ᠤᠢᠢᠷ᠎ᠠ ᠶᠢᠨ ᠵᠢᠯ ᠠᠴᠠ᠂ ᠱᠠᠩᠳᠤ ᠰᠢᠶᠠᠨ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ | ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠠᠯ᠎ᠠ ᠪᠠᠷ ᠪᠣᠰᠤᠭ᠎ᠠ | ᠴᠣᠭᠴᠠᠲᠤ ᠮᠠᠶ᠋ᠢᠭ ᠤᠨ ᠰᠦᠪᠡᠭᠴᠢᠯᠡᠯᠲᠡ ᠪᠠ ᠦᠢᠯᠡᠳᠦᠯᠭᠡ ᠬᠢᠪᠡ᠃ ᠤᠷᠢᠳ ᠬᠤᠵᠢᠳ ᠰᠢ ᠰᠧᠨ ᠪᠦᠯᠦᠭᠯᠡᠯ | ᠵᠡᠷᠭᠡ ᠨᠢᠭᠡ ᠪᠦᠯᠦᠭ ᠲᠥᠮᠥᠰᠥ ᠶᠢᠨ ᠦᠷ᠎ᠡ ᠶᠢᠨ ᠲᠥᠮᠥᠰᠥ ᠶᠢ ᠪᠤᠶᠢᠵᠢᠭᠤᠯᠬᠤ᠂ ᠨᠠᠷᠢᠯᠢᠭ ᠭᠦᠨᠵᠡᠭᠡᠢ ᠡᠳ᠋ᠰᠢᠭᠦᠯᠬᠦ | ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠬᠤᠣᠷ ᠢ ᠨᠢ ᠠᠷᠢᠯᠭᠠᠵᠤ ᠦᠷᠡᠵᠢᠭᠦᠯᠦᠨ | ᠪᠤᠶᠢᠵᠢᠭᠤᠯᠬᠤ᠂ ᠰᠠᠭᠤᠷᠢᠨᠵᠢᠭᠤᠯᠤᠨ ᠲᠠᠷᠢᠬᠤ᠂ ᠬᠡᠪᠴᠢᠶᠡᠵᠢᠭᠦᠯᠦᠨ ᠡᠳ᠋ᠰᠢᠭᠦᠯᠬᠦ᠂ ᠣᠳᠣᠬᠢᠴᠢᠯᠠᠭᠰᠠᠨ ᠬᠠᠳᠠᠭᠠᠯᠠᠬᠤ | ᠂ ᠨᠡᠶᠢᠭᠡᠮᠴᠢᠯᠡᠨ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠲᠥᠮᠥᠰᠥ ᠶᠢᠨ ᠠᠵᠤ ᠦᠢᠯᠡᠰ ᠤᠨ ᠪᠠᠶᠢᠷᠢᠰᠢᠯ ᠢ | ᠦᠨᠳᠦᠰᠦᠨ ᠳᠤ ᠪᠠᠨ ᠪᠦᠷᠢᠯᠳᠦᠭᠦᠯᠪᠡ᠃ ︽ᠬᠤᠶᠠᠷ ᠢ ᠬᠤᠪᠢᠷᠠᠭᠤᠯᠬᠤ︾ ᠬᠥᠭᠵᠢᠯᠲᠡ ᠶᠢᠨ ᠵᠠᠭᠪᠤᠷ ᠢ | ᠰᠦᠪᠡᠭᠴᠢᠯᠡᠨ ᠰᠢᠨ᠎ᠡ ᠶᠢ ᠡᠭᠦᠳᠬᠦ ᠨᠢ ᠥᠷᠭᠡᠨ ᠣᠯᠠᠨ ᠲᠠᠷᠢᠶᠠᠴᠢᠨ ᠡᠷᠦᠬᠡ ᠶᠢᠨ ᠳᠣᠲᠣᠭᠠᠳᠤ ᠬᠥᠳᠡᠯᠭᠡᠬᠦ | ᠬᠦᠴᠦᠨ ᠢ ᠬᠥᠭᠵᠢᠭᠡᠭᠰᠡᠨ ᠪᠠᠶᠢᠨ᠎ᠠ᠂ ᠳᠠᠷᠤᠶ ᠦᠷ᠎ᠡ ᠶᠢᠨ ᠲᠥᠮᠥᠰᠥ ᠦᠷᠡᠵᠢᠭᠦᠯᠦᠨ ᠪᠤᠶᠢᠵᠢᠭᠤᠯᠵᠤ | ᠪᠠᠶᠢᠭᠰᠠᠨ ᠠᠴᠠ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ ᠪᠠᠶᠢᠭᠰᠠᠨ ᠠᠴᠠ ᠬᠥᠳᠡᠭᠡ ᠲᠣᠰᠬᠤᠨ ᠤ | ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠡᠶᠢᠰᠢ ᠬᠤᠪᠢᠷᠠᠭᠤᠯᠵᠤ᠂ ᠮᠡᠷᠭᠡᠵᠢᠯ ᠤᠨ ᠰᠤᠳᠤᠯᠤᠨ ᠨᠡᠭᠡᠭᠡᠯᠲᠡ | ᠬᠢᠵᠦ ︽ᠴᠢᠫ︾ ᠦᠢᠯᠡᠳᠬᠦ ᠠᠵᠤ ᠠᠬᠤᠶᠢᠯᠠᠯ ᠠᠴᠠ ᠲᠠᠷᠢᠶᠠᠴᠢᠳ ᠤᠨ ᠣᠯᠠᠨ ᠲᠦᠮᠡᠨᠴᠢᠯᠡᠭᠰᠡᠨ ᠰᠢᠨ᠎ᠡ ᠶᠢ | ᠡᠭᠦᠳᠬᠦ ᠳᠤ ᠭᠦᠨᠵᠡᠭᠡᠶ ᠣᠷᠣᠯᠴᠠᠬᠤ ᠲᠡᠶᠢᠰᠢ ᠬᠤᠪᠢᠷᠠᠪᠠ᠃ ᠡᠭᠦᠨ ᠠᠴᠠ ᠪᠣᠯᠵᠤ᠂ ᠭᠤᠷᠪᠠᠨ ᠵᠦᠢᠯ ᠤᠨ | ᠴᠢᠳᠠᠪᠤᠷᠢ ᠶᠢ ᠨᠡᠮᠡᠭᠳᠡᠭᠦᠯᠵᠡᠢ᠃ | ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠣᠯᠭᠤᠨ᠎ᠠ᠃ ︽ᠳᠤᠮᠳᠠᠳᠤ ᠤᠯᠤᠰ ᠤᠨ ᠲᠥᠮᠥᠰᠥ ᠶᠢᠨ ᠲᠥᠪ︾ ᠤᠨ ᠭᠤᠤᠯ ᠲᠠᠷᠢᠮᠠᠯ ᠤᠨ ᠣᠷᠣᠨ ᠤ | ᠳᠠᠪᠠᠭᠤᠯᠢᠭ ᠲᠤ ᠰᠠᠭᠤᠷᠢᠯᠠᠨ᠂ ᠪᠥᠬᠦ ᠤᠯᠤᠰ ᠤᠨ ᠴᠣᠷ ᠤᠨ ᠭᠠᠭᠴᠠ ︽ᠤᠯᠤᠰ ᠤᠨ ᠲᠥᠮᠥᠰᠥ ᠶᠢᠨ | ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ︾ ᠲᠤ ᠲᠦᠰᠢᠭᠯᠡᠨ᠂ ᠲᠥᠮᠥᠰᠥ ᠶᠢ ᠭᠤᠤᠯ ᠠᠮᠤ ᠪᠤᠳᠠᠭ᠎ᠠ | ᠪᠣᠯᠭᠠᠬᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠲᠠᠯ᠎ᠠ ᠪᠠᠷ ᠬᠢ ᠯᠤᠲᠤ ᠶᠡᠭᠡ ᠳᠠᠯᠳᠠ ᠬᠦᠴᠦᠨ ᠢ | ᠭᠦᠨᠵᠡᠭᠡᠶ ᠠᠭᠤᠳᠠᠯᠵᠤ᠂ ᠰᠢ ᠰᠧᠨ ᠪᠦᠯᠦᠭᠯᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠤᠤᠯ ᠴᠣᠭᠴᠠ ᠶᠢᠨ | ᠦᠢᠯᠡᠳᠦᠯ ᠢ ᠭᠦᠢᠴᠡᠳ ᠪᠠᠳᠠᠷᠠᠭᠤᠯᠤᠨ᠂ ᠤᠯᠤᠰ ᠤᠨ ᠳᠣᠲᠣᠭᠠᠳᠤ ᠶᠢᠨ ᠬᠡᠪᠴᠢᠶ᠎ᠡ ᠪᠠᠷ ᠬᠠᠮᠤᠭ ᠤᠨ ᠶᠡᠭᠡ | ᠣᠳᠣᠬᠢᠴᠢᠯᠠᠭᠰᠠᠨ ᠲᠥᠮᠥᠰᠥ ᠶᠢᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ 2800 | ᠬᠤᠪᠢ ᠦᠷ᠎ᠡ ᠶᠢᠨ ᠡᠬᠢ ᠪᠠᠶᠠᠯᠢᠭ ᠢ ᠬᠠᠳᠠᠭᠠᠯᠠᠨ᠂ ᠵᠢᠯ ᠳᠤ 1.5 ᠳ᠋ᠦᠩᠰᠢᠭᠤᠷ ᠰᠠᠭᠤᠷᠢ ᠬᠤᠤᠷ | ᠥᠬᠡᠶᠢᠳᠡᠭᠦᠯᠦᠭᠰᠡᠨ ᠴᠢᠬᠢ ᠶᠢ ᠦᠷᠡᠵᠢᠭᠦᠯᠦᠨ ᠪᠤᠶᠢᠵᠢᠭᠤᠯᠬᠤ᠂ 15 ᠲᠦᠮᠡᠨ ᠮᠥᠬᠦᠯᠢᠭ ᠲᠠᠷᠢᠶᠠᠨ ᠳᠤ ᠬᠤᠤᠷ | ᠥᠬᠡᠶᠢᠳᠡᠭᠦᠯᠦᠭᠰᠡᠨ ᠦᠷ᠎ᠡ ᠶᠢᠨ ᠲᠥᠮᠥᠰᠥ ᠶᠢ ᠦᠷᠡᠵᠢᠭᠦᠯᠦᠨ ᠪᠤᠶᠢᠵᠢᠭᠤᠯᠬᠤ ᠪᠦᠷᠢᠨ ᠪᠦᠲᠦᠨ ᠰᠢᠰᠲ᠋ᠧᠮ ᠢ | ᠪᠠᠶᠢᠭᠤᠯᠵᠤ᠂ ᠪᠥᠬᠦ ᠤᠯᠤᠰ ᠤᠨ ᠲᠥᠮᠥᠰᠥ ᠶᠢᠨ ᠲᠠᠪᠤᠨ ᠤ ᠨᠢᠭᠡ ᠶᠢᠨ ᠰᠠᠶᠢᠨ ᠡᠭᠦᠯᠳᠡᠷ ᠤᠨ ᠦᠷ᠎ᠡ ᠬᠡᠷᠡᠭᠯᠡᠬᠦ | ᠬᠡᠷᠡᠭᠴᠡᠭᠡ ᠶᠢ ᠬᠠᠩᠭᠠᠵᠤ ᠴᠢᠳᠠᠨ᠎ᠠ᠃ | ᠨᠡᠷᠡᠲᠦ ᠲᠡᠮᠳᠡᠭ ᠢ ᠬᠥᠭᠵᠢᠭᠦᠯᠬᠦ ᠳᠤ ᠲᠠᠷᠢᠶᠠᠯᠠᠩ ᠤᠨ ᠪᠦᠲᠦᠭᠡᠭᠳᠡᠬᠦᠨ ᠤ ᠦᠷ᠎ᠡ ᠠᠱᠢᠭ ᠢ ᠨᠡᠮᠡᠭᠳᠡᠭᠦᠯᠬᠦ᠃ ︽ | ᠣᠭ ᠦᠨᠦᠷ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ | ᠲᠡᠮᠳᠡᠭᠲᠦ ᠶᠢᠨ ᠬᠦᠴᠦᠨ ᠢ ᠭᠦᠶ᠋ᠴᠡᠳ ᠠᠰᠢᠭᠯᠠᠨ᠂ ᠮᠡᠷᠭᠡᠵᠢᠯ ᠤᠨ ᠵᠢᠯᠣᠭᠤᠳᠣᠯᠭ᠎ᠠ ᠪᠠ ᠪᠦᠲᠦᠭᠡᠭᠳᠡᠬᠦᠨ ᠤ | ᠪᠣᠷᠣᠯᠠᠭᠤᠯᠤᠯᠲᠠ ᠪᠠᠷ ᠳᠠᠮᠵᠢᠭᠤᠯᠤᠨ᠂ ᠲᠥᠮᠥᠰᠥ ᠶᠢᠨ ᠪᠦᠲᠦᠭᠡᠭᠳᠡᠬᠦᠨ ᠢ ᠳᠠᠷᠢᠬᠤ ᠠᠴᠠ ︽ᠳᠠᠷᠢᠬᠤ - ᠡᠳ᠋ᠰᠢᠭᠦᠯᠬᠦ | - ᠪᠣᠷᠣᠯᠠᠭᠤᠯᠬᠤ︾ ᠪᠥᠬᠦ ᠲᠠᠯ᠎ᠠ ᠪᠠᠷ ᠪᠥᠬᠦ ᠲᠠᠯ᠎ᠠ ᠪᠠᠷ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ | ᠥᠷᠢᠰᠦᠯᠳᠦᠬᠦ ᠬᠦᠴᠦᠨ ᠢ ᠴᠢᠩᠭᠠᠷᠠᠭᠤᠯᠤᠨ᠂ ᠲᠠᠷᠢᠶᠠᠯᠠᠩ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠪᠡᠭᠡᠵᠢᠩ | ᠥᠪᠥᠷ ᠮᠣᠩᠭᠤᠯ ᠤᠨ ᠬᠠᠮᠵᠢᠯᠴᠠᠨ ᠪᠠᠶᠢᠭᠤᠯᠤᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠪᠡᠭᠡᠵᠢᠩ ᠳᠤ ᠣᠷᠣᠬᠤ | ᠲᠥᠬᠦᠮ ᠵᠠᠮ ᠢ ᠠᠰᠢᠭᠯᠠᠨ᠂ ᠰᠢ ᠰᠧᠨ 6 ᠳ᠋ᠤᠭᠠᠷ ᠨᠣᠮᠧᠷᠲᠤ ᠲᠠᠸᠠᠷ ᠤᠨ ᠲᠥᠮᠥᠰᠥ᠂ ᠲᠥᠮᠥᠰᠥ ᠶᠢᠨ ᠵᠣᠷᠪᠣᠰ᠂ | ᠴᠠᠷᠳᠠᠭᠤᠯ᠂ ᠢᠳᠡᠰᠢᠨ ᠼᠤᠤ ᠨᠤᠨᠲᠠᠭ ᠵᠡᠷᠭᠡ ᠶᠢ ︽ᠲᠠᠷᠢᠶᠠᠨ ᠭᠠᠵᠠᠷ︾ ᠠᠴᠠ ᠰᠢᠭᠤᠳ ︽ᠦᠵᠦᠭᠦᠷ | ᠬᠡᠷᠡᠭᠯᠡᠭᠴᠢ︾ ᠳᠤ ᠬᠦᠷᠭᠡᠵᠦ᠂ ᠪᠡᠭᠡᠵᠢᠩ ᠬᠤᠲᠠ ᠶᠢᠨ ᠠᠷᠠᠳ ᠤᠨ ᠬᠤᠭᠤᠯᠠᠨ ᠰᠢᠷᠡᠭᠡᠨ ᠳᠤ ᠭᠠᠷᠭᠠᠨ᠂ | ᠲᠥᠮᠥᠰᠥ ᠶᠢᠨ ᠪᠦᠲᠦᠭᠡᠭᠳᠡᠬᠦᠨ ᠢ ︽ᠳᠠᠷᠢᠵᠤ ᠪᠠᠶᠢᠭ᠎ᠠ ᠰᠠᠶᠢᠨ ᠭᠠᠷᠤᠯᠲᠠ︾ ᠠᠴᠠ ︽ᠬᠤᠳᠠᠯᠳᠤᠭᠠᠳ ᠠᠰᠢᠭ | ᠣᠷᠣᠯᠭ᠎ᠠ ᠪᠠᠨ ᠨᠡᠮᠡᠭᠳᠡᠭᠦᠯᠬᠦ︾ ᠳᠠᠰᠢ ᠬᠤᠪᠢᠷᠠᠭᠤᠯᠬᠤ ᠶᠢ ᠠᠬᠢᠭᠤᠯᠵᠤ᠂ ᠬᠤᠤᠰ ᠴᠢᠭᠯᠡᠯ ᠢᠶᠠᠷ ᠡᠨᠧᠷᠭᠢ | ᠣᠯᠭᠤᠬᠤ ᠶᠢ ᠪᠡᠶᠡᠯᠡᠭᠦᠯᠦᠨ᠂ ᠣᠷᠳᠣ ᠬᠤᠭᠤᠴᠠᠭᠠᠨ ᠤ ᠪᠦᠲᠦᠮᠵᠢᠲᠡᠶ ᠲᠤᠯᠭᠠᠭᠤᠷᠢᠯᠠᠯ ᠢ ᠪᠣᠶ ᠪᠣᠯᠭᠠᠪᠠ᠃ 2022 | ᠣᠨ ᠤ ᠱᠠᠩᠳᠤ ᠰᠢᠶᠠᠨ ᠤ ᠲᠥᠮᠥᠰᠥ ᠵᠢᠴᠢ ᠪᠣᠯᠪᠠᠰᠤᠷᠠᠭᠤᠯᠬᠤ ᠪᠦᠲᠦᠭᠡᠭᠳᠡᠬᠦᠨ ᠤ ᠪᠡᠭᠡᠵᠢᠩ ᠳᠤ ᠣᠷᠣᠭᠤᠯᠬᠤ | ᠪᠣᠷᠣᠯᠠᠭᠤᠯᠭ᠎ᠠ ᠶᠢᠨ ᠲᠤᠭ᠎ᠠ ᠨᠢ 500 ᠭᠠᠷᠤᠶ ᠲᠦᠮᠡᠨ ᠲᠥᠭᠦᠷᠢᠭ ᠲᠤ ᠬᠦᠷᠴᠦ᠂ ᠰᠠᠨᠠᠮᠵᠢ ᠶᠢᠨ ᠴᠢᠨᠠᠷᠲᠠᠶ | ᠵᠠᠬᠢᠶᠠᠯᠠᠭ᠎ᠠ 2000 ᠲᠦᠮᠡᠨ ᠲᠥᠭᠦᠷᠢᠭ ᠲᠤ ᠬᠦᠷᠪᠡ᠃ | ᠠᠱᠢᠭ ᠲᠤᠰᠠ ᠶᠢᠨ ᠬᠤᠯᠪᠣᠭ ᠳᠠᠯ ᠠᠴᠠ ᠪᠣᠯᠵᠤ ᠲᠠᠷᠢᠶᠠᠴᠢᠳ ᠤᠨ ᠣᠷᠣᠯᠭ᠎ᠠ ᠶᠢ ᠤᠷᠲᠤ ᠬᠤᠭᠤᠴᠠᠭ᠎ᠠ ᠪᠠᠷ | ᠪᠦᠲᠦᠮᠵᠢᠲᠡᠢ ᠨᠡᠮᠡᠭᠳᠡᠭᠦᠯᠦᠨ᠎ᠡ᠃ ︽ᠲᠣᠰᠬᠤᠨ ᠤ ᠬᠠᠮᠲᠤ ᠶᠢᠨ ᠠᠵᠤ ᠠᠬᠤᠶ᠂ ᠬᠦᠯᠡᠮᠵᠢ ᠶᠢ ᠡᠵᠡᠩᠨᠡᠬᠦ᠂ ᠭᠠᠵᠠᠷ | ᠰᠢᠷᠣᠶ ᠶᠢ ᠡᠷᠭᠢᠯᠳᠦᠭᠦᠯᠬᠦ᠂ ᠬᠥᠯᠥᠰᠥᠨ ᠠᠵᠢᠯ ᠬᠢᠵᠦ ᠪᠠᠶᠢᠭ᠎ᠠ ᠣᠷᠣᠯᠭ᠎ᠠ︾ ᠪᠠᠷ ᠬᠤᠯᠪᠣᠭᠠᠰᠤ ᠪᠣᠯᠭᠠᠵᠤ᠂ | ᠴᠤᠭᠯᠠᠷᠠᠯ ᠤᠨ ᠬᠡᠪᠴᠢᠶᠡᠲᠦ ᠦᠢᠯᠡᠳᠦᠯ ᠢ ᠳᠣᠪᠤᠶᠢᠯᠭᠠᠭᠰᠠᠨ ︽ᠵᠠᠰᠠᠭ ᠠᠵᠤ ᠠᠬᠤᠶᠢᠯᠠᠯ ᠲᠠᠷᠢᠶᠠᠯᠠᠩ︾ ᠢ | ᠭᠦᠨᠵᠡᠭᠡᠶ ᠠᠭᠤᠰᠤᠯᠴᠠᠭᠤᠯᠬᠤ ᠰᠢᠨ᠎ᠡ ᠠᠷᠭ᠎ᠠ ᠵᠠᠮ ᠢ ᠨᠡᠭᠡᠭᠡᠪᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ | ᠪᠠᠯᠠ ᠮᠥᠩᠭᠦ 3510 ᠲᠦᠮᠡᠨ ᠲᠥᠭᠦᠷᠢᠭ᠂ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠤᠤᠯ ᠤᠨ | ᠡᠭᠦᠯᠳᠡᠷ ᠤᠨ ᠳᠤᠯᠠᠭᠠᠨ ᠲᠣᠤᠷ ᠤᠨ ᠬᠡᠯᠪᠡᠷᠢ ᠶᠢᠨ ᠬᠦᠯᠡᠮᠵᠢ 705 ᠪᠠᠶᠢᠭᠤᠯᠵᠤ᠂ ︽ᠰᠢ ᠰᠧᠨ ᠳᠠᠭᠠᠭᠠᠴᠢᠯᠠᠬᠤ᠂ | ᠬᠤᠷᠰᠢᠶ᠎ᠠ ᠬᠤᠪᠢᠶᠠᠨ ᠳᠠᠭᠠᠭᠠᠴᠢᠯᠠᠭᠤᠯᠬᠤ᠂ ᠲᠠᠷᠢᠶᠠᠴᠢᠨ ᠡᠷᠦᠬᠡ ᠳᠠᠷᠢᠬᠤ︾ ᠡᠵᠡᠩᠨᠡᠯᠲᠡ ᠬᠠᠮᠢᠶᠠᠷᠤᠯᠲᠠ ᠶᠢᠨ | ᠵᠠᠭᠪᠤᠷ ᠢ ᠠᠪᠴᠤ᠂ ᠪᠥᠬᠦ ᠶᠠᠪᠤᠴᠠ ᠳᠤ ︽ᠲᠠᠪᠤ ᠶᠢ ᠨᠢᠭᠡᠳᠬᠡᠬᠦ︾ ᠶᠢ ᠪᠡᠶᠡᠯᠡᠭᠦᠯᠪᠡ᠂ ᠲᠤᠬᠠᠶᠢᠯᠠᠪᠠᠯ ᠨᠢᠭᠡᠳᠦᠯᠲᠡᠶ | ᠴᠢᠬᠢ ᠬᠠᠩᠭᠠᠬᠤ᠂ ᠨᠢᠭᠡᠳᠦᠯᠲᠡᠶ ᠵᠢᠯᠣᠭᠤᠳᠬᠤ᠂ ᠨᠢᠭᠡᠳᠦᠯᠲᠡᠶ ᠪᠣᠯᠪᠠᠰᠤᠷᠠᠭᠤᠯᠬᠤ᠂ ᠨᠢᠭᠡᠳᠦᠯᠲᠡᠶ ᠪᠠᠷᠢᠮᠵᠢᠶ᠎ᠠ᠂ | ᠨᠢᠭᠡᠳᠦᠯᠲᠡᠶ ᠬᠤᠷᠢᠶᠠᠨ ᠠᠪᠬᠤ ᠠᠷᠭ᠎ᠠ ᠮᠠᠶ᠋ᠢᠭ ᠢ ᠪᠡᠶᠡᠯᠡᠭᠦᠯᠵᠦ᠂ ᠲᠠᠷᠢᠶᠠᠴᠢᠳ ᠢ ᠠᠵᠤ ᠦᠶ᠋ᠯᠡᠰ ᠤᠨ ᠬᠡᠯᠬᠢᠶ᠎ᠡ | ᠳᠡᠭᠡᠷ᠎ᠡ ᠠᠵᠢᠯ ᠣᠯᠵᠤ ᠣᠷᠣᠯᠭ᠎ᠠ ᠶᠢ ᠨᠢ ᠨᠡᠮᠡᠭᠳᠡᠭᠦᠯᠪᠡ᠃ ᠬᠦᠯᠡᠮᠵᠢ ᠳᠤ ᠲᠦᠷᠢᠶᠡᠰᠦᠯᠡᠭᠦᠯᠦᠭᠰᠡᠨ ᠠᠰᠢᠭ | ᠣᠷᠣᠯᠭ᠎ᠠ ᠨᠢ ᠴᠥᠮ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠪᠣᠯᠤᠭᠰᠠᠨ ᠤ ᠬᠤᠪᠢ ᠳᠤ᠂ ᠵᠢᠯ | ᠪᠦᠷᠢ ᠲᠣᠰᠬᠤᠨ ᠤ ᠬᠠᠮᠲᠤ ᠶᠢᠨ ᠣᠷᠣᠯᠭ᠎ᠠ ᠶᠢ 470 ᠲᠦᠮᠡᠨ ᠲᠥᠭᠦᠷᠢᠭ ᠨᠡᠮᠡᠭᠳᠡᠭᠦᠯᠵᠦ᠂ ᠨᠡᠶᠢᠲᠡ 8 ᠰᠢᠶᠠᠩ | ᠪᠠᠯᠭᠠᠰᠤᠨ ᠤ 47 ᠵᠠᠰᠠᠭ ᠵᠠᠬᠢᠷᠭᠠᠨ ᠤ ᠲᠣᠰᠬᠤᠨ ᠢ ᠳᠠᠶᠢᠴᠢᠯᠠᠨ ᠠᠰᠢᠭ ᠣᠷᠣᠯᠭ᠎ᠠ ︵ᠶᠠᠳᠠᠭᠤ ᠠᠴᠠ | ᠠᠩᠭᠢᠵᠢᠷᠠᠭᠰᠠᠨ ᠲᠣᠰᠬᠤᠨ 21 ᠪᠠᠭᠲᠠᠨ᠎ᠠ︶ ᠶᠢ ᠪᠡᠶᠡᠯᠡᠭᠦᠯᠪᠡ︔ ᠦᠷᠡᠵᠢᠭᠦᠯᠦᠨ ᠪᠤᠶᠢᠵᠢᠭᠤᠯᠬᠤ ᠰᠠᠭᠤᠷᠢᠨ | ᠭᠠᠵᠠᠷ ᠨᠢ ᠨᠡᠶᠢᠲᠡ 1100 ᠮᠥ ᠭᠠᠵᠠᠷ ᠰᠢᠷᠣᠶ ᠶᠢ ᠰᠢᠯᠵᠢᠭᠦᠯᠵᠦ᠂ ᠮᠥ ᠪᠦᠷᠢ ᠶᠢᠨ ᠳᠤᠮᠳᠠᠴᠢ ᠡᠷᠭᠢᠯᠲᠡ ᠶᠢᠨ | ᠦᠨ᠎ᠡ 241 ᠲᠥᠭᠦᠷᠢᠭ᠂ ᠵᠢᠯ ᠤᠨ ᠣᠷᠣᠯᠭ᠎ᠠ ᠪᠠᠷᠤᠭ 24 ᠲᠦᠮᠡᠨ ᠲᠥᠭᠦᠷᠢᠭ ᠪᠣᠯᠤᠨ᠎ᠠ᠃ ᠡᠭᠦᠨ ᠤ ᠬᠠᠮᠲᠤ | ᠡᠷᠭᠢᠨ ᠲᠣᠭᠤᠷᠢᠨ ᠤ 500 ᠭᠠᠷᠤᠶ ᠲᠠᠷᠢᠶᠠᠴᠢᠨ ᠤ ᠬᠦᠴᠦ ᠶᠠᠪᠤᠭᠴᠢ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ | 5000 ᠲᠥᠭᠦᠷᠢᠭ ᠠᠴᠠ ᠳᠡᠭᠡᠭᠰᠢ ᠨᠡᠮᠡᠭᠳᠡᠪᠡ᠃ | ᠡᠨᠡ ᠵᠢᠯ᠂ ᠡᠯ᠎ᠡ ᠲᠥᠷᠥᠯ ᠤᠨ ᠪᠡᠯᠡ ᠮᠥᠩᠭᠦ ᠶᠢ 3100 ᠲᠦᠮᠡᠨ ᠲᠥᠭᠦᠷᠢᠭ ᠡᠮᠬᠢᠯᠡᠨ ᠨᠡᠶᠢᠯᠡᠭᠦᠯᠵᠦ᠂ ︽ | ᠲᠥᠮᠥᠰᠥ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠲᠥᠷᠥᠯ ᠵᠦᠶ᠋ᠯ︾ ᠪᠣᠯᠤᠨ ᠲᠥᠮᠥᠰᠥ ᠶᠢᠨ ᠡᠭᠡᠳᠡᠩ | ᠮᠠᠨᠲᠠᠤ ᠡᠳ᠋ᠰᠢᠭᠦᠯᠬᠦ ᠲᠥᠷᠥᠯ ᠵᠦᠶ᠋ᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠪᠠ᠃ ᠨᠢᠭᠡ ᠲᠠᠯ᠎ᠠ ᠪᠠᠷ᠂ | ᠲᠥᠮᠥᠰᠥ ᠶᠢᠨ ᠰᠠᠶᠢᠨ ᠡᠭᠦᠯᠳᠡᠷ ᠢ ᠪᠤᠶᠢᠵᠢᠭᠤᠯᠬᠤ ᠠᠶᠠᠯᠠᠯ ᠳᠠᠭᠠᠭᠤᠯᠬᠤ ᠴᠢᠳᠠᠪᠤᠷᠢ ᠶᠢ ᠤᠯᠠᠮ ᠨᠢᠭᠡ ᠠᠯᠬᠤᠮ | ᠪᠠᠬᠢᠵᠢᠭᠦᠯᠪᠡ︔ ᠨᠥᠭᠦᠭᠡ ᠲᠠᠯ᠎ᠠ ᠪᠠᠷ᠂ ᠪᠥᠬᠦ ᠤᠯᠤᠰ ᠤᠨ ᠲᠥᠮᠥᠰᠥ ᠶᠢ ᠭᠤᠤᠯ ᠢᠳᠡᠭᠡᠨ ᠪᠣᠯᠭᠠᠭᠰᠠᠨ | ᠦᠢᠯᠡᠳᠦᠯᠭᠡ ᠶᠢᠨ ᠵᠢᠱᠢᠶ᠎ᠡ ᠦᠵᠡᠭᠦᠯᠬᠦ ᠵᠠᠭᠪᠤᠷ ᠤᠨ ᠰᠠᠭᠤᠷᠢᠨ ᠭᠠᠵᠠᠷ ᠢ ᠪᠠᠶᠢᠭᠤᠯᠵᠤ᠂ ᠲᠥᠮᠥᠰᠥ ᠶᠢᠨ ᠠᠵᠤ | ᠦᠢᠯᠡᠰ ᠤᠨ ᠡᠳ᠋ᠰᠢᠭᠦᠯᠬᠦ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠨ᠎ᠡ᠃ ᠲᠥᠷᠥᠯ ᠵᠦᠶ᠋ᠯ | ᠪᠠᠶᠢᠭᠤᠯᠤᠭᠳᠠᠭᠰᠠᠨ ᠤ ᠳᠠᠷᠠᠭ᠎ᠠ᠂ ᠲᠥᠮᠥᠰᠥ ᠶᠢᠨ ᠰᠠᠶᠢᠨ ᠡᠭᠦᠯᠳᠡᠷ ᠢ ᠰᠤᠳᠤᠯᠤᠨ ᠨᠡᠭᠡᠭᠡᠬᠦ ᠴᠢᠳᠠᠪᠤᠷᠢ ᠳᠠᠬᠢᠨ | ᠳᠡᠭᠡᠭᠰᠢᠯᠡᠬᠦ ᠶᠢᠨ ᠬᠠᠮᠲᠤ᠂ ᠡᠳᠦᠷ ᠲᠤ 10 ᠲᠦᠮᠡᠨ ᠮᠠᠨᠲᠠᠤ ᠦᠶ᠋ᠯᠡᠳᠪᠦᠷᠢᠯᠡᠵᠦ᠂ ᠵᠢᠯ ᠳᠤ 115 ᠲᠦᠮᠡᠨ ᠵᠢᠩ | ᠪᠤᠭᠤᠳᠠᠶ ᠶᠢ ᠣᠷᠣᠯᠠᠨ ᠬᠡᠷᠡᠭᠯᠡᠵᠦ᠂ ᠲᠥᠮᠥᠰᠥ ᠶᠢᠨ ᠪᠥᠬᠦ ᠠᠵᠤ ᠦᠶ᠋ᠯᠡᠰ ᠤᠨ ᠬᠥᠭᠵᠢᠯᠲᠡ ᠶᠢ ᠠᠬᠢᠭᠤᠯᠬᠤ ᠪᠠᠷ | ᠪᠠᠷᠠᠬᠤ ᠥᠬᠡᠶ ᠪᠠᠰᠠ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠲᠤᠯᠭᠠᠭᠤᠷᠢᠯᠠᠯ | ᠬᠠᠩᠭᠠᠭᠰᠠᠨ ᠪᠠᠶᠢᠨ᠎ᠠ᠃ | |