ᠲᠦᠮᠦᠰᠦ᠄  ᠱᠠᠩᠳᠤ ᠰᠢᠶᠠᠨ ᠤ ᠹᠦ᠋ ᠵᠢᠩ ᠲᠠᠩ ᠲᠥᠮᠥᠰᠥ ᠶᠢᠨ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2023/10/17
  ᠹᠦ᠋ ᠵᠢᠩ ᠲᠠᠩ ᠲᠥᠮᠥᠰᠥ ᠶᠢᠨ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠥᠮᠥᠰᠥ ᠶᠢᠨ ᠠᠵᠤ ᠦᠢᠯᠡᠰ ᠤᠨ ᠲᠦᠷᠦᠯ ᠵᠦᠢᠯ 200 ᠮᠦ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 6.5 ᠳ᠋ᠦᠩᠰᠢᠭᠤᠷ ᠲᠥᠭᠦᠷᠢᠭ ᠪᠣᠯᠤᠨ᠎ᠠ᠃ ᠡᠭᠦᠨ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 5.5 ᠳ᠋ᠦᠩᠰᠢᠭᠤᠷ ᠲᠥᠭᠦᠷᠢᠭ᠂ ᠡᠷᠭᠢᠯᠲᠡ ᠶᠢᠨ ᠪᠡᠯᠡ ᠮᠥᠩᠭᠦ 1 ᠳ᠋ᠦᠩᠰᠢᠭᠤᠷ ᠲᠥᠭᠦᠷᠢᠭ᠂ ᠲᠥᠷᠥᠯ ᠵᠦᠢᠯ ᠢ ᠬᠤᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠡᠭᠦᠨ ᠳᠤ᠂ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠨᠢ ᠣᠲᠣ ᠨᠢᠭᠡᠨᠲᠡ ᠪᠥᠬᠦ ᠲᠠᠯ᠎ᠠ ᠪᠠᠷ ᠳᠠᠭᠤᠰᠴᠠᠢ ︵ᠦᠢᠯᠡᠳᠪᠦᠷᠢ ᠶᠢᠨ ᠪᠠᠶᠢᠰᠢᠩ ᠪᠠ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ 10 ᠲᠦᠮᠡᠨ ᠲᠣᠨ ᠴᠠᠷᠳᠠᠭᠤᠯ ᠤᠨ ᠡᠳ᠋ᠰᠢᠭᠦᠯᠦᠯᠲᠡ ᠶᠢᠨ ᠦᠢᠯᠡᠳᠪᠦᠷᠢᠯᠡᠯ ᠤᠨ ᠱᠤᠭᠤᠮ ᠢ ᠪᠡᠶᠡᠯᠡᠭᠦᠯᠬᠦ᠂ ᠵᠢᠯ ᠳᠤ 1 ᠲᠦᠮᠡᠨ ᠲᠣᠨ ᠲᠥᠮᠥᠰᠥ ᠢᠳᠡᠭᠡᠨ ᠤ ᠲᠠᠰ ᠤᠨ ᠤᠭᠤᠷᠠᠭ ᠤᠨ ᠦᠢᠯᠡᠳᠪᠦᠷᠢᠯᠡᠯ ᠤᠨ ᠱᠤᠭᠤᠮ ᠢ ᠭᠠᠷᠭᠠᠨ ᠠᠪᠤᠨ᠎ᠠ︶︔ ᠬᠤᠶᠠᠳᠤᠭᠠᠷ ᠬᠤᠭᠤᠴᠠᠭᠠᠨ ᠤ ᠢᠨᠵᠧᠨᠧᠷᠢᠩ ︵2024 ᠣᠨ ᠤ 5 ᠰᠠᠷ᠎ᠠ - 2025 ᠣᠨ ᠤ 5 ᠰᠠᠷ᠎ᠠ︶ 10 ᠲᠦᠮᠡᠨ ᠲᠣᠨ ᠴᠠᠷᠳᠠᠭᠤᠯ ᠤᠨ ᠡᠳ᠋ᠰᠢᠭᠦᠯᠦᠯᠲᠡ ᠶᠢᠨ ᠱᠤᠭᠤᠮ ᠢ ᠪᠡᠶᠡᠯᠡᠭᠦᠯᠵᠦ᠂ ᠵᠢᠯ ᠳᠤ 5000 ᠲᠣᠨ ᠲᠥᠮᠥᠰᠥᠨ ᠤ ᠢᠳᠡᠭᠡᠨ ᠤ ᠲᠠᠰ ᠤᠨ ᠢᠳᠡᠭᠡᠨ ᠤ ᠰᠢᠷᠬᠡᠭ ᠢ ᠭᠠᠷᠭᠠᠨ ᠠᠪᠬᠤ ᠦᠢᠯᠡᠳᠪᠦᠷᠢᠯᠡᠯ ᠤᠨ ᠱᠤᠭᠤᠮ ᠢ ᠪᠡᠶᠡᠯᠡᠭᠦᠯᠵᠦ᠂ 10 ᠲᠦᠮᠡᠨ ᠲᠣᠨ ᠲᠥᠮᠥᠰᠥ ᠶᠢᠨ ᠲᠣᠬᠢᠷᠠᠭᠤᠯᠬᠤ ᠪᠠ ᠨᠤᠨᠲᠠᠭ ᠦᠢᠯᠡᠳᠪᠦᠷᠢᠯᠡᠯ ᠤᠨ ᠱᠤᠭᠤᠮ ᠢ ᠪᠡᠶᠡᠯᠡᠭᠦᠯᠦᠨ᠎ᠡ᠃    ᠲᠣᠭᠲᠠᠭᠰᠠᠨ ᠬᠠᠷᠠᠯᠲᠠ ᠪᠠᠷ᠂ ᠥᠪᠥᠷ ᠮᠣᠩᠭᠤᠯ ᠤᠨ ᠦᠢᠯᠡᠳᠪᠦᠷᠢ ᠪᠠᠶᠢᠭᠤᠯᠤᠭᠳᠠᠭᠰᠠᠨ ᠤ ᠳᠠᠷᠠᠭ᠎ᠠ᠂ ᠲᠥᠮᠥᠰᠥ ᠶᠢᠨ ᠴᠠᠷᠳᠠᠭᠤᠯ ᠤᠨ ᠵᠠᠬ᠎ᠠ ᠳᠡᠯᠭᠡᠭᠦᠷ ᠤᠨ ᠬᠤᠪᠢ ᠨᠢ ᠤᠯᠠᠭᠠᠨᠴᠠᠪ ᠬᠤᠲᠠ ᠶᠢᠨ 90% ᠠᠴᠠ ᠳᠡᠭᠡᠭᠰᠢᠬᠢ ᠶᠢ ᠡᠵᠡᠯᠡᠵᠦ ᠪᠣᠯᠤᠨ᠎ᠠ᠂ ᠪᠦᠬᠦ ᠥᠪᠥᠷ ᠮᠣᠩᠭᠤᠯ ᠤᠨ 80% ᠶᠢ ᠡᠵᠡᠯᠡᠵᠦ᠂ ᠤᠮᠠᠷᠠᠲᠤ ᠣᠷᠣᠨ ᠤ 70% ᠶᠢ ᠡᠵᠡᠯᠡᠵᠦ ᠪᠣᠯᠤᠨ᠎ᠠ᠃ ᠭᠠᠨᠰᠦ ᠶᠢᠨ ᠦᠢᠯᠡᠳᠪᠦᠷᠢ ᠲᠠᠢ ᠬᠠᠮᠲᠤ᠂ ᠲᠥᠮᠥᠰᠥ ᠶᠢᠨ ᠴᠠᠷᠳᠠᠭᠤᠯ ᠤᠨ ᠦᠢᠯᠡᠳᠪᠦᠷᠢᠯᠡᠯ ᠤᠨ ᠴᠢᠳᠠᠪᠤᠷᠢ ᠪᠥᠬᠦ ᠤᠯᠤᠰ ᠲᠤ ᠲᠡᠷᠢᠭᠦᠯᠡᠵᠦ᠂ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠨᠢ ᠪᠥᠬᠦ ᠤᠯᠤᠰ ᠤᠨ 60% ᠶᠢ ᠡᠵᠡᠯᠡᠵᠦ᠂ ᠪᠥᠬᠦ ᠤᠯᠤᠰ ᠤᠨ ᠲᠥᠮᠥᠰᠥ ᠶᠢᠨ ᠴᠠᠷᠳᠠᠭᠤᠯ ᠤᠨ ᠦᠨ᠎ᠡ ᠶᠢ ᠲᠣᠭᠲᠠᠭᠠᠵᠤ ᠴᠢᠳᠠᠨ᠎ᠠ᠃    ᠤᠢᠢᠷ᠎ᠠ ᠶᠢᠨ ᠵᠢᠯ ᠠᠴᠠ᠂ ᠮᠠᠨ ᠤ ᠰᠢᠶᠠᠨ ᠠᠵᠤ ᠦᠢᠯᠡᠳᠪᠦᠷᠢ ᠶᠢ ᠬᠥᠭᠵᠢᠭᠦᠯᠬᠦ ᠰᠡᠳᠬᠢᠴᠡ ᠪᠠᠷ ᠲᠥᠮᠥᠰᠥ ᠶᠢᠨ ᠠᠵᠤ ᠦᠢᠯᠡᠰ ᠢ ᠬᠥᠭᠵᠢᠭᠦᠯᠵᠦ᠂ ᠲᠥᠮᠥᠰᠥ ᠶᠢ ᠨᠠᠷᠢᠯᠢᠭ ᠭᠦᠨᠵᠡᠭᠡᠢ ᠡᠳ᠋ᠰᠢᠭᠦᠯᠬᠦ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠮᠠᠨ ᠤ ᠰᠢᠶᠠᠨ ᠤ ᠪᠦᠬᠦ ᠰᠢᠶᠠᠨ ᠤ ᠲᠥᠮᠥᠰᠥ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠠᠬᠢᠴᠠ ᠶᠢ ᠲᠦᠷᠭᠡᠳᠬᠡᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠵᠠᠢ᠃ ︽ᠵᠠᠰᠠᠭ ᠤᠨ ᠣᠷᠳᠣᠨ ᠠᠵᠤ ᠠᠬᠤᠶᠢᠯᠠᠯ ᠬᠤᠷᠰᠢᠶ᠎ᠠ ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠬᠦ ᠪᠠᠷ ᠳᠠᠮᠵᠢᠭᠤᠯᠤᠨ᠂ ᠲᠠᠷᠢᠶᠠᠴᠢᠨ ᠡᠷᠦᠬᠡ ᠶᠢᠨ ︽ᠦᠢᠯᠡᠳᠪᠦᠷᠢᠯᠡᠬᠦ︾᠂ ︽ᠬᠠᠩᠭᠠᠬᠤ︾᠂ ︽ᠪᠣᠷᠣᠯᠠᠭᠤᠯᠬᠤ︾ ᠵᠡᠷᠭᠡ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠨᠢᠭᠡ ᠳᠤ ᠲᠥᠷᠥ ᠶᠢᠨ ᠪᠣᠳᠣᠯᠭ᠎ᠠ ᠶᠢᠨ ᠲᠡᠳᠬᠦᠮᠵᠢ ᠦᠵᠡᠭᠦᠯᠦᠨ᠎ᠡ᠃ ︽ᠱᠠᠩᠳᠤ ᠰᠢᠶᠠᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠰᠤᠳᠤᠯᠤᠨ ᠨᠠᠶᠢᠷᠠᠭᠤᠯᠤᠨ ᠵᠣᠬᠢᠶᠠᠵᠤ᠂ ᠲᠥᠮᠥᠰᠥ ᠶᠢᠨ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ︽ᠱᠠᠩᠳᠤ ᠰᠢᠶᠠᠨ ᠤ ᠴᠠᠷᠳᠠᠭᠤᠯ ᠤᠨ ᠲᠥᠮᠥᠰᠥ ᠳᠠᠷᠢᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠥᠰᠦᠯ︾ ᠢ ᠲᠣᠭᠲᠠᠭᠠᠵᠤ ᠂ ᠦᠢᠯᠡᠳᠪᠦᠷᠢᠯᠡᠯ ᠤᠨ ᠮᠡᠷᠭᠡᠵᠢᠯ ᠤᠨ ᠳᠠᠪᠠᠭᠤᠯᠢᠭ ᠪᠠ ᠠᠵᠤ ᠠᠬᠤᠶ ᠶᠢᠨ ᠪᠣᠳᠠᠲᠤ ᠬᠦᠴᠦᠨ ᠲᠠᠢ ᠬᠥᠲᠥᠴᠢ ᠠᠵᠤ ᠠᠬᠤᠶᠢᠯᠠᠯ᠂ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠪᠠ ᠲᠠᠷᠢᠮᠠᠯ ᠤᠨ ᠲᠣᠮᠣ ᠡᠷᠦᠬᠡ ᠶᠢᠨ ︽ᠬᠤᠯᠪᠣᠭᠠᠲᠤ ᠴᠣᠭᠴᠠ︾ ᠶᠢ ᠵᠣᠬᠢᠶᠠᠨ ᠪᠠᠶᠢᠭᠤᠯᠬᠤ ᠶᠢ ᠵᠣᠷᠢᠭᠵᠢᠭᠤᠯᠤᠨ ᠳᠡᠮᠵᠢᠵᠦ᠂ ᠦᠢᠯᠡᠳᠪᠦᠷᠢᠯᠡᠯ ᠤᠨ ᠠᠵᠤ ᠠᠬᠤᠶᠢᠯᠠᠯ ᠤᠨ ᠲᠥᠮᠥᠰᠥ ᠳᠠᠷᠢᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠨ᠎ᠠ᠃ ᠬᠤᠶᠠᠷ ᠲᠤ ᠲᠥᠷᠥᠯ ᠵᠦᠢᠯ ᠤᠨ ᠳᠡᠮᠵᠢᠯᠭᠡ ᠦᠵᠡᠭᠦᠯᠵᠦ᠂ ︽ᠴᠠᠷᠳᠠᠭᠤᠯ ᠤᠨ ᠲᠥᠮᠥᠰᠥ ᠳᠠᠷᠢᠬᠤ ᠳᠤ ᠱᠠᠩᠨᠠᠵᠤ ᠨᠥᠬᠦᠪᠥᠷᠢᠯᠡᠬᠦ ᠠᠷᠭ᠎ᠠ︾ ᠶᠢ ᠲᠣᠭᠲᠠᠭᠠᠵᠤ᠂ 1000 ᠲᠦᠮᠡᠨ ᠲᠥᠭᠦᠷᠢᠭ ᠢ ᠠᠰᠢᠭᠯᠠᠨ ᠪᠠᠯᠠ ᠮᠥᠩᠭᠦ ᠶᠢ ᠵᠣᠯᠭᠠᠭᠤᠯᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠬᠡᠮᠵᠢᠬᠦ ᠡᠷᠦᠬᠡ︶ ᠳᠤ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠠᠵᠢᠯᠴᠢᠨ ᠬᠡᠷᠡᠭᠯᠡᠬᠦ ᠳᠤ ᠱᠠᠩᠨᠠᠵᠤ ᠨᠥᠬᠦᠪᠥᠷᠢᠯᠡᠬᠦ᠂ ᠲᠠᠷᠢᠮᠠᠯ ᠤᠨ ᠱᠠᠩᠨᠠᠯ ᠣᠯᠭᠤᠬᠤ ᠵᠡᠷᠭᠡ ᠲᠠᠯ᠎ᠠ ᠪᠠᠷ ᠪᠥᠬᠦ ᠲᠠᠯ᠎ᠠ ᠶᠢᠨ ᠳᠡᠮᠵᠢᠯᠭᠡ ᠦᠵᠡᠭᠦᠯᠵᠦ᠂ ᠲᠠᠷᠢᠶᠠᠴᠢᠨ ᠡᠷᠦᠬᠡ ᠶᠢᠨ ᠲᠠᠷᠢᠮᠠᠯ ᠤᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠤᠨ᠎ᠠ᠃ ᠭᠤᠷᠪᠠ ᠳᠤ᠂ ᠲᠠᠪᠴᠠᠩ ᠪᠠᠶᠢᠭᠤᠯᠵᠤ᠂ ︽ᠵᠠᠰᠠᠭ ᠠᠵᠤ ᠠᠬᠤᠶᠢᠯᠠᠯ ᠲᠦᠷᠢᠶᠡᠰᠦᠯᠡᠬᠦ᠂ ᠲᠠᠷᠢᠶᠠᠯᠠᠩ ᠤᠨ ᠲᠥᠷᠥᠯ ᠵᠦᠢᠯ︾ ᠤᠨ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠢᠶᠠᠷ ᠳᠠᠮᠵᠢᠭᠤᠯᠤᠨ᠂ ︽ᠵᠠᠰᠠᠭ ᠠᠵᠤ ᠠᠬᠤᠶᠢᠯᠠᠯ ᠲᠠᠷᠢᠶᠠᠴᠢᠨ︾ ᠤ ᠭᠦᠨᠵᠡᠭᠡᠶ ᠠᠭᠤᠰᠤᠯᠴᠠᠯ ᠢ ᠪᠡᠶᠡᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ 8475 ᠲᠦᠮᠡᠨ ᠲᠥᠭᠦᠷᠢᠭ ᠣᠷᠣᠭᠤᠯᠤᠨ ᠦᠢᠯᠡᠳᠪᠦᠷᠢ ᠶᠢᠨ ᠭᠡᠷ ᠪᠠᠶᠢᠰᠢᠩ ᠪᠠᠶᠢᠭᠤᠯᠵᠤ᠂ ᠦᠢᠯᠡᠳᠪᠦᠷᠢ ᠶᠢᠨ ᠭᠡᠷ ᠢ ᠯᠠᠨ ᠲᠢᠶᠠᠨ ᠹᠦ᠋ ᠵᠢᠩ ᠲᠠᠩ ᠺᠣᠮᠫᠠᠨᠢ ᠳᠤ ᠲᠦᠷᠢᠶᠡᠰᠦᠯᠡᠨ ᠥᠭᠭᠦᠭᠰᠡᠨ ᠲᠦᠷᠢᠶᠡᠰᠦᠨ ᠮᠥᠩᠭᠦ ᠶᠢᠨ ᠠᠰᠢᠭ ᠣᠷᠣᠯᠭ᠎ᠠ ᠶᠢ ᠪᠦᠬᠦᠨ ᠢ 10 ᠰᠢᠶᠠᠩ ᠪᠠᠯᠭᠠᠰᠤᠨ ᠤ 10 ᠵᠠᠰᠠᠭ ᠵᠠᠬᠢᠷᠭᠠᠨ ᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠪᠣᠯᠭᠠᠵᠤ᠂ ᠵᠢᠯ ᠪᠦᠷᠢ ᠲᠣᠰᠬᠤᠨ ᠤ ᠬᠠᠮᠲᠤ ᠶᠢᠨ ᠣᠷᠣᠯᠭ᠎ᠠ ᠶᠢ 356 - 398 ᠲᠦᠮᠡᠨ ᠲᠥᠭᠦᠷᠢᠭ ᠨᠡᠮᠡᠭᠳᠡᠭᠦᠯᠦᠨ᠎ᠡ᠃    
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2