠶᠢᠨ ᠰᠦᠯᠵᠢᠶᠡᠨ ᠳᠤ ᠭᠠᠷᠤᠭᠰᠠᠨ ᠨᠣᠷᠮ᠎ᠠ 20 ᠵᠢᠯ ᠳᠠᠷᠠᠭᠠᠯᠠᠨ ᠪᠥᠬᠦ ᠬᠤᠲᠠ ᠳᠤ ᠲᠡᠷᠢᠭᠦᠯᠡᠪᠡ᠃ ᠪᠥᠬᠦ | ᠠᠷᠠᠳ ᠤᠨ ᠨᠠᠰᠤᠨ ᠲᠤᠷᠰᠢ ᠶᠢᠨ ᠰᠤᠷᠭᠠᠨ ᠬᠥᠮᠦᠵᠢᠯ ᠤᠨ ᠰᠢᠰᠲ᠋ᠧᠮ ᠲᠠᠰᠤᠷᠠᠯᠲᠠ ᠥᠬᠡᠶ ᠰᠢᠯᠢᠳᠡᠭᠵᠢᠵᠦ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠤᠷᠤᠯᠭ᠎ᠠ ᠶᠢᠨ ᠨᠠᠮᠲᠠᠷ ᠤᠨ ᠪᠤᠰᠤ ᠰᠤᠷᠭᠠᠨ ᠬᠥᠮᠦᠵᠢᠯ ᠤᠨ | ᠪᠣᠯᠪᠠᠰᠤᠷᠠᠯ ᠤᠨ ᠰᠠᠭᠤᠷᠢᠨ ᠭᠠᠵᠠᠷ ᠨᠢ ᠰᠤᠷᠭᠠᠨ ᠬᠥᠮᠦᠵᠢᠯ ᠤᠨ ᠶᠠᠮᠤᠨ ᠤ 2022 ᠣᠨ ᠤ ︽ᠠᠷᠠᠳ ᠣᠯᠠᠨ ᠤ | ᠪᠠᠭ᠋ᠠᠷᠬᠠᠯ ᠢ ᠣᠨᠴᠠᠭᠠᠶᠢᠯᠠᠨ ᠭᠥᠷᠳᠡᠭᠰᠡᠨ ᠨᠠᠰᠤᠨ ᠲᠤᠷᠰᠢᠳᠠ ᠶᠢᠨ ᠰᠤᠷᠤᠯᠴᠠᠯᠭ᠎ᠠ ᠶᠢᠨ ᠨᠠᠷᠠᠲᠤ ᠲᠥᠷᠥᠯ | ᠲᠡᠮᠳᠡᠭᠲᠦ ᠶᠢᠨ ᠲᠥᠷᠥᠯ ᠵᠦᠶ᠋ᠯ︾ ᠢᠶᠠᠷ ᠦᠨᠡᠯᠡᠭᠳᠡᠵᠦ᠂ ᠴᠢᠩᠬᠤᠸᠠ ᠶᠡᠭᠡ ᠰᠤᠷᠭᠠᠭᠤᠯᠢ ᠶᠢᠨ ᠦᠷᠭᠦᠯᠵᠢᠯᠡᠭᠰᠡᠨ | ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠨᠢ ᠪᠥᠬᠦ ᠤᠯᠤᠰ ᠤᠨ ︽ᠰᠢᠯᠢᠳᠡᠭ ᠵᠢᠭᠠᠨ ᠰᠤᠷᠭᠠᠯᠲᠠ ᠶᠢᠨ | ᠥᠷᠲᠡᠭᠡ︾ ᠪᠠᠷ ᠦᠨᠡᠯᠡᠭᠳᠡᠪᠡ᠃ ᠡᠷᠡᠭᠦᠯ ᠬᠠᠮᠠᠭᠠᠯᠠᠯ ᠤᠨ ᠦᠢᠯᠡᠰ ᠯᠠᠪᠳᠠᠭᠤᠨ ᠢᠶᠠᠷ ᠠᠬᠢᠪᠠ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠲᠤ | ᠲᠣᠭᠲᠠᠭᠤᠨ ᠪᠠᠶᠢᠯᠭᠠᠵᠤ᠂ ᠡᠮ ᠡᠮᠨᠡᠯᠭᠡ ᠶᠢᠨ ᠳᠠᠭᠠᠳᠬᠠᠯ ᠢ ᠮᠤᠵᠢ ᠠᠯᠤᠰᠯᠠᠨ ᠣᠨᠳᠣᠤ ᠭᠠᠵᠠᠷ ᠡᠪᠡᠳᠴᠢᠨ | ᠦᠵᠡᠭᠦᠯᠵᠦ ᠡᠮᠨᠡᠯᠭᠡ ᠳᠤ ᠰᠠᠭᠤᠬᠤ ᠪᠠ ᠡᠭᠦᠳᠡᠨ ᠡᠮᠨᠡᠯᠭᠡ ᠶᠢᠨ ᠵᠠᠷᠤᠳᠠᠯ ᠢ ᠰᠢᠭᠤᠳ ᠳ᠋ᠦᠩᠨᠡᠨ ᠪᠣᠳᠣᠬᠤ ᠶᠢ | ᠪᠡᠶᠡᠯᠡᠭᠦᠯᠦᠨ᠎ᠡ᠃ ᠰᠢᠶᠠᠨ ᠤ ᠡᠮᠨᠡᠯᠭᠡ ᠶᠢᠨ ᠬᠤᠷᠢᠶᠠᠨ ᠤ ᠬᠤᠶᠠᠳᠤᠭᠠᠷ ᠬᠤᠭᠤᠴᠠᠭᠠᠨ ᠤ ᠡᠮᠨᠡᠯᠭᠡ ᠳᠤ ᠰᠠᠭᠤᠬᠤ | ᠠᠰᠠᠷ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠬᠤᠲᠠ ᠶᠢᠨ ᠴᠢᠨᠠᠷ ᠴᠢᠨᠰᠠᠭ᠎ᠠ ᠪᠦᠬᠦ | ᠲᠠᠯ᠎ᠠ ᠪᠠᠷ ᠳᠡᠭᠡᠭᠰᠢᠯᠡᠪᠡ᠃ 31 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ ᠪᠡᠶᠡᠯᠡᠭᠦᠯᠵᠦ | ᠂ 300 ᠢᠵᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ᠂ | ᠬᠤᠲᠠ ᠪᠠᠯᠭᠠᠰᠤᠨ ᠤ 8.9 ᠺᠢᠯᠣᠮᠧᠳ᠋ᠷ ᠬᠠᠭᠤᠴᠢᠨ ᠤᠰᠤ ᠬᠠᠩᠭᠠᠬᠤ᠂ 8.9 ᠺᠢᠯᠣᠮᠧᠳ᠋ᠷ ᠢᠯᠴᠢ ᠬᠠᠩᠭᠠᠬᠤ | ᠬᠤᠭᠤᠯᠠᠶ ᠶᠢᠨ ᠲᠣᠤᠷ ᠢ ᠥᠭᠡᠷᠡᠴᠢᠯᠡᠨ ᠪᠠᠶᠢᠭᠤᠯᠪᠠ᠃ ᠬᠤᠲᠠ ᠪᠠᠯᠭᠠᠰᠤᠨ ᠤ ᠤᠤᠭᠤᠬᠤ ᠤᠰᠤᠨ ᠤ ᠴᠢᠨᠠᠷ ᠢ | ᠳᠡᠭᠡᠭᠰᠢᠯᠡᠭᠦᠯᠬᠦ ᠢᠨᠵᠧᠨᠧᠷᠢᠩ ᠢ ᠪᠠᠶᠢᠭᠤᠯᠤᠨ ᠳᠠᠭᠤᠰᠬᠠᠵᠤ᠂ ᠤᠰᠤᠨ ᠤ ᠴᠢᠨᠠᠷ ᠤᠨ ᠡᠩ ᠤᠨ ᠭᠦᠢᠴᠡᠳᠬᠡᠯ | ᠲᠤᠭ᠎ᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ 100% ᠳᠤ ᠬᠦᠷᠪᠡ᠃ ᠭᠤᠤᠯᠳᠠᠯᠭ᠎ᠠ ᠲᠠᠢ ᠵᠡᠭᠡᠯᠢ ᠭᠤᠳᠤᠮᠵᠢ᠂ | ᠲᠠᠯᠠᠪᠠᠶ ᠶᠢᠨ ᠨᠣᠭᠤᠭᠠᠷᠠᠭᠤᠯᠵᠤ ᠭᠤᠶᠤᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠤᠲᠠ ᠪᠠᠯᠭᠠᠰᠤ ᠶᠢᠨ | ᠨᠣᠭᠤᠭᠠᠨ ᠬᠥᠷᠥᠰᠥ ᠶᠢᠨ ᠨᠣᠷᠮ᠎ᠠ ᠨᠢ 40% ᠳᠤ ᠬᠦᠷᠪᠡ᠃ ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠲᠣᠤᠷ | ᠰᠦᠯᠵᠢᠶᠡᠨ ᠤ ᠰᠢᠰᠲ᠋ᠧᠮ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ 29 ᠲᠦᠮᠡᠨ ᠤᠷᠲᠤᠳᠬᠠᠭᠰᠠᠨ ᠵᠠᠮ ᠢ | ᠰᠡᠯᠪᠢᠨ ᠵᠠᠰᠠᠵᠤ᠂ ︽ᠬᠤᠶᠠᠷ ᠬᠥᠨᠳᠡᠯᠡᠨ ᠨᠢᠭᠡ ᠭᠤᠯᠳᠤ︾ ᠵᠠᠰᠠᠮᠠᠯ ᠵᠠᠮ ᠤᠨ ᠢᠨᠵᠧᠨᠧᠷᠢᠩ ᠢ ᠠᠵᠢᠯ ᠡᠬᠢᠯᠡᠭᠦᠯᠦᠨ | ᠪᠥᠲᠥᠭᠡᠨ ᠪᠠᠶᠢᠭᠤᠯᠪᠠ᠃ 2 ᠣᠯᠠᠨ ᠨᠡᠶᠢᠲᠡ ᠶᠢᠨ ᠲᠡᠷᠭᠡᠨ ᠵᠣᠭᠰᠣᠭᠠᠯ ᠢ ᠥᠭᠡᠷᠡᠴᠢᠯᠡᠵᠦ᠂ 2510 ᠲᠡᠷᠭᠡ | ᠵᠣᠭᠰᠣᠭᠠᠬᠤ ᠪᠠᠶᠢᠷᠢ ᠶᠢ ᠰᠢᠨ᠎ᠡ ᠪᠠᠷ ᠨᠡᠮᠡᠭᠳᠡᠭᠦᠯᠦᠨ᠂ ︽ᠲᠡᠷᠭᠡ ᠵᠣᠭᠰᠣᠭᠠᠬᠤ ᠳᠤ ᠬᠦᠴᠢᠷ︾ ᠪᠠᠶᠢᠬᠤ | ᠠᠰᠠᠭᠤᠳᠠᠯ ᠢ ᠪᠦᠲᠦᠮᠵᠢᠲᠡᠶ ᠨᠠᠮᠳᠠᠭᠤᠯᠤᠨ᠎ᠠ᠃ | ᠨᠢᠭᠡ ᠵᠢᠯ ᠤᠨ ᠲᠤᠷᠰᠢ᠂ ᠪᠢᠳᠡ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ | ᠪᠣᠳᠣᠯᠬᠢᠯᠠᠵᠤ᠂ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ | ᠲᠣᠭᠲᠠᠭᠤᠨ ᠪᠠᠶᠢᠨ᠎ᠠ᠃ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠶᠢ ᠪᠠᠷᠢᠮᠲᠠᠯᠠᠵᠤ᠂ | ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ | ᠶᠡᠭᠡ ᠬᠡᠮᠵᠢᠶ᠎ᠡ ᠪᠠᠷ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢᠨ | ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠳᠤ ᠢᠳᠡᠪᠬᠢᠲᠡᠶ ᠦᠷ᠎ᠡ ᠪᠦᠲᠦᠮᠵᠢ ᠤᠯᠪᠠ᠃ ᠵᠠᠰᠠᠭ ᠤᠨ | ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠭᠤᠷᠪᠠᠨ ᠵᠢᠯ | ᠳᠠᠷᠠᠭᠠᠯᠠᠨ ᠪᠥᠬᠦ ᠬᠤᠲᠠ ᠶᠢᠨ ᠴᠣᠷ ᠤᠨ ᠭᠠᠭᠴᠠ ᠥᠷᠢ ᠥᠭᠴᠡᠭᠡ ᠶᠢᠨ ᠲᠦᠭᠰᠢᠭᠦᠷᠢ ᠶᠢᠨ ᠪᠣᠬᠢᠷᠲᠤᠯ ᠥᠬᠡᠶ | ᠲᠠᠰ ᠤᠨ ᠬᠤᠰᠢᠭᠤ ᠰᠢᠶᠠᠨ ᠪᠣᠯᠪᠠ᠃ ᠡᠯ᠎ᠡ ᠲᠠᠯ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ | ᠰᠠᠶᠢᠵᠢᠷᠠᠪᠠ᠃ ᠠᠮᠤᠭᠤᠯᠠᠩᠳᠤ ᠱᠠᠩᠳᠤ ᠶᠢᠨ ᠪᠠᠶᠢᠭᠤᠯᠤᠯᠲᠠ ᠭᠦᠨᠵᠡᠭᠡᠶᠢᠷᠡᠨ ᠠᠬᠢᠵᠤ᠂ ᠨᠡᠶᠢᠭᠡᠮ ᠤᠨ ᠠᠮᠤᠷ | ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠲᠠᠰᠤᠷᠠᠯᠲᠠ ᠥᠬᠡᠶ ᠲᠡᠭᠦᠯᠳᠡᠷᠵᠢᠵᠦ᠂ ᠢᠳᠡᠭᠡᠨ ᠪᠠ ᠡᠮ ᠤᠨ | ᠵᠦᠶ᠋ᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠦᠷᠭᠦᠯᠵᠢᠯᠡᠨ ᠴᠢᠩᠭᠠᠷᠠᠵᠤ᠂ ᠵᠥᠷᠢᠴᠡᠯ ᠵᠢᠭᠤᠷᠠᠯᠳᠤᠭᠠᠨ ᠢ | ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠭᠦᠨᠵᠡᠭᠡᠶ ᠥᠷᠨᠢᠪᠡ᠃ ᠰᠢᠰᠲ᠋ᠧᠮ ᠤᠨ ᠴᠢᠨᠠᠷᠲᠠᠶ ᠣᠷᠣᠨ ᠪᠦᠰᠡ ᠶᠢᠨ | ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠰᠠᠬᠢᠵᠤ᠂ ᠣᠯᠠᠨ ᠲᠦᠮᠡᠨ ᠤ ᠵᠣᠯ | ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ | ᠳᠡᠭᠡᠭᠰᠢᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠬᠦᠰᠡᠯ | ᠵᠣᠷᠢᠯᠲᠠ ᠲᠠᠢ ᠪᠠᠶᠢᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠪᠠ᠃ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ︽ᠪᠢ ᠤᠯᠠᠨ ᠲᠦᠮᠡᠨ ᠳᠤ ᠪᠣᠳᠠᠲᠠᠢ | ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠴᠢᠩ ᠰᠡᠳᠬᠢᠯ ᠠᠴᠠ ᠪᠠᠨ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠦᠨ᠎ᠡ᠃ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ | ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ | ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ 47 ᠬᠤᠪᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠳᠤᠷᠠᠳᠤᠯᠭ᠎ᠠ ᠶᠢ 100 ᠬᠤᠪᠢ ᠴᠢᠨᠠᠷ ᠰᠠᠶᠢᠲᠠᠢ ᠭᠦᠢᠴᠡᠳᠬᠡᠪᠡ᠃ ︽ᠭᠤᠷᠪᠠᠨ ᠠᠷᠪᠢᠨ ᠭᠤᠷᠪᠠᠨ ᠴᠥᠭᠡᠨ︾ | ᠪᠠᠶᠢᠬᠤ ᠠᠰᠠᠭᠤᠳᠠᠯ ᠢ ᠴᠢᠩᠭ᠎ᠠ ᠠᠩᠬᠠᠷᠴᠤ᠂ ᠰᠤᠷᠲᠠᠯ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ ᠬᠦᠯᠢᠶᠡᠰᠦ ᠶᠢ ᠰᠤᠯᠠᠷᠠᠭᠤᠯᠬᠤ ᠶᠢ ᠠᠩᠬᠠᠷᠴᠤ᠂ ᠪᠢᠴᠢᠭ | ᠮᠠᠲ᠋ᠧᠷᠢᠶᠠᠯ ᠤᠨ ᠲᠤᠭ᠎ᠠ ᠬᠡᠮᠵᠢᠶ᠎ᠡ ᠶᠢ ᠦᠷᠭᠦᠯᠵᠢᠯᠡᠨ ᠴᠣᠮᠬᠠᠳᠬᠠᠵᠤ᠂ ᠬᠤᠷᠠᠯ ᠤᠨ ᠲᠤᠭ᠎ᠠ ᠶᠢ ᠴᠢᠩᠭ᠎ᠠ | ᠬᠢᠵᠠᠭᠠᠷᠯᠠᠨ᠎ᠠ᠃ ᠬᠠᠤᠯᠢ ᠪᠠᠷ ᠵᠠᠰᠠᠬᠤ ᠰᠡᠳᠬᠢᠬᠦᠶ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ | ᠲᠦᠯᠬᠢᠨ ᠠᠬᠢᠭᠤᠯᠬᠤ᠂ ᠵᠥᠷᠢᠴᠡᠯ ᠢ ᠠᠷᠢᠯᠭᠠᠬᠤ ᠶᠢ ᠪᠠᠷᠢᠮᠲᠠᠯᠠᠨ᠂ ᠬᠠᠤᠯᠢ ᠶᠣᠰᠣᠭᠠᠷ ᠵᠠᠰᠠᠭ ᠶᠠᠪᠤᠭᠤᠯᠬᠤ | ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠬᠢᠨᠠᠨ ᠪᠤᠳᠤᠵᠤ ᠬᠢᠨᠠᠯᠲᠠ ᠲᠠᠯᠪᠢᠬᠤ ᠶᠢ ᠲᠠᠰᠤᠷᠠᠯᠳᠠ ᠦᠭᠡᠢ | ᠴᠢᠩᠭᠠᠳᠬᠠᠵᠤ᠂ ᠢᠯᠵᠠᠷᠠᠯ ᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ ᠰᠤᠷᠲᠠᠯ | ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠬᠠᠮᠠᠭᠠᠯᠠᠪᠠ᠃ | ᠡᠭᠦᠨ ᠠᠴᠠ ᠭᠠᠳᠠᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ | ᠬᠠᠮᠲᠤ ᠪᠠᠷ ᠪᠠᠶᠢᠭᠤᠯᠬᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡ ᠵᠡᠷᠭᠡ ᠠᠵᠢᠯ ᠰᠢᠨ᠎ᠡ ᠠᠬᠢᠴᠠ ᠲᠠᠢ ᠪᠣᠯᠵᠤ᠂ ᠨᠠᠰᠤᠲᠠᠶᠢᠴᠤᠳ᠂ ᠠᠵᠢᠯᠴᠢᠨ ᠤ ᠡᠪᠯᠡᠯ᠂ ᠤᠯᠠᠭᠠᠨ | ᠵᠠᠭᠠᠯᠮᠠᠶᠢᠲᠠᠨ᠂ ᠵᠡᠮᠳᠡᠭᠴᠦᠳ᠂ ᠵᠠᠯᠠᠭᠤᠴᠤᠳ ᠪᠠᠭᠠᠴᠤᠳ᠂ ᠡᠮᠡᠭᠲᠡᠶᠢᠴᠦᠳ ᠬᠡᠦᠬᠡᠳ ᠵᠡᠷᠭᠡ ᠠᠵᠢᠯ ᠦᠢᠯᠡᠰ | ᠰᠢᠨ᠎ᠡ ᠳᠠᠪᠰᠢᠯᠲᠠ ᠲᠠᠢ ᠪᠣᠯᠵᠤ᠂ ᠭᠠᠳᠠᠭᠠᠳᠤ ᠶᠠᠪᠤᠳᠠᠯ ᠬᠠᠷᠢᠶᠠᠲᠤ ᠶᠢᠨ ᠠᠵᠢᠯ᠂ ᠦᠨᠳᠦᠰᠦᠲᠡᠨ ᠱᠠᠰᠢᠨ | ᠰᠤᠷᠲᠠᠬᠤᠨ᠂ ᠬᠠᠤᠯᠢ ᠴᠠᠭᠠᠵᠠ ᠶᠢᠨ ᠲᠤᠰᠠᠯᠠᠮᠵᠢ᠂ ᠰᠣᠨᠢᠨ ᠮᠡᠳᠡᠭᠡ ᠷᠠᠳᠢᠣ᠋ ᠲᠧᠯᠸᠢᠰ᠂ ᠮᠥᠩᠭᠦᠨ ᠭᠦᠢᠯᠭᠡᠭᠡᠨ ᠤ | ᠦᠢᠯᠡᠴᠢᠯᠡᠭᠡ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠵᠠᠷ ᠬᠥᠳᠡᠯᠦᠯᠲᠡ ᠴᠠᠭ ᠠᠭᠤᠷ ᠵᠡᠷᠭᠡ ᠠᠵᠢᠯ ᠰᠢᠨ᠎ᠡ | ᠠᠮᠵᠢᠯᠲᠠ ᠣᠯᠪᠠ᠃ | ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠳᠤ ᠪᠢᠳᠡ ᠬᠦᠨᠳᠦ ᠬᠡᠴᠡᠭᠦᠦ ᠬᠦᠴᠢᠷᠳᠡᠯ ᠪᠠ | ᠥᠷᠢᠰᠥᠯᠳᠦᠭᠡᠨ ᠢ ᠥᠩᠭᠡᠷᠡᠭᠡᠵᠦ᠂ ᠠᠮᠵᠢᠯᠲᠠ ᠪᠦᠲᠦᠮᠵᠢ ᠬᠢᠯᠪᠠᠷ ᠪᠤᠰᠤ ᠪᠠᠷ ᠢᠷᠡᠭᠰᠡᠨ ᠶᠤᠮ᠃ ᠡᠨᠡ ᠪᠣᠯ | ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ | ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ | ᠬᠦᠴᠦᠲᠡᠢ ᠬᠢᠨᠠᠯᠲᠠ᠂ ᠶᠡᠬᠡᠪᠡᠷ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ ᠰᠢᠶᠠᠨ ᠤ ᠠᠷᠠᠳ ᠲᠦᠮᠡᠨ ᠤ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠂ ᠨᠡᠶᠢᠭᠡᠮ ᠤᠨ | ᠡᠯ᠎ᠡ ᠡᠲᠡᠭᠡᠳ ᠤᠨ ᠬᠢᠨ ᠤ ᠬᠠᠯᠠᠮᠵᠢᠯᠠᠨ ᠠᠩᠬᠠᠷᠴᠤ᠂ ᠬᠦᠴᠦᠲᠡᠢ ᠲᠤᠰᠠᠯᠠᠭᠰᠠᠨ ᠤ ᠦᠷ᠎ᠡ ᠳ᠋ᠦᠩ ᠮᠥᠨ᠃ ᠠᠳᠡ᠂ | ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠰᠢᠶᠠᠨ ᠤ ᠠᠷᠠᠳ ᠲᠦᠮᠡᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ᠂ ᠡᠯ᠎ᠡ ᠠᠷᠠᠳ ᠤᠨ ᠪᠦᠯᠬᠦᠮ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ ᠱᠠᠩᠳᠤ ᠶᠢᠨ ᠪᠦᠲᠦᠭᠡᠨ | ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠠ ᠣᠷᠣᠯᠴᠠᠭᠰᠠᠨ ᠨᠥᠬᠦᠳ᠂ ᠨᠠᠶᠢᠵᠠ ᠨᠠᠷ ᠲᠤ ᠡᠷᠬᠢᠮ | ᠳᠡᠭᠡᠳᠦ ᠬᠦᠨᠳᠦᠳᠬᠡᠯ ᠳᠡᠪᠰᠢᠭᠦᠯᠵᠦ᠂ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠣᠯᠵᠤ ᠦᠵᠡᠬᠦ ᠶᠢᠨ ᠬᠠᠮᠲᠤ ᠪᠢᠳᠡ ᠪᠠᠰᠠ ᠮᠠᠨ ᠤ ᠰᠢᠶᠠᠨ ᠤ ᠠᠵᠤ ᠠᠬᠤᠶ ᠨᠡᠶᠢᠭᠡᠮ ᠤᠨ | ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠰᠡᠷᠭᠡᠭ ᠢᠶᠠᠷ | ᠲᠠᠨᠢᠵᠤ ᠤᠯᠪᠠ᠃ ᠭᠤᠣᠯ ᠢᠯᠡᠷᠡᠯ ᠨᠢ᠄ ᠠᠵᠤ ᠦᠢᠯᠡᠰ ᠤᠨ ᠪᠦᠲᠦᠴᠡ ᠨᠡᠯᠢᠶᠡᠳ ᠲᠠᠩ ᠴᠤᠯᠭᠤᠢ᠂ ᠠᠵᠤ | ᠦᠢᠯᠡᠰ ᠤᠨ ᠰᠠᠭᠤᠷᠢ ᠮᠥᠨ ᠬᠦ ᠪᠠᠭᠤᠷᠠᠢ᠂ ᠲᠣᠯᠣᠭᠠᠶᠢᠯᠠᠭᠴᠢ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ ᠪᠠᠷ ᠶᠡᠭᠡ ᠠᠵᠤ ᠠᠬᠤᠶᠢᠯᠠᠯ ᠤᠯᠠᠨ ᠪᠢᠰᠢ ᠪᠠᠶᠢᠨ᠎ᠠ︔ | ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠳᠤᠲᠠᠮᠠᠭ᠂ | ᠪᠡᠯᠡ ᠣᠷᠣᠭᠤᠯᠤᠯᠲᠠ ᠶᠢᠨ ᠬᠡᠪᠴᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠᠲᠠᠢ︔ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠡᠭᠦᠷᠭᠡ ᠬᠦᠨᠳᠦ ᠵᠠᠮ ᠬᠤᠯᠠ᠂ ᠬᠥᠮᠦᠨ ᠤ | ᠬᠦᠴᠦᠨ ᠤ ᠣᠷᠣᠭᠤᠯᠤᠯᠲᠠ᠂ ᠪᠣᠳᠠᠰ ᠤᠨ ᠬᠦᠴᠦᠨ ᠤ ᠲᠤᠬᠢᠷᠠᠭᠤᠯᠤᠯᠳᠠ᠂ ᠡᠳ᠋ ᠤᠨ ᠬᠦᠴᠦᠨ ᠤ ᠪᠠᠲᠤᠯᠠᠭ᠎ᠠ ᠶᠢᠨ | ᠠᠷᠭ᠎ᠠ ᠬᠡᠮᠵᠢᠶ᠎ᠡ ᠪᠠᠰᠠ ᠲᠡᠭᠦᠯᠳᠡᠷᠵᠢᠭᠡᠳᠦᠢ ᠪᠠᠶᠢᠨ᠎ᠠ︔ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ | ᠪᠤᠰᠤ ᠳᠤᠲᠠᠭᠤᠳᠠᠯ ᠣᠷᠣᠰᠢᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠪᠠ ᠤᠯᠠᠨ ᠲᠦᠮᠡᠨ ᠤ | ᠬᠦᠰᠡᠯ ᠡᠷᠡᠮᠡᠯᠵᠡᠯ ᠲᠠᠢ ᠪᠠᠰᠠ ᠵᠥᠷᠢᠶ᠎ᠡ ᠲᠠᠢ ᠪᠠᠶᠢᠬᠤ ᠵᠡᠷᠭᠡ ᠪᠤᠢ᠃ ᠡᠭᠦᠨ ᠢ ᠡᠷᠬᠡᠪᠰᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠶ᠋ᠳᠪᠦᠷᠢᠯᠡᠬᠦ ᠬᠡᠷᠡᠭᠲᠡᠶ᠃ | ᠬᠤᠶᠠᠷ᠂ 2023 ᠣᠨ ᠤ ᠭᠤᠣᠯ ᠡᠭᠦᠷᠭᠡ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ | ᠵᠢᠯ ᠮᠥᠨ᠂ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ | ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ | ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠬᠤᠳᠠ ᠶᠢᠨ ︽ᠲᠠᠪᠤᠨ ᠶᠡᠭᠡ ᠡᠭᠦᠷᠭᠡ︾ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠬᠤᠳᠠ ᠶᠢᠨ ︽ᠲᠠᠪᠤᠨ ᠶᠡᠭᠡ ᠡᠭᠦᠷᠭᠡ︾ ᠶᠢᠨ ᠬᠥᠭᠵᠢᠯᠲᠡ ᠶᠢᠨ | ᠰᠡᠳᠬᠢᠴᠡ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ | ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ | ᠦᠭᠡᠢ ᠵᠠᠮᠨᠠᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠱᠠᠩᠳᠤ ᠶᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠭᠤᠶᠢᠳᠠ ᠰᠠᠶᠢᠬᠠᠨ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠨᠡᠩ ᠤᠯᠠᠨ ᠱᠠᠩᠳᠤ ᠶᠢᠨ ᠬᠤᠪᠢ ᠨᠡᠮᠡᠷᠢ ᠦᠵᠡᠭᠦᠯᠬᠦ ᠬᠡᠷᠡᠭᠲᠡᠢ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% | ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 9% ᠣᠷᠴᠢᠮ ᠨᠡᠮᠡᠭᠳᠡᠭᠦᠯᠦᠨ᠂ | ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 5% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠦᠨ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 5% ᠣᠷᠴᠢᠮ ᠨᠡᠮᠡᠭᠳᠡᠭᠦᠯᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰᠪᠦᠷᠢ 7% | ᠪᠠ 9% ᠣᠷᠴᠢᠮ ᠨᠡᠮᠡᠭᠳᠡᠭᠦᠯᠦᠨ᠎ᠡ᠃ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ | ᠠᠯᠬᠤᠮ ᠰᠠᠶᠢᠵᠢᠷᠠᠭᠤᠯᠵᠤ᠂ ᠠᠶᠤᠯ ᠦᠭᠡᠶ ᠦᠢᠯᠡᠳᠪᠦᠷᠢᠯᠡᠬᠦ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | ᠠᠮᠵᠢᠯᠲᠠ ᠪᠠᠨ ᠣᠯᠵᠤ ᠦᠵᠡᠬᠦ ᠶᠢᠨ ᠬᠠᠮᠲᠤ ᠪᠢᠳᠡ ᠪᠠᠰᠠ ᠮᠠᠨ ᠤ ᠰᠢᠶᠠᠨ ᠤ ᠠᠵᠤ ᠠᠬᠤᠶ ᠨᠡᠶᠢᠭᠡᠮ ᠤᠨ | ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠰᠡᠷᠭᠡᠭ ᠢᠶᠠᠷ | ᠲᠠᠨᠢᠵᠤ ᠤᠯᠪᠠ᠃ ᠭᠤᠣᠯ ᠢᠯᠡᠷᠡᠯ ᠨᠢ᠄ ᠠᠵᠤ ᠦᠢᠯᠡᠰ ᠤᠨ ᠪᠦᠲᠦᠴᠡ ᠨᠡᠯᠢᠶᠡᠳ ᠲᠠᠩ ᠴᠤᠯᠭᠤᠢ᠂ ᠠᠵᠤ | ᠦᠢᠯᠡᠰ ᠤᠨ ᠰᠠᠭᠤᠷᠢ ᠮᠥᠨ ᠬᠦ ᠪᠠᠭᠤᠷᠠᠢ᠂ ᠲᠣᠯᠣᠭᠠᠶᠢᠯᠠᠭᠴᠢ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ ᠪᠠᠷ ᠶᠡᠭᠡ ᠠᠵᠤ ᠠᠬᠤᠶᠢᠯᠠᠯ ᠤᠯᠠᠨ ᠪᠢᠰᠢ ᠪᠠᠶᠢᠨ᠎ᠠ︔ | ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠳᠤᠲᠠᠮᠠᠭ᠂ | ᠪᠡᠯᠡ ᠣᠷᠣᠭᠤᠯᠤᠯᠲᠠ ᠶᠢᠨ ᠬᠡᠪᠴᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠᠲᠠᠢ︔ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠡᠭᠦᠷᠭᠡ ᠬᠦᠨᠳᠦ ᠵᠠᠮ ᠬᠤᠯᠠ᠂ ᠬᠥᠮᠦᠨ ᠤ | ᠬᠦᠴᠦᠨ ᠤ ᠣᠷᠣᠭᠤᠯᠤᠯᠲᠠ᠂ ᠪᠣᠳᠠᠰ ᠤᠨ ᠬᠦᠴᠦᠨ ᠤ ᠲᠤᠬᠢᠷᠠᠭᠤᠯᠤᠯᠳᠠ᠂ ᠡᠳ᠋ ᠤᠨ ᠬᠦᠴᠦᠨ ᠤ ᠪᠠᠲᠤᠯᠠᠭ᠎ᠠ ᠶᠢᠨ | ᠠᠷᠭ᠎ᠠ ᠬᠡᠮᠵᠢᠶ᠎ᠡ ᠪᠠᠰᠠ ᠲᠡᠭᠦᠯᠳᠡᠷᠵᠢᠭᠡᠳᠦᠢ ᠪᠠᠶᠢᠨ᠎ᠠ︔ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ | ᠪᠤᠰᠤ ᠳᠤᠲᠠᠭᠤᠳᠠᠯ ᠣᠷᠣᠰᠢᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠪᠠ ᠤᠯᠠᠨ ᠲᠦᠮᠡᠨ ᠤ | ᠬᠦᠰᠡᠯ ᠡᠷᠡᠮᠡᠯᠵᠡᠯ ᠲᠠᠢ ᠪᠠᠰᠠ ᠵᠥᠷᠢᠶ᠎ᠡ ᠲᠠᠢ ᠪᠠᠶᠢᠬᠤ ᠵᠡᠷᠭᠡ ᠪᠤᠢ᠃ ᠡᠭᠦᠨ ᠢ ᠡᠷᠬᠡᠪᠰᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠶ᠋ᠳᠪᠦᠷᠢᠯᠡᠬᠦ ᠬᠡᠷᠡᠭᠲᠡᠶ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠳᠣᠣᠷᠠᠬᠢ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ | ᠰᠠᠶᠢᠲᠤᠷ ᠠᠳᠬᠤᠬᠤ ᠬᠡᠷᠡᠭᠲᠡᠢ᠄ | ︵ᠨᠢᠭᠡ︶ ᠪᠦᠲᠦᠴᠡ ᠶᠢ ᠲᠣᠬᠢᠷᠠᠭᠤᠯᠤᠨ᠂ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠵᠤ᠂ ᠠᠵᠤ | ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠬᠦ ᠲᠠᠯ᠎ᠠ ᠪᠠᠷ ᠰᠢᠨ᠎ᠡ ᠠᠯᠬᠤᠮ ᠢ ᠠᠯᠬᠤᠪᠠ᠃ | ᠲᠠᠷᠢᠶᠠᠯᠠᠩ ᠮᠠᠯ ᠠᠵᠤ ᠠᠬᠤᠶ ᠶᠢᠨ ᠬᠡᠯᠬᠢᠶᠡᠵᠢᠭᠰᠡᠨ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ︽ | ᠨᠣᠬᠠᠢ ᠶᠢᠨ ᠬᠤᠰᠢᠭᠤ ᠨᠣᠭᠤᠭ᠎ᠠ ᠲᠥᠮᠥᠰᠥ᠂ ᠠᠯᠠᠰᠢᠨ ᠦᠬᠡᠷ ᠠᠯᠠᠰᠢᠨ ᠬᠤᠨᠢ ᠰᠦ︾ ᠵᠡᠷᠭᠡ ᠵᠢᠷᠭᠤᠭᠠᠨ ᠲᠣᠮᠣ | ᠠᠵᠤ ᠦᠢᠯᠡᠰ ᠤᠨ ᠲᠣᠭᠤᠷᠢᠨ ᠳᠤ᠂ ᠣᠨᠴᠠᠯᠢᠭᠲᠤ ᠭᠤᠣᠯᠯᠠᠬᠤ ᠠᠵᠤ ᠦᠢᠯᠡᠰ ᠤᠨ ᠬᠡᠯᠬᠢᠶᠡᠵᠢᠭᠰᠡᠨ | ᠬᠥᠭᠵᠢᠯᠲᠡ ᠶᠢ ᠠᠬᠢᠭᠤᠯᠵᠤ᠂ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ | ᠪᠠ ᠡᠳ᠋ᠰᠢᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠤᠷᠮ᠎ᠠ ᠶᠢ 72% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ | ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ︽ | ᠲᠠᠷᠢᠶᠠᠯᠠᠩ ᠤᠨ ᠪᠤᠰᠤ ᠪᠣᠯᠭᠠᠬᠤ︾᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ᠠᠮᠤ | ᠪᠤᠳᠠᠭ᠎ᠠ ᠳᠠᠷᠢᠬᠤ ᠲᠠᠯᠠᠪᠠᠶ ᠪᠠ ᠠᠮᠤ ᠪᠤᠳᠠᠭᠠᠨ ᠤ ᠤᠨᠠᠯᠲᠠ ᠶᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠬᠤ ᠶᠢ | ᠪᠠᠲᠤᠯᠠᠨ᠎ᠠ᠃ ᠲᠠᠷᠢᠮᠠᠯ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠬᠠᠭᠤᠷᠠᠶ ᠪᠠᠷ ᠲᠠᠷᠢᠬᠤ ᠲᠥᠮᠥᠰᠥ᠂ | ᠴᠢᠨᠠᠷ ᠰᠠᠶᠢᠲᠠᠶ ᠡᠯᠳᠡᠪ ᠠᠮᠤ ᠡᠯᠳᠡᠪ ᠪᠤᠷᠴᠠᠭ ᠪᠣᠯᠤᠨ ᠣᠨᠴᠠᠯᠢᠭᠲᠤ ᠢᠳᠡᠰᠢᠨ ᠨᠣᠭᠤᠭ᠎ᠠ ᠲᠠᠷᠢᠬᠤ ᠲᠠᠯᠠᠪᠠᠶ ᠶᠢ | ᠯᠠᠪᠳᠠᠭᠤᠨ ᠢᠶᠠᠷ ᠥᠷᠭᠡᠳᠬᠡᠵᠦ᠂ ᠲᠠᠷᠢᠶᠠᠯᠠᠩ ᠤᠨ ᠬᠡᠪᠴᠢᠶᠡᠵᠢᠯᠲᠡ᠂ ᠠᠵᠤ ᠦᠶᠢᠯᠡᠰᠵᠢᠯᠲᠡ᠂ ᠨᠡᠷᠡᠲᠦ | ᠲᠡᠮᠳᠡᠭᠵᠢᠯᠲᠡ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ︽ᠬᠡᠯᠬᠢᠶ᠎ᠡ ᠶᠢᠨ ᠡᠵᠡᠨ︾ ᠠᠵᠤ ᠠᠬᠤᠶᠢᠯᠠᠯ ᠢ | ᠬᠦᠴᠦᠯᠡᠨ ᠪᠤᠶᠢᠵᠢᠭᠤᠯᠤᠨ ᠪᠤᠵᠠᠭᠠᠶᠢᠷᠠᠭᠤᠯᠵᠤ᠂ ︽ᠨᠢᠭᠡ ᠲᠥᠮᠥᠰᠥ ᠰᠠᠭᠠᠯᠢ ᠶᠢᠨ ᠦᠨᠢᠶ᠎ᠡ ᠮᠢᠬᠠᠨ ᠦᠬᠡᠷ︾ ᠤᠨ | ᠠᠵᠤ ᠦᠢᠯᠡᠰ ᠤᠨ ᠲᠠᠰ ᠳᠠᠪᠬᠤᠷᠭ᠎ᠠ ᠶᠢ ᠳᠡᠭᠡᠭᠰᠢᠯᠡᠭᠦᠯᠦᠨ᠎ᠡ᠃ ᠰᠢ ᠰᠧᠨ ᠺᠣᠮᠫᠠᠨᠢ ᠶᠢᠨ ᠲᠥᠮᠥᠰᠥ ᠶᠢᠨ ᠰᠢᠨ᠎ᠡ | ᠡᠭᠦᠯᠳᠡᠷ ᠢ ᠰᠣᠩᠭᠤᠨ ᠪᠤᠶᠢᠵᠢᠭᠤᠯᠬᠤ ᠰᠢᠨ᠎ᠡ ᠶᠢ ᠡᠭᠦᠳᠬᠦ ᠶᠢ ᠳᠡᠮᠵᠢᠵᠦ᠂ ᠬᠠᠭᠤᠷᠠᠶ ᠪᠠᠷ ᠳᠠᠷᠢᠬᠤ ᠲᠥᠮᠥᠰᠥ ᠶᠢᠨ | ᠰᠠᠶᠢᠨ ᠡᠭᠦᠯᠳᠡᠷ ᠢ ᠥᠷᠭᠡᠳᠬᠡᠨ ᠦᠷᠡᠵᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ︔ | ᠯᠠᠨ ᠲᠢᠶᠠᠨ ᠹᠦ᠋ ᠵᠢᠩ ᠲᠠᠩ ᠲᠥᠮᠥᠰᠥ ᠶᠢ ᠨᠠᠷᠢᠯᠢᠭ ᠭᠦᠨᠵᠡᠭᠡᠶ ᠡᠳ᠋ᠰᠢᠭᠦᠯᠬᠦ ᠪᠥᠬᠦ ᠠᠵᠤ ᠦᠢᠯᠡᠰ ᠤᠨ | ᠬᠡᠯᠬᠢᠶ᠎ᠡ ᠶᠢᠨ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ | ᠠᠬᠢᠭᠤᠯᠵᠤ᠂ ᠺᠠᠩ ᠪᠠᠭᠰᠢ ᠶᠢᠨ ᠬᠤᠪᠢᠷᠠᠮᠠᠯ ᠴᠠᠷᠳᠠᠭᠤᠯ ᠵᠡᠷᠭᠡ ᠬᠡᠷᠡᠭᠯᠡᠭᠡᠨ ᠤ ᠡᠳ᠋ᠰᠢᠭᠦᠯᠬᠦ ᠲᠥᠷᠥᠯ ᠵᠦᠢᠯ ᠢ | ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠲᠥᠮᠥᠰᠥ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ | ᠥᠬᠡᠶ ᠤᠷᠲᠤᠳᠬᠠᠨ᠎ᠠ᠃ ᠴᠢᠨᠠᠷ ᠰᠠᠶᠢᠲᠠᠶ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠵᠡᠷᠭᠡ | ᠲᠥᠷᠥᠯ ᠵᠦᠶ᠋ᠯ ᠤᠨ ᠲᠣᠭᠤᠷᠢᠨ ᠳᠤ᠂ ︽ᠬᠥᠲᠥᠴᠢ ᠠᠵᠤ ᠠᠬᠤᠶᠢᠯᠠᠯ ᠤᠨ ᠬᠤᠷᠰᠢᠭᠰᠠᠨ ᠵᠣᠬᠢᠶᠠᠨ | ᠪᠠᠶᠢᠭᠤᠯᠤᠯᠲᠠ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ︾ ︽ᠲᠡᠵᠢᠭᠡᠨ ᠦᠷᠡᠵᠢᠭᠦᠯᠬᠦ ᠰᠢᠨ᠎ᠡ ᠮᠡᠷᠭᠡᠵᠢᠯ ᠢ | ᠳᠡᠯᠭᠡᠷᠡᠭᠦᠯᠬᠦ︾ ᠵᠡᠷᠭᠡ ᠵᠠᠭᠪᠤᠷ ᠢ ᠬᠠᠶᠢᠨ ᠰᠦᠪᠡᠭᠴᠢᠯᠡᠵᠦ᠂ ᠠᠯᠠᠰᠢᠨ ᠦᠬᠡᠷ ᠤᠨ ᠠᠵᠤ ᠦᠶ᠋ᠯᠡᠰ ᠤᠨ ᠬᠡᠮᠵᠢᠶ᠎ᠡ ᠶᠢ | ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠢᠯᠢ ᠪᠦᠯᠦᠭᠯᠡᠯ · ᠶᠢᠦ ᠶᠤᠸᠠᠨ ᠮᠠᠯ ᠠᠵᠤ | ᠠᠬᠤᠶ ᠶᠢᠨ ᠲᠦᠮᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠥᠷᠥᠯ ᠵᠦᠢᠯ ᠳᠤ ᠲᠦᠰᠢᠭᠯᠡᠨ᠂ | ᠰᠤᠷᠤᠭᠴᠢᠳ ᠤᠨ ᠰᠦ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠨᠠᠶᠢᠳᠠᠪᠤᠷᠢᠵᠢᠭᠤᠯᠬᠤ ᠪᠠᠷ ᠢᠳᠡᠪᠬᠢᠲᠡᠶ | ᠴᠢᠷᠮᠠᠶᠢᠵᠤ᠂ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶᠡᠵᠢᠭᠰᠡᠨ ᠬᠥᠭᠵᠢᠯᠲᠡ ᠶᠢ ᠠᠬᠢᠭᠤᠯᠪᠠ᠃ ᠡᠯᠳᠡᠪ | ᠠᠮᠤ ᠡᠯᠳᠡᠪ ᠪᠤᠷᠴᠠᠭ ᠢ ᠨᠠᠷᠢᠯᠢᠭ ᠭᠦᠨᠵᠡᠭᠡᠶ ᠡᠳ᠋ᠰᠢᠭᠦᠯᠬᠦ ᠶᠢ ᠬᠦᠴᠦᠯᠡᠨ ᠰᠠᠶᠢᠲᠤᠷ ᠠᠳᠬᠤᠵᠤ᠂ ᠨᠣᠬᠠᠶ ᠶᠢᠨ | ᠬᠤᠰᠢᠭᠤ᠂ ᠨᠣᠬᠠᠶ ᠶᠢᠨ ᠬᠤᠰᠢᠭᠤ᠂ ᠰᠢᠯᠦᠬᠡᠢ ᠵᠡᠷᠭᠡ ᠨᠤᠲᠤᠭ ᠤᠨ ᠣᠨᠴᠠ ᠭᠠᠷᠤᠯᠲᠠ ᠪᠠᠷ ᠲᠤᠯᠭᠠᠭᠤᠷᠢᠯᠠᠯ | ᠪᠣᠯᠭᠠᠭᠰᠠᠨ ᠬᠥᠳᠡᠭᠡ ᠲᠣᠰᠬᠤᠨ ᠤ ᠠᠵᠤ ᠦᠢᠯᠡᠰ ᠤᠨ ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠣᠯᠭᠠᠨ᠎ᠠ᠃ | ᠠᠵᠤ ᠦᠢᠯᠡᠳᠪᠦᠷᠢ ᠶᠢᠨ ᠰᠦᠷᠦᠭᠵᠢᠯ ᠤᠨ ᠬᠥᠭᠵᠢᠯᠲᠡ ᠶᠢ ᠠᠬᠢᠭᠤᠯᠤᠨ᠎ᠠ᠃ ︽ᠬᠠᠳᠠᠭᠠᠯᠠᠭᠳᠠᠴᠠ ᠶᠢ | ᠰᠢᠯᠢᠳᠡᠭᠵᠢᠭᠦᠯᠬᠦ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ︾ ᠶᠢ ᠪᠠᠷᠢᠮᠲᠠᠯᠠᠵᠤ᠂ | ᠠᠵᠤ ᠦᠢᠯᠡᠰ ᠤᠨ ᠪᠥᠭᠡᠮᠨᠡᠷᠡᠨ ᠬᠥᠭᠵᠢᠬᠦ ᠶᠢ ᠦᠷᠭᠦᠯᠵᠢᠯᠡᠨ ᠠᠬᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢᠨ ᠲᠣᠭᠤᠷᠢᠨ ᠳᠤ᠂ ᠶᠧ ᠵᠣᠣ ᠲᠡᠮᠦᠷᠯᠢᠭ ᠬᠠᠶᠢᠯᠤᠭᠤᠯᠬᠤ | ᠡᠨᠧᠷᠭᠢ ᠠᠷᠪᠢᠯᠠᠵᠤ ᠤᠰᠤ ᠠᠷᠪᠢᠯᠠᠬᠤ ᠥᠭᠡᠷᠡᠴᠢᠯᠡᠯᠲᠡ᠂ ᠾᠧᠩ ᠺᠧ ᠣᠨᠴᠠ ᠲᠥᠷᠥᠯ ᠤᠨ ᠸᠠᠭᠠᠷ ᠱᠠᠭᠠᠵᠠᠩ ᠤᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰᠵᠢᠯᠲᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠠᠬᠢᠭᠤᠯᠤᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠤᠷᠲᠤᠳᠬᠠᠨ ᠬᠥᠭᠵᠢᠭᠦᠯᠬᠦ ᠶᠢᠨ | ᠲᠣᠭᠤᠷᠢᠨ ᠳᠤ᠂ ᠰᠢᠤᠢ ᠶᠠᠩ ᠤᠨ ᠵᠢᠯ ᠳᠤ 20 ᠲᠦᠮᠡᠨ ᠲᠣᠨ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ | ᠮᠠᠲ᠋ᠧᠷᠢᠶᠠᠯ ᠪᠣᠯᠤᠨ ᠰᠢᠨ᠎ᠡ ᠡᠨᠧᠷᠭᠢ ᠶᠢᠨ ᠲᠤᠨᠤᠭᠯᠠᠯ ᠪᠠ ᠠᠮᠧᠷᠢᠺᠠ ᠶᠢᠨ 10 ᠲᠦᠮᠡᠨ ᠲᠣᠨ ᠯᠢᠲ᠋ᠢ ᠳ᠋ᠢᠶᠠᠨ | ᡂᠢ ᠶᠢᠨ ᠪᠢᠯᠢᠭ ᠲᠦᠢᠯ ᠤᠨ ᠮᠠᠲ᠋ᠧᠷᠢᠶᠠᠯ ᠦᠢᠯᠡᠳᠪᠦᠷᠢᠯᠡᠬᠦ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠺᠠᠶᠢ ᠶᠢᠨ᠂ ᠾᠧᠩ ᠺᠧ᠂ ᠹᠧᠩ ᠶᠠᠨ ᠵᠢᠶᠤᠤ ᠵᠡᠷᠭᠡ ᠠᠵᠤ ᠠᠬᠤᠶᠢᠯᠠᠯ ᠤᠨ | ᠦᠢᠯᠡᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠥᠷᠭᠡᠳᠬᠡᠵᠦ᠂ ᠦᠢᠯᠡᠳᠬᠦᠨ ᠤ ᠤᠷ᠎ᠠ ᠮᠡᠷᠭᠡᠵᠢᠯ ᠢᠶᠠᠨ | ᠳᠡᠭᠡᠭᠰᠢᠯᠡᠭᠦᠯᠦᠨ᠂ ᠪᠥᠬᠦ ᠣᠷᠣᠨ ᠤ ᠴᠢᠬᠤᠯᠠ ᠯᠢᠲ᠋ᠢ ᠳ᠋ᠢᠶᠠᠨ ᡂᠢ ᠶᠢᠨ ᠪᠦᠬᠦ ᠠᠵᠤ ᠦᠢᠯᠡᠰ ᠤᠨ ᠬᠦᠷᠢᠶᠡᠯᠡᠩ ᠢ | ᠬᠦᠴᠦᠯᠡᠨ ᠪᠠᠶᠢᠭᠤᠯᠤᠨ᠎ᠠ᠃ ᠤᠶᠤᠨ ᠴᠢᠳᠠᠯ ᠢᠶᠠᠨ ᠲᠥᠪᠯᠡᠷᠡᠭᠦᠯᠦᠨ ᠭᠡᠷᠡᠯ ᠴᠡᠨᠡᠭ᠂ ᠰᠠᠯᠬᠢᠨ ᠤ ᠬᠦᠴᠦ᠂ ᠡᠨᠧᠷᠭᠢ | ᠬᠠᠳᠠᠭᠠᠯᠠᠬᠤ ᠪᠠᠷ ᠭᠤᠣᠯᠳᠠᠯᠭ᠎ᠠ ᠪᠣᠯᠭᠠᠭᠰᠠᠨ ᠰᠢᠨ᠎ᠡ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠵᠤ᠂ ᠭᠤᠷᠪᠠᠨ | ᠬᠠᠪᠴᠢᠯ ᠤᠨ 50 ᠲᠦᠮᠡᠨ ᠺᠢᠯᠣᠸᠠᠲ ᠤᠨ ᠡᠬᠢ ᠰᠤᠷᠪᠤᠯᠵᠢ ᠲᠣᠣᠷ ᠳᠠᠭᠠᠭᠠᠴᠠ ᠨᠥᠭᠡᠴᠡ ᠶᠢ ᠨᠢᠭᠡ | ᠴᠤᠭᠴᠠᠵᠢᠭᠤᠯᠬᠤ᠂ ᠠᠯᠤᠰ ᠤᠨ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠵᠡᠷᠭᠡ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠶᠢᠨ ᠹᠧᠩ ᠰᠢᠨᠵᠢᠯᠡᠬᠦ ᠤᠬᠠᠭᠠᠨ | ᠮᠡᠷᠭᠡᠵᠢᠯ ᠤᠨ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ᠂ ᠲᠢᠶᠠᠨ ᠱᠦᠨ ᠰᠠᠯᠬᠢᠨ ᠡᠨᠧᠷᠭᠢ ᠶᠢᠨ | ᠰᠤᠪᠤᠷᠭᠠᠨ ᠲᠦᠩᠰᠡ᠂ ᠲᠢᠶᠠᠨ ᠨᠧᠩ ᠬᠦᠨᠳᠦ ᠠᠵᠤ ᠦᠢᠯᠡᠳᠪᠦᠷᠢ ᠶᠢᠨ ᠰᠤᠪᠤᠷᠭᠠᠨ ᠲᠦᠩᠰᠡ᠂ ᠬᠤᠸᠠ ᠱᠠᠩ | ᠰᠠᠯᠬᠢᠨ ᠬᠦᠴᠦᠨ ᠤ ᠴᠠᠬᠢᠯᠭᠠᠨ ᠤ ᠮᠠᠰᠢᠨ ᠤ ᠥᠷᠥᠭᠡᠨ ᠤ ᠪᠦᠷᠬᠦᠭᠦᠯ ᠢᠶᠠᠷ ᠤᠷᠤᠰᠬᠠᠯ ᠤᠨ ᠪᠦᠷᠬᠦᠭᠦᠯ ᠵᠡᠷᠭᠡ | ᠲᠥᠷᠥᠯ ᠵᠦᠢᠯ ᠳᠤ ᠲᠦᠰᠢᠭᠯᠡᠨ᠂ ᠨᠠᠩ ᠣᠯᠠᠨ ᠳᠡᠭᠡᠳᠦ ᠳᠣᠤᠷᠠᠳᠤ ᠤᠷᠤᠰᠬᠠᠯ ᠤᠨ ᠢᠵᠢ ᠪᠥᠷᠢᠳᠦᠭᠦᠯᠬᠦ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ᠂ ᠵᠠᠭᠤᠨ ᠳ᠋ᠦᠩᠰᠢᠭᠤᠷ ᠲᠠᠰ ᠤᠨ ᠰᠠᠯᠬᠢᠨ ᠬᠦᠴᠦᠨ ᠤ ᠴᠠᠬᠢᠯᠭᠠᠨ ᠤ | ᠲᠣᠨᠤᠭ ᠲᠥᠬᠦᠭᠡᠷᠦᠮᠵᠢ ᠦᠶ᠋ᠯᠡᠳᠬᠦ ᠠᠵᠤ ᠦᠢᠯᠡᠰ ᠤᠨ ᠪᠥᠭᠡᠮᠨᠡᠷᠡᠯ ᠢ ᠬᠦᠴᠦᠯᠡᠨ ᠪᠣᠶ ᠪᠣᠯᠭᠠᠨ᠎ᠠ᠃ ᠬᠦᠢᠲᠡᠨ | ᠰᠢᠯᠢ ᠪᠣᠬᠢᠷᠲᠤᠯ ᠦᠭᠡᠢ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠱᠠᠩᠳᠤ ᠶᠢᠨ ᠠᠵᠤ ᠦᠢᠯᠡᠰ ᠤᠨ | ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢ ᠬᠦᠴᠦᠯᠡᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ | ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ 10 ᠲᠦᠮᠡᠨ ᠲᠡᠭᠰᠢ ᠳᠥᠷᠪᠡᠯᠵᠢᠨ | ᠮᠧᠳ᠋ᠷ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠤᠨ ᠪᠦᠳᠦᠭᠡᠨ ᠪᠠᠶᠢᠭᠤᠯᠤᠯᠲᠠ᠂ ᠴᠡᠪᠡᠷ ᠭᠠᠵᠠᠷ ᠤᠨ | ᠬᠤᠳᠠᠯᠳᠤᠨ ᠠᠪᠴᠤ ᠨᠥᠭᠡᠴᠡᠯᠡᠬᠦ ᠪᠠ ᠪᠠᠷᠢᠮᠵᠢᠶ᠎ᠠ ᠪᠠᠷ ᠰᠢᠯᠵᠢᠭᠦᠯᠦᠨ ᠥᠭᠬᠦ ᠶᠢ ᠠᠬᠢᠭᠤᠯᠵᠤ᠂ ᠲᠦᠷᠦᠯ ᠵᠦᠢᠯ ᠢ | ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠪᠡᠯᠡ | ᠣᠷᠣᠭᠤᠯᠤᠯᠲᠠ ᠶᠢᠨ ᠡᠷᠴᠢᠮ ᠪᠣᠯᠤᠨ ᠭᠠᠶᠢᠯᠢ ᠲᠠᠲᠠᠪᠤᠷᠢ ᠶᠢᠨ ᠬᠤᠪᠢ ᠨᠡᠮᠡᠷᠢ ᠶᠢ ᠴᠢᠨᠠᠭᠰᠢᠳᠠ ᠳᠡᠭᠡᠭᠰᠢᠯᠡᠭᠦᠯᠬᠦ | ᠬᠡᠷᠡᠭᠲᠡᠢ᠃ | ᠦᠢᠯᠡᠴᠢᠯᠡᠭᠡᠨ ᠤ ᠦᠢᠯᠡᠰ ᠤᠨ ᠠᠭᠤᠰᠤᠯᠴᠠᠨ ᠬᠥᠭᠵᠢᠬᠦ ᠶᠢ ᠬᠦᠴᠦᠯᠡᠨ ᠠᠬᠢᠭᠤᠯᠤᠨ᠎ᠠ᠃ ᠤᠯᠤᠰ ᠤᠨ | ᠲᠠᠰ ᠤᠨ ︽ᠲᠦᠷᠭᠡᠨ ᠢᠯᠡᠭᠡᠯᠲᠡ ᠶᠢ ᠲᠣᠰᠬᠤᠨ ᠳᠤ ᠣᠷᠣᠭᠤᠯᠬᠤ︾ ᠪᠦᠬᠦ ᠣᠷᠣᠨ ᠪᠦᠰᠡ ᠶᠢᠨ ᠲᠤᠷᠰᠢᠯᠲᠠ ᠶᠢᠨ | ᠴᠡᠭ ᠤᠨ ᠠᠵᠢᠯ ᠢ ᠬᠡᠷᠡᠭᠵᠢᠭᠦᠯᠵᠦ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠨ ᠬᠦᠷᠭᠡᠬᠦ ᠰᠢᠰᠲ᠋ᠧᠮ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ︽ᠠᠵᠤ ᠦᠢᠯᠡᠳᠪᠦᠷᠢ ᠶᠢᠨ | ᠪᠦᠲᠦᠭᠡᠭᠳᠡᠬᠦᠨ ᠢ ᠬᠥᠳᠡᠭᠡ ᠪᠠᠭᠤᠯᠭᠠᠬᠤ᠂ ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠣᠷᠣᠭᠤᠯᠬᠤ︾ ᠬᠤᠤᠰ | ᠴᠢᠭᠯᠡᠯᠲᠦ ᠭᠦᠢᠯᠭᠡᠭᠡᠨ ᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠦᠨ᠎ᠡ᠃ ᠰᠣᠶᠣᠯ ᠵᠢᠭᠤᠯᠴᠢᠯᠠᠯ ᠤᠨ | ᠠᠵᠢᠯᠯᠠᠭᠠᠨ ᠤ ᠲᠥᠪ᠂ ᠵᠢᠤᠢ ᠬᠤᠩ ᠲᠥᠮᠥᠰᠥ ᠶᠢᠨ ᠵᠢᠵᠢᠭ ᠪᠠᠯᠭᠠᠰᠤᠨ ᠤ ᠣᠯᠠᠨ ᠵᠠᠭᠤᠴᠢᠯᠠᠭᠤᠷ ᠤᠨ ᠲᠥᠪ᠂ | ᠲᠠᠷᠢᠶᠠᠯᠠᠩ ᠤᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ | ᠬᠦᠷᠢᠶᠡᠯᠡᠩ ᠵᠡᠷᠭᠡ ᠲᠥᠷᠥᠯ ᠵᠦᠢᠯ ᠢ ᠪᠠᠶᠢᠭᠤᠯᠤᠨ ᠡᠵᠡᠩᠨᠡᠬᠦ ᠶᠢ ᠲᠦᠷᠭᠡᠳᠬᠡᠨ ᠠᠬᠢᠭᠤᠯᠤᠨ᠎ᠠ᠃ ᠡᠯᠧᠺᠳ᠋ᠷᠣᠨ | ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡ᠂ ᠬᠦᠢᠲᠡᠨ ᠬᠡᠯᠬᠢᠶᠡᠲᠦ ᠲᠣᠬᠢᠷᠠᠭᠤᠯᠤᠨ ᠬᠦᠷᠭᠡᠬᠦ ᠵᠡᠷᠭᠡ ᠣᠯᠠᠨ | ᠵᠦᠢᠯ ᠤᠨ ᠠᠷᠭ᠎ᠠ ᠮᠠᠶ᠋ᠢᠭ ᠢᠶᠠᠷ ᠨᠢᠭᠲᠠ ᠬᠠᠮᠵᠢᠯᠴᠠᠭᠰᠠᠨ ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ | ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠦᠢᠯᠡᠰ ᠬᠢᠭᠡᠳ ᠣᠳᠣ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠰᠢᠭᠤᠳ | ᠨᠡᠪᠲᠡᠷᠡᠭᠦᠯᠬᠦ ᠡᠯᠧᠺᠳ᠋ᠷᠣᠨ ᠬᠤᠳᠠᠯᠳᠤᠭᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠬᠦ ᠶᠢ | ᠳᠡᠮᠵᠢᠵᠦ᠂ ᠰᠦᠯᠵᠢᠶᠡᠨ ᠤ ᠣᠳᠣᠨ ᠨᠡᠪᠴᠢᠭᠦᠯᠬᠦ ᠰᠠᠭᠤᠷᠢᠨ ᠭᠠᠵᠠᠷ ᠢ ᠪᠣᠶ ᠪᠣᠯᠭᠠᠵᠤ᠂ ᠰᠢᠨ᠎ᠡ ᠴᠠᠭ ᠦᠶ᠎ᠡ ᠶᠢᠨ ︽ | ᠰᠦᠯᠵᠢᠶᠡᠨ ᠤ ᠣᠳᠣᠨ ᠠᠵᠤ ᠠᠬᠤᠶ︾ ᠶᠢ ᠬᠦᠴᠦᠷᠬᠡᠭᠵᠢᠭᠦᠯᠵᠦ᠂ ᠦᠢᠯᠡᠴᠢᠯᠡᠭᠡᠨ ᠤ ᠦᠢᠯᠡᠰ ᠤᠨ ᠰᠢᠨ᠎ᠡ | ᠨᠡᠮᠡᠭᠳᠡᠯ ᠤᠨ ᠲᠦᠢᠯ ᠢ ᠪᠤᠶᠢᠵᠢᠭᠤᠯᠤᠨ᠎ᠠ᠃ ︽ᠲᠠᠷᠢᠶᠠᠯᠠᠩ︾᠂ ︽ᠰᠣᠶᠣᠯ︾᠂ ︽ᠵᠢᠭᠤᠯᠴᠢᠯᠠᠯ︾ ᠤᠨ ᠠᠵᠤ | ᠦᠢᠯᠡᠰ ᠤᠨ ᠠᠭᠤᠰᠤᠯᠴᠠᠨ ᠬᠥᠭᠵᠢᠬᠦ ᠵᠠᠭᠪᠤᠷ ᠢ ᠰᠦᠪᠡᠭᠴᠢᠯᠡᠨ ᠦᠢᠯᠡᠳᠦᠯᠭᠡᠵᠢᠭᠦᠯᠵᠦ᠂ ᠰᠡᠯᠡᠭᠦᠴᠡᠨ ᠵᠤᠭᠠᠴᠠᠬᠤ᠂ | ᠲᠠᠷᠢᠶᠠᠯᠠᠩ ᠤᠨ ᠶᠠᠪᠤᠳᠠᠯ ᠣᠷᠣᠯᠴᠠᠬᠤ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ᠂ ᠠᠮᠠᠷᠠᠯᠲᠠ ᠶᠢᠨ | ᠡᠷᠡᠭᠦᠯᠵᠢᠯ ᠰᠤᠪᠢᠯᠠᠯᠲᠠ ᠶᠢ ᠨᠢᠭᠡ ᠴᠣᠭᠴᠠᠵᠢᠭᠤᠯᠤᠭᠰᠠᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠤᠢ | ᠪᠣᠯᠭᠠᠨ᠎ᠠ᠃ ᠰᠠᠨ ᠳ᠋ᠠ ᠴᠢᠩ ᠰᠢᠶᠠᠩ ᠤᠨ ᠳ᠋ᠦᠩ ᠵᠢᠶᠠ ᠲᠣᠰᠬᠤᠨ ᠤ ᠠᠯᠳᠠᠢ ᠶᠢᠨ ᠳᠣᠯᠣᠳᠤᠭᠠᠷ ᠲᠠᠶᠢᠰᠠ ᠶᠢ | ᠥᠭᠡᠷᠡᠴᠢᠯᠡᠨ ᠳᠡᠭᠡᠭᠰᠢᠯᠡᠭᠦᠯᠵᠦ᠂ ᠰᠢᠶᠤᠤ ᠮᠢᠶᠣᠣ ᠽᠢ ᠭᠠᠴᠠᠭ᠎ᠠ᠂ ᠭᠦᠩᠵᠦ ᠬᠤᠲᠠ ᠵᠡᠷᠭᠡ ᠠᠷᠠᠳ ᠤᠨ ᠣᠷᠣᠨ | ᠰᠠᠭᠤᠴᠠ ᠶᠢᠨ ᠲᠣᠰᠬᠤᠨ᠂ ᠲᠠᠷᠢᠶᠠᠴᠢᠨ ᠠᠶᠢᠯ ᠤᠨ ᠵᠤᠭᠠᠴᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ | ᠳᠡᠪᠰᠢᠭᠦᠯᠬᠦ ᠶᠢ ᠠᠬᠢᠭᠤᠯᠵᠤ᠂ ᠪᠦᠯᠢᠶᠡᠨ ᠭᠤᠤᠯ ᠤᠨ ᠦᠵᠡᠮᠵᠢ ᠶᠢᠨ ᠣᠷᠣᠨ ᠪᠠ ᠳ᠋ᠠ ᠱᠢ ᠵᠢᠶᠠ ᠥᠪᠡᠷᠲᠡᠭᠡᠨ | ᠵᠠᠰᠠᠬᠤ ᠣᠷᠣᠨ ᠤ ᠲᠠᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠵᠤ᠂ ᠪᠣᠳᠠᠲᠤ ᠬᠦᠴᠦᠨ ᠲᠠᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠥᠬᠦ ᠣᠷᠣᠨ | ᠪᠦᠰᠡ ᠶᠢᠨ ᠵᠤᠭᠠᠴᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠨᠡᠭᠡᠭᠡᠨ ᠬᠥᠭᠵᠢᠭᠦᠯᠵᠦ᠂ ᠥᠨᠳᠥᠷ ᠨᠡᠮᠡᠯᠲᠡ | ᠥᠷᠲᠡᠭ ᠪᠥᠬᠦᠶ ᠵᠤᠭᠠᠴᠠᠯ ᠤᠨ ᠦᠢᠯᠡᠰ ᠤᠨ ᠪᠠᠶᠢᠳᠠᠯ ᠢ ᠪᠤᠶᠢᠵᠢᠭᠤᠯᠤᠨ᠎ᠠ᠃ | ︵ᠬᠤᠶᠠᠷ︶ ᠰᠠᠭᠤᠷᠢ ᠶᠢ ᠴᠢᠩᠭᠠᠳᠬᠠᠨ ᠠᠭᠤᠯᠤᠭᠳᠠᠬᠤᠨ ᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ | ᠳᠦᠷᠰᠦ ᠪᠠᠶᠢᠳᠠᠯ ᠢ ᠰᠠᠶᠢᠵᠢᠷᠠᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠪᠠ | ᠬᠤᠲᠠ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠨᠠᠷᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠬᠤᠲᠠ ᠶᠢᠨ ᠵᠢᠷᠤᠭ ᠲᠥᠯᠥᠪᠯᠡᠭᠡ | ᠂ ᠲᠤᠰᠬᠠᠶ ᠵᠦᠢᠯ ᠤᠨ ᠲᠥᠯᠥᠪᠵᠢᠭᠦᠯᠭᠡ ᠶᠢ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠵᠤ᠂ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ︽ᠨᠢᠭᠡ ᠵᠢᠷᠤᠭ︾ ᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ | ᠮᠡᠳᠡᠭᠡ ᠵᠠᠩᠭᠢ ᠶᠢᠨ ᠰᠢᠰᠲ᠋ᠧᠮ ᠢ ᠵᠡᠷᠭᠡ ᠪᠠᠷ ᠪᠠᠶᠢᠭᠤᠯᠤᠨ᠎ᠠ᠃ 2 ᠬᠠᠭᠤᠴᠢᠨ ᠵᠢᠵᠢᠭ ᠲᠣᠭᠤᠷᠢᠭ ᠪᠠ 200 | ᠡᠷᠦᠬᠡ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ | ᠲᠦᠷᠭᠡᠳᠬᠡᠨ ᠠᠬᠢᠭᠤᠯᠵᠤ᠂ 73.8 ᠺᠢᠯᠣᠮᠧᠳ᠋ᠷ ᠬᠠᠭᠤᠴᠢᠨ ᠬᠤᠭᠤᠯᠠᠶ ᠲᠣᠤᠷ ᠢ ᠰᠢᠨᠡᠳᠬᠡᠨ ᠥᠭᠡᠷᠡᠴᠢᠯᠡᠵᠦ᠂ | ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠢᠶᠠᠷ ᠲᠦᠯᠬᠢᠨ ᠠᠬᠢᠭᠤᠯᠵᠤ᠂ 330 ᠢᠵᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ | ᠥᠭᠡᠷᠡᠴᠢᠯᠡᠨ ᠪᠠᠶᠢᠭᠤᠯᠵᠤ᠂ ᠬᠤᠲᠠ ᠪᠠᠯᠭᠠᠰᠤᠨ ᠤ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ | ᠃ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠴᠢᠳᠠᠮᠵᠢ ᠶᠢ ᠥᠷᠭᠡᠳᠬᠡᠨ ᠦᠷ᠎ᠡ ᠠᠰᠢᠭ ᠢ | ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠡᠳᠦᠷ ᠲᠤ 80 ᠲᠣᠨ ᠠᠮᠢᠳᠤᠷᠠᠯ ᠤᠨ ᠬᠤᠭ ᠨᠣᠪᠰᠢ ᠰᠢᠲᠠᠭᠠᠬᠤ | ᠥᠷᠲᠡᠭᠡ ᠪᠠ ᠵᠢᠯ ᠳᠤ 20 ᠲᠦᠮᠡᠨ ᠲᠣᠨ ᠪᠠᠷᠢᠯᠭ᠎ᠠ ᠶᠢᠨ ᠬᠤᠭ ᠨᠣᠪᠰᠢ ᠰᠢᠢᠳᠪᠦᠷᠢᠯᠡᠬᠦ ᠲᠠᠯᠠᠪᠠᠢ ᠶᠢ | ᠪᠠᠶᠢᠭᠤᠯᠬᠤ ᠪᠠᠷ ᠲᠥᠯᠥᠪᠵᠢᠭᠦᠯᠪᠡ᠃ ᠭᠠᠯᠲᠤ ᠲᠡᠷᠭᠡᠨ ᠥᠷᠲᠡᠭᠡ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ | ︽ᠬᠤᠶᠠᠷ ᠬᠥᠨᠳᠡᠯᠡᠨ ᠨᠢᠭᠡ ᠭᠤᠯᠳᠤ︾ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠬᠤᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠲᠠ ᠶᠢᠨ ᠣᠯᠠᠨ | ᠨᠡᠶᠢᠲᠡ ᠶᠢᠨ ᠵᠠᠮ ᠬᠠᠷᠢᠯᠴᠠᠭ᠎ᠠ ᠶᠢ ᠡᠩ ᠲᠡᠷᠢᠭᠦᠨ ᠳᠤ ᠬᠥᠭᠵᠢᠭᠦᠯᠵᠦ᠂ ᠨᠢᠭᠡ ᠪᠦᠯᠦᠭ ᠰᠢᠨ᠎ᠡ ᠡᠨᠧᠷᠭᠢ ᠶᠢᠨ | ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢ ᠰᠢᠨ᠎ᠡ ᠪᠠᠷ ᠭᠠᠷᠭᠠᠵᠤ᠂ ᠰᠠᠭᠤᠭᠠᠯᠢ ᠠᠷᠠᠳ ᠤᠨ ᠪᠣᠬᠢᠷᠲᠤᠯ | ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠠᠪᠤᠵᠤ ᠰᠠᠭᠤᠬᠤ ᠶᠢ ᠵᠣᠷᠢᠭᠵᠢᠭᠤᠯᠤᠨ᠎ᠠ᠃ ᠬᠤᠲᠠ ᠶᠢᠨ | ᠳᠦᠷᠰᠦ ᠪᠠᠶᠢᠳᠠᠯ ᠢ ᠶᠡᠷᠦᠩᠬᠡᠶᠢᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠵᠢᠵᠢᠭ ᠲᠣᠭᠤᠷᠢᠭ ᠤᠨ ᠠᠳᠠᠯ | ᠠᠬᠤᠶ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠤᠲᠠ ᠶᠢᠨ ᠴᠢᠳᠠᠮᠵᠢ ᠶᠢᠨ ᠶᠠᠰᠤ | ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ | ᠠᠬᠢᠭᠤᠯᠤᠨ᠎ᠠ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ | ᠲᠡᠳᠬᠦᠬᠦ ᠰᠢᠶᠠᠨ ᠤ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠯᠦᠩᠭᠦᠢ ᠬᠢᠨᠠᠨ ᠬᠡᠮᠵᠢᠵᠦ | ᠬᠠᠪᠰᠤᠷᠤᠨ ᠲᠡᠳᠬᠦᠬᠦ ᠲᠣᠭᠲᠠᠴᠠ ᠶᠢ ᠴᠢᠩᠭᠠᠳᠬᠠᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠭᠡᠢ | ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠵᠤ ᠦᠢᠯᠡᠰ ᠢᠶᠠᠷ ᠬᠠᠪᠰᠤᠷᠤᠨ ᠲᠡᠳᠬᠦᠬᠦ ᠲᠥᠷᠥ ᠶᠢᠨ | ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠬᠥᠳᠡᠭᠡ ᠲᠣᠰᠬᠤᠨ ᠤ ᠣᠨᠴᠠᠯᠢᠭᠲᠤ ᠡᠬᠢ ᠪᠠᠶᠠᠯᠢᠭ ᠲᠤ | ᠲᠦᠰᠢᠭᠯᠡᠨ᠂ ᠬᠥᠳᠡᠭᠡ ᠲᠣᠰᠬᠤᠨ ᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠨᠢᠭᠡᠳᠦᠭᠡᠷ ᠬᠤᠶᠠᠳᠤᠭᠠᠷ | ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢᠨ ᠲᠣᠭᠤᠷᠢᠨ ᠳᠤ᠂ ᠭᠤᠣᠯᠳᠠᠯᠭ᠎ᠠ ᠲᠠᠢ ᠠᠵᠤ | ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠳᠠᠭᠠᠭᠤᠯᠤᠭᠴᠢ ᠶᠢ ᠬᠦᠴᠦᠷᠬᠡᠭᠵᠢᠭᠦᠯᠵᠦ᠂ ᠬᠡᠯᠬᠢᠶ᠎ᠡ ᠶᠢ | ᠨᠥᠬᠦᠪᠦᠷᠢᠯᠡᠵᠦ᠂ ᠲᠦᠷᠦᠯ ᠲᠡᠮᠳᠡᠭ ᠢ ᠪᠤᠢ ᠪᠣᠯᠭᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠪᠦᠬᠦ | ᠬᠡᠯᠬᠢᠶ᠎ᠡ ᠶᠢᠨ ᠲᠡᠰ ᠳᠡᠪᠰᠢᠬᠦ ᠶᠢ ᠠᠬᠢᠭᠤᠯᠤᠨ᠎ᠠ᠃ ᠨᠢᠭᠡ ᠪᠦᠯᠦᠭ ᠬᠠᠮᠢᠶᠠᠷᠤᠯᠲᠠ ᠨᠢ ᠵᠢᠷᠤᠮᠵᠢᠭᠰᠠᠨ᠂ | ᠲᠠᠷᠢᠶᠠᠯᠠᠩ ᠲᠠᠢ ᠬᠤᠯᠪᠣᠭᠠᠯᠠᠨ ᠲᠠᠷᠢᠶᠠᠴᠢᠳ ᠢ ᠪᠠᠶᠠᠵᠢᠭᠤᠯᠬᠤ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠤᠨ | ᠲᠠᠯᠠᠪᠠᠶ ᠶᠢ ᠲᠡᠳᠬᠦᠵᠦ᠂ ᠨᠢᠭᠡ ᠪᠦᠯᠦᠭ ᠬᠥᠭᠵᠢᠯᠲᠡ ᠶᠢᠨ ᠢᠷᠡᠭᠡᠳᠦᠶ ᠪᠠᠷ ᠰᠠᠶᠢᠨ᠂ ᠳᠠᠶᠢᠴᠢᠯᠠᠬᠤ ᠴᠢᠳᠠᠪᠤᠷᠢ ᠪᠠᠷ | ᠴᠢᠩᠭ᠎ᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠢ | ᠪᠤᠶᠢᠵᠢᠭᠤᠯᠵᠤ᠂ ᠬᠥᠲᠥᠴᠢ ᠠᠵᠤ ᠠᠬᠤᠶᠢᠯᠠᠯ ᠢᠶᠠᠷ ᠤᠳᠤᠷᠢᠳᠤᠮᠵᠢ ᠪᠣᠯᠭᠠᠭᠰᠠᠨ᠂ ᠬᠤᠷᠰᠢᠶ᠎ᠠ᠂ ᠬᠡᠷ ᠪᠦᠯᠢ ᠶᠢᠨ | ᠲᠠᠷᠢᠶᠠᠯᠠᠩ ᠤᠨ ᠲᠠᠯᠠᠪᠠᠶ ᠪᠠᠷ ᠬᠤᠯᠪᠣᠭᠠᠰᠤ ᠪᠣᠯᠭᠠᠭᠰᠠᠨ᠂ ᠲᠠᠷᠢᠶᠠᠴᠢᠨ ᠡᠷᠦᠬᠡ ᠪᠠᠷ ᠰᠠᠭᠤᠷᠢ ᠪᠣᠯᠭᠠᠭᠰᠠᠨ | ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠬᠤᠯᠪᠣᠭᠠᠲᠤ ᠴᠣᠭᠴᠠ ᠶᠢ ᠪᠣᠶ ᠪᠣᠯᠭᠠᠨ᠎ᠠ᠃ | ᠵᠣᠷᠯᠣᠩ ᠤᠨ ᠬᠤᠪᠢᠰᠬᠠᠯ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠤ | ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠰᠢᠢᠳᠪᠦᠷᠢᠯᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠬᠢᠵᠢᠭ ᠢ ᠰᠡᠷᠭᠡᠶᠢᠯᠡᠬᠦ᠂ ᠨᠠᠰᠤᠵᠢᠯ ᠤᠨ ᠠᠰᠠᠷᠠᠮᠵᠢ᠂ ᠡᠮᠴᠢᠯᠡᠭᠡ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ | ᠪᠦᠷᠢᠨ ᠲᠥᠬᠦᠷ ᠬᠡᠮᠵᠢᠶ᠎ᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠮ ᠦᠵᠡᠭᠦᠯᠬᠦ ᠬᠡᠮᠵᠢᠶ᠎ᠡ᠂ ᠬᠥᠮᠦᠰ ᠤᠨ | ᠣᠷᠣᠰᠢᠨ ᠰᠠᠭᠤᠬᠤ ᠣᠷᠴᠢᠨ ᠨᠥᠬᠦᠴᠡᠯ ᠲᠠᠭᠠᠯᠠᠮᠵᠢᠲᠠᠶ ᠪᠠᠶᠢᠬᠤ ᠪᠠᠶᠢᠳᠠᠯ ᠢ ᠳᠡᠭᠡᠭᠰᠢᠯᠡᠭᠦᠯᠵᠦ᠂ ᠣᠷᠣᠰᠢᠨ | ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠭᠢᠯᠡᠬᠦ ᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠪᠥᠲᠥᠭᠡᠨ ᠪᠠᠶᠢᠭᠤᠯᠤᠨ᠎ᠠ᠃ ᠪᠣᠯᠪᠠᠰᠤᠨ ᠲᠣᠰᠬᠤᠨ ᠪᠠᠯᠭᠠᠰᠤ᠂ ᠣᠳᠣᠨ ᠲᠠᠰ ᠤᠨ ᠪᠣᠯᠪᠠᠰᠤᠨ ᠡᠷᠦᠬᠡ | ᠂ ᠲᠠᠪᠤᠨ ᠰᠠᠶᠢᠨᠲᠠᠶ ᠬᠡᠷ ᠪᠦᠯᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠣᠯᠠᠨ | ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠬᠢᠵᠠᠭᠠᠷᠯᠠᠬᠤ᠂ | ᠥᠪᠡᠷ ᠢ ᠪᠠᠨ ᠳᠡᠭᠡᠭᠰᠢᠯᠡᠭᠦᠯᠬᠦ ᠶᠢ ᠬᠥᠲᠥᠯᠦᠨ ᠵᠢᠯᠣᠭᠤᠳᠴᠤ᠂ ᠪᠣᠯᠪᠠᠰᠤᠨ ᠨᠤᠲᠤᠭ ᠤᠨ ᠰᠤᠷᠲᠠᠯ ᠢ ᠴᠢᠷᠮᠠᠶᠢᠨ | ᠪᠠᠳᠠᠷᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ | ᠂ ᠶᠣᠰᠣ ᠮᠣᠷᠠᠯ ᠢᠶᠠᠷ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠵᠠᠰᠠᠯᠲᠠ ᠶᠢᠨ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠣᠯᠪᠠᠰᠤᠨ ᠬᠥᠳᠡᠭᠡ ᠲᠣᠰᠬᠤᠨ ᠢ ᠴᠣᠭᠴᠠᠯᠠᠵᠤ᠂ ᠬᠥᠳᠡᠭᠡ | ᠲᠣᠰᠬᠤᠨ ᠢ ᠴᠢᠳᠠᠮᠠᠭᠠᠢ ᠵᠠᠰᠠᠬᠤ ᠬᠡᠷᠡᠭᠲᠡᠢ᠃ | ︵ᠭᠤᠷᠪᠠ︶ ᠥᠭᠡᠷᠡᠴᠢᠯᠡᠯᠲᠡ ᠶᠢ ᠠᠬᠢᠭᠤᠯᠵᠤ᠂ ᠬᠤᠳᠠᠯᠳᠤᠭᠠᠴᠢᠨ ᠤᠷᠢᠬᠤ ᠶᠢ ᠠᠳᠬᠤᠵᠤ᠂ ᠰᠢᠨ᠎ᠡ ᠶᠢ | ᠡᠭᠦᠳᠬᠦ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠰᠤᠷᠭᠠᠨ | ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠬᠤᠶᠠᠷ ᠢ ᠪᠠᠭᠠᠰᠬᠠᠬᠤ | ︾ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠡᠯ᠎ᠡ ᠰᠤᠷᠤᠯᠭ᠎ᠠ ᠶᠢᠨ ᠱᠠᠲᠤᠨ ᠤ ᠰᠤᠷᠭᠠᠨ ᠬᠥᠮᠦᠵᠢᠯ ᠤᠨ | ᠶᠠᠰᠤ ᠴᠢᠨᠠᠷ ᠢ ᠦᠨᠡᠯᠡᠬᠦ ᠠᠷᠭ᠎ᠠ ᠶᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ | ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ | ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠨ᠎ᠠ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠦᠪ ᠤᠨ ᠬᠢᠵᠠᠭᠠᠷᠯᠠᠯ ᠪᠠ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠠᠮᠲᠤ ᠶᠢᠨ ᠡᠳ᠋ ᠬᠦᠷᠦᠩᠭᠡ ᠶᠢ ᠬᠦᠴᠦᠯᠡᠨ ᠠᠮᠢᠳᠤᠯᠢᠭ ᠪᠣᠯᠭᠠᠵᠤ᠂ ᠬᠥᠳᠡᠭᠡ ᠲᠣᠰᠬᠤᠨ ᠤ | ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠭᠡᠷ ᠪᠦᠯᠢ ᠶᠢᠨ ᠡᠵᠡᠩᠨᠡᠯᠲᠡ᠂ ᠬᠠᠮᠲᠤ ᠶᠢᠨ ᠡᠵᠡᠩᠨᠡᠯᠲᠡ᠂ | ᠬᠤᠷᠰᠢᠭᠰᠠᠨ ᠡᠵᠡᠩᠨᠡᠯᠲᠡ ᠪᠠ ᠠᠵᠤ ᠠᠬᠤᠶᠢᠯᠠᠯ ᠤᠨ ᠡᠵᠡᠩᠨᠡᠯᠲᠡ ᠶᠢᠨ ᠬᠠᠮᠲᠤ ᠶᠢᠨ ᠬᠥᠭᠵᠢᠯᠲᠡ ᠶᠢ ᠠᠬᠢᠭᠤᠯᠬᠤ | ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠣᠶᠤᠨᠴᠢ ᠡᠮᠴᠢᠯᠡᠭᠡᠨ ᠤ ᠬᠥᠭᠵᠢᠯᠲᠡ ᠶᠢᠨ ᠠᠯᠬᠤᠴᠠ ᠶᠢ ᠲᠦᠷᠭᠡᠳᠬᠡᠵᠦ᠂ ᠰᠢᠶᠠᠨ ᠤ ᠬᠡᠪᠴᠢᠶᠡᠨ ᠤ ᠨᠢᠭᠲᠠ | ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠴᠢᠨᠠᠷ ᠰᠠᠶᠢᠲᠠᠢ ᠡᠮᠴᠢᠯᠡᠭᠡᠨ ᠤ | ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ | ᠴᠢᠩᠭ᠎ᠠ ᠠᠳᠬᠤᠨ᠎ᠠ᠃ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠠᠯᠠ ᠮᠥᠩᠭᠦ ᠶᠢᠨ | ᠣᠷᠣᠭᠤᠯᠤᠯᠲᠠ ᠶᠢᠨ ᠬᠠᠨᠳᠤᠰᠢ ᠶᠢ ᠢᠳᠡᠪᠬᠢᠲᠡᠶ ᠵᠣᠯᠭᠠᠭᠤᠯᠵᠤ᠂ ᠲᠥᠷᠥᠯ ᠵᠦᠢᠯ ᠢ ᠨᠥᠭᠡᠴᠡᠯᠡᠬᠦ ᠡᠷᠴᠢᠮ ᠢᠶᠠᠨ | ᠴᠢᠩᠭᠠᠷᠠᠭᠤᠯᠤᠨ᠂ ᠰᠢᠶᠠᠨ ᠤ ᠪᠠᠶᠢᠳᠠᠯ ᠳᠤ ᠨᠡᠶᠢᠴᠡᠭᠰᠡᠨ᠂ ᠨᠥᠭᠡᠴᠡ ᠬᠦᠴᠦᠨ ᠢᠶᠠᠨ ᠴᠢᠩᠭᠠᠷᠠᠭᠤᠯᠤᠭᠰᠠᠨ ᠨᠢᠭᠡ | ᠪᠦᠯᠦᠭ ᠰᠠᠶᠢᠨ ᠲᠥᠷᠥᠯ ᠵᠦᠢᠯ ᠢ ᠲᠥᠯᠥᠪᠯᠡᠨ ᠬᠡᠷᠡᠭᠵᠢᠭᠦᠯᠵᠦ᠂ ᠨᠠᠩ ᠣᠯᠠᠨ ᠳᠡᠭᠡᠳᠦ ᠱᠠᠲᠤᠨ ᠤ ᠪᠠᠯᠠ ᠮᠥᠩᠭᠦ | ᠪᠠ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢ ᠴᠢᠷᠮᠠᠶᠢᠨ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ | ᠵᠠᠰᠠᠭ ᠤᠨ ᠣᠷᠳᠣᠨ ᠤ ᠪᠡᠯᠡ ᠣᠷᠣᠭᠤᠯᠤᠯᠲᠠ 5000 ᠲᠦᠮᠡᠨ ᠲᠥᠭᠦᠷᠢᠭ ᠠᠴᠠ ᠳᠡᠭᠡᠭᠰᠢ᠂ ᠠᠵᠤ | ᠠᠬᠤᠶᠢᠯᠠᠯ ᠤᠨ ᠪᠡᠯᠡ ᠣᠷᠣᠭᠤᠯᠤᠯᠲᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 22 ᠪᠠᠶᠢᠵᠤ᠂ | ᠶᠡᠷᠦᠩᠬᠡᠢ ᠪᠡᠯᠡ ᠣᠷᠣᠭᠤᠯᠤᠯᠲᠠ 168 ᠳ᠋ᠦᠩᠰᠢᠭᠤᠷ ᠲᠥᠭᠦᠷᠢᠭ ᠲᠤ ᠬᠦᠷᠴᠦ᠂ 22.1 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠡᠬᠢ ᠪᠠᠶᠠᠯᠢᠭ ᠲᠤ ᠠᠩᠬᠠᠷᠤᠯ ᠢᠶᠠᠨ ᠲᠥᠪᠯᠡᠷᠡᠭᠦᠯᠦᠨ | ᠬᠤᠳᠠᠯᠳᠤᠭᠠᠴᠢᠨ ᠤᠷᠢᠬᠤ ᠶᠢ ᠠᠳᠬᠤᠬᠤ ᠶᠢ ᠪᠠᠷᠢᠮᠲᠠᠯᠠᠵᠤ᠂ ᠣᠷᠣᠨ ᠪᠠᠶᠢᠷᠢ᠂ ᠪᠣᠬᠢᠷᠲᠤᠯ ᠦᠭᠡᠢ᠂ ᠲᠦᠷᠦ ᠶᠢᠨ | ᠪᠤᠳᠤᠯᠭ᠎ᠠ ᠶᠢᠨ ᠳᠠᠪᠠᠭᠤᠯᠢᠭ ᠢ ᠭᠦᠢᠴᠡᠳ ᠠᠰᠢᠭᠯᠠᠨ ᠠᠵᠤ ᠠᠬᠤᠶᠢᠯᠠᠯ ᠢ ᠲᠥᠪᠯᠡᠷᠡᠭᠦᠯᠦᠨ ᠠᠵᠤ ᠠᠬᠤᠶᠢᠯᠠᠯ ᠢ | ᠬᠥᠭᠵᠢᠭᠦᠯᠵᠦ᠂ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠠᠵᠤ ᠠᠬᠤᠶᠢᠯᠠᠯ ᠢ ᠴᠢᠩᠭ᠎ᠠ ᠠᠩᠬᠠᠷᠴᠤ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠡᠳ᠋ᠰᠢᠭᠦᠯᠬᠦ᠂ ᠲᠤᠨᠤᠭ | ᠲᠥᠬᠦᠭᠡᠷᠦᠮᠵᠢ ᠦᠢᠯᠡᠳᠬᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠲᠦᠷᠪᠡᠨ ᠠᠵᠤ ᠦᠢᠯᠡᠰ ᠤᠨ | ᠬᠡᠯᠬᠢᠶ᠎ᠡ ᠶᠢᠨ ᠲᠣᠭᠤᠷᠢᠨ ᠳᠤ ᠤᠨᠢᠨ ᠳᠡᠭᠡᠷ᠎ᠡ ᠨᠢ ᠬᠤᠳᠠᠯᠳᠤᠭᠠᠴᠢᠨ ᠤᠷᠢᠬᠤ ᠬᠡᠷᠡᠭᠲᠡᠢ᠃ ︽ᠢᠨᠲ᠋ᠧᠷ ᠰᠦᠯᠵᠢᠶ᠎ᠡ︾ | ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢᠨ | ᠠᠷᠭ᠎ᠠ ᠮᠠᠶ᠋ᠢᠭ ᠢ ᠠᠪᠴᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠴᠡᠭ ᠲᠤ ᠰᠠᠭᠤᠵᠤ | ᠬᠤᠳᠠᠯᠳᠤᠭᠠᠴᠢᠨ ᠤᠷᠢᠬᠤ᠂ ᠲᠥᠷᠥᠯ ᠰᠠᠳᠤᠨ ᠤ ᠰᠡᠳᠬᠢᠯ ᠢᠶᠠᠷ ᠬᠤᠳᠠᠯᠳᠤᠭᠠᠴᠢᠨ ᠤᠷᠢᠬᠤ᠂ ᠢᠨᠲ᠋ᠧᠷ | ᠰᠦᠯᠵᠢᠶ᠎ᠡ ᠪᠠᠷ ᠬᠤᠳᠠᠯᠳᠤᠭᠠᠴᠢᠨ ᠤᠷᠢᠬᠤ ᠣᠯᠠᠨ ᠲᠠᠯ᠎ᠠ ᠪᠠᠷ ᠬᠦᠴᠦᠯᠡᠬᠦ ᠶᠢ ᠠᠬᠢᠭᠤᠯᠵᠤ᠂ ᠪᠥᠬᠦ ᠲᠠᠯ᠎ᠠ ᠶᠢᠨ᠂ | ᠣᠯᠠᠨ ᠲᠠᠯᠠᠲᠤ ᠪᠠ ᠪᠣᠰᠤᠭ᠎ᠠ ᠴᠣᠭᠴᠠᠲᠤ ᠮᠠᠶ᠋ᠢᠭ ᠤᠨ ᠬᠤᠳᠠᠯᠳᠤᠭᠠᠴᠢᠨ ᠤᠷᠢᠬᠤ ᠰᠢᠨ᠎ᠡ ᠪᠠᠶᠢᠳᠠᠯ ᠢ ᠪᠣᠶ ᠪᠣᠯᠭᠠᠨ᠎ᠠ | ᠃ ᠪᠥᠬᠦ ᠵᠢᠯ ᠳᠤ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠢ 60 ᠠᠴᠠ ᠳᠡᠭᠡᠭᠰᠢ ᠰᠢᠨ᠎ᠡ ᠪᠠᠷ ᠭᠡᠷ᠎ᠡ | ᠲᠣᠭᠲᠠᠵᠤ᠂ ᠨᠢᠭᠡ ᠪᠦᠯᠦᠭ ︽ᠬᠡᠯᠬᠢᠶ᠎ᠡ ᠶᠢᠨ ᠡᠵᠡᠨ︾ ᠠᠵᠤ ᠠᠬᠤᠶᠢᠯᠠᠯ ᠢ ᠣᠷᠣᠭᠤᠯᠤᠨ ᠪᠤᠶᠢᠵᠢᠭᠤᠯᠵᠤ᠂ ᠣᠷᠳᠣ | ᠰᠠᠮᠪᠠᠷ᠎ᠠ ᠶᠢ ᠣᠷᠳᠣ ᠪᠣᠯᠭᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ | ᠨᠠᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠨ᠎ᠠ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠵᠠᠰᠠᠭ ᠤᠨ ᠶᠠᠪᠤᠳᠠᠯ᠂ ᠵᠠᠬ᠎ᠠ ᠳᠡᠯᠭᠡᠭᠦᠷ | ᠂ ᠬᠠᠤᠯᠢ ᠪᠠᠷ ᠵᠠᠰᠠᠬᠤ᠂ ᠨᠡᠶᠢᠭᠡᠮ ᠤᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ︽ᠨᠢᠭᠡ ᠥᠷᠲᠡᠭᠡ ᠮᠠᠶ᠋ᠢᠭ︾ ᠤᠨ ᠴᠢᠳᠠᠮᠵᠢ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ︽ᠬᠠᠷᠢᠯᠴᠠᠨ ᠬᠤᠯᠪᠣᠭᠠᠯᠠᠵᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ | ᠪᠠᠶᠢᠭᠤᠯᠤᠯᠲᠠ ᠶᠢ ᠠᠬᠢᠭᠤᠯᠵᠤ᠂ 24 ᠴᠠᠭ ᠤᠨ ᠥᠪᠡᠷᠲᠡᠭᠡᠨ ᠦᠢᠯᠡᠴᠢᠯᠡᠬᠦ ᠲᠤᠰᠬᠠᠶ ᠲᠣᠭᠤᠷᠢᠭ ᠢ ᠪᠠᠶᠢᠭᠤᠯᠤᠨ᠎ᠠ᠃ | ᠬᠥᠳᠡᠭᠡ ᠲᠣᠰᠬᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠡᠮᠬᠢ ᠵᠢᠷᠤᠮ ᠲᠠᠢ ᠪᠠᠷ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ | ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ 10 ᠮᠢᠨᠦ᠋ᠲ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠦᠷᠢᠶ᠎ᠡ ᠶᠢ ᠪᠣᠶ ᠪᠣᠯᠭᠠᠨ᠎ᠠ᠃ ︽ᠨᠢᠭᠡ ᠴᠣᠩᠬᠤᠪᠴᠢ ᠪᠠᠷ ᠭᠦᠢᠴᠡᠳᠬᠡᠬᠦ︾᠂ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠪᠣᠯᠤᠨ | ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠵᠠᠰᠠᠭ ᠤᠨ | ᠶᠠᠪᠤᠳᠠᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ | ᠬᠤᠯᠪᠣᠭᠠᠯᠠᠨ ᠬᠢᠨᠠᠨ ᠬᠠᠮᠢᠶᠠᠷᠬᠤ᠂ ︽ᠢᠨᠲ᠋ᠧᠷ ᠰᠦᠯᠵᠢᠶ᠎ᠡ ᠪᠠᠷ ᠬᠢᠨᠠᠨ ᠬᠠᠮᠢᠶᠠᠷᠬᠤ︾ ᠪᠠ ᠢᠲᠡᠭᠡᠮᠵᠢ ᠶᠢᠨ | ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠡᠷᠬᠡ ᠲᠡᠭᠰᠢ ᠲᠥᠪ ᠭᠤᠣᠯᠴᠢ ᠵᠠᠬ᠎ᠠ ᠳᠡᠯᠭᠡᠭᠦᠷ ᠤᠨ ᠣᠷᠴᠢᠨ | ᠨᠥᠬᠦᠴᠡᠯ ᠢ ᠪᠤᠢ ᠪᠣᠯᠭᠠᠨ᠎ᠠ᠃ ᠠᠵᠤ ᠠᠬᠤᠶᠢᠯᠠᠯ ᠳᠠᠬᠢ ᠪᠦᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ | ᠴᠢᠩᠭᠠᠳᠬᠠᠵᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠵᠤ᠂ ᠳᠠᠷᠤᠭᠠᠰᠤ ᠶᠢ | ᠬᠥᠩᠭᠡᠷᠡᠭᠦᠯᠦᠨ ᠬᠦᠯᠢᠶᠡᠰᠦ ᠶᠢ ᠠᠯᠳᠠᠷᠠᠭᠠᠬᠤ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠢᠵᠦ᠂ ᠱᠠᠩᠳᠤ ᠶᠢᠨ | ᠦᠢᠯᠡᠴᠢᠯᠡᠭᠡᠨ ᠤ ᠥᠨᠳᠦᠷᠯᠢᠭ᠂ ᠲᠦᠷᠦ ᠶᠢᠨ ᠪᠤᠳᠤᠯᠭ᠎ᠠ ᠶᠢᠨ ᠬᠤᠲᠣᠭᠤᠷ ᠭᠠᠵᠠᠷ᠂ ᠪᠡᠯᠡ ᠣᠷᠣᠭᠤᠯᠤᠯᠲᠠ ᠶᠢᠨ | ᠪᠤᠶᠠᠨᠲᠤ ᠭᠠᠵᠠᠷ ᠪᠠ ᠦᠢᠯᠡᠰ ᠪᠤᠰᠬᠠᠬᠤ ᠡᠷᠳᠡᠨᠢᠰ ᠤᠨ ᠭᠠᠵᠠᠷ ᠪᠣᠯᠭᠠᠨ᠎ᠠ᠃ | ︵ᠲᠦᠷᠪᠡ︶ ᠬᠤᠷᠢᠭ᠎ᠠ ᠱᠤᠭᠤᠮ ᠢ ᠰᠠᠬᠢᠵᠤ᠂ ᠠᠮᠢ ᠠᠬᠤᠢ ᠶᠢ ᠬᠠᠮᠠᠭᠠᠯᠠᠵᠤ᠂ ᠠᠮᠢ ᠠᠬᠤᠢ ᠶᠢᠨ | ᠳᠠᠪᠠᠭᠤᠯᠢᠭ ᠢ ᠵᠤᠵᠠᠭᠠᠳᠬᠠᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ | ᠴᠠᠭᠠᠨᠨᠠᠭᠤᠷ ᠤᠨ ᠰᠢᠰᠲ᠋ᠧᠮ ᠤᠨ ᠬᠠᠮᠠᠭᠠᠯᠠᠯᠲᠠ ᠶᠢ ᠯᠠᠪᠳᠠᠭᠤᠨ ᠪᠠᠲᠤ ᠲᠠᠢ ᠠᠬᠢᠭᠤᠯᠵᠤ᠃ ᠴᠠᠭᠠᠨᠨᠠᠭᠤᠷ ᠤᠨ | ᠠᠮᠢ ᠠᠬᠤᠢ ᠶᠢᠨ ᠵᠠᠰᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠮᠠᠭᠠᠯᠠᠨ | ᠰᠡᠷᠭᠦᠭᠡᠬᠦ ᠶᠢ ᠵᠡᠷᠭᠡᠪᠡᠷ ᠠᠳᠬᠤᠬᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠵᠦ ᠲᠣᠭᠤᠰᠣ ᠶᠢ ᠵᠠᠰᠠᠬᠤ ᠶᠢ ᠵᠡᠷᠭᠡᠪᠡᠷ | ᠴᠢᠬᠤᠯᠠᠴᠢᠯᠠᠬᠤ ᠶᠢ ᠪᠠᠷᠢᠮᠲᠠᠯᠠᠵᠤ᠂ ᠴᠠᠭᠠᠨᠨᠠᠭᠤᠷ ᠤᠨ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ | ᠲᠣᠭᠲᠠᠪᠤᠷᠢᠲᠤ ᠴᠢᠨᠠᠷ ᠪᠣᠯᠤᠨ ᠦᠷᠭᠦᠯᠵᠢᠯᠡᠬᠦ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | ᠲᠠᠴᠢᠷᠳ᠋ᠬᠠᠰᠠᠨ ᠣᠢ ᠶᠢ ᠰᠡᠷᠭᠡᠢᠯᠡᠨ ᠰᠡᠷᠬᠦᠭᠡᠬᠦ᠂ ᠨᠣᠳᠤᠭ ᠪᠡᠯᠴᠢᠭᠡᠷ ᠤᠨ ᠠᠮᠢ ᠠᠬᠤᠢ ᠶᠢ ᠰᠡᠷᠬᠦᠭᠡᠬᠦ ᠵᠡᠷᠭᠡ | ᠳᠥᠷᠦᠯ ᠵᠦᠢᠯ ᠤᠨ ᠪᠦᠳᠦᠭᠡᠨ ᠪᠠᠢᠭᠤᠯᠥᠯᠳᠡ ᠶᠢ ᠳᠥᠷᠭᠡᠳᠭᠡᠨ ᠠᠬᠢᠭᠤᠯᠵᠦ᠂ ᠨᠤᠭᠤ ᠭᠠᠵᠡᠷ ᠤᠨ ᠴᠡᠴᠡᠷᠯᠢᠭ ᠤᠨ | ᠬᠤᠵᠢᠷᠯᠢᠭ ᠭᠠᠵᠡᠷ ᠪᠠ ᠢᠯᠡ ᠪᠠᠢᠭ᠎ᠠ ᠭᠠᠵᠡᠷ ᠰᠢᠷᠦᠢ ᠶᠢ ᠰᠢᠨᠵᠢᠯᠡᠬᠦ ᠣᠬᠠᠭᠠᠨᠴᠢ ᠪᠠᠷ ᠵᠠᠰᠠᠵᠦ᠂ ᠬᠦᠮᠦᠨ ᠤ | ᠬᠦᠴᠥ ᠪᠠᠷ ᠴᠠᠭ ᠠᠭᠠᠷ ᠢ ᠨᠦᠯᠥᠭᠡᠯᠡᠬᠦ ᠠᠵᠢᠯ ᠢ ᠴᠠᠭ ᠲᠤᠨᠢ ᠲᠤᠬᠢᠷᠡᠭᠤᠯᠥᠨ ᠦᠷᠨᠢᠬᠦᠯᠵᠦ᠂ ᠯᠢᠦ ᠲᠠᠢ ᠭᠤᠤᠯ ᠤᠨ | ᠰᠠᠪᠠ ᠭᠠᠵᠡᠷ ᠤᠨ ᠣᠰᠣᠨ ᠤ ᠠᠮᠢ ᠠᠬᠤᠢ ᠶᠢᠨ ᠣᠷᠴᠢᠨ ᠲᠤᠭᠤᠷᠢᠨ ᠢ ᠶᠡᠷᠦᠩᠭᠡᠢᠯᠡᠨ ᠵᠠᠰᠠᠬᠤ ᠢᠨᠵᠧᠨᠧᠷᠢᠩ ᠢ | ᠦᠨᠳᠣᠷ ᠦᠷ᠎ᠠ ᠪᠦᠳᠦᠮᠵᠢᠳᠡᠢ ᠪᠠᠷ ᠭᠡᠷᠡᠭᠵᠢᠬᠦᠯᠬᠦ ᠭᠡᠷᠡᠭᠳᠡᠢ᠃ ︽ᠱᠠᠩᠳᠤ ᠶᠢᠨ ᠴᠠᠭᠠᠨᠨᠠᠭᠤᠷ ᠨᠤᠭᠤ ᠭᠠᠵᠠᠷ ᠤᠨ | ᠴᠡᠴᠡᠷᠯᠢᠭ ᠢ ᠬᠠᠮᠠᠭᠠᠯᠠᠨ ᠬᠠᠮᠢᠶᠠᠷᠬᠤ ᠠᠷᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠴᠠ ᠶᠢ | ᠲᠡᠭᠦᠯᠳᠡᠷᠵᠢᠭᠦᠯᠬᠦ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠬᠢᠨᠠᠨ ᠬᠡᠮᠵᠢᠵᠦ ᠬᠢᠨᠠᠨ ᠡᠵᠡᠮᠳᠡᠬᠦ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ᠂ ︽ᠲᠠᠪᠤ ᠶᠢ ᠬᠠᠮᠢᠶᠠᠷᠬᠤ︾ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ | ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠲᠠᠷᠢᠵᠤ ᠲᠡᠵᠢᠭᠡᠬᠦ ᠦᠢᠯᠡᠰ ᠤᠨ ᠪᠦᠲᠦᠴᠡ ᠶᠢ ᠵᠦᠢ ᠵᠣᠬᠢᠰᠲᠠᠶ | ᠲᠣᠬᠢᠷᠠᠭᠤᠯᠤᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠠᠭᠤᠷᠠᠶ ᠲᠠᠷᠢᠮᠠᠯ ᠤᠨ ᠬᠤᠷ᠎ᠠ | ᠪᠣᠷᠣᠭᠠᠨ ᠤ ᠲᠠᠷᠢᠶᠠᠯᠠᠩ ᠪᠠ ᠬᠠᠰᠢᠶᠠᠯᠠᠨ ᠲᠡᠵᠢᠭᠡᠬᠦ ᠮᠠᠯ ᠠᠵᠤ ᠠᠬᠤᠶ ᠶᠢ ᠬᠥᠭᠵᠢᠭᠦᠯᠵᠦ᠂ ︽ᠤᠰᠤ ᠶᠢ ᠭᠠᠩ | ᠬᠠᠭᠤᠷᠠᠶ ᠪᠣᠯᠭᠠᠨ ᠥᠭᠡᠷᠡᠴᠢᠯᠡᠬᠦ︾ ᠦᠷ᠎ᠡ ᠪᠦᠲᠦᠭᠡᠯ ᠢ ᠪᠠᠬᠢᠵᠢᠭᠦᠯᠦᠨ᠎ᠡ᠃ ᠲᠠᠷᠢᠶᠠᠯᠠᠩ ᠤᠨ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ | ᠤᠰᠤᠨ ᠤ ︽ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠨᠣᠷᠮ᠎ᠠ ᠲᠣᠭᠲᠠᠭᠠᠨ ᠬᠠᠮᠢᠶᠠᠷᠬᠤ᠂ ᠲᠣᠭᠲᠠᠭᠰᠠᠨ | ᠲᠤᠭ᠎ᠠ ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠬᠦ︾ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠤᠰᠤ ᠠᠷᠪᠢᠯᠠᠬᠤ ︽ᠨᠡᠭᠡᠯᠡᠬᠡᠶ︾ ᠶᠢ ᠴᠢᠩᠭᠠᠳᠬᠠᠨ᠎ᠠ᠃ ᠱᠠᠩ ᠢ ᠰᠢᠶᠠᠨ ᠵᠢᠴᠢ ᠰᠠᠪᠠ ᠭᠠᠵᠠᠷ ᠤᠨ ᠳᠣᠲᠣᠷᠠᠬᠢ | ᠬᠠᠮᠢᠶ᠎ᠠ ᠪᠦᠬᠦᠢ ᠬᠤᠰᠢᠭᠤ ᠰᠢᠶᠠᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ | ᠵᠠᠰᠠᠬᠤ᠂ ᠶᠡᠷᠦᠩᠬᠡᠶᠢᠯᠡᠨ ᠬᠢᠨᠠᠨ ᠬᠡᠮᠵᠢᠬᠦ᠂ ᠬᠠᠮᠵᠢᠯᠴᠠᠨ ᠬᠠᠮᠢᠶᠠᠷᠴᠤ ᠬᠠᠮᠠᠭᠠᠯᠠᠬᠤ ᠵᠡᠷᠭᠡ ᠲᠣᠭᠲᠠᠴᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠶ ᠶᠢ ᠨᠢᠭᠡ ᠴᠣᠭᠴᠠᠵᠢᠭᠤᠯᠤᠨ | ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠠᠬᠢᠭᠤᠯᠤᠨ᠎ᠠ᠃ | ᠣᠷᠴᠢᠨ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠢ ᠡᠷᠡᠰ ᠰᠠᠶᠢᠲᠤᠷ ᠠᠳᠬᠤᠨ᠎ᠠ᠃ ᠨᠠᠷᠢᠯᠢᠭ ᠣᠨᠣᠴᠠᠲᠠᠶ | ᠰᠢᠨᠵᠢᠯᠡᠬᠦ ᠤᠬᠠᠭᠠᠨᠴᠢ ᠪᠠᠷ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠬᠥᠬᠡ ᠣᠭᠲᠠᠷᠭᠤᠶ᠂ | ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠠ᠃ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠵᠤ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠰᠢᠲᠠᠭᠠᠬᠤ ᠶᠢ | ᠴᠠᠭᠠᠵᠠᠯᠠᠬᠤ᠂ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ᠂ ᠲᠠᠮᠠᠬᠢ ᠶᠢ ᠬᠢᠵᠠᠭᠠᠷᠯᠠᠬᠤ᠂ ᠲᠣᠭᠤᠰᠣ ᠶᠢ | ᠪᠠᠭᠠᠰᠬᠠᠬᠤ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠪᠦᠯ ᠤᠨ | ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠶ᠋ᠯ ᠢ ᠶᠡᠬᠡᠪᠡᠷ ᠬᠡᠷᠡᠭᠵᠢᠭᠦᠯᠵᠦ᠂ ᠲᠦᠯᠡᠰᠢᠨ ᠨᠡᠭᠦᠷᠡᠰᠦ ᠶᠢ | ᠰᠤᠯᠠ ᠰᠢᠲᠠᠭᠠᠬᠤ ᠶᠢ ᠢᠳᠡᠪᠬᠢᠲᠡᠶ ᠪᠠᠷ ᠵᠠᠰᠠᠵᠤ᠂ ᠲᠦᠯᠡᠰᠢᠨ ᠨᠡᠭᠦᠷᠡᠰᠦᠨ ᠤ ᠵᠤᠤᠬ᠎ᠠ ᠶᠢᠨ ᠬᠡᠲᠦ ᠳᠣᠤᠷ᠎ᠠ | ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠠᠭᠠᠷ ᠤᠨ ᠶᠠᠰᠤ ᠴᠢᠨᠠᠷ ᠢ ᠲᠣᠭᠲᠠᠭᠤᠨ ᠢᠶᠠᠷ | ᠳᠡᠭᠡᠭᠰᠢᠯᠡᠭᠦᠯᠬᠦ ᠶᠢ ᠦᠨᠡᠨᠬᠦ ᠪᠠᠲᠤᠯᠠᠨ᠎ᠠ᠃ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠠᠵᠢᠯ ᠢ ᠦᠨᠡᠨᠬᠦ | ᠰᠠᠶᠢᠲᠤᠷ ᠬᠢᠵᠦ᠂ ᠤᠤᠭᠤᠬᠤ ᠤᠰᠤᠨ ᠤ ᠡᠬᠢ ᠰᠤᠷᠪᠤᠯᠵᠢ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠵᠠᠰᠠᠬᠤ᠂ | ᠬᠢᠮᠢ ᠶᠢᠨ ᠪᠣᠷᠳᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ᠂ ᠬᠠᠶᠠᠭᠳᠠᠮᠠᠯ | ᠬᠠᠭᠤᠴᠢᠨ ᠰᠦᠯᠢᠶᠥᠦ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠵᠡᠷᠭᠡ ᠠᠵᠢᠯ ᠢ ᠲᠦᠯᠬᠢᠨ ᠠᠬᠢᠭᠤᠯᠵᠤ | ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠣᠷᠣᠨ ᠪᠦᠰᠡ ᠶᠢᠨ ᠪᠣᠬᠢᠷᠳᠤᠯ ᠢ ᠰᠡᠷᠭᠡᠶᠢᠯᠡᠨ | ᠵᠠᠰᠠᠬᠤ ᠶᠢ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠬᠤᠶᠠᠳᠤᠭᠠᠷ | ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠶ ᠠᠬᠢᠭᠤᠯᠵᠤ᠂ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠃ | ᠡᠨᠧᠷᠭᠢ᠂ ᠠᠵᠤ ᠦᠢᠯᠡᠳᠪᠦᠷᠢ᠂ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠴᠡᠪᠡᠷ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠰᠢᠨ᠎ᠡ ᠪᠠᠷ ᠪᠠᠶᠢᠭᠤᠯᠬᠤ | ᠵᠦᠢᠯᠡᠰ ᠤᠨ ᠡᠨᠧᠷᠭᠢ ᠶᠢᠨ ᠦᠷ᠎ᠡ ᠠᠰᠢᠭ ᠢ ᠡᠷᠬᠡᠪᠰᠢ ᠤᠯᠤᠰ ᠤᠨ ᠲᠡᠷᠢᠭᠦᠨ ᠤ ᠥᠷᠲᠡᠭ ᠲᠤ ᠬᠦᠷᠭᠡᠬᠦ ᠬᠡᠷᠡᠭᠲᠡᠢ᠃ | ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠲᠥᠰᠦᠪ ᠤᠨ ᠬᠠᠮᠢᠶᠠᠷᠤᠯᠲᠠ ᠶᠢ ᠴᠢᠩᠭ᠎ᠠ | ᠬᠡᠷᠡᠭᠵᠢᠭᠦᠯᠵᠦ᠂ ᠡᠨᠧᠷᠭᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ᠂ ᠪᠥᠬᠦ ᠲᠠᠯ᠎ᠠ ᠪᠠᠷ ᠠᠷᠪᠢᠯᠠᠨ ᠭᠠᠮᠨᠠᠬᠤ᠂ | ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠬᠤ ᠬᠡᠷᠡᠭᠲᠡᠢ᠃ ᠠᠭᠤᠷᠬᠠᠶ ᠶᠢᠨ ᠭᠠᠵᠠᠷ ᠤᠨ ᠣᠷᠴᠢᠨ | ᠲᠣᠭᠤᠷᠢᠨ ᠢ ᠰᠡᠷᠭᠦᠭᠡᠬᠦ ᠪᠠ ᠶᠡᠷᠦᠩᠬᠡᠶᠢᠯᠡᠨ ᠵᠠᠰᠠᠬᠤ ᠶᠢ ᠲᠦᠷᠭᠡᠳᠬᠡᠨ᠂ ᠨᠡᠭᠡᠭᠡᠨ ᠬᠥᠭᠵᠢᠭᠦᠯᠬᠦ ᠬᠢᠭᠡᠳ | ᠬᠠᠮᠠᠭᠠᠯᠠᠬᠤ ᠶᠢ ᠬᠠᠷᠢᠯᠴᠠᠨ ᠵᠣᠬᠢᠴᠠᠯᠳᠤᠭᠰᠠᠨ ᠠᠭᠤᠷᠬᠠᠶ ᠶᠢᠨ ᠭᠠᠷᠤᠯᠲᠠ ᠶᠢ ᠨᠡᠭᠡᠭᠡᠬᠦ ᠰᠢᠨ᠎ᠡ ᠪᠠᠶᠢᠷᠢᠰᠢᠯ ᠢ ᠪᠣᠶ | ᠪᠣᠯᠭᠠᠬᠤ ᠬᠡᠷᠡᠭᠲᠡᠶ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠦᠬᠦ ᠠᠷᠠᠳ ᠤᠨ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠢᠳᠡᠵᠦ ᠡᠮᠦᠰᠬᠦ | ᠶᠠᠪᠤᠵᠤ ᠰᠠᠭᠤᠬᠤ ᠵᠡᠷᠭᠡ ᠡᠯ᠎ᠡ ᠲᠠᠯ᠎ᠠ ᠠᠴᠠ ᠳᠥᠭᠦᠮ ᠪᠥᠭᠡᠳ ᠲᠣᠬᠢᠷᠠᠮᠵᠢᠲᠠᠶ᠂ ᠪᠣᠬᠢᠷᠲᠤᠯ ᠦᠭᠡᠢ ᠪᠥᠭᠡᠳ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠰᠢᠨ᠎ᠡ ᠤᠷᠤᠰᠬᠠᠯ ᠢ ᠪᠤᠢ ᠪᠣᠯᠭᠠᠨ᠎ᠠ᠃ | ᠨᠡᠶᠢᠭᠡᠮ ᠤᠨ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠦᠨ᠎ᠡ᠃ ᠰᠢᠨ᠎ᠡ ᠱᠠᠲᠤ | ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠰᠢᠨ᠎ᠡ | ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ︽ᠬᠥᠬᠡᠭᠴᠢᠨ ᠲᠥᠷᠥᠯ ᠤᠨ ᠬᠥᠬᠡᠭᠴᠢᠨ ᠲᠥᠷᠥᠯ ᠤᠨ ᠬᠠᠮᠢᠶᠠᠷᠤᠯᠲᠠ | ︾ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠬᠡᠷᠡᠭᠵᠢᠭᠦᠯᠵᠦ᠂ ᠡᠮᠴᠢᠯᠡᠭᠡᠨ ᠤ ᠡᠳ᠋ ᠪᠣᠳᠠᠰ ᠢ ᠨᠥᠭᠡᠴᠡᠯᠡᠬᠦ᠂ | ᠭᠤᠤᠯᠳᠠᠯᠭ᠎ᠠ ᠲᠠᠢ ᠬᠥᠮᠦᠰ ᠢ ᠠᠪᠤᠷᠠᠨ ᠵᠠᠰᠠᠬᠤ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ | ᠬᠢᠵᠦ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤ ᠬᠠᠮᠠᠭᠠᠯᠠᠨ᠎ᠠ᠃ ᠠᠶᠤᠯᠭᠦᠢ | ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠪᠠ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠤᠨ᠎ᠠ᠃ ᠢᠳᠡᠭᠡᠨ | ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ | ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠪᠥᠬᠦ ᠬᠡᠯᠬᠢᠶ᠎ᠡ ᠶᠢ ᠴᠢᠩᠭ᠎ᠠ ᠬᠢᠨᠠᠨ ᠬᠠᠮᠢᠶᠠᠷᠬᠤ ᠶᠢ | ᠴᠢᠩᠭᠠᠳᠬᠠᠨ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠎ᠠ᠃ ᠰᠢᠨ᠎ᠡ ᠴᠠᠭ | ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠠᠯᠳᠤᠭᠠᠨ ᠢ | ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠢᠯᠡ ᠲᠣᠳᠣ | ᠵᠠᠬᠢᠳᠠᠯ ᠰᠤᠷᠪᠤᠯᠵᠢᠯᠠᠭ᠎ᠠ᠂ ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠭ᠎ᠠ ᠶᠢ ᠦᠷᠭᠦᠯᠵᠢᠯᠡᠨ ᠠᠬᠢᠭᠤᠯᠤᠨ᠎ᠠ᠃ | ᠪᠣᠰᠤᠭ᠎ᠠ ᠴᠣᠭᠴᠠᠲᠤ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ | ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠠᠩ | ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠱᠠᠩᠳᠤ ᠶᠢ ᠴᠢᠷᠮᠠᠶᠢᠨ ᠪᠥᠲᠥᠭᠡᠨ ᠪᠠᠶᠢᠭᠤᠯᠤᠨ᠎ᠠ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠠᠷᠠᠳ ᠤᠨ ᠲᠥᠯᠥᠭᠡ ᠲᠥᠷᠥ ᠪᠠᠷᠢᠬᠤ ᠶᠢ ᠪᠠᠷᠢᠮᠲᠠᠯᠠᠨ᠂ ᠦᠢᠯᠡᠴᠢᠯᠡᠭᠡᠨ ᠤ ᠵᠠᠰᠠᠭ ᠤᠨ ᠣᠷᠳᠣᠨ ᠢ | ᠪᠠᠶᠢᠭᠤᠯᠤᠨ᠎ᠠ᠃ ᠢᠮᠠᠭᠲᠠ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠤᠨ ᠲᠥᠯᠥᠭᠡ | ᠵᠢᠳᠬᠦᠬᠦ ᠰᠡᠳᠬᠢᠯᠭᠡ ᠶᠢ ᠵᠤᠵᠠᠭᠠᠳᠬᠠᠵᠤ᠂ ᠠᠷᠠᠳ ᠤᠨ ᠰᠠᠨᠠᠭ᠎ᠠ ᠶᠢ ᠣᠶᠢᠯᠠᠭᠠᠬᠤ ᠵᠠᠮ ᠢ ᠰᠠᠭᠠᠳ ᠦᠭᠡᠢ | ᠨᠡᠪᠲᠡᠷᠡᠭᠦᠯᠵᠦ᠂ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ︽12345︾ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤ ᠶᠢᠨ ᠴᠤᠤᠷᠢᠶᠠᠲᠤᠬᠤ | ᠨᠤᠷᠮ᠎ᠠ᠂ ᠰᠢᠢᠳᠪᠦᠷᠢᠯᠡᠬᠦ ᠨᠤᠷᠮ᠎ᠠ᠂ ᠬᠠᠨᠤᠮᠵᠢ ᠶᠢᠨ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠰᠢᠶᠠᠨ ᠰᠢᠶᠠᠩ | ᠬᠤᠶᠠᠷ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠳᠦᠷᠢᠮ ᠢ ᠤᠯᠠᠮ ᠨᠢᠭᠡ ᠠᠯᠬᠤᠮ | ᠲᠦᠯᠬᠢᠨ ᠠᠬᠢᠭᠤᠯᠵᠤ᠂ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠨᠡᠶᠢᠲᠡ ᠶᠢᠨ ᠮᠠᠰᠢᠨ ᠲᠡᠷᠭᠡᠨ ᠳᠤ | ᠰᠦᠢᠳᠬᠡᠯ ᠬᠤᠷᠢᠶᠠᠬᠤ ᠦᠭᠡᠢ ᠪᠠᠷ ᠰᠠᠭᠤᠬᠤ ᠵᠡᠷᠭᠡ 6 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠰᠠᠶᠢᠲᠤᠷ ᠬᠢᠨ᠎ᠡ᠃ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠᠷ ᠬᠤᠳᠠᠯᠳᠤᠭᠠᠨ ᠤ ᠶᠠᠪᠤᠳᠠᠯ ᠤᠨ ᠦᠨᠡᠨᠴᠢ | ᠢᠲᠡᠭᠡᠮᠵᠢ ᠪᠠ ᠨᠡᠶᠢᠭᠡᠮ ᠤᠨ ᠦᠨᠡᠨᠴᠢ ᠢᠲᠡᠭᠡᠮᠵᠢ ᠶᠢ ᠳᠠᠶᠢᠴᠢᠯᠠᠨ᠂ ᠵᠠᠰᠠᠭ ᠤᠨ ᠣᠷᠳᠣᠨ ᠤ ᠣᠯᠠᠨ ᠨᠡᠶᠢᠲᠡ ᠶᠢ | ᠢᠲᠡᠭᠡᠭᠦᠯᠬᠦ ᠬᠦᠴᠦᠨ ᠪᠠ ᠭᠦᠢᠴᠡᠳᠭᠡᠬᠦ ᠬᠦᠴᠦᠨ ᠢ ᠳᠡᠭᠡᠭᠰᠢᠯᠡᠭᠦᠯᠦᠨ᠎ᠡ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ | ᠪᠠᠶᠢᠭᠤᠯᠤᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠵᠠᠰᠠᠭ ᠤᠨ ᠣᠷᠳᠣᠨ ᠤ ᠠᠵᠢᠯ ᠤᠨ ᠬᠠᠤᠯᠢᠵᠢᠯ ᠢ ᠪᠥᠬᠦ ᠲᠠᠯ᠎ᠠ ᠪᠠᠷ ᠠᠬᠢᠭᠤᠯᠤᠨ᠎ᠠ᠃ ︽ | ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠠᠤᠯᠢ | ᠴᠠᠭᠠᠵᠠ ᠶᠢ ᠪᠢᠰᠢᠷᠡᠨ ᠵᠢᠷᠦᠬᠡᠰᠢᠶᠡᠬᠦ ᠪᠠ ᠬᠠᠤᠯᠢ ᠴᠠᠭᠠᠵᠠ ᠶᠢᠨ ᠢᠲᠡᠭᠡᠯ ᠪᠢᠰᠢᠷᠡᠯ ᠤᠨ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠲᠠᠯᠪᠢᠯᠲᠠ ᠪᠠ ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ | ᠪᠤᠰᠤ ᠬᠥᠮᠦᠰ ᠪᠠ ᠠᠷᠠᠳ ᠤᠨ ᠪᠦᠯᠬᠦᠮ ᠤᠨ ᠰᠠᠨᠠᠯ ᠢ ᠥᠷᠭᠡᠨ ᠢᠶᠠᠷ ᠰᠣᠨᠣᠰᠴᠤ᠂ ᠰᠣᠨᠢᠨ ᠮᠡᠳᠡᠭᠡ ᠶᠠᠷᠢᠶ᠎ᠠ | ᠬᠡᠯᠡᠯᠴᠡᠭᠡ ᠪᠠ ᠨᠡᠶᠢᠭᠡᠮ ᠨᠡᠶᠢᠲᠡ ᠶᠢᠨ ᠬᠢᠨᠠᠯᠲᠠ ᠶᠢ ᠬᠦᠯᠢᠶᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ | ᠬᠡᠪᠴᠢᠶ᠎ᠡ ᠶᠢ ᠥᠷᠭᠡᠳᠬᠡᠵᠦ᠂ ᠡᠷᠬᠡ ᠶᠢ ᠢᠯᠡ ᠪᠠᠷ ᠬᠡᠷᠡᠭᠵᠢᠭᠦᠯᠬᠦ ᠬᠡᠷᠡᠭᠲᠡᠢ᠃ | ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠠᠷᠢᠭᠤᠨ ᠴᠢᠬᠡᠴᠢ ᠵᠠᠰᠠᠭ ᠤᠨ | ᠣᠷᠳᠣᠨ ᠢ ᠪᠠᠶᠢᠭᠤᠯᠤᠨ᠎ᠠ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠳᠤ ᠬᠤᠣᠰ | ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ | ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠦᠨᠡᠨᠬᠦ ᠲᠤᠤᠱᠯᠠᠭᠤᠯᠤᠨ᠎ᠠ᠃ ᠠᠷᠪᠢᠯᠠᠨ ᠭᠠᠮᠨᠠᠬᠤ ᠦᠵᠡᠯ | ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠴᠢᠩᠭ᠎ᠠ ᠬᠢᠵᠠᠭᠠᠷᠯᠠᠨ᠎ᠠ᠃ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠢ ᠴᠢᠩᠭ᠎ᠠ ᠬᠡᠷᠡᠭᠵᠢᠭᠦᠯᠵᠦ᠂ ︽ | ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠰᠢᠨ᠎ᠡ ᠰᠤᠷᠲᠠᠯ ᠢ ᠪᠤᠢ ᠪᠣᠯᠭᠠᠵᠤ᠂ ᠰᠤᠷᠲᠠᠯ ᠤᠨ | ᠪᠠᠶᠢᠭᠤᠯᠤᠯᠲᠠ ᠶᠢ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢ ᠠᠬᠢᠭᠤᠯᠤᠨ᠎ᠠ᠃ | ᠭᠤᠣᠯᠳᠠᠯᠭ᠎ᠠ ᠲᠠᠢ ᠬᠦᠷᠢᠶ᠎ᠡ᠂ ᠴᠢᠬᠤᠯᠠ ᠭᠤᠭᠴᠤᠭ᠎ᠠ ᠪᠠ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠷᠢᠭᠤᠨ | ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ︽ᠳᠤᠯᠤᠭ᠎ᠠ ᠶᠢ | ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠠᠵᠢᠯ ᠬᠢᠵᠦ ᠦᠢᠯᠡᠰ ᠪᠤᠰᠬᠠᠬᠤ ᠤᠶᠤᠨ ᠰᠠᠨᠠᠭᠠᠨ ᠤ ᠴᠤᠭ ᠰᠦᠯᠳᠡ ᠶᠢ | ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠶᠢᠨ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ | ᠠᠬᠢᠭᠤᠯᠬᠤ ᠬᠡᠷᠡᠭᠲᠡᠢ᠃ | ᠲᠥᠯᠥᠭᠡᠯᠡᠭᠴᠢᠳ ᠡ︕ | ᠪᠣᠳᠠᠲᠠᠢ ᠠᠵᠢᠯᠯᠠᠪᠠᠯ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠴᠢᠷᠮᠠᠶᠢᠨ ᠲᠡᠮᠡᠴᠡᠵᠦ ᠢᠷᠡᠭᠡᠳᠦᠢ ᠪᠠᠨ | ᠴᠣᠭᠴᠠᠯᠠᠶ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ | ᠮᠠᠨᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠭᠦᠷᠢᠳᠡ | ᠴᠠᠯᠠᠭᠠᠶᠢᠷᠠᠬᠤ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ | ᠲᠡᠮᠡᠴᠡᠯ ᠤᠨ ᠳᠦᠷᠰᠦ ᠪᠠᠶᠢᠳᠠᠯ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠠᠵᠢᠯ ᠤᠨ ᠰᠤᠷᠲᠠᠯ ᠢᠶᠠᠷ | ᠡᠷᠴᠢ ᠵᠣᠷᠢᠭ ᠢᠶᠠᠨ ᠬᠥᠪᠴᠢᠯᠡᠨ᠂ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠣᠳᠣᠬᠢᠴᠢᠯᠠᠭᠰᠠᠨ | ᠱᠠᠩᠳᠤ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ |