ᠨᠠᠨ ᠬᠤ᠋ ᠨᠤᠭᠤ ᠭᠠᠵᠠᠷ ᠤᠨ ᠠᠮᠢ ᠠᠬᠤᠢ ᠶᠢᠨ ᠬᠦᠷᠢᠶᠡᠯᠡᠭ
ᠨᠡᠶᠢᠲᠡᠯᠡᠭᠰᠡᠨ ᠴᠠᠭ᠄
2023/10/17
  ᠨᠠᠨ ᠬᠤ᠋ ᠨᠤᠭᠤ ᠭᠠᠵᠠᠷ ᠤᠨ ᠠᠮᠢ ᠠᠬᠤᠢ ᠶᠢᠨ ᠬᠦᠷᠢᠶᠡᠯᠡᠩ ᠨᠢ ᠱᠠᠩᠳᠤ ᠰᠢᠶᠠᠨ ᠤ ᠵᠡᠭᠦᠨ ᠡᠮᠦᠨ᠎ᠡ᠂ ᠬᠦᠬᠡᠬᠤᠲᠠ ᠮᠠᠨᠵᠤᠤᠷ ᠤᠨ ᠶᠡᠭᠡ ᠵᠠᠮ ᠤᠨ ᠬᠤᠶᠢᠨ᠎ᠠ ᠪᠠᠶᠢᠷᠢᠯᠠᠵᠤ᠂ 1500 ᠮᠦ ᠲᠠᠯᠠᠪᠠᠢ ᠡᠵᠡᠯᠡᠵᠦ ᠪᠤᠢ᠃ ᠡᠭᠦᠨ ᠳᠤ᠂ ᠨᠣᠭᠤᠭᠠᠷᠠᠭᠤᠯᠤᠯᠲᠠ ᠶᠢᠨ ᠲᠠᠯᠠᠪᠠᠶ ᠨᠢ 1270 ᠮᠥ ᠪᠠᠶᠢᠵᠤ᠂ ᠴᠡᠴᠡᠷᠯᠢᠭ ᠤᠨ ᠶᠡᠷᠦᠩᠬᠡᠶ ᠲᠠᠯᠠᠪᠠᠶ ᠶᠢᠨ 85% ᠶᠢ ᠡᠵᠡᠯᠡᠨ᠎ᠡ︔ ᠬᠤᠶᠠᠷ ᠬᠢᠮᠡᠯ ᠨᠠᠭᠤᠷ ᠤᠨ ᠡᠵᠡᠯᠡᠬᠦ ᠲᠠᠯᠠᠪᠠᠶ ᠨᠢ 80 ᠮᠦ᠂ ᠬᠤᠶᠠᠷ ᠠᠭᠤᠳᠠᠮ ᠲᠠᠯᠠᠪᠠᠶ ᠶᠢᠨ ᠡᠵᠡᠯᠡᠬᠦ ᠲᠠᠯᠠᠪᠠᠶ ᠨᠢ 2.6 ᠲᠦᠮᠡᠨ ᠲᠡᠭᠰᠢ ᠳᠥᠷᠪᠡᠯᠵᠢᠨ ᠮᠧᠳ᠋ᠷ ᠪᠣᠯᠤᠨ᠎ᠠ᠃ ᠴᠡᠴᠡᠷᠯᠢᠭ ᠤᠨ ᠳᠣᠲᠣᠷ᠎ᠠ ᠦᠵᠡᠮᠵᠢ ᠰᠣᠨᠢᠷᠬᠠᠬᠤ ᠲᠠᠪᠴᠠᠩ᠂ ᠠᠰᠠᠷ ᠲᠠᠭᠲᠤ ᠵᠡᠷᠭᠡ ᠪᠡᠯᠡᠳᠬᠡᠮᠵᠢ ᠶᠢ ᠪᠥᠲᠥᠭᠡᠨ ᠪᠠᠶᠢᠭᠤᠯᠤᠨ᠎ᠠ᠃ ᠥᠷᠭᠡᠨ ᠣᠯᠠᠨ ᠰᠠᠭᠤᠭᠠᠯᠢ ᠠᠷᠠᠳ ᠲᠤ ᠪᠠᠰᠠ ᠨᠢᠭᠡᠨ ᠰᠡᠯᠡᠭᠦᠴᠡᠯ᠂ ᠴᠡᠩᠭᠡᠯ᠂ ᠦᠵᠡᠮᠦᠷᠢ ᠶᠢᠨ ᠭᠠᠵᠠᠷ ᠬᠠᠩᠭᠠᠬᠤ ᠬᠡᠷᠡᠭᠲᠡᠶ᠃ ᠬᠥᠮᠦᠰ ᠤᠨ ᠣᠷᠣᠰᠢᠨ ᠰᠠᠭᠤᠬᠤ ᠠᠮᠢ ᠠᠬᠤᠶ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠬᠤ᠂ ᠬᠤᠲᠠ ᠪᠠᠯᠭᠠᠰᠤ ᠶᠢᠨ ᠴᠢᠨᠠᠷ ᠳᠡᠰ ᠢ ᠳᠡᠭᠡᠭᠰᠢᠯᠡᠭᠦᠯᠬᠦ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠦᠨ᠎ᠡ᠃    
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2