ᠱᠠᠩᠳᠤ ᠰᠢᠶᠠᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2023/12/30
   ᠨᠢᠭᠡᠳᠦᠭᠡᠷ ᠪᠦᠯᠦᠭ ᠶᠡᠷᠦᠩᠬᠡᠢ ᠳᠦᠷᠢᠮ    ᠨᠢᠭᠡᠳᠦᠭᠡᠷ ᠵᠦᠢᠯ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ ᠲᠡᠭᠦᠯᠳᠡᠷᠵᠢᠭᠦᠯᠵᠦ᠂ ᠰᠢᠶᠠᠨ ᠤ ᠬᠠᠷᠢᠶ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠤᠯᠢ︾᠂ ︽ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠣᠨᠴᠠᠭᠠᠶᠢᠯᠠᠨ ᠲᠣᠰ ᠠᠷᠭ᠎ᠠ ᠶᠢ ᠲᠣᠭᠲᠠᠭᠠᠪᠠ᠃    ᠬᠤᠶᠠᠳᠤᠭᠠᠷ ᠵᠦᠢᠯ ᠲᠤᠰ ᠠᠷᠭ᠎ᠠ ᠲᠤᠰ ᠰᠢᠶᠠᠨ ᠤ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ︵᠄ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠪᠠᠭᠲᠠᠨ᠎ᠠ︶ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠳᠤ ᠬᠡᠷᠡᠭᠯᠡᠭᠳᠡᠨ᠎ᠡ᠃    ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠭᠡᠳᠡᠭ ᠨᠢ᠂ ᠤᠯᠤᠰ ᠠᠴᠠ ᠠᠵᠤ ᠠᠬᠤᠶᠢᠯᠠᠯ ᠤᠨ ᠡᠯ᠎ᠡ ᠵᠦᠢᠯ ᠤᠨ ᠬᠡᠯᠪᠡᠷᠢ ᠶᠢᠨ ᠪᠡᠯᠡ ᠭᠠᠷᠭᠠᠬᠤ ᠪᠠ ᠪᠡᠯᠡ ᠭᠠᠷᠭᠠᠬᠤ ᠳᠤ ᠪᠤᠶ ᠪᠣᠯᠤᠭᠰᠠᠨ ᠡᠷᠬᠡ ᠠᠰᠢᠭ᠂ ᠵᠢᠴᠢ ᠬᠠᠤᠯᠢ ᠶᠣᠰᠣᠭᠠᠷ ᠤᠯᠤᠰ ᠤᠨ ᠥᠮᠴᠢᠯᠡᠯ ᠢᠶᠠᠷ ᠦᠨᠡᠮᠰᠢᠭᠰᠡᠨ ᠪᠤᠰᠤᠳ ᠡᠷᠬᠡ ᠠᠰᠢᠭ ᠢ ᠵᠢᠭᠠᠵᠤ ᠪᠤᠶ᠃    ᠳᠥᠷᠪᠡᠳᠦᠭᠡᠷ ᠵᠦᠢᠯ ᠠᠵᠤ ᠠᠬᠤᠢ ᠶᠢᠨ ᠨᠢᠭᠡᠴᠡ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠨᠢ ᠤᠯᠤᠰ ᠤᠨ ᠥᠮᠴᠢᠯᠡᠯ ᠳᠤ ᠬᠠᠷᠢᠶᠠᠯᠠᠭᠳᠠᠨ᠎ᠠ᠃ ᠰᠢᠶᠠᠨ ᠤ ᠠᠷᠠᠳ ᠤᠨ ᠵᠠᠰᠠᠭ ᠤᠨ ᠣᠷᠳᠣᠨ ᠤᠯᠤᠰ ᠢ ᠲᠥᠯᠥᠭᠡᠯᠡᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠥᠮᠴᠢᠯᠡᠭᠴᠢ ᠶᠢᠨ ᠡᠷᠬᠡ ᠠᠰᠢᠭ ᠢ ᠡᠳ᠋ᠯᠡᠵᠦ᠂ ᠡᠷᠬᠡ᠂ ᠡᠭᠦᠷᠭᠡ ᠪᠠ ᠬᠠᠷᠢᠭᠤᠴᠠᠯᠭ᠎ᠠ ᠶᠢ ᠬᠠᠷᠢᠯᠴᠠᠨ ᠨᠢᠭᠡᠳᠬᠡᠬᠦ᠂ ᠡᠳ᠋ ᠬᠦᠷᠦᠩᠭᠡ ᠶᠢ ᠬᠠᠮᠢᠶᠠᠷᠬᠤ᠂ ᠬᠥᠮᠦᠨ ᠢ ᠬᠠᠮᠢᠶᠠᠷᠬᠤ ᠪᠠ ᠬᠡᠷᠡᠭ ᠶᠠᠪᠤᠳᠠᠯ ᠢ ᠬᠠᠮᠢᠶᠠᠷᠬᠤ ᠶᠢ ᠬᠠᠷᠢᠯᠴᠠᠨ ᠤᠶᠠᠯᠳᠤᠭᠤᠯᠤᠭᠰᠠᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠢ ᠬᠡᠷᠡᠭᠵᠢᠭᠦᠯᠦᠨ᠎ᠡ᠃    ᠲᠠᠪᠤᠳᠤᠭᠠᠷ ᠵᠦᠶᠢᠯ ᠵᠠᠰᠠᠭ ᠠᠵᠤ ᠠᠬᠤᠢᠯᠠᠯ ᠢ ᠰᠠᠯᠭᠠᠬᠤ ᠵᠠᠷᠴᠢᠮ ᠶᠣᠰᠣᠭᠠᠷ᠂ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠨᠢ ᠬᠤᠯᠪᠣᠭᠳᠠᠯ ᠪᠥᠬᠦᠶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠠᠵᠤ ᠠᠬᠤᠢᠯᠠᠯ ᠤᠨ ᠡᠵᠡᠩᠨᠡᠯᠲᠡ ᠶᠢᠨ ᠡᠵᠡᠨ ᠮᠡᠳᠡᠬᠦ ᠡᠷᠬᠡ ᠶᠢ ᠬᠦᠷᠲᠡᠵᠦ᠂ ᠰᠢᠶᠠᠨ ᠤ ᠠᠷᠠᠳ ᠤᠨ ᠵᠠᠰᠠᠭ ᠤᠨ ᠣᠷᠳᠣᠨ ᠨᠢ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠤᠨ ᠬᠠᠤᠯᠢ ᠶᠣᠰᠣᠭᠠᠷ ᠦᠶᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠳᠠᠮᠵᠢᠨ᠎ᠠ    ᠵᠢᠷᠭᠤᠳᠤᠭᠠᠷ ᠵᠦᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠨᠢ ᠠᠵᠤ ᠠᠬᠤᠶ ᠶᠢᠨ ᠦᠷ᠎ᠡ ᠠᠰᠢᠭ ᠢᠶᠠᠨ ᠴᠢᠷᠮᠠᠶᠢᠨ ᠳᠡᠭᠡᠭᠰᠢᠯᠡᠭᠦᠯᠵᠦ᠂ ᠡᠵᠡᠩᠨᠡᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠳᠡᠭᠡᠨ ᠥᠷᠲᠡᠭ ᠢ ᠪᠠᠲᠤᠯᠠᠨ ᠨᠡᠮᠡᠭᠳᠡᠭᠦᠯᠬᠦ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠤᠯᠢ ᠶᠣᠰᠣᠭᠠᠷ ᠬᠡᠷᠡᠭᠵᠢᠭᠦᠯᠵᠦ ᠪᠠᠶᠢᠭ᠎ᠠ ᠬᠢᠨᠠᠯᠲᠠ ᠬᠠᠮᠢᠶᠠᠷᠤᠯᠲᠠ ᠶᠢ ᠬᠦᠯᠢᠶᠡᠵᠦ᠂ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠮᠴᠢᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠶ᠃    ᠳᠣᠯᠣᠳᠤᠭᠠᠷ ᠵᠦᠢᠯ ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠪᠠ ᠵᠠᠭᠠᠯᠳᠤᠬᠤ ᠡᠷᠬᠡ ᠲᠠᠢ᠃    ᠬᠤᠶᠠᠳᠤᠭᠠᠷ ᠪᠦᠯᠦᠭ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ    ᠨᠠᠢᠮᠠᠳᠤᠭᠠᠷ ᠵᠦᠢᠯ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ︵ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠭᠡᠵᠦ ᠲᠣᠪᠴᠢᠯᠠᠨ᠎ᠠ︶ ᠪᠣᠯ ᠰᠢᠶᠠᠨ ᠤ ᠵᠠᠰᠠᠭ ᠤᠨ ᠣᠷᠳᠣᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠮᠥᠨ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠳᠤ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠳᠡᠭᠡᠳᠦ ᠱᠠᠲᠤᠨ ᠤ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ ᠠᠴᠠ ᠳᠣᠤᠷᠠᠳᠤ ᠱᠠᠲᠤᠨ ᠤ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠠᠵᠢᠯ ᠢ ᠬᠠᠤᠯᠢ ᠶᠣᠰᠣᠭᠠᠷ ᠵᠢᠭᠠᠨ ᠵᠢᠯᠣᠭᠤᠳᠬᠤ ᠪᠠ ᠬᠢᠨᠠᠯᠲᠠ ᠲᠠᠯᠪᠢᠬᠤ ᠬᠡᠷᠡᠭᠲᠡᠶ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠡᠷᠡᠭᠴᠡᠭᠡ ᠪᠠᠨ ᠦᠨᠳᠦᠰᠦᠯᠡᠨ ᠪᠤᠰᠤᠳ ᠪᠠᠶᠢᠭᠤᠯᠤᠮᠵᠢ ︵ᠰᠠᠯᠠᠭ᠎ᠠ ᠮᠥᠴᠢᠷ ᠪᠠᠭᠲᠠᠨ᠎ᠠ᠂ ᠳᠣᠷᠣᠭᠰᠢ ᠠᠳᠠᠯᠢ︶ ᠳᠤ ᠡᠷᠬᠡ ᠣᠯᠭᠤᠵᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠨ ᠲᠥᠯᠥᠭᠡᠯᠡᠵᠦ᠂ ᠤᠯᠤᠰ ᠠᠴᠠ ᠪᠡᠯᠡ ᠭᠠᠷᠭᠠᠭᠰᠠᠨ ᠣᠨᠴᠠ ᠲᠣᠭᠲᠠᠭᠰᠠᠨ ᠠᠵᠤ ᠠᠬᠤᠶᠢᠯᠠᠯ ᠳᠤ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠣᠯᠤᠨ᠎ᠠ᠃ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠤᠨ ᠠᠵᠢᠯ ᠲᠥᠷᠥᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠨᠠᠶᠢᠳᠠᠵᠤ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠳᠤ ᠡᠳᠦᠷ ᠲᠤᠲᠤᠮ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠣᠯᠤᠨ᠎ᠠ᠃ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠪᠠᠶᠢᠭᠤᠯᠤᠮᠵᠢ ᠨᠢ ᠪᠡᠯᠡ ᠭᠠᠷᠭᠠᠭᠴᠢ ᠶᠢᠨ ᠬᠡᠰᠡᠭ ᠡᠭᠦᠷᠭᠡ ᠬᠠᠷᠢᠭᠤᠴᠠᠯᠭ᠎ᠠ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠠᠶᠢᠭᠤᠯᠤᠮᠵᠢ ᠳᠤ ᠨᠠᠶᠢᠳᠠᠨ ᠭᠦᠢᠴᠡᠳᠬᠡᠯᠭᠡᠵᠦ ᠪᠣᠯᠤᠨ᠎ᠠ᠃ ᠬᠡᠰᠡᠭ ᠪᠡᠯᠡ ᠭᠠᠷᠭᠠᠭᠴᠢ ᠳᠤ ᠨᠠᠶᠢᠳᠠᠵᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠯᠭᠡᠪᠡᠯ᠂ ᠪᠢᠴᠢᠭᠯᠡᠭᠰᠡᠨ ᠵᠥᠪᠯᠡᠯᠴᠡᠭᠡᠷ ᠲᠣᠭᠲᠠᠵᠤ᠂ ᠨᠠᠶᠢᠳᠠᠭᠰᠠᠨ ᠵᠦᠢᠯᠡᠰ᠂ ᠬᠤᠭᠤᠴᠠᠭ᠎ᠠ ᠬᠢᠵᠠᠭᠠᠷ ᠪᠣᠯᠤᠨ ᠲᠤᠰ ᠲᠤᠰ ᠤᠨ ᠡᠷᠬᠡ ᠠᠰᠢᠭ᠂ ᠡᠭᠦᠷᠭᠡ᠂ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠬᠠᠮᠲᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠠᠭᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃    ᠶᠢᠰᠦᠳᠦᠭᠡᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠵᠥᠪᠯᠡᠯ ᠤᠨ ᠭᠤᠣᠯ ᠡᠭᠦᠷᠭᠡ ᠬᠠᠷᠢᠭᠤᠴᠠᠯᠭ᠎ᠠ ᠪᠣᠯ᠄    ︵ᠨᠢᠭᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠤᠯᠢ︾᠂ ︽ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠪᠠᠯᠠ ᠭᠠᠷᠭᠠᠭᠰᠠᠨ ᠠᠵᠤ ᠠᠬᠤᠶᠢᠯᠠᠯ ᠤᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠥᠮᠴᠢᠯᠡᠭᠴᠢ ᠶᠢᠨ ᠡᠷᠬᠡ ᠠᠰᠢᠭ ᠢ ᠬᠠᠮᠠᠭᠠᠯᠠᠨ᠎ᠠ︔    ︵ᠬᠤᠶᠠᠷ︶ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ︔ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠰᠠᠭᠤᠷᠢ ᠬᠠᠮᠢᠶᠠᠷᠤᠯᠲᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠲᠥᠰᠦᠯ ᠢ ᠬᠠᠷᠢᠭᠤᠴᠠᠵᠤ᠂ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠳᠦᠷᠢᠮ᠂ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠦᠬᠦᠨ ᠢ ᠬᠠᠮᠤᠷᠬᠤ ᠠᠵᠢᠯ ᠢ ᠬᠡᠷᠡᠭᠵᠢᠭᠦᠯᠵᠦ᠂ ᠤᠯᠠᠨ ᠵᠦᠢᠯ ᠤᠨ ᠬᠡᠯᠪᠡᠷᠢ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠬᠢᠨᠠᠯᠲᠠ ᠲᠠᠯᠪᠢᠬᠤ᠂ ᠬᠠᠮᠢᠶᠠᠷᠬᠤ᠂ ᠡᠵᠡᠩᠨᠡᠬᠦ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠦ᠂ ᠪᠦᠬᠦ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠬᠠᠮᠢᠶᠠᠷᠤᠯᠲᠠ ᠪᠠ ᠬᠢᠨᠠᠯᠲᠠ ᠲᠠᠯᠪᠢᠨ᠎ᠠ︔    ︵ᠭᠤᠷᠪᠠ︶ ᠤᠯᠤᠰ ᠤᠨ ᠥᠮᠴᠢᠯᠡᠯ ᠤᠨ ᠲᠤᠰᠠᠭᠠᠷ ᠪᠡᠯᠡ ᠣᠷᠤᠭᠤᠯᠬᠤ ᠺᠤᠮᠫᠠᠨᠢ ᠶᠢ ᠥᠭᠡᠷᠡᠴᠢᠯᠡᠬᠦ ᠪᠠ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠵᠤ᠂ ᠬᠢᠨᠠᠨ ᠬᠠᠮᠢᠶᠠᠷᠤᠭᠰᠠᠨ ᠠᠵᠤ ᠠᠬᠤᠶᠢᠯᠠᠯ ᠤᠳ ᠤᠨ ᠭᠦᠨ᠋ᠰᠤ ᠶᠢᠨ ᠬᠠᠤᠯᠢ ᠶᠢᠨ ᠬᠥᠮᠥᠨ ᠤ ᠵᠠᠰᠠᠬᠤ ᠪᠦᠲᠦᠴᠡ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠠᠶᠢᠭᠤᠯᠤᠨ᠎ᠠ︔ ᠥᠪᠡᠷᠲᠡᠭᠡᠨ ᠵᠠᠰᠠᠬᠤ ᠣᠷᠤᠨ᠂ ᠬᠤᠲᠠ᠂ ᠰᠢᠶᠠᠨ ᠤ ᠪᠠᠶᠢᠯᠳᠤᠬᠤ ᠪᠣᠳᠤᠯᠭ᠎ᠠ ᠶᠢᠨ ᠪᠠᠶᠢᠷᠢᠯᠠᠭᠤᠯᠤᠯᠲᠠ ᠶᠣᠰᠤᠭᠠᠷ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠰᠢᠯ ᠪᠠ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠎ᠠ︔    ︵ᠲᠦᠷᠪᠡ︶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠨᠡᠮᠡᠭᠳᠡᠭᠦᠯᠬᠦ ᠬᠠᠷᠠᠯᠲᠠᠲᠤ ᠬᠠᠮᠢᠶᠠᠷᠤᠯᠲᠠ᠂ ᠠᠮᠵᠢᠯᠲᠠ ᠪᠦᠲᠦᠮᠵᠢ ᠶᠢ ᠦᠨᠡᠯᠡᠬᠦ ᠬᠢᠨᠠᠨ ᠰᠢᠯᠭᠠᠬᠤ ᠭᠦᠢᠴᠡᠳᠬᠡᠬᠦ ᠲᠣᠭᠠᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ ᠰᠢᠯᠭᠠᠬᠤ ᠠᠷᠭ᠎ᠠ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠨᠠᠨ ᠰᠢᠯᠭᠠᠭᠰᠠᠨ ᠦᠷ᠎ᠡ ᠳ᠋ᠦᠩ ᠢ ᠨᠢ ᠦᠨᠳᠦᠰᠦᠯᠡᠨ ᠲᠡᠭᠦᠨ ᠢ ᠱᠠᠩᠨᠠᠬᠤ ᠬᠡᠷᠡᠭᠲᠡᠶ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠡᠵᠡᠩᠨᠡᠭᠴᠢ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃    ︵ᠲᠠᠪᠤ︶ ᠲᠤᠭ᠎ᠠ ᠪᠦᠷᠢᠳᠬᠡᠯ᠂ ᠬᠢᠨᠠᠨ ᠪᠤᠳᠤᠬᠤ᠂ ᠬᠠᠷᠭᠤᠭᠤᠯᠤᠨ ᠪᠤᠳᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠦᠭᠰᠡᠨ ᠪᠠᠶᠢᠳᠠᠯ ᠢ ᠬᠢᠨᠠᠨ ᠬᠠᠮᠢᠶᠠᠷᠤᠨ᠎ᠠ︔ ᠬᠢᠨᠠᠨ ᠬᠠᠷᠭᠤᠭᠤᠯᠬᠤ ᠶᠢᠨ ᠬᠠᠮᠲᠤ ᠵᠠᠰᠠᠭ ᠤᠨ ᠣᠷᠳᠣᠨ ᠳᠤ ᠮᠡᠳᠡᠭᠦᠯᠦᠨ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠲᠥᠯᠥᠪᠯᠡᠭᠡ ᠵᠢᠴᠢ ᠣᠨ ᠤ ᠡᠳ᠋ ᠤᠨ ᠶᠠᠪᠤᠳᠠᠯ ᠤᠨ ᠲᠥᠰᠦᠪ᠂ ᠲᠥᠰᠦᠪ ᠤᠨ ᠭᠦᠢᠴᠡᠳᠬᠡᠯ ᠤᠨ ᠲᠥᠰᠦᠯ ᠢ ᠵᠥᠪᠰᠢᠶᠡᠷᠡᠨ᠎ᠡ︔    ︵ᠵᠢᠷᠭᠤᠭ᠎ᠠ︶ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠳᠡᠭᠡᠭᠰᠢ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠯᠵᠠᠪᠤᠷᠢ ᠶᠢ ᠬᠠᠷᠢᠭᠤᠴᠠᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠤᠯᠪᠣᠭᠳᠠᠯ ᠪᠦᠬᠦᠢ ᠳᠦᠷᠢᠮ ᠪᠣᠯᠤᠨ ᠠᠷᠭ᠎ᠠ ᠶᠢ ᠲᠣᠭᠲᠠᠭᠠᠬᠤ ᠳᠤ ᠣᠷᠣᠯᠴᠠᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠵᠡᠷᠭᠡ ᠠᠵᠢᠯ ᠢ ᠬᠠᠷᠢᠭᠤᠴᠠᠬᠤ ᠬᠡᠷᠡᠭᠲᠡᠶ᠃    ︵ᠳᠤᠯᠤᠭ᠎ᠠ︶ ᠬᠤᠯᠪᠣᠭᠳᠠᠯ ᠪᠦᠬᠦᠢ ᠲᠣᠭᠲᠠᠭᠠᠯ ᠪᠠ ᠵᠢᠷᠤᠮ ᠶᠣᠰᠣᠭᠠᠷ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠯᠦᠭᠡ ᠬᠠᠮᠵᠢᠯᠴᠠᠨ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠶᠢᠨ ᠬᠠᠮᠢᠶᠠᠷᠤᠯᠲᠠ ᠶᠢᠨ ᠠᠵᠢᠯᠲᠠᠨ ᠢ ᠲᠣᠮᠢᠯᠠᠬᠤ ᠪᠠ ᠪᠠᠭᠤᠯᠭᠠᠬᠤ ᠠᠵᠢᠯ ᠢ ᠰᠠᠶᠢᠲᠤᠷ ᠬᠢᠨ᠎ᠡ︔ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠪᠠ ᠣᠳᠣ ᠦ᠊ ᠡᠶ᠎ᠡ ᠶᠢᠨ ᠠᠵᠤ ᠠᠬᠤᠶᠢᠯᠠᠯ ᠤᠨ ᠳᠦᠷᠢᠮ ᠤᠨ ᠱᠠᠭᠠᠷᠳᠠᠯᠭ᠎ᠠ ᠳᠤ ᠨᠡᠶᠢᠴᠡᠭᠰᠡᠨ ᠬᠥᠮᠥᠨ ᠰᠣᠩᠭᠤᠬᠤ᠂ ᠬᠥᠮᠥᠨ ᠬᠡᠷᠡᠭᠯᠡᠬᠦ ᠲᠣᠭᠲᠠᠴᠠ ᠶᠢ ᠪᠠᠶᠢᠭᠤᠯᠵᠤ᠂ ᠡᠵᠡᠩᠨᠡᠭᠴᠢᠳ ᠢ ᠤᠷᠮᠠᠰᠢᠭᠤᠯᠬᠤ ᠪᠠ ᠬᠢᠵᠠᠭᠠᠷᠯᠠᠬᠤ ᠳᠦᠷᠢᠮ ᠢ ᠲᠡᠭᠦᠯᠳᠡᠷᠵᠢᠭᠦᠯᠦᠨ᠎ᠡ︔    ︵ᠨᠠᠢᠮᠠ︶ ᠬᠠᠮᠵᠢᠯᠴᠠᠬᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠯᠦᠭᠡ ᠬᠠᠮᠵᠢᠯᠴᠠᠨ ᠬᠢᠨᠠᠨ ᠬᠠᠮᠢᠶᠠᠷᠴᠤ ᠪᠠᠶᠢᠭ᠎ᠠ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠳᠤ ᠬᠡᠷᠡᠭ ᠮᠡᠳᠡᠭᠴᠢᠳ ᠤᠨ ᠳᠠᠷᠤᠭ᠎ᠠ᠂ ᠳᠡᠳ᠋ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠳᠠᠭᠠᠭᠠᠮᠠᠯ᠂ ᠳᠡᠳ᠋ ᠶᠡᠷᠦᠩᠬᠡᠢ ᠳᠠᠭᠠᠭᠠᠮᠠᠯ᠂ ᠬᠡᠷᠡᠭ ᠬᠢᠨᠠᠭᠴᠢᠳ ᠤᠨ ᠳᠠᠷᠤᠭ᠎ᠠ᠂ ᠬᠡᠷᠡᠭ ᠬᠢᠨᠠᠭᠴᠢᠳ ᠤᠨ ᠳᠡᠳ᠋ ᠳᠠᠷᠤᠭ᠎ᠠ ᠵᠡᠷᠭᠡ ᠲᠤᠰᠢᠶᠠᠯ ᠢ ᠲᠤᠰᠢᠶᠠᠯ ᠳᠤ ᠲᠣᠮᠢᠯᠠᠵᠤ᠂ ᠬᠢᠨᠠᠭᠴᠢᠳ ᠤᠨ ᠵᠥᠪᠯᠡᠯ ᠤᠨ ᠡᠳᠦᠷ ᠲᠤᠳᠤᠮ ᠤᠨ ᠬᠠᠮᠢᠶᠠᠷᠤᠯᠲᠠ ᠶᠢ ᠬᠠᠷᠢᠭᠤᠴᠠᠨ᠎ᠠ︔    ︵ᠶᠢᠰᠦ︶ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃    ᠠᠷᠪᠠᠳᠤᠭᠠᠷ ᠵᠤᠷᠪᠤᠰ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠪᠣᠳᠠᠲᠠᠶ ᠠᠵᠤ ᠠᠬᠤᠶᠢᠯᠠᠯ ᠢ ᠰᠢᠶᠠᠨ ᠤ ᠵᠠᠰᠠᠭ ᠤᠨ ᠣᠷᠳᠣᠨ ᠲᠣᠭᠲᠠᠭᠠᠵᠤ᠂ ᠨᠡᠶᠢᠲᠡᠯᠡᠬᠦ ᠶᠢᠨ ᠬᠠᠮᠲᠤ ᠬᠤᠲᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠳᠠᠩᠰᠠᠯᠠᠭᠤᠯᠤᠨ᠎ᠠ᠃    ᠠᠷᠪᠠᠨ ᠨᠢᠭᠡᠳᠦᠭᠡᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠶᠡᠷᠦᠩᠬᠡᠢ ᠬᠡᠮᠵᠢᠶ᠎ᠡ᠂ ᠪᠦᠲᠦᠴᠡ᠂ ᠬᠤᠪᠢᠷᠠᠯᠲᠠ᠂ ᠠᠰᠢᠭ ᠣᠷᠣᠯᠭ᠎ᠠ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠶᠠᠨ ᠤ ᠵᠠᠰᠠᠭ ᠤᠨ ᠣᠷᠳᠣᠨ ᠳᠤ ᠬᠤᠷᠢᠶᠠᠩᠭᠤᠶᠢᠯᠠᠨ ᠵᠠᠳᠠᠯᠤᠭᠰᠠᠨ ᠪᠠᠶᠢᠳᠠᠯ ᠵᠢᠴᠢ ᠪᠡᠯᠡ ᠭᠠᠷᠭᠠᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠪᠣᠯᠤᠨ ᠪᠤᠰᠤᠳ ᠴᠢᠬᠤᠯᠠ ᠶᠡᠭᠡ ᠵᠦᠢᠯᠡᠰ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠢ᠃    ᠠᠷᠪᠠᠨ ᠬᠤᠶᠠᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠵᠥᠪᠯᠡᠯ ᠪᠠ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠭᠰᠠᠨ ᠤ ᠬᠤᠪᠢ ᠳᠤ ᠬᠠᠤᠯᠢ ᠶᠣᠰᠣᠭᠠᠷ ᠡᠳ᠋ᠯᠡᠬᠦ ᠡᠷᠬᠡ ᠶᠢ ᠬᠠᠮᠠᠭᠠᠯᠠᠵᠤ᠂ ᠪᠡᠯᠡ ᠭᠠᠷᠭᠠᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠠᠴᠠ ᠭᠠᠳᠠᠨ᠎ᠠ᠂ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ ᠳᠤ ᠭᠠᠷ ᠲᠥᠷᠥᠵᠦ ᠪᠣᠯᠬᠤ ᠦᠭᠡᠢ᠃    ᠭᠤᠷᠪᠠᠳᠤᠭᠠᠷ ᠪᠦᠯᠦᠭ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ    ᠠᠷᠪᠠᠨ ᠭᠤᠷᠪᠠᠳᠤᠭᠠᠷ ᠵᠦᠶᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠨᠢ ᠳᠣᠣᠷᠠᠬᠢ ᠡᠷᠬᠡ ᠨᠦᠭᠦᠳ ᠢ ᠡᠳᠡᠯᠡᠨ᠎ᠡ :    ︵ᠨᠢᠭᠡ︶ ᠲᠡᠭᠦᠨ ᠤ ᠬᠦᠳᠡᠯᠬᠦ ᠬᠦᠷᠦᠩᠭᠡ᠂ ᠦᠯᠦ ᠬᠦᠳᠡᠯᠬᠦ ᠬᠦᠷᠦᠩᠭᠡ ᠪᠠ ᠪᠤᠰᠤᠳ ᠡᠳ᠋ ᠬᠦᠷᠦᠩᠭᠡ ᠶᠢ ᠬᠠᠤᠯᠢ ᠶᠣᠰᠣᠭᠠᠷ ᠡᠵᠡᠯᠡᠬᠦ᠂ ᠬᠡᠷᠡᠭᠯᠡᠬᠦ᠂ ᠠᠰᠢᠭ ᠬᠦᠷᠲᠡᠬᠦ ᠪᠠ ᠰᠢᠢᠳᠪᠦᠷᠢᠯᠡᠬᠦ ᠡᠷᠬᠡ ᠶᠢ ᠡᠳ᠋ᠯᠡᠨ᠎ᠡ︔    ︵ᠬᠤᠶᠠᠷ︶ ᠡᠵᠡᠩᠨᠡᠯᠲᠡ ᠶᠢᠨ ᠡᠵᠡᠨ ᠮᠡᠳᠡᠬᠦ ᠡᠷᠬᠡ᠃    ︵ᠭᠤᠷᠪᠠ︶ ᠲᠡᠭᠦᠨ ᠤ ᠪᠡᠯᠡ ᠭᠠᠷᠭᠠᠭᠰᠠᠨ ᠠᠵᠤ ᠠᠬᠤᠶᠢᠯᠠᠯ ᠳᠤ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠠᠤᠯᠢ ᠶᠣᠰᠣᠭᠠᠷ ᠡᠳ᠋ᠯᠡᠬᠦ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠣᠷᠣᠯᠴᠠᠬᠤ ᠪᠠ ᠬᠠᠮᠢᠶᠠᠷᠤᠭᠴᠢ ᠶᠢ ᠰᠣᠩᠭᠤᠬᠤ ᠵᠡᠷᠭᠡ ᠪᠡᠯᠡ ᠭᠠᠷᠭᠠᠭᠴᠢ ᠶᠢᠨ ᠡᠷᠬᠡ ᠶᠢ ᠬᠠᠤᠯᠢ ᠶᠣᠰᠣᠭᠠᠷ ᠡᠳ᠋ᠯᠡᠨ᠎ᠡ︔    ︵ᠲᠦᠷᠪᠡ︶ ᠬᠠᠤᠯᠢ ᠶᠣᠰᠣᠭᠠᠷ ᠡᠳ᠋ᠯᠡᠬᠦ ᠶᠣᠰᠣᠲᠠᠢ ᠪᠤᠰᠤᠳ ᠡᠷᠬᠡ ᠠᠰᠢᠭ᠃    ᠠᠷᠪᠠᠨ ᠳᠥᠷᠪᠡᠳᠦᠭᠡᠷ ᠵᠦᠶᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠨᠢ ᠳᠣᠣᠷᠠᠬᠢ ᠮᠡᠲᠦ ᠡᠭᠦᠷᠭᠡ ᠶᠢ ᠭᠦᠶᠢᠴᠡᠳᠬᠡᠬᠦ ᠬᠡᠷᠡᠭᠲᠡᠢ :    ︵ᠨᠢᠭᠡ︶ ᠬᠠᠤᠯᠢ ᠶᠣᠰᠣᠭᠠᠷ ᠡᠵᠡᠩᠨᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠬᠦᠯᠢᠶᠡᠨ᠎ᠡ᠃    ︵ᠬᠤᠶᠠᠷ︶ ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃    ︵ᠭᠤᠷᠪᠠ︶ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠪᠡᠯᠡ ᠭᠠᠷᠭᠠᠭᠴᠢ ᠳᠤ ᠬᠠᠷᠢᠭᠤᠴᠠᠨ᠎ᠠ︔    ︵ᠲᠦᠷᠪᠡ︶ ᠬᠠᠤᠯᠢ ᠶᠣᠰᠣᠭᠠᠷ ᠡᠭᠦᠷᠭᠡᠯᠡᠪᠡᠰᠦ ᠵᠣᠬᠢᠬᠤ ᠪᠤᠰᠤᠳ ᠡᠭᠦᠷᠭᠡ᠃    ᠠᠷᠪᠠᠨ ᠲᠠᠪᠤᠳᠤᠭᠠᠷ ᠵᠦᠶᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠡᠳ᠋ ᠤᠨ ᠶᠠᠪᠤᠳᠠᠯ᠂ ᠨᠢᠭᠲᠠᠯᠠᠨ ᠪᠣᠳᠣᠬᠤ ᠳᠦᠷᠢᠮ ᠢ ᠪᠠᠢᠭᠤᠯᠤᠨ ᠪᠦᠷᠢᠨᠰᠢᠭᠦᠯᠵᠦ᠂ ᠨᠢᠭᠲᠠᠯᠠᠨ ᠪᠣᠳᠣᠬᠤ ᠳᠠᠩᠰᠠ ᠪᠠᠢᠭᠤᠯᠵᠤ᠂ ᠨᠢᠭᠲᠠᠯᠠᠨ ᠪᠣᠳᠣᠬᠤ ᠲᠣᠭᠠᠴᠠᠭ᠎ᠠ ᠬᠢᠵᠦ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠵᠢᠴᠢ ᠠᠵᠤ ᠠᠬᠤᠢᠯᠠᠯ ᠤᠨ ᠳᠦᠷᠢᠮ ᠤᠨ ᠲᠣᠭᠲᠠᠭᠠᠯ ᠶᠣᠰᠣᠭᠠᠷ ᠪᠡᠯᠡ ᠭᠠᠷᠭᠠᠭᠴᠢ ᠳᠤ ᠦᠨᠡᠨ ᠪᠣᠳᠠᠲᠠᠢ᠂ ᠪᠦᠷᠢᠨ ᠲᠡᠭᠦᠯᠳᠡᠷ ᠡᠳ᠋ ᠤᠨ ᠶᠠᠪᠤᠳᠠᠯ᠂ ᠨᠢᠭᠲᠠᠯᠠᠨ ᠪᠣᠳᠣᠬᠤ ᠮᠡᠳᠡᠭᠡ ᠵᠠᠩᠭᠢ ᠶᠢ ᠬᠠᠩᠬᠠᠬᠤ ᠬᠡᠷᠡᠭᠲᠡᠢ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠵᠢᠴᠢ ᠠᠵᠤ ᠠᠬᠤᠢᠯᠠᠯ ᠤᠨ ᠳᠦᠷᠢᠮ ᠤᠨ ᠲᠣᠭᠲᠠᠭᠠᠯ ᠶᠣᠰᠣᠭᠠᠷ ᠪᠡᠯᠡ ᠭᠠᠷᠭᠠᠭᠴᠢ ᠳᠤ ᠠᠰᠢᠭ ᠬᠤᠨᠵᠢᠪᠣᠷᠢ ᠬᠤᠪᠢᠶᠠᠨ ᠥᠭᠬᠦ ᠬᠡᠷᠡᠭᠲᠡᠢ    ᠠᠷᠪᠠᠨ ᠵᠢᠷᠭᠤᠳᠤᠭᠠᠷ ᠵᠦᠢᠯ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠨᠢ ᠪᠦᠬᠦ ᠲᠠᠯ᠎ᠠ ᠶᠢᠨ ᠲᠥᠰᠦᠪ ᠤᠨ ᠬᠠᠮᠢᠶᠠᠷᠤᠯᠲᠠ ᠶᠢᠨ ᠳᠦᠷᠢᠮ ᠢ ᠠᠯᠬᠤᠮ ᠠᠯᠬᠤᠮ ᠢᠶᠠᠷ ᠪᠠᠶᠢᠭᠤᠯᠵᠤ᠂ ᠠᠵᠤ ᠠᠬᠤᠶᠢᠯᠠᠯ ᠤᠨ ᠣᠨ ᠤ ᠦᠢᠯᠡᠳᠪᠦᠷᠢᠯᠡᠯ ᠡᠵᠡᠩᠨᠡᠯᠲᠡ᠂ ᠪᠡᠯᠡ ᠣᠷᠣᠭᠤᠯᠤᠯᠲᠠ᠂ ᠬᠥᠷᠥᠩᠭᠡ ᠶᠢᠨ ᠡᠵᠡᠩᠨᠡᠯᠲᠡ ᠵᠡᠷᠭᠡ ᠪᠦᠬᠦ ᠡᠵᠡᠩᠨᠡᠯᠲᠡ ᠶᠢᠨ ᠠᠵᠢᠯᠯᠠᠭ᠎ᠠ ᠶᠢᠨ ᠲᠥᠰᠦᠪ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠪᠦᠬᠦ ᠶᠠᠪᠤᠴᠠ ᠶᠢᠨ ᠬᠢᠨᠠᠨ ᠡᠵᠡᠮᠳᠡᠬᠦ ᠶᠢ ᠨᠠᠶᠢᠳᠠᠪᠤᠷᠢᠵᠢᠭᠤᠯᠬᠤ ᠬᠡᠷᠡᠭᠲᠡᠶ᠃    ᠠᠷᠪᠠᠨ ᠳᠣᠯᠣᠳᠤᠭᠠᠷ ᠵᠦᠢᠯ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠨᠢ ᠠᠵᠤ ᠠᠬᠤᠶᠢᠯᠠᠯ ᠤᠨ ᠠᠪᠴᠠᠭᠠᠨ ᠤ ᠬᠠᠮᠢᠶᠠᠷᠤᠯᠲᠠ ᠶᠢᠨ ᠳᠦᠷᠢᠮ ᠪᠠ ᠣᠨ ᠤ ᠵᠢᠭᠡᠯᠡᠯᠭᠡ ᠵᠢᠭᠡᠯᠡᠬᠦ ᠲᠥᠯᠥᠪᠯᠡᠭᠡ ᠶᠢᠨ ᠲᠦᠭᠰᠢᠭᠦᠷᠢ ᠶᠢ ᠦᠨᠡᠯᠡᠨ ᠵᠢᠱᠢᠵᠦ ᠮᠡᠳᠡᠭᠦᠯᠬᠦ ᠳᠦᠷᠢᠮ ᠪᠠᠶᠢᠭᠤᠯᠵᠤ᠂ ᠠᠵᠤ ᠠᠬᠤᠶᠢᠯᠠᠯ ᠤᠨ ᠠᠪᠴᠠᠭᠠᠨ ᠤ ᠡᠷᠬᠡ᠂ ᠥᠷᠢ ᠥᠭᠴᠡᠭᠡ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ︔ ᠳᠠᠭᠠᠭᠠᠯᠲᠠ ᠬᠢᠬᠦ ᠶᠢ ᠮᠥᠷᠳᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦ ᠳᠦᠷᠢᠮ ᠪᠠ ᠪᠡᠯᠡᠭᠯᠡᠨ ᠬᠦᠷᠭᠡᠭᠰᠡᠨ ᠮᠡᠳᠡᠭᠦᠯᠦᠯᠲᠡ ᠪᠠᠨ ᠬᠢᠨᠠᠨ ᠰᠢᠯᠭᠠᠬᠤ ᠳᠦᠷᠢᠮ ᠪᠠᠶᠢᠭᠤᠯᠵᠤ᠂ ᠳᠠᠭᠠᠭᠠᠯᠲᠠ ᠬᠢᠬᠦ ᠪᠠ ᠪᠡᠯᠡᠭᠯᠡᠨ ᠬᠦᠷᠭᠡᠭᠰᠡᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ︔ ᠠᠵᠤ ᠠᠬᠤᠶᠢᠯᠠᠯ ᠤᠨ ᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠵᠠᠳᠠᠯᠤᠨ ᠮᠡᠳᠡᠭᠦᠯᠬᠦ ᠳᠦᠷᠢᠮ ᠪᠠᠶᠢᠭᠤᠯᠵᠤ᠂ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠤᠯᠤᠰ ᠪᠠ ᠮᠤᠵᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠠᠶᠢᠭᠤᠯᠤᠮᠵᠢ ᠳᠤ ᠬᠠᠮᠢᠶ᠎ᠠ ᠪᠦᠬᠦᠢ ᠭᠠᠷᠳᠠᠮ ᠢ ᠭᠦᠢᠴᠡᠳᠬᠡᠬᠦ ᠬᠡᠷᠡᠭᠲᠡᠶ ᠪᠣᠯ ᠲᠡᠷᠡ ᠲᠣᠭᠲᠠᠭᠠᠯ ᠶᠣᠰᠣᠭᠠᠷ ᠬᠢᠬᠦ ᠬᠡᠷᠡᠭᠲᠡᠶ᠃    ᠠᠷᠪᠠᠨ ᠨᠠᠢᠮᠠᠳᠤᠭᠠᠷ ᠵᠦᠶᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠤᠳ ᠬᠠᠤᠯᠢ ᠶᠢᠨ ᠬᠥᠮᠦᠨ ᠤ ᠵᠠᠰᠠᠬᠤ ᠪᠦᠲᠦᠴᠡ ᠶᠢ ᠬᠠᠤᠯᠢ ᠶᠣᠰᠣᠭᠠᠷ ᠪᠠᠢᠭᠤᠯᠤᠨ ᠲᠡᠭᠦᠯᠳᠡᠷᠵᠢᠭᠦᠯᠵᠦ᠂ ᠳᠣᠲᠣᠭᠠᠳᠤ ᠶᠢᠨ ᠬᠢᠨᠠᠯᠲᠠ ᠬᠠᠮᠢᠶᠠᠷᠤᠯᠲᠠ ᠪᠠ ᠠᠶᠤᠯ ᠲᠦᠭᠰᠢᠭᠦᠷᠢ ᠶᠢ ᠬᠢᠵᠠᠭᠠᠷᠯᠠᠬᠤ ᠳᠦᠷᠢᠮ ᠢ ᠪᠠᠢᠭᠤᠯᠤᠨ ᠲᠡᠭᠦᠯᠳᠡᠷᠵᠢᠭᠦᠯᠬᠦ ᠬᠡᠷᠡᠭᠲᠡᠢ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠨᠢ ᠪᠡᠯᠡ ᠭᠠᠷᠭᠠᠭᠰᠠᠨ ᠠᠵᠤ ᠠᠬᠤᠶᠢᠯᠠᠯ ᠳᠠᠭᠠᠨ ᠪᠡᠯᠡ ᠭᠠᠷᠭᠠᠭᠰᠠᠨ ᠠᠵᠤ ᠠᠬᠤᠶᠢᠯᠠᠯ ᠤᠨ ᠳᠦᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠪᠤᠶᠤ ᠲᠣᠭᠲᠠᠭᠠᠬᠤ ᠳᠤ ᠣᠷᠣᠯᠴᠠᠬᠤ ᠪᠠᠷ ᠳᠠᠮᠵᠢᠭᠤᠯᠤᠨ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠪᠦᠲᠦᠮᠵᠢᠲᠡᠶ ᠲᠡᠩᠴᠡᠭᠦᠯᠦᠭᠰᠡᠨ ᠠᠵᠤ ᠠᠬᠤᠶᠢᠯᠠᠯ ᠤᠨ ᠳᠣᠲᠣᠭᠠᠳᠤ ᠳᠠᠭᠠᠨ ᠬᠢᠨᠠᠯᠲᠠ ᠲᠠᠯᠪᠢᠵᠤ ᠬᠠᠮᠢᠶᠠᠷᠬᠤ ᠪᠠ ᠲᠦᠭᠰᠢᠭᠦᠷᠢ ᠶᠢ ᠡᠵᠡᠮᠳᠡᠬᠦ ᠳᠦᠷᠢᠮ ᠢ ᠪᠠᠶᠢᠭᠤᠯᠵᠤ᠂ ᠪᠡᠯᠡ ᠭᠠᠷᠭᠠᠭᠴᠢ ᠶᠢᠨ ᠡᠷᠬᠡ ᠠᠰᠢᠭ ᠢ ᠬᠠᠮᠠᠭᠠᠯᠠᠬᠤ ᠬᠡᠷᠡᠭᠲᠡᠶ᠃    ᠠᠷᠪᠠ ᠶᠢᠰᠦᠳᠦᠭᠡᠷ ᠵᠦᠢᠯ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾ ᠶᠢᠨ ᠲᠣᠭᠲᠠᠭᠠᠯ ᠶᠣᠰᠣᠭᠠᠷ ᠬᠢᠨᠠᠯᠲᠠ ᠲᠠᠯᠪᠢᠭᠴᠢ ᠶᠢᠨ ᠺᠣᠮᠢᠰ ︵ᠬᠤᠪᠢ ᠣᠷᠣᠭᠤᠯᠤᠭᠴᠢ ᠶᠢᠨ ᠬᠥᠮᠦᠨ ᠤ ᠲᠤᠭ᠎ᠠ ᠨᠢ ᠨᠡᠯᠢᠶᠡᠳ ᠪᠠᠭ᠎ᠠ ᠪᠤᠶᠤ ᠬᠡᠪᠴᠢᠶ᠎ᠡ ᠪᠠᠷ ᠨᠡᠯᠢᠶᠡᠳ ᠪᠠᠭ᠎ᠠ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠨᠢᠭᠡ ᠠᠴᠠ ᠬᠤᠶᠠᠷ ᠨᠡᠷ᠎ᠡ ᠬᠢᠨᠠᠯᠲᠠ ᠲᠠᠯᠪᠢᠭᠴᠢ ᠪᠠᠶᠢᠭᠤᠯᠵᠤ ᠪᠣᠯᠤᠨ᠎ᠠ᠂ ᠬᠢᠨᠠᠯᠲᠠ ᠲᠠᠯᠪᠢᠭᠴᠢ ᠶᠢᠨ ᠺᠣᠮᠢᠰ ᠪᠠᠶᠢᠭᠤᠯᠬᠤ ᠦᠭᠡᠶ︶ ᠪᠠᠶᠢᠭᠤᠯᠤᠨ᠎ᠠ᠃ ᠤᠯᠤᠰ ᠤᠨ ᠥᠮᠴᠢᠯᠡᠯᠲᠦ ᠲᠤᠰᠠᠭᠠᠷ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠨᠢ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠᠶᠢᠭᠤᠯᠤᠮᠵᠢ ᠠᠴᠠ ᠲᠣᠭᠲᠠᠭᠠᠯ ᠶᠣᠰᠣᠭᠠᠷ ᠬᠡᠷᠡᠭ ᠬᠢᠨᠠᠭᠴᠢ ᠲᠣᠮᠢᠯᠠᠵᠤ ᠬᠢᠨᠠᠭᠴᠢᠳ ᠤᠨ ᠵᠥᠪᠯᠡᠯ ᠢ ᠪᠦᠷᠢᠯᠳᠦᠭᠦᠯᠦᠨ᠎ᠡ᠃ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠤᠨ ᠬᠢᠨᠠᠯᠲᠠ ᠲᠠᠯᠪᠢᠭᠴᠢᠳ ᠤᠨ ᠬᠤᠷᠠᠯ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠵᠢᠴᠢ ᠠᠵᠤ ᠠᠬᠤᠢᠯᠠᠯ ᠤᠨ ᠳᠦᠷᠢᠮ ᠤᠨ ᠲᠣᠭᠲᠠᠭᠠᠯ ᠶᠣᠰᠣᠭᠠᠷ ᠬᠡᠷᠡᠭ ᠮᠡᠳᠡᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ᠡᠭᠦᠷᠭᠡ ᠲᠤᠰᠢᠶᠠᠯ ᠢᠶᠠᠨ ᠭᠦᠶᠢᠴᠡᠳᠬᠡᠬᠦ ᠠᠵᠢᠯᠯᠠᠭ᠎ᠠ ᠳᠤ ᠬᠢᠨᠠᠯᠲᠠ ᠲᠠᠯᠪᠢᠵᠤ᠂ ᠠᠵᠤ ᠠᠬᠤᠢᠯᠠᠯ ᠤᠨ ᠡᠳ᠋ ᠤᠨ ᠶᠠᠪᠤᠳᠠᠯ ᠢ ᠬᠢᠨᠠᠵᠤ ᠪᠠᠢᠴᠠᠭᠠᠨ᠎ᠠ    ᠳᠥᠷᠪᠡᠳᠦᠭᠡᠷ ᠪᠦᠯᠦᠭ ᠠᠵᠤ ᠠᠬᠤᠶᠢᠯᠠᠯ ᠤᠨ ᠠᠵᠢᠯᠲᠠᠨ ᠤ ᠬᠠᠮᠢᠶᠠᠷᠤᠯᠲᠠ    ᠬᠤᠷᠢᠳᠤᠭᠠᠷ ᠵᠦᠶᠢᠯ ᠰᠢᠶᠠᠨ ᠤ ᠤᠯᠤᠰ ᠤᠨ ᠥᠮᠴᠢᠯᠡᠯᠳᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠭᠦᠩᠰᠡ ᠶᠢᠨ ᠳᠦᠷᠢᠮ ᠶᠣᠰᠣᠭᠠᠷ ᠤᠯᠤᠰ ᠤᠨ ᠥᠮᠴᠢᠯᠡᠯᠳᠦ ᠲᠤᠰᠠᠭᠠᠷ ᠪᠡᠯᠡ ᠣᠷᠣᠭᠤᠯᠬᠤ᠂ ᠤᠯᠤᠰ ᠤᠨ ᠥᠮᠴᠢᠯᠡᠯᠳᠦ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠢᠯᠠᠯ ᠤᠨ ᠳᠣᠣᠷᠠᠬᠢ ᠬᠥᠮᠦᠰ ᠢ ᠲᠣᠮᠢᠯᠠᠬᠤ ᠪᠠ ᠪᠠᠭᠤᠯᠭᠠᠨ᠎ᠠ :    ︵ᠨᠢᠭᠡ︶ ᠤᠯᠤᠰ ᠤᠨ ᠥᠮᠴᠢᠯᠡᠯ ᠤᠨ ᠲᠤᠰᠠᠭᠠᠷ ᠪᠡᠯᠡ ᠣᠷᠣᠭᠤᠯᠤᠯᠲᠠ ᠶᠢᠨ ᠭᠦᠩᠰᠧ ᠶᠢᠨ ᠬᠡᠷᠡᠭ ᠮᠡᠳᠡᠭᠴᠢ ᠶᠢᠨ ᠳᠠᠷᠤᠭ᠎ᠠ᠂ ᠬᠡᠷᠡᠭ ᠮᠡᠳᠡᠭᠴᠢ ᠶᠢᠨ ᠳᠡᠳ᠋ ᠳᠠᠷᠤᠭ᠎ᠠ᠂ ᠬᠡᠷᠡᠭ ᠮᠡᠳᠡᠭᠴᠢ ᠶᠢᠨ ᠳᠠᠷᠤᠭ᠎ᠠ ᠪᠣᠯᠣᠨ ᠬᠢᠨᠠᠯᠲᠠ ᠲᠠᠯᠪᠢᠭᠴᠢ    ︵ᠬᠤᠶᠠᠷ︶ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ ᠤᠨ ᠶᠡᠷᠦᠩᠬᠡᠢ ᠳᠠᠭᠠᠭᠠᠮᠠᠯ᠂ ᠳᠡᠳ᠋ ᠶᠡᠷᠦᠩᠬᠡᠢ ᠳᠠᠭᠠᠭᠠᠮᠠᠯ᠂ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠪᠣᠯᠣᠨ ᠪᠤᠰᠤᠳ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠢ ᠲᠣᠮᠢᠯᠠᠬᠤ ᠪᠠ ᠪᠠᠭᠤᠯᠭᠠᠨ᠎ᠠ︔    ᠬᠤᠷᠢᠨ ᠨᠢᠭᠡᠳᠦᠭᠡᠷ ᠵᠦᠶᠢᠯ ᠰᠢᠶᠠᠨ ᠤ ᠬᠠᠷᠢᠶ᠎ᠠ ᠠᠵᠤ ᠠᠬᠤᠢᠯᠠᠯ ᠤᠨ ᠰᠢᠨ᠎ᠡ ᠪᠠᠷ ᠣᠷᠣᠵᠤ ᠢᠷᠡᠭᠰᠡᠨ ᠬᠥᠮᠦᠰ ᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠰᠢᠶᠠᠨ ᠤ ᠳᠣᠲᠣᠷᠠᠬᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ    ︵ᠨᠢᠭᠡ︶ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠦᠷᠦᠭᠦᠯᠡᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ᠂ ᠠᠵᠤ ᠠᠬᠤᠶᠢᠯᠠᠯ ᠤᠨ ᠬᠡᠪᠴᠢᠶ᠎ᠡ᠂ ᠲᠤᠬᠠᠶᠢᠯᠠᠭᠰᠠᠨ ᠠᠵᠢᠯ ᠤᠨ ᠬᠥᠭᠵᠢᠯᠲᠡ᠂ ᠠᠵᠢᠯ ᠤᠨ ᠪᠠᠶᠢᠷᠢ᠂ ᠠᠵᠢᠯᠲᠠᠨ ᠤ ᠰᠢᠨᠵᠢ ᠴᠢᠨᠠᠷ ᠵᠡᠷᠭᠡ ᠶᠢ ᠦᠨᠳᠦᠰᠦᠯᠡᠨ ᠠᠵᠤ ᠠᠬᠤᠶᠢᠯᠠᠯ ᠤᠨ ᠬᠥᠮᠦᠨ ᠬᠡᠷᠡᠭᠯᠡᠬᠦ ᠬᠡᠪᠴᠢᠶ᠎ᠡ ᠶᠢ ᠲᠣᠭᠲᠠᠭᠠᠨ᠎ᠠ᠃    ︵ᠬᠤᠶᠠᠷ︶ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠥᠪᠬᠢᠨᠡᠭᠦᠯᠬᠦ ᠬᠥᠮᠦᠰ ᠢ ᠰᠢᠯᠵᠢᠭᠦᠯᠦᠨ ᠲᠣᠬᠢᠷᠠᠭᠤᠯᠬᠤ ᠠᠷᠭ᠎ᠠ ᠮᠠᠶ᠋ᠢᠭ ᠢ ᠠᠪᠴᠤ ᠣᠷᠣᠭᠤᠯᠤᠨ᠂ ᠪᠤᠰᠤᠳ ᠬᠥᠮᠦᠰ ᠨᠢ ᠡᠵᠡᠨ ᠮᠡᠳᠡᠵᠦ ᠤᠷᠢᠨ ᠬᠡᠷᠡᠭᠯᠡᠬᠦ ᠬᠡᠯᠪᠡᠷᠢ ᠪᠠᠷ ᠣᠷᠣᠭᠤᠯᠤᠨ᠎ᠠ᠃    ︵ᠭᠤᠷᠪᠠ᠂ ᠠᠵᠤ ᠠᠬᠤᠢᠯᠠᠯ ᠠᠵᠢᠯᠲᠠᠨ ᠡᠯᠰᠡᠵᠦ᠂ ᠠᠵᠤ ᠠᠬᠤᠢᠯᠠᠯ ᠠᠴᠠ ᠬᠥᠮᠦᠨ ᠤ ᠲᠤᠭ᠎ᠠ᠂ ᠠᠵᠢᠯ ᠤᠨ ᠪᠠᠢᠷᠢ᠂ ᠤᠷᠢᠵᠤ ᠡᠯᠰᠡᠬᠦ ᠪᠠᠭᠲᠠᠨ᠎ᠠ︶ ᠨᠥᠬᠦᠴᠡᠯ ᠵᠡᠷᠭᠡ ᠠᠭᠤᠯᠭ᠎ᠠ ᠶᠢᠨ ᠲᠤᠬᠠᠶ ᠵᠢᠭᠠᠪᠤᠷᠢ ᠠᠪᠬᠤ ᠪᠠ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠩᠬᠠᠨ ᠤ ᠬᠢᠨᠠᠯᠲᠠ ᠪᠠᠷ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠠᠬᠢᠨ ᠬᠢᠨᠠᠵᠤ᠂ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠰᠢᠶᠠᠨ ᠤ ᠨᠠᠮ ᠤᠨ ᠬᠤᠷᠢᠶᠠᠨ ᠤ ︽ᠭᠤᠷᠪᠠᠨ ᠴᠢᠬᠤᠯᠠ ᠨᠢᠭᠡ ᠶᠡᠭᠡ︾ ᠶᠢᠨ ᠬᠤᠯᠪᠣᠭᠳᠠᠯ ᠪᠦᠬᠦᠢ ᠵᠢᠷᠤᠮ ᠶᠣᠰᠣᠭᠠᠷ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ ᠰᠤᠳᠤᠯᠤᠭᠤᠯᠵᠤ ᠲᠣᠭᠲᠠᠭᠠᠯᠭᠠᠨ᠎ᠠ᠃    ︵ᠲᠦᠷᠪᠡ︶ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠠᠮᠵᠢᠯᠴᠠᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠬᠠᠮᠲᠤᠷᠠᠨ ᠺᠣᠮᠫᠠᠨᠢ ᠶᠢᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠤᠯᠤᠰ ᠤᠨ ᠥᠮᠴᠢᠯᠡᠯ ᠤᠨ ᠲᠤᠰᠠᠭᠠᠷ ᠪᠡᠯᠡ ᠶᠢᠨ ᠺᠣᠮᠫᠠᠨᠢ ᠶᠢᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢ ᠲᠣᠭᠲᠠᠭᠠᠨ᠎ᠠ᠃    ᠬᠤᠷᠢᠨ ᠬᠤᠶᠠᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠪᠡᠯᠡ ᠭᠠᠷᠭᠠᠭᠰᠠᠨ ᠺᠣᠮᠫᠠᠨᠢ ᠶᠢᠨ ᠬᠠᠷᠢᠭᠤᠴᠠᠯᠭᠠᠲᠠᠨ ᠤ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠥᠷᠥᠯ ᠬᠤᠪᠢᠶᠠᠨ ᠬᠢᠨᠠᠨ ᠰᠢᠯᠭᠠᠬᠤ ᠶᠢ ᠬᠡᠷᠡᠭᠵᠢᠭᠦᠯᠬᠦ ᠬᠡᠷᠡᠭᠲᠡᠶ ᠺᠣᠮᠫᠠᠨᠢ ᠶᠢᠨ ᠬᠠᠷᠢᠭᠤᠴᠠᠯᠭᠠᠲᠠᠨ ᠯᠤᠭ᠎ᠠ ᠣᠨ ᠤ ᠡᠵᠡᠩᠨᠡᠯᠲᠡ ᠶᠢᠨ ᠬᠠᠷᠠᠯᠲᠠ ᠶᠢᠨ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠣᠨ ᠤ ᠬᠢᠨᠠᠨ ᠰᠢᠯᠭᠠᠯᠲᠠ ᠪᠣᠯᠤᠨ ᠲᠤᠰᠢᠶᠠᠯ ᠤᠨ ᠬᠤᠭᠤᠴᠠᠭᠠᠨ ᠤ ᠬᠢᠨᠠᠨ ᠰᠢᠯᠭᠠᠯᠲᠠ ᠶᠢ ᠬᠠᠷᠢᠯᠴᠠᠨ ᠤᠶᠠᠯᠳᠤᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠢ ᠱᠠᠩᠨᠠᠬᠤ ᠰᠢᠳᠬᠡᠬᠦ ᠯᠦᠭᠡ ᠬᠠᠷᠢᠯᠴᠠᠨ ᠬᠤᠯᠪᠣᠭᠳᠠᠭᠤᠯᠬᠤ ᠶᠢ ᠬᠡᠷᠡᠭᠵᠢᠭᠦᠯᠬᠦ ᠬᠡᠷᠡᠭᠲᠡᠶ᠃    ᠲᠠᠪᠤᠳᠤᠭᠠᠷ ᠪᠦᠯᠦᠭ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠵᠢᠴᠢ ᠠᠷᠠᠳᠴᠢᠯᠠᠭᠰᠠᠨ ᠬᠠᠮᠢᠶᠠᠷᠤᠯᠲᠠ    ᠬᠤᠷᠢᠨ ᠭᠤᠷᠪᠠᠳᠤᠭᠠᠷ ᠵᠦᠢᠯ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ ᠵᠢᠩᠬᠢᠨᠢ ᠨᠠᠮ ᠤᠨ ᠭᠡᠰᠢᠭᠦᠨ 3 ᠬᠥᠮᠦᠨ ᠠᠴᠠ ᠳᠡᠭᠡᠭᠰᠢ ᠪᠠᠶᠢᠪᠠᠯ᠂ ᠨᠠᠮ ᠤᠨ ᠡᠭᠦᠷ ᠪᠠᠶᠢᠭᠤᠯᠬᠤ ᠬᠡᠷᠡᠭᠲᠡᠶ᠃ ᠵᠢᠩᠬᠢᠨᠢ ᠨᠠᠮ ᠤᠨ ᠭᠡᠰᠢᠭᠦᠨ 7 ᠬᠥᠮᠦᠨ ᠠᠴᠠ ᠳᠡᠭᠡᠭᠰᠢᠬᠢ ᠨᠠᠮ ᠤᠨ ᠡᠭᠦᠷ ᠲᠤ ᠡᠭᠦᠷ ᠤᠨ ᠭᠡᠰᠢᠭᠦᠳ ᠤᠨ ᠬᠤᠷᠠᠯ ᠢ ᠪᠠᠶᠢᠭᠤᠯᠤᠨ᠎ᠠ᠃ ᠨᠠᠮ ᠤᠨ ᠭᠡᠰᠢᠭᠦᠨ ᠤ ᠲᠤᠭ᠎ᠠ ᠨᠢ 50 ᠬᠥᠮᠦᠨ ᠳᠤ ᠬᠦᠷᠬᠦ ᠦᠭᠡᠶ᠂ ᠦᠨᠡᠨ ᠬᠦ ᠠᠵᠢᠯ ᠤᠨ ᠬᠡᠷᠡᠭᠴᠡᠭᠡ ᠠᠴᠠ ᠪᠣᠯᠵᠤ᠂ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠷ ᠵᠥᠪᠰᠢᠶᠡᠷᠡᠭᠦᠯᠦᠭᠡᠳ᠂ ᠨᠠᠮ ᠤᠨ ᠶᠡᠷᠦᠩᠬᠡᠶ ᠡᠭᠦᠷ ᠪᠠᠶᠢᠭᠤᠯᠵᠤ ᠪᠣᠯᠤᠨ᠎ᠠ᠃ ᠨᠠᠮ ᠤᠨ ᠭᠡᠰᠢᠭᠦᠨ 50 ᠬᠥᠮᠦᠨ ᠠᠴᠠ ᠳᠡᠭᠡᠭᠰᠢ᠂ 100 ᠬᠥᠮᠦᠨ ᠠᠴᠠ ᠳᠣᠷᠣᠭᠰᠢ ᠪᠠᠶᠢᠪᠠᠯ᠂ ᠨᠠᠮ ᠤᠨ ᠶᠡᠷᠦᠩᠬᠡᠶ ᠡᠭᠦᠷ ᠤᠨ ᠭᠡᠰᠢᠭᠦᠳ ᠤᠨ ᠬᠤᠷᠠᠯ ᠢ ᠪᠠᠶᠢᠭᠤᠯᠤᠨ᠎ᠠ᠃    ᠬᠤᠷᠢᠨ ᠳᠥᠷᠪᠡᠳᠦᠭᠡᠷ ᠵᠦᠢᠯ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠳᠤᠷᠢᠳᠬᠤ ᠦᠢᠯᠡᠳᠦᠯ ᠢᠶᠠᠨ ᠪᠠᠳᠠᠷᠠᠭᠤᠯᠵᠤ᠂ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠵᠤ᠂ ᠠᠵᠤ ᠠᠬᠤᠶᠢᠯᠠᠯ ᠤᠨ ᠴᠢᠬᠤᠯᠠ ᠶᠡᠭᠡ ᠵᠦᠢᠯᠡᠰ ᠢ ᠲᠣᠭᠲᠠᠭᠠᠯ ᠶᠣᠰᠣᠭᠠᠷ ᠶᠠᠷᠢᠯᠴᠠᠨ ᠲᠣᠭᠲᠠᠭᠠᠬᠤ ᠬᠡᠷᠡᠭᠲᠡᠶ᠃    ᠬᠤᠷᠢᠨ ᠲᠠᠪᠤᠳᠤᠭᠠᠷ ᠵᠦᠢᠯ ᠤᠯᠤᠰ ᠤᠨ ᠥᠮᠴᠢᠯᠡᠯ ᠤᠨ ᠠᠵᠤ ᠠᠬᠤᠶᠢᠯᠠᠯ ᠨᠢ ᠨᠠᠮ ᠤᠨ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠢ ᠺᠣᠮᠫᠠᠨᠢ ᠶᠢᠨ ᠲᠦᠷᠢᠮ ᠳᠤ ᠪᠢᠴᠢᠨ ᠣᠷᠣᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠯᠠᠭᠠᠨ ᠤ ᠲᠣᠭᠲᠠᠴᠠ᠂ ᠰᠠᠭᠤᠷᠢ ᠪᠠᠲᠤᠯᠠᠭ᠎ᠠ ᠵᠡᠷᠭᠡ ᠴᠢᠬᠤᠯᠠ ᠵᠦᠢᠯᠡᠰ ᠢ ᠲᠣᠳᠣᠷᠬᠠᠶ ᠪᠢᠴᠢᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠰᠤᠳᠤᠯᠤᠨ ᠶᠠᠷᠢᠯᠴᠠᠬᠤ ᠪᠣᠯ ᠬᠡᠷᠡᠭ ᠮᠡᠳᠡᠭᠴᠢᠳ ᠤᠨ ᠵᠥᠪᠯᠡᠯ᠂ ᠳᠠᠭᠠᠭᠠᠮᠠᠯ ᠤᠨ ᠳᠠᠪᠬᠤᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠴᠢᠬᠤᠯᠠ ᠶᠡᠭᠡ ᠠᠰᠠᠭᠤᠳᠠᠯ ᠤᠨ ᠤᠷᠢᠳᠠᠴᠢ ᠳᠡᠰ ᠳᠠᠷᠠᠭᠠᠯᠠᠯ ᠪᠣᠯᠬᠤ ᠶᠢ ᠲᠣᠳᠣᠷᠬᠠᠶᠢᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠺᠣᠮᠫᠠᠨᠢ ᠶᠢᠨ ᠵᠠᠰᠠᠯᠲᠠ ᠶᠢᠨ ᠪᠦᠲᠦᠴᠡ ᠳᠠᠬᠢ ᠬᠠᠤᠯᠢ ᠪᠠᠷ ᠲᠣᠭᠲᠠᠭᠠᠭᠰᠠᠨ ᠪᠠᠶᠢᠷᠢ ᠰᠠᠭᠤᠷᠢ ᠶᠢ ᠨᠠᠶᠢᠳᠠᠪᠤᠷᠢᠵᠢᠭᠤᠯᠬᠤ ᠬᠡᠷᠡᠭᠲᠡᠶ᠃    ᠬᠤᠷᠢᠨ ᠵᠢᠷᠭᠤᠳᠤᠭᠠᠷ ᠵᠦᠢᠯ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ ᠨᠢ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠦᠨᠳᠦᠰᠦᠨ ᠬᠡᠯᠪᠡᠷᠢ ᠪᠣᠯᠭᠠᠭᠰᠠᠨ ᠠᠷᠠᠳᠴᠢᠯᠠᠭᠰᠠᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠠᠵᠢᠯᠲᠠᠨ ᠠᠵᠢᠯᠴᠢᠨ ᠤ ᠬᠠᠮᠢᠶᠠᠷᠤᠯᠲᠠ ᠳᠤ ᠣᠷᠣᠯᠴᠠᠬᠤ ᠪᠦᠲᠦᠮᠵᠢᠲᠡᠶ ᠠᠷᠭ᠎ᠠ ᠮᠠᠶ᠋ᠢᠭ ᠢ ᠰᠦᠪᠡᠭᠴᠢᠯᠡᠨ᠂ ᠺᠣᠮᠫᠠᠨᠢ ᠂ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠢᠶᠠᠨ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠠᠵᠢᠯᠲᠠᠨ ᠠᠵᠢᠯᠴᠢᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠨ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ᠂ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ ᠠᠵᠢᠯᠲᠠᠨ ᠠᠵᠢᠯᠴᠢᠨ ᠤ ᠰᠠᠨᠠᠯ ᠢ ᠰᠣᠨᠣᠰᠬᠤ ᠬᠡᠷᠡᠭᠲᠡᠶ᠂ ᠠᠵᠢᠯᠲᠠᠨ ᠠᠵᠢᠯᠴᠢᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠡᠷᠬᠡᠪᠰᠢ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠬᠢᠨᠠᠨ ᠵᠥᠪᠯᠡᠭᠦᠯᠦᠨ᠎ᠡ᠃ ᠠᠵᠢᠯᠲᠠᠨ ᠠᠵᠢᠯᠴᠢᠨ ᠤ ᠬᠡᠷᠡᠭ ᠮᠡᠳᠡᠭᠴᠢ ᠶᠢᠨ ᠳᠦᠷᠢᠮ᠂ ᠠᠵᠢᠯᠲᠠᠨ ᠠᠵᠢᠯᠴᠢᠨ ᠤ ᠬᠡᠷᠡᠭ ᠬᠢᠨᠠᠭᠴᠢ ᠶᠢᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠠᠵᠢᠯᠲᠠᠨ ᠠᠵᠢᠯᠴᠢᠨ ᠤ ᠲᠥᠯᠥᠭᠡᠯᠡᠭᠴᠢ ᠶᠢᠨ ᠡᠮᠬᠢ ᠵᠢᠷᠤᠮ ᠲᠠᠢ ᠪᠠᠷ ᠺᠣᠮᠫᠠᠨᠢ ᠶᠢᠨ ᠵᠠᠰᠠᠯᠲᠠ ᠳᠤ ᠣᠷᠣᠯᠴᠠᠬᠤ ᠶᠢ ᠪᠠᠲᠤᠯᠠᠬᠤ ᠬᠡᠷᠡᠭᠲᠡᠶ᠃    ᠵᠢᠷᠭᠤᠳᠤᠭᠠᠷ ᠪᠦᠯᠦᠭ ᠠᠵᠤ ᠠᠬᠤᠶᠢᠯᠠᠯ ᠤᠨ ᠴᠢᠬᠤᠯᠠ ᠶᠡᠭᠡ ᠵᠦᠢᠯᠡᠰ ᠤᠨ ᠬᠠᠮᠢᠶᠠᠷᠤᠯᠲᠠ    ᠬᠤᠷᠢᠨ ᠳᠣᠯᠣᠳᠤᠭᠠᠷ ᠵᠦᠢᠯ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠬᠡᠷᠡᠭ ᠬᠠᠮᠢᠶᠠᠷᠤᠭᠴᠢᠳ ᠤᠨ ᠡᠪᠯᠡᠯ᠂ ᠬᠡᠷᠡᠭ ᠬᠠᠮᠢᠶᠠᠷᠤᠭᠴᠢᠳ ᠤᠨ ᠡᠪᠯᠡᠯ ᠪᠠᠶᠢᠭᠤᠯᠤᠭᠰᠠᠨ ᠦᠭᠡᠶ ᠳᠠᠭᠠᠭᠠᠮᠠᠯ ᠤᠨ ᠤᠳᠤᠷᠢᠳᠬᠤ ᠪᠠᠭ ᠵᠡᠷᠭᠡ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠤᠮᠵᠢ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ᠂ ᠡᠷᠬᠡ ᠮᠡᠳᠡᠯ ᠪᠠ ᠬᠡᠷᠡᠭ ᠵᠥᠪᠯᠡᠬᠦ ᠳᠦᠷᠢᠮ ᠢᠶᠠᠨ ᠦᠨᠳᠦᠰᠦᠯᠡᠨ᠂ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠲᠣᠭᠲᠠᠭᠠᠬᠤ᠂ ᠴᠢᠬᠤᠯᠠ ᠠᠵᠢᠯᠲᠠᠨ ᠤ ᠶᠠᠪᠤᠳᠠᠯ ᠤᠨ ᠲᠣᠮᠢᠯᠠᠬᠤ ᠪᠠ ᠪᠠᠭᠤᠯᠭᠠᠬᠤ᠂ ᠴᠢᠬᠤᠯᠠ ᠶᠡᠭᠡ ᠲᠥᠷᠥᠯ ᠵᠦᠢᠯ ᠤᠨ ᠲᠣᠬᠢᠷᠠᠭᠤᠯᠤᠯᠲᠠ᠂ ᠶᠡᠭᠡ ᠲᠤᠭ᠎ᠠ ᠬᠡᠮᠵᠢᠶᠡᠨ ᠤ ᠪᠡᠯᠡ ᠮᠥᠩᠭᠦ ᠶᠢᠨ ᠠᠵᠢᠯᠯᠠᠭᠠᠨ ︵ᠭᠤᠷᠪᠠᠨ ᠴᠢᠬᠤᠯᠠ ᠨᠢᠭᠡ ᠶᠡᠭᠡ ᠵᠦᠢᠯᠡᠰ︶ ᠢ ᠬᠠᠮᠲᠤᠪᠠᠷ ᠶᠠᠷᠢᠯᠴᠠᠨ ᠲᠣᠭᠲᠠᠭᠠᠵᠤ᠂ ᠬᠤᠪᠢ ᠬᠥᠮᠦᠨ ᠪᠠ ᠴᠥᠭᠡᠨ ᠲᠣᠭᠠᠨ ᠤ ᠬᠥᠮᠦᠨ ᠤ ᠭᠠᠭᠴᠠᠭᠠᠷ ᠡᠵᠡᠨ ᠮᠡᠳᠡᠬᠦ ᠠᠴᠠ ᠰᠡᠷᠭᠡᠶᠢᠯᠡᠬᠦ ᠬᠡᠷᠡᠭᠲᠡᠶ᠃    ᠬᠤᠷᠢᠨ ᠨᠠᠢᠮᠠᠳᠤᠭᠠᠷ ᠵᠦᠶᠢᠯ ᠠᠵᠤ ᠠᠬᠤᠢᠯᠠᠯ ᠤᠨ ᠳᠣᠣᠷ᠎ᠠ ᠵᠢᠭᠰᠠᠭᠠᠭᠰᠠᠨ ᠴᠢᠬᠤᠯᠠ ᠶᠡᠭᠡ ᠤᠴᠢᠷ ᠶᠠᠪᠤᠳᠠᠯ ᠢ ᠰᠢᠶᠠᠨ ᠤ ᠤᠯᠤᠰ ᠤᠨ ᠡᠳ᠋ ᠬᠥᠷᠥᠩᠭᠡ ᠶᠢᠨ ᠵᠥᠪᠯᠡᠯ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠰᠢᠶᠠᠨ ᠤ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ :    ︵ᠨᠢᠭᠡ︶ ᠤᠯᠤᠰ ᠤᠨ ᠥᠮᠴᠢᠯᠡᠯ ᠤᠨ ᠲᠤᠰᠠᠭᠠᠷ ᠪᠡᠯᠡ ᠶᠢᠨ ᠺᠤᠮᠫᠠᠨᠢ ᠶᠢ ᠨᠡᠶᠢᠯᠡᠭᠦᠯᠬᠦ᠂ ᠰᠠᠯᠭᠠᠬᠤ᠂ ᠲᠠᠷᠬᠠᠭᠠᠬᠤ᠂ ᠢᠯᠭᠠᠷᠠᠭᠤᠯᠤᠨ ᠪᠣᠳᠤᠬᠤ ᠪᠠᠷ ᠭᠤᠶᠤᠴᠢᠯᠠᠬᠤ︔    ︵ᠬᠤᠶᠠᠷ︶ ᠤᠯᠤᠰ ᠤᠨ ᠥᠮᠴᠢᠯᠡᠯᠲᠦ ᠲᠤᠰᠠᠭᠠᠷ ᠪᠡᠯᠡ ᠣᠷᠣᠭᠤᠯᠤᠯᠲᠠ ᠶᠢᠨ ᠺᠣᠮᠫᠠᠨᠢ ᠤᠯᠤᠰ ᠤᠨ ᠥᠮᠴᠢᠯᠡᠯᠲᠦ ᠰᠲ᠋ᠣᠺ ᠤᠨ ᠡᠷᠬᠡ ᠪᠠᠨ ᠰᠢᠯᠵᠢᠭᠦᠯᠦᠨ ᠥᠭᠭᠦᠭᠰᠡᠨ ᠪᠤᠶᠤ ᠪᠡᠯᠡ ᠨᠡᠮᠡᠭᠳᠡᠭᠦᠯᠦᠨ ᠰᠲ᠋ᠣᠺ ᠢᠶᠠᠨ ᠥᠷᠭᠡᠳᠬᠡᠭᠰᠡᠨ ᠠᠴᠠ ᠪᠣᠯᠵᠤ ᠤᠯᠤᠰ ᠤᠨ ᠥᠮᠴᠢᠯᠡᠯᠲᠦ ᠬᠤᠪᠢ ᠣᠷᠣᠭᠤᠯᠤᠭᠴᠢ ᠶᠢ ᠬᠤᠪᠢ ᠡᠵᠡᠮᠳᠡᠬᠦ ᠪᠠᠶᠢᠷᠢ ᠰᠠᠭᠤᠷᠢ ᠲᠠᠢ ᠪᠣᠯᠭᠠᠬᠤ ᠦᠭᠡᠶ ᠪᠣᠯᠭᠠᠬᠤ ᠬᠡᠷᠡᠭᠲᠡᠶ︔    ︵ᠭᠤᠷᠪᠠ︶ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠶᠢᠨ ᠳᠠᠩᠰᠠᠯᠠᠭᠤᠯᠬᠤ ᠬᠥᠷᠥᠩᠭᠡ ᠶᠢ ᠨᠡᠮᠡᠵᠦ ᠬᠠᠰᠤᠨ᠎ᠠ᠃    ︵ᠲᠦᠷᠪᠡ︶ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠶᠢᠨ ᠣᠨ ᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠥᠯᠥᠪᠯᠡᠭᠡ ᠵᠢᠴᠢ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ︔    ︵ᠲᠠᠪᠤ︶ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ    ︵ᠵᠢᠷᠭᠤᠭ᠎ᠠ︶ ᠤᠯᠤᠰ ᠤᠨ ᠥᠮᠴᠢᠯᠡᠯ ᠤᠨ ᠲᠤᠰᠠᠭᠠᠷ ᠪᠡᠯᠡ ᠣᠷᠣᠭᠤᠯᠤᠯᠲᠠ ᠶᠢᠨ ᠺᠣᠮᠫᠠᠨᠢ ᠶᠢᠨ ᠥᠮᠴᠢᠯᠡᠯ ᠤᠨ ᠡᠷᠬᠡ ᠶᠢ ᠰᠢᠶᠠᠨ ᠤ ᠲᠤᠰ ᠱᠠᠲᠤᠨ ᠳᠤ ᠦᠨ᠎ᠡ ᠲᠥᠯᠥᠪᠦᠷᠢ ᠦᠭᠡᠢ ᠪᠠᠷ ᠬᠤᠪᠢᠶᠠᠷᠢᠯᠠᠨ ᠰᠢᠯᠵᠢᠭᠦᠯᠬᠦ    ︵ᠳᠤᠯᠤᠭ᠎ᠠ︶ ᠲᠣᠭᠲᠠᠭᠠᠯ ᠶᠣᠰᠣᠭᠠᠷ ᠰᠢᠶᠠᠨ ᠤ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠪᠤᠰᠤᠳ ᠶᠠᠪᠤᠳᠠᠯ ᠤᠳ᠃    ᠬᠤᠷᠢ ᠶᠢᠰᠦᠳᠦᠭᠡᠷ ᠵᠦᠢᠯ ᠳᠣᠣᠷ᠎ᠠ ᠵᠢᠭᠰᠠᠭᠠᠭᠰᠠᠨ ᠴᠢᠬᠤᠯᠠ ᠶᠡᠭᠡ ᠵᠦᠢᠯᠡᠰ ᠢ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠄    ︵ᠨᠢᠭᠡ︶ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ ᠤᠨ ᠳᠦᠷᠢᠮ ᠳᠤ ᠵᠠᠰᠠᠪᠤᠷᠢ ᠣᠷᠣᠭᠤᠯᠬᠤ    ︵ᠬᠤᠶᠠᠷ︶ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ ᠤᠨ ᠳᠡᠭᠡᠳᠦ ᠬᠠᠮᠢᠶᠠᠷᠤᠭᠴᠢᠳ ᠤᠨ ᠴᠠᠯᠢᠩ ᠬᠥᠯᠥᠰᠥ ᠶᠢᠨ ᠲᠦᠷᠢᠮ︔    ︵ᠭᠤᠷᠪᠠ︶ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ ᠤᠨ ᠪᠦᠬᠦ ᠪᠡᠯᠡ ᠶᠢᠨ ᠬᠤᠪᠢᠶᠠᠷᠢ ᠺᠣᠮᠫᠠᠨᠢ ᠪᠠᠶᠢᠭᠤᠯᠤᠨ᠎ᠠ︔    ︵ᠳᠥᠷᠪᠡ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ ᠤᠨ ᠶᠡᠭᠡ ᠬᠡᠮᠵᠢᠶᠡᠨ ᠤ ᠠᠯᠪᠠᠨ ᠠᠵᠢᠯ ᠤᠨ ᠲᠥᠬᠦᠭᠡᠷᠦᠮᠵᠢ ᠬᠤᠳᠠᠯᠳᠤᠨ ᠠᠪᠬᠤ ᠵᠢᠴᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ︵ᠠᠯᠪᠠᠨ ᠠᠵᠢᠯ ᠤᠨ ᠲᠥᠬᠦᠭᠡᠷᠦᠮᠵᠢ ᠬᠤᠳᠠᠯᠳᠤᠨ ᠠᠪᠬᠤ ᠳᠤ ᠭᠠᠭᠴᠠ ᠪᠢᠷ 10 ᠲᠦᠮᠡᠨ ᠲᠥᠭᠦᠷᠢᠭ ᠠᠴᠠ ᠳᠡᠭᠡᠭᠰᠢ ᠪᠠᠶᠢᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠳᠠᠩ ᠵᠦᠢᠯ ᠤᠨ ᠵᠦᠢᠯᠡᠰ ᠢ 500 ᠲᠦᠮᠡᠨ ᠲᠥᠭᠦᠷᠢᠭ ᠠᠴᠠ ᠳᠡᠭᠡᠭᠰᠢ ᠪᠠᠶᠢᠯᠭᠠᠨ᠎ᠠ᠃︶    ︵ᠲᠠᠪᠤ︶ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠣᠨ ᠤ ᠡᠵᠡᠩᠨᠡᠯᠲᠡ ᠶᠢᠨ ᠬᠠᠷᠠᠯᠲᠠ    ︵ᠵᠢᠷᠭᠤᠭ᠎ᠠ︶ ᠰᠢᠶᠠᠨ ᠤ ᠵᠠᠰᠠᠭ ᠤᠨ ᠣᠷᠳᠣᠨ ᠤ ᠲᠤᠭᠲᠠᠬᠠᠭᠰᠠᠨ ᠪᠤᠰᠤᠳ ᠴᠢᠬᠤᠯᠠ ᠶᠡᠭᠡ ᠶᠠᠪᠤᠳᠠᠯ᠃    ᠭᠤᠴᠢᠳᠤᠭᠠᠷ ᠵᠦᠢᠯ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ ᠤᠨ ᠳᠣᠤᠷᠠᠬᠢ ᠴᠢᠬᠤᠯᠠ ᠶᠡᠭᠡ ᠵᠦᠢᠯᠡᠰ ᠢ ᠰᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠬᠦ ᠬᠡᠷᠡᠭᠲᠡᠶ᠄    ︵ᠬᠤᠶᠠᠷ︶ ᠲᠤᠰ ᠺᠣᠮᠫᠠᠨᠢ᠂ ᠠᠵᠤ ᠠᠬᠤᠶᠢᠯᠠᠯ ᠠᠴᠠ ᠭᠠᠳᠠᠨᠠᠬᠢ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠳᠤ ᠳᠠᠭᠠᠭᠠᠯᠲᠠ ᠬᠠᠩᠭᠠᠨ᠎ᠠ︔    ︵ᠭᠤᠷᠪᠠ︶ ᠠᠶᠤᠯᠭᠦᠢ ᠦᠢᠯᠡᠳ᠋ᠪᠦᠷᠢᠯᠡᠯ ᠤᠨ ᠬᠦᠨᠳᠦ ᠶᠡᠭᠡ ᠠᠳᠡᠯ ᠭᠠᠷᠴᠠᠢ︔    ︵ᠲᠦᠷᠪᠡ︶ ᠬᠦᠨᠳᠦ ᠶᠡᠭᠡ ᠬᠠᠤᠯᠢ ᠴᠠᠭᠠᠵᠠ ᠶᠢᠨ ᠵᠢᠭᠤᠷᠠᠯᠳᠤᠭᠠᠨ ᠤ ᠬᠡᠷᠡᠭ ᠭᠠᠷᠴᠠᠢ︔    ︵ᠲᠠᠪᠤ︶ ᠺᠣᠮᠫᠠᠨᠢ ᠶᠢᠨ ᠠᠵᠢᠯᠴᠢᠨ ᠬᠡᠷᠡᠭᠯᠡᠬᠦ ᠮᠡᠳᠡᠭᠡ ᠵᠠᠩᠭᠢ︔    ︵ᠵᠢᠷᠭᠤᠭ᠎ᠠ︶ ᠰᠢᠶᠠᠨ ᠤ ᠵᠠᠰᠠᠭ ᠤᠨ ᠣᠷᠳᠣᠨ ᠤ ᠲᠤᠭᠲᠠᠬᠠᠭᠰᠠᠨ ᠪᠤᠰᠤᠳ ᠶᠠᠪᠤᠳᠠᠯ᠃    ᠭᠤᠴᠢᠨ ᠨᠢᠭᠡᠳᠦᠭᠡᠷ ᠵᠦᠢᠯ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ᠂ ᠤᠯᠤᠰ ᠤᠨ ᠥᠮᠴᠢᠯᠡᠯ ᠤᠨ ᠲᠤᠰᠠᠭᠠᠷ ᠪᠡᠯᠡ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠵᠥᠪᠯᠡᠯ ᠠᠴᠠ ᠺᠣᠮᠫᠠᠨᠢ ᠶᠢ ᠰᠠᠯᠭᠠᠬᠤ᠂ ᠨᠡᠶᠢᠯᠡᠭᠦᠯᠬᠦ᠂ ᠳᠠᠮᠫᠤᠷᠠᠭᠤᠯᠬᠤ᠂ ᠲᠠᠷᠬᠠᠭᠠᠬᠤ᠂ ᠡᠳ᠋ ᠬᠥᠷᠥᠩᠭᠡ ᠶᠢ ᠨᠡᠮᠡᠨ ᠬᠠᠰᠤᠬᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠲᠥᠰᠦᠯ ᠵᠡᠷᠭᠡ ᠴᠢᠬᠤᠯᠠ ᠶᠡᠭᠡ ᠵᠦᠢᠯᠡᠰ ᠢ ᠲᠣᠭᠲᠠᠭᠠᠬᠤ ᠳᠠᠭᠠᠨ᠂ ᠤᠴᠢᠷ ᠶᠠᠪᠤᠳᠠᠯ ᠠᠴᠠ ᠡᠮᠦᠨ᠎ᠡ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠬᠦ ᠬᠡᠷᠡᠭᠲᠡᠶ᠃    ᠭᠤᠴᠢᠨ ᠬᠤᠶᠠᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠡᠯᠡ ᠭᠠᠷᠭᠠᠭᠰᠠᠨ ᠠᠵᠤ ᠠᠬᠤᠶᠢᠯᠠᠯ ᠤᠨ ᠨᠡᠶᠢᠯᠡᠵᠦ ᠳᠠᠮᠫᠤᠷᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠢ ᠲᠥᠪᠬᠢᠨᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃    ᠳᠣᠯᠣᠳᠤᠭᠠᠷ ᠪᠦᠯᠦᠭ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ    ᠭᠤᠴᠢᠨ ᠭᠤᠷᠪᠠᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠥᠮᠴᠢᠯᠡᠯ ᠤᠨ ᠡᠷᠬᠡ ᠶᠢ ᠵᠠᠭᠠᠭᠯᠠᠨ ᠲᠣᠭᠲᠠᠭᠠᠬᠤ᠂ ᠥᠮᠴᠢᠯᠡᠯ ᠤᠨ ᠡᠷᠬᠡ ᠶᠢ ᠳᠠᠩᠰᠠᠯᠠᠬᠤ᠂ ᠡᠳ᠋ ᠬᠦᠷᠦᠩᠭᠡ ᠶᠢ ᠪᠦᠷᠢᠳᠬᠡᠨ ᠬᠠᠷᠭᠤᠭᠤᠯᠬᠤ᠂ ᠡᠳ᠋ ᠬᠦᠷᠦᠩᠭᠡ ᠶᠢ ᠦᠨᠡᠯᠡᠨ ᠵᠢᠱᠢᠵᠦ ᠬᠢᠨᠠᠨ ᠬᠠᠮᠢᠶᠠᠷᠬᠤ᠂ ᠡᠳ᠋ ᠬᠦᠷᠦᠩᠭᠡ ᠶᠢ ᠪᠦᠷᠢᠳᠬᠡᠬᠦ ᠵᠢᠴᠢ ᠶᠡᠷᠦᠩᠬᠡᠶᠢᠯᠡᠨ ᠦᠨᠡᠯᠡᠬᠦ ᠵᠡᠷᠭᠡ ᠰᠠᠭᠤᠷᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ᠭᠤᠴᠢᠨ ᠳᠥᠷᠪᠡᠳᠦᠭᠡᠷ ᠵᠦᠢᠯ ᠠᠵᠤ ᠠᠬᠤᠶᠢᠯᠠᠯ ᠤᠨ ᠡᠳ᠋ ᠬᠥᠷᠥᠩᠭᠡ ᠶᠢᠨ ᠠᠷᠠᠯᠵᠢᠶ᠎ᠠ᠂ ᠡᠷᠬᠡ ᠶᠢᠨ ᠬᠠᠷᠢᠶ᠎ᠠ ᠶᠢᠨ ᠬᠤᠪᠢᠷᠠᠯᠲᠠ ᠵᠡᠷᠭᠡ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠡᠯᠡ ᠭᠠᠷᠭᠠᠭᠴᠢ ᠶᠢᠨ ᠡᠷᠬᠡ ᠠᠰᠢᠭ ᠲᠤ ᠬᠤᠯᠪᠣᠭᠳᠠᠬᠤ ᠦᠢᠯᠡ ᠠᠵᠢᠯᠯᠠᠭ᠎ᠠ ᠬᠢᠬᠦ ᠳᠤ᠂ ᠵᠣᠬᠢᠴᠠᠩᠭᠤᠶ ᠬᠢᠷᠢ ᠴᠢᠳᠠᠮᠵᠢ ᠲᠠᠢ ᠡᠳ᠋ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠳᠤ ᠨᠠᠶᠢᠳᠠᠵᠤ ᠡᠳ᠋ ᠬᠥᠷᠥᠩᠭᠡ ᠶᠢᠨ ᠦᠨᠡᠯᠡᠨ ᠵᠢᠱᠢᠯᠲᠡ ᠬᠢᠯᠭᠡᠬᠦ ᠬᠡᠷᠡᠭᠲᠡᠶ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠦᠨᠡᠯᠡᠨ ᠵᠢᠱᠢᠬᠦ ᠲᠥᠷᠥᠯ ᠵᠦᠢᠯ ᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ ᠳᠦᠷᠢᠮ ᠪᠣᠯᠤᠨ ᠳᠠᠩᠰᠠᠯᠠᠭᠤᠯᠬᠤ ᠳᠦᠷᠢᠮ ᠢ ᠬᠡᠷᠡᠭᠵᠢᠭᠦᠯᠬᠦ ᠬᠡᠷᠡᠭᠲᠡᠶ᠃    ᠭᠤᠴᠢᠨ ᠲᠠᠪᠤᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠳ᠋ ᠬᠥᠷᠥᠩᠭᠡ ᠶᠢ ᠪᠦᠷᠢᠳᠬᠡᠨ ᠪᠡᠯᠡ ᠮᠥᠩᠭᠦ ᠶᠢ ᠬᠠᠷᠭᠤᠭᠤᠯᠬᠤ ᠶᠢ ᠵᠣᠬᠢᠶᠠᠨ ᠪᠠᠶᠢᠭᠤᠯᠬᠤ᠂ ᠵᠢᠯᠣᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠬᠤ ᠶᠢᠨ ᠬᠠᠮᠲᠤ ᠡᠯ᠎ᠡ ᠵᠦᠢᠯ ᠤᠨ ᠡᠳ᠋ ᠬᠥᠷᠥᠩᠭᠡ ᠶᠢᠨ ᠬᠤᠬᠢᠷᠠᠯ ᠳᠤ ᠮᠠᠭᠠᠳᠯᠠᠯᠲᠠ ᠬᠢᠬᠦ ᠬᠡᠷᠡᠭᠲᠡᠶ᠃    ᠭᠤᠴᠢᠨ ᠵᠢᠷᠭᠤᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠰᠢᠭ ᠣᠷᠣᠯᠭ᠎ᠠ ᠳᠤ ᠬᠠᠤᠯᠢ ᠶᠣᠰᠣᠭᠠᠷ ᠪᠡᠯᠡ ᠭᠠᠷᠭᠠᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠪᠡ︔ ᠠᠵᠤ ᠠᠬᠤᠶᠢᠯᠠᠯ ᠤᠨ ᠴᠢᠬᠤᠯᠠ ᠶᠡᠭᠡ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠥᠯᠥᠪᠵᠢᠭᠦᠯᠭᠡ᠂ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠲᠥᠯᠥᠪᠵᠢᠭᠦᠯᠭᠡ ᠳᠤ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠶᠣᠰᠣᠭᠠᠷ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃    ᠭᠤᠴᠢᠨ ᠳᠣᠯᠣᠳᠤᠭᠠᠷ ᠵᠤᠷᠪᠤᠰ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠠᠴᠠ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠪᠦᠷᠢᠳᠬᠡᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠬᠢᠨᠠᠨ ᠪᠠᠶᠢᠴᠠᠭᠠᠬᠤ ᠶᠢ ᠬᠠᠷᠢᠭᠤᠴᠠᠵᠤ᠂ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠪᠦᠷᠢᠳᠬᠡᠯ ᠤᠨ ᠮᠡᠳᠡᠭᠦᠯᠦᠯᠲᠡ ᠶᠢ ᠴᠤᠭᠯᠠᠭᠤᠯᠵᠤ᠂ ᠬᠢᠨᠠᠨ ᠬᠠᠷᠭᠤᠭᠤᠯᠵᠤ᠂ ᠬᠤᠷᠢᠶᠠᠩᠭᠤᠶᠢᠯᠠᠵᠤ᠂ ᠰᠢᠶᠠᠨ ᠤ ᠵᠠᠰᠠᠭ ᠤᠨ ᠣᠷᠳᠣᠨ ᠳᠤ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠡᠵᠡᠩᠨᠡᠯᠲᠡ ᠶᠢᠨ ᠪᠠᠶᠢᠳᠠᠯ ᠢ ᠮᠡᠳᠡᠭᠦᠯᠦᠨ᠎ᠡ᠃    ᠭᠤᠴᠢᠨ ᠨᠠᠢᠮᠠᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠥᠮᠴᠢᠯᠡᠯ ᠤᠨ ᠡᠷᠬᠡ ᠶᠢᠨ ᠠᠷᠠᠯᠵᠢᠶᠠᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠥᠮᠴᠢᠯᠡᠯ ᠤᠨ ᠡᠷᠬᠡ ᠶᠢᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠵᠦᠢ ᠵᠣᠬᠢᠰᠲᠠᠢ ᠰᠢᠯᠵᠢᠯᠲᠡ ᠶᠢ ᠠᠬᠢᠭᠤᠯᠵᠤ᠂ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠯᠳᠠᠭᠳᠠᠬᠤ ᠶᠢ ᠰᠡᠷᠭᠡᠶᠢᠯᠡᠬᠦ ᠬᠡᠷᠡᠭᠲᠡᠢ᠃ ᠨᠠᠶ᠋ᠮᠠᠳᠤᠭᠠᠷ ᠪᠦᠯᠦᠭ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠢᠨᠠᠯᠲᠠ ᠲᠠᠯᠪᠢᠬᠤ    ᠭᠤᠴᠢ ᠶᠢᠰᠦᠳᠦᠭᠡᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠤᠯᠤᠰ ᠤᠨ ᠥᠮᠴᠢᠯᠡᠯ ᠤᠨ ᠲᠤᠰᠠᠭᠠᠷ ᠪᠡᠯᠡ ᠶᠢᠨ ᠺᠣᠮᠫᠠᠨᠢ ᠶᠢᠨ ᠬᠢᠨᠠᠯᠲᠠ ᠲᠠᠯᠪᠢᠬᠤ ᠵᠥᠪᠯᠡᠯ︔ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠥᠮᠴᠢᠯᠡᠬᠦ ᠡᠷᠬᠡ ᠶᠢ ᠵᠠᠭᠠᠭᠯᠠᠨ ᠲᠣᠭᠲᠠᠭᠠᠬᠤ᠂ ᠥᠮᠴᠢᠯᠡᠬᠦ ᠡᠷᠬᠡ ᠶᠢ ᠳᠠᠩᠰᠠᠯᠠᠬᠤ᠂ ᠡᠳ᠋ ᠬᠥᠷᠥᠩᠭᠡ ᠶᠢ ᠦᠨᠡᠯᠡᠨ ᠵᠢᠱᠢᠵᠦ ᠬᠢᠨᠠᠨ ᠬᠠᠮᠢᠶᠠᠷᠬᠤ᠂ ᠡᠳ᠋ ᠬᠥᠷᠥᠩᠭᠡ ᠶᠢ ᠪᠦᠷᠢᠳᠬᠡᠨ ᠪᠡᠯᠡ ᠮᠥᠩᠭᠦ ᠶᠢ ᠬᠠᠷᠭᠤᠭᠤᠯᠬᠤ᠂ ᠡᠳ᠋ ᠬᠥᠷᠥᠩᠭᠡ ᠶᠢ ᠪᠦᠷᠢᠳᠬᠡᠬᠦ᠂ ᠶᠡᠷᠦᠩᠬᠡᠶᠢᠯᠡᠨ ᠦᠨᠡᠯᠡᠬᠦ ᠵᠡᠷᠭᠡ ᠰᠠᠭᠤᠷᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠪᠡᠯᠡ ᠭᠠᠷᠭᠠᠭᠰᠠᠨ ᠠᠵᠤ ᠠᠬᠤᠶᠢᠯᠠᠯ ᠤᠨ ᠬᠤᠭᠤᠷᠣᠨᠳᠣᠬᠢ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠮᠴᠢᠯᠡᠬᠦ ᠡᠷᠬᠡ᠂ ᠭᠡᠷ᠎ᠡ ᠵᠡᠷᠭᠡ ᠵᠢᠭᠤᠷᠠᠯᠳᠤᠭᠠᠨ ᠢ ᠵᠣᠬᠢᠴᠠᠭᠤᠯᠬᠤ ᠬᠡᠷᠡᠭᠲᠡᠶ᠃    ᠳᠥᠴᠢᠳᠦᠭᠡᠷ ᠵᠦᠢᠯ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠠᠷᠠᠯᠵᠢᠶᠠᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠲᠣᠭᠲᠠᠭᠠᠯ ᠢ ᠦᠨᠳᠦᠰᠦᠯᠡᠨ᠂ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠠᠷᠠᠯᠵᠢᠶᠠᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠦᠢ ᠵᠣᠬᠢᠰᠲᠠᠶ ᠰᠢᠯᠵᠢᠯᠲᠡ ᠬᠢᠬᠦ ᠶᠢ ᠠᠬᠢᠭᠤᠯᠵᠤ᠂ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠯᠳᠠᠭᠳᠠᠬᠤ ᠶᠢ ᠰᠡᠷᠭᠡᠶᠢᠯᠡᠨ ᠵᠣᠭᠰᠣᠭᠠᠬᠤ ᠬᠡᠷᠡᠭᠲᠡᠶ᠃    ᠳᠥᠴᠢᠨ ᠨᠢᠭᠡᠳᠦᠭᠡᠷ ᠵᠦᠢᠯ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠡᠭᠦᠨ ᠤ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠰᠢᠭ ᠣᠯᠵᠠᠪᠤᠷᠢ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠴᠢᠬᠤᠯᠠ ᠶᠡᠭᠡ ᠲᠥᠯᠥᠪᠵᠢᠭᠦᠯᠭᠡ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ ᠵᠡᠷᠭᠡ ᠴᠢᠬᠤᠯᠠ ᠶᠡᠭᠡ ᠵᠦᠢᠯᠡᠰ ᠤᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠃    ᠳᠥᠴᠢᠨ ᠬᠤᠶᠠᠳᠤᠭᠠᠷ ᠵᠦᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠳᠠᠬᠢ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠶᠢᠨ ᠴᠢᠬᠤᠯᠠ ᠶᠡᠭᠡ ᠡᠳ᠋ ᠬᠥᠷᠥᠩᠭᠡ ᠶᠢ ᠰᠢᠶ᠋ᠳᠪᠦᠷᠢᠯᠡᠬᠦ ᠵᠡᠷᠭᠡ ᠵᠦᠢᠯᠡᠰ ᠢ ᠲᠣᠭᠲᠠᠭᠠᠯ ᠶᠣᠰᠣᠭᠠᠷ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠦᠨ ᠵᠥᠪᠰᠢᠶᠡᠷᠡᠭᠦᠯᠬᠦ ᠪᠤᠶᠤ ᠳᠠᠩᠰᠠᠯᠠᠭᠤᠯᠬᠤ ᠬᠡᠷᠡᠭᠲᠡᠶ᠂ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠴᠢᠬᠤᠯᠠ ᠲᠠᠢ ᠪᠣᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃    ᠳᠥᠴᠢᠨ ᠭᠤᠷᠪᠠᠳᠤᠭᠠᠷ ᠵᠦᠢᠯ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠪᠡᠯᠡ ᠭᠠᠷᠭᠠᠭᠰᠠᠨ ᠠᠵᠤ ᠠᠬᠤᠶᠢᠯᠠᠯ ᠤᠨ ᠡᠳ᠋ ᠤᠨ ᠶᠠᠪᠤᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠨᠡᠮᠡᠭᠳᠡᠯ ᠤᠨ ᠭᠦᠢᠴᠡᠳᠬᠡᠬᠦ ᠲᠤᠭ᠎ᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠡᠯᠡ ᠭᠠᠷᠭᠠᠭᠴᠢ ᠶᠢᠨ ᠡᠷᠬᠡ ᠠᠰᠢᠭ ᠢ ᠬᠠᠮᠠᠭᠠᠯᠠᠬᠤ ᠬᠡᠷᠡᠭᠲᠡᠶ᠃    ᠳᠥᠴᠢᠨ ᠳᠥᠷᠪᠡᠳᠦᠭᠡᠷ ᠵᠦᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠨᠢ ᠴᠢᠬᠤᠯᠠ ᠶᠡᠭᠡ ᠵᠦᠢᠯᠡᠰ ᠤᠨ ᠮᠡᠳᠡᠭᠦᠯᠦᠯᠲᠡ ᠶᠢᠨ ᠳᠦᠷᠢᠮ ᠢ ᠪᠠᠶᠢᠭᠤᠯᠵᠤ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠨᠢ ᠲᠣᠭᠲᠠᠭᠠᠯ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠡᠳ᠋ ᠤᠨ ᠶᠠᠪᠤᠳᠠᠯ ᠤᠨ ᠪᠠᠶᠢᠳᠠᠯ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠨᠡᠮᠡᠭᠳᠡᠯ ᠤᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃    ᠳᠥᠴᠢᠨ ᠲᠠᠪᠤᠳᠤᠭᠠᠷ ᠵᠦᠢᠯ ᠤᠯᠤᠰ ᠤᠨ ᠥᠮᠴᠢᠯᠡᠯᠲᠦ ᠵᠢᠴᠢ ᠤᠯᠤᠰ ᠤᠨ ᠥᠮᠴᠢᠯᠡᠯᠲᠦ ᠬᠤᠪᠢ ᠣᠷᠣᠭᠤᠯᠤᠯᠲᠠ ᠶᠢ ᠡᠷᠬᠡᠰᠢᠶᠡᠭᠰᠡᠨ ᠠᠵᠤ ᠠᠬᠤᠶᠢᠯᠠᠯ ᠤᠳ ᠳᠣᠲᠣᠭᠠᠳᠤ ᠳᠠᠭᠠᠨ ᠬᠢᠨᠠᠯᠲᠠ ᠲᠠᠯᠪᠢᠬᠤ ᠪᠠ ᠲᠦᠭᠰᠢᠭᠦᠷᠢ ᠶᠢ ᠡᠵᠡᠮᠳᠡᠬᠦ ᠪᠠᠨ ᠴᠢᠩᠭᠠᠳᠬᠠᠵᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠳ᠋ ᠤᠨ ᠶᠠᠪᠤᠳᠠᠯ᠂ ᠬᠢᠨᠠᠨ ᠪᠣᠳᠣᠬᠤ᠂ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠵᠥᠪᠯᠡᠭᠴᠢ ᠪᠠ ᠠᠵᠢᠯᠲᠠᠨ ᠠᠵᠢᠯᠴᠢᠳ ᠤᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠵᠡᠷᠭᠡ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃    ᠳᠥᠴᠢᠨ ᠵᠢᠷᠭᠤᠳᠤᠭᠠᠷ ᠵᠦᠶᠢᠯ ᠤᠯᠤᠰ ᠠᠴᠠ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠳᠦᠷᠢᠮ ᠢ ᠪᠠᠢᠭᠤᠯᠤᠨ ᠪᠦᠷᠢᠨᠰᠢᠭᠦᠯᠵᠦ᠂ ᠤᠯᠤᠰ ᠤᠨ ᠥᠮᠴᠢᠯᠡᠯ ᠤᠨ ᠬᠥᠷᠥᠩᠭᠡ ᠶᠢᠨ ᠣᠷᠣᠯᠭ᠎ᠠ ᠵᠢᠴᠢ ᠲᠡᠭᠦᠨ ᠤ ᠵᠠᠷᠤᠯᠭ᠎ᠠ ᠳᠤ ᠲᠥᠰᠥᠪ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ    ᠳᠥᠴᠢᠨ ᠳᠣᠯᠣᠳᠤᠭᠠᠷ ᠵᠦᠢᠯ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠳᠤ ᠳᠣᠤᠷᠠᠬᠢ ᠮᠡᠲᠦ ᠪᠠᠶᠢᠳᠠᠯ ᠤᠨ ᠨᠢᠭᠡ ᠨᠢ ᠪᠠᠶᠢᠪᠠᠯ᠂ ᠡᠳ᠋ ᠬᠥᠷᠥᠩᠭᠡ ᠶᠢᠨ ᠦᠨᠡᠯᠡᠨ ᠵᠢᠱᠢᠯᠲᠡ ᠬᠢᠬᠦ ᠬᠡᠷᠡᠭᠲᠡᠶ᠄    ︵ᠨᠢᠭᠡ︶ ᠠᠵᠤ ᠠᠬᠤᠶᠢᠯᠠᠯ ᠢ ᠨᠡᠶᠢᠯᠡᠭᠦᠯᠬᠦ᠂ ᠰᠠᠯᠭᠠᠬᠤ᠂ ᠢᠯᠭᠠᠷᠠᠭᠤᠯᠤᠨ ᠪᠤᠳᠤᠬᠤ︔    ︵ᠬᠤᠶᠠᠷ︶ ᠠᠵᠤ ᠠᠬᠤᠶᠢᠯᠠᠯ ᠤᠨ ᠳᠦᠷᠢᠮ ᠢ ᠥᠭᠡᠷᠡᠴᠢᠯᠡᠬᠦ︔    ︵ᠭᠤᠷᠪᠠ︶ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠯᠵᠢᠭᠦᠯᠦᠨ ᠥᠭᠬᠦ᠃    ︵ᠳᠥᠷᠪᠡ᠂ ᠠᠵᠤ ᠠᠬᠤᠶᠢᠯᠠᠯ ᠡᠳ᠋ ᠬᠥᠷᠥᠩᠭᠡ ᠪᠠᠨ ᠰᠢᠯᠵᠢᠭᠦᠯᠦᠨ ᠥᠭᠬᠦ᠂ ᠡᠰᠡᠬᠦᠯ᠎ᠡ ᠠᠵᠤ ᠠᠬᠤᠶᠢᠯᠠᠯ ᠡᠳ᠋ ᠬᠥᠷᠥᠩᠭᠡ ᠲᠦᠷᠢᠶᠡᠰᠦᠯᠡᠭᠦᠯᠦᠨ᠎ᠡ ︵ᠡᠵᠡᠩᠨᠡᠯᠲᠡ ᠶᠢᠨ ᠦᠨᠡᠮᠯᠡᠯ ᠨᠢ ᠡᠳ᠋ ᠬᠥᠷᠥᠩᠭᠡ ᠲᠦᠷᠢᠶᠡᠰᠦᠯᠡᠵᠦ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠪᠣᠯᠭᠠᠵᠤ ᠪᠠᠶᠢᠭ᠎ᠠ ᠠᠵᠤ ᠠᠬᠤᠶᠢᠯᠠᠯ ᠡᠭᠦᠨ ᠳᠤ ᠪᠠᠭᠲᠠᠬᠤ ᠦᠭᠡᠢ︶    ︵ᠲᠠᠪᠤ︶ ᠵᠣᠭᠤᠰ ᠤᠨ ᠪᠤᠰᠤ ᠡᠳ᠋ ᠬᠥᠷᠥᠩᠭᠡ ᠪᠠᠷ ᠭᠠᠳᠠᠭᠠᠳᠤ ᠳᠤ ᠪᠡᠯᠡ ᠣᠷᠣᠭᠤᠯᠬᠤ ᠪᠤᠶᠤ ᠥᠭᠴᠡᠭᠡ ᠪᠠᠨ ᠲᠥᠯᠥᠨ᠎ᠡ    ︵ᠵᠢᠷᠭᠤᠭ᠎ᠠ︶ ᠪᠤᠰᠤᠳ ᠨᠢᠭᠡᠴᠢ ᠶᠢᠨ ᠵᠣᠭᠤᠰ ᠪᠤᠰᠤ ᠡᠳ᠋ ᠬᠥᠷᠥᠩᠭᠡ ᠪᠠᠷ ᠪᠡᠯᠡ ᠭᠠᠷᠭᠠᠭᠰᠠᠨ ᠪᠤᠶᠤ ᠥᠷᠢ ᠲᠥᠯᠥᠬᠦ ᠶᠢ ᠬᠦᠯᠢᠶᠡᠨ ᠠᠪᠤᠨ᠎ᠠ︔    ︵ᠳᠤᠯᠤᠭ᠎ᠠ︶ ᠪᠤᠰᠤᠳ ᠨᠢᠭᠡᠴᠡ ᠶᠢᠨ ᠡᠳ᠋ ᠬᠥᠷᠥᠩᠭᠡ ᠶᠢ ᠬᠤᠳᠠᠯᠳᠤᠨ ᠠᠪᠤᠨ᠎ᠠ᠃    ︵ᠨᠠᠢᠮᠠ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠵᠤ ᠠᠬᠤᠶᠢᠯᠠᠯ ᠤᠨ ᠳᠦᠷᠢᠮ ᠳᠤ ᠡᠳ᠋ ᠬᠥᠷᠥᠩᠭᠡ ᠶᠢᠨ ᠦᠨᠡᠯᠡᠨ ᠵᠢᠱᠢᠯᠲᠡ ᠬᠢᠬᠦ ᠬᠡᠷᠡᠭᠲᠡᠶ ᠭᠡᠵᠦ ᠲᠣᠭᠲᠠᠭᠠᠭᠰᠠᠨ ᠪᠤᠰᠤᠳ ᠪᠠᠶᠢᠳᠠᠯ᠃ ᠤᠯᠤᠰ ᠤᠨ ᠥᠮᠴᠢᠯᠡᠯᠲᠦ ᠰᠲ᠋ᠣᠺ ᠤᠨ ᠡᠷᠬᠡ ᠶᠢᠨ ᠬᠤᠭᠤᠷᠣᠨᠳᠣ ᠦᠨ᠎ᠡ ᠲᠥᠯᠥᠪᠦᠷᠢ ᠦᠭᠡᠶ ᠪᠠᠷ ᠬᠤᠪᠢᠶᠠᠷᠢᠯᠠᠨ ᠰᠢᠯᠵᠢᠭᠦᠯᠬᠦ ᠳᠤ ᠬᠦᠷᠪᠡᠯ᠂ ᠦᠨᠡᠯᠡᠨ ᠵᠢᠱᠢᠬᠦ ᠠᠴᠠ ᠬᠡᠯᠲᠦᠷᠢᠭᠦᠯᠵᠦ ᠪᠣᠯᠤᠨ᠎ᠠ᠃    ᠶᠢᠰᠦᠳᠦᠭᠡᠷ ᠪᠦᠯᠦᠭ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠠ ᠴᠠᠯᠢᠩ ᠬᠥᠯᠥᠰᠥ ᠶᠢᠨ ᠬᠠᠮᠢᠶᠠᠷᠤᠯᠲᠠ    ᠳᠥᠴᠢᠨ ᠨᠠᠢᠮᠠᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠤᠨ ᠬᠠᠮᠢᠶᠠᠷᠤᠭᠴᠢ ᠶᠢᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠦᠷᠢᠮ ᠢ ᠪᠠᠶᠢᠭᠤᠯᠵᠤ᠂ ᠲᠡᠭᠦᠨ ᠤ ᠲᠣᠮᠢᠯᠠᠭᠰᠠᠨ ᠠᠵᠤ ᠠᠬᠤᠶᠢᠯᠠᠯ ᠤᠨ ᠬᠠᠮᠢᠶᠠᠷᠤᠭᠴᠢ ᠳᠤ ᠤᠨ ᠪᠠ ᠲᠤᠰᠢᠶᠠᠯ ᠤᠨ ᠬᠤᠭᠤᠴᠠᠭᠠᠨ ᠤ ᠬᠢᠨᠠᠨ ᠰᠢᠯᠭᠠᠯᠲᠠ ᠬᠢᠬᠦ ᠶᠢᠨ ᠬᠠᠮᠲᠤ ᠬᠢᠨᠠᠨ ᠰᠢᠯᠭᠠᠭᠰᠠᠨ ᠦᠷ᠎ᠡ ᠳ᠋ᠦᠩ ᠢ ᠦᠨᠳᠦᠰᠦᠯᠡᠨ ᠠᠵᠤ ᠠᠬᠤᠶᠢᠯᠠᠯ ᠤᠨ ᠬᠠᠮᠢᠶᠠᠷᠤᠭᠴᠢ ᠶᠢ ᠱᠠᠩᠨᠠᠵᠤ ᠲᠣᠷᠭᠠᠬᠤ ᠶᠢ ᠲᠣᠭᠲᠠᠭᠠᠨ᠎ᠠ᠃    ᠳᠥᠴᠢ ᠶᠢᠰᠦᠳᠦᠭᠡᠷ ᠵᠦᠢᠯ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠶᠢᠨ ᠭᠤᠤᠯ ᠬᠠᠷᠢᠭᠤᠴᠠᠯᠭᠠᠲᠠᠨ ᠨᠢ ᠬᠠᠤᠯᠢ ᠶᠣᠰᠣᠭᠠᠷ ᠬᠢᠭᠰᠡᠨ ᠲᠤᠰᠢᠶᠠᠯ ᠤᠨ ᠬᠤᠭᠤᠴᠠᠭᠠᠨ ᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢ ᠬᠦᠯᠢᠶᠡᠬᠦ ᠬᠡᠷᠡᠭᠲᠡᠶ᠃    ᠲᠠᠪᠢᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠴᠠᠯᠢᠩ ᠭᠡᠳᠡᠭ ᠨᠢ ᠠᠵᠤ ᠠᠬᠤᠶᠢᠯᠠᠯ ᠠᠴᠠ ᠠᠵᠢᠯᠲᠠᠨ ᠠᠵᠢᠯᠴᠢᠨ ᠳᠠᠭᠠᠨ ᠰᠢᠭᠤᠳ ᠣᠯᠭᠤᠭᠰᠠᠨ ᠴᠠᠯᠢᠩ᠂ ᠱᠠᠩᠨᠠᠯ ᠤᠨ ᠮᠥᠩᠭᠦ᠂ ᠨᠥᠬᠦᠪᠥᠷᠢ ᠮᠥᠩᠭᠦ᠂ ᠨᠥᠬᠦᠪᠥᠷᠢ ᠮᠥᠩᠭᠦ ᠵᠡᠷᠭᠡ ᠪᠦᠬᠦ ᠬᠥᠯᠥᠰᠥ ᠮᠥᠩᠭᠦ ᠶᠢ ᠵᠢᠭᠠᠵᠤ ᠪᠤᠶ᠃    ᠲᠠᠪᠢᠨ ᠨᠢᠭᠡᠳᠦᠭᠡᠷ ᠵᠦᠢᠯ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠺᠣᠮᠢᠰ ᠨᠢ ᠠᠵᠤ ᠠᠬᠤᠶᠢᠯᠠᠯ ᠤᠨ ᠴᠠᠯᠢᠩ ᠬᠥᠯᠥᠰᠥ ᠶᠢᠨ ᠶᠡᠷᠦᠩᠬᠡᠶ ᠲᠤᠭ᠎ᠠ ᠵᠢᠴᠢ ᠠᠵᠤ ᠠᠬᠤᠶᠢᠯᠠᠯ ᠤᠨ ᠤᠳᠤᠷᠢᠳᠬᠤ ᠬᠥᠮᠦᠰ᠂ ᠠᠵᠤ ᠠᠬᠤᠶᠢᠯᠠᠯ ᠤᠨ ᠲᠤᠰᠢᠶᠠᠯ ᠬᠠᠪᠰᠤᠷᠭᠠᠭᠰᠠᠨ ᠬᠥᠮᠦᠰ ᠤᠨ ᠴᠠᠯᠢᠩ ᠬᠥᠯᠥᠰᠥ ᠶᠢ ᠬᠠᠤᠯᠢ ᠶᠣᠰᠣᠭᠠᠷ ᠬᠠᠮᠢᠶᠠᠷᠴᠤ᠂ ᠠᠵᠤ ᠠᠬᠤᠶᠢᠯᠠᠯ ᠤᠨ ᠳᠣᠲᠣᠷᠠᠬᠢ ᠳᠤᠮᠳᠠ ᠳᠡᠰ ᠵᠢᠴᠢ ᠲᠡᠭᠦᠨ ᠠᠴᠠ ᠳᠣᠷᠣᠭᠰᠢᠬᠢ ᠬᠥᠮᠦᠰ ᠤᠨ ᠴᠠᠯᠢᠩ ᠬᠥᠯᠥᠰᠥ ᠶᠢ ᠠᠵᠤ ᠠᠬᠤᠶᠢᠯᠠᠯ ᠨᠢ ᠬᠠᠤᠯᠢ ᠶᠣᠰᠣᠭᠠᠷ ᠡᠵᠡᠨ ᠮᠡᠳᠡᠵᠦ ᠲᠣᠭᠲᠠᠭᠠᠨ᠎ᠠ᠃ ᠴᠠᠯᠢᠩ ᠬᠥᠯᠥᠰᠥ ᠬᠢᠭᠡᠳ ᠦᠷ᠎ᠡ ᠠᠰᠢᠭ ᠢ ᠬᠤᠯᠪᠣᠭᠳᠠᠭᠤᠯᠬᠤ ᠵᠠᠷᠴᠢᠮ ᠢ ᠪᠠᠷᠢᠮᠲᠠᠯᠠᠨ᠎ᠠ᠃ ᠠᠵᠤ ᠠᠬᠤᠢ ᠶᠢᠨ ᠦᠷ᠎ᠡ ᠠᠰᠢᠭ ᠨᠡᠮᠡᠭᠳᠡᠵᠦ᠂ ᠴᠠᠯᠢᠩ ᠬᠥᠯᠥᠰᠥ ᠶᠢᠨ ᠶᠡᠷᠦᠩᠬᠡᠶ ᠲᠤᠭ᠎ᠠ ᠨᠡᠮᠡᠭᠳᠡᠵᠡᠢ︔ ᠠᠵᠤ ᠠᠬᠤᠢ ᠶᠢᠨ ᠦᠷ᠎ᠡ ᠠᠰᠢᠭ ᠪᠠᠭᠤᠷᠠᠵᠤ᠂ ᠴᠠᠯᠢᠩ ᠬᠥᠯᠥᠰᠥ ᠶᠢᠨ ᠶᠡᠷᠦᠩᠬᠡᠶ ᠲᠤᠭ᠎ᠠ ᠪᠠᠭᠠᠰᠪᠠ᠃ ᠠᠵᠤ ᠠᠬᠤᠶᠢᠯᠠᠯ ᠤᠨ ᠤᠳᠤᠷᠢᠳᠬᠤ ᠬᠥᠮᠦᠰ ᠬᠢᠭᠡᠳ ᠠᠵᠤ ᠠᠬᠤᠶᠢᠯᠠᠯ ᠤᠨ ᠪᠤᠰᠤᠳ ᠠᠵᠢᠯᠲᠠᠨ ᠠᠵᠢᠯᠴᠢᠨ ᠤ ᠴᠠᠯᠢᠩ ᠬᠥᠯᠥᠰᠥ ᠶᠢᠨ ᠵᠥᠷᠢᠶ᠎ᠡ ᠶᠢ ᠵᠦᠢ ᠵᠣᠬᠢᠰᠲᠠᠶ ᠬᠡᠪᠴᠢᠶᠡᠨ ᠳᠤ ᠬᠢᠵᠠᠭᠠᠷᠯᠠᠬᠤ ᠬᠡᠷᠡᠭᠲᠡᠶ᠃    ᠲᠠᠪᠢᠨ ᠬᠤᠶᠠᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠤᠯᠤᠰ ᠪᠠ ᠮᠤᠵᠢ᠂ ᠬᠤᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠡᠯᠡ ᠭᠠᠷᠭᠠᠭᠰᠠᠨ ᠠᠵᠤ ᠠᠬᠤᠶᠢᠯᠠᠯ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠢ ᠲᠣᠭᠲᠠᠭᠠᠵᠤ᠂ ᠪᠡᠯᠡ ᠭᠠᠷᠭᠠᠭᠰᠠᠨ ᠠᠵᠤ ᠠᠬᠤᠶᠢᠯᠠᠯ ᠤᠨ ᠴᠠᠯᠢᠩ ᠤᠨ ᠶᠡᠷᠦᠩᠬᠡᠶ ᠲᠤᠭ᠎ᠠ ᠶᠢᠨ ᠬᠢᠷᠢ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠬᠡᠷᠡᠭᠲᠡᠶ᠃    ᠲᠠᠪᠢᠨ ᠭᠤᠷᠪᠠᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ ᠪᠠᠶᠢᠭ᠎ᠠ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠶᠢᠨ ᠴᠠᠯᠢᠩ ᠤᠨ ᠶᠡᠷᠦᠩᠬᠡᠶ ᠲᠤᠭ᠎ᠠ ᠳᠤ ᠴᠠᠯᠢᠩ ᠤᠨ ᠶᠡᠷᠦᠩᠬᠡᠶ ᠲᠤᠭ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃    ᠲᠠᠪᠢᠨ ᠳᠥᠷᠪᠡᠳᠦᠭᠡᠷ ᠵᠦᠢᠯ ᠠᠵᠤ ᠠᠬᠤᠶᠢᠯᠠᠯ ᠤᠨ ᠴᠠᠯᠢᠩ ᠤᠨ ᠶᠡᠷᠦᠩᠬᠡᠶ ᠲᠤᠭ᠎ᠠ ᠶᠢᠨ ᠬᠠᠮᠢᠶᠠᠷᠤᠯᠲᠠ ᠳᠤ ᠳᠣᠤᠷᠠᠬᠢ ᠵᠠᠷᠴᠢᠮ ᠢ ᠵᠢᠷᠤᠮᠯᠠᠬᠤ ᠬᠡᠷᠡᠭᠲᠡᠶ᠄    ︵ᠨᠢᠭᠡ︶ ᠴᠠᠯᠢᠩ ᠨᠡᠮᠡᠭᠳᠡᠬᠦ ᠪᠠ ᠠᠵᠤ ᠠᠬᠤᠢ ᠶᠢᠨ ᠦᠷ᠎ᠡ ᠠᠰᠢᠭ ᠢ ᠤᠶᠠᠯᠳᠤᠭᠤᠯᠬᠤ    ︵ᠬᠤᠶᠠᠷ︶ ᠦᠷ᠎ᠡ ᠪᠦᠲᠦᠮᠵᠢ ᠪᠠ ᠲᠥᠪ ᠭᠤᠣᠯᠴᠢ ᠪᠠᠶᠢᠬᠤ ᠶᠢ ᠠᠬᠢᠭᠤᠯᠬᠤ ᠶᠢ ᠤᠶᠠᠯᠳᠤᠭᠤᠯᠬᠤ︔    ︵ᠭᠤᠷᠪᠠ︶ ᠤᠷᠮᠠᠰᠢᠭᠤᠯᠬᠤ ᠪᠠ ᠬᠢᠵᠠᠭᠠᠷᠯᠠᠬᠤ ᠶᠢ ᠬᠠᠷᠢᠯᠴᠠᠨ ᠤᠶᠠᠯᠳᠤᠭᠤᠯᠬᠤ︔    ︵ᠲᠦᠷᠪᠡ︶ ᠴᠠᠯᠢᠩ ᠤᠨ ᠶᠡᠷᠦᠩᠬᠡᠢ ᠲᠣᠭᠠᠨ ᠤ ᠬᠠᠮᠢᠶᠠᠷᠤᠯᠲᠠ ᠶᠢ ᠪᠦᠬᠦ ᠲᠠᠯ᠎ᠠ ᠶᠢᠨ ᠲᠥᠰᠥᠪ ᠤᠨ ᠬᠠᠮᠢᠶᠠᠷᠤᠯᠲᠠ ᠳᠤ ᠣᠷᠣᠭᠤᠯᠵᠤ᠃    ᠲᠠᠪᠢᠨ ᠲᠠᠪᠤᠳᠤᠭᠠᠷ ᠵᠦᠢᠯ ᠴᠠᠯᠢᠩ ᠤᠨ ᠶᠡᠷᠦᠩᠬᠡᠶ ᠲᠤᠭ᠎ᠠ ᠶᠢᠨ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠤᠳ ᠬᠥᠮᠦᠨ ᠬᠡᠷᠡᠭᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠠᠶᠢᠲᠤᠷ ᠠᠷᠪᠢᠯᠠᠨ ᠭᠠᠮᠨᠠᠵᠤ᠂ ᠴᠣᠮᠬᠠᠨ ᠪᠥᠭᠡᠳ ᠥᠨᠳᠥᠷ ᠦᠷ᠎ᠡ ᠪᠦᠲᠦᠮᠵᠢᠲᠡᠶ ᠪᠠᠶᠢᠯᠭᠠᠬᠤ ᠬᠡᠷᠡᠭᠲᠡᠶ᠃ ᠠᠵᠤ ᠠᠬᠤᠶᠢᠯᠠᠯ ᠦᠢᠯᠡᠳᠪᠦᠷᠢᠯᠡᠯ ᠡᠵᠡᠩᠨᠡᠯᠲᠡ ᠶᠢᠨ ᠬᠡᠷᠡᠭᠴᠡᠭᠡ ᠪᠠᠨ ᠦᠨᠳᠦᠰᠦᠯᠡᠨ᠂ ᠠᠵᠢᠯ ᠤᠨ ᠪᠠᠶᠢᠷᠢ ᠪᠠᠨ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠠᠵᠢᠯ ᠤᠨ ᠪᠠᠶᠢᠷᠢ ᠪᠠ ᠠᠵᠢᠯᠲᠠᠨ ᠢᠶᠠᠨ ᠲᠣᠭᠲᠠᠭᠠᠬᠤ ᠬᠡᠷᠡᠭᠲᠡᠶ᠃ ᠠᠵᠢᠯ ᠤᠨ ᠪᠠᠶᠢᠷᠢ ᠲᠣᠭᠲᠠᠭᠠᠨ ᠠᠵᠢᠯᠲᠠᠨ ᠲᠣᠭᠲᠠᠭᠠᠭᠰᠠᠨ ᠪᠠᠶᠢᠳᠠᠯ ᠢ ᠦᠨᠳᠦᠰᠦᠯᠡᠨ᠂ ᠬᠥᠮᠦᠨ ᠬᠡᠷᠡᠭᠯᠡᠬᠦ ᠲᠥᠯᠥᠪᠯᠡᠭᠡ ᠶᠢ ᠠᠵᠤ ᠠᠬᠤᠶᠢᠯᠠᠯ ᠤᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠭᠤᠯᠤᠭᠰᠠᠨ ᠤ ᠳᠠᠷᠠᠭ᠎ᠠ ᠰᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃ ᠬᠢᠨᠠᠨ ᠵᠥᠪᠰᠢᠶᠡᠷᠡᠭᠰᠡᠨ ᠤ ᠳᠠᠷᠠᠭᠠᠬᠢ ᠠᠵᠤ ᠠᠬᠤᠶᠢᠯᠠᠯ ᠤᠨ ᠬᠥᠮᠦᠨ ᠬᠡᠷᠡᠭᠯᠡᠬᠦ ᠲᠥᠯᠥᠪᠯᠡᠭᠡ ᠶᠢ ᠰᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠤ ᠠᠬᠤᠶᠢᠯᠠᠯ ᠤᠨ ᠴᠠᠯᠢᠩ ᠤᠨ ᠶᠡᠷᠦᠩᠬᠡᠶ ᠲᠤᠭ᠎ᠠ ᠶᠢ ᠬᠢᠨᠠᠨ ᠲᠣᠭᠲᠠᠭᠠᠬᠤ ᠴᠢᠬᠤᠯᠠ ᠦᠨᠳᠦᠰᠦᠯᠡᠯ ᠪᠣᠯᠭᠠᠨ᠎ᠠ᠃    ᠲᠠᠪᠢᠨ ᠵᠢᠷᠭᠤᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠠᠵᠤ ᠠᠬᠤᠶᠢᠯᠠᠯ ᠤᠨ ᠤᠳᠤᠷᠢᠳᠬᠤ ᠬᠥᠮᠦᠰ ᠭᠡᠳᠡᠭ ᠨᠢ ᠠᠵᠤ ᠠᠬᠤᠶᠢᠯᠠᠯ ᠤᠨ ᠳᠣᠤᠷᠠᠬᠢ ᠮᠡᠲᠦ ᠬᠥᠮᠦᠰ ᠪᠣᠯᠤᠨ᠎ᠠ᠄ ︵ᠨᠢᠭᠡ︶ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ ᠤᠨ ᠶᠡᠷᠦᠩᠬᠡᠶ ᠳᠠᠭᠠᠭᠠᠮᠠᠯ᠂ ᠳᠡᠳ᠋ ᠶᠡᠷᠦᠩᠬᠡᠶ ᠳᠠᠭᠠᠭᠠᠮᠠᠯ᠂ ᠶᠡᠷᠦᠩᠬᠡᠶ ᠨᠢᠭᠲᠠᠯᠠᠨ ᠪᠣᠳᠣᠭᠴᠢ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠰᠬᠠᠶ ᠲᠤᠰᠢᠶᠠᠯ ᠤᠨ ᠱᠦᠵᠢ᠂ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ︔ ︵ᠬᠤᠶᠠᠷ︶ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠬᠡᠷᠡᠭ ᠡᠷᠬᠢᠯᠡᠭᠴᠢᠳ ᠤᠨ ᠺᠣᠮᠢᠰ ᠤᠨ ᠲᠡᠷᠢᠭᠦᠯᠡᠭᠴᠢ᠂ ᠬᠢᠨᠠᠯᠲᠠ ᠲᠠᠯᠪᠢᠭᠴᠢᠳ ᠤᠨ ᠺᠣᠮᠢᠰ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠠᠵᠢᠯᠲᠠᠨ ᠠᠵᠢᠯᠴᠢᠨ ᠤ ᠪᠤᠰᠤ ᠲᠥᠯᠥᠭᠡᠯᠡᠭᠴᠢ᠂ ᠬᠢᠨᠠᠯᠲᠠ ᠲᠠᠯᠪᠢᠭᠴᠢ᠂ ᠶᠡᠷᠦᠩᠬᠡᠶ ᠳᠠᠭᠠᠭᠠᠮᠠᠯ᠂ ᠳᠡᠳ᠋ ᠶᠡᠷᠦᠩᠬᠡᠶ ᠳᠠᠭᠠᠭᠠᠮᠠᠯ᠂ ᠶᠡᠷᠦᠩᠬᠡᠶ ᠨᠢᠭᠲᠠᠯᠠᠨ ᠪᠣᠳᠣᠭᠴᠢ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠰᠬᠠᠶ ᠲᠤᠰᠢᠶᠠᠯ ᠤᠨ ᠱᠦᠵᠢ᠂ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠪᠣᠯᠤᠨ᠎ᠠ᠃    ᠠᠷᠪᠠᠳᠤᠭᠠᠷ ᠪᠦᠯᠦᠭ ᠤᠯᠤᠰ ᠤᠨ ᠥᠮᠴᠢᠯᠡᠯ ᠤᠨ ᠲᠤᠰᠠᠭᠠᠷ ᠪᠡᠯᠡ ᠣᠷᠣᠭᠤᠯᠤᠯᠲᠠ ᠶᠢᠨ ᠺᠣᠮᠫᠠᠨᠢ᠂ ᠤᠯᠤᠰ ᠤᠨ ᠥᠮᠴᠢᠯᠡᠯ ᠤᠨ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠠᠰᠢᠭ ᠬᠤᠨᠵᠢᠪᠣᠷᠢ ᠶᠢᠨ ᠬᠤᠪᠢᠶᠠᠷᠢᠯᠠᠯᠲᠠ    ᠲᠠᠪᠢᠨ ᠳᠣᠯᠣᠳᠤᠭᠠᠷ ᠵᠦᠢᠯ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠳᠤ ᠬᠠᠤᠯᠢ ᠲᠣᠭᠲᠠᠭᠠᠯ ᠢ ᠵᠢᠷᠤᠮᠯᠠᠬᠤ᠂ ᠵᠠᠬ᠎ᠠ ᠳᠡᠯᠭᠡᠭᠦᠷᠴᠢᠯᠡᠨ ᠠᠰᠢᠭ ᠬᠤᠪᠢᠶᠠᠷᠢᠯᠠᠬᠤ ᠶᠢ ᠪᠠᠷᠢᠮᠲᠠᠯᠠᠬᠤ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃    ᠲᠠᠪᠢᠨ ᠨᠠᠶ᠋ᠮᠠᠳᠤᠭᠠᠷ ᠵᠦᠢᠯ ᠠᠵᠤ ᠠᠬᠤᠶᠢᠯᠠᠯ ᠨᠢ ᠲᠤᠰ ᠵᠢᠯ ᠤᠨ ᠭᠠᠶᠢᠯᠢ ᠪᠠᠨ ᠬᠤᠪᠢᠶᠠᠷᠢᠯᠠᠭᠰᠠᠨ ᠤ ᠳᠠᠷᠠᠭ᠎ᠠ ᠠᠰᠢᠭ ᠬᠤᠨᠵᠢᠪᠣᠷᠢ ᠶᠢᠨ ᠢᠶᠠᠨ ᠵᠠᠭᠤᠨ ᠤ ᠠᠷᠪᠠ ᠶᠢ ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠳᠤ ᠣᠷᠣᠭᠤᠯᠬᠤ ᠬᠡᠷᠡᠭᠲᠡᠶ᠃ ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠨᠡᠶᠢᠲᠡ ᠲᠤᠭ᠎ᠠ ᠶᠢ ᠺᠣᠮᠫᠠᠨᠢ ᠶᠢᠨ ᠳᠠᠩᠰᠠᠯᠠᠭᠤᠯᠤᠭᠰᠠᠨ ᠬᠥᠷᠥᠩᠭᠡ ᠶᠢᠨ ᠵᠠᠭᠤᠨ ᠤ ᠲᠠᠪᠢᠨ ᠬᠤᠪᠢ ᠪᠣᠯᠭᠠᠭᠰᠠᠨ ᠪᠣᠯ ᠳᠠᠬᠢᠵᠤ ᠭᠠᠷᠭᠠᠨ ᠠᠪᠬᠤ ᠦᠭᠡᠶ ᠪᠠᠶᠢᠵᠤ ᠪᠣᠯᠤᠨ᠎ᠠ᠃ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠨᠢ ᠥᠩᠭᠡᠷᠡᠭᠰᠡᠨ ᠤ ᠠᠯᠳᠠᠭᠳᠠᠯ ᠢᠶᠠᠨ ᠨᠥᠬᠦᠪᠥᠷᠢᠯᠡᠵᠦ ᠳᠡᠶᠢᠯᠬᠦ ᠦᠭᠡᠶ ᠪᠣᠯ ᠤᠷᠢᠳᠠᠪᠠᠷ ᠲᠤᠬᠠᠶ ᠶᠢᠨ ᠵᠢᠯ ᠤᠨ ᠠᠰᠢᠭ ᠬᠤᠨᠵᠢᠪᠣᠷᠢ ᠪᠠᠷ ᠠᠯᠳᠠᠭᠳᠠᠯ ᠢᠶᠠᠨ ᠨᠥᠬᠦᠪᠥᠷᠢᠯᠡᠬᠦ ᠬᠡᠷᠡᠭᠲᠡᠶ᠃ ᠺᠣᠮᠫᠠᠨᠢ ᠠᠯᠳᠠᠭᠳᠠᠯ ᠢᠶᠠᠨ ᠨᠥᠬᠦᠪᠥᠷᠢᠯᠡᠭᠰᠡᠨ ᠪᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠤᠭᠰᠠᠨ ᠤ ᠳᠠᠷᠠᠭ᠎ᠠ ᠦᠯᠡᠳᠡᠭᠰᠡᠨ ᠠᠰᠢᠭ ᠣᠯᠵᠠᠪᠤᠷᠢ ᠶᠢᠨ ᠭᠠᠶᠢᠯᠢ ᠶᠢ ᠭᠠᠷᠭᠠᠨ ᠠᠪᠤᠭᠰᠠᠨ ᠤ ᠳᠠᠷᠠᠭ᠎ᠠ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠪᠢᠶᠠᠷᠢᠯᠠᠨ᠎ᠠ᠃    ᠲᠠᠪᠢ ᠶᠢᠰᠦᠳᠦᠭᠡᠷ ᠵᠦᠢᠯ ᠠᠵᠤ ᠠᠬᠤᠢᠯᠠᠯ ᠤᠨ ᠠᠱᠢᠭ ᠬᠤᠨᠵᠢᠪᠤᠷᠢ ᠶᠢᠨ ᠬᠤᠪᠢᠶᠠᠷᠢᠯᠠᠯᠲᠠ ᠶᠢᠨ ᠱᠢᠢᠳᠪᠦᠷᠢᠲᠦ ᠪᠣᠳᠣᠯᠭ᠎ᠠ ᠶᠢᠨ ᠵᠢᠷᠤᠮ ᠪᠣᠯᠤᠨ ᠪᠠᠲᠤᠯᠠᠬᠤ ᠲᠣᠭᠲᠠᠴᠠ ᠶᠢ ᠺᠣᠮᠫᠠᠨᠢ ᠶᠢᠨ ᠳᠦᠷᠢᠮ᠂ ᠬᠡᠷᠡᠭ ᠡᠳᠡᠭᠴᠢᠳ ᠤᠨ ᠵᠥᠪᠯᠡᠯ ᠤᠨ ᠬᠡᠷᠡᠭ ᠵᠥᠪᠯᠡᠬᠦ ᠳᠦᠷᠢᠮ ᠳᠤ ᠲᠣᠳᠣᠷᠬᠠᠢᠯᠠᠵᠤ᠂ ᠬᠠᠤᠯᠢ ᠳᠤ ᠲᠣᠭᠲᠠᠭᠠᠭᠰᠠᠨ ᠵᠢᠷᠤᠮ ᠢᠶᠠᠷ ᠬᠢᠨᠠᠨ ᠶᠠᠷᠢᠯᠴᠠᠵᠤ ᠪᠠᠲᠤᠯᠠᠭᠰᠠᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ    ᠵᠢᠷᠠᠳᠤᠭᠠᠷ ᠵᠦᠢᠯ ᠠᠵᠤ ᠠᠬᠤᠶᠢᠯᠠᠯ ᠺᠣᠮᠫᠠᠨᠢ ᠶᠢᠨ ᠳᠦᠷᠢᠮ ᠤᠨ ᠲᠣᠭᠲᠠᠭᠠᠯ ᠢ ᠦᠨᠳᠦᠰᠦᠯᠡᠨ᠂ ᠠᠰᠢᠭ ᠬᠤᠨᠵᠢᠪᠣᠷᠢ ᠶᠢᠨ ᠬᠤᠪᠢᠶᠠᠷᠢᠯᠠᠯᠲᠠ ᠶᠢᠨ ᠲᠥᠰᠦᠯ ᠢ ᠰᠤᠳᠤᠯᠤᠨ ᠳᠤᠷᠠᠳᠬᠤ ᠶᠢᠨ ᠬᠠᠮᠲᠤ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠬᠦ ᠪᠤᠶᠤ ᠬᠡᠷᠡᠭ ᠮᠡᠳᠡᠭᠴᠢᠳ ᠤᠨ ᠬᠤᠷᠠᠯ ᠳᠤ ᠳᠡᠪᠰᠢᠭᠦᠯᠦᠨ ᠬᠢᠨᠠᠨ ᠲᠣᠭᠲᠠᠭᠠᠯᠭᠠᠬᠤ ᠬᠡᠷᠡᠭᠲᠡᠶ᠃ ᠠᠰᠢᠭ ᠬᠤᠨᠵᠢᠪᠤᠷᠢ ᠶᠢᠨ ᠬᠤᠪᠢᠶᠠᠷᠢᠯᠠᠯᠲᠠ ᠶᠢᠨ ᠲᠥᠰᠥᠯ ᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠬᠦ ᠦᠶ᠎ᠡ ᠳᠤ᠂ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯᠭᠡ ᠳᠤ ᠬᠤᠷᠠᠯ ᠤᠨ ᠮᠡᠳᠡᠭᠳᠡᠯ ᠪᠠ ᠵᠥᠪᠯᠡᠯᠭᠡ ᠶᠢᠨ ᠮᠠᠲ᠋ᠧᠷᠢᠶᠠᠯ ᠢ ᠤᠷᠢᠳᠴᠢᠯᠠᠨ ᠶᠠᠪᠤᠭᠤᠯᠬᠤ ᠬᠡᠷᠡᠭᠲᠡᠢ᠃ ᠵᠥᠪᠯᠡᠯᠭᠡ ᠶᠢᠨ ᠮᠠᠲ᠋ᠧᠷᠢᠶᠠᠯ ᠳᠤ ᠳᠣᠣᠷᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠶ᠄    ︵ᠨᠢᠭᠡ︶ ᠠᠵᠤ ᠠᠬᠤᠶᠢᠯᠠᠯ ᠤᠨ ᠦᠨᠳᠦᠰᠦᠨ ᠦᠶ᠋ᠯᠡᠳᠪᠦᠷᠢᠯᠡᠯ ᠡᠵᠡᠩᠨ᠋ᠡᠯᠲᠡ ᠶᠢᠨ ᠪᠠᠶᠢᠳᠠᠯ᠂ ᠡᠳ᠋ ᠤᠨ ᠶᠠᠪᠤᠳᠠᠯ ᠤᠨ ᠪᠠᠶᠢᠳᠠᠯ᠂ ᠪᠡᠯᠡ ᠣᠷᠤᠬᠤᠯᠤᠯᠲᠠ ᠶᠢᠨ ᠲᠥᠯᠥᠪᠯᠡᠭᠡ ᠵᠡᠷᠭᠡ᠃    ︵ᠬᠤᠶᠠᠷ︶ ᠠᠰᠢᠭ ᠬᠤᠨᠵᠢᠪᠤᠷᠢ ᠶᠢᠨ ᠬᠤᠪᠢᠶᠠᠷᠢᠯᠠᠯᠲᠠ ᠶᠢᠨ ᠪᠣᠳᠠᠲᠠᠢ ᠲᠥᠰᠥᠯ᠂ ᠠᠵᠤ ᠠᠬᠤᠶᠢᠯᠠᠯ ᠤᠨ ᠠᠯᠲᠠᠭᠳᠠᠯ ᠢ ᠨᠥᠬᠦᠪᠥᠷᠢᠯᠡᠬᠦ᠂ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠭᠠᠷᠭᠠᠵᠤ ᠠᠪᠬᠤ ᠪᠠ ᠬᠤᠪᠢ ᠣᠷᠣᠭᠤᠯᠤᠭᠴᠢ ᠳᠤ ᠠᠰᠢᠭ ᠬᠤᠨᠵᠢᠪᠤᠷᠢ ᠬᠤᠪᠢᠶᠠᠵᠤ ᠪᠠᠶᠢᠭ᠎ᠠ ᠪᠠᠶᠢᠳᠠᠯ᠂ ᠬᠤᠪᠢᠶᠠᠷᠢᠯᠠᠭᠰᠠᠨ ᠦᠭᠡᠢ ᠠᠰᠢᠭ ᠬᠤᠨᠵᠢᠪᠤᠷᠢ ᠶᠢᠨ ᠬᠤᠪᠢᠶᠠᠷᠢᠯᠠᠯᠲᠠ ᠶᠢᠨ ᠲᠥᠯᠥᠪᠯᠡᠭᠡ ᠪᠠᠨ ᠦᠯᠡᠳᠡᠭᠡᠨ ᠬᠠᠳᠠᠭᠠᠯᠠᠬᠤ ᠵᠢᠴᠢ ᠠᠰᠢᠭ ᠬᠤᠨᠵᠢᠪᠤᠷᠢ ᠶᠢᠨ ᠬᠤᠪᠢᠶᠠᠷᠢᠯᠠᠯᠲᠠ ᠶᠢᠨ ᠲᠥᠰᠥᠯ ᠳᠤᠷᠠᠳᠬᠤ ᠶᠢᠨ ᠭᠤᠣᠯ ᠪᠣᠳᠣᠯᠬᠢᠯᠠᠯ ᠪᠠᠭᠲᠠᠨ᠎ᠠ᠃    ︵ᠭᠤᠷᠪᠠ︶ ᠪᠤᠰᠤᠳ ᠲᠤᠳᠣᠷᠬᠠᠶᠢᠯᠠᠬᠤ ᠴᠢᠬᠤᠯᠠᠲᠠᠶ ᠪᠠᠶᠢᠳᠠᠯ᠃    ᠵᠢᠷᠠᠨ ᠨᠢᠭᠡᠳᠦᠭᠡᠷ ᠵᠦᠢᠯ ᠤᠯᠤᠰ ᠤᠨ ᠥᠮᠴᠢᠯᠡᠯ ᠤᠨ ᠲᠤᠰᠠᠭᠠᠷ ᠪᠡᠯᠡᠲᠦ ᠺᠣᠮᠫᠠᠨᠢ ᠨᠢ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠠᠰᠢᠭ ᠣᠯᠵᠠᠪᠤᠷᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠠᠰᠢᠭ ᠬᠤᠪᠢᠶᠠᠬᠤ ᠬᠡᠷᠡᠭᠲᠡᠶ᠃    ᠵᠢᠷᠠᠨ ᠬᠤᠶᠠᠳᠤᠭᠠᠷ ᠵᠦᠢᠯ ᠤᠯᠤᠰ ᠤᠨ ᠥᠮᠴᠢᠯᠡᠯ ᠤᠨ ᠲᠤᠰᠠᠭᠠᠷ ᠪᠡᠯᠡ ᠣᠷᠣᠭᠤᠯᠤᠯᠲᠠ ᠶᠢᠨ ᠺᠣᠮᠫᠠᠨᠢ ᠶᠢᠨ ᠠᠰᠢᠭ ᠬᠤᠨᠵᠢᠪᠣᠷᠢ ᠶᠢᠨ ᠬᠤᠪᠢᠶᠠᠷᠢᠯᠠᠯᠲᠠ ᠳᠤ ᠺᠣᠮᠫᠠᠨᠢ ᠶᠢᠨ ᠬᠡᠷᠡᠭ ᠮᠡᠳᠡᠭᠴᠢᠳ ᠤᠨ ᠵᠥᠪᠯᠡᠯ ᠣᠨ ᠤ ᠨᠡᠶᠢᠯᠡᠭᠦᠯᠦᠭᠰᠡᠨ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠶᠢᠨ ᠮᠡᠳᠡᠭᠦᠯᠦᠯᠲᠡ ᠶᠢ ᠵᠠᠭᠤᠴᠢ ᠪᠠᠶᠢᠭᠤᠯᠤᠮᠵᠢ ᠪᠠᠷ ᠬᠢᠨᠠᠨ ᠪᠣᠳᠣᠭᠰᠠᠨ ᠤ ᠳᠠᠷᠠᠭ᠎ᠠ ᠨᠢᠭᠡ ᠰᠠᠷ᠎ᠠ ᠶᠢᠨ ᠳᠣᠲᠣᠷ᠎ᠠ ᠰᠤᠳᠤᠯᠤᠨ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢᠨ ᠲᠥᠰᠦᠯ ᠢ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃    ᠵᠢᠷᠠᠨ ᠭᠤᠷᠪᠠᠳᠤᠭᠠᠷ ᠵᠦᠢᠯ ᠠᠵᠤ ᠠᠬᠤᠶᠢᠯᠠᠯ ᠤᠨ ᠠᠰᠢᠭ ᠣᠷᠣᠯᠭ᠎ᠠ ᠶᠢ ᠬᠤᠪᠢᠶᠠᠷᠢᠯᠠᠬᠤ ᠲᠥᠰᠥᠯ ᠢ ᠬᠡᠷᠡᠭᠵᠢᠭᠦᠯᠦᠭᠰᠡᠨ ᠤ ᠳᠠᠷᠠᠭ᠎ᠠ᠂ ᠴᠠᠭ ᠲᠤᠬᠠᠢ ᠳᠤᠨᠢ ᠵᠢᠷᠤᠮᠵᠢᠭᠤᠨ ᠪᠥᠭᠡᠳ ᠵᠣᠬᠢᠴᠠᠩᠭᠤᠢ ᠪᠦᠬᠦᠢ ᠳᠠᠩᠰᠠᠨ ᠤ ᠶᠠᠪᠤᠳᠠᠯ ᠢ ᠰᠢᠢᠳᠪᠦᠷᠢᠯᠡᠬᠦ ᠶᠢᠨ ᠬᠠᠮᠲᠤ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠪᠢᠴᠢᠭ ᠢᠶᠠᠷ ᠮᠡᠳᠡᠭᠦᠯᠬᠦ ᠬᠡᠷᠡᠭᠲᠡᠢ᠃    ᠵᠢᠷᠠᠨ ᠳᠥᠷᠪᠡᠳᠦᠭᠡᠷ ᠵᠦᠢᠯ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢ ᠣᠨ ᠢᠶᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠩ ᠤᠨ ᠪᠠᠶᠢᠳᠠᠯ ᠳᠤ ᠳᠤᠮᠳᠠ ᠬᠤᠭᠤᠴᠠᠭᠠᠨ ᠤ ᠠᠰᠢᠭ ᠬᠤᠪᠢᠶᠠᠬᠤ ᠠᠷᠭ᠎ᠠ ᠶᠢ ᠠᠪᠬᠤ ᠦᠭᠡᠶ᠃ ᠠᠷᠪᠠᠨ ᠨᠢᠭᠡᠳᠦᠭᠡᠷ ᠪᠦᠯᠦᠭ ᠪᠤᠰᠤᠳ ᠪᠦᠯᠦᠭ    ᠵᠢᠷᠠᠨ ᠲᠠᠪᠤᠳᠤᠭᠠᠷ ᠵᠦᠶᠢᠯ ᠤᠯᠤᠰ ᠤᠨ ᠥᠮᠴᠢᠯᠡᠯᠳᠦ ᠠᠵᠤ ᠠᠬᠤᠢᠯᠠᠯ ᠦᠶᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠠᠭᠠᠨ ᠬᠠᠮᠢᠶᠠᠷᠤᠯᠲᠠ ᠪᠠᠨ ᠴᠢᠩᠬᠠᠳᠬᠠᠵᠤ᠂ ᠤᠯᠤᠰ ᠤᠨ ᠠᠵᠤ ᠦᠶᠢᠯᠡᠳᠪᠦᠷᠢ ᠶᠢᠨ ᠡᠷᠡᠭᠦᠯ ᠬᠠᠮᠠᠭᠠᠯᠠᠯ᠂ ᠠᠶᠤᠯᠭᠦᠶ ᠦᠶᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ᠂ ᠭᠠᠯ ᠤᠨᠲᠠᠷᠠᠭᠠᠬᠤ ᠲᠠᠯ᠎ᠠ ᠪᠠᠷ ᠬᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠠᠵᠤ ᠠᠬᠤᠢᠯᠠᠯ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠬᠡᠷᠡᠭᠲᠡᠢ    ᠠᠷᠪᠠᠨ ᠬᠤᠶᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ    ᠵᠢᠷᠠᠨ ᠵᠢᠷᠭᠤᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠪᠠ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠺᠣᠮᠫᠠᠨᠢ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠬᠠᠤᠯᠢ ᠶᠢ ᠵᠥᠷᠢᠴᠡᠨ ᠭᠠᠷ ᠲᠥᠷᠥᠵᠦ᠂ ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠠᠳ᠂ ᠺᠣᠮᠫᠠᠨᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠤᠬᠢᠷᠠᠭᠤᠯᠤᠭᠰᠠᠨ ᠪᠤᠶᠤ ᠪᠤᠰᠤᠳ ᠬᠦᠨᠳᠦ ᠨᠣᠴᠢᠲᠠᠶ ᠦᠷ᠎ᠡ ᠳ᠋ᠦᠩ ᠳᠤ ᠬᠦᠷᠦᠭᠰᠡᠨ ᠪᠣᠯ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠬᠤ ᠠᠵᠢᠯᠲᠠᠨ ᠪᠠ ᠪᠤᠰᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃    ᠵᠢᠷᠠᠨ ᠳᠣᠯᠣᠳᠤᠭᠠᠷ ᠵᠦᠢᠯ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠪᠠᠶᠢᠭᠤᠯᠤᠮᠵᠢ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ ᠪᠤᠰᠤᠳ ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠶᠢᠭᠤᠯᠤᠮᠵᠢ ᠬᠢᠭᠡᠳ ᠲᠡᠭᠦᠨ ᠤ ᠠᠵᠢᠯᠲᠠᠨ ᠳᠤ ᠳᠣᠤᠷᠠᠬᠢ ᠮᠡᠲᠦ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠬᠤ ᠠᠵᠢᠯᠲᠠᠨ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠰᠢᠳᠬᠡᠯ ᠣᠯᠭᠤᠨ᠎ᠠ᠄    ︵ᠨᠢᠭᠡ︶ ᠬᠠᠤᠯᠢ ᠪᠠᠷ ᠲᠣᠭᠲᠠᠭᠠᠭᠰᠠᠨ ᠲᠤᠰᠢᠶᠠᠯ ᠡᠭᠦᠷᠭᠡᠯᠡᠬᠦ ᠨᠥᠬᠦᠴᠡᠯ ᠶᠣᠰᠣᠭᠠᠷ᠂ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠤᠨ ᠬᠠᠮᠢᠶᠠᠷᠤᠭᠴᠢ ᠶᠢ ᠲᠣᠮᠢᠯᠠᠬᠤ ᠪᠤᠶᠤ ᠲᠣᠮᠢᠯᠠᠬᠤ ᠪᠠᠷ ᠰᠠᠨᠠᠭᠤᠯᠤᠭᠰᠠᠨ᠃    ︵ᠬᠤᠶᠠᠷ︶ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠤᠨ ᠪᠡᠯᠡ ᠮᠥᠩᠭᠦ ᠶᠢ ᠡᠵᠡᠯᠡᠭᠰᠡᠨ᠂ ᠦᠯᠡᠳᠡᠭᠡᠨ ᠠᠪᠤᠭᠰᠠᠨ᠂ ᠨᠡᠭᠦᠯᠭᠡᠨ ᠬᠡᠷᠡᠭᠯᠡᠭᠰᠡᠨ ᠪᠤᠶᠤ ᠲᠤᠰᠢᠶᠠᠬᠤ ᠶᠣᠰᠣᠲᠠᠢ ᠤᠯᠤᠰ ᠤᠨ ᠥᠮᠴᠢᠯᠡᠯ ᠤᠨ ᠬᠥᠷᠥᠩᠭᠡ ᠶᠢᠨ ᠣᠷᠣᠯᠭ᠎ᠠ ᠶᠢ ᠡᠵᠡᠯᠡᠭᠰᠡᠨ᠂ ᠦᠯᠡᠳᠡᠭᠡᠨ ᠠᠪᠤᠭᠰᠠᠨ᠂ ᠨᠡᠭᠦᠯᠭᠡᠨ ᠬᠡᠷᠡᠭᠯᠡᠭᠰᠡᠨ    ︵ᠭᠤᠷᠪᠠ︶ ᠬᠠᠤᠯᠢ ᠶᠢ ᠵᠥᠷᠢᠴᠡᠨ ᠤᠯᠤᠰ ᠠᠴᠠ ᠵᠣᠭᠤᠰ ᠭᠠᠷᠭᠠᠭᠰᠠᠨ ᠠᠵᠤ ᠠᠬᠤᠢᠯᠠᠯ ᠨᠢ ᠰᠦᠢᠳᠬᠡᠯ ᠢ ᠲᠡᠰᠬᠡᠨ ᠨᠣᠭᠳᠠᠭᠤᠯᠤᠭᠰᠠᠨ ᠪᠤᠶᠤ ᠡᠳ᠋ ᠪᠣᠳᠠᠰ ᠨᠢ ᠨᠡᠬᠡᠮᠵᠢᠯᠡᠨ ᠠᠪᠬᠤ    ︵ᠲᠦᠷᠪᠡ︶ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ᠂ ᠵᠢᠷᠤᠮ ᠢ ᠵᠥᠷᠢᠴᠡᠵᠦ᠂ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠤᠨ ᠴᠢᠬᠤᠯᠠ ᠶᠡᠭᠡ ᠵᠦᠢᠯ ᠢ ᠲᠣᠭᠲᠠᠭᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ    ︵ᠲᠠᠪᠤ︶ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠭᠰᠡᠨ ᠦᠭᠡᠶ ᠪᠤᠰᠤᠳ ᠦᠢᠯᠡ ᠠᠵᠢᠯᠯᠠᠭ᠎ᠠ ᠠᠴᠠ ᠪᠣᠯᠵᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠤᠬᠢᠷᠠᠭᠤᠯᠤᠭᠰᠠᠨ ᠪᠠᠶᠢᠪᠠᠯ᠃    ᠵᠢᠷᠠᠨ ᠨᠠᠶ᠋ᠮᠠᠳᠤᠭᠠᠷ ᠵᠦᠢᠯ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠲᠠᠨ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠵᠦ᠂ ᠬᠠᠷᠠᠬᠠᠨ ᠶᠠᠯ᠎ᠠ ᠳᠤ ᠬᠦᠷᠦᠭᠡᠳᠦᠶ ᠪᠣᠯ ᠬᠠᠤᠯᠢ ᠶᠣᠰᠣᠭᠠᠷ ᠰᠢᠳᠬᠡᠯ ᠥᠭᠬᠦ ᠬᠡᠷᠡᠭᠲᠡᠶ᠃    ᠵᠢᠷᠠ ᠶᠢᠰᠦᠳᠦᠭᠡᠷ ᠵᠦᠢᠯ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠭᠤᠯᠤᠮᠵᠢ ᠠᠴᠠ ᠲᠣᠮᠢᠯᠠᠭᠰᠠᠨ ᠬᠤᠪᠢ ᠣᠷᠣᠭᠤᠯᠤᠭᠴᠢ ᠶᠢᠨ ᠲᠥᠯᠥᠭᠡᠯᠡᠭᠴᠢ ᠲᠣᠮᠢᠯᠠᠭᠰᠠᠨ ᠪᠠᠶᠢᠭᠤᠯᠤᠮᠵᠢ ᠶᠢᠨ ᠵᠢᠭᠠᠪᠤᠷᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠶ ᠠᠴᠠ ᠪᠣᠯᠵᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠤᠬᠢᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ︔ ᠤᠯᠤᠰ ᠤᠨ ᠠᠵᠢᠯᠲᠠᠨ ᠳᠤ ᠬᠠᠷᠢᠶᠠᠯᠠᠭᠳᠠᠪᠠᠯ᠂ ᠬᠠᠤᠯᠢ ᠶᠣᠰᠣᠭᠠᠷ ᠰᠢᠳᠬᠡᠯ ᠥᠭᠬᠦ ᠬᠡᠷᠡᠭᠲᠡᠶ᠃    ᠳᠠᠯᠠᠳᠤᠭᠠᠷ ᠵᠦᠶᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠳᠠᠬᠢ ᠤᠯᠤᠰ ᠤᠨ ᠥᠮᠴᠢᠯᠡᠯᠳᠦ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠢᠯᠠᠯ᠂ ᠤᠯᠤᠰ ᠤᠨ ᠥᠮᠴᠢᠯᠡᠯᠳᠦ ᠲᠤᠰᠠᠭᠠᠷ ᠪᠡᠯᠡ ᠣᠷᠣᠭᠤᠯᠤᠯᠲᠠ ᠶᠢᠨ ᠭᠦᠩᠰᠧ ᠨᠢ ᠤᠯᠤᠰ ᠤᠨ ᠥᠮᠴᠢᠯᠡᠯᠳᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠢᠭᠤᠯᠤᠮᠵᠢ ᠳᠤ ᠡᠳ᠋ ᠤᠨ ᠶᠠᠪᠤᠳᠠᠯ ᠤᠨ ᠪᠠᠢᠳᠠᠯ᠂ ᠦᠶᠢᠯᠡᠳᠪᠦᠷᠢᠯᠡᠯ ᠡᠵᠡᠩᠨᠡᠯᠲᠡ ᠶᠢᠨ ᠪᠠᠢᠳᠠᠯ ᠪᠠ ᠤᠯᠤᠰ ᠤᠨ ᠥᠮᠴᠢᠯᠡᠯᠳᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠦᠭᠰᠡᠨ ᠪᠠᠢᠳᠠᠯ ᠢᠶᠠᠨ ᠲᠣᠭᠲᠠᠭᠠᠯ ᠶᠣᠰᠣᠭᠠᠷ ᠮᠡᠳᠡᠭᠦᠯᠦᠭᠰᠡᠨ ᠦᠭᠡᠢ ᠪᠠᠢᠪᠠᠯ ᠰᠡᠷᠡᠮᠵᠢ ᠥᠭᠭᠦᠨ᠎ᠡ︔ ᠦᠶᠢᠯᠡ ᠪᠠᠢᠳᠠᠯ ᠨᠢ ᠬᠦᠨᠳᠦ ᠨᠣᠴᠢᠲᠠᠢ ᠪᠣᠯ᠂ ᠰᠢᠭᠤᠳ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠠᠵᠢᠯᠲᠠᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠠᠵᠢᠯᠲᠠᠨ ᠳᠤ ᠬᠠᠤᠯᠢ ᠶᠣᠰᠣᠭᠠᠷ ᠰᠠᠬᠢᠯᠭ᠎ᠠ ᠪᠠᠲᠤ ᠶᠢᠨ ᠰᠢᠳᠭᠡᠯ ᠥᠭᠭᠦᠨ᠎ᠡ    ᠳᠠᠯᠠᠨ ᠨᠢᠭᠡᠳᠦᠭᠡᠷ ᠵᠦᠶᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠤᠨ ᠬᠡᠷᠡᠭ ᠮᠡᠳᠡᠭᠴᠢ᠂ ᠬᠡᠷᠡᠭ ᠮᠡᠳᠡᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠳᠤ ᠳᠣᠣᠷ᠎ᠠ ᠵᠢᠭᠰᠠᠭᠠᠭᠰᠠᠨ ᠦᠶᠢᠯᠡ ᠠᠵᠢᠯᠯᠠᠭ᠎ᠠ ᠶᠢᠨ ᠨᠢᠭᠡ ᠶᠢ ᠬᠢᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠪᠠᠢᠪᠠᠯ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ︔ ᠤᠯᠤᠰ ᠤᠨ ᠠᠵᠢᠯᠲᠠᠨ ᠳᠤ ᠲᠣᠭᠠᠴᠢᠭᠳᠠᠪᠠᠯ ᠬᠠᠤᠯᠢ ᠶᠣᠰᠣᠭᠠᠷ ᠰᠢᠳᠭᠡᠯ ᠥᠭᠭᠦᠨ᠎ᠡ :    ︵ᠨᠢᠭᠡ︶ ᠡᠷᠬᠡ ᠲᠤᠰᠢᠶᠠᠯ ᠢᠶᠠᠨ ᠠᠰᠢᠭᠯᠠᠨ ᠬᠡᠭᠡᠯᠢ ᠢᠳᠡᠭᠰᠡᠨ ᠪᠤᠶᠤ ᠪᠤᠰᠤᠳ ᠬᠠᠤᠯᠢ ᠪᠤᠰᠤ ᠣᠷᠣᠯᠭ᠎ᠠ ᠣᠯᠤᠭᠰᠠᠨ ᠪᠠ ᠵᠣᠬᠢᠰ ᠦᠭᠡᠢ ᠠᠰᠢᠭ ᠣᠯᠤᠭᠰᠠᠨ ᠪᠠᠶᠢᠪᠠᠯ︔ ︵ᠬᠤᠶᠠᠷ︶ ᠠᠵᠤ ᠠᠬᠤᠶᠢᠯᠠᠯ ᠤᠨ ᠡᠳ᠋ ᠬᠥᠷᠥᠩᠭᠡ ᠶᠢ ᠡᠵᠡᠯᠡᠨ ᠠᠪᠤᠭᠰᠠᠨ᠂ ᠨᠡᠭᠦᠯᠭᠡᠨ ᠬᠡᠷᠡᠭᠯᠡᠭᠰᠡᠨ᠃    ︵ᠭᠤᠷᠪᠠ︶ ᠠᠵᠤ ᠠᠬᠤᠶᠢᠯᠠᠯ ᠤᠨ ᠳᠦᠷᠢᠮ ᠢ ᠥᠭᠡᠷᠡᠴᠢᠯᠡᠬᠦ᠂ ᠡᠳ᠋ ᠬᠥᠷᠥᠩᠭᠡ ᠶᠢ ᠰᠢᠯᠵᠢᠭᠦᠯᠦᠨ ᠥᠭᠬᠦ ᠵᠡᠷᠭᠡ ᠶᠠᠪᠤᠴᠠ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠭᠤᠤᠯᠴᠢ ᠪᠠᠷ ᠠᠷᠠᠯᠵᠢᠶᠠᠯᠠᠬᠤ ᠳᠦᠷᠢᠮ ᠢ ᠵᠥᠷᠢᠴᠡᠵᠦ᠂ ᠠᠵᠤ ᠠᠬᠤᠶᠢᠯᠠᠯ ᠤᠨ ᠡᠳ᠋ ᠬᠥᠷᠥᠩᠭᠡ ᠶᠢ ᠳᠣᠤᠷ᠎ᠠ ᠦᠨ᠎ᠡ ᠪᠠᠷ ᠰᠢᠯᠵᠢᠭᠦᠯᠦᠨ ᠥᠭᠴᠦ᠂ ᠳᠣᠤᠷ᠎ᠠ ᠦᠨ᠎ᠡ ᠪᠠᠷ ᠰᠲ᠋ᠣᠺ ᠢ ᠨᠤᠭᠤᠯᠤᠨ ᠪᠣᠳᠣᠭᠰᠠᠨ    ︵ᠲᠦᠷᠪᠡ︶ ᠲᠤᠰ ᠬᠠᠤᠯᠢ ᠶᠢᠨ ᠲᠣᠭᠲᠠᠭᠠᠯ ᠢ ᠵᠥᠷᠢᠴᠡᠨ ᠲᠤᠰ ᠠᠵᠤ ᠠᠬᠤᠢᠯᠠᠯ ᠲᠠᠢ ᠠᠷᠠᠯᠵᠢᠶ᠎ᠠ ᠬᠢᠭᠰᠡᠨ︔    ︵ᠲᠠᠪᠤ︶ ᠡᠳ᠋ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ᠂ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ ᠲᠤ ᠬᠤᠯᠪᠣᠭᠳᠠᠯ ᠪᠦᠬᠦᠢ ᠪᠠᠶᠢᠳᠠᠯ ᠪᠠ ᠮᠠᠲ᠋ᠧᠷᠢᠶᠠᠯ ᠢ ᠦᠨᠡᠨ ᠮᠥᠨ ᠢᠶᠠᠷ ᠨᠢ ᠬᠠᠩᠭᠠᠭᠰᠠᠨ ᠦᠭᠡᠶ ᠪᠤᠶᠤ ᠡᠳ᠋ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ᠂ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ ᠯᠤᠭ᠎ᠠ ᠰᠦᠯᠪᠡᠭᠡᠯᠡᠨ ᠬᠤᠳᠠᠯ ᠬᠠᠭᠤᠷᠮᠠᠭ ᠡᠳ᠋ ᠬᠥᠷᠥᠩᠭᠡ ᠶᠢ ᠦᠨᠡᠯᠡᠨ ᠵᠢᠱᠢᠭᠰᠡᠨ ᠮᠡᠳᠡᠭᠦᠯᠦᠯᠲᠡ ᠪᠠ ᠬᠢᠨᠠᠨ ᠪᠣᠳᠣᠭᠰᠠᠨ ᠮᠡᠳᠡᠭᠦᠯᠦᠯᠲᠡ ᠭᠠᠷᠭᠠᠭᠰᠠᠨ ᠪᠠᠶᠢᠪᠠᠯ︔    ︵ᠵᠢᠷᠭᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠠᠵᠤ ᠠᠬᠤᠶᠢᠯᠠᠯ ᠤᠨ ᠳᠦᠷᠢᠮ ᠳᠤ ᠲᠣᠭᠲᠠᠭᠠᠭᠰᠠᠨ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠠᠴᠠ ᠵᠥᠷᠢᠴᠡᠵᠦ᠂ ᠠᠵᠤ ᠠᠬᠤᠶᠢᠯᠠᠯ ᠤᠨ ᠴᠢᠬᠤᠯᠠ ᠶᠡᠭᠡ ᠤᠴᠢᠷ ᠶᠠᠪᠤᠳᠠᠯ ᠢ ᠲᠣᠭᠲᠠᠭᠠᠭᠰᠠᠨ᠃    ︵ᠳᠤᠯᠤᠭ᠎ᠠ︶ ᠬᠠᠤᠯᠢ ᠲᠣᠭᠲᠠᠭᠠᠮᠵᠢ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠠᠵᠤ ᠠᠬᠤᠶᠢᠯᠠᠯ ᠤᠨ ᠳᠦᠷᠢᠮ ᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠬᠢᠭᠰᠡᠨ ᠪᠠᠶᠢᠪᠠᠯ᠃ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠤᠨ ᠬᠡᠷᠡᠭ ᠮᠡᠳᠡᠭᠴᠢ᠂ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠡᠮᠦᠨᠡᠬᠢ ᠵᠤᠷᠪᠤᠰ ᠲᠤ ᠵᠢᠭᠰᠠᠭᠠᠭᠰᠠᠨ ᠦᠢᠯᠡ ᠠᠵᠢᠯᠯᠠᠭ᠎ᠠ ᠠᠴᠠ ᠪᠣᠯᠵᠤ ᠣᠯᠤᠭᠰᠠᠨ ᠣᠷᠣᠯᠭ᠎ᠠ ᠶᠢ ᠬᠠᠤᠯᠢ ᠶᠣᠰᠣᠭᠠᠷ ᠨᠡᠬᠡᠮᠵᠢᠯᠡᠨ ᠲᠤᠰᠢᠶᠠᠯᠭᠠᠬᠤ ᠪᠤᠶᠤ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠳᠤ ᠥᠮᠴᠢᠯᠡᠭᠦᠯᠦᠨ᠎ᠡ᠃ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠪᠠᠶᠢᠭᠤᠯᠤᠮᠵᠢ ᠠᠴᠠ ᠲᠣᠮᠢᠯᠠᠭᠰᠠᠨ ᠪᠤᠶᠤ ᠲᠤᠰᠢᠶᠠᠯ ᠳᠤ ᠲᠣᠮᠢᠯᠠᠭᠰᠠᠨ ᠬᠡᠷᠡᠭ ᠬᠠᠮᠢᠶᠠᠷᠤᠭᠴᠢ᠂ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠲᠤᠰ ᠵᠦᠢᠯ ᠤᠨ ᠨᠢᠭᠡᠳᠦᠭᠡᠷ ᠵᠤᠷᠪᠤᠰ ᠲᠤ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠣᠯ᠂ ᠵᠣᠭᠤᠰ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠪᠠᠶᠢᠭᠤᠯᠤᠮᠵᠢ ᠠᠴᠠ ᠬᠠᠤᠯᠢ ᠶᠣᠰᠣᠭᠠᠷ ᠲᠤᠰᠢᠶᠠᠯ ᠠᠴᠠ ᠨᠢ ᠪᠠᠭᠤᠯᠭᠠᠬᠤ ᠪᠤᠶᠤ ᠲᠤᠰᠢᠶᠠᠯ ᠠᠴᠠ ᠨᠢ ᠪᠠᠭᠤᠯᠭᠠᠬᠤ ᠰᠠᠨᠠᠭᠤᠯᠭ᠎ᠠ ᠳᠤᠷᠠᠳᠬᠤ ᠬᠡᠷᠡᠭᠲᠡᠶ᠃    ᠳᠠᠯᠠᠨ ᠬᠤᠶᠠᠳᠤᠭᠠᠷ ᠵᠦᠢᠯ ᠬᠤᠯᠪᠣᠭᠳᠠᠯ ᠪᠦᠬᠦᠢ ᠲᠠᠯ᠎ᠠ ᠶᠢᠨ ᠠᠷᠠᠯᠵᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠯᠵᠢᠭᠦᠯᠦᠨ ᠥᠭᠬᠦ ᠵᠡᠷᠭᠡ ᠠᠷᠠᠯᠵᠢᠶᠠᠨ ᠤ ᠠᠵᠢᠯᠯᠠᠭ᠎ᠠ ᠳᠤ ᠲᠤᠬᠠᠶᠢᠲᠠᠶ ᠬᠥᠮᠦᠨ ᠨᠢ ᠮᠠᠭᠤ ᠰᠠᠨᠠᠭ᠎ᠠ ᠲᠠᠢ ᠪᠠᠷ ᠰᠦᠯᠪᠡᠭᠡᠯᠡᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠷᠬᠡ ᠠᠰᠢᠭ ᠢ ᠬᠤᠬᠢᠷᠠᠭᠤᠯᠤᠭᠰᠠᠨ ᠪᠠᠶᠢᠪᠠᠯ᠂ ᠲᠤᠰ ᠠᠷᠠᠯᠵᠢᠶ᠎ᠠ ᠶᠢᠨ ᠦᠢᠯᠡ ᠠᠵᠢᠯᠯᠠᠭ᠎ᠠ ᠨᠢ ᠬᠦᠴᠦᠨ ᠦᠭᠡᠶ᠃    ᠳᠠᠯᠠᠨ ᠭᠤᠷᠪᠠᠳᠤᠭᠠᠷ ᠵᠦᠢᠯ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ ᠬᠥᠷᠥᠩᠭᠡ ᠶᠢᠨ ᠬᠤᠪᠢ ᠡᠵᠡᠮᠳᠡᠬᠦ ᠺᠣᠮᠫᠠᠨᠢ ᠶᠢᠨ ᠬᠡᠷᠡᠭ ᠮᠡᠳᠡᠭᠴᠢ᠂ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠦᠨᠳᠦ ᠶᠡᠭᠡ ᠬᠤᠬᠢᠷᠠᠯ ᠤᠴᠠᠷᠠᠭᠤᠯᠵᠤ᠂ ᠲᠤᠰᠢᠶᠠᠯ ᠠᠴᠠ ᠨᠢ ᠪᠠᠭᠤᠯᠭᠠᠭᠳᠠᠭᠰᠠᠨ ᠡᠳᠦᠷ ᠠᠴᠠ ᠡᠬᠢᠯᠡᠨ ᠲᠠᠪᠤᠨ ᠵᠢᠯ ᠤᠨ ᠳᠣᠲᠣᠷ᠎ᠠ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ ᠬᠥᠷᠥᠩᠭᠡ ᠶᠢᠨ ᠬᠤᠪᠢ ᠣᠷᠣᠭᠤᠯᠤᠯᠲᠠ ᠶᠢ ᠡᠷᠬᠡᠰᠢᠶᠡᠬᠦ ᠺᠣᠮᠫᠠᠨᠢ ᠶᠢᠨ ᠬᠡᠷᠡᠭ ᠮᠡᠳᠡᠭᠴᠢ᠂ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠪᠣᠯᠵᠤ ᠪᠣᠯᠬᠤ ᠦᠭᠡᠶᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠣᠨᠴᠣᠭᠤᠶ ᠬᠦᠨᠳᠦ ᠶᠡᠭᠡ ᠬᠤᠬᠢᠷᠠᠯ ᠤᠴᠠᠷᠠᠭᠤᠯᠵᠤ᠂ ᠡᠰᠡᠬᠦᠯ᠎ᠡ ᠡᠳ᠋ ᠬᠥᠷᠥᠩᠭᠡ ᠶᠢ ᠱᠠᠮᠰᠢᠵᠤ᠂ ᠬᠡᠭᠡᠯᠢ ᠬᠠᠭ᠋ᠤᠤᠯᠢ ᠢᠳᠡᠭᠰᠡᠨ᠂ ᠡᠳ᠋ ᠬᠥᠷᠥᠩᠭᠡ ᠶᠢ ᠡᠵᠡᠯᠡᠭᠰᠡᠨ᠂ ᠡᠳ᠋ ᠬᠥᠷᠥᠩᠭᠡ ᠶᠢ ᠨᠡᠭᠦᠯᠭᠡᠨ ᠬᠡᠷᠡᠭᠯᠡᠭᠰᠡᠨ ᠪᠤᠶᠤ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠡᠪᠳᠡᠭᠰᠡᠨ ᠡᠷᠡᠭᠦᠦ ᠰᠢᠳᠬᠡᠯ ᠣᠯᠤᠭᠰᠠᠨ ᠠᠴᠠ ᠪᠣᠯᠵᠤ ᠨᠠᠰᠤᠨ ᠲᠤᠷᠰᠢᠳᠠ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ ᠬᠥᠷᠥᠩᠭᠡ ᠶᠢᠨ ᠬᠤᠪᠢ ᠡᠵᠡᠮᠳᠡᠭᠰᠡᠨ ᠺᠣᠮᠫᠠᠨᠢ ᠶᠢᠨ ᠬᠡᠷᠡᠭ ᠮᠡᠳᠡᠭᠴᠢ᠂ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠪᠣᠯᠭᠠᠵᠤ ᠪᠣᠯᠬᠤ ᠦᠭᠡᠶ᠃    ᠳᠠᠯᠠᠨ ᠳᠥᠷᠪᠡᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠠᠷᠪᠠᠨ ᠭᠤᠷᠪᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ    ᠳᠠᠯᠠᠨ ᠲᠠᠪᠤᠳᠤᠭᠠᠷ ᠵᠦᠢᠯ ᠺᠣᠮᠫᠠᠨᠢ ᠶᠢᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠡᠷᠬᠡ ᠪᠠ ᠡᠭᠦᠷᠭᠡ ᠵᠡᠷᠭᠡ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    ᠳᠠᠯᠠᠨ ᠵᠢᠷᠭᠤᠳᠤᠭᠠᠷ ᠵᠦᠢᠯ ᠺᠣᠮᠫᠠᠨᠢ ᠳᠠᠬᠢ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠢᠭᠤᠯᠤᠯᠲᠠ᠂ ᠠᠵᠢᠯᠴᠢᠨ ᠤ ᠡᠪᠯᠡᠯ ᠤᠨ ᠵᠣᠬᠢᠶᠠᠨ ᠪᠠᠢᠭᠤᠯᠤᠯᠲᠠ ᠨᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠂ ︽ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    ᠳᠠᠯᠠᠨ ᠳᠣᠯᠣᠳᠤᠭᠠᠷ ᠵᠦᠢᠯ ᠲᠤᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠲᠤᠰ ᠰᠢᠶᠠᠨ ᠤ ᠲᠣᠭᠲᠠᠭᠠᠭᠰᠠᠨ ᠬᠤᠯᠪᠣᠭᠳᠠᠯ ᠪᠦᠬᠦᠢ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ᠨᠢ ᠲᠤᠰ ᠠᠷᠭ᠎ᠠ ᠯᠤᠭ᠎ᠠ ᠨᠢᠭᠡᠳᠦᠯ ᠦᠭᠡᠶ ᠪᠠᠶᠢᠪᠠᠯ᠂ ᠲᠤᠰ ᠠᠷᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃ ᠲᠣᠰ ᠠᠷᠭ᠎ᠠ ᠶᠢᠨ ᠪᠡᠶᠡᠯᠡᠭᠦᠯᠵᠦ ᠳᠠᠭᠤᠰᠤᠭᠠᠳᠤᠶ ᠤᠴᠢᠷ ᠶᠠᠪᠤᠳᠠᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠂ ᠲᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠶᠣᠰᠣᠭᠠᠷ ᠬᠡᠷᠡᠭᠵᠢᠭᠦᠯᠦᠨ᠎ᠡ᠃    ᠳᠠᠯᠠᠨ ᠨᠠᠢᠮᠠᠳᠤᠭᠠᠷ ᠵᠦᠢᠯ ᠲᠤᠰ ᠠᠷᠭ᠎ᠠ ᠶᠢ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠨ᠎ᠠ᠃    ᠳᠠᠯᠠ ᠶᠢᠰᠦᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2