ᠰᠢ ᠶᠢᠨ ᠫᠢᠩ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠷᠤᠸᠠᠨ ᠹᠦ᠋ ᠵᠥᠩ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2023/12/14
ᠰᠢᠨᠬᠤᠸᠠ ᠬᠤᠷᠢᠶ᠎ᠠ ᠶᠢᠨ ᠬᠠᠨᠤᠢ ᠶᠢᠨ 12 ᠰᠠᠷ᠎ᠠ ᠶᠢᠨ 12 ᠤᠨ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 12 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠬᠠᠨᠤᠢ ᠳᠤ ᠰᠠᠶ᠋ᠢᠬᠠᠨ ᠭᠦᠷᠦᠭᠰᠡᠨ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠷᠤᠸᠠᠨ ᠹᠦ᠋ ᠵᠦᠩ ᠲᠠᠢ ᠬᠡᠯᠡᠯᠴᠡᠭᠡ ᠬᠢᠪᠡ᠃ ᠬᠤᠶᠠᠷ ᠲᠠᠯ᠎ᠠ ᠪᠠᠷ ᠢᠶᠠᠨ ᠳᠤᠮᠳᠠᠳᠤ ᠸᠢᠶᠧᠳ᠋ᠨᠠᠮ ᠤᠨ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠰᠢᠨ᠎ᠡ ᠪᠠᠶᠢᠷᠢ ᠲᠣᠭᠲᠠᠭᠠᠯᠲᠠ ᠶᠢ ᠨᠡᠶᠢᠲᠡᠯᠡᠵᠦ᠂ ᠳᠤᠮᠳᠠᠳᠤ ᠸᠢᠶᠧᠳ᠋ᠨᠠᠮ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠭᠰᠡᠨ ᠰᠠᠭᠤᠷᠢᠨ ᠳᠡᠭᠡᠷ᠎ᠡ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠯᠴᠠᠨ ᠪᠠᠶᠢᠭᠤᠯᠬᠤ ᠪᠠᠷ ᠪᠣᠯᠪᠠ᠃    ᠲᠡᠷᠢᠭᠦᠯᠡᠭᠴᠢ ᠶᠢᠨ ᠣᠷᠳᠣᠨ ᠤ ᠠᠭᠤᠳᠠᠮ ᠲᠠᠯᠠᠪᠠᠢ ᠲᠥᠪ ᠬᠢᠴᠢᠶᠡᠩᠭᠦᠢ ᠪᠥᠭᠡᠳ ᠭᠦᠷ ᠬᠥᠭᠵᠢᠶᠡᠨ ᠢᠶᠠᠷ ᠪᠢᠯᠬᠠᠵᠤ᠂ ᠠᠯᠳᠠᠨ ᠣᠳᠣᠲᠤ ᠤᠯᠠᠭᠠᠨ ᠲᠤᠭ ᠪᠣᠯᠣᠨ ᠲᠠᠪᠤᠨ ᠣᠳᠣᠲᠤ ᠤᠯᠠᠭᠠᠨ ᠲᠤᠭ ᠥᠩᠭᠡ ᠢᠯᠭᠠᠷᠠᠨ ᠰᠣᠯᠣᠩᠭᠠᠷᠠᠵᠤ᠂ ᠪᠠᠶᠠᠷᠯᠠᠨ ᠤᠭᠲᠤᠬᠤ ᠪᠠᠷ ᠢᠷᠡᠭᠰᠡᠨ ᠬᠡᠳᠦᠨ ᠵᠠᠭᠤᠨ ᠬᠡᠦᠬᠡᠳ ᠤᠨ ᠪᠠᠶᠠᠷ ᠤᠨ ᠮᠦᠰᠢᠶᠡᠳᠦ ᠥᠩᠭᠡ ᠭᠢᠯᠪᠠᠭᠠᠲᠠᠢ ᠪᠠᠶᠢᠯ᠎ᠠ᠃    ᠷᠤᠸᠠᠨ ᠹᠦ᠋ ᠵᠦᠩ ᠰᠢ ᠶᠢᠨ ᠫᠢᠩ ᠢ ᠤᠭᠲᠤᠬᠤ ᠦᠪᠡᠳᠡᠭᠰᠢ ᠶᠡᠭᠡ ᠶᠣᠰᠣᠯᠠᠯ ᠶᠠᠪᠤᠭᠤᠯᠪᠠ᠃    ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠲᠡᠷᠭᠡᠨ ᠳᠤ ᠰᠠᠭᠤᠵᠤ ᠬᠦᠷᠴᠦ ᠢᠷᠡᠬᠦ ᠳᠤ᠂ ᠷᠤᠸᠠᠨ ᠹᠦ᠋ ᠵᠦᠩ ᠬᠠᠲᠤᠨ ᠲᠠᠢ ᠪᠠᠨ ᠲᠡᠷᠭᠡᠨ ᠠᠴᠠ ᠪᠠᠭᠤᠬᠤ ᠭᠠᠵᠠᠷ ᠲᠤ ᠬᠠᠯᠠᠭᠤᠨ ᠢᠶᠠᠷ ᠤᠭᠲᠤᠵᠤ᠂ ᠸᠢᠶᠧᠳ᠋ᠨᠠᠮ ᠤᠨ ᠪᠠᠭᠠᠴᠤᠳ ᠬᠡᠦᠬᠡᠳ ᠰᠢ ᠶᠢᠨ ᠫᠢᠩ ᠪᠣᠯᠣᠨ ᠲᠡᠭᠦᠨ ᠤ ᠬᠠᠳᠤᠨ ᠳᠤ ᠶᠣᠰᠣᠯᠠᠵᠤ ᠴᠡᠴᠡᠭ ᠬᠦᠷᠭᠡᠪᠡ᠃ ᠬᠤᠶᠠᠷ ᠨᠠᠮ ᠤᠨ ᠶᠡᠷᠦᠩᠬᠡᠢ ᠱᠦᠵᠢ ᠬᠤᠶᠠᠷ ᠲᠠᠯ᠎ᠠ ᠶᠢᠨ ᠪᠠᠷ᠎ᠠ ᠪᠣᠯᠣᠭᠰᠠᠳ ᠲᠠᠢ ᠲᠤᠰ ᠲᠤᠰ ᠭᠠᠷ ᠠᠳᠬᠤᠨ ᠮᠡᠨᠳᠦᠴᠢᠯᠡᠪᠡ᠃ ᠰᠢ ᠶᠢᠨ ᠫᠢᠩ ᠷᠤᠸᠠᠨ ᠹᠦ᠋ ᠵᠦᠩ ᠲᠠᠢ ᠬᠠᠮᠲᠤ ᠰᠢᠯᠭᠠᠨ ᠦᠵᠡᠬᠦ ᠲᠠᠶᠢᠰᠠᠨ ᠳᠤ ᠭᠠᠷᠪᠠ᠃ ᠴᠡᠷᠢᠭ ᠤᠨ ᠬᠥᠭᠵᠢᠮ ᠤᠨ ᠠᠩᠭᠢ ᠳᠤᠮᠳᠠᠳᠤ ᠸᠢᠶᠧᠳ᠋ᠨᠠᠮ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠶᠣᠰᠣᠯᠠᠯ ᠤᠨ ᠫᠤᠤ ᠶᠢ 21 ᠳᠤᠤᠭᠠᠷᠭᠠᠪᠠ᠃ ᠰᠢ ᠶᠢᠨ ᠫᠢᠩ ᠷᠤᠸᠠᠨ ᠹᠦ᠋ ᠵᠦᠩ ᠤᠨ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃
    ᠲᠤᠬᠠᠢ ᠶᠢᠨ ᠭᠠᠵᠠᠷ ᠤᠨ ᠴᠠᠭ ᠢᠶᠠᠷ 12 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠰᠠᠶ᠋ᠢᠬᠠᠨ ᠬᠠᠨᠤᠢ ᠳᠤ ᠭᠦᠷᠦᠭᠰᠡᠨ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠷᠤᠸᠠᠨ ᠹᠦ᠋ ᠵᠥᠩ ᠲᠠᠢ ᠬᠡᠯᠡᠯᠴᠡᠭᠡ ᠬᠢᠪᠡ᠃ ᠵᠢᠷᠤᠭ ᠪᠣᠯ ᠷᠤᠸᠠᠨ ᠹᠦ᠋ ᠵᠥᠩ ᠲᠡᠷᠢᠭᠦᠯᠡᠭᠴᠢ ᠶᠢᠨ ᠣᠷᠳᠣᠨ ᠤ ᠠᠭᠤᠳᠠᠮ ᠲᠠᠯᠠᠪᠠᠢ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠡᠭᠡ ᠶᠣᠰᠣᠯᠠᠯ ᠶᠠᠪᠤᠭᠤᠯᠵᠤ ᠪᠠᠶᠢᠭ᠎ᠠ ᠨᠢ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ    ᠤᠭᠲᠤᠬᠤ ᠶᠣᠰᠣᠯᠠᠯ ᠤᠨ ᠳᠠᠷᠠᠭ᠎ᠠ᠂ ᠰᠢ ᠶᠢᠨ ᠫᠢᠩ ᠪᠣᠯᠣᠨ ᠷᠤᠸᠠᠨ ᠹᠦ᠋ ᠵᠦᠩ ᠲᠡᠷᠭᠡᠨ ᠳᠤ ᠰᠠᠭᠤᠵᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠢ ᠴᠢᠭᠯᠡᠪᠡ᠃ ᠲᠤᠬᠠᠢ ᠶᠢᠨ ᠭᠠᠵᠠᠷ ᠤᠨ ᠡᠯ᠎ᠡ ᠡᠲᠡᠭᠡᠳ ᠤᠨ ᠤᠯᠠᠨ ᠲᠦᠮᠡᠨ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠨ ᠵᠠᠮ ᠤᠨ ᠬᠤᠶᠠᠷ ᠬᠠᠵᠠᠭᠤ ᠪᠠᠷ ᠪᠠᠶᠠᠷᠯᠠᠨ ᠤᠭᠲᠤᠵᠤ᠂ ᠵᠠᠮ ᠳᠠᠭᠠᠤ ᠬᠠᠯᠠᠭᠤᠨ ᠨᠥᠭᠦᠷᠰᠡᠭ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃    ᠰᠢ ᠶᠢᠨ ᠫᠢᠩ ᠷᠤᠸᠠᠨ ᠹᠦ᠋ ᠵᠦᠩ ᠲᠠᠢ ᠬᠡᠯᠡᠯᠴᠡᠭᠡ ᠬᠢᠪᠡ᠃    ᠰᠢ ᠶᠢᠨ ᠫᠢᠩ᠂ ᠪᠣᠯᠵᠤᠭ᠎ᠠ ᠶᠣᠰᠣᠭᠠᠷ ᠬᠦᠷᠦᠯᠴᠡᠨ ᠢᠷᠡᠵᠦ᠂ ᠶᠡᠷᠦᠩᠬᠡᠢ ᠱᠦᠵᠢ ᠷᠤᠸᠠᠨ ᠹᠦ᠋ ᠵᠦᠩ ᠯᠦᠭᠡ ᠭᠤᠷᠪᠠᠳᠤᠭᠠᠷ ᠡᠭᠡᠯᠵᠢ ᠶᠢᠨ ᠬᠠᠷᠢᠯᠴᠠᠨ ᠠᠶᠢᠯᠴᠢᠯᠠᠯᠲᠠ ᠬᠢᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠃ ᠨᠥᠬᠦᠷ ᠪᠥᠭᠡᠳ ᠠᠬ᠎ᠠ ᠳᠡᠭᠦᠦ ᠪᠣᠯᠤᠭᠰᠠᠨ ᠤ ᠬᠤᠪᠢ ᠳᠤ᠂ ᠸᠢᠶᠧᠳ᠋ᠨᠠᠮ ᠤᠨ ᠰᠢᠨᠡᠴᠢᠯᠡᠯᠲᠡ ᠨᠡᠭᠡᠭᠡᠯᠲᠡ ᠬᠢᠭᠰᠡᠨ 40 ᠰᠢᠬᠠᠮ ᠵᠢᠯ ᠢᠯᠠᠩᠭᠤᠶ᠎ᠠ ᠸᠢᠶᠧᠳ᠋ᠨᠠᠮ ᠤᠨ ᠡᠪ ᠬᠠᠮᠲᠤ ᠨᠠᠮ ᠤᠨ ᠠᠷᠪᠠᠨ ᠭᠤᠷᠪᠠᠳᠤᠭᠠᠷ ᠶᠡᠭᠡ ᠬᠤᠷᠠᠯ ᠠᠴᠠ ᠨᠠᠭᠠᠰᠢ ᠣᠯᠣᠭᠰᠠᠨ ᠬᠥᠭᠵᠢᠯᠲᠡ ᠶᠢᠨ ᠠᠮᠵᠢᠯᠲᠠ ᠪᠦᠲᠦᠮᠵᠢ ᠳᠤ ᠪᠢᠳᠡ ᠴᠢᠩ ᠰᠡᠳᠬᠢᠯ ᠠᠴᠠ ᠪᠠᠨ ᠪᠠᠶᠠᠷᠯᠠᠵᠤ ᠪᠠᠶᠢᠨ᠎ᠠ᠃ ᠸᠢᠶᠧᠳ᠋ᠨᠠᠮ ᠤᠨ ᠬᠢᠨ ᠤ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢᠨ ᠦᠢᠯᠡᠰ ᠢᠶᠠᠨ ᠦᠷᠭᠦᠯᠵᠢᠯᠡᠨ ᠠᠬᠢᠭᠤᠯᠬᠤ ᠶᠢ ᠳᠤᠮᠳᠠᠳᠤ ᠤᠯᠤᠰ ᠡᠷᠡᠰ ᠲᠡᠮᠵᠢᠨ᠎ᠠ᠂ ᠶᠡᠷᠦᠩᠬᠡᠢ ᠱᠦᠵᠢ ᠷᠤᠸᠠᠨ ᠹᠦ᠋ ᠵᠦᠩ ᠨᠥᠬᠦᠷ ᠢᠶᠠᠷ ᠲᠦᠷᠦᠭᠦᠯᠡᠭᠦᠯᠦᠭᠰᠡᠨ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠸᠢᠶᠧᠳ᠋ᠨᠠᠮ ᠤᠨ ᠨᠠᠮ ᠪᠣᠯᠣᠨ ᠵᠠᠰᠠᠭ ᠤᠨ ᠣᠷᠳᠣᠨ ᠸᠢᠶᠧᠳ᠋ᠨᠠᠮ ᠤᠨ ᠡᠪ ᠬᠠᠮᠲᠤ ᠨᠠᠮ ᠤᠨ ᠠᠷᠪᠠᠨ ᠭᠤᠷᠪᠠᠳᠤᠭᠠᠷ ᠶᠡᠭᠡ ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠡᠭᠦᠷᠭᠡ ᠪᠠᠨ ᠯᠠᠪᠲᠠᠢ ᠤᠷᠤᠭᠰᠢᠲᠠᠢ ᠪᠡᠶᠡᠯᠡᠭᠦᠯᠵᠦ᠂ ᠸᠢᠶᠧᠳ᠋ᠨᠠᠮ ᠤᠨ ᠨᠠᠮ ᠪᠠᠶᠢᠭᠤᠯᠤᠭᠳᠠᠭᠰᠠᠨ ᠤᠯᠤᠰ ᠪᠠᠶᠢᠭᠤᠯᠤᠭᠳᠠᠭᠰᠠᠨ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠶᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
      ᠲᠤᠬᠠᠢ ᠶᠢᠨ ᠭᠠᠵᠠᠷ ᠤᠨ ᠴᠠᠭ ᠢᠶᠠᠷ 12 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠰᠠᠶ᠋ᠢᠬᠠᠨ ᠬᠠᠨᠤᠢ ᠳᠤ ᠭᠦᠷᠦᠭᠰᠡᠨ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠷᠤᠸᠠᠨ ᠹᠦ᠋ ᠵᠥᠩ ᠲᠠᠢ ᠬᠡᠯᠡᠯᠴᠡᠭᠡ ᠬᠢᠪᠡ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠫᠠᠩ ᠰᠢᠩ ᠯᠧᠢ ᠰᠡᠭᠦᠳᠡᠷᠯᠡᠪᠡ    ᠰᠢ ᠶᠢᠨ ᠫᠢᠩ᠂ ᠳᠤᠮᠳᠠᠳᠤ ᠸᠢᠶᠧᠳ᠋ᠨᠠᠮ ᠬᠤᠶᠠᠷ ᠤᠯᠤᠰ ᠲᠤᠰ ᠲᠤᠰ ᠤᠨ ᠢᠶᠠᠨ ᠤᠯᠤᠰ ᠣᠷᠣᠨ ᠤ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠪᠠᠨ ᠲᠡᠮᠡᠴᠡᠨ ᠣᠯᠬᠤ ᠲᠡᠮᠡᠴᠡᠯ ᠳᠤᠮᠳᠠ ᠬᠠᠷᠢᠯᠴᠠᠨ ᠲᠡᠮᠵᠢᠵᠤ᠂ ᠲᠤᠰ ᠲᠤᠰ ᠤᠨ ᠢᠶᠠᠨ ᠥᠭᠡᠷᠡᠴᠢᠯᠡᠯᠲᠡ ᠨᠡᠭᠡᠭᠡᠯᠲᠡ ᠪᠣᠯᠣᠨ ᠰᠢᠨᠡᠴᠢᠯᠡᠯᠲᠡ ᠶᠢᠨ ᠦᠢᠯᠡᠰ ᠳᠤᠮᠳᠠ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠵᠤ᠂ ︽ᠸᠢᠶᠧᠳ᠋ᠨᠠᠮ ᠳᠤᠮᠳᠠᠳᠤ ᠶᠢᠨ ᠨᠥᠬᠦᠷᠯᠡᠯ ᠭᠦᠨ ᠵᠤᠵᠠᠭᠠᠨ᠂ ᠨᠥᠬᠦᠷ ᠪᠥᠭᠡᠳ ᠠᠬ᠎ᠠ ᠳᠡᠭᠦᠦ︾ ᠪᠣᠯ ᠳᠤᠮᠳᠠᠳᠤ ᠸᠢᠶᠧᠳ᠋ᠨᠠᠮ ᠤᠨ ᠬᠠᠷᠢᠯᠴᠠᠭ᠎ᠠ ᠶᠢᠨ ᠬᠠᠮᠤᠭ ᠤᠨ ᠠᠮᠢᠳᠤᠯᠢᠭ ᠵᠢᠷᠤᠭᠯᠠᠯ ᠪᠣᠯᠣᠨ᠎ᠠ᠃ ᠳᠤᠮᠳᠠᠳᠤ ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠲᠦ ᠶᠢᠨ ᠬᠠᠷᠠᠭᠠᠰᠤ ᠠᠴᠠ ᠳᠤᠮᠳᠠᠳᠤ ᠸᠢᠶᠧᠳ᠋ᠨᠠᠮ ᠤᠨ ᠬᠠᠷᠢᠯᠴᠠᠭ᠎ᠠ ᠳᠤ ᠬᠠᠨᠳᠤᠨ᠎ᠠ᠃ ᠣᠳᠣᠬᠠᠨ ᠳᠤ᠂ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠦᠭᠡᠢ ᠭᠡᠯᠪᠡᠷᠢ ᠪᠠᠷ ᠶᠠᠪᠤᠭᠳᠠᠵᠤ ᠪᠠᠶᠢᠨ᠎ᠠ᠃ ᠳᠤᠮᠳᠠᠳᠤ ᠸᠢᠶᠧᠳ᠋ᠨᠠᠮ ᠤᠨ ᠬᠤᠶᠠᠷ ᠨᠠᠮ ᠨᠢ ᠳᠡᠯᠡᠬᠡᠢ ᠶᠢᠨ ᠲᠡᠷᠢᠭᠦᠨ ᠤ ᠬᠤᠶᠠᠷ ᠶᠡᠭᠡ ᠲᠦᠷᠦ ᠪᠠᠷᠢᠭᠴᠢ ᠡᠪ ᠬᠠᠮᠲᠤ ᠨᠠᠮ ᠪᠣᠯᠤᠭᠰᠠᠨ ᠤ ᠬᠤᠪᠢ ᠳᠤ᠂ ᠴᠥᠮ ᠮᠠᠷᠺᠰ ᠤᠨ ᠦᠵᠡᠯ ᠢ ᠪᠠᠷᠢᠮᠲᠠᠯᠠᠨ ᠬᠥᠭᠵᠢᠭᠦᠯᠵᠦ᠂ ᠴᠥᠮ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠴᠥᠮ ᠥᠪᠡᠷ ᠥᠪᠡᠷ ᠤᠨ ᠤᠯᠤᠰ ᠢᠶᠠᠨ ᠤᠳᠤᠷᠢᠳᠤᠨ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠬᠢᠵᠦ ᠪᠠᠶᠢᠨ᠎ᠠ᠂ ᠨᠡᠩ ᠴᠤ ᠳᠡᠯᠡᠬᠡᠢ ᠶᠢᠨ ᠨᠡᠶᠢᠭᠡᠮ ᠵᠢᠷᠤᠮ ᠤᠨ ᠬᠦᠴᠦᠨ ᠢ ᠪᠤᠵᠠᠭᠠᠶᠢᠷᠠᠭᠤᠯᠬᠤ ᠪᠠ ᠥᠪᠡᠷ ᠥᠪᠡᠷ ᠤᠨ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠯᠠᠪᠳᠠᠭᠤᠨ ᠢᠶᠠᠷ ᠬᠤᠯᠠ ᠠᠶᠠᠯᠠᠬᠤ ᠶᠢ ᠪᠠᠲᠤᠯᠠᠬᠤ ᠥᠨᠳᠥᠷᠴᠡ ᠠᠴᠠ ᠳᠤᠮᠳᠠᠳᠤ ᠸᠢᠶᠧᠳ᠋ᠨᠠᠮ ᠤᠨ ᠬᠠᠷᠢᠯᠴᠠᠭᠠᠨ ᠤ ᠣᠨᠴᠠᠭᠠᠢ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠢ ᠡᠵᠡᠮᠳᠡᠵᠦ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠᠯ ᠵᠣᠬᠢᠨ᠎ᠠ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ ᠸᠢᠶᠧᠳ᠋ᠨᠠᠮ ᠤᠨ ᠬᠠᠷᠢᠯᠴᠠᠭ᠎ᠠ ᠤᠯᠤᠰ ᠲᠦᠷᠦ ᠶᠢᠨ ᠢᠲᠡᠭᠡᠯᠴᠡᠭᠡ ᠪᠠᠷ ᠨᠡᠩ ᠥᠨᠳᠥᠷ᠂ ᠠᠮᠤᠷ ᠲᠦᠪᠰᠢᠨ ᠬᠠᠮᠲᠤᠷᠠᠯᠴᠠᠭ᠎ᠠ ᠪᠠᠷ ᠨᠡᠩ ᠪᠣᠳᠠᠲᠠᠢ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠷ ᠨᠡᠩ ᠭᠦᠨᠵᠡᠭᠡᠢ᠂ ᠠᠷᠠᠳ ᠤᠨ ᠰᠠᠨᠠᠭᠠᠨ ᠤ ᠰᠠᠭᠤᠷᠢ ᠪᠠᠷ ᠨᠡᠩ ᠪᠠᠲᠤ᠂ ᠤᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠷ ᠨᠡᠩ ᠴᠢᠩᠭ᠎ᠠ᠂ ᠵᠥᠷᠢᠯᠳᠦᠭᠡᠨ ᠢ ᠬᠠᠮᠢᠶᠠᠷᠤᠨ ᠡᠵᠡᠮᠳᠡᠵᠦ ᠰᠢᠢᠳᠪᠦᠷᠢᠯᠡᠬᠦ ᠪᠠᠷ ᠨᠡᠩ ᠰᠠᠶᠢᠨ ᠰᠢᠨ᠎ᠡ ᠱᠠᠲᠤᠨ ᠳᠤ ᠣᠷᠣᠵᠤ᠂ ᠳᠤᠮᠳᠠᠳᠤ ᠸᠢᠶᠧᠳ᠋ᠨᠠᠮ ᠬᠤᠶᠠᠷ ᠤᠯᠤᠰ ᠤᠨ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢᠨ ᠦᠢᠯᠡᠰ ᠲᠠᠰᠤᠷᠠᠯᠳᠠ ᠦᠭᠡᠢ ᠰᠢᠨ᠎ᠡ ᠠᠮᠵᠢᠯᠲᠠ ᠪᠦᠲᠦᠮᠵᠢ ᠣᠯᠬᠤ ᠪᠥᠭᠡᠳ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠲᠣᠭᠲᠠᠭᠤᠨ᠂ ᠬᠥᠭᠵᠢᠯᠲᠡ᠂ ᠴᠡᠴᠡᠭᠯᠡᠯ ᠳᠤ ᠰᠢᠨ᠎ᠡ ᠬᠤᠪᠢ ᠨᠡᠮᠡᠷᠢ ᠦᠵᠡᠭᠦᠯᠭᠦ ᠶᠢ ᠢᠲᠡᠭᠡᠵᠦ ᠪᠠᠶᠢᠨ᠎ᠠ ᠭᠡᠵᠦ ᠴᠢᠬᠤᠯᠠᠴᠢᠯᠠᠪᠠ᠃    ᠰᠢ ᠶᠢᠨ ᠫᠢᠩ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠬᠡᠳᠦᠨ ᠰᠠᠨᠠᠭᠤᠯᠭ᠎ᠠ ᠳᠤᠷᠠᠳᠪᠠ᠃    ᠤᠯᠤᠰ ᠲᠦᠷᠦ ᠶᠢᠨ ᠲᠠᠯ᠎ᠠ ᠪᠠᠷ᠂ ᠴᠢᠭᠯᠡᠯ ᠢᠶᠠᠨ ᠵᠥᠪ ᠡᠵᠡᠮᠰᠢᠶ᠎ᠡ᠃ ᠳᠡᠭᠡᠳᠦ ᠳᠠᠪᠬᠤᠷᠭ᠎ᠠ ᠶᠢᠨ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠮᠵᠢ ᠶᠢ ᠪᠠᠷᠢᠮᠲᠠᠯᠠᠵᠤ᠂ ᠨᠠᠮ ᠢ ᠵᠠᠰᠠᠬᠤ ᠲᠦᠷᠦ ᠶᠢ ᠵᠠᠰᠠᠬᠤ ᠲᠤᠷᠰᠢᠯᠭ᠎ᠠ ᠪᠠᠨ ᠰᠣᠯᠢᠯᠴᠠᠵᠤ ᠬᠠᠷᠢᠯᠴᠠᠨ ᠲᠣᠯᠢ ᠪᠤᠯᠭᠠᠬᠤ ᠶᠢ ᠴᠢᠩᠭᠠᠳᠬᠠᠵᠤ᠂ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ᠂ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠪᠠᠨ ᠬᠠᠮᠲᠤ ᠪᠠᠷ ᠭᠦᠨᠵᠡᠭᠡᠶᠢᠷᠡᠭᠦᠯᠦᠶ᠎ᠡ᠃ ᠲᠣᠰ ᠲᠣᠰ ᠤᠨ ᠭᠤᠣᠯᠯᠠᠭᠴᠢ ᠠᠰᠢᠭ ᠲᠤᠰᠠ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠳᠡᠭᠡᠷ᠎ᠡ ᠬᠠᠷᠢᠯᠴᠠᠨ ᠡᠷᠡᠰ ᠳᠡᠮᠵᠢᠵᠦ᠂ ᠣᠯᠠᠨ ᠤᠯᠤᠰ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠶ᠎ᠠ᠃    ᠠᠮᠤᠷ ᠲᠦᠪᠰᠢᠨ ᠤ ᠲᠠᠯ᠎ᠠ ᠪᠠᠷ᠂ ᠢᠲᠡᠭᠡᠯᠴᠡᠭᠡ ᠪᠠᠨ ᠭᠦᠨᠵᠡᠭᠡᠶᠢᠷᠡᠭᠦᠯᠦᠶ᠎ᠡ᠃ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠡᠶᠢᠭᠡᠮ ᠵᠢᠷᠤᠮ ᠤᠨ ᠤᠯᠠᠭᠠᠨ ᠲᠤᠭ ᠤᠨ ᠥᠩᠭᠡ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠡᠯ᠎ᠡ ᠲᠦᠷᠦᠯ ᠤᠨ ᠤᠯᠤᠰ ᠲᠦᠷᠦ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠭᠦ ᠬᠦᠴᠦ ᠪᠠᠷ ᠢᠶᠠᠨ ᠰᠡᠷᠭᠡᠶᠢᠯᠡᠨ ᠠᠷᠢᠯᠭᠠᠵᠤ ᠬᠤᠷᠢᠭᠯᠠᠶ᠎ᠠ᠃ ᠸᠢᠶᠧᠳ᠋ᠨᠠᠮ ᠤᠨ ᠬᠢᠨ ᠤ ᠨᠡᠶᠢᠭᠡᠮ ᠤᠨ ᠠᠮᠤᠷ ᠲᠣᠭᠲᠠᠭᠤᠨ ᠪᠣᠯᠣᠨ ᠦᠨᠳᠦᠰᠦᠲᠡᠨ ᠤ ᠪᠦᠯᠬᠦᠮᠳᠡᠯ ᠢᠶᠠᠨ ᠬᠠᠮᠠᠭᠠᠯᠠᠬᠤ ᠶᠢ ᠳᠤᠮᠳᠠᠳᠤ ᠤᠯᠤᠰ ᠡᠷᠡᠰ ᠲᠡᠮᠵᠢᠨ᠎ᠠ᠂ ᠸᠢᠶᠧᠳ᠋ᠨᠠᠮ ᠤᠨ ᠬᠢᠨ ᠳᠤᠮᠳᠠᠳᠤ ᠤᠯᠤᠰ ᠤᠨ ᠭᠠᠳᠠᠭᠠᠳᠤ ᠶᠢᠨ ᠭᠠᠷ ᠳᠦᠷᠦᠯᠲᠡ ᠶᠢ ᠡᠰᠡᠷᠭᠦᠴᠡᠬᠦ᠂ ᠤᠯᠤᠰ ᠤᠨ ᠨᠢᠭᠡᠳᠦᠯ ᠤᠨ ᠶᠡᠭᠡ ᠦᠢᠯᠡᠰ ᠢ ᠡᠷᠡᠰ ᠠᠬᠢᠭᠤᠯᠬᠤ ᠶᠢ ᠦᠷᠭᠦᠯᠵᠢᠯᠡᠨ ᠳᠡᠮᠵᠢᠬᠦ ᠳᠤ ᠢᠲᠡᠭᠡᠵᠦ ᠪᠠᠶᠢᠨ᠎ᠠ᠃    ᠪᠣᠳᠠᠲᠠᠢ ᠶᠢ ᠡᠷᠭᠢᠮᠯᠡᠭᠦ ᠬᠠᠮᠲᠤᠷᠠᠯᠴᠠᠭ᠎ᠠ ᠶᠢᠨ ᠲᠠᠯ᠎ᠠ ᠪᠠᠷ᠂ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠦᠶ᠎ᠡ᠃ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠪᠦᠬᠦᠯᠢ ᠴᠣᠭᠴᠠ ᠪᠠᠷ ᠢᠶᠠᠨ ᠣᠳᠣᠬᠢᠴᠢᠯᠠᠯᠲᠠ ᠲᠡᠶᠢᠰᠢ ᠤᠷᠤᠭᠰᠢᠯᠠᠭᠰᠠᠨ ᠨᠢ ᠳᠤᠮᠳᠠᠳᠤ ᠤᠯᠤᠰ ᠠᠴᠠ ᠳᠡᠯᠡᠬᠡᠢ ᠳᠤ ᠠᠪᠴᠢᠷᠠᠵᠤ ᠥᠭᠭᠦᠭᠰᠡᠨ ᠠᠵᠠ ᠳᠤᠭᠢᠶᠠᠯ ᠪᠣᠯᠣᠨ᠎ᠠ᠂ ᠳᠤᠮᠳᠠᠳᠤ ᠤᠯᠤᠰ ᠳᠤᠷᠠᠲᠠᠶ᠎ᠠ ᠸᠢᠶᠧᠳ᠋ᠨᠠᠮ ᠤᠨ ᠨᠥᠬᠦᠳ ᠲᠠᠢ ᠠᠵᠠ ᠲᠣᠭᠢᠶᠠᠯ ᠢ ᠬᠤᠪᠢᠶᠠᠯᠴᠠᠵᠤ᠂ ᠬᠥᠭᠵᠢᠯᠲᠡ ᠶᠢ ᠬᠠᠮᠲᠤ ᠪᠠᠷ ᠡᠷᠢᠯᠬᠢᠯᠡᠨ᠎ᠡ᠃ ᠸᠢᠶᠧᠳ᠋ᠨᠠᠮ ᠤᠨ ᠬᠢᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠨᠠᠢᠮᠠᠨ ᠵᠦᠢᠯ ᠤᠨ ᠠᠵᠢᠯᠯᠠᠭ᠎ᠠ ᠲᠠᠢ ᠢᠳᠡᠪᠬᠢᠲᠡᠢ ᠵᠤᠯᠭᠠᠯᠴᠠᠵᠤ᠂ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠬᠥᠭᠵᠢᠯᠲᠡ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ︽ᠣᠷᠣᠨ ᠪᠦᠰᠡ ᠶᠢᠨ ᠪᠦᠭᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠢ ᠬᠠᠮᠲᠤ ᠪᠠᠷ ᠰᠠᠶᠢᠲᠤᠷ ᠬᠡᠷᠡᠭᠵᠢᠭᠦᠯᠵᠦ᠂ ᠪᠦᠭᠦ ᠪᠥᠮᠪᠥᠷᠴᠡᠭ ᠤᠨ ᠴᠢᠯᠦᠭᠡᠲᠦ ᠠᠷᠠᠯᠵᠢᠶᠠᠨ ᠤ ᠰᠢᠰᠲ᠋ᠧᠮ ᠢ ᠬᠠᠮᠠᠭᠠᠯᠠᠵᠤ᠂ ᠠᠮᠤᠷ ᠲᠦᠪᠰᠢᠨ ᠲᠣᠭᠲᠠᠭᠤᠨ᠂ ᠰᠠᠭᠠᠳ ᠦᠭᠡᠢ ᠥᠨᠳᠥᠷ ᠪᠦᠲᠦᠮᠵᠢᠲᠡᠢ᠂ ᠨᠡᠭᠡᠭᠡᠯᠲᠡᠲᠡᠢ ᠪᠠᠭᠲᠠᠭᠠᠮᠵᠢᠲᠠᠢ᠂ ᠬᠠᠷᠢᠯᠴᠠᠨ ᠠᠰᠢᠭᠲᠠᠢ ᠪᠠᠶᠢᠵᠤ ᠬᠠᠮᠲᠤ ᠪᠠᠷ ᠠᠰᠢᠭ ᠭᠦᠷᠳᠡᠭᠦ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠪᠠᠶᠢᠭᠤᠯᠤᠶ᠎ᠠ᠃ ᠳᠤᠮᠳᠠᠳᠤ ᠤᠯᠤᠰ ᠦᠷᠭᠦᠯᠵᠢᠯᠡᠨ ᠪᠣᠳᠠᠲᠤ ᠬᠦᠴᠦᠨ ᠲᠠᠢ ᠳᠤᠮᠳᠠᠳᠤ ᠤᠯᠤᠰ ᠤᠨ ᠠᠵᠤ ᠠᠬᠤᠶᠢᠯᠠᠯ ᠤᠨ ᠸᠢᠶᠧᠳ᠋ᠨᠠᠮ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠤᠨ᠎ᠠ᠂ ᠸᠢᠶᠧᠳ᠋ᠨᠠᠮ ᠤᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠳᠤ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠬᠠᠩᠭᠠᠵᠤ ᠥᠭᠬᠦ ᠶᠢ ᠬᠦᠰᠡᠵᠦ ᠪᠠᠶᠢᠨ᠎ᠠ᠃    ᠠᠷᠠᠳ ᠤᠨ ᠰᠠᠨᠠᠭ᠎ᠠ ᠶᠢᠨ ᠰᠠᠭᠤᠷᠢ ᠶᠢᠨ ᠲᠠᠯ᠎ᠠ ᠪᠠᠷ᠂ ᠣᠷᠣᠭᠤᠯᠤᠯᠲᠠ ᠪᠠᠨ ᠨᠡᠮᠡᠭᠳᠡᠭᠦᠯᠦᠶ᠎ᠡ᠃ ᠳᠤᠮᠳᠠᠳᠤ ᠸᠢᠶᠧᠳ᠋ᠨᠠᠮ ᠤᠨ ᠬᠠᠮᠲᠤᠷᠠᠯᠴᠠᠭ᠎ᠠ ᠨᠢ ᠬᠥᠳᠡᠭᠡ ᠠᠵᠤ ᠠᠬᠤᠢ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠬᠦᠷᠢᠶ᠎ᠡ ᠲᠡᠶᠢᠰᠢ ᠢᠯᠡᠭᠦᠬᠡᠨ ᠬᠡᠯᠪᠠᠶᠢᠵᠦ᠂ ᠵᠠᠯᠠᠭᠤᠴᠤᠳ᠂ ᠵᠢᠭᠤᠯᠴᠢᠯᠠᠯ᠂ ᠣᠷᠣᠨ ᠨᠤᠲᠤᠭ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠠᠷᠠᠳ ᠲᠦᠮᠡᠨ ᠤ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ᠂ ᠬᠤᠶᠠᠷ ᠨᠠᠮ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠤᠨ ᠲᠤᠬᠠᠢ ᠣᠶᠢᠯᠠᠭᠠᠯᠴᠠᠭ᠎ᠠ ᠶᠢ ᠨᠡᠮᠡᠭᠳᠡᠭᠦᠯᠵᠦ᠂ ᠵᠠᠯᠠᠭᠤ ᠨᠢᠭᠡ ᠦᠶ᠎ᠡ ᠶᠢᠨ ᠬᠢᠨ ᠤ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠳᠤᠮᠳᠠᠳᠤ ᠸᠢᠶᠧᠳ᠋ᠨᠠᠮ ᠤᠨ ᠨᠥᠬᠦᠷᠯᠡᠯ ᠤᠨ ᠠᠷᠠᠳ ᠤᠨ ᠰᠠᠨᠠᠭ᠎ᠠ ᠶᠢᠨ ᠰᠠᠭᠤᠷᠢ ᠶᠢ ᠪᠠᠬᠢᠵᠢᠭᠦᠯᠦᠶ᠎ᠡ᠃    ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠠᠯ᠎ᠠ ᠪᠠᠷ᠂ ᠨᠢᠭᠲᠠ ᠬᠠᠮᠵᠢᠯᠴᠠᠶ᠎ᠠ᠃ ᠳᠤᠮᠳᠠᠳᠤ ᠸᠢᠶᠧᠳ᠋ᠨᠠᠮ ᠬᠤᠶᠠᠷ ᠤᠯᠤᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠬᠥᠭᠵᠢᠯᠲᠡ ᠶᠢᠨ ᠠᠮᠵᠢᠯᠲᠠ ᠪᠦᠲᠦᠮᠵᠢ ᠣᠯᠵᠤ ᠴᠢᠳᠠᠭᠰᠠᠨ ᠨᠢ ᠥᠪᠡᠷ ᠤᠨ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠪᠤᠯᠬᠤ ᠪᠥᠭᠡᠳ ᠪᠠᠰᠠ ᠨᠡᠭᠡᠭᠡᠯᠲᠡᠲᠡᠢ ᠪᠠᠭᠲᠠᠭᠠᠮᠵᠢᠲᠠᠢ ᠳᠡᠯᠡᠬᠡᠢ ᠳ᠋ᠠᠬᠢᠨ ᠢᠯᠠᠩᠭᠤᠶ᠎ᠠ ᠡᠩᠬᠡ ᠲᠠᠶᠢᠪᠤᠩ ᠲᠣᠭᠲᠠᠭᠤᠨ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠣᠷᠴᠢᠨ ᠲᠣᠭᠤᠷᠢᠨ ᠠᠴᠠ ᠪᠣᠯᠤᠭᠰᠠᠨ ᠶᠤᠮ᠃ ᠳᠤᠮᠳᠠᠳᠤ ᠤᠯᠤᠰ ᠪᠤᠰᠤᠳ ᠢ ᠭᠠᠳᠠᠭᠤᠷᠴᠢᠯᠠᠬᠤ ᠵᠢᠵᠢᠭ ᠪᠦᠯᠭᠦᠮ ᠪᠠᠶᠢᠭᠤᠯᠬᠤ ᠦᠭᠡᠢ᠂ ᠪᠦᠯᠦᠭᠯᠡᠯ ᠤᠨ ᠤᠯᠤᠰ ᠲᠦᠷᠦ ᠪᠠᠶᠢᠭᠤᠯᠬᠤ ᠦᠭᠡᠢ᠂ ᠯᠡᠭᠧᠷ ᠤᠨ ᠡᠰᠡᠷᠭᠦᠴᠡᠯᠳᠦᠯ ᠭᠠᠷᠭᠠᠬᠤ ᠦᠭᠡᠢ᠂ ᠳᠤᠷᠠᠲᠠᠶ᠎ᠠ ᠸᠢᠶᠧᠳ᠋ᠨᠠᠮ ᠤᠨ ᠲᠠᠯ᠎ᠠ ᠯᠤᠭ᠎ᠠ ᠤᠯᠠᠨ ᠲᠠᠯᠠᠲᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ ᠢ ᠬᠠᠮᠠᠭᠠᠯᠠᠵᠤ᠂ ᠬᠥᠭᠵᠢᠵᠦ ᠪᠠᠶᠢᠭ᠎ᠠ ᠤᠯᠤᠰ ᠤᠳ ᠤᠨ ᠤᠯᠠᠨ ᠤᠯᠤᠰ ᠤᠨ ᠬᠡᠷᠡᠭ ᠶᠠᠪᠤᠳᠠᠯ ᠳᠠᠬᠢ ᠦᠭᠡ ᠬᠡᠯᠡᠬᠦ ᠡᠷᠬᠡ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃    ᠲᠠᠯᠠᠢ ᠲᠠᠩᠭᠢᠰ ᠲᠤ ᠬᠤᠯᠪᠣᠭᠳᠠᠭᠰᠠᠨ ᠠᠰᠠᠭᠤᠳᠠᠯ ᠤᠨ ᠲᠠᠯ᠎ᠠ ᠪᠠᠷ᠂ ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠶ᠎ᠡ᠃ ᠬᠤᠶᠠᠷ ᠲᠠᠯ᠎ᠠ ᠪᠠᠷ ᠢᠶᠠᠨ ᠳᠠᠯᠠᠢ ᠳᠡᠭᠡᠷᠡᠬᠢ ᠨᠡᠩ ᠤᠯᠠᠨ ᠬᠠᠮᠲᠤᠷᠠᠯᠴᠠᠭᠠᠨ ᠤ ᠲᠦᠷᠦᠯ ᠵᠦᠢᠯ ᠢ ᠢᠳᠡᠪᠬᠢᠲᠡᠢ ᠰᠤᠳᠤᠯᠤᠨ ᠰᠦᠪᠡᠭᠴᠢᠯᠡᠬᠦ ᠶᠢᠨ ᠬᠠᠮᠲᠤ ᠥᠷᠨᠢᠭᠦᠯᠵᠦ᠂ ᠳᠠᠯᠠᠢ ᠳᠡᠭᠡᠷᠡᠬᠢ ᠬᠠᠮᠲᠤ ᠶᠢᠨ ᠨᠡᠭᠡᠭᠡᠨ ᠬᠥᠭᠵᠢᠭᠦᠯᠦᠯᠲᠡ ᠶᠢ ᠴᠢᠷᠮᠠᠶᠢᠨ ᠠᠬᠢᠭᠤᠯᠵᠤ᠂ ᠳᠠᠯᠠᠢ ᠳᠡᠭᠡᠷᠡᠬᠢ ᠠᠰᠠᠭᠤᠳᠠᠯ ᠠᠴᠠ ᠪᠣᠯᠤᠭᠰᠠᠨ ᠥᠷᠢᠰᠦᠯᠳᠦᠭᠡᠨ ᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠠᠵᠠ ᠲᠣᠭᠢᠶᠠᠯ ᠪᠣᠯᠭᠠᠨ ᠬᠤᠪᠢᠷᠠᠭᠤᠯᠤᠶ᠎ᠠ᠃    ᠷᠤᠸᠠᠨ ᠹᠦ᠋ ᠵᠦᠩ ᠸᠢᠶᠧᠳ᠋ᠨᠠᠮ ᠤᠨ ᠨᠠᠮ᠂ ᠤᠯᠤᠰ ᠪᠣᠯᠣᠨ ᠠᠷᠠᠳ ᠲᠦᠮᠡᠨ ᠤ ᠡᠮᠦᠨ᠎ᠡ ᠠᠴᠠ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠸᠢᠶᠧᠳ᠋ᠨᠠᠮ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ 15 ᠵᠢᠯ ᠤᠨ ᠤᠢ ᠶᠢᠨ ᠲᠠᠰᠢᠷᠠᠮ ᠢᠶᠠᠷ ᠸᠢᠶᠧᠳ᠋ᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠢ ᠪᠠᠶᠠᠷᠯᠠᠨ ᠤᠭᠲᠤᠬᠤ ᠶᠢᠨ ᠬᠠᠮᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠣᠯᠣᠭᠰᠠᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠳᠤ ᠳᠠᠬᠢᠨᠲᠠ ᠴᠢᠩ ᠰᠡᠳᠬᠢᠯ ᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠷᠤᠸᠠᠨ ᠹᠦ᠋ ᠵᠦᠩ᠂ ᠶᠡᠷᠦᠩᠬᠡᠢ ᠱᠦᠵᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠪᠣᠯᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠳᠤᠮᠳᠠᠳᠤ ᠤᠯᠤᠰ ᠪᠦᠭᠦ ᠲᠠᠯ᠎ᠠ ᠶᠢᠨ ᠠᠮᠵᠢᠯᠲᠠ ᠣᠯᠵᠤ᠂ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠣᠨ ᠨᠥᠯᠥᠭᠡᠯᠡᠬᠦ ᠬᠦᠴᠦᠨ ᠡᠳᠦᠷ ᠢᠷᠡᠬᠦᠶ᠎ᠡ ᠨᠡᠮᠡᠭᠳᠡᠵᠦ᠂ ᠸᠢᠶᠧᠳ᠋ᠨᠠᠮ ᠤᠨ ᠬᠢᠨ ᠠᠬ᠎ᠠ ᠳᠡᠭᠦᠦ ᠪᠤᠯᠬᠤ ᠳᠤᠮᠳᠠᠳᠤ ᠤᠯᠤᠰ ᠤᠨ ᠡᠮᠦᠨ᠎ᠡ ᠠᠴᠠ ᠴᠢᠩ ᠰᠡᠳᠬᠢᠯ ᠠᠴᠠ ᠪᠠᠨ ᠪᠠᠶᠠᠷᠯᠠᠵᠤ ᠪᠠᠶᠢᠨ᠎ᠠ᠃ ᠸᠢᠶᠧᠳ᠋ᠨᠠᠮ ᠤᠨ ᠬᠢᠨ᠂ ᠶᠡᠷᠦᠩᠬᠡᠢ ᠱᠦᠵᠢ ᠰᠢ ᠶᠢᠨ ᠫᠢᠩ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢᠨ ᠬᠠᠮᠲᠤ ᠬᠥᠮᠥᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠲᠤ ᠰᠢᠨ᠎ᠡ ᠴᠢᠬᠤᠯᠠ ᠶᠡᠭᠡ ᠬᠤᠪᠢ ᠨᠡᠮᠡᠷᠢ ᠦᠵᠡᠭᠦᠯᠦᠨ᠎ᠡ ᠭᠡᠳᠡᠭ ᠲᠤ ᠪᠠᠲᠤ ᠢᠲᠡᠭᠡᠵᠦ ᠪᠠᠶᠢᠨ᠎ᠠ ᠭᠡᠵᠦ ᠢᠯᠡᠳᠬᠡᠪᠡ᠃    ᠷᠤᠸᠠᠨ ᠹᠦ᠋ ᠵᠦᠩ᠂ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠬᠠᠶᠢᠷᠠᠯᠠᠨ ᠬᠦᠨᠳᠦᠳᠬᠡᠳᠡᠭ ᠤᠳᠤᠷᠢᠳᠤᠭᠴᠢ᠂ ᠳᠡᠯᠡᠬᠡᠢ ᠳᠡᠭᠡᠷᠡᠬᠢ ᠭᠠᠷᠮᠠᠭᠠᠢ ᠤᠳᠤᠷᠢᠳᠬᠤ ᠬᠥᠮᠥᠨ ᠮᠥᠨ᠂ ᠮᠥᠨ ᠴᠤ ᠸᠢᠶᠧᠳ᠋ᠨᠠᠮ ᠤᠨ ᠠᠷᠠᠳ ᠲᠦᠮᠡᠨ ᠤ ᠬᠦᠨᠳᠦᠳᠬᠡᠨ ᠪᠢᠰᠢᠷᠡᠳᠡᠭ ᠨᠥᠬᠦᠳ ᠪᠠ ᠨᠠᠶᠢᠵᠠ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭ᠎ᠠ ᠲᠡᠷᠡ ᠳᠠᠷᠤᠢ ᠳᠤᠨᠢ ᠨᠠᠮ᠎ᠠ ᠶᠢ ᠤᠷᠢᠵᠤ ᠳᠤᠮᠳᠠᠳᠤ ᠤᠯᠤᠰ ᠲᠤ ᠠᠶᠢᠯᠴᠢᠯᠠᠭᠤᠯᠤᠭᠰᠠᠨ ᠴᠤ ᠲᠡᠷᠡ᠂ ᠡᠰᠡᠬᠦᠯ᠎ᠡ ᠪᠣᠯᠵᠤᠭ᠎ᠠ ᠶᠣᠰᠣᠭᠠᠷ ᠭᠤᠷᠪᠠᠳᠠᠭᠢ ᠤᠳᠠᠭ᠎ᠠ ᠸᠢᠶᠧᠳ᠋ᠨᠠᠮ ᠳᠤ ᠠᠶᠢᠯᠴᠢᠯᠠᠬᠰᠠᠨ ᠴᠤ ᠲᠡᠷᠡ᠂ ᠴᠥᠮ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠸᠢᠶᠧᠳ᠋ᠨᠠᠮ ᠳᠠᠬᠢ ᠣᠨᠴᠠᠭᠠᠢ ᠨᠥᠭᠦᠷᠰᠡᠭ ᠬᠠᠶᠢᠷ᠎ᠠ ᠰᠡᠳᠬᠢᠯᠭᠡ ᠵᠢᠴᠢ ᠸᠢᠶᠧᠳ᠋ᠨᠠᠮ ᠳᠤᠮᠳᠠᠳᠤ ᠶᠢᠨ ᠬᠠᠷᠢᠯᠴᠠᠭ᠎ᠠ ᠶᠢᠨ ᠥᠨᠳᠥᠷ ᠲᠦᠪᠰᠢᠨ ᠢ ᠭᠦᠢᠴᠡᠳ ᠢᠯᠡᠷᠡᠭᠦᠯᠪᠡ᠃ ᠸᠢᠶᠧᠳ᠋ᠨᠠᠮ ᠳᠤᠮᠳᠠᠳᠤ ᠶᠢᠨ ᠨᠥᠬᠦᠷᠯᠡᠯ ᠭᠦᠨ ᠵᠤᠵᠠᠭᠠᠨ ᠪᠠᠶᠢᠵᠤ᠂ ᠨᠥᠬᠦᠷ ᠪᠥᠭᠡᠳ ᠠᠬ᠎ᠠ ᠳᠡᠭᠦᠦ ᠶᠤᠮ᠃ ᠲᠦᠷᠦᠭᠦᠬᠡᠨ ᠪᠢ ᠨᠥᠬᠦᠷᠯᠡᠯ ᠤᠨ ᠪᠣᠭᠤᠮᠲᠠ ᠳᠤ ᠣᠴᠢᠵᠤ ︽ᠨᠥᠬᠦᠷᠯᠡᠯ ᠤᠨ ᠮᠣᠳᠣ︾ ᠲᠠᠷᠢᠪᠠ᠂ ᠮᠥᠨ ᠴᠦ ᠡᠭᠦᠨ ᠢᠶᠠᠷ ᠸᠢᠶᠧᠳ᠋ᠨᠠᠮ ᠳᠤᠮᠳᠠᠳᠤ ᠬᠤᠶᠠᠷ ᠤᠯᠤᠰ ᠤᠨ ᠣᠨᠴᠠᠭᠠᠢ ᠠᠬ᠎ᠠ ᠳᠡᠭᠦᠦ ᠶᠢᠨ ᠨᠥᠬᠦᠷᠯᠡᠯ ᠢ ᠢᠯᠡᠷᠡᠭᠦᠯᠵᠦ᠂ ᠸᠢᠶᠧᠳ᠋ᠨᠠᠮ ᠳᠤᠮᠳᠠᠳᠤ ᠶᠢᠨ ᠣᠨᠴᠠᠭᠠᠢ ᠨᠥᠬᠦᠷᠯᠡᠯ ᠤᠨ ᠢᠳᠡᠪᠬᠢᠲᠡᠢ ᠳᠣᠬᠢᠶ᠎ᠠ ᠶᠢ ᠳᠠᠮᠵᠢᠭᠤᠯᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠸᠢᠶᠧᠳ᠋ᠨᠠᠮ ᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ ᠤᠷᠢᠳ ᠢᠶᠠᠷ ᠪᠣᠳᠣᠯᠬᠢᠯᠠᠬᠤ ᠴᠢᠭᠯᠡᠯ ᠪᠤᠯᠭᠠᠵᠤ᠂ ᠸᠢᠶᠧᠳ᠋ᠨᠠᠮ ᠤᠨ ᠰᠢᠨᠡᠴᠢᠯᠡᠯᠲᠡ ᠨᠡᠭᠡᠭᠡᠯᠲᠡ ᠪᠣᠯᠣᠨ ᠠᠵᠤ ᠦᠢᠯᠡᠳᠪᠦᠷᠢᠵᠢᠯᠲᠡ ᠶᠢᠨ ᠣᠳᠣᠬᠢᠴᠢᠯᠠᠯᠲᠠ ᠶᠢᠨ ᠦᠢᠯᠡᠰ ᠢ ᠡᠷᠡᠰ ᠳᠡᠮᠵᠢᠭᠰᠡᠨ ᠪᠥᠭᠡᠳ ᠸᠢᠶᠧᠳ᠋ᠨᠠᠮ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠬᠦᠴᠢᠷᠳᠡᠯᠲᠡᠢ ᠴᠠᠭ ᠦᠶ᠎ᠡ ᠳᠤ ᠡᠷᠬᠢᠮ ᠨᠠᠨᠳᠢᠨ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠸᠢᠶᠧᠳ᠋ᠨᠠᠮ ᠤᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠪᠤᠯᠬᠤ ᠶᠢ ᠮᠡᠳᠡᠷᠡᠵᠦ᠂ ᠳᠤᠮᠳᠠᠳᠤ ᠤᠯᠤᠰ ᠤᠨ ᠨᠢᠭᠡᠳᠦᠯ ᠤᠨ ᠶᠡᠭᠡ ᠦᠢᠯᠡᠰ ᠢ ᠲᠡᠮᠵᠢᠵᠤ᠂ ᠶᠠᠮᠠᠷᠪᠠ ᠭᠡᠯᠪᠡᠷᠢ ᠶᠢᠨ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠨ᠎ᠡ᠃ ᠰᠢᠶᠠᠩᠭᠠᠩ ᠳᠤ ᠬᠤᠯᠪᠣᠭᠳᠠᠬᠤ᠂ ᠰᠢᠨᠵᠢᠶᠠᠩ ᠳᠤ ᠬᠤᠯᠪᠣᠭᠳᠠᠬᠤ᠂ ᠲᠥᠪᠡᠳ ᠲᠤ ᠬᠤᠯᠪᠣᠭᠳᠠᠬᠤ ᠵᠡᠷᠭᠡ ᠠᠰᠠᠭᠤᠳᠠᠯ ᠪᠣᠯ ᠴᠥᠮ ᠳᠤᠮᠳᠠᠳᠤ ᠤᠯᠤᠰ ᠤᠨ ᠳᠣᠲᠣᠭᠠᠳᠤ ᠵᠠᠰᠠᠭ ᠮᠥᠨ᠂ ᠸᠢᠶᠧᠳ᠋ᠨᠠᠮ ᠤᠨ ᠲᠠᠯ᠎ᠠ ᠶᠢᠨ ᠬᠢᠨ ᠶᠠᠮᠠᠷᠪᠠ ᠬᠦᠴᠦᠨ ᠤ ᠳᠤᠮᠳᠠᠳᠤ ᠤᠯᠤᠰ ᠤᠨ ᠳᠣᠲᠣᠭᠠᠳᠤ ᠵᠠᠰᠠᠭ ᠲᠤ ᠭᠠᠷ ᠲᠦᠷᠦᠭᠦ ᠶᠢ ᠡᠰᠡᠷᠭᠦᠴᠡᠵᠦ᠂ ᠳᠤᠮᠳᠠᠳᠤ ᠤᠯᠤᠰ ᠤᠨ ᠲᠣᠭᠲᠠᠭᠤᠨ ᠪᠠᠶᠢᠳᠠᠯ᠂ ᠬᠥᠭᠵᠢᠯ ᠴᠡᠴᠡᠭᠯᠡᠯ ᠢᠶᠠᠨ ᠪᠠᠲᠤᠯᠠᠬᠤ ᠶᠢ ᠬᠦᠰᠡᠵᠦ ᠪᠠᠶᠢᠬᠤ ᠪᠥᠭᠡᠳ ᠢᠲᠡᠭᠡᠵᠦ ᠪᠠᠶᠢᠨ᠎ᠠ᠃ ᠸᠢᠶᠧᠳ᠋ᠨᠠᠮ ᠪᠡᠶ᠎ᠡ ᠪᠠᠨ ᠳᠠᠭᠠᠭᠠᠵᠤ ᠡᠵᠡᠨ ᠮᠡᠳᠡᠬᠦ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠬᠥᠭᠵᠢᠭᠦᠯᠬᠦ ᠶᠢ ᠲᠡᠷᠢᠭᠦᠨ ᠴᠢᠬᠤᠯᠠ ᠪᠥᠭᠡᠳ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠭᠠᠨ᠎ᠠ᠃ ᠸᠢᠶᠧᠳ᠋ᠨᠠᠮ ᠤᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠸᠢᠶᠧᠳ᠋ᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ︽ᠵᠢᠷᠭᠤᠭᠠᠨ ᠨᠡᠩ︾ ᠢᠶᠠᠷ ᠵᠢᠯᠣᠭᠤᠳᠤᠯᠭ᠎ᠠ ᠪᠤᠯᠭᠠᠵᠤ᠂ ᠤᠯᠤᠰ ᠲᠦᠷᠦ᠂ ᠠᠵᠤ ᠠᠬᠤᠢ ᠠᠷᠠᠯᠵᠢᠶ᠎ᠠ᠂ ᠠᠮᠤᠷ ᠲᠦᠪᠰᠢᠨ᠂ ᠠᠷᠠᠳ ᠤᠨ ᠬᠤᠭᠤᠷᠣᠨᠳᠣᠭᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠪᠦᠭᠦ ᠲᠠᠯ᠎ᠠ ᠪᠠᠷ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠡᠪ ᠳᠠᠭᠤᠷᠢᠶᠠᠯ ᠢ ᠪᠤᠢ ᠪᠣᠯᠭᠠᠨ᠎ᠠ᠂ ᠡᠨᠡ ᠨᠢ ᠸᠢᠶᠧᠳ᠋ᠨᠠᠮ ᠳᠤᠮᠳᠠᠳᠤ ᠶᠢᠨ ᠬᠤᠶᠠᠷ ᠨᠠᠮ᠂ ᠬᠤᠶᠠᠷ ᠤᠯᠤᠰ ᠤᠨ ᠵᠠᠰᠠᠭ ᠤᠨ ᠣᠷᠳᠣᠨ ᠪᠣᠯᠣᠨ ᠠᠷᠠᠳ ᠲᠦᠮᠡᠨ ᠤ ᠬᠠᠮᠲᠤ ᠶᠢᠨ ᠠᠰᠢᠭ ᠲᠤᠰᠠ ᠲᠠᠢ ᠨᠡᠶᠢᠴᠡᠨ᠎ᠡ᠃ ᠳᠠᠯᠠᠢ ᠳᠡᠭᠡᠷᠡᠬᠢ ᠵᠥᠷᠢᠯᠳᠦᠭᠡᠨ ᠪᠣᠯ ᠵᠥᠪᠭᠡᠨ ᠸᠢᠶᠧᠳ᠋ᠨᠠᠮ ᠳᠤᠮᠳᠠᠳᠤ ᠶᠢᠨ ᠬᠠᠷᠢᠯᠴᠠᠭ᠎ᠠ ᠶᠢᠨ ᠨᠢᠭᠡ ᠬᠡᠰᠡᠭ ᠪᠣᠯᠣᠨ᠎ᠠ᠂ ᠬᠤᠶᠠᠷ ᠲᠠᠯ᠎ᠠ ᠪᠠᠷ ᠢᠶᠠᠨ ᠬᠠᠷᠢᠯᠴᠠᠨ ᠢᠲᠡᠭᠡᠯᠴᠡᠬᠦ᠂ ᠬᠠᠷᠢᠯᠴᠠᠨ ᠬᠦᠨᠳᠦᠳᠬᠡᠬᠦ ᠵᠣᠷᠢᠭ ᠰᠠᠨᠠᠭ᠎ᠠ ᠪᠠᠷ ᠵᠣᠬᠢᠰᠲᠠᠢ ᠰᠢᠢᠳᠪᠦᠷᠢᠯᠡᠬᠦ ᠶᠢ ᠢᠲᠡᠭᠡᠵᠦ ᠪᠠᠶᠢᠨ᠎ᠠ᠃ ᠸᠢᠶᠧᠳ᠋ᠨᠠᠮ ᠳᠤᠮᠳᠠᠳᠤ ᠬᠤᠶᠠᠷ ᠤᠯᠤᠰ ᠤᠯᠠᠨ ᠲᠠᠯᠠᠲᠤ ᠦᠵᠡᠯ ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ᠂ ᠡᠩᠬᠡ ᠲᠠᠶᠢᠪᠤᠩ᠂ ᠬᠠᠮᠲᠤᠷᠠᠯᠴᠠᠭ᠎ᠠ᠂ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠠᠳᠠᠯᠢᠬᠠᠨ ᠣᠶᠢᠯᠠᠭᠠᠭᠳᠠᠬᠤᠨ ᠲᠠᠢ ᠶᠤᠮ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠵᠡᠷᠭᠡ ᠴᠢᠬᠤᠯᠠ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠨᠢ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠠᠰᠢᠭ ᠲᠤᠰᠠ ᠶᠢ ᠬᠠᠮᠠᠭᠠᠯᠠᠬᠤ ᠪᠠᠷ ᠵᠣᠷᠢᠯᠲᠠ ᠪᠤᠯᠭᠠᠵᠤ᠂ ᠤᠯᠠᠨ ᠤᠯᠤᠰ ᠤᠨ ᠬᠠᠤᠯᠢ ᠳᠤ ᠪᠦᠷᠢᠮᠦᠰᠦᠨ ᠨᠡᠶᠢᠴᠡᠵᠦ᠂ ᠡᠳᠦᠷ ᠢᠷᠡᠬᠦᠶ᠎ᠡ ᠳᠡᠯᠡᠬᠡᠢ ᠨᠡᠶᠢᠭᠡᠮ ᠤᠨ ᠥᠷᠭᠡᠨ ᠳᠡᠯᠭᠡᠷ ᠳᠡᠮᠵᠢᠯᠭᠡ ᠪᠠ ᠢᠳᠡᠪᠬᠢᠲᠡᠢ ᠬᠦᠷᠢᠶᠡᠯᠡᠯ ᠢ ᠣᠯᠵᠤ ᠪᠠᠶᠢᠨ᠎ᠠ᠂ ᠸᠢᠶᠧᠳ᠋ᠨᠠᠮ ᠤᠨ ᠬᠢᠨ ᠡᠷᠡᠰ ᠳᠡᠮᠵᠢᠬᠦ ᠪᠥᠭᠡᠳ ᠳᠤᠷᠠᠲᠠᠶ᠎ᠠ ᠢᠳᠡᠪᠬᠢᠲᠡᠢ ᠣᠷᠣᠯᠴᠠᠨ᠎ᠠ᠃ ᠣᠳᠣᠬᠠᠨ ᠤ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠳᠣᠣᠷ᠎ᠠ᠂ ᠸᠢᠶᠧᠳ᠋ᠨᠠᠮ ᠳᠤᠮᠳᠠᠳᠤ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠡᠯ᠎ᠡ ᠵᠦᠢᠯ ᠤᠨ ᠤᠯᠠᠮᠵᠢᠯᠠᠯᠲᠤ ᠪᠠ ᠤᠯᠠᠮᠵᠢᠯᠠᠯᠲᠤ ᠪᠤᠰᠤ ᠠᠮᠤᠷ ᠲᠦᠪᠰᠢᠨ ᠤ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠬᠤ ᠨᠢ ᠬᠤᠶᠠᠷ ᠤᠯᠤᠰ ᠪᠠ ᠳᠡᠯᠡᠬᠡᠢ ᠳ᠋ᠠᠬᠢᠨ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠡᠨᠡ ᠤᠳᠠᠭ᠎ᠠ ᠶᠢᠨ ᠠᠶᠢᠯᠴᠢᠯᠠᠯᠲᠠ ᠨᠢ ᠸᠢᠶᠧᠳ᠋ᠨᠠᠮ ᠳᠤᠮᠳᠠᠳᠤ ᠶᠢᠨ ᠬᠠᠷᠢᠯᠴᠠᠭ᠎ᠠ ᠶᠢᠨ ᠲᠠᠭᠢᠨ ᠨᠢᠭᠡ ᠳᠡᠭᠲᠡᠷ ᠲᠤ ᠭᠠᠷᠬᠤ ᠶᠢ ᠠᠬᠢᠭᠤᠯᠬᠤ ᠲᠡᠦᠬᠡ ᠶᠢᠨ ᠬᠥᠰᠢᠶ᠎ᠡ ᠲᠡᠮᠳᠡᠭ ᠪᠤᠯᠬᠤ ᠶᠢ ᠢᠲᠡᠭᠡᠵᠦ ᠪᠠᠶᠢᠬᠤ ᠪᠥᠭᠡᠳ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃    ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠨᠠᠮ ᠤᠨ ᠶᠡᠷᠦᠩᠬᠡᠢ ᠱᠦᠵᠢ ᠬᠤᠶᠠᠷ ᠲᠠᠯ᠎ᠠ ᠶᠢᠨ ᠭᠠᠷ ᠤᠨ ᠦᠰᠦᠭ ᠵᠢᠷᠤᠭᠰᠠᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠤᠨ ᠦᠵᠡᠭᠦᠯᠭᠡ ᠶᠢ ᠬᠠᠮᠲᠤ ᠪᠠᠷ ᠭᠡᠷᠡᠴᠢᠯᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠰᠢᠯᠭᠠᠨ ᠪᠠᠶᠢᠴᠠᠭᠠᠬᠤ ᠬᠢᠵᠢᠭ ᠢ ᠪᠠᠶᠢᠴᠠᠭᠠᠬᠤ᠂ ᠬᠥᠭᠵᠢᠯᠲᠡ ᠶᠢᠨ ᠬᠠᠮᠲᠤᠷᠠᠯᠴᠠᠭ᠎ᠠ᠂ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠬᠥᠭᠵᠢᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠣᠷᠣᠨ ᠨᠤᠲᠤᠭ ᠤᠨ ᠬᠠᠮᠲᠤᠷᠠᠯᠴᠠᠭ᠎ᠠ᠂ ᠰᠡᠷᠭᠡᠶᠢᠯᠡᠯᠲᠡ ᠪᠠ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ᠂ ᠲᠠᠯᠠᠢ ᠳᠡᠭᠡᠷᠡᠬᠢ ᠬᠠᠮᠲᠤᠷᠠᠯᠴᠠᠭ᠎ᠠ ᠵᠡᠷᠭᠡ 30 ᠭᠠᠷᠤᠢ ᠬᠦᠷᠢᠶ᠎ᠡ ᠶᠢ ᠬᠠᠮᠤᠷᠴᠠᠢ᠃    ᠷᠤᠸᠠᠨ ᠹᠦ᠋ ᠵᠦᠩ ᠰᠢ ᠶᠢᠨ ᠫᠢᠩ ᠢ ᠤᠷᠢᠵᠤ ᠪᠠᠭ᠎ᠠ ᠬᠡᠪᠴᠢᠶ᠎ᠡ ᠪᠠᠷ ᠴᠠᠢ ᠤᠤᠭᠤᠵᠤ ᠵᠣᠭᠤᠭᠳᠠᠪᠠ᠃ ᠬᠤᠶᠠᠷ ᠨᠠᠮ ᠤᠨ ᠶᠡᠷᠦᠩᠬᠡᠢ ᠱᠦᠵᠢ ᠠᠭᠤᠵᠢᠭᠤ ᠲᠠᠯᠪᠢᠭᠤ ᠨᠥᠭᠦᠷᠰᠡᠭ ᠠᠭᠤᠷ ᠠᠮᠢᠰᠬᠤᠯ ᠤᠨ ᠳᠤᠮᠳᠠ ᠦᠷᠭᠦᠯᠵᠢᠯᠡᠨ ᠭᠦᠨᠵᠡᠭᠡᠢ ᠰᠠᠨᠠᠯ ᠶᠢᠨ ᠣᠯᠣᠯᠴᠠᠪᠠ᠃    ᠬᠤᠶᠠᠷ ᠶᠡᠷᠦᠩᠬᠡᠢ ᠱᠦᠵᠢ ᠴᠥᠮ᠂ ᠳᠤᠮᠳᠠᠳᠤ ᠸᠢᠶᠧᠳ᠋ᠨᠠᠮ ᠨᠥᠭᠦᠷᠰᠡᠭ ᠬᠥᠷᠰᠢ ᠪᠣᠯᠤᠭᠰᠠᠨ ᠤ ᠬᠤᠪᠢ ᠳᠤ᠂ ᠬᠦᠰᠡᠯᠡᠩ ᠠᠳᠠᠯᠢᠬᠠᠨ᠂ ᠣᠶᠢᠯᠠᠭᠠᠭᠳᠠᠬᠤᠨ ᠬᠠᠷᠢᠯᠴᠠᠨ ᠨᠡᠪᠲᠡᠷᠡᠬᠦ ᠶᠤᠮ᠃ ᠰᠠᠶᠢᠨ ᠬᠥᠷᠰᠢ᠂ ᠰᠠᠶᠢᠨ ᠬᠠᠨᠢᠲᠠᠨ᠂ ᠰᠠᠶᠢᠨ ᠠᠬ᠎ᠠ ᠳᠡᠭᠦᠦ᠂ ᠰᠠᠶᠢᠨ ᠨᠥᠬᠦᠷ ᠪᠣᠯᠤᠭᠰᠠᠨ ᠤ ᠬᠤᠪᠢ ᠳᠤ᠂ ᠳᠤᠮᠳᠠᠳᠤ ᠸᠢᠶᠧᠳ᠋ᠨᠠᠮ ᠤᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠲᠡᠭᠷᠢ ᠶᠢᠨ ᠴᠠᠭ᠂ ᠭᠠᠵᠠᠷ ᠤᠨ ᠠᠰᠢᠭ᠂ ᠬᠥᠮᠥᠨ ᠤ ᠨᠠᠶᠢᠷᠠᠮᠳᠠᠭᠤ ᠶᠢᠨ ᠥᠪᠡᠷᠮᠢᠴᠡ ᠳᠠᠪᠠᠭᠤᠯᠢᠭ ᠲᠠᠢ ᠶᠤᠮ᠃ ᠬᠤᠶᠠᠷ ᠲᠠᠯ᠎ᠠ ᠪᠠᠷ ᠢᠶᠠᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠤᠨ ᠪᠠᠶᠢᠭᠤᠯᠤᠭᠰᠠᠨ ᠤᠯᠠᠮᠵᠢᠯᠠᠯᠲᠤ ᠨᠥᠬᠦᠷᠯᠡᠯ ᠢ ᠵᠠᠯᠭᠠᠮᠵᠢᠯᠠᠵᠤ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠵᠤ᠂ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠵᠠᠮ ᠢᠶᠠᠷ ᠰᠠᠶᠢᠲᠤᠷ ᠵᠠᠮᠨᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ᠂ ᠭᠤᠸ᠎ᠠ ᠰᠠᠶᠢᠬᠠᠨ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠦ᠂ ᠭᠠᠵᠠᠷ ᠣᠷᠣᠨ ᠤ ᠡᠩᠬᠡ ᠲᠠᠶᠢᠪᠤᠩ ᠪᠣᠯᠣᠨ ᠬᠥᠭᠵᠢᠯ ᠴᠡᠴᠡᠭᠯᠡᠯ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡᠯ ᠵᠣᠬᠢᠨ᠎ᠠ ᠭᠡᠵᠦ ᠦᠵᠡᠪᠡ᠃    ᠬᠤᠶᠠᠷ ᠲᠠᠯ᠎ᠠ ᠪᠠᠷ ᠢᠶᠠᠨ ︽ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ ᠳᠡᠭᠡᠭᠰᠢᠯᠡᠭᠦᠯᠵᠦ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠨᠡᠶᠢᠲᠡᠯᠡᠬᠦ ᠶᠢ ᠵᠥᠪᠰᠢᠶᠡᠷᠡᠪᠡ᠃    ᠲᠤᠰ ᠣᠷᠣᠢ᠂ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠷᠤᠸᠠᠨ ᠹᠦ᠋ ᠵᠦᠩ ᠬᠠᠲᠤᠨ ᠲᠠᠢ ᠪᠠᠨ᠂ ᠸᠢᠶᠧᠳ᠋ᠨᠠᠮ ᠤᠨ ᠤᠯᠤᠰ ᠤᠨ ᠲᠡᠷᠢᠭᠦᠯᠡᠭᠴᠢ ᠦ᠋ ᠸᠧᠨ ᠱᠠᠩ ᠬᠠᠲᠤᠨ ᠲᠠᠢ ᠪᠠᠨ ᠬᠠᠮᠲᠤ ᠪᠠᠷ ᠰᠢ ᠶᠢᠨ ᠫᠢᠩ ᠪᠣᠯᠣᠨ ᠫᠧᠩ ᠯᠢ ᠶᠤᠸᠠᠨ ᠢ ᠤᠭᠲᠤᠬᠤ ᠦᠪᠡᠳᠡᠭᠰᠢ ᠶᠡᠭᠡ ᠳᠠᠶᠢᠯᠠᠯᠭ᠎ᠠ ᠬᠢᠪᠡ᠃ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠱᠦᠵᠢ ᠨᠠᠷ ᠤᠨ ᠭᠠᠵᠠᠷ ᠤᠨ ᠱᠦᠵᠢ ᠵᠡᠷᠭᠡ ᠳᠡᠭᠡᠳᠦ ᠳᠠᠪᠬᠤᠷᠭ᠎ᠠ ᠶᠢᠨ ᠤᠳᠤᠷᠢᠳᠬᠤ ᠬᠥᠮᠥᠰ ᠪᠦᠭᠦᠨ ᠢᠶᠠᠷ ᠢᠶᠠᠨ ᠪᠠᠷ᠎ᠠ ᠪᠣᠯᠵᠤ ᠣᠷᠣᠯᠴᠠᠪᠠ᠃    ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2