ᠱᠠᠩᠳᠤ ᠰᠢᠶᠠᠨ ᠤ ᠤᠰᠤᠨ ᠤᠶᠢᠯ ᠴᠡᠴᠡᠷᠯᠢᠭ ᠤᠨ ᠭᠠᠵᠠᠷ 260 ᠮᠥ ᠪᠠᠶᠢᠵᠤ᠂ ᠰᠣᠶᠣᠯ᠂ ᠪᠡᠶ᠎ᠡ | ᠴᠢᠭᠢᠷᠠᠭᠵᠢᠭᠤᠯᠤᠯᠲᠠ᠂ ᠰᠡᠯᠡᠭᠦᠴᠡᠯ᠂ ᠵᠤᠭ᠎ᠠ ᠴᠡᠩᠭᠡᠯ ᠵᠡᠷᠭᠡ ᠡᠯ᠎ᠡ ᠵᠦᠢᠯ ᠤᠨ ᠴᠢᠳᠠᠮᠵᠢ ᠪᠠ ᠨᠢᠭᠡ | ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠴᠡᠴᠡᠷᠯᠢᠭ ᠪᠣᠯᠤᠨ᠎ᠠ᠃ ᠴᠡᠴᠡᠷᠯᠢᠭ ᠲᠤ 5000 ᠲᠡᠭᠰᠢ | ᠳᠥᠷᠪᠡᠯᠵᠢᠨ ᠮᠧᠳ᠋ᠷ ᠤᠨ ᠲᠣᠭᠯᠠᠯᠲᠠ ᠶᠢᠨ ᠠᠭᠤᠳᠠᠮ ᠲᠠᠯᠠᠪᠠᠢ᠂ 12000 ᠲᠡᠭᠰᠢ ᠳᠥᠷᠪᠡᠯᠵᠢᠨ ᠮᠧᠳ᠋ᠷ ᠤᠨ ᠬᠢᠮᠡᠯ | ᠨᠠᠭᠤᠷ᠂ 66 ᠮᠧᠳ᠋ᠷ ᠤᠷᠲᠤᠳᠬᠠᠭᠰᠠᠨ ᠦᠵᠡᠮᠵᠢ ᠶᠢᠨ ᠵᠤᠭᠠᠴᠠᠯ ᠤᠨ ᠬᠤᠩᠭᠢᠯ᠂ 400 ᠮᠧᠳ᠋ᠷ ᠤᠷᠲᠤᠳᠬᠠᠭᠰᠠᠨ | ᠦᠵᠡᠮᠵᠢ ᠶᠢᠨ ᠴᠡᠴᠡᠭ ᠤᠨ ᠵᠢᠶᠠᠰᠠ᠂ 45 ᠲᠡᠭᠰᠢ ᠳᠥᠷᠪᠡᠯᠵᠢᠨ ᠮᠧᠳ᠋ᠷ ᠤᠨ ᠰᠡᠷᠢᠭᠦᠨ ᠲᠢᠩᠰᠡ 5᠂ 2500 | ᠲᠡᠭᠰᠢ ᠳᠥᠷᠪᠡᠯᠵᠢᠨ ᠮᠧᠳ᠋ᠷ ᠤᠨ ᠬᠡᠦᠬᠡᠳ ᠤᠨ ᠵᠤᠭ᠎ᠠ ᠴᠡᠩᠭᠡᠯ ᠤᠨ ᠲᠠᠯᠠᠪᠠᠢ᠂ 2800 ᠲᠡᠭᠰᠢ ᠳᠥᠷᠪᠡᠯᠵᠢᠨ | ᠮᠧᠳ᠋ᠷ ᠤᠨ ᠨᠠᠰᠤᠲᠠᠶᠢᠴᠤᠳ ᠤᠨ ᠬᠥᠳᠡᠯᠭᠡᠭᠡᠨ ᠤ ᠲᠥᠪ ᠪᠠᠶᠢᠵᠤ᠂ 14.8 ᠮᠧᠳ᠋ᠷ᠂ ᠥᠷᠭᠡᠨ ᠨᠢ 30 ᠮᠧᠳ᠋ᠷ ᠤᠨ | ᠳᠠᠭᠤᠷᠢᠶᠠᠮᠠᠯ ᠶᠡᠭᠡ ᠡᠭᠦᠳᠡ ᠪᠣᠯᠤᠨ 12 ᠪᠡᠶ᠎ᠡ ᠵᠢᠯ ᠤᠨ ᠲᠤᠯᠭᠠᠭᠤᠷ ᠲᠠᠢ᠃ ᠴᠡᠴᠡᠷᠯᠢᠭ ᠤᠨ ᠭᠤᠤᠯ ᠵᠠᠮ ᠵᠢᠴᠢ | ᠰᠠᠯᠪᠤᠷᠢ ᠱᠤᠭᠤᠮ ᠢ ᠪᠦᠬᠦᠨ ᠢ ᠬᠠᠲᠠᠭᠤᠷᠠᠭᠤᠯᠵᠤ᠂ ᠡᠯ᠎ᠡ ᠬᠡᠯᠪᠡᠷᠢ ᠶᠢᠨ ᠦᠵᠡᠮᠵᠢ ᠶᠢᠨ ᠳ᠋ᠧᠩ ᠢ 130 ᠮᠠᠰᠢᠨ | ᠤᠭᠰᠠᠷᠠᠪᠠ᠃ ᠪᠦᠬᠦ᠋ᠢᠯᠡ ᠴᠡᠴᠡᠷᠯᠢᠭ ᠨᠢ ᠨᠣᠭᠤᠭᠠᠷᠠᠭᠤᠯᠤᠯᠲᠠ ᠶᠢᠨ ᠭᠤᠤᠯ ᠰᠡᠳᠦᠪ ᠢ ᠳᠣᠪᠤᠶᠢᠯᠭᠠᠵᠤ᠂ ᠨᠡᠶᠢᠲᠡ | 8000 ᠰᠠᠭᠤᠷᠢ ᠮᠣᠳᠣ ᠲᠠᠷᠢᠵᠤ᠂ 12000 ᠲᠡᠭᠰᠢ ᠳᠥᠷᠪᠡᠯᠵᠢᠨ ᠮᠧᠳ᠋ᠷ ᠵᠦᠯᠭᠡ ᠭᠠᠵᠠᠷ ᠳᠡᠪᠢᠰᠴᠦ᠂ | ᠨᠣᠭᠤᠭᠠᠷᠠᠭᠤᠯᠤᠯᠲᠠ ᠶᠢᠨ ᠲᠠᠯᠠᠪᠠᠶ 18.6 ᠲᠦᠮᠡᠨ ᠲᠡᠭᠰᠢ ᠳᠥᠷᠪᠡᠯᠵᠢᠨ ᠮᠧᠳ᠋ᠷ ᠲᠤ ᠬᠦᠷᠴᠦ᠂ ᠴᠡᠴᠡᠷᠯᠢᠭ ᠤᠨ | ᠲᠠᠯᠠᠪᠠᠶ ᠶᠢᠨ 60% ᠶᠢ ᠡᠵᠡᠯᠡᠪᠡ᠃ ᠳᠡᠯᠭᠡᠷ ᠵᠤᠨ ᠤ ᠤᠯᠠᠷᠢᠯ ᠳᠤ᠂ ᠴᠡᠴᠡᠷᠯᠢᠭ ᠤᠨ ᠳᠣᠲᠣᠷ᠎ᠠ ᠨᠣᠭᠤᠭᠠᠨ ᠤᠳᠠ | ᠤᠨᠵᠢᠬᠢᠨᠠᠵᠤ᠂ ᠥᠩᠭᠡ ᠪᠦᠷᠢ ᠶᠢᠨ ᠴᠡᠴᠡᠭ ᠨᠢ ᠬᠠᠩᠭᠢᠨᠠᠮ᠎ᠠ ᠪᠠᠶᠢᠵᠤ᠂ ᠨᠠᠭᠤᠷ ᠤᠨ ᠥᠩᠭᠡ ᠴᠡᠩᠭᠡᠯ ᠤᠰᠤ ᠨᠢ | ᠲᠤᠩᠭᠠᠯᠠᠭ᠂ ᠲᠢᠩᠰᠡ ᠨᠢ ᠠᠰᠠᠷ ᠲᠠᠭᠲᠤ ᠪᠤᠢ᠃ | | | | | | |