ᠲᠦᠮᠦᠰᠦ᠄  ᠥᠪᠥᠷ ᠮᠣᠩᠭᠤᠯ ᠤᠨ ᠱᠠᠩᠳᠤ ᠰᠢᠶᠠᠨ ᠤ ︽ᠬᠡᠯᠬᠢᠶᠡᠵᠢᠭᠰᠡᠨ ᠮᠠᠶ᠋ᠢᠭ︾ ᠤᠨ ᠬᠥᠭᠵᠢᠯᠲᠡ ᠲᠥᠮᠥᠰᠥ ᠶᠢᠨ ᠠᠵᠤ ᠦᠢᠯᠡᠰ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2023/10/17
 ᠣᠳᠣᠬᠠᠨ ᠳᠤ ᠶᠠᠭ ᠰᠠᠶᠢᠬᠠᠨ ᠲᠥᠮᠥᠰᠥ ᠶᠢᠨ ᠬᠤᠤᠷ ᠥᠬᠡᠶᠢᠳᠡᠭᠦᠯᠦᠭᠰᠡᠨ ᠴᠢᠬᠢ ᠶᠢ ᠦᠷᠡᠵᠢᠭᠦᠯᠦᠨ ᠪᠤᠶᠢᠵᠢᠭᠤᠯᠬᠤ ᠬᠠᠮᠤᠭ ᠤᠨ ᠰᠠᠶᠢᠨ ᠴᠠᠭ ᠦᠶ᠎ᠡ ᠳᠤ ᠪᠠᠶᠢᠵᠤ᠂ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠱᠠᠩᠳᠤ ᠰᠢᠶᠠᠨ ᠤ ᠥᠪᠥᠷ ᠮᠣᠩᠭᠤᠯ ᠤᠨ ᠰᠢ ᠰᠧᠨ ᠦᠷ᠎ᠡ ᠶᠢᠨ ᠦᠢᠯᠡᠰ ᠤᠨ ᠱᠠᠩᠳᠤ ᠶᠢᠨ ᠵᠣᠬᠢᠶᠠᠨ ᠪᠠᠶᠢᠭᠤᠯᠤᠨ ᠪᠤᠶᠢᠵᠢᠭᠤᠯᠬᠤ ᠲᠥᠪ ᠲᠤ ᠣᠷᠣᠬᠤ ᠳᠤ᠂ ᠠᠵᠢᠯᠲᠠᠳ ᠲᠠᠶᠢᠰᠠᠨ ᠤ ᠡᠮᠦᠨ᠎ᠡ ᠪᠥᠬᠦ ᠠᠩᠬᠠᠷᠤᠯ ᠢᠶᠠᠨ ᠲᠥᠪᠯᠡᠷᠡᠭᠦᠯᠦᠨ ᠲᠥᠮᠥᠰᠥ ᠶᠢᠨ ᠬᠤᠤᠷ ᠥᠬᠡᠶᠢᠳᠡᠭᠦᠯᠦᠭᠰᠡᠨ ᠴᠢᠬᠢ ᠶᠢ ᠦᠷᠡᠵᠢᠭᠦᠯᠦᠨ ᠪᠤᠶᠢᠵᠢᠭᠤᠯᠵᠤ ᠪᠠᠶᠢᠨ᠎ᠠ᠃ ᠲᠡᠳᠡ ᠠᠵᠢᠯᠯᠠᠬᠤ ᠲᠦᠷᠢᠮ ᠢ ᠴᠢᠩᠭ᠎ᠠ ᠵᠢᠷᠤᠮᠯᠠᠨ ᠨᠢᠯᠬ᠎ᠠ ᠴᠢᠬᠢ ᠶᠢ ︽ᠳᠠᠷᠢᠬᠤ︾ ᠶᠢ ᠯᠣᠩᠬᠤᠨ ᠠᠴᠠ ᠠᠰᠠᠭᠤᠵᠤ ᠯᠠᠪᠯᠠᠬᠤ ᠬᠥᠮᠦᠵᠢᠯ ᠤᠨ ᠰᠠᠭᠤᠷᠢ ᠳᠤ ᠬᠦᠷᠭᠡᠵᠦ᠂ ᠬᠥᠳᠡᠯᠦᠯ ᠪᠠᠷᠢᠯ ᠨᠢ ᠪᠣᠯᠪᠠᠰᠤᠷᠠᠩᠭᠤᠶ ᠪᠥᠭᠡᠳ ᠵᠢᠷᠤᠮᠵᠢᠯ ᠲᠠᠢ ᠪᠠᠶᠢᠯ᠎ᠠ᠃ ᠵᠣᠬᠢᠶᠠᠨ ᠪᠠᠶᠢᠭᠤᠯᠤᠨ ᠪᠤᠶᠢᠵᠢᠭᠤᠯᠬᠤ ᠲᠥᠪ ᠤᠨ ᠬᠥᠮᠦᠵᠢᠭᠦᠯᠬᠦ ᠲᠠᠰᠤᠭ ᠲᠠᠬᠢ ᠨᠢᠭᠡ ᠮᠥᠷ ᠨᠠᠷᠢᠯᠢᠭ ᠰᠠᠶᠢᠬᠠᠨ ᠪᠤᠯᠪᠠᠷᠠᠢ ᠰᠢᠯ ᠯᠣᠩᠬᠤᠨ ᠳᠤ᠂ ᠲᠥᠮᠥᠰᠥ ᠶᠢᠨ ᠬᠤᠣᠷ᠎ᠠ ᠦᠭᠡᠶᠢᠳᠡᠭᠦᠯᠦᠭᠰᠡᠨ ᠴᠢᠬᠢ ᠶᠢ ᠰᠢᠮ᠎ᠡ ᠲᠡᠵᠢᠭᠡᠯ ᠳᠣᠣᠷ᠎ᠠ᠂ ᠨᠠᠷᠢᠨ ᠤᠷᠲᠤ ᠦᠨᠳᠦᠰᠦ ᠪᠠ ᠡᠰᠢ ᠰᠦᠷᠡᠯ ᠲᠠᠢ᠂ ᠪᠤᠯᠪᠠᠷᠠᠢ ᠵᠥᠭᠡᠯᠡᠨ ᠨᠣᠭᠤᠭᠠᠨ ᠨᠠᠬᠢᠶ᠎ᠠ ᠭᠠᠷᠭᠠᠵᠤ ᠪᠠᠶᠢᠨ᠎ᠠ᠃    ᠲᠠᠨᠢᠯᠴᠠᠭᠤᠯᠤᠭᠰᠠᠨ ᠢᠶᠠᠷ᠂ ᠰᠢ ᠰᠧᠨ ᠦᠷ᠎ᠡ ᠶᠢᠨ ᠦᠢᠯᠡᠰ ᠤᠨ ᠱᠠᠩᠳᠤ ᠶᠢᠨ ᠵᠣᠬᠢᠶᠠᠨ ᠪᠠᠶᠢᠭᠤᠯᠤᠨ ᠪᠤᠶᠢᠵᠢᠭᠤᠯᠬᠤ ᠲᠥᠪ ᠲᠤ 3.15 ᠲᠦᠮᠡᠨ ᠲᠡᠭᠰᠢ ᠳᠥᠷᠪᠡᠯᠵᠢᠨ ᠮᠧᠳ᠋ᠷ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ ᠲᠠᠢ᠂ ᠡᠭᠦᠨ ᠤ ᠬᠠᠮᠲᠤ ᠪᠢᠴᠢᠯ ᠬᠡᠯᠪᠡᠷᠢ ᠶᠢᠨ ᠲᠥᠮᠥᠰᠥ ᠶᠢᠨ ᠲᠣᠭᠲᠠᠮᠠᠯ ᠳᠤᠯᠠᠭᠠᠨ ᠬᠠᠳᠠᠭᠠᠯᠠᠬᠤ ᠬᠥᠮᠥᠷᠭᠡ ᠶᠢ 0.4 ᠲᠦᠮᠡᠨ ᠲᠡᠭᠰᠢ ᠳᠥᠷᠪᠡᠯᠵᠢᠨ ᠮᠧᠳ᠋ᠷ ᠢᠵᠢ ᠪᠦᠷᠢᠳᠦᠭᠦᠯᠦᠨ ᠪᠠᠶᠢᠭᠤᠯᠵᠤ᠂ ᠢᠯᠭᠠᠬᠤ ᠦᠢᠯᠡᠳᠪᠦᠷᠢ ᠶᠢᠨ ᠲᠠᠰᠤᠭ 0.4 ᠲᠦᠮᠡᠨ ᠲᠡᠭᠰᠢ ᠳᠥᠷᠪᠡᠯᠵᠢᠨ ᠮᠧᠳ᠋ᠷ ᠪᠠᠶᠢᠨ᠎ᠠ᠃ ᠲᠣᠰ ᠪᠣᠯᠪᠠᠰᠤᠷᠠᠭᠤᠯᠬᠤ ᠲᠥᠪ ᠨᠢ ᠵᠢᠯ ᠪᠦᠷᠢ 1.5 ᠳ᠋ᠦᠩᠰᠢᠭᠤᠷ ᠰᠠᠭᠤᠷᠢ ᠬᠤᠣᠷ ᠦᠭᠡᠶᠢᠳᠡᠭᠦᠯᠦᠭᠰᠡᠨ ᠴᠢᠬᠢ ᠶᠢ ᠦᠷᠡᠵᠢᠭᠦᠯᠦᠨ ᠪᠤᠶᠢᠵᠢᠭᠤᠯᠵᠤ᠂ 4 ᠳ᠋ᠦᠩᠰᠢᠭᠤᠷ ᠮᠥ ᠨᠢ ᠬᠤᠣᠷ ᠦᠭᠡᠶᠢᠳᠡᠭᠦᠯᠦᠭᠰᠡᠨ ᠤᠤᠯ ᠡᠭᠦᠯᠳᠡᠷ ᠢ ᠦᠢᠯᠡᠳᠪᠦᠷᠢᠯᠡᠵᠦ᠂ 8 ᠲᠦᠮᠡᠨ ᠮᠦ ᠤᠤᠯ ᠦᠷ᠎ᠡ ᠶᠢᠨ ᠲᠠᠷᠢᠶᠠᠨ ᠳᠤ ᠬᠡᠷᠡᠭᠯᠡᠬᠦ ᠦᠷ᠎ᠡ ᠶᠢ ᠬᠠᠩᠭᠠᠵᠤ᠂ 120 ᠲᠦᠮᠡᠨ ᠮᠦ ᠨᠢᠭᠡᠳᠦᠭᠡᠷ ᠳᠡᠰ ᠤᠨ ᠦᠷ᠎ᠡ ᠶᠢᠨ ᠲᠥᠮᠥᠰᠥ ᠶᠢᠨ ᠲᠠᠷᠢᠶᠠᠨ ᠳᠤ ᠬᠡᠷᠡᠭᠯᠡᠬᠦ ᠦᠷ᠎ᠡ ᠪᠣᠯᠬᠤ ᠪᠥᠭᠡᠳ ᠣᠳᠣᠬᠠᠨ ᠤ ᠤᠯᠤᠰ ᠤᠨ ᠳᠣᠲᠣᠭᠠᠳᠤ ᠶᠢᠨ ᠬᠠᠮᠤᠭ ᠤᠨ ᠶᠡᠭᠡ ᠣᠳᠣᠬᠢᠴᠢᠯᠠᠭᠰᠠᠨ ᠳᠤᠭᠤᠶᠢᠯᠠᠩ ᠤᠨ ᠪᠣᠯᠪᠠᠰᠤᠷᠠᠭᠤᠯᠤᠯ ᠤᠨ ᠲᠥᠪ ᠪᠣᠯᠣᠨ᠎ᠠ᠃    ᠱᠠᠩᠳᠤ ᠰᠢᠶᠠᠨ ᠪᠣᠯ ᠤᠯᠠᠭᠠᠨᠴᠠᠪ ᠬᠤᠲᠠ ᠶᠢᠨ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠬᠡᠷᠡᠯ ᠤᠨ ᠲᠤᠰᠤᠯᠲᠠ ᠭᠦᠢᠴᠡᠳ᠂ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠪᠠ ᠠᠮᠢᠲᠠᠨ ᠤ ᠬᠢᠵᠢᠭ ᠡᠪᠡᠳᠴᠢᠨ ᠬᠠᠷᠢᠴᠠᠩᠭᠤᠶ ᠪᠠᠷ ᠨᠡᠯᠢᠶᠡᠳ ᠬᠥᠩᠭᠡᠨ ᠪᠠᠶᠢᠵᠤ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠠ ᠣᠷᠭᠠᠨᠢᠭ ᠲᠠᠷᠢᠶᠠᠯᠠᠩ ᠢ ᠬᠥᠭᠵᠢᠭᠦᠯᠬᠦ ᠪᠠᠶᠢᠭᠠᠯᠢ ᠶᠢᠨ ᠳᠠᠪᠠᠭᠤᠯᠢᠭ ᠨᠥᠬᠦᠴᠡᠯ ᠲᠠᠢ ᠶᠤᠮ᠂ ᠢᠯᠠᠩᠭᠤᠶ᠎ᠠ ᠦᠢᠯᠡᠳᠪᠦᠷᠢᠯᠡᠭᠰᠡᠨ ᠦᠷ᠎ᠡ ᠶᠢᠨ ᠲᠥᠮᠥᠰᠥ ᠨᠢ ᠶᠠᠰᠤ ᠴᠢᠨᠠᠷ ᠢᠶᠠᠷ ᠥᠨᠳᠥᠷ᠂ ᠡᠪᠡᠳᠴᠢᠨ ᠢ ᠡᠰᠡᠷᠭᠦᠴᠡᠬᠦ ᠴᠢᠳᠠᠪᠤᠷᠢ ᠪᠠᠷ ᠴᠢᠩᠭ᠎ᠠ᠂ ᠤᠨᠠᠯᠲᠠ ᠶᠢ ᠨᠡᠮᠡᠭᠳᠡᠭᠦᠯᠬᠦ ᠳᠠᠯᠳᠠ ᠬᠦᠴᠦᠨ ᠢᠶᠠᠷ ᠶᠡᠭᠡ ᠵᠡᠷᠭᠡ ᠣᠨᠴᠠᠯᠢᠭ ᠲᠠᠢ᠃    ᠣᠶᠢᠷ᠎ᠠ ᠶᠢᠨ ᠵᠢᠯ ᠠᠴᠠ ᠨᠠᠰᠢ᠂ ᠱᠠᠩᠳᠤ ᠰᠢᠶᠠᠨ ︽ᠳᠤᠮᠳᠠᠳᠤ ᠤᠯᠤᠰ ᠤᠨ ᠲᠥᠮᠥᠰᠥ ᠶᠢᠨ ᠲᠥᠪ︾ ᠤᠨ ᠭᠤᠤᠯ ᠲᠠᠷᠢᠮᠠᠯ ᠤᠨ ᠣᠷᠣᠨ ᠳᠤ ᠲᠦᠰᠢᠭᠯᠡᠨ᠂ ᠤᠯᠤᠰ ᠤᠨ ᠲᠥᠮᠥᠰᠥ ᠶᠢ ᠭᠤᠤᠯ ᠠᠮᠤ ᠪᠤᠳᠠᠭ᠎ᠠ ᠪᠣᠯᠭᠠᠬᠤ ᠪᠠᠶᠢᠯᠳᠤᠬᠤ ᠪᠣᠳᠣᠯᠭ᠎ᠠ ᠪᠠᠷ ᠠᠵᠠ ᠲᠣᠬᠢᠶᠠᠯ ᠪᠣᠯᠭᠠᠵᠤ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠤᠷᠠᠳᠤᠭᠰᠠᠨ ︽ᠨᠣᠬᠠᠢ ᠶᠢᠨ ᠬᠤᠰᠢᠭᠤ ᠨᠣᠭᠤᠭ᠎ᠠ ᠲᠥᠮᠥᠰᠥ᠂ ᠠᠯᠠᠰᠢᠨ ᠦᠬᠡᠷ ᠠᠯᠠᠰᠢᠨ ᠬᠤᠨᠢ ᠰᠦ︾ ᠵᠡᠷᠭᠡ ᠵᠢᠷᠭᠤᠭᠠᠨ ᠶᠡᠭᠡ ᠠᠵᠤ ᠦᠢᠯᠡᠰ ᠤᠨ ᠬᠥᠭᠵᠢᠯᠲᠡ ᠶᠢᠨ ᠶᠡᠷᠦᠩᠬᠡᠶ ᠰᠡᠳᠬᠢᠮᠵᠢ ᠶᠣᠰᠣᠭᠠᠷ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠷ᠎ᠡ ᠶᠢᠨ ᠲᠥᠮᠥᠰᠥ ᠶᠢ ᠰᠤᠳᠤᠯᠤᠨ ᠨᠡᠭᠡᠭᠡᠬᠦ᠂ ᠪᠦᠲᠦᠭᠡᠭᠳᠡᠬᠦᠨ ᠢ ᠠᠷᠠᠯᠵᠢᠶᠠᠯᠠᠬᠤ ᠪᠠ ᠳᠡᠯᠭᠡᠨ ᠦᠵᠡᠭᠦᠯᠬᠦ ᠶᠢ ᠨᠢᠭᠡ ᠴᠣᠭᠴᠠᠵᠢᠭᠤᠯᠤᠭᠰᠠᠨ ᠤᠯᠤᠰ ᠤᠨ ᠣᠷᠣᠨ ᠪᠦᠰᠡ ᠶᠢᠨ ᠴᠢᠨᠠᠷᠲᠠᠶ ᠲᠥᠮᠥᠰᠥ ᠶᠢᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠪᠠ᠃ ᠡᠭᠦᠨ ᠤ ᠬᠠᠮᠲᠤ᠂ ᠯᠠᠨ ᠸᠧᠢ ᠰᠧ ᠳ᠋ᠦᠨ᠂ ᠰᠢ ᠰᠧᠨ᠂ ᠯᠠᠨ ᠲᠢᠶᠠᠨ᠂ ᠺᠧ ᠳ᠋ᠦ᠋ ᠲᠥᠮᠥᠰᠥ ᠶᠢᠨ ᠦᠢᠯᠡᠰ᠂ ᠳ᠋ᠧ ᠢ ᠨᠠᠷᠢᠨ ᠹᠧᠨᠲ᠋ᠢᠶᠣᠣᠷ᠂ ᠢ ᠶᠤᠸᠠᠨ ᠼᠤᠤ ᠶᠢᠨ ᠦᠢᠯᠡᠰ ᠵᠡᠷᠭᠡ ᠲᠥᠮᠥᠰᠥ ᠶᠢ ᠨᠠᠷᠢᠯᠢᠭ ᠭᠦᠨᠵᠡᠭᠡᠢ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠺᠣᠮᠫᠠᠨᠢ ᠶᠢᠨ ᠰᠠᠭᠤᠷᠢᠨ ᠭᠠᠵᠠᠷ ᠤᠨ ᠬᠤᠷᠰᠢᠶ᠎ᠠ ᠲᠠᠷᠢᠶᠠᠴᠢᠨ ᠡᠷᠦᠬᠡ ᠶᠢᠨ ᠲᠠᠷᠢᠮᠠᠯ ᠤᠨ ᠵᠠᠭᠪᠤᠷ ᠢ ᠠᠪᠴᠤ᠂ ᠪᠦᠬᠦ ᠰᠢᠶᠠᠨ ᠤ ᠲᠥᠮᠥᠰᠥ ᠶᠢᠨ ᠠᠵᠤ ᠦᠢᠯᠡᠰ ᠤᠨ ᠲᠠᠰᠤᠷᠠᠯᠲᠠ ᠦᠭᠡᠢ ᠤᠷᠤᠭᠰᠢ ᠬᠥᠭᠵᠢᠬᠦ ᠶᠢ ᠲᠠᠶᠢᠴᠢᠯᠠᠪᠠ᠃    ᠶᠠᠭ ᠶᠡᠬᠡᠪᠡᠷ ᠠᠬᠢᠭᠤᠯᠵᠤ ᠪᠠᠶᠢᠭ᠎ᠠ ᠵᠢᠤᠢ ᠬᠤᠩ ᠲᠥᠮᠥᠰᠥ ᠶᠢᠨ ᠪᠣᠬᠢᠷᠲᠤᠯ ᠥᠬᠡᠶ ᠵᠢᠵᠢᠭ ᠪᠠᠯᠭᠠᠰᠤᠨ ᠤ ᠲᠥᠷᠥᠯ ᠵᠦᠶ᠋ᠯ ᠪᠣᠯ ᠲᠤᠬᠠᠶ ᠶᠢᠨ ᠭᠠᠵᠠᠷ ᠤᠨ ᠲᠥᠮᠥᠰᠥ ᠶᠢᠨ ᠠᠵᠤ ᠦᠶ᠋ᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠠᠨᠢᠯᠴᠠᠭᠤᠯᠤᠭᠰᠠᠨ ᠢᠶᠠᠷ᠂ ᠵᠢᠵᠢᠭ ᠪᠠᠯᠭᠠᠰᠤᠨ ᠤ ᠭᠤᠣᠯ ᠣᠷᠣᠨ ᠪᠦᠰᠡ 5.5 ᠲᠡᠭᠰᠢ ᠳᠥᠷᠪᠡᠯᠵᠢᠨ ᠺᠢᠯᠣᠮᠧᠳ᠋ᠷ᠂ ᠶᠡᠷᠦᠩᠬᠡᠢ ᠪᠠᠷᠢᠯᠭ᠎ᠠ ᠶᠢᠨ ᠲᠠᠯᠠᠪᠠᠢ 37.1 ᠲᠦᠮᠡᠨ ᠲᠡᠭᠰᠢ ᠳᠥᠷᠪᠡᠯᠵᠢᠨ ᠮᠧᠳ᠋ᠷ ᠪᠠᠶᠢᠵᠤ᠂ ᠱᠠᠩᠳᠤ ᠰᠢᠶᠠᠨ ᠤ ᠲᠥᠮᠥᠰᠥ ᠶᠢᠨ ᠠᠵᠤ ᠦᠢᠯᠡᠰ ᠤᠨ ᠳᠠᠪᠠᠭᠤᠯᠢᠭ ᠨᠥᠬᠦᠴᠡᠯ ᠢ ᠭᠦᠢᠴᠡᠳ ᠠᠰᠢᠭᠯᠠᠵᠤ᠂ ᠴᠢ ᠲᠠᠢ ᠪᠠᠯᠭᠠᠰᠤᠨ ᠤ ᠴᠢᠨᠠᠷ ᠰᠠᠶᠢᠲᠠᠢ ᠭᠠᠵᠠᠷ ᠵᠦᠢ ᠶᠢᠨ ᠣᠷᠴᠢᠨ ᠲᠣᠭᠤᠷᠢᠨ ᠳᠤ ᠲᠦᠰᠢᠭᠯᠡᠨ᠂ ᠲᠥᠮᠥᠰᠥ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ᠂ ᠡᠳ᠋ᠰᠢᠭᠦᠯᠦᠨ ᠪᠣᠯᠪᠠᠰᠤᠷᠠᠭᠤᠯᠬᠤ ᠵᠢᠱᠢᠶ᠎ᠡ ᠦᠵᠡᠭᠦᠯᠬᠦ ᠲᠠᠪᠴᠠᠩ ᠪᠠ ᠪᠦᠬᠦ ᠠᠵᠤ ᠦᠢᠯᠡᠰ ᠤᠨ ᠦᠢᠯᠡᠴᠢᠯᠡᠭᠡᠨ ᠤ ᠲᠠᠪᠴᠠᠩ ᠢ ᠬᠦᠴᠦᠯᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ᠂ ᠲᠠᠷᠢᠶᠠᠯᠠᠩ ᠤᠨ ᠦᠢᠯᠡᠳᠪᠦᠷᠢᠯᠡᠯ᠂ ᠲᠥᠮᠥᠰᠥ ᠡᠳ᠋ᠰᠢᠭᠦᠯᠬᠦ᠂ ᠡᠯᠧᠺᠳ᠋ᠷᠣᠨ ᠬᠤᠳᠠᠯᠳᠤᠭᠠᠨ ᠤ ᠪᠠᠷᠠᠭᠠᠨ ᠤ ᠭᠦᠢᠯᠭᠡᠭᠡ᠂ ᠡᠷᠡᠭᠦᠯ ᠮᠡᠨᠳᠦ ᠪᠡᠶ᠎ᠡ ᠰᠤᠪᠢᠯᠠᠯᠲᠠ᠂ ᠠᠮᠢ ᠠᠬᠤᠢ ᠶᠢᠨ ᠵᠢᠭᠤᠯᠴᠢᠯᠠᠯ ᠢ ᠨᠢᠭᠡ ᠴᠣᠭᠴᠠᠵᠢᠭᠤᠯᠤᠭᠰᠠᠨ ᠣᠨᠴᠠᠯᠢᠭᠲᠤ ᠵᠢᠵᠢᠭ ᠪᠠᠯᠭᠠᠰᠤ ᠶᠢ ᠪᠠᠶᠢᠭᠤᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠵᠢᠭ ᠪᠠᠯᠭᠠᠰᠤ ᠵᠢᠱᠢᠯᠲᠡ ᠪᠠᠷ 4.5 ᠲᠦᠮᠡᠨ ᠬᠥᠮᠦᠨ ᠢ ᠪᠠᠭᠲᠠᠭᠠᠵᠤ᠂ ᠰᠢᠭᠤᠳ ᠠᠵᠢᠯ ᠣᠯᠭᠤᠯᠲᠠ ᠶᠢᠨ ᠠᠵᠢᠯ ᠤᠨ ᠪᠠᠶᠢᠷᠢ ᠪᠠᠷᠤᠭ 8000 ᠨᠡᠮᠡᠭᠳᠡᠵᠦ᠂ ᠡᠷᠬᠢᠨ ᠲᠣᠭᠤᠷᠢᠨ ᠤ ᠬᠠᠮᠢᠶ᠎ᠠ ᠪᠥᠬᠦᠶ ᠠᠵᠤ ᠦᠢᠯᠡᠰ ᠤᠨ ᠬᠥᠭᠵᠢᠯᠲᠡ ᠶᠢ ᠨᠥᠯᠥᠭᠡᠯᠡᠨ ᠳᠠᠶᠢᠴᠢᠯᠠᠬᠤ ᠪᠣᠯᠤᠨ᠎ᠠ᠃    ᠣᠳᠣᠬᠠᠨ ᠳᠤ᠂ ᠱᠠᠩᠳᠤ ᠰᠢᠶᠠᠨ ᠨᠢᠭᠡᠨᠲᠡ ︽ᠬᠤᠤᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠶᠢᠨ ᠰᠦᠯᠢᠶᠣᠣ ᠪᠦᠷᠬᠦᠪᠴᠢ ᠶᠢ ᠪᠦᠷᠬᠦᠵᠦ ᠨᠠᠶᠢᠷᠠᠯᠭ᠎ᠠ ᠲᠠᠢ ᠪᠤᠷᠳᠤᠭᠤᠷ ᠣᠷᠣᠭᠤᠯᠬᠤ ᠶᠢ ᠨᠢᠭᠡᠳᠦᠯᠲᠡᠶ ᠰᠡᠷᠭᠡᠶᠢᠯᠡᠨ ᠵᠠᠰᠠᠬᠤ ᠮᠠᠰᠢᠨᠴᠢᠯᠠᠭᠰᠠᠨ ᠲᠠᠷᠢᠶᠠᠯᠠᠭ᠎ᠠ︾ ᠶᠢᠨ ᠦᠢᠯᠡᠳᠪᠦᠷᠢᠯᠡᠯ ᠤᠨ ᠰᠢᠰᠲ᠋ᠧᠮ ᠢ ᠪᠠᠶᠢᠭᠤᠯᠵᠤ᠂ ᠬᠤᠣᠷ ᠢ ᠨᠢ ᠠᠷᠢᠯᠭᠠᠵᠤ ᠦᠷᠡᠵᠢᠭᠦᠯᠦᠨ ᠪᠤᠶᠢᠵᠢᠭᠤᠯᠬᠤ᠂ ᠰᠠᠭᠤᠷᠢᠨᠵᠢᠭᠤᠯᠤᠨ ᠲᠠᠷᠢᠬᠤ᠂ ᠬᠡᠪᠴᠢᠶᠡᠵᠢᠭᠦᠯᠦᠨ ᠡᠳ᠋ᠰᠢᠭᠦᠯᠬᠦ᠂ ᠣᠳᠣᠬᠢᠴᠢᠯᠠᠭᠰᠠᠨ ᠬᠠᠳᠠᠭᠠᠯᠠᠬᠤ᠂ ᠨᠡᠶᠢᠭᠡᠮᠴᠢᠯᠡᠨ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠲᠥᠮᠥᠰᠥ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠦᠨᠳᠦᠰᠦᠨ ᠳᠡᠭᠡᠨ ᠪᠦᠷᠢᠯᠳᠦᠭᠦᠯᠪᠡ᠃ ᠵᠢᠯ ᠪᠦᠷᠢ 40 ᠲᠦᠮᠡᠨ ᠲᠤᠨ ᠲᠦᠮᠦᠰᠦᠨ ᠤ ᠰᠤᠷᠭᠤᠭ ᠲᠦᠮᠦᠰᠦ ᠪᠤᠯᠪᠠᠰᠤᠷᠠᠭᠤᠯᠵᠦ᠂ ᠹᠷᠠᠨᠼᠢ ᠮᠠᠶ᠋ᠢᠭ ᠤᠨ ᠲᠦᠮᠦᠰᠦᠨ ᠤ ᠬᠡᠷᠴᠢᠮᠡᠯ ᠲᠦᠮᠦᠰᠦ ᠶᠢ 5 ᠲᠦᠮᠡᠨ ᠲᠤᠨ᠂ ᠪᠦᠬᠦ ᠨᠤᠨᠳᠠᠭ ᠢ 2 ᠲᠦᠮᠡᠨ ᠲᠤᠨ᠂ ᠨᠠᠷᠢᠯᠢᠬ ᠴᠠᠷᠳᠠᠭᠤᠯ ᠢ 2 ᠲᠦᠮᠡᠨ ᠲᠤᠨ ᠂ ᠰᠢᠮ᠎ᠡ ᠳᠡᠵᠢᠭᠡᠯᠲᠦ ᠼᠤᠤ ᠶᠢ 1.2 ᠲᠦᠮᠡᠨ ᠲᠤᠨ᠂ ᠬᠦᠯᠳᠡᠭᠡᠭᠰᠡᠨ ᠲᠦᠮᠦᠰᠦᠨ ᠤ ᠪᠦᠲᠦᠭᠡᠭᠳᠡᠭᠦᠨ ᠢ 0.6 ᠲᠦᠮᠡᠨ ᠲᠤᠨ᠂ ᠴᠠᠰᠤᠨ ᠴᠡᠴᠡᠭ ᠤᠨ ᠲᠤᠭᠤᠰᠤ 0.5 ᠲᠦᠮᠡᠨ ᠲᠤᠨ᠂ ᠨᠤᠨᠳᠠᠭ ᠠᠷᠠᠰᠦ ︵ᠰᠢᠷᠬᠡᠭ︶ ᠶᠢ 0.4 ᠲᠦᠮᠡᠨ ᠲᠤᠨ ᠪᠤᠯᠪᠠᠰᠤᠷᠠᠭᠤᠯᠵᠦ᠂ ︽ᠨᠠᠷᠢᠯᠢᠬ ᠴᠠᠷᠳᠠᠭᠤᠯ - ᠰᠡᠯᠡᠭᠦᠴᠡᠯ ᠤᠨ ᠢᠳᠡᠭᠡᠨ︾ ᠢ ᠠᠩᠬ᠎ᠠ ᠠᠯᠬᠤᠮ ᠪᠤᠢ ᠪᠤᠯᠭᠠᠵᠦ ᠪᠤᠯᠤᠨ᠎ᠠ᠃ ᠪᠦᠬᠦ ᠰᠢᠶᠠᠨ ᠳᠤ 20 ᠲᠣᠨ ᠠᠴᠠ 60 ᠲᠣᠨ ᠬᠠᠳᠠᠭᠠᠯᠠᠬᠤ ᠵᠣᠭᠤᠷᠢ 83 ᠰᠠᠭᠤᠷᠢ᠂ 60 - 100 ᠲᠣᠨ 316 ᠰᠠᠭᠤᠷᠢ᠂ 100 ᠲᠣᠨ ᠠᠴᠠ ᠳᠡᠭᠡᠭᠰᠢ 7 ᠰᠠᠭᠤᠷᠢ᠂ 5 ᠲᠦᠮᠡᠨ ᠲᠣᠨ ᠰᠠᠯᠬᠢ ᠨᠡᠪᠲᠡᠷᠡᠭᠦᠯᠬᠦ ᠬᠥᠮᠥᠷᠭᠡ 4 ᠰᠠᠭᠤᠷᠢ ᠪᠠᠶᠢᠭᠤᠯᠵᠤ᠂ ᠲᠠᠷᠢᠶᠠᠴᠢᠨ ᠡᠷᠦᠬᠡ ᠶᠢᠨ ᠵᠢᠵᠢᠭ ᠬᠡᠯᠪᠡᠷᠢ ᠶᠢᠨ ᠬᠠᠳᠠᠭᠠᠯᠠᠬᠤ ᠵᠣᠭᠤᠷᠢ ᠶᠢ ᠨᠡᠮᠡᠵᠦ᠂ ᠲᠥᠮᠥᠰᠥ ᠶᠢᠨ ᠶᠡᠷᠦᠩᠬᠡᠶ ᠬᠥᠮᠥᠷᠭᠡ ᠶᠢᠨ ᠴᠢᠳᠠᠪᠤᠷᠢ ᠶᠢ 45 ᠲᠦᠮᠡᠨ ᠲᠣᠨ ᠳᠤ ᠬᠦᠷᠭᠡᠪᠡ᠃    ᠡᠭᠦᠨ ᠤ ᠬᠠᠮᠲᠤ ᠱᠠᠩᠳᠤ ᠰᠢᠶᠠᠨ ᠳᠤ ᠪᠠᠰᠠ ᠲᠥᠮᠥᠰᠥ ᠡᠵᠡᠩᠨᠡᠨ ᠪᠣᠷᠣᠯᠠᠭᠤᠯᠬᠤ ᠨᠡᠶᠢᠭᠡᠮᠯᠢᠭ 10᠂ ᠲᠠᠷᠢᠶᠠᠴᠢᠨ ᠤ ᠲᠤᠰᠬᠠᠶ ᠬᠤᠷᠰᠢᠶ᠎ᠠ 66᠂ ᠡᠵᠡᠩᠨᠡᠨ ᠪᠣᠷᠣᠯᠠᠭᠤᠯᠬᠤ ᠲᠣᠮᠣ ᠡᠷᠦᠬᠡ 560᠂ ᠡᠵᠡᠩᠨᠡᠨ ᠪᠣᠷᠣᠯᠠᠭᠤᠯᠬᠤ ᠠᠵᠢᠯᠲᠠᠨ 1460 ᠬᠥᠮᠦᠨ ᠪᠠᠶᠢᠵᠤ᠂ ᠵᠢᠯ ᠳᠤ ᠳᠤᠮᠳᠠᠴᠢ ᠪᠠᠷ 20 ᠲᠦᠮᠡᠨ ᠲᠣᠨ ᠰᠢᠨ᠎ᠡ ᠰᠣᠷᠭᠤᠭ ᠲᠥᠮᠥᠰᠥ ᠪᠣᠷᠣᠯᠠᠭᠤᠯᠵᠤ᠂ ᠭᠤᠣᠯᠳᠠᠭᠤ ᠪᠡᠭᠡᠵᠢᠩ᠂ ᠲᠢᠶᠠᠨᠵᠢᠨ᠂ ᠾᠧᠨᠠᠨ᠂ ᠱᠠᠨᠳᠦ᠋ᠩ᠂ ᠭᠤᠸᠠᠩᠳᠦ᠋ᠩ᠂ ᠵᠢᠶᠠᠩᠰᠦ ᠵᠡᠷᠭᠡ ᠭᠠᠵᠠᠷ ᠲᠤ ᠪᠣᠷᠣᠯᠠᠭᠤᠯᠵᠤ᠂ ᠪᠠᠰᠠ ᠨᠢᠭᠡ ᠪᠦᠯᠦᠭ ᠢ ᠨᠢ ᠣᠷᠣᠰ᠂ ᠮᠣᠩᠭᠤᠯ ᠵᠡᠷᠭᠡ ᠤᠯᠤᠰ ᠲᠤ ᠭᠠᠷᠭᠠᠵᠤ ᠪᠠᠶᠢᠪᠠ᠃ 2021 ᠣᠨ ᠤ ᠡᠴᠦᠰ ᠲᠤ᠂ ᠱᠠᠩᠳᠤ ᠰᠢᠶᠠᠨ ᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠤᠯᠤᠰ ᠤᠨ ᠲᠥᠮᠥᠰᠥ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠨᠡᠶᠢᠲᠡᠯᠢᠭ ᠰᠢᠶᠠᠨ ᠢᠶᠠᠷ ᠲᠣᠭᠲᠠᠭᠠᠪᠠ᠃    ᠲᠠᠷᠠᠭᠠᠴᠢ ᠶᠢᠨ ᠠᠯᠬᠤᠮ ᠳᠤ᠂ ᠱᠠᠩᠳᠤ ᠰᠢᠶᠠᠨ ᠰᠢ ᠰᠧᠨ ᠺᠣᠮᠫᠠᠨᠢ ᠶᠢᠨ ᠲᠥᠮᠥᠰᠥ ᠶᠢᠨ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠬᠤ ᠰᠢᠨ᠎ᠡ ᠶᠢ ᠡᠭᠦᠳᠬᠦ ᠶᠢ ᠳᠡᠮᠵᠢᠬᠦ ᠪᠠᠨ ᠴᠢᠩᠭᠠᠳᠬᠠᠵᠤ᠂ ᠬᠠᠭᠤᠷᠠᠶ ᠪᠠᠷ ᠳᠠᠷᠢᠬᠤ ᠲᠥᠮᠥᠰᠥ ᠶᠢᠨ ᠰᠠᠶᠢᠨ ᠡᠭᠦᠯᠳᠡᠷ ᠢ ᠥᠷᠭᠡᠳᠬᠡᠨ ᠦᠷᠡᠵᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠯᠠᠨ ᠲᠢᠶᠠᠨ ᠹᠦ᠋ ᠵᠢᠩ ᠲᠠᠩ ᠲᠥᠮᠥᠰᠥ ᠶᠢ ᠨᠠᠷᠢᠯᠢᠭ ᠭᠦᠨᠵᠡᠭᠡᠶ ᠡᠳ᠋ᠰᠢᠭᠦᠯᠬᠦ ᠪᠥᠬᠦ ᠠᠵᠤ ᠦᠶ᠋ᠯᠡᠰ ᠤᠨ ᠬᠡᠯᠬᠢᠶ᠎ᠡ ᠶᠢᠨ ᠲᠥᠷᠥᠯ ᠵᠦᠶ᠋ᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠬᠤᠪᠢᠷᠠᠮᠠᠯ ᠴᠠᠷᠳᠠᠭᠤᠯ ᠵᠡᠷᠭᠡ ᠬᠡᠷᠡᠭᠯᠡᠭᠡᠨ ᠤ ᠡᠳ᠋ᠰᠢᠭᠦᠯᠬᠦ ᠲᠥᠷᠥᠯ ᠵᠦᠶ᠋ᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠲᠥᠮᠥᠰᠥ ᠶᠢᠨ ᠠᠵᠤ ᠦᠶ᠋ᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠲᠥᠮᠥᠰᠥ ᠶᠢᠨ ᠠᠵᠤ ᠦᠶ᠋ᠯᠡᠰ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠤᠨ᠎ᠠ᠃    
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2