ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠱᠠᠩᠳᠤ ᠰᠢᠶᠠᠨ ᠡᠬᠢ | ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ | ᠬᠤᠪᠢᠷᠠᠭᠤᠯᠵᠤ᠂ ᠪᠡᠭᠡᠵᠢᠩ ᠬᠤᠲᠠ ᠶᠢᠨ ᠴᠢᠨᠠᠷ ᠰᠠᠶᠢᠲᠠᠶ ᠠᠵᠤ ᠠᠬᠤᠶᠢᠯᠠᠯ ᠪᠠ ᠲᠡᠷᠢᠭᠦᠨ ᠤ ᠬᠠᠮᠢᠶᠠᠷᠤᠯᠲᠠ ᠶᠢᠨ | ᠮᠡᠷᠭᠡᠵᠢᠯ ᠤᠨ ᠣᠶᠢᠯᠠᠭᠠᠭᠳᠠᠬᠤᠨ ᠢ ᠢᠳᠡᠪᠬᠢᠲᠡᠶ ᠣᠷᠣᠭᠤᠯᠤᠨ ᠠᠪᠴᠢᠷᠠᠵᠤ᠂ ᠬᠤᠤᠷ ᠥᠬᠡᠶᠢᠳᠡᠭᠦᠯᠦᠨ | ᠦᠷᠡᠵᠢᠭᠦᠯᠦᠨ ᠪᠤᠶᠢᠵᠢᠭᠤᠯᠬᠤ᠂ ᠰᠠᠭᠤᠷᠢᠨᠵᠢᠭᠤᠯᠤᠨ ᠳᠠᠷᠢᠬᠤ᠂ ᠬᠡᠪᠴᠢᠶᠡᠵᠢᠭᠦᠯᠦᠨ ᠡᠳ᠋ᠰᠢᠭᠦᠯᠬᠦ᠂ | ᠣᠳᠣᠬᠢᠴᠢᠯᠠᠭᠰᠠᠨ ᠨᠥᠭᠡᠴᠡᠯᠡᠬᠦ᠂ ᠨᠡᠶᠢᠭᠡᠮᠴᠢᠯᠡᠨ ᠪᠣᠷᠣᠯᠠᠭᠤᠯᠬᠤ ︽ᠲᠠᠪᠤ ᠶᠢ ᠨᠢᠭᠡ ᠴᠣᠭᠴᠠᠵᠢᠭᠤᠯᠬᠤ︾ | ᠲᠥᠮᠥᠰᠥ ᠶᠢᠨ ᠪᠥᠬᠦ ᠠᠵᠤ ᠦᠶ᠋ᠯᠡᠰ ᠤᠨ ᠬᠡᠯᠬᠢᠶ᠎ᠡ ᠶᠢᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ᠂ ︽ | ᠳᠥᠷᠪᠡ ᠶᠢ ᠳᠠᠶᠢᠴᠢᠯᠠᠬᠤ︾ ᠶᠢ ᠰᠢᠨ᠎ᠡ ᠶᠢ ᠡᠭᠦᠳᠦᠨ ᠥᠷᠨᠢᠭᠦᠯᠵᠦ᠂ ᠲᠠᠷᠢᠶᠠᠴᠢᠨ ᠠᠵᠤ ᠠᠬᠤᠶᠢᠯᠠᠯ ᠤᠨ ᠠᠰᠢᠭ | ᠲᠤᠰᠠ ᠶᠢᠨ ᠬᠤᠯᠪᠣᠭᠠᠯᠠᠯ ᠤᠨ ᠠᠵᠤ ᠦᠶ᠋ᠯᠡᠰ ᠤᠨ ᠬᠡᠯᠬᠢᠶ᠎ᠡ ᠶᠢ ᠪᠦᠷᠢᠨᠰᠢᠬᠦᠯᠦᠨ᠂ ᠠᠵᠤ ᠦᠶ᠋ᠯᠡᠰ ᠤᠨ ᠨᠡᠮᠡᠯᠲᠡ | ᠥᠷᠲᠡᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠵᠦ᠂ ᠲᠥᠮᠥᠰᠥ ᠶᠢᠨ ᠠᠵᠤ ᠦᠶ᠋ᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢ ᠨᠡᠭᠡᠭᠡᠨ ᠭᠠᠷᠭᠠᠪᠠ᠃ | ᠨᠢᠭᠡ ᠳᠤ ᠳᠠᠭᠠᠭᠤᠯᠤᠭᠴᠢ ᠪᠠᠷ ᠳᠠᠶᠢᠴᠢᠯᠠᠬᠤ ᠳᠤ ᠲᠦᠰᠢᠭᠯᠡᠨ᠂ ᠠᠵᠤ ᠦᠢᠯᠡᠰ ᠤᠨ ᠰᠠᠭᠤᠷᠢᠨ ᠭᠠᠵᠠᠷ ᠢ | ᠪᠠᠶᠢᠭᠤᠯᠤᠨ᠎ᠠ᠃ ᠰᠢ ᠰᠧᠨ ᠺᠣᠮᠫᠠᠨᠢ ᠶᠢᠨ ᠪᠡᠭᠡᠵᠢᠩ ᠤᠨ ᠶᠠᠨ ᠴᠢᠩ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠡᠵᠡᠩᠨᠡᠯᠲᠡ ᠶᠢᠨ ᠲᠤᠷᠰᠢᠯᠭ᠎ᠠ ᠪᠠᠷ ᠲᠣᠯᠢ ᠪᠣᠯᠭᠠᠵᠤ᠂ ᠱᠠᠩᠳᠤ ᠰᠢᠶᠠᠨ ᠤ ︽ᠳᠤᠮᠳᠠᠳᠤ | ᠤᠯᠤᠰ ᠤᠨ ᠲᠥᠮᠥᠰᠥ ᠶᠢᠨ ᠲᠥᠪ︾ ᠤᠨ ᠭᠤᠣᠯ ᠲᠠᠷᠢᠮᠠᠯ ᠤᠨ ᠣᠷᠣᠨ ᠤ ᠳᠠᠪᠠᠭᠤᠯᠢᠭ ᠲᠤ ᠰᠠᠭᠤᠷᠢᠯᠠᠨ᠂ ᠰᠢ | ᠰᠧᠨ ᠺᠣᠮᠫᠠᠨᠢ 4 ᠲᠦᠮᠡᠨ ᠲᠡᠭᠰᠢ ᠳᠥᠷᠪᠡᠯᠵᠢᠨ ᠮᠧᠳ᠋ᠷ ᠭᠠᠵᠠᠷ ᠡᠵᠡᠯᠡᠭᠰᠡᠨ ᠣᠳᠣᠬᠢᠴᠢᠯᠠᠭᠰᠠᠨ ᠲᠥᠮᠥᠰᠥ ᠶᠢᠨ | ᠳᠤᠭᠤᠶᠢᠯᠠᠩ ᠤᠨ ᠲᠥᠪ ᠪᠠ 7 ᠲᠦᠮᠡᠨ ᠮᠦ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ | ᠭᠠᠵᠠᠷ ᠢ ᠪᠠᠶᠢᠭᠤᠯᠵᠤ᠂ ᠵᠢᠯ ᠳᠤ 1.5 ᠳ᠋ᠦᠩᠰᠢᠭᠤᠷ ᠰᠠᠭᠤᠷᠢ ᠬᠤᠣᠷ ᠥᠬᠡᠶᠢᠳᠡᠭᠦᠯᠦᠭᠰᠡᠨ ᠴᠢᠬᠢ ᠶᠢ | ᠦᠷᠡᠵᠢᠭᠦᠯᠦᠨ ᠪᠤᠶᠢᠵᠢᠭᠤᠯᠬᠤ᠂ 1.5 ᠳ᠋ᠦᠩᠰᠢᠭᠤᠷ ᠮᠥ᠂ ᠬᠤᠣᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ | 15 ᠲᠦᠮᠡᠨ ᠲᠣᠨ ᠦᠷᠡᠵᠢᠭᠦᠯᠦᠨ ᠪᠤᠶᠢᠵᠢᠭᠤᠯᠬᠤ ᠪᠦᠷᠢᠨ ᠪᠦᠲᠦᠨ ᠴᠢᠳᠠᠪᠤᠷᠢ ᠶᠢ ᠪᠦᠷᠢᠯᠳᠦᠭᠦᠯᠵᠦ᠂ ᠱᠠᠩᠳᠤ | ᠰᠢᠶᠠᠨ ᠤ ᠲᠥᠮᠥᠰᠥ ᠶᠢᠨ ᠦᠷ᠎ᠡ ᠶᠢᠨ ᠲᠣᠮᠣ ᠰᠢᠶᠠᠨ ᠢ ᠪᠠᠶᠢᠭᠤᠯᠬᠤ ᠳᠤ ᠬᠦᠴᠦᠨ ᠨᠡᠮᠡᠷᠢᠯᠡᠪᠡ᠃ | ᠬᠤᠶᠠᠷ ᠲᠤ᠂ ᠵᠠᠭᠪᠤᠷ ᠢᠶᠠᠷ ᠳᠠᠶᠢᠴᠢᠯᠠᠬᠤ ᠳᠤ ᠲᠦᠰᠢᠭᠯᠡᠨ᠂ ᠲᠠᠷᠢᠶᠠᠯᠠᠩ ᠢ ᠶᠡᠬᠡᠪᠡᠷ ᠲᠡᠳᠬᠦᠵᠦ ᠲᠠᠷᠢᠶᠠᠯᠠᠩ ᠢ | ᠬᠥᠭᠵᠢᠭᠦᠯᠦᠨ᠎ᠡ᠃ ︽ᠺᠣᠮᠫᠠᠨᠢ ᠶᠢᠨ ᠨᠠᠮ ᠤᠨ ᠡᠭᠦᠷ ᠬᠤᠷᠰᠢᠶ᠎ᠠ ᠲᠠᠷᠢᠶᠠᠴᠢᠨ ᠡᠷᠦᠬᠡ ︵ᠶᠠᠳᠠᠭᠤ ᠠᠴᠠ | ᠠᠩᠭᠢᠵᠢᠷᠠᠭᠰᠠᠨ ᠡᠷᠦᠬᠡ︶︾ ᠶᠢᠨ ᠵᠠᠭᠪᠤᠷ ᠶᠣᠰᠣᠭᠠᠷ᠂ ᠨᠠᠮ ᠤᠨ ᠡᠭᠦᠷ ᠢᠶᠠᠷ ᠳᠠᠭᠠᠭᠤᠯᠤᠨ ᠡᠷᠭᠢᠯᠡᠬᠦ ᠪᠠᠷ | ᠭᠠᠷᠳᠠᠴᠠ ᠪᠣᠯᠭᠠᠵᠤ᠂ ᠰᠢ ᠰᠧᠨ ᠺᠣᠮᠫᠠᠨᠢ ᠲᠠᠢ ᠬᠠᠮᠲᠤᠷᠠᠯᠴᠠᠬᠤ ᠪᠠᠷ ᠳᠡᠮᠵᠢᠨ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠬᠤ ᠪᠠᠯᠠ ᠮᠥᠩᠭᠦ ᠶᠢ ᠡᠮᠬᠢᠯᠡᠨ ᠨᠡᠶᠢᠯᠡᠭᠦᠯᠬᠦ ᠪᠠ 8360 ᠲᠦᠮᠡᠨ ᠲᠥᠭᠦᠷᠢᠭ ᠤᠨ ᠪᠠᠯᠠ ᠮᠥᠩᠭᠦ ᠶᠢ | ᠡᠮᠬᠢᠯᠡᠨ ᠨᠡᠶᠢᠯᠡᠭᠦᠯᠵᠦ᠂ 705 ᠳᠤᠯᠠᠭᠠᠨ ᠲᠤᠤᠷᠯᠢᠭ ᠬᠦᠯᠡᠮᠵᠢ ᠶᠢ ᠪᠠᠶᠢᠭᠤᠯᠵᠤ᠂ ᠰᠢ ᠰᠧᠨ ᠺᠣᠮᠫᠠᠨᠢ ᠪᠦᠬᠦᠯᠢ | ᠴᠣᠭᠴᠠ ᠪᠠᠷ ᠲᠦᠷᠢᠶᠡᠰᠦᠯᠡᠵᠦ᠂ ᠬᠤᠷᠰᠢᠶ᠎ᠠ ᠠᠴᠠ ᠡᠵᠡᠩᠨᠡᠨ ᠬᠠᠮᠢᠶᠠᠷᠴᠤ᠂ ᠬᠤᠷᠰᠢᠶ᠎ᠠ ᠠᠴᠠ ᠲᠠᠷᠢᠶᠠᠴᠢᠨ | ᠡᠷᠦᠬᠡ ᠶᠢ ᠬᠤᠪᠢᠶᠠᠨ ᠳᠠᠭᠠᠭᠠᠴᠢᠯᠠᠭᠤᠯᠵᠤ ᠤᠤᠯ ᠤᠨ ᠡᠭᠦᠯᠳᠡᠷ ᠢ ᠳᠠᠷᠢᠨ᠎ᠠ᠃ ᠰᠢ ᠰᠧᠨ ᠺᠣᠮᠫᠠᠨᠢ ᠨᠢᠭᠡᠳᠦᠯᠲᠡᠶ | ᠲᠥᠯᠥᠪᠵᠢᠭᠦᠯᠵᠦ᠂ ᠦᠷ᠎ᠡ ᠬᠠᠩᠭᠠᠵᠤ᠂ ᠪᠣᠯᠪᠠᠰᠤᠷᠠᠭᠤᠯᠵᠤ᠂ ᠲᠠᠷᠢᠵᠤ᠂ ᠬᠠᠮᠢᠶᠠᠷᠴᠤ᠂ ᠬᠤᠳᠠᠯᠳᠤᠨ ᠠᠪᠴᠤ᠂ | ᠲᠠᠷᠢᠶᠠᠴᠢᠳ ᠢ ᠨᠤᠲᠤᠭ ᠤᠰᠤ ᠠᠴᠠ ᠪᠠᠨ ᠰᠠᠯᠬᠤ ᠥᠬᠡᠶ ᠪᠣᠯᠭᠠᠵᠤ᠂ ᠣᠶᠢᠷ᠎ᠠ ᠬᠠᠪᠢ ᠳᠤᠨᠢ ᠠᠵᠤ ᠦᠢᠯᠡᠰ ᠤᠨ | ᠠᠵᠢᠯᠴᠢᠨ ᠪᠣᠯᠭᠠᠨ ᠬᠤᠪᠢᠷᠠᠭᠤᠯᠵᠤ᠂ ᠲᠠᠷᠢᠶᠠᠴᠢᠳ ᠢ ᠤᠯᠠᠮᠵᠢᠯᠠᠯᠲᠤ ᠲᠠᠷᠢᠮᠠᠯ ᠤᠨ ᠠᠷᠭ᠎ᠠ ᠮᠠᠶ᠋ᠢᠭ ᠲᠤ ᠳᠠᠳᠮᠠᠭᠠᠶ | ︽ᠬᠥᠷᠥᠰᠥ ᠰᠢᠷᠣᠶ︾ ᠪᠠᠶᠢᠭᠰᠠᠨ ᠠᠴᠠ ᠰᠢᠨᠵᠢᠯᠡᠬᠦ ᠤᠬᠠᠭᠠᠨᠴᠢ ᠡᠵᠡᠩᠨᠡᠯᠲᠡ ᠶᠢᠨ ︽ᠲᠠᠷᠢᠶᠠᠨ ᠭᠠᠵᠠᠷ ᠤᠨ | ᠴᠢᠳᠠᠪᠤᠷᠢᠲᠠᠨ︾ ᠪᠣᠯᠭᠠᠨ ᠬᠤᠪᠢᠷᠠᠭᠤᠯᠪᠠ᠃ | ᠭᠤᠷᠪᠠ ᠳᠤ᠂ ᠲᠥᠷᠥᠯ ᠵᠦᠢᠯ ᠢᠶᠠᠷ ᠳᠠᠶᠢᠴᠢᠯᠠᠬᠤ ᠳᠤ ᠲᠦᠰᠢᠭᠯᠡᠨ᠂ ᠠᠵᠤ ᠦᠢᠯᠡᠰ ᠤᠨ ᠰᠠᠭᠤᠷᠢ ᠶᠢ | ᠪᠠᠬᠢᠵᠢᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠠᠯᠠ ᠮᠥᠩᠭᠦ 1944 ᠲᠦᠮᠡᠨ ᠲᠥᠭᠦᠷᠢᠭ | ᠣᠷᠣᠭᠤᠯᠵᠤ᠂ ᠲᠥᠮᠥᠰᠥ ᠳᠠᠷᠢᠬᠤ ᠲᠥᠪᠯᠡᠷᠡᠨ ᠵᠠᠯᠭᠠᠯᠳᠤᠭᠰᠠᠨ ᠣᠷᠣᠨ ᠪᠦᠰᠡ ᠳᠤ 5 ᠲᠣᠭᠲᠠᠮᠠᠯ ᠳᠤᠯᠠᠭᠠᠨ ᠤ | ᠬᠥᠮᠥᠷᠭᠡ ᠪᠠᠶᠢᠭᠤᠯᠵᠤ᠂ ᠲᠥᠮᠥᠰᠥ ᠪᠠ ᠬᠦᠢᠲᠡᠨ ᠰᠡᠷᠢᠭᠦᠨ ᠢᠳᠡᠰᠢᠨ ᠨᠣᠭᠤᠭ᠎ᠠ ᠳᠠᠷᠢᠬᠤ᠂ ᠬᠥᠮᠥᠷᠭᠡᠯᠡᠨ | ᠬᠠᠳᠠᠭᠠᠯᠠᠬᠤ᠂ ᠡᠳ᠋ᠰᠢᠭᠦᠯᠦᠨ ᠪᠣᠯᠪᠠᠰᠤᠷᠠᠭᠤᠯᠵᠤ ᠳᠣᠭᠢᠷᠠᠭᠤᠯᠤᠨ ᠬᠦᠷᠭᠡᠬᠦ ᠶᠢ ᠨᠢᠭᠡ ᠴᠣᠭᠴᠠᠵᠢᠭᠤᠯᠤᠭᠰᠠᠨ | ᠤᠨᠴᠠᠯᠢᠬᠳᠤ ᠲᠠᠷᠢᠶᠠᠯᠠᠩ ᠤᠨ ᠲᠥᠷᠥᠯ ᠵᠦᠢᠯ ᠢ ᠪᠠᠶᠢᠭᠤᠯᠵᠤ᠂ ᠠᠵᠤ ᠦᠢᠯᠡᠰ ᠤᠨ ᠰᠠᠭᠤᠷᠢ ᠲᠥᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢᠨ ᠲᠦᠪᠰᠢᠨ ᠢ ᠬᠦᠴᠦᠲᠡᠶ ᠳᠡᠭᠡᠭᠰᠢᠯᠡᠭᠦᠯᠵᠦ᠂ ᠡᠷᠬᠢᠨ ᠲᠣᠭᠤᠷᠢᠨ ᠤ 2132 | ᠲᠠᠷᠢᠶᠠᠴᠢᠨ ᠡᠷᠦᠬᠡ ᠶᠢᠨ ᠲᠥᠮᠥᠰᠥ ᠪᠠ ᠬᠦᠢᠳᠡᠨ ᠰᠡᠷᠢᠭᠦᠨ ᠢᠳᠡᠰᠢᠨ ᠨᠣᠭᠤᠭ᠎ᠠ ᠳᠠᠷᠢᠬᠤ ᠶᠢ ᠳᠠᠶᠢᠴᠢᠯᠠᠪᠠ᠃ | ᠳᠥᠷᠪᠡ ᠳᠤ᠂ ᠬᠠᠮᠵᠢᠯᠴᠠᠨ ᠳᠠᠶᠢᠴᠢᠯᠠᠬᠤ ᠳᠤ ᠲᠦᠰᠢᠭᠯᠡᠨ᠂ ᠦᠢᠯᠡᠳᠪᠦᠷᠢᠯᠡᠯ ᠪᠣᠷᠣᠯᠠᠭᠤᠯᠭ᠎ᠠ ᠶᠢᠨ ᠠᠷᠭ᠎ᠠ | ᠵᠠᠮ ᠢ ᠥᠷᠭᠡᠳᠬᠡᠨ᠎ᠡ᠃ ᠪᠡᠭᠡᠵᠢᠩ ᠤᠨ ᠨᠦᠩ ᠲᠧᠦ ᠺᠠᠩ ᠠᠨ ᠯᠢ ᠹᠧᠩ ᠢ ᠣᠷᠣᠭᠤᠯᠤᠨ ᠠᠪᠴᠢᠷᠠᠵᠤ᠂ | ᠲᠥᠮᠥᠰᠥ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠬᠡᠷᠴᠢᠵᠦ ᠡᠳ᠋ᠰᠢᠭᠦᠯᠬᠦ ᠲᠥᠪ ᠤᠨ ᠲᠥᠷᠥᠯ ᠵᠦᠢᠯ ᠢ | ᠪᠦᠲᠦᠭᠡᠨ ᠪᠠᠶᠢᠭᠤᠯᠵᠤ᠂ ᠢᠵᠢ ᠪᠦᠷᠢᠨ ᠮᠠᠰᠢᠨᠴᠢᠯᠠᠭᠰᠠᠨ ᠲᠥᠮᠥᠰᠥ᠂ ᠢᠳᠡᠰᠢᠨ ᠨᠣᠭᠤᠭ᠎ᠠ ᠶᠢᠨ ᠰᠢᠨ᠎ᠡ ᠰᠣᠷᠭᠤᠭ | ᠬᠡᠷᠴᠢᠬᠦ ᠦᠢᠯᠡᠳᠪᠦᠷᠢᠯᠡᠯ ᠤᠨ ᠱᠤᠭᠤᠮ ᠢ ᠪᠤᠢ ᠪᠣᠯᠭᠠᠵᠤ᠂ ᠲᠥᠮᠥᠰᠥ ᠶᠢ ᠤᠬᠢᠶᠠᠬᠤ᠂ ᠰᠣᠷᠭᠤᠭ ᠪᠠᠶᠢᠯᠭᠠᠬᠤ᠂ | ᠪᠣᠭᠤᠳᠠᠯᠯᠠᠭᠰᠠᠨ ᠤ ᠳᠠᠷᠠᠭ᠎ᠠ ᠪᠡᠭᠡᠵᠢᠩ ᠤᠨ ᠡᠯ᠎ᠡ ᠲᠣᠮᠣ ᠬᠤᠭᠤᠯᠠᠨ ᠰᠢᠷᠡᠭᠡᠨ ᠳᠤ ᠰᠢᠭᠤᠳ ᠬᠦᠷᠭᠡᠵᠦ᠂ ᠳᠤᠮᠳᠠᠬᠢ | ᠭᠤᠭᠴᠤᠭ᠎ᠠ ᠶᠢ ᠪᠠᠭᠠᠰᠬᠠᠨ᠎ᠠ᠃ ᠡᠭᠦᠨ ᠤ ᠬᠠᠮᠲᠤ ᠪᠡᠭᠡᠵᠢᠩ ᠥᠪᠥᠷ ᠮᠣᠩᠭᠤᠯ ᠤᠨ ᠬᠡᠷᠡᠭᠯᠡᠭᠡᠨ ᠤ ᠬᠠᠮᠵᠢᠯᠴᠠᠭᠠᠨ ᠤ | ᠲᠠᠪᠴᠠᠩ ᠳᠤ ᠬᠦᠴᠦᠨ ᠨᠡᠮᠡᠷᠢᠯᠡᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ | ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠲᠥᠮᠥᠰᠥ ᠶᠢᠨ ᠪᠦᠲᠦᠭᠡᠭᠳᠡᠬᠦᠨ ᠢ ᠬᠡᠷᠡᠭᠯᠡᠭᠡ ᠪᠠᠷ | ᠳᠠᠮᠵᠢᠭᠤᠯᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠲᠥᠪ᠂ 832 ᠲᠠᠪᠴᠠᠩ᠂ ᠬᠤᠤᠰᠯᠠᠯ | ᠪᠠᠶᠢᠭᠤᠯᠤᠭᠰᠠᠨ ᠣᠷᠣᠨ ᠤ ᠬᠤᠳᠠᠯᠳᠤᠨ ᠠᠪᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠪᠡᠭᠡᠵᠢᠩ ᠤᠨ ᠵᠠᠬ᠎ᠠ | ᠳᠡᠯᠭᠡᠭᠦᠷ ᠲᠤ ᠣᠷᠣᠭᠤᠯᠪᠠ᠃ | ᠱᠠᠩᠳᠤ ᠰᠢᠶᠠᠨ ᠤ ᠲᠥᠮᠥᠰᠥ ᠶᠢᠨ ᠠᠵᠤ ᠦᠶ᠋ᠯᠡᠰ ᠨᠢ ︽ᠵᠠᠰᠠᠭ ᠤᠨ ᠣᠷᠳᠣᠨ ᠪᠠᠶᠢᠭᠤᠯᠬᠤ᠂ ᠠᠵᠤ | ᠠᠬᠤᠶᠢᠯᠠᠯ ᠲᠦᠷᠢᠶᠡᠰᠦᠯᠡᠬᠦ᠂ ᠲᠠᠷᠢᠶᠠᠴᠢᠳ ᠳᠠᠷᠢᠬᠤ︾ ᠵᠠᠭᠪᠤᠷ ᠢᠶᠠᠷ ᠲᠣᠮᠣ ᠬᠦᠯᠡᠮᠵᠢ ᠶᠢ ᠲᠦᠷᠢᠶᠡᠰᠦᠯᠡᠬᠦ᠂ | ᠭᠠᠵᠠᠷ ᠰᠢᠷᠣᠶ ᠶᠢ ᠰᠢᠯᠵᠢᠭᠦᠯᠬᠦ᠂ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ᠂ ᠡᠷᠬᠢᠨ ᠲᠣᠭᠤᠷᠢᠨ ᠤ ᠣᠯᠠᠨ | ᠲᠦᠮᠡᠨ ᠳᠤ ᠠᠵᠢᠯ ᠣᠯᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠢᠯ ᠳᠤ 12412 ᠬᠥᠮᠦᠨ ᠤᠳᠠᠭ᠎ᠠ | ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃ ᠪᠡᠭᠡᠵᠢᠩ ᠳᠤ ᠣᠷᠣᠭᠤᠯᠬᠤ | ᠪᠣᠷᠣᠯᠠᠭᠤᠯᠭ᠎ᠠ ᠶᠢᠨ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠬᠦ ᠪᠠᠷ ᠳᠠᠮᠵᠢᠭᠤᠯᠤᠨ᠂ ᠨᠡᠶᠢᠲᠡ 4.7 | ᠳ᠋ᠦᠩᠰᠢᠭᠤᠷ ᠲᠥᠭᠦᠷᠢᠭ ᠤᠨ ᠲᠥᠮᠥᠰᠥᠨ ᠤ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠵᠤ ᠪᠣᠷᠣᠯᠠᠭᠤᠯᠵᠤ᠂ | ᠨᠡᠶᠢᠰᠯᠡᠯ ᠬᠤᠲᠠ ᠶᠢᠨ ᠠᠷᠠᠳ ᠤᠨ ︽ᠬᠤᠯᠢᠰᠢᠨ ᠢᠳᠡᠭᠡᠨ︾ ᠤ ᠶᠠᠰᠤ ᠴᠢᠨᠠᠷ ᠤᠨ ᠬᠡᠷᠡᠭᠯᠡᠭᠡᠨ ᠤ ᠬᠡᠷᠡᠭᠴᠡᠭᠡ ᠶᠢ | ᠬᠠᠩᠭᠠᠪᠠ᠃ | | |