ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠯ ᠢ ᠪᠠᠶᠢᠭᠤᠯᠤᠨ ᠲᠡᠭᠦᠯᠳᠡᠷᠵᠢᠭᠦᠯᠵᠦ᠂ ᠰᠢᠶᠠᠨ ᠤ ᠬᠠᠷᠢᠶ᠎ᠠ ᠠᠵᠤ ᠠᠬᠤᠶᠢᠯᠠᠯ ᠤᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ | ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠤᠯᠢ︾᠂ ︽ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠤᠨ | ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠣᠨᠴᠠᠭᠠᠶᠢᠯᠠᠨ ᠲᠣᠰ | ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠲᠤᠰ ᠰᠢᠶᠠᠨ ᠤ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ︵᠄ | ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠲᠤᠰᠠᠭᠠᠷ | ᠪᠡᠯᠡ ᠶᠢᠨ ᠺᠣᠮᠫᠠᠨᠢ ᠪᠠᠭᠲᠠᠨ᠎ᠠ︶ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠳᠤ | ᠬᠡᠷᠡᠭᠯᠡᠭᠳᠡᠨ᠎ᠡ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ | ᠡᠳ᠋ ᠬᠥᠷᠥᠩᠭᠡ ᠭᠡᠳᠡᠭ ᠨᠢ᠂ ᠤᠯᠤᠰ ᠠᠴᠠ ᠠᠵᠤ ᠠᠬᠤᠶᠢᠯᠠᠯ ᠤᠨ ᠡᠯ᠎ᠡ ᠵᠦᠢᠯ ᠤᠨ ᠬᠡᠯᠪᠡᠷᠢ ᠶᠢᠨ ᠪᠡᠯᠡ ᠭᠠᠷᠭᠠᠬᠤ | ᠪᠠ ᠪᠡᠯᠡ ᠭᠠᠷᠭᠠᠬᠤ ᠳᠤ ᠪᠤᠶ ᠪᠣᠯᠤᠭᠰᠠᠨ ᠡᠷᠬᠡ ᠠᠰᠢᠭ᠂ ᠵᠢᠴᠢ ᠬᠠᠤᠯᠢ ᠶᠣᠰᠣᠭᠠᠷ ᠤᠯᠤᠰ ᠤᠨ ᠥᠮᠴᠢᠯᠡᠯ ᠢᠶᠠᠷ | ᠦᠨᠡᠮᠰᠢᠭᠰᠡᠨ ᠪᠤᠰᠤᠳ ᠡᠷᠬᠡ ᠠᠰᠢᠭ ᠢ ᠵᠢᠭᠠᠵᠤ ᠪᠤᠶ᠃ | ᠳᠥᠷᠪᠡᠳᠦᠭᠡᠷ ᠵᠦᠢᠯ ᠠᠵᠤ ᠠᠬᠤᠢ ᠶᠢᠨ ᠨᠢᠭᠡᠴᠡ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠨᠢ | ᠤᠯᠤᠰ ᠤᠨ ᠥᠮᠴᠢᠯᠡᠯ ᠳᠤ ᠬᠠᠷᠢᠶᠠᠯᠠᠭᠳᠠᠨ᠎ᠠ᠃ ᠰᠢᠶᠠᠨ ᠤ ᠠᠷᠠᠳ ᠤᠨ ᠵᠠᠰᠠᠭ ᠤᠨ ᠣᠷᠳᠣᠨ ᠤᠯᠤᠰ ᠢ | ᠲᠥᠯᠥᠭᠡᠯᠡᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠥᠮᠴᠢᠯᠡᠭᠴᠢ ᠶᠢᠨ ᠡᠷᠬᠡ | ᠠᠰᠢᠭ ᠢ ᠡᠳ᠋ᠯᠡᠵᠦ᠂ ᠡᠷᠬᠡ᠂ ᠡᠭᠦᠷᠭᠡ ᠪᠠ ᠬᠠᠷᠢᠭᠤᠴᠠᠯᠭ᠎ᠠ ᠶᠢ ᠬᠠᠷᠢᠯᠴᠠᠨ ᠨᠢᠭᠡᠳᠬᠡᠬᠦ᠂ ᠡᠳ᠋ ᠬᠦᠷᠦᠩᠭᠡ ᠶᠢ | ᠬᠠᠮᠢᠶᠠᠷᠬᠤ᠂ ᠬᠥᠮᠦᠨ ᠢ ᠬᠠᠮᠢᠶᠠᠷᠬᠤ ᠪᠠ ᠬᠡᠷᠡᠭ ᠶᠠᠪᠤᠳᠠᠯ ᠢ ᠬᠠᠮᠢᠶᠠᠷᠬᠤ ᠶᠢ ᠬᠠᠷᠢᠯᠴᠠᠨ ᠤᠶᠠᠯᠳᠤᠭᠤᠯᠤᠭᠰᠠᠨ | ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠢ ᠬᠡᠷᠡᠭᠵᠢᠭᠦᠯᠦᠨ᠎ᠡ᠃ | ᠲᠠᠪᠤᠳᠤᠭᠠᠷ ᠵᠦᠶᠢᠯ ᠵᠠᠰᠠᠭ ᠠᠵᠤ ᠠᠬᠤᠢᠯᠠᠯ ᠢ ᠰᠠᠯᠭᠠᠬᠤ ᠵᠠᠷᠴᠢᠮ ᠶᠣᠰᠣᠭᠠᠷ᠂ ᠤᠯᠤᠰ ᠠᠴᠠ ᠪᠡᠯᠡ | ᠭᠠᠷᠭᠠᠭᠰᠠᠨ ᠠᠵᠤ ᠠᠬᠤᠢᠯᠠᠯ ᠨᠢ ᠬᠤᠯᠪᠣᠭᠳᠠᠯ ᠪᠥᠬᠦᠶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠳᠤ ᠲᠣᠭᠲᠠᠭᠠᠭᠰᠠᠨ ᠠᠵᠤ ᠠᠬᠤᠢᠯᠠᠯ ᠤᠨ ᠡᠵᠡᠩᠨᠡᠯᠲᠡ ᠶᠢᠨ ᠡᠵᠡᠨ ᠮᠡᠳᠡᠬᠦ ᠡᠷᠬᠡ ᠶᠢ ᠬᠦᠷᠲᠡᠵᠦ᠂ | ᠰᠢᠶᠠᠨ ᠤ ᠠᠷᠠᠳ ᠤᠨ ᠵᠠᠰᠠᠭ ᠤᠨ ᠣᠷᠳᠣᠨ ᠨᠢ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠤᠨ ᠬᠠᠤᠯᠢ | ᠶᠣᠰᠣᠭᠠᠷ ᠦᠶᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠳᠠᠮᠵᠢᠨ᠎ᠠ | ᠵᠢᠷᠭᠤᠳᠤᠭᠠᠷ ᠵᠦᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠨᠢ ᠠᠵᠤ ᠠᠬᠤᠶ ᠶᠢᠨ ᠦᠷ᠎ᠡ | ᠠᠰᠢᠭ ᠢᠶᠠᠨ ᠴᠢᠷᠮᠠᠶᠢᠨ ᠳᠡᠭᠡᠭᠰᠢᠯᠡᠭᠦᠯᠵᠦ᠂ ᠡᠵᠡᠩᠨᠡᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ | ᠥᠮᠴᠢᠯᠡᠯᠲᠦ ᠡᠳ᠋ ᠬᠥᠷᠥᠩᠭᠡ ᠳᠡᠭᠡᠨ ᠥᠷᠲᠡᠭ ᠢ ᠪᠠᠲᠤᠯᠠᠨ ᠨᠡᠮᠡᠭᠳᠡᠭᠦᠯᠬᠦ ᠬᠠᠷᠢᠭᠤᠴᠠᠯᠭ᠎ᠠ ᠶᠢ ᠡᠭᠦᠷᠭᠡᠯᠡᠬᠦ ᠶᠢᠨ | ᠬᠠᠮᠲᠤ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠬᠠᠤᠯᠢ ᠶᠣᠰᠣᠭᠠᠷ ᠬᠡᠷᠡᠭᠵᠢᠭᠦᠯᠵᠦ ᠪᠠᠶᠢᠭ᠎ᠠ ᠬᠢᠨᠠᠯᠲᠠ ᠬᠠᠮᠢᠶᠠᠷᠤᠯᠲᠠ ᠶᠢ ᠬᠦᠯᠢᠶᠡᠵᠦ᠂ ᠠᠵᠤ | ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠮᠴᠢᠯᠡᠭᠴᠢ ᠶᠢᠨ ᠬᠠᠤᠯᠢ ᠶᠣᠰᠣᠨ ᠤ ᠡᠷᠬᠡ | ᠠᠰᠢᠭ ᠢ ᠬᠤᠬᠢᠷᠠᠭᠤᠯᠵᠤ ᠪᠣᠯᠬᠤ ᠦᠭᠡᠶ᠃ | ᠳᠣᠯᠣᠳᠤᠭᠠᠷ ᠵᠦᠢᠯ ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠤᠯᠤᠰ ᠠᠴᠠ ᠪᠡᠯᠡ ᠭᠠᠷᠭᠠᠭᠰᠠᠨ ᠠᠵᠤ | ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ | ᠪᠠ ᠵᠠᠭᠠᠯᠳᠤᠬᠤ ᠡᠷᠬᠡ ᠲᠠᠢ᠃ | ᠬᠤᠶᠠᠳᠤᠭᠠᠷ ᠪᠦᠯᠦᠭ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ | ᠨᠠᠢᠮᠠᠳᠤᠭᠠᠷ ᠵᠦᠢᠯ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ︵ᠰᠢᠶᠠᠨ ᠤ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠭᠡᠵᠦ ᠲᠣᠪᠴᠢᠯᠠᠨ᠎ᠠ︶ ᠪᠣᠯ ᠰᠢᠶᠠᠨ ᠤ ᠵᠠᠰᠠᠭ ᠤᠨ | ᠣᠷᠳᠣᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠵᠤ ᠪᠠᠶᠢᠭ᠎ᠠ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠮᠥᠨ᠂ ᠲᠣᠰ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠡᠮᠦᠨ᠎ᠡ ᠠᠴᠠ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠳᠤ ᠪᠡᠯᠡ ᠭᠠᠷᠭᠠᠭᠴᠢ ᠶᠢᠨ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠨ᠎ᠡ᠃ ᠳᠡᠭᠡᠳᠦ ᠱᠠᠲᠤᠨ ᠤ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ ᠠᠴᠠ ᠳᠣᠤᠷᠠᠳᠤ ᠱᠠᠲᠤᠨ ᠤ ᠵᠠᠰᠠᠭ ᠤᠨ ᠣᠷᠳᠣᠨ ᠤ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠠᠵᠢᠯ ᠢ ᠬᠠᠤᠯᠢ ᠶᠣᠰᠣᠭᠠᠷ ᠵᠢᠭᠠᠨ ᠵᠢᠯᠣᠭᠤᠳᠬᠤ ᠪᠠ | ᠬᠢᠨᠠᠯᠲᠠ ᠲᠠᠯᠪᠢᠬᠤ ᠬᠡᠷᠡᠭᠲᠡᠶ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠬᠡᠷᠡᠭᠴᠡᠭᠡ ᠪᠠᠨ ᠦᠨᠳᠦᠰᠦᠯᠡᠨ ᠪᠤᠰᠤᠳ ᠪᠠᠶᠢᠭᠤᠯᠤᠮᠵᠢ ︵ᠰᠠᠯᠠᠭ᠎ᠠ ᠮᠥᠴᠢᠷ ᠪᠠᠭᠲᠠᠨ᠎ᠠ᠂ ᠳᠣᠷᠣᠭᠰᠢ ᠠᠳᠠᠯᠢ︶ ᠳᠤ | ᠡᠷᠬᠡ ᠣᠯᠭᠤᠵᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠨ ᠲᠥᠯᠥᠭᠡᠯᠡᠵᠦ᠂ ᠤᠯᠤᠰ ᠠᠴᠠ ᠪᠡᠯᠡ | ᠭᠠᠷᠭᠠᠭᠰᠠᠨ ᠣᠨᠴᠠ ᠲᠣᠭᠲᠠᠭᠰᠠᠨ ᠠᠵᠤ ᠠᠬᠤᠶᠢᠯᠠᠯ ᠳᠤ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ ᠪᠣᠯᠤᠨ᠎ᠠ᠃ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠤᠯᠤᠰ ᠠᠴᠠ ᠪᠡᠯᠡ ᠭᠠᠷᠭᠠᠭᠰᠠᠨ ᠠᠵᠤ | ᠠᠬᠤᠶᠢᠯᠠᠯ ᠤᠨ ᠠᠵᠢᠯ ᠲᠥᠷᠥᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠨᠠᠶᠢᠳᠠᠵᠤ ᠤᠯᠤᠰ ᠠᠴᠠ ᠪᠡᠯᠡ | ᠭᠠᠷᠭᠠᠭᠰᠠᠨ ᠠᠵᠤ ᠠᠬᠤᠶᠢᠯᠠᠯ ᠳᠤ ᠡᠳᠦᠷ ᠲᠤᠲᠤᠮ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠣᠯᠤᠨ᠎ᠠ᠃ ᠪᠡᠯᠡ ᠭᠠᠷᠭᠠᠭᠴᠢ ᠶᠢᠨ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠬᠦ ᠪᠠᠶᠢᠭᠤᠯᠤᠮᠵᠢ ᠨᠢ ᠪᠡᠯᠡ ᠭᠠᠷᠭᠠᠭᠴᠢ ᠶᠢᠨ ᠬᠡᠰᠡᠭ ᠡᠭᠦᠷᠭᠡ ᠬᠠᠷᠢᠭᠤᠴᠠᠯᠭ᠎ᠠ ᠶᠢ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠠᠶᠢᠭᠤᠯᠤᠮᠵᠢ ᠳᠤ ᠨᠠᠶᠢᠳᠠᠨ ᠭᠦᠢᠴᠡᠳᠬᠡᠯᠭᠡᠵᠦ ᠪᠣᠯᠤᠨ᠎ᠠ᠃ ᠬᠡᠰᠡᠭ ᠪᠡᠯᠡ | ᠭᠠᠷᠭᠠᠭᠴᠢ ᠳᠤ ᠨᠠᠶᠢᠳᠠᠵᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠯᠭᠡᠪᠡᠯ᠂ ᠪᠢᠴᠢᠭᠯᠡᠭᠰᠡᠨ ᠵᠥᠪᠯᠡᠯᠴᠡᠭᠡᠷ | ᠲᠣᠭᠲᠠᠵᠤ᠂ ᠨᠠᠶᠢᠳᠠᠭᠰᠠᠨ ᠵᠦᠢᠯᠡᠰ᠂ ᠬᠤᠭᠤᠴᠠᠭ᠎ᠠ ᠬᠢᠵᠠᠭᠠᠷ ᠪᠣᠯᠤᠨ ᠲᠤᠰ ᠲᠤᠰ ᠤᠨ ᠡᠷᠬᠡ ᠠᠰᠢᠭ᠂ ᠡᠭᠦᠷᠭᠡ᠂ | ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠬᠠᠮᠲᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠠᠭᠠᠨ | ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠶᠢᠰᠦᠳᠦᠭᠡᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠵᠥᠪᠯᠡᠯ ᠤᠨ ᠭᠤᠣᠯ ᠡᠭᠦᠷᠭᠡ | ᠬᠠᠷᠢᠭᠤᠴᠠᠯᠭ᠎ᠠ ᠪᠣᠯ᠄ | ︵ᠨᠢᠭᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠠᠤᠯᠢ︾᠂ ︽ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ | ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠪᠠᠯᠠ ᠭᠠᠷᠭᠠᠭᠰᠠᠨ ᠠᠵᠤ ᠠᠬᠤᠶᠢᠯᠠᠯ ᠤᠨ ᠪᠠᠯᠠ ᠭᠠᠷᠭᠠᠭᠴᠢ ᠶᠢᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠥᠮᠴᠢᠯᠡᠭᠴᠢ ᠶᠢᠨ ᠡᠷᠬᠡ ᠠᠰᠢᠭ ᠢ ᠬᠠᠮᠠᠭᠠᠯᠠᠨ᠎ᠠ︔ | ︵ᠬᠤᠶᠠᠷ︶ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠥᠷᠥ ᠶᠢᠨ | ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ︔ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠰᠠᠭᠤᠷᠢ ᠬᠠᠮᠢᠶᠠᠷᠤᠯᠲᠠ᠂ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠲᠥᠰᠦᠯ ᠢ ᠬᠠᠷᠢᠭᠤᠴᠠᠵᠤ᠂ ᠬᠤᠯᠪᠣᠭᠳᠠᠯ ᠪᠦᠬᠦᠢ | ᠬᠠᠮᠢᠶᠠᠷᠤᠯᠲᠠ ᠶᠢᠨ ᠳᠦᠷᠢᠮ᠂ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ᠂ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠦᠬᠦᠨ ᠢ ᠬᠠᠮᠤᠷᠬᠤ ᠠᠵᠢᠯ ᠢ ᠬᠡᠷᠡᠭᠵᠢᠭᠦᠯᠵᠦ᠂ ᠤᠯᠠᠨ ᠵᠦᠢᠯ ᠤᠨ | ᠬᠡᠯᠪᠡᠷᠢ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠬᠢᠨᠠᠯᠲᠠ ᠲᠠᠯᠪᠢᠬᠤ᠂ ᠬᠠᠮᠢᠶᠠᠷᠬᠤ᠂ ᠡᠵᠡᠩᠨᠡᠬᠦ | ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠦ᠂ ᠪᠦᠬᠦ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠬᠠᠮᠢᠶᠠᠷᠤᠯᠲᠠ ᠪᠠ ᠬᠢᠨᠠᠯᠲᠠ ᠲᠠᠯᠪᠢᠨ᠎ᠠ︔ | ︵ᠭᠤᠷᠪᠠ︶ ᠤᠯᠤᠰ ᠤᠨ ᠥᠮᠴᠢᠯᠡᠯ ᠤᠨ ᠲᠤᠰᠠᠭᠠᠷ ᠪᠡᠯᠡ ᠣᠷᠤᠭᠤᠯᠬᠤ ᠺᠤᠮᠫᠠᠨᠢ ᠶᠢ ᠥᠭᠡᠷᠡᠴᠢᠯᠡᠬᠦ ᠪᠠ | ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠵᠤ᠂ ᠬᠢᠨᠠᠨ ᠬᠠᠮᠢᠶᠠᠷᠤᠭᠰᠠᠨ ᠠᠵᠤ ᠠᠬᠤᠶᠢᠯᠠᠯ ᠤᠳ ᠤᠨ ᠭᠦᠨ᠋ᠰᠤ ᠶᠢᠨ | ᠬᠠᠤᠯᠢ ᠶᠢᠨ ᠬᠥᠮᠥᠨ ᠤ ᠵᠠᠰᠠᠬᠤ ᠪᠦᠲᠦᠴᠡ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠣᠳᠣ ᠦᠶ᠎ᠡ ᠶᠢᠨ ᠠᠵᠤ | ᠠᠬᠤᠶᠢᠯᠠᠯ ᠤᠨ ᠳᠦᠷᠢᠮ ᠢ ᠪᠠᠶᠢᠭᠤᠯᠤᠨ᠎ᠠ︔ ᠥᠪᠡᠷᠲᠡᠭᠡᠨ ᠵᠠᠰᠠᠬᠤ ᠣᠷᠤᠨ᠂ ᠬᠤᠲᠠ᠂ ᠰᠢᠶᠠᠨ ᠤ ᠪᠠᠶᠢᠯᠳᠤᠬᠤ | ᠪᠣᠳᠤᠯᠭ᠎ᠠ ᠶᠢᠨ ᠪᠠᠶᠢᠷᠢᠯᠠᠭᠤᠯᠤᠯᠲᠠ ᠶᠣᠰᠤᠭᠠᠷ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠰᠢᠯ ᠪᠠ | ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠎ᠠ︔ | ︵ᠲᠦᠷᠪᠡ︶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠨᠡᠮᠡᠭᠳᠡᠭᠦᠯᠬᠦ | ᠬᠠᠷᠠᠯᠲᠠᠲᠤ ᠬᠠᠮᠢᠶᠠᠷᠤᠯᠲᠠ᠂ ᠠᠮᠵᠢᠯᠲᠠ ᠪᠦᠲᠦᠮᠵᠢ ᠶᠢ ᠦᠨᠡᠯᠡᠬᠦ ᠬᠢᠨᠠᠨ ᠰᠢᠯᠭᠠᠬᠤ ᠭᠦᠢᠴᠡᠳᠬᠡᠬᠦ ᠲᠣᠭᠠᠨ ᠤ | ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ ᠰᠢᠯᠭᠠᠬᠤ ᠠᠷᠭ᠎ᠠ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠬᠢᠨᠠᠨ ᠰᠢᠯᠭᠠᠭᠰᠠᠨ ᠦᠷ᠎ᠡ ᠳ᠋ᠦᠩ ᠢ ᠨᠢ ᠦᠨᠳᠦᠰᠦᠯᠡᠨ ᠲᠡᠭᠦᠨ ᠢ ᠱᠠᠩᠨᠠᠬᠤ ᠬᠡᠷᠡᠭᠲᠡᠶ | ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠡᠵᠡᠩᠨᠡᠭᠴᠢ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ | ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ | ︵ᠲᠠᠪᠤ︶ ᠲᠤᠭ᠎ᠠ ᠪᠦᠷᠢᠳᠬᠡᠯ᠂ ᠬᠢᠨᠠᠨ ᠪᠤᠳᠤᠬᠤ᠂ ᠬᠠᠷᠭᠤᠭᠤᠯᠤᠨ ᠪᠤᠳᠤᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠦᠭᠰᠡᠨ ᠪᠠᠶᠢᠳᠠᠯ ᠢ ᠬᠢᠨᠠᠨ ᠬᠠᠮᠢᠶᠠᠷᠤᠨ᠎ᠠ︔ ᠬᠢᠨᠠᠨ | ᠬᠠᠷᠭᠤᠭᠤᠯᠬᠤ ᠶᠢᠨ ᠬᠠᠮᠲᠤ ᠵᠠᠰᠠᠭ ᠤᠨ ᠣᠷᠳᠣᠨ ᠳᠤ ᠮᠡᠳᠡᠭᠦᠯᠦᠨ ᠴᠢᠬᠤᠯᠠ ᠶᠡᠭᠡ ᠪᠡᠯᠡ ᠣᠷᠣᠭᠤᠯᠤᠯᠲᠠ ᠶᠢᠨ | ᠲᠥᠷᠥᠯ ᠵᠦᠢᠯ ᠤᠨ ᠲᠥᠯᠥᠪᠯᠡᠭᠡ ᠵᠢᠴᠢ ᠣᠨ ᠤ ᠡᠳ᠋ ᠤᠨ ᠶᠠᠪᠤᠳᠠᠯ ᠤᠨ ᠲᠥᠰᠦᠪ᠂ ᠲᠥᠰᠦᠪ ᠤᠨ | ᠭᠦᠢᠴᠡᠳᠬᠡᠯ ᠤᠨ ᠲᠥᠰᠦᠯ ᠢ ᠵᠥᠪᠰᠢᠶᠡᠷᠡᠨ᠎ᠡ︔ | ︵ᠵᠢᠷᠭᠤᠭ᠎ᠠ︶ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠳᠡᠭᠡᠭᠰᠢ ᠤᠯᠤᠰ ᠤᠨ ᠥᠮᠴᠢᠯᠡᠯᠲᠦ | ᠬᠥᠷᠥᠩᠭᠡ ᠶᠢᠨ ᠠᠰᠢᠭ ᠣᠯᠵᠠᠪᠤᠷᠢ ᠶᠢ ᠬᠠᠷᠢᠭᠤᠴᠠᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ | ᠡᠵᠡᠩᠨᠡᠯᠲᠡ ᠶᠢᠨ ᠲᠥᠰᠦᠪ ᠤᠨ ᠬᠤᠯᠪᠣᠭᠳᠠᠯ ᠪᠦᠬᠦᠢ ᠳᠦᠷᠢᠮ ᠪᠣᠯᠤᠨ ᠠᠷᠭ᠎ᠠ ᠶᠢ ᠲᠣᠭᠲᠠᠭᠠᠬᠤ ᠳᠤ ᠣᠷᠣᠯᠴᠠᠵᠤ᠂ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠦᠪ ᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠵᠡᠷᠭᠡ ᠠᠵᠢᠯ ᠢ ᠬᠠᠷᠢᠭᠤᠴᠠᠬᠤ ᠬᠡᠷᠡᠭᠲᠡᠶ᠃ | ︵ᠳᠤᠯᠤᠭ᠎ᠠ︶ ᠬᠤᠯᠪᠣᠭᠳᠠᠯ ᠪᠦᠬᠦᠢ ᠲᠣᠭᠲᠠᠭᠠᠯ ᠪᠠ ᠵᠢᠷᠤᠮ ᠶᠣᠰᠣᠭᠠᠷ ᠵᠣᠬᠢᠶᠠᠨ ᠪᠠᠶᠢᠭᠤᠯᠬᠤ ᠰᠠᠯᠠᠭ᠎ᠠ | ᠮᠥᠴᠢᠷ ᠯᠦᠭᠡ ᠬᠠᠮᠵᠢᠯᠴᠠᠨ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠶᠢᠨ ᠬᠠᠮᠢᠶᠠᠷᠤᠯᠲᠠ ᠶᠢᠨ | ᠠᠵᠢᠯᠲᠠᠨ ᠢ ᠲᠣᠮᠢᠯᠠᠬᠤ ᠪᠠ ᠪᠠᠭᠤᠯᠭᠠᠬᠤ ᠠᠵᠢᠯ ᠢ ᠰᠠᠶᠢᠲᠤᠷ ᠬᠢᠨ᠎ᠡ︔ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ | ᠠᠵᠤ ᠠᠬᠤᠢ ᠶᠢᠨ ᠪᠠᠶᠢᠭᠤᠯᠤᠯ ᠪᠠ ᠣᠳᠣ ᠦ᠊ ᠡᠶ᠎ᠡ ᠶᠢᠨ ᠠᠵᠤ ᠠᠬᠤᠶᠢᠯᠠᠯ ᠤᠨ ᠳᠦᠷᠢᠮ ᠤᠨ ᠱᠠᠭᠠᠷᠳᠠᠯᠭ᠎ᠠ ᠳᠤ | ᠨᠡᠶᠢᠴᠡᠭᠰᠡᠨ ᠬᠥᠮᠥᠨ ᠰᠣᠩᠭᠤᠬᠤ᠂ ᠬᠥᠮᠥᠨ ᠬᠡᠷᠡᠭᠯᠡᠬᠦ ᠲᠣᠭᠲᠠᠴᠠ ᠶᠢ ᠪᠠᠶᠢᠭᠤᠯᠵᠤ᠂ ᠡᠵᠡᠩᠨᠡᠭᠴᠢᠳ ᠢ | ᠤᠷᠮᠠᠰᠢᠭᠤᠯᠬᠤ ᠪᠠ ᠬᠢᠵᠠᠭᠠᠷᠯᠠᠬᠤ ᠳᠦᠷᠢᠮ ᠢ ᠲᠡᠭᠦᠯᠳᠡᠷᠵᠢᠭᠦᠯᠦᠨ᠎ᠡ︔ | ︵ᠨᠠᠢᠮᠠ︶ ᠬᠠᠮᠵᠢᠯᠴᠠᠬᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠯᠦᠭᠡ ᠬᠠᠮᠵᠢᠯᠴᠠᠨ ᠬᠢᠨᠠᠨ ᠬᠠᠮᠢᠶᠠᠷᠴᠤ | ᠪᠠᠶᠢᠭ᠎ᠠ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠳᠤ ᠬᠡᠷᠡᠭ ᠮᠡᠳᠡᠭᠴᠢᠳ ᠤᠨ ᠳᠠᠷᠤᠭ᠎ᠠ᠂ ᠳᠡᠳ᠋ | ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠳᠠᠭᠠᠭᠠᠮᠠᠯ᠂ ᠳᠡᠳ᠋ ᠶᠡᠷᠦᠩᠬᠡᠢ ᠳᠠᠭᠠᠭᠠᠮᠠᠯ᠂ ᠬᠡᠷᠡᠭ ᠬᠢᠨᠠᠭᠴᠢᠳ ᠤᠨ | ᠳᠠᠷᠤᠭ᠎ᠠ᠂ ᠬᠡᠷᠡᠭ ᠬᠢᠨᠠᠭᠴᠢᠳ ᠤᠨ ᠳᠡᠳ᠋ ᠳᠠᠷᠤᠭ᠎ᠠ ᠵᠡᠷᠭᠡ ᠲᠤᠰᠢᠶᠠᠯ ᠢ ᠲᠤᠰᠢᠶᠠᠯ ᠳᠤ ᠲᠣᠮᠢᠯᠠᠵᠤ᠂ | ᠬᠢᠨᠠᠭᠴᠢᠳ ᠤᠨ ᠵᠥᠪᠯᠡᠯ ᠤᠨ ᠡᠳᠦᠷ ᠲᠤᠳᠤᠮ ᠤᠨ ᠬᠠᠮᠢᠶᠠᠷᠤᠯᠲᠠ ᠶᠢ ᠬᠠᠷᠢᠭᠤᠴᠠᠨ᠎ᠠ︔ | ︵ᠶᠢᠰᠦ︶ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃ | ᠠᠷᠪᠠᠳᠤᠭᠠᠷ ᠵᠤᠷᠪᠤᠰ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠪᠣᠳᠠᠲᠠᠶ ᠠᠵᠤ | ᠠᠬᠤᠶᠢᠯᠠᠯ ᠢ ᠰᠢᠶᠠᠨ ᠤ ᠵᠠᠰᠠᠭ ᠤᠨ ᠣᠷᠳᠣᠨ ᠲᠣᠭᠲᠠᠭᠠᠵᠤ᠂ ᠨᠡᠶᠢᠲᠡᠯᠡᠬᠦ ᠶᠢᠨ ᠬᠠᠮᠲᠤ ᠬᠤᠲᠠ ᠶᠢᠨ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠳᠠᠩᠰᠠᠯᠠᠭᠤᠯᠤᠨ᠎ᠠ᠃ | ᠠᠷᠪᠠᠨ ᠨᠢᠭᠡᠳᠦᠭᠡᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠶᠡᠷᠦᠩᠬᠡᠢ ᠬᠡᠮᠵᠢᠶ᠎ᠡ᠂ ᠪᠦᠲᠦᠴᠡ᠂ ᠬᠤᠪᠢᠷᠠᠯᠲᠠ᠂ ᠠᠰᠢᠭ ᠣᠷᠣᠯᠭ᠎ᠠ | ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠶᠠᠨ ᠤ ᠵᠠᠰᠠᠭ ᠤᠨ ᠣᠷᠳᠣᠨ ᠳᠤ ᠬᠤᠷᠢᠶᠠᠩᠭᠤᠶᠢᠯᠠᠨ ᠵᠠᠳᠠᠯᠤᠭᠰᠠᠨ | ᠪᠠᠶᠢᠳᠠᠯ ᠵᠢᠴᠢ ᠪᠡᠯᠡ ᠭᠠᠷᠭᠠᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠪᠣᠯᠤᠨ ᠪᠤᠰᠤᠳ | ᠴᠢᠬᠤᠯᠠ ᠶᠡᠭᠡ ᠵᠦᠢᠯᠡᠰ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠢ᠃ | ᠠᠷᠪᠠᠨ ᠬᠤᠶᠠᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠵᠥᠪᠯᠡᠯ ᠪᠠ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠭᠰᠠᠨ ᠤ | ᠬᠤᠪᠢ ᠳᠤ ᠬᠠᠤᠯᠢ ᠶᠣᠰᠣᠭᠠᠷ ᠡᠳ᠋ᠯᠡᠬᠦ ᠡᠷᠬᠡ ᠶᠢ ᠬᠠᠮᠠᠭᠠᠯᠠᠵᠤ᠂ ᠪᠡᠯᠡ ᠭᠠᠷᠭᠠᠭᠴᠢ ᠶᠢᠨ ᠲᠤᠰᠢᠶᠠᠯ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠠᠴᠠ ᠭᠠᠳᠠᠨ᠎ᠠ᠂ ᠠᠵᠤ ᠠᠬᠤᠶᠢᠯᠠᠯ ᠤᠨ ᠡᠵᠡᠩᠨᠡᠯᠲᠡ ᠶᠢᠨ | ᠠᠵᠢᠯᠯᠠᠭ᠎ᠠ ᠳᠤ ᠭᠠᠷ ᠲᠥᠷᠥᠵᠦ ᠪᠣᠯᠬᠤ ᠦᠭᠡᠢ᠃ | ᠭᠤᠷᠪᠠᠳᠤᠭᠠᠷ ᠪᠦᠯᠦᠭ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ | ᠠᠷᠪᠠᠨ ᠭᠤᠷᠪᠠᠳᠤᠭᠠᠷ ᠵᠦᠶᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠨᠢ ᠳᠣᠣᠷᠠᠬᠢ | ᠡᠷᠬᠡ ᠨᠦᠭᠦᠳ ᠢ ᠡᠳᠡᠯᠡᠨ᠎ᠡ : | ︵ᠨᠢᠭᠡ︶ ᠲᠡᠭᠦᠨ ᠤ ᠬᠦᠳᠡᠯᠬᠦ ᠬᠦᠷᠦᠩᠭᠡ᠂ ᠦᠯᠦ ᠬᠦᠳᠡᠯᠬᠦ ᠬᠦᠷᠦᠩᠭᠡ ᠪᠠ ᠪᠤᠰᠤᠳ ᠡᠳ᠋ ᠬᠦᠷᠦᠩᠭᠡ ᠶᠢ | ᠬᠠᠤᠯᠢ ᠶᠣᠰᠣᠭᠠᠷ ᠡᠵᠡᠯᠡᠬᠦ᠂ ᠬᠡᠷᠡᠭᠯᠡᠬᠦ᠂ ᠠᠰᠢᠭ ᠬᠦᠷᠲᠡᠬᠦ ᠪᠠ ᠰᠢᠢᠳᠪᠦᠷᠢᠯᠡᠬᠦ ᠡᠷᠬᠡ ᠶᠢ ᠡᠳ᠋ᠯᠡᠨ᠎ᠡ︔ | ︵ᠬᠤᠶᠠᠷ︶ ᠡᠵᠡᠩᠨᠡᠯᠲᠡ ᠶᠢᠨ ᠡᠵᠡᠨ ᠮᠡᠳᠡᠬᠦ ᠡᠷᠬᠡ᠃ | ︵ᠭᠤᠷᠪᠠ︶ ᠲᠡᠭᠦᠨ ᠤ ᠪᠡᠯᠡ ᠭᠠᠷᠭᠠᠭᠰᠠᠨ ᠠᠵᠤ ᠠᠬᠤᠶᠢᠯᠠᠯ ᠳᠤ ᠡᠳ᠋ ᠬᠥᠷᠥᠩᠭᠡ ᠶᠢᠨ ᠠᠰᠢᠭ | ᠣᠯᠵᠠᠪᠤᠷᠢ ᠶᠢ ᠬᠠᠤᠯᠢ ᠶᠣᠰᠣᠭᠠᠷ ᠡᠳ᠋ᠯᠡᠬᠦ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ | ᠣᠷᠣᠯᠴᠠᠬᠤ ᠪᠠ ᠬᠠᠮᠢᠶᠠᠷᠤᠭᠴᠢ ᠶᠢ ᠰᠣᠩᠭᠤᠬᠤ ᠵᠡᠷᠭᠡ ᠪᠡᠯᠡ ᠭᠠᠷᠭᠠᠭᠴᠢ ᠶᠢᠨ ᠡᠷᠬᠡ ᠶᠢ ᠬᠠᠤᠯᠢ ᠶᠣᠰᠣᠭᠠᠷ | ᠡᠳ᠋ᠯᠡᠨ᠎ᠡ︔ | ︵ᠲᠦᠷᠪᠡ︶ ᠬᠠᠤᠯᠢ ᠶᠣᠰᠣᠭᠠᠷ ᠡᠳ᠋ᠯᠡᠬᠦ ᠶᠣᠰᠣᠲᠠᠢ ᠪᠤᠰᠤᠳ ᠡᠷᠬᠡ ᠠᠰᠢᠭ᠃ | ᠠᠷᠪᠠᠨ ᠳᠥᠷᠪᠡᠳᠦᠭᠡᠷ ᠵᠦᠶᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠨᠢ ᠳᠣᠣᠷᠠᠬᠢ ᠮᠡᠲᠦ | ᠡᠭᠦᠷᠭᠡ ᠶᠢ ᠭᠦᠶᠢᠴᠡᠳᠬᠡᠬᠦ ᠬᠡᠷᠡᠭᠲᠡᠢ : | ︵ᠨᠢᠭᠡ︶ ᠬᠠᠤᠯᠢ ᠶᠣᠰᠣᠭᠠᠷ ᠡᠵᠡᠩᠨᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠠᠶᠢᠭᠤᠯᠤᠮᠵᠢ ᠶᠢᠨ | ᠬᠢᠨᠠᠯᠲᠠ ᠬᠠᠮᠢᠶᠠᠷᠤᠯᠲᠠ ᠶᠢ ᠬᠦᠯᠢᠶᠡᠨ᠎ᠡ᠃ | ︵ᠬᠤᠶᠠᠷ︶ ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠲᠡᠭᠦᠯᠳᠡᠷᠵᠢᠭᠦᠯᠦᠨ᠎ᠡ᠃ | ︵ᠭᠤᠷᠪᠠ︶ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠪᠡᠯᠡ ᠭᠠᠷᠭᠠᠭᠴᠢ ᠳᠤ ᠬᠠᠷᠢᠭᠤᠴᠠᠨ᠎ᠠ︔ | ︵ᠲᠦᠷᠪᠡ︶ ᠬᠠᠤᠯᠢ ᠶᠣᠰᠣᠭᠠᠷ ᠡᠭᠦᠷᠭᠡᠯᠡᠪᠡᠰᠦ ᠵᠣᠬᠢᠬᠤ ᠪᠤᠰᠤᠳ ᠡᠭᠦᠷᠭᠡ᠃ | ᠠᠷᠪᠠᠨ ᠲᠠᠪᠤᠳᠤᠭᠠᠷ ᠵᠦᠶᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠨᠢ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠡᠳ᠋ ᠤᠨ ᠶᠠᠪᠤᠳᠠᠯ᠂ | ᠨᠢᠭᠲᠠᠯᠠᠨ ᠪᠣᠳᠣᠬᠤ ᠳᠦᠷᠢᠮ ᠢ ᠪᠠᠢᠭᠤᠯᠤᠨ ᠪᠦᠷᠢᠨᠰᠢᠭᠦᠯᠵᠦ᠂ ᠨᠢᠭᠲᠠᠯᠠᠨ ᠪᠣᠳᠣᠬᠤ ᠳᠠᠩᠰᠠ ᠪᠠᠢᠭᠤᠯᠵᠤ᠂ | ᠨᠢᠭᠲᠠᠯᠠᠨ ᠪᠣᠳᠣᠬᠤ ᠲᠣᠭᠠᠴᠠᠭ᠎ᠠ ᠬᠢᠵᠦ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠵᠢᠴᠢ ᠠᠵᠤ | ᠠᠬᠤᠢᠯᠠᠯ ᠤᠨ ᠳᠦᠷᠢᠮ ᠤᠨ ᠲᠣᠭᠲᠠᠭᠠᠯ ᠶᠣᠰᠣᠭᠠᠷ ᠪᠡᠯᠡ ᠭᠠᠷᠭᠠᠭᠴᠢ ᠳᠤ ᠦᠨᠡᠨ ᠪᠣᠳᠠᠲᠠᠢ᠂ ᠪᠦᠷᠢᠨ ᠲᠡᠭᠦᠯᠳᠡᠷ | ᠡᠳ᠋ ᠤᠨ ᠶᠠᠪᠤᠳᠠᠯ᠂ ᠨᠢᠭᠲᠠᠯᠠᠨ ᠪᠣᠳᠣᠬᠤ ᠮᠡᠳᠡᠭᠡ ᠵᠠᠩᠭᠢ ᠶᠢ ᠬᠠᠩᠬᠠᠬᠤ ᠬᠡᠷᠡᠭᠲᠡᠢ ᠤᠯᠤᠰ ᠠᠴᠠ ᠪᠡᠯᠡ ᠭᠠᠷᠭᠠᠭᠰᠠᠨ | ᠠᠵᠤ ᠠᠬᠤᠢᠯᠠᠯ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠵᠢᠴᠢ ᠠᠵᠤ ᠠᠬᠤᠢᠯᠠᠯ ᠤᠨ | ᠳᠦᠷᠢᠮ ᠤᠨ ᠲᠣᠭᠲᠠᠭᠠᠯ ᠶᠣᠰᠣᠭᠠᠷ ᠪᠡᠯᠡ ᠭᠠᠷᠭᠠᠭᠴᠢ ᠳᠤ ᠠᠰᠢᠭ ᠬᠤᠨᠵᠢᠪᠣᠷᠢ ᠬᠤᠪᠢᠶᠠᠨ ᠥᠭᠬᠦ ᠬᠡᠷᠡᠭᠲᠡᠢ | ᠠᠷᠪᠠᠨ ᠵᠢᠷᠭᠤᠳᠤᠭᠠᠷ ᠵᠦᠢᠯ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ | ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠨᠢ ᠪᠦᠬᠦ ᠲᠠᠯ᠎ᠠ ᠶᠢᠨ ᠲᠥᠰᠦᠪ ᠤᠨ ᠬᠠᠮᠢᠶᠠᠷᠤᠯᠲᠠ ᠶᠢᠨ | ᠳᠦᠷᠢᠮ ᠢ ᠠᠯᠬᠤᠮ ᠠᠯᠬᠤᠮ ᠢᠶᠠᠷ ᠪᠠᠶᠢᠭᠤᠯᠵᠤ᠂ ᠠᠵᠤ ᠠᠬᠤᠶᠢᠯᠠᠯ ᠤᠨ ᠣᠨ ᠤ ᠦᠢᠯᠡᠳᠪᠦᠷᠢᠯᠡᠯ ᠡᠵᠡᠩᠨᠡᠯᠲᠡ᠂ | ᠪᠡᠯᠡ ᠣᠷᠣᠭᠤᠯᠤᠯᠲᠠ᠂ ᠬᠥᠷᠥᠩᠭᠡ ᠶᠢᠨ ᠡᠵᠡᠩᠨᠡᠯᠲᠡ ᠵᠡᠷᠭᠡ ᠪᠦᠬᠦ ᠡᠵᠡᠩᠨᠡᠯᠲᠡ ᠶᠢᠨ ᠠᠵᠢᠯᠯᠠᠭ᠎ᠠ ᠶᠢᠨ | ᠲᠥᠰᠦᠪ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠪᠦᠬᠦ ᠶᠠᠪᠤᠴᠠ ᠶᠢᠨ ᠬᠢᠨᠠᠨ ᠡᠵᠡᠮᠳᠡᠬᠦ ᠶᠢ | ᠨᠠᠶᠢᠳᠠᠪᠤᠷᠢᠵᠢᠭᠤᠯᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ | ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠨᠢ ᠠᠵᠤ ᠠᠬᠤᠶᠢᠯᠠᠯ ᠤᠨ ᠠᠪᠴᠠᠭᠠᠨ ᠤ ᠬᠠᠮᠢᠶᠠᠷᠤᠯᠲᠠ ᠶᠢᠨ ᠳᠦᠷᠢᠮ | ᠪᠠ ᠣᠨ ᠤ ᠵᠢᠭᠡᠯᠡᠯᠭᠡ ᠵᠢᠭᠡᠯᠡᠬᠦ ᠲᠥᠯᠥᠪᠯᠡᠭᠡ ᠶᠢᠨ ᠲᠦᠭᠰᠢᠭᠦᠷᠢ ᠶᠢ ᠦᠨᠡᠯᠡᠨ ᠵᠢᠱᠢᠵᠦ ᠮᠡᠳᠡᠭᠦᠯᠬᠦ ᠳᠦᠷᠢᠮ | ᠪᠠᠶᠢᠭᠤᠯᠵᠤ᠂ ᠠᠵᠤ ᠠᠬᠤᠶᠢᠯᠠᠯ ᠤᠨ ᠠᠪᠴᠠᠭᠠᠨ ᠤ ᠡᠷᠬᠡ᠂ ᠥᠷᠢ ᠥᠭᠴᠡᠭᠡ ᠶᠢᠨ ᠬᠠᠮᠢᠶᠠᠷᠤᠯᠲᠠ ᠪᠠᠨ | ᠴᠢᠩᠭᠠᠳᠬᠠᠬᠤ ᠬᠡᠷᠡᠭᠲᠡᠶ︔ ᠳᠠᠭᠠᠭᠠᠯᠲᠠ ᠬᠢᠬᠦ ᠶᠢ ᠮᠥᠷᠳᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦ ᠳᠦᠷᠢᠮ | ᠪᠠ ᠪᠡᠯᠡᠭᠯᠡᠨ ᠬᠦᠷᠭᠡᠭᠰᠡᠨ ᠮᠡᠳᠡᠭᠦᠯᠦᠯᠲᠡ ᠪᠠᠨ ᠬᠢᠨᠠᠨ ᠰᠢᠯᠭᠠᠬᠤ ᠳᠦᠷᠢᠮ ᠪᠠᠶᠢᠭᠤᠯᠵᠤ᠂ ᠳᠠᠭᠠᠭᠠᠯᠲᠠ ᠬᠢᠬᠦ ᠪᠠ | ᠪᠡᠯᠡᠭᠯᠡᠨ ᠬᠦᠷᠭᠡᠭᠰᠡᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ︔ ᠠᠵᠤ ᠠᠬᠤᠶᠢᠯᠠᠯ ᠤᠨ ᠣᠨ ᠤ ᠪᠡᠯᠡ | ᠣᠷᠣᠭᠤᠯᠤᠯᠲᠠ ᠶᠢᠨ ᠲᠥᠯᠥᠪᠯᠡᠭᠡ ᠶᠢ ᠵᠠᠳᠠᠯᠤᠨ ᠮᠡᠳᠡᠭᠦᠯᠬᠦ ᠳᠦᠷᠢᠮ ᠪᠠᠶᠢᠭᠤᠯᠵᠤ᠂ ᠪᠡᠯᠡ ᠣᠷᠣᠭᠤᠯᠤᠯᠲᠠ ᠶᠢᠨ | ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠤᠯᠤᠰ ᠪᠠ ᠮᠤᠵᠢ ᠶᠢᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠪᠠᠶᠢᠭᠤᠯᠤᠮᠵᠢ ᠳᠤ ᠬᠠᠮᠢᠶ᠎ᠠ ᠪᠦᠬᠦᠢ ᠭᠠᠷᠳᠠᠮ ᠢ ᠭᠦᠢᠴᠡᠳᠬᠡᠬᠦ ᠬᠡᠷᠡᠭᠲᠡᠶ ᠪᠣᠯ ᠲᠡᠷᠡ ᠲᠣᠭᠲᠠᠭᠠᠯ ᠶᠣᠰᠣᠭᠠᠷ ᠬᠢᠬᠦ | ᠬᠡᠷᠡᠭᠲᠡᠶ᠃ | ᠠᠷᠪᠠᠨ ᠨᠠᠢᠮᠠᠳᠤᠭᠠᠷ ᠵᠦᠶᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠤᠳ ᠬᠠᠤᠯᠢ ᠶᠢᠨ ᠬᠥᠮᠦᠨ ᠤ | ᠵᠠᠰᠠᠬᠤ ᠪᠦᠲᠦᠴᠡ ᠶᠢ ᠬᠠᠤᠯᠢ ᠶᠣᠰᠣᠭᠠᠷ ᠪᠠᠢᠭᠤᠯᠤᠨ ᠲᠡᠭᠦᠯᠳᠡᠷᠵᠢᠭᠦᠯᠵᠦ᠂ ᠳᠣᠲᠣᠭᠠᠳᠤ ᠶᠢᠨ ᠬᠢᠨᠠᠯᠲᠠ | ᠬᠠᠮᠢᠶᠠᠷᠤᠯᠲᠠ ᠪᠠ ᠠᠶᠤᠯ ᠲᠦᠭᠰᠢᠭᠦᠷᠢ ᠶᠢ ᠬᠢᠵᠠᠭᠠᠷᠯᠠᠬᠤ ᠳᠦᠷᠢᠮ ᠢ ᠪᠠᠢᠭᠤᠯᠤᠨ ᠲᠡᠭᠦᠯᠳᠡᠷᠵᠢᠭᠦᠯᠬᠦ ᠬᠡᠷᠡᠭᠲᠡᠢ | ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠨᠢ ᠪᠡᠯᠡ ᠭᠠᠷᠭᠠᠭᠰᠠᠨ ᠠᠵᠤ ᠠᠬᠤᠶᠢᠯᠠᠯ ᠳᠠᠭᠠᠨ ᠪᠡᠯᠡ | ᠭᠠᠷᠭᠠᠭᠰᠠᠨ ᠠᠵᠤ ᠠᠬᠤᠶᠢᠯᠠᠯ ᠤᠨ ᠳᠦᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠪᠤᠶᠤ ᠲᠣᠭᠲᠠᠭᠠᠬᠤ ᠳᠤ | ᠣᠷᠣᠯᠴᠠᠬᠤ ᠪᠠᠷ ᠳᠠᠮᠵᠢᠭᠤᠯᠤᠨ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠪᠦᠲᠦᠮᠵᠢᠲᠡᠶ ᠲᠡᠩᠴᠡᠭᠦᠯᠦᠭᠰᠡᠨ ᠠᠵᠤ | ᠠᠬᠤᠶᠢᠯᠠᠯ ᠤᠨ ᠳᠣᠲᠣᠭᠠᠳᠤ ᠳᠠᠭᠠᠨ ᠬᠢᠨᠠᠯᠲᠠ ᠲᠠᠯᠪᠢᠵᠤ ᠬᠠᠮᠢᠶᠠᠷᠬᠤ ᠪᠠ ᠲᠦᠭᠰᠢᠭᠦᠷᠢ ᠶᠢ ᠡᠵᠡᠮᠳᠡᠬᠦ ᠳᠦᠷᠢᠮ ᠢ | ᠪᠠᠶᠢᠭᠤᠯᠵᠤ᠂ ᠪᠡᠯᠡ ᠭᠠᠷᠭᠠᠭᠴᠢ ᠶᠢᠨ ᠡᠷᠬᠡ ᠠᠰᠢᠭ ᠢ ᠬᠠᠮᠠᠭᠠᠯᠠᠬᠤ ᠬᠡᠷᠡᠭᠲᠡᠶ᠃ | ᠠᠷᠪᠠ ᠶᠢᠰᠦᠳᠦᠭᠡᠷ ᠵᠦᠢᠯ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠨᠢ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾ ᠶᠢᠨ ᠲᠣᠭᠲᠠᠭᠠᠯ ᠶᠣᠰᠣᠭᠠᠷ ᠬᠢᠨᠠᠯᠲᠠ | ᠲᠠᠯᠪᠢᠭᠴᠢ ᠶᠢᠨ ᠺᠣᠮᠢᠰ ︵ᠬᠤᠪᠢ ᠣᠷᠣᠭᠤᠯᠤᠭᠴᠢ ᠶᠢᠨ ᠬᠥᠮᠦᠨ ᠤ ᠲᠤᠭ᠎ᠠ ᠨᠢ ᠨᠡᠯᠢᠶᠡᠳ ᠪᠠᠭ᠎ᠠ ᠪᠤᠶᠤ | ᠬᠡᠪᠴᠢᠶ᠎ᠡ ᠪᠠᠷ ᠨᠡᠯᠢᠶᠡᠳ ᠪᠠᠭ᠎ᠠ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠨᠢᠭᠡ ᠠᠴᠠ ᠬᠤᠶᠠᠷ ᠨᠡᠷ᠎ᠡ ᠬᠢᠨᠠᠯᠲᠠ | ᠲᠠᠯᠪᠢᠭᠴᠢ ᠪᠠᠶᠢᠭᠤᠯᠵᠤ ᠪᠣᠯᠤᠨ᠎ᠠ᠂ ᠬᠢᠨᠠᠯᠲᠠ ᠲᠠᠯᠪᠢᠭᠴᠢ ᠶᠢᠨ ᠺᠣᠮᠢᠰ ᠪᠠᠶᠢᠭᠤᠯᠬᠤ ᠦᠭᠡᠶ︶ ᠪᠠᠶᠢᠭᠤᠯᠤᠨ᠎ᠠ᠃ | ᠤᠯᠤᠰ ᠤᠨ ᠥᠮᠴᠢᠯᠡᠯᠲᠦ ᠲᠤᠰᠠᠭᠠᠷ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠨᠢ ᠪᠡᠯᠡ ᠭᠠᠷᠭᠠᠭᠴᠢ ᠶᠢᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠᠶᠢᠭᠤᠯᠤᠮᠵᠢ ᠠᠴᠠ ᠲᠣᠭᠲᠠᠭᠠᠯ ᠶᠣᠰᠣᠭᠠᠷ ᠬᠡᠷᠡᠭ ᠬᠢᠨᠠᠭᠴᠢ | ᠲᠣᠮᠢᠯᠠᠵᠤ ᠬᠢᠨᠠᠭᠴᠢᠳ ᠤᠨ ᠵᠥᠪᠯᠡᠯ ᠢ ᠪᠦᠷᠢᠯᠳᠦᠭᠦᠯᠦᠨ᠎ᠡ᠃ ᠤᠯᠤᠰ ᠠᠴᠠ ᠪᠡᠯᠡ ᠭᠠᠷᠭᠠᠭᠰᠠᠨ ᠠᠵᠤ | ᠠᠬᠤᠢᠯᠠᠯ ᠤᠨ ᠬᠢᠨᠠᠯᠲᠠ ᠲᠠᠯᠪᠢᠭᠴᠢᠳ ᠤᠨ ᠬᠤᠷᠠᠯ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ | ᠵᠢᠴᠢ ᠠᠵᠤ ᠠᠬᠤᠢᠯᠠᠯ ᠤᠨ ᠳᠦᠷᠢᠮ ᠤᠨ ᠲᠣᠭᠲᠠᠭᠠᠯ ᠶᠣᠰᠣᠭᠠᠷ ᠬᠡᠷᠡᠭ ᠮᠡᠳᠡᠭᠴᠢ᠂ ᠳᠡᠭᠡᠳᠦ ᠵᠡᠷᠭᠡ ᠶᠢᠨ | ᠬᠠᠮᠢᠶᠠᠷᠤᠯᠲᠠ ᠶᠢᠨ ᠠᠵᠢᠯᠲᠠᠨ ᠤ ᠡᠭᠦᠷᠭᠡ ᠲᠤᠰᠢᠶᠠᠯ ᠢᠶᠠᠨ ᠭᠦᠶᠢᠴᠡᠳᠬᠡᠬᠦ ᠠᠵᠢᠯᠯᠠᠭ᠎ᠠ ᠳᠤ ᠬᠢᠨᠠᠯᠲᠠ ᠲᠠᠯᠪᠢᠵᠤ᠂ | ᠠᠵᠤ ᠠᠬᠤᠢᠯᠠᠯ ᠤᠨ ᠡᠳ᠋ ᠤᠨ ᠶᠠᠪᠤᠳᠠᠯ ᠢ ᠬᠢᠨᠠᠵᠤ ᠪᠠᠢᠴᠠᠭᠠᠨ᠎ᠠ | ᠳᠥᠷᠪᠡᠳᠦᠭᠡᠷ ᠪᠦᠯᠦᠭ ᠠᠵᠤ ᠠᠬᠤᠶᠢᠯᠠᠯ ᠤᠨ ᠠᠵᠢᠯᠲᠠᠨ ᠤ ᠬᠠᠮᠢᠶᠠᠷᠤᠯᠲᠠ | ᠬᠤᠷᠢᠳᠤᠭᠠᠷ ᠵᠦᠶᠢᠯ ᠰᠢᠶᠠᠨ ᠤ ᠤᠯᠤᠰ ᠤᠨ ᠥᠮᠴᠢᠯᠡᠯᠳᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠭᠦᠩᠰᠡ ᠶᠢᠨ ᠳᠦᠷᠢᠮ ᠶᠣᠰᠣᠭᠠᠷ ᠤᠯᠤᠰ ᠤᠨ | ᠥᠮᠴᠢᠯᠡᠯᠳᠦ ᠲᠤᠰᠠᠭᠠᠷ ᠪᠡᠯᠡ ᠣᠷᠣᠭᠤᠯᠬᠤ᠂ ᠤᠯᠤᠰ ᠤᠨ ᠥᠮᠴᠢᠯᠡᠯᠳᠦ ᠲᠤᠰᠠᠭᠠᠷ ᠪᠡᠯᠡ ᠣᠷᠣᠭᠤᠯᠤᠭᠰᠠᠨ ᠠᠵᠤ | ᠠᠬᠤᠢᠯᠠᠯ ᠤᠨ ᠳᠣᠣᠷᠠᠬᠢ ᠬᠥᠮᠦᠰ ᠢ ᠲᠣᠮᠢᠯᠠᠬᠤ ᠪᠠ ᠪᠠᠭᠤᠯᠭᠠᠨ᠎ᠠ : | ︵ᠨᠢᠭᠡ︶ ᠤᠯᠤᠰ ᠤᠨ ᠥᠮᠴᠢᠯᠡᠯ ᠤᠨ ᠲᠤᠰᠠᠭᠠᠷ ᠪᠡᠯᠡ ᠣᠷᠣᠭᠤᠯᠤᠯᠲᠠ ᠶᠢᠨ ᠭᠦᠩᠰᠧ ᠶᠢᠨ ᠬᠡᠷᠡᠭ | ᠮᠡᠳᠡᠭᠴᠢ ᠶᠢᠨ ᠳᠠᠷᠤᠭ᠎ᠠ᠂ ᠬᠡᠷᠡᠭ ᠮᠡᠳᠡᠭᠴᠢ ᠶᠢᠨ ᠳᠡᠳ᠋ ᠳᠠᠷᠤᠭ᠎ᠠ᠂ ᠬᠡᠷᠡᠭ ᠮᠡᠳᠡᠭᠴᠢ ᠶᠢᠨ ᠳᠠᠷᠤᠭ᠎ᠠ ᠪᠣᠯᠣᠨ | ᠬᠢᠨᠠᠯᠲᠠ ᠲᠠᠯᠪᠢᠭᠴᠢ | ︵ᠬᠤᠶᠠᠷ︶ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ ᠤᠨ ᠶᠡᠷᠦᠩᠬᠡᠢ ᠳᠠᠭᠠᠭᠠᠮᠠᠯ᠂ | ᠳᠡᠳ᠋ ᠶᠡᠷᠦᠩᠬᠡᠢ ᠳᠠᠭᠠᠭᠠᠮᠠᠯ᠂ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠪᠣᠯᠣᠨ ᠪᠤᠰᠤᠳ ᠳᠡᠭᠡᠳᠦ ᠵᠡᠷᠭᠡ ᠶᠢᠨ | ᠬᠠᠮᠢᠶᠠᠷᠤᠯᠲᠠ ᠶᠢᠨ ᠠᠵᠢᠯᠲᠠᠨ ᠢ ᠲᠣᠮᠢᠯᠠᠬᠤ ᠪᠠ ᠪᠠᠭᠤᠯᠭᠠᠨ᠎ᠠ︔ | ᠬᠤᠷᠢᠨ ᠨᠢᠭᠡᠳᠦᠭᠡᠷ ᠵᠦᠶᠢᠯ ᠰᠢᠶᠠᠨ ᠤ ᠬᠠᠷᠢᠶ᠎ᠠ ᠠᠵᠤ ᠠᠬᠤᠢᠯᠠᠯ ᠤᠨ ᠰᠢᠨ᠎ᠡ ᠪᠠᠷ ᠣᠷᠣᠵᠤ ᠢᠷᠡᠭᠰᠡᠨ | ᠬᠥᠮᠦᠰ ᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠰᠢᠶᠠᠨ ᠤ ᠳᠣᠲᠣᠷᠠᠬᠢ ᠬᠤᠯᠪᠣᠭᠳᠠᠯ | ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ | ︵ᠨᠢᠭᠡ︶ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ | ᠲᠦᠷᠦᠭᠦᠯᠡᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ᠂ ᠠᠵᠤ ᠠᠬᠤᠶᠢᠯᠠᠯ ᠤᠨ ᠬᠡᠪᠴᠢᠶ᠎ᠡ᠂ | ᠲᠤᠬᠠᠶᠢᠯᠠᠭᠰᠠᠨ ᠠᠵᠢᠯ ᠤᠨ ᠬᠥᠭᠵᠢᠯᠲᠡ᠂ ᠠᠵᠢᠯ ᠤᠨ ᠪᠠᠶᠢᠷᠢ᠂ ᠠᠵᠢᠯᠲᠠᠨ ᠤ ᠰᠢᠨᠵᠢ ᠴᠢᠨᠠᠷ ᠵᠡᠷᠭᠡ ᠶᠢ | ᠦᠨᠳᠦᠰᠦᠯᠡᠨ ᠠᠵᠤ ᠠᠬᠤᠶᠢᠯᠠᠯ ᠤᠨ ᠬᠥᠮᠦᠨ ᠬᠡᠷᠡᠭᠯᠡᠬᠦ ᠬᠡᠪᠴᠢᠶ᠎ᠡ ᠶᠢ ᠲᠣᠭᠲᠠᠭᠠᠨ᠎ᠠ᠃ | ︵ᠬᠤᠶᠠᠷ︶ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ᠂ ᠲᠥᠷᠥ ᠶᠢᠨ ᠪᠣᠳᠣᠯᠭ᠎ᠠ ᠶᠢᠨ ᠴᠢᠨᠠᠷᠲᠠᠶ | ᠲᠥᠪᠬᠢᠨᠡᠭᠦᠯᠬᠦ ᠬᠥᠮᠦᠰ ᠢ ᠰᠢᠯᠵᠢᠭᠦᠯᠦᠨ ᠲᠣᠬᠢᠷᠠᠭᠤᠯᠬᠤ ᠠᠷᠭ᠎ᠠ ᠮᠠᠶ᠋ᠢᠭ ᠢ ᠠᠪᠴᠤ ᠣᠷᠣᠭᠤᠯᠤᠨ᠂ ᠪᠤᠰᠤᠳ | ᠬᠥᠮᠦᠰ ᠨᠢ ᠡᠵᠡᠨ ᠮᠡᠳᠡᠵᠦ ᠤᠷᠢᠨ ᠬᠡᠷᠡᠭᠯᠡᠬᠦ ᠬᠡᠯᠪᠡᠷᠢ ᠪᠠᠷ ᠣᠷᠣᠭᠤᠯᠤᠨ᠎ᠠ᠃ | ︵ᠭᠤᠷᠪᠠ᠂ ᠠᠵᠤ ᠠᠬᠤᠢᠯᠠᠯ ᠠᠵᠢᠯᠲᠠᠨ ᠡᠯᠰᠡᠵᠦ᠂ ᠠᠵᠤ ᠠᠬᠤᠢᠯᠠᠯ ᠠᠴᠠ ᠬᠥᠮᠦᠨ ᠤ ᠲᠤᠭ᠎ᠠ᠂ ᠠᠵᠢᠯ ᠤᠨ | ᠪᠠᠢᠷᠢ᠂ ᠤᠷᠢᠵᠤ ᠡᠯᠰᠡᠬᠦ ᠪᠠᠭᠲᠠᠨ᠎ᠠ︶ ᠨᠥᠬᠦᠴᠡᠯ ᠵᠡᠷᠭᠡ ᠠᠭᠤᠯᠭ᠎ᠠ ᠶᠢᠨ ᠲᠤᠬᠠᠶ ᠵᠢᠭᠠᠪᠤᠷᠢ ᠠᠪᠬᠤ ᠪᠠ ᠰᠢᠶᠠᠨ ᠤ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠩᠬᠠᠨ ᠤ | ᠬᠢᠨᠠᠯᠲᠠ ᠪᠠᠷ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠠᠬᠢᠨ ᠬᠢᠨᠠᠵᠤ᠂ ᠰᠢᠶᠠᠨ ᠤ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠰᠢᠶᠠᠨ ᠤ ᠨᠠᠮ ᠤᠨ ᠬᠤᠷᠢᠶᠠᠨ ᠤ ︽ᠭᠤᠷᠪᠠᠨ | ᠴᠢᠬᠤᠯᠠ ᠨᠢᠭᠡ ᠶᠡᠭᠡ︾ ᠶᠢᠨ ᠬᠤᠯᠪᠣᠭᠳᠠᠯ ᠪᠦᠬᠦᠢ ᠵᠢᠷᠤᠮ ᠶᠣᠰᠣᠭᠠᠷ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠳᠤ ᠮᠡᠳᠡᠭᠦᠯᠦᠨ ᠰᠤᠳᠤᠯᠤᠭᠤᠯᠵᠤ ᠲᠣᠭᠲᠠᠭᠠᠯᠭᠠᠨ᠎ᠠ᠃ | ︵ᠲᠦᠷᠪᠡ︶ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠠᠮᠵᠢᠯᠴᠠᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ | ᠬᠠᠮᠲᠤᠷᠠᠨ ᠺᠣᠮᠫᠠᠨᠢ ᠶᠢᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠬᠠᠮᠢᠶᠠᠷᠤᠯᠲᠠ ᠶᠢᠨ ᠠᠷᠭ᠎ᠠ ᠶᠢ | ᠲᠣᠭᠲᠠᠭᠠᠵᠤ᠂ ᠤᠯᠤᠰ ᠤᠨ ᠥᠮᠴᠢᠯᠡᠯ ᠤᠨ ᠲᠤᠰᠠᠭᠠᠷ ᠪᠡᠯᠡ ᠶᠢᠨ ᠺᠣᠮᠫᠠᠨᠢ ᠶᠢᠨ ᠬᠠᠷᠢᠭᠤᠴᠠᠯᠭᠠᠲᠠᠨ ᠤ ᠴᠠᠯᠢᠩ | ᠬᠥᠯᠥᠰᠥ ᠶᠢ ᠲᠣᠭᠲᠠᠭᠠᠨ᠎ᠠ᠃ | ᠬᠤᠷᠢᠨ ᠬᠤᠶᠠᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠠᠴᠠ ᠪᠡᠯᠡ ᠭᠠᠷᠭᠠᠭᠰᠠᠨ ᠺᠣᠮᠫᠠᠨᠢ ᠶᠢᠨ ᠬᠠᠷᠢᠭᠤᠴᠠᠯᠭᠠᠲᠠᠨ ᠤ ᠡᠵᠡᠩᠨᠡᠯᠲᠡ ᠶᠢᠨ | ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠥᠷᠥᠯ ᠬᠤᠪᠢᠶᠠᠨ ᠬᠢᠨᠠᠨ | ᠰᠢᠯᠭᠠᠬᠤ ᠶᠢ ᠬᠡᠷᠡᠭᠵᠢᠭᠦᠯᠬᠦ ᠬᠡᠷᠡᠭᠲᠡᠶ ᠺᠣᠮᠫᠠᠨᠢ ᠶᠢᠨ ᠬᠠᠷᠢᠭᠤᠴᠠᠯᠭᠠᠲᠠᠨ ᠯᠤᠭ᠎ᠠ ᠣᠨ ᠤ ᠡᠵᠡᠩᠨᠡᠯᠲᠡ ᠶᠢᠨ | ᠬᠠᠷᠠᠯᠲᠠ ᠶᠢᠨ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠣᠨ ᠤ ᠬᠢᠨᠠᠨ ᠰᠢᠯᠭᠠᠯᠲᠠ ᠪᠣᠯᠤᠨ ᠲᠤᠰᠢᠶᠠᠯ ᠤᠨ | ᠬᠤᠭᠤᠴᠠᠭᠠᠨ ᠤ ᠬᠢᠨᠠᠨ ᠰᠢᠯᠭᠠᠯᠲᠠ ᠶᠢ ᠬᠠᠷᠢᠯᠴᠠᠨ ᠤᠶᠠᠯᠳᠤᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠢ | ᠱᠠᠩᠨᠠᠬᠤ ᠰᠢᠳᠬᠡᠬᠦ ᠯᠦᠭᠡ ᠬᠠᠷᠢᠯᠴᠠᠨ ᠬᠤᠯᠪᠣᠭᠳᠠᠭᠤᠯᠬᠤ ᠶᠢ ᠬᠡᠷᠡᠭᠵᠢᠭᠦᠯᠬᠦ ᠬᠡᠷᠡᠭᠲᠡᠶ᠃ | ᠲᠠᠪᠤᠳᠤᠭᠠᠷ ᠪᠦᠯᠦᠭ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ | ᠲᠤᠰᠠᠭᠠᠷ ᠪᠡᠯᠡ ᠶᠢᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠵᠢᠴᠢ ᠠᠷᠠᠳᠴᠢᠯᠠᠭᠰᠠᠨ ᠬᠠᠮᠢᠶᠠᠷᠤᠯᠲᠠ | ᠬᠤᠷᠢᠨ ᠭᠤᠷᠪᠠᠳᠤᠭᠠᠷ ᠵᠦᠢᠯ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ ᠵᠢᠩᠬᠢᠨᠢ ᠨᠠᠮ ᠤᠨ ᠭᠡᠰᠢᠭᠦᠨ | 3 ᠬᠥᠮᠦᠨ ᠠᠴᠠ ᠳᠡᠭᠡᠭᠰᠢ ᠪᠠᠶᠢᠪᠠᠯ᠂ ᠨᠠᠮ ᠤᠨ ᠡᠭᠦᠷ ᠪᠠᠶᠢᠭᠤᠯᠬᠤ ᠬᠡᠷᠡᠭᠲᠡᠶ᠃ ᠵᠢᠩᠬᠢᠨᠢ ᠨᠠᠮ ᠤᠨ ᠭᠡᠰᠢᠭᠦᠨ 7 | ᠬᠥᠮᠦᠨ ᠠᠴᠠ ᠳᠡᠭᠡᠭᠰᠢᠬᠢ ᠨᠠᠮ ᠤᠨ ᠡᠭᠦᠷ ᠲᠤ ᠡᠭᠦᠷ ᠤᠨ ᠭᠡᠰᠢᠭᠦᠳ ᠤᠨ ᠬᠤᠷᠠᠯ ᠢ ᠪᠠᠶᠢᠭᠤᠯᠤᠨ᠎ᠠ᠃ ᠨᠠᠮ ᠤᠨ | ᠭᠡᠰᠢᠭᠦᠨ ᠤ ᠲᠤᠭ᠎ᠠ ᠨᠢ 50 ᠬᠥᠮᠦᠨ ᠳᠤ ᠬᠦᠷᠬᠦ ᠦᠭᠡᠶ᠂ ᠦᠨᠡᠨ ᠬᠦ ᠠᠵᠢᠯ ᠤᠨ ᠬᠡᠷᠡᠭᠴᠡᠭᠡ ᠠᠴᠠ ᠪᠣᠯᠵᠤ᠂ | ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠷ ᠵᠥᠪᠰᠢᠶᠡᠷᠡᠭᠦᠯᠦᠭᠡᠳ᠂ ᠨᠠᠮ ᠤᠨ ᠶᠡᠷᠦᠩᠬᠡᠶ ᠡᠭᠦᠷ | ᠪᠠᠶᠢᠭᠤᠯᠵᠤ ᠪᠣᠯᠤᠨ᠎ᠠ᠃ ᠨᠠᠮ ᠤᠨ ᠭᠡᠰᠢᠭᠦᠨ 50 ᠬᠥᠮᠦᠨ ᠠᠴᠠ ᠳᠡᠭᠡᠭᠰᠢ᠂ 100 ᠬᠥᠮᠦᠨ ᠠᠴᠠ ᠳᠣᠷᠣᠭᠰᠢ | ᠪᠠᠶᠢᠪᠠᠯ᠂ ᠨᠠᠮ ᠤᠨ ᠶᠡᠷᠦᠩᠬᠡᠶ ᠡᠭᠦᠷ ᠤᠨ ᠭᠡᠰᠢᠭᠦᠳ ᠤᠨ ᠬᠤᠷᠠᠯ ᠢ ᠪᠠᠶᠢᠭᠤᠯᠤᠨ᠎ᠠ᠃ | ᠬᠤᠷᠢᠨ ᠳᠥᠷᠪᠡᠳᠦᠭᠡᠷ ᠵᠦᠢᠯ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠤᠳᠤᠷᠢᠳᠬᠤ ᠦᠢᠯᠡᠳᠦᠯ ᠢᠶᠠᠨ ᠪᠠᠳᠠᠷᠠᠭᠤᠯᠵᠤ᠂ ᠴᠢᠭᠯᠡᠯ ᠢ ᠡᠵᠡᠮᠳᠡᠬᠦ᠂ | ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠵᠤ᠂ ᠠᠵᠤ ᠠᠬᠤᠶᠢᠯᠠᠯ ᠤᠨ ᠴᠢᠬᠤᠯᠠ ᠶᠡᠭᠡ | ᠵᠦᠢᠯᠡᠰ ᠢ ᠲᠣᠭᠲᠠᠭᠠᠯ ᠶᠣᠰᠣᠭᠠᠷ ᠶᠠᠷᠢᠯᠴᠠᠨ ᠲᠣᠭᠲᠠᠭᠠᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ ᠤᠯᠤᠰ ᠤᠨ ᠥᠮᠴᠢᠯᠡᠯ ᠤᠨ ᠠᠵᠤ ᠠᠬᠤᠶᠢᠯᠠᠯ ᠨᠢ ᠨᠠᠮ ᠤᠨ ᠪᠠᠶᠢᠭᠤᠯᠤᠯᠲᠠ ᠶᠢᠨ | ᠠᠵᠢᠯ ᠤᠨ ᠱᠠᠭᠠᠷᠳᠠᠯᠭ᠎ᠠ ᠶᠢ ᠺᠣᠮᠫᠠᠨᠢ ᠶᠢᠨ ᠲᠦᠷᠢᠮ ᠳᠤ ᠪᠢᠴᠢᠨ ᠣᠷᠣᠭᠤᠯᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ | ᠠᠵᠢᠯᠯᠠᠭᠠᠨ ᠤ ᠲᠣᠭᠲᠠᠴᠠ᠂ ᠰᠠᠭᠤᠷᠢ ᠪᠠᠲᠤᠯᠠᠭ᠎ᠠ ᠵᠡᠷᠭᠡ ᠴᠢᠬᠤᠯᠠ ᠵᠦᠢᠯᠡᠰ ᠢ ᠲᠣᠳᠣᠷᠬᠠᠶ ᠪᠢᠴᠢᠵᠦ᠂ ᠨᠠᠮ ᠤᠨ | ᠵᠣᠬᠢᠶᠠᠨ ᠪᠠᠶᠢᠭᠤᠯᠤᠯᠲᠠ ᠶᠢᠨ ᠰᠤᠳᠤᠯᠤᠨ ᠶᠠᠷᠢᠯᠴᠠᠬᠤ ᠪᠣᠯ ᠬᠡᠷᠡᠭ ᠮᠡᠳᠡᠭᠴᠢᠳ ᠤᠨ ᠵᠥᠪᠯᠡᠯ᠂ ᠳᠠᠭᠠᠭᠠᠮᠠᠯ ᠤᠨ | ᠳᠠᠪᠬᠤᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠴᠢᠬᠤᠯᠠ ᠶᠡᠭᠡ ᠠᠰᠠᠭᠤᠳᠠᠯ ᠤᠨ ᠤᠷᠢᠳᠠᠴᠢ ᠳᠡᠰ ᠳᠠᠷᠠᠭᠠᠯᠠᠯ | ᠪᠣᠯᠬᠤ ᠶᠢ ᠲᠣᠳᠣᠷᠬᠠᠶᠢᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠺᠣᠮᠫᠠᠨᠢ ᠶᠢᠨ ᠵᠠᠰᠠᠯᠲᠠ ᠶᠢᠨ | ᠪᠦᠲᠦᠴᠡ ᠳᠠᠬᠢ ᠬᠠᠤᠯᠢ ᠪᠠᠷ ᠲᠣᠭᠲᠠᠭᠠᠭᠰᠠᠨ ᠪᠠᠶᠢᠷᠢ ᠰᠠᠭᠤᠷᠢ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ | ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ ᠨᠢ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ | ᠬᠤᠷᠠᠯ ᠢᠶᠠᠷ ᠦᠨᠳᠦᠰᠦᠨ ᠬᠡᠯᠪᠡᠷᠢ ᠪᠣᠯᠭᠠᠭᠰᠠᠨ ᠠᠷᠠᠳᠴᠢᠯᠠᠭᠰᠠᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ | ᠠᠵᠢᠯᠲᠠᠨ ᠠᠵᠢᠯᠴᠢᠨ ᠤ ᠬᠠᠮᠢᠶᠠᠷᠤᠯᠲᠠ ᠳᠤ ᠣᠷᠣᠯᠴᠠᠬᠤ ᠪᠦᠲᠦᠮᠵᠢᠲᠡᠶ ᠠᠷᠭ᠎ᠠ ᠮᠠᠶ᠋ᠢᠭ ᠢ ᠰᠦᠪᠡᠭᠴᠢᠯᠡᠨ᠂ ᠺᠣᠮᠫᠠᠨᠢ | ᠂ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠢᠶᠠᠨ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠠᠵᠢᠯᠲᠠᠨ | ᠠᠵᠢᠯᠴᠢᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ | ᠪᠠᠲᠤᠯᠠᠨ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ᠂ ᠴᠢᠬᠤᠯᠠ ᠶᠡᠭᠡ | ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ ᠠᠵᠢᠯᠲᠠᠨ ᠠᠵᠢᠯᠴᠢᠨ ᠤ ᠰᠠᠨᠠᠯ ᠢ ᠰᠣᠨᠣᠰᠬᠤ ᠬᠡᠷᠡᠭᠲᠡᠶ᠂ ᠠᠵᠢᠯᠲᠠᠨ | ᠠᠵᠢᠯᠴᠢᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠡᠷᠬᠡᠪᠰᠢ | ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠬᠢᠨᠠᠨ ᠵᠥᠪᠯᠡᠭᠦᠯᠦᠨ᠎ᠡ᠃ ᠠᠵᠢᠯᠲᠠᠨ | ᠠᠵᠢᠯᠴᠢᠨ ᠤ ᠬᠡᠷᠡᠭ ᠮᠡᠳᠡᠭᠴᠢ ᠶᠢᠨ ᠳᠦᠷᠢᠮ᠂ ᠠᠵᠢᠯᠲᠠᠨ ᠠᠵᠢᠯᠴᠢᠨ ᠤ ᠬᠡᠷᠡᠭ ᠬᠢᠨᠠᠭᠴᠢ ᠶᠢᠨ ᠳᠦᠷᠢᠮ ᠢ | ᠪᠠᠷᠢᠮᠲᠠᠯᠠᠨ ᠲᠡᠭᠦᠯᠳᠡᠷᠵᠢᠭᠦᠯᠵᠦ᠂ ᠠᠵᠢᠯᠲᠠᠨ ᠠᠵᠢᠯᠴᠢᠨ ᠤ ᠲᠥᠯᠥᠭᠡᠯᠡᠭᠴᠢ ᠶᠢᠨ ᠡᠮᠬᠢ ᠵᠢᠷᠤᠮ ᠲᠠᠢ ᠪᠠᠷ | ᠺᠣᠮᠫᠠᠨᠢ ᠶᠢᠨ ᠵᠠᠰᠠᠯᠲᠠ ᠳᠤ ᠣᠷᠣᠯᠴᠠᠬᠤ ᠶᠢ ᠪᠠᠲᠤᠯᠠᠬᠤ ᠬᠡᠷᠡᠭᠲᠡᠶ᠃ | ᠵᠢᠷᠭᠤᠳᠤᠭᠠᠷ ᠪᠦᠯᠦᠭ ᠠᠵᠤ ᠠᠬᠤᠶᠢᠯᠠᠯ ᠤᠨ ᠴᠢᠬᠤᠯᠠ ᠶᠡᠭᠡ ᠵᠦᠢᠯᠡᠰ ᠤᠨ ᠬᠠᠮᠢᠶᠠᠷᠤᠯᠲᠠ | ᠬᠤᠷᠢᠨ ᠳᠣᠯᠣᠳᠤᠭᠠᠷ ᠵᠦᠢᠯ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶᠂ ᠬᠡᠷᠡᠭ ᠬᠠᠮᠢᠶᠠᠷᠤᠭᠴᠢᠳ ᠤᠨ ᠡᠪᠯᠡᠯ᠂ ᠬᠡᠷᠡᠭ ᠬᠠᠮᠢᠶᠠᠷᠤᠭᠴᠢᠳ ᠤᠨ ᠡᠪᠯᠡᠯ | ᠪᠠᠶᠢᠭᠤᠯᠤᠭᠰᠠᠨ ᠦᠭᠡᠶ ᠳᠠᠭᠠᠭᠠᠮᠠᠯ ᠤᠨ ᠤᠳᠤᠷᠢᠳᠬᠤ ᠪᠠᠭ ᠵᠡᠷᠭᠡ ᠰᠢᠶ᠋ᠳᠪᠦᠷᠢᠲᠦ ᠪᠣᠳᠣᠯᠭ᠎ᠠ ᠲᠣᠭᠲᠠᠭᠠᠬᠤ | ᠪᠠᠶᠢᠭᠤᠯᠤᠮᠵᠢ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ᠂ ᠡᠷᠬᠡ ᠮᠡᠳᠡᠯ ᠪᠠ ᠬᠡᠷᠡᠭ ᠵᠥᠪᠯᠡᠬᠦ ᠳᠦᠷᠢᠮ ᠢᠶᠠᠨ | ᠦᠨᠳᠦᠰᠦᠯᠡᠨ᠂ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠲᠣᠭᠲᠠᠭᠠᠬᠤ᠂ ᠴᠢᠬᠤᠯᠠ ᠠᠵᠢᠯᠲᠠᠨ ᠤ ᠶᠠᠪᠤᠳᠠᠯ ᠤᠨ | ᠲᠣᠮᠢᠯᠠᠬᠤ ᠪᠠ ᠪᠠᠭᠤᠯᠭᠠᠬᠤ᠂ ᠴᠢᠬᠤᠯᠠ ᠶᠡᠭᠡ ᠲᠥᠷᠥᠯ ᠵᠦᠢᠯ ᠤᠨ ᠲᠣᠬᠢᠷᠠᠭᠤᠯᠤᠯᠲᠠ᠂ ᠶᠡᠭᠡ ᠲᠤᠭ᠎ᠠ ᠬᠡᠮᠵᠢᠶᠡᠨ ᠤ | ᠪᠡᠯᠡ ᠮᠥᠩᠭᠦ ᠶᠢᠨ ᠠᠵᠢᠯᠯᠠᠭᠠᠨ ︵ᠭᠤᠷᠪᠠᠨ ᠴᠢᠬᠤᠯᠠ ᠨᠢᠭᠡ ᠶᠡᠭᠡ ᠵᠦᠢᠯᠡᠰ︶ ᠢ ᠬᠠᠮᠲᠤᠪᠠᠷ ᠶᠠᠷᠢᠯᠴᠠᠨ | ᠲᠣᠭᠲᠠᠭᠠᠵᠤ᠂ ᠬᠤᠪᠢ ᠬᠥᠮᠦᠨ ᠪᠠ ᠴᠥᠭᠡᠨ ᠲᠣᠭᠠᠨ ᠤ ᠬᠥᠮᠦᠨ ᠤ ᠭᠠᠭᠴᠠᠭᠠᠷ ᠡᠵᠡᠨ ᠮᠡᠳᠡᠬᠦ ᠠᠴᠠ ᠰᠡᠷᠭᠡᠶᠢᠯᠡᠬᠦ | ᠬᠡᠷᠡᠭᠲᠡᠶ᠃ | ᠬᠤᠷᠢᠨ ᠨᠠᠢᠮᠠᠳᠤᠭᠠᠷ ᠵᠦᠶᠢᠯ ᠠᠵᠤ ᠠᠬᠤᠢᠯᠠᠯ ᠤᠨ ᠳᠣᠣᠷ᠎ᠠ ᠵᠢᠭᠰᠠᠭᠠᠭᠰᠠᠨ ᠴᠢᠬᠤᠯᠠ ᠶᠡᠭᠡ ᠤᠴᠢᠷ | ᠶᠠᠪᠤᠳᠠᠯ ᠢ ᠰᠢᠶᠠᠨ ᠤ ᠤᠯᠤᠰ ᠤᠨ ᠡᠳ᠋ ᠬᠥᠷᠥᠩᠭᠡ ᠶᠢᠨ ᠵᠥᠪᠯᠡᠯ ᠬᠢᠨᠠᠨ ᠬᠠᠷᠭᠤᠭᠤᠯᠤᠭᠰᠠᠨ ᠤ ᠳᠠᠷᠠᠭ᠎ᠠ᠂ | ᠰᠢᠶᠠᠨ ᠤ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ : | ︵ᠨᠢᠭᠡ︶ ᠤᠯᠤᠰ ᠤᠨ ᠥᠮᠴᠢᠯᠡᠯ ᠤᠨ ᠲᠤᠰᠠᠭᠠᠷ ᠪᠡᠯᠡ ᠶᠢᠨ ᠺᠤᠮᠫᠠᠨᠢ ᠶᠢ ᠨᠡᠶᠢᠯᠡᠭᠦᠯᠬᠦ᠂ ᠰᠠᠯᠭᠠᠬᠤ᠂ | ᠲᠠᠷᠬᠠᠭᠠᠬᠤ᠂ ᠢᠯᠭᠠᠷᠠᠭᠤᠯᠤᠨ ᠪᠣᠳᠤᠬᠤ ᠪᠠᠷ ᠭᠤᠶᠤᠴᠢᠯᠠᠬᠤ︔ | ︵ᠬᠤᠶᠠᠷ︶ ᠤᠯᠤᠰ ᠤᠨ ᠥᠮᠴᠢᠯᠡᠯᠲᠦ ᠲᠤᠰᠠᠭᠠᠷ ᠪᠡᠯᠡ ᠣᠷᠣᠭᠤᠯᠤᠯᠲᠠ ᠶᠢᠨ ᠺᠣᠮᠫᠠᠨᠢ ᠤᠯᠤᠰ ᠤᠨ | ᠥᠮᠴᠢᠯᠡᠯᠲᠦ ᠰᠲ᠋ᠣᠺ ᠤᠨ ᠡᠷᠬᠡ ᠪᠠᠨ ᠰᠢᠯᠵᠢᠭᠦᠯᠦᠨ ᠥᠭᠭᠦᠭᠰᠡᠨ ᠪᠤᠶᠤ ᠪᠡᠯᠡ ᠨᠡᠮᠡᠭᠳᠡᠭᠦᠯᠦᠨ ᠰᠲ᠋ᠣᠺ ᠢᠶᠠᠨ | ᠥᠷᠭᠡᠳᠬᠡᠭᠰᠡᠨ ᠠᠴᠠ ᠪᠣᠯᠵᠤ ᠤᠯᠤᠰ ᠤᠨ ᠥᠮᠴᠢᠯᠡᠯᠲᠦ ᠬᠤᠪᠢ ᠣᠷᠣᠭᠤᠯᠤᠭᠴᠢ ᠶᠢ ᠬᠤᠪᠢ ᠡᠵᠡᠮᠳᠡᠬᠦ ᠪᠠᠶᠢᠷᠢ | ᠰᠠᠭᠤᠷᠢ ᠲᠠᠢ ᠪᠣᠯᠭᠠᠬᠤ ᠦᠭᠡᠶ ᠪᠣᠯᠭᠠᠬᠤ ᠬᠡᠷᠡᠭᠲᠡᠶ︔ | ︵ᠭᠤᠷᠪᠠ︶ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠶᠢᠨ ᠳᠠᠩᠰᠠᠯᠠᠭᠤᠯᠬᠤ ᠬᠥᠷᠥᠩᠭᠡ ᠶᠢ | ᠨᠡᠮᠡᠵᠦ ᠬᠠᠰᠤᠨ᠎ᠠ᠃ | ︵ᠲᠦᠷᠪᠡ︶ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠶᠢᠨ ᠣᠨ ᠤ ᠪᠡᠯᠡ ᠣᠷᠣᠭᠤᠯᠵᠤ | ᠪᠡᠯᠡ ᠲᠣᠬᠢᠷᠠᠭᠤᠯᠬᠤ ᠲᠥᠯᠥᠪᠯᠡᠭᠡ ᠵᠢᠴᠢ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ︔ | ︵ᠲᠠᠪᠤ︶ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠶᠢᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠪᠠ ᠲᠥᠯᠥᠪᠵᠢᠭᠦᠯᠭᠡ | ︵ᠵᠢᠷᠭᠤᠭ᠎ᠠ︶ ᠤᠯᠤᠰ ᠤᠨ ᠥᠮᠴᠢᠯᠡᠯ ᠤᠨ ᠲᠤᠰᠠᠭᠠᠷ ᠪᠡᠯᠡ ᠣᠷᠣᠭᠤᠯᠤᠯᠲᠠ ᠶᠢᠨ ᠺᠣᠮᠫᠠᠨᠢ ᠶᠢᠨ | ᠥᠮᠴᠢᠯᠡᠯ ᠤᠨ ᠡᠷᠬᠡ ᠶᠢ ᠰᠢᠶᠠᠨ ᠤ ᠲᠤᠰ ᠱᠠᠲᠤᠨ ᠳᠤ ᠦᠨ᠎ᠡ ᠲᠥᠯᠥᠪᠦᠷᠢ ᠦᠭᠡᠢ ᠪᠠᠷ ᠬᠤᠪᠢᠶᠠᠷᠢᠯᠠᠨ ᠰᠢᠯᠵᠢᠭᠦᠯᠬᠦ | ᠃ | ︵ᠳᠤᠯᠤᠭ᠎ᠠ︶ ᠲᠣᠭᠲᠠᠭᠠᠯ ᠶᠣᠰᠣᠭᠠᠷ ᠰᠢᠶᠠᠨ ᠤ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ | ᠵᠥᠪᠰᠢᠶᠡᠷᠡᠭᠦᠯᠬᠦ ᠪᠤᠰᠤᠳ ᠶᠠᠪᠤᠳᠠᠯ ᠤᠳ᠃ | ᠬᠤᠷᠢ ᠶᠢᠰᠦᠳᠦᠭᠡᠷ ᠵᠦᠢᠯ ᠳᠣᠣᠷ᠎ᠠ ᠵᠢᠭᠰᠠᠭᠠᠭᠰᠠᠨ ᠴᠢᠬᠤᠯᠠ ᠶᠡᠭᠡ ᠵᠦᠢᠯᠡᠰ ᠢ ᠰᠢᠶᠠᠨ ᠤ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠬᠢᠨᠠᠨ | ᠵᠥᠪᠰᠢᠶᠡᠷᠡᠭᠦᠯᠬᠦ ᠬᠡᠷᠡᠭᠲᠡᠶ᠄ | ︵ᠨᠢᠭᠡ︶ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ ᠲᠤᠰᠠᠭᠠᠷ | ᠪᠡᠯᠡ ᠶᠢᠨ ᠠᠵᠤ ᠠᠬᠤᠶᠢᠯᠠᠯ ᠤᠨ ᠳᠦᠷᠢᠮ ᠳᠤ ᠵᠠᠰᠠᠪᠤᠷᠢ ᠣᠷᠣᠭᠤᠯᠬᠤ | ︵ᠬᠤᠶᠠᠷ︶ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ ᠲᠤᠰᠠᠭᠠᠷ | ᠪᠡᠯᠡ ᠶᠢᠨ ᠠᠵᠤ ᠠᠬᠤᠶᠢᠯᠠᠯ ᠤᠨ ᠳᠡᠭᠡᠳᠦ ᠬᠠᠮᠢᠶᠠᠷᠤᠭᠴᠢᠳ ᠤᠨ ᠴᠠᠯᠢᠩ ᠬᠥᠯᠥᠰᠥ ᠶᠢᠨ ᠲᠦᠷᠢᠮ︔ | ︵ᠭᠤᠷᠪᠠ︶ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ ᠲᠤᠰᠠᠭᠠᠷ | ᠪᠡᠯᠡ ᠶᠢᠨ ᠠᠵᠤ ᠠᠬᠤᠶᠢᠯᠠᠯ ᠤᠨ ᠪᠦᠬᠦ ᠪᠡᠯᠡ ᠶᠢᠨ ᠬᠤᠪᠢᠶᠠᠷᠢ ᠺᠣᠮᠫᠠᠨᠢ ᠪᠠᠶᠢᠭᠤᠯᠤᠨ᠎ᠠ︔ | ︵ᠳᠥᠷᠪᠡ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ ᠲᠤᠰᠠᠭᠠᠷ | ᠪᠡᠯᠡ ᠶᠢᠨ ᠠᠵᠤ ᠠᠬᠤᠶᠢᠯᠠᠯ ᠤᠨ ᠶᠡᠭᠡ ᠬᠡᠮᠵᠢᠶᠡᠨ ᠤ ᠠᠯᠪᠠᠨ ᠠᠵᠢᠯ ᠤᠨ ᠲᠥᠬᠦᠭᠡᠷᠦᠮᠵᠢ ᠬᠤᠳᠠᠯᠳᠤᠨ ᠠᠪᠬᠤ | ᠵᠢᠴᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ︵ᠠᠯᠪᠠᠨ ᠠᠵᠢᠯ ᠤᠨ ᠲᠥᠬᠦᠭᠡᠷᠦᠮᠵᠢ ᠬᠤᠳᠠᠯᠳᠤᠨ ᠠᠪᠬᠤ ᠳᠤ | ᠭᠠᠭᠴᠠ ᠪᠢᠷ 10 ᠲᠦᠮᠡᠨ ᠲᠥᠭᠦᠷᠢᠭ ᠠᠴᠠ ᠳᠡᠭᠡᠭᠰᠢ ᠪᠠᠶᠢᠵᠤ᠂ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠳᠠᠩ ᠵᠦᠢᠯ ᠤᠨ ᠵᠦᠢᠯᠡᠰ ᠢ 500 ᠲᠦᠮᠡᠨ ᠲᠥᠭᠦᠷᠢᠭ ᠠᠴᠠ ᠳᠡᠭᠡᠭᠰᠢ ᠪᠠᠶᠢᠯᠭᠠᠨ᠎ᠠ᠃︶ | ︵ᠲᠠᠪᠤ︶ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ ᠲᠤᠰᠠᠭᠠᠷ | ᠪᠡᠯᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠣᠨ ᠤ ᠡᠵᠡᠩᠨᠡᠯᠲᠡ ᠶᠢᠨ ᠬᠠᠷᠠᠯᠲᠠ | ︵ᠵᠢᠷᠭᠤᠭ᠎ᠠ︶ ᠰᠢᠶᠠᠨ ᠤ ᠵᠠᠰᠠᠭ ᠤᠨ ᠣᠷᠳᠣᠨ ᠤ ᠲᠤᠭᠲᠠᠬᠠᠭᠰᠠᠨ ᠪᠤᠰᠤᠳ ᠴᠢᠬᠤᠯᠠ ᠶᠡᠭᠡ ᠶᠠᠪᠤᠳᠠᠯ᠃ | ᠭᠤᠴᠢᠳᠤᠭᠠᠷ ᠵᠦᠢᠯ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ | ᠲᠤᠰᠠᠭᠠᠷ ᠪᠡᠯᠡ ᠶᠢᠨ ᠠᠵᠤ ᠠᠬᠤᠶᠢᠯᠠᠯ ᠤᠨ ᠳᠣᠤᠷᠠᠬᠢ ᠴᠢᠬᠤᠯᠠ ᠶᠡᠭᠡ ᠵᠦᠢᠯᠡᠰ ᠢ ᠰᠢᠶᠠᠨ ᠤ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠬᠦ ᠬᠡᠷᠡᠭᠲᠡᠶ᠄ | ︵ᠬᠤᠶᠠᠷ︶ ᠲᠤᠰ ᠺᠣᠮᠫᠠᠨᠢ᠂ ᠠᠵᠤ ᠠᠬᠤᠶᠢᠯᠠᠯ ᠠᠴᠠ ᠭᠠᠳᠠᠨᠠᠬᠢ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ | ᠪᠤᠶᠤ ᠪᠤᠰᠤᠳ ᠵᠣᠬᠢᠶᠠᠨ ᠪᠠᠶᠢᠭᠤᠯᠤᠯᠲᠠ ᠳᠤ ᠳᠠᠭᠠᠭᠠᠯᠲᠠ ᠬᠠᠩᠭᠠᠨ᠎ᠠ︔ | ︵ᠭᠤᠷᠪᠠ︶ ᠠᠶᠤᠯᠭᠦᠢ ᠦᠢᠯᠡᠳ᠋ᠪᠦᠷᠢᠯᠡᠯ ᠤᠨ ᠬᠦᠨᠳᠦ ᠶᠡᠭᠡ ᠠᠳᠡᠯ ᠭᠠᠷᠴᠠᠢ︔ | ︵ᠲᠦᠷᠪᠡ︶ ᠬᠦᠨᠳᠦ ᠶᠡᠭᠡ ᠬᠠᠤᠯᠢ ᠴᠠᠭᠠᠵᠠ ᠶᠢᠨ ᠵᠢᠭᠤᠷᠠᠯᠳᠤᠭᠠᠨ ᠤ ᠬᠡᠷᠡᠭ ᠭᠠᠷᠴᠠᠢ︔ | ︵ᠲᠠᠪᠤ︶ ᠺᠣᠮᠫᠠᠨᠢ ᠶᠢᠨ ᠠᠵᠢᠯᠴᠢᠨ ᠬᠡᠷᠡᠭᠯᠡᠬᠦ ᠮᠡᠳᠡᠭᠡ ᠵᠠᠩᠭᠢ︔ | ︵ᠵᠢᠷᠭᠤᠭ᠎ᠠ︶ ᠰᠢᠶᠠᠨ ᠤ ᠵᠠᠰᠠᠭ ᠤᠨ ᠣᠷᠳᠣᠨ ᠤ ᠲᠤᠭᠲᠠᠬᠠᠭᠰᠠᠨ ᠪᠤᠰᠤᠳ ᠶᠠᠪᠤᠳᠠᠯ᠃ | ᠭᠤᠴᠢᠨ ᠨᠢᠭᠡᠳᠦᠭᠡᠷ ᠵᠦᠢᠯ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ᠂ ᠤᠯᠤᠰ ᠤᠨ ᠥᠮᠴᠢᠯᠡᠯ ᠤᠨ | ᠲᠤᠰᠠᠭᠠᠷ ᠪᠡᠯᠡ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠵᠥᠪᠯᠡᠯ ᠠᠴᠠ ᠺᠣᠮᠫᠠᠨᠢ ᠶᠢ ᠰᠠᠯᠭᠠᠬᠤ᠂ ᠨᠡᠶᠢᠯᠡᠭᠦᠯᠬᠦ᠂ | ᠳᠠᠮᠫᠤᠷᠠᠭᠤᠯᠬᠤ᠂ ᠲᠠᠷᠬᠠᠭᠠᠬᠤ᠂ ᠡᠳ᠋ ᠬᠥᠷᠥᠩᠭᠡ ᠶᠢ ᠨᠡᠮᠡᠨ ᠬᠠᠰᠤᠬᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ | ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠲᠥᠰᠦᠯ ᠵᠡᠷᠭᠡ ᠴᠢᠬᠤᠯᠠ ᠶᠡᠭᠡ | ᠵᠦᠢᠯᠡᠰ ᠢ ᠲᠣᠭᠲᠠᠭᠠᠬᠤ ᠳᠠᠭᠠᠨ᠂ ᠤᠴᠢᠷ ᠶᠠᠪᠤᠳᠠᠯ ᠠᠴᠠ ᠡᠮᠦᠨ᠎ᠡ ᠰᠢᠶᠠᠨ ᠤ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠬᠦ ᠬᠡᠷᠡᠭᠲᠡᠶ᠃ | ᠭᠤᠴᠢᠨ ᠬᠤᠶᠠᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠡᠯᠡ ᠭᠠᠷᠭᠠᠭᠰᠠᠨ ᠠᠵᠤ ᠠᠬᠤᠶᠢᠯᠠᠯ ᠤᠨ | ᠨᠡᠶᠢᠯᠡᠵᠦ ᠳᠠᠮᠫᠤᠷᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠵᠢᠯᠴᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠢ ᠲᠥᠪᠬᠢᠨᠡᠭᠦᠯᠬᠦ ᠠᠵᠢᠯ ᠢ ᠰᠠᠶᠢᠲᠤᠷ ᠬᠢᠬᠦ | ᠬᠡᠷᠡᠭᠲᠡᠶ᠃ | ᠳᠣᠯᠣᠳᠤᠭᠠᠷ ᠪᠦᠯᠦᠭ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ | ᠭᠤᠴᠢᠨ ᠭᠤᠷᠪᠠᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠤ ᠠᠬᠤᠶᠢᠯᠠᠯ ᠤᠨ | ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠥᠮᠴᠢᠯᠡᠯ ᠤᠨ ᠡᠷᠬᠡ ᠶᠢ ᠵᠠᠭᠠᠭᠯᠠᠨ ᠲᠣᠭᠲᠠᠭᠠᠬᠤ᠂ | ᠥᠮᠴᠢᠯᠡᠯ ᠤᠨ ᠡᠷᠬᠡ ᠶᠢ ᠳᠠᠩᠰᠠᠯᠠᠬᠤ᠂ ᠡᠳ᠋ ᠬᠦᠷᠦᠩᠭᠡ ᠶᠢ ᠪᠦᠷᠢᠳᠬᠡᠨ ᠬᠠᠷᠭᠤᠭᠤᠯᠬᠤ᠂ ᠡᠳ᠋ ᠬᠦᠷᠦᠩᠭᠡ ᠶᠢ | ᠦᠨᠡᠯᠡᠨ ᠵᠢᠱᠢᠵᠦ ᠬᠢᠨᠠᠨ ᠬᠠᠮᠢᠶᠠᠷᠬᠤ᠂ ᠡᠳ᠋ ᠬᠦᠷᠦᠩᠭᠡ ᠶᠢ ᠪᠦᠷᠢᠳᠬᠡᠬᠦ ᠵᠢᠴᠢ ᠶᠡᠷᠦᠩᠬᠡᠶᠢᠯᠡᠨ ᠦᠨᠡᠯᠡᠬᠦ ᠵᠡᠷᠭᠡ | ᠰᠠᠭᠤᠷᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠭᠤᠴᠢᠨ ᠳᠥᠷᠪᠡᠳᠦᠭᠡᠷ ᠵᠦᠢᠯ ᠠᠵᠤ ᠠᠬᠤᠶᠢᠯᠠᠯ ᠤᠨ ᠡᠳ᠋ ᠬᠥᠷᠥᠩᠭᠡ ᠶᠢᠨ ᠠᠷᠠᠯᠵᠢᠶ᠎ᠠ᠂ ᠡᠷᠬᠡ ᠶᠢᠨ | ᠬᠠᠷᠢᠶ᠎ᠠ ᠶᠢᠨ ᠬᠤᠪᠢᠷᠠᠯᠲᠠ ᠵᠡᠷᠭᠡ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠡᠯᠡ ᠭᠠᠷᠭᠠᠭᠴᠢ ᠶᠢᠨ ᠡᠷᠬᠡ | ᠠᠰᠢᠭ ᠲᠤ ᠬᠤᠯᠪᠣᠭᠳᠠᠬᠤ ᠦᠢᠯᠡ ᠠᠵᠢᠯᠯᠠᠭ᠎ᠠ ᠬᠢᠬᠦ ᠳᠤ᠂ ᠵᠣᠬᠢᠴᠠᠩᠭᠤᠶ ᠬᠢᠷᠢ ᠴᠢᠳᠠᠮᠵᠢ ᠲᠠᠢ ᠡᠳ᠋ | ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠳᠤ ᠨᠠᠶᠢᠳᠠᠵᠤ ᠡᠳ᠋ ᠬᠥᠷᠥᠩᠭᠡ ᠶᠢᠨ ᠦᠨᠡᠯᠡᠨ ᠵᠢᠱᠢᠯᠲᠡ ᠬᠢᠯᠭᠡᠬᠦ | ᠬᠡᠷᠡᠭᠲᠡᠶ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠦᠨᠡᠯᠡᠨ ᠵᠢᠱᠢᠬᠦ ᠲᠥᠷᠥᠯ ᠵᠦᠢᠯ ᠳᠤ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ ᠳᠦᠷᠢᠮ ᠪᠣᠯᠤᠨ ᠳᠠᠩᠰᠠᠯᠠᠭᠤᠯᠬᠤ ᠳᠦᠷᠢᠮ ᠢ ᠬᠡᠷᠡᠭᠵᠢᠭᠦᠯᠬᠦ | ᠬᠡᠷᠡᠭᠲᠡᠶ᠃ | ᠭᠤᠴᠢᠨ ᠲᠠᠪᠤᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠳ᠋ ᠬᠥᠷᠥᠩᠭᠡ ᠶᠢ | ᠪᠦᠷᠢᠳᠬᠡᠨ ᠪᠡᠯᠡ ᠮᠥᠩᠭᠦ ᠶᠢ ᠬᠠᠷᠭᠤᠭᠤᠯᠬᠤ ᠶᠢ ᠵᠣᠬᠢᠶᠠᠨ ᠪᠠᠶᠢᠭᠤᠯᠬᠤ᠂ ᠵᠢᠯᠣᠭᠤᠳᠬᠤ ᠪᠠ ᠬᠢᠨᠠᠯᠲᠠ ᠲᠠᠯᠪᠢᠬᠤ ᠶᠢ | ᠬᠠᠷᠢᠭᠤᠴᠠᠬᠤ ᠶᠢᠨ ᠬᠠᠮᠲᠤ ᠡᠯ᠎ᠡ ᠵᠦᠢᠯ ᠤᠨ ᠡᠳ᠋ ᠬᠥᠷᠥᠩᠭᠡ ᠶᠢᠨ ᠬᠤᠬᠢᠷᠠᠯ ᠳᠤ ᠮᠠᠭᠠᠳᠯᠠᠯᠲᠠ ᠬᠢᠬᠦ ᠬᠡᠷᠡᠭᠲᠡᠶ᠃ | ᠭᠤᠴᠢᠨ ᠵᠢᠷᠭᠤᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠠᠴᠠ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠰᠢᠭ | ᠣᠷᠣᠯᠭ᠎ᠠ ᠳᠤ ᠬᠠᠤᠯᠢ ᠶᠣᠰᠣᠭᠠᠷ ᠪᠡᠯᠡ ᠭᠠᠷᠭᠠᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠪᠡ︔ ᠠᠵᠤ | ᠠᠬᠤᠶᠢᠯᠠᠯ ᠤᠨ ᠴᠢᠬᠤᠯᠠ ᠶᠡᠭᠡ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠥᠯᠥᠪᠵᠢᠭᠦᠯᠭᠡ᠂ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ ᠪᠠ ᠲᠥᠯᠥᠪᠵᠢᠭᠦᠯᠭᠡ ᠳᠤ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ | ᠶᠣᠰᠣᠭᠠᠷ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ | ᠭᠤᠴᠢᠨ ᠳᠣᠯᠣᠳᠤᠭᠠᠷ ᠵᠤᠷᠪᠤᠰ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠵᠥᠪᠯᠡᠯ ᠠᠴᠠ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ | ᠪᠦᠷᠢᠳᠬᠡᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠬᠢᠨᠠᠨ ᠪᠠᠶᠢᠴᠠᠭᠠᠬᠤ ᠶᠢ ᠬᠠᠷᠢᠭᠤᠴᠠᠵᠤ᠂ | ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠪᠦᠷᠢᠳᠬᠡᠯ ᠤᠨ ᠮᠡᠳᠡᠭᠦᠯᠦᠯᠲᠡ ᠶᠢ | ᠴᠤᠭᠯᠠᠭᠤᠯᠵᠤ᠂ ᠬᠢᠨᠠᠨ ᠬᠠᠷᠭᠤᠭᠤᠯᠵᠤ᠂ ᠬᠤᠷᠢᠶᠠᠩᠭᠤᠶᠢᠯᠠᠵᠤ᠂ ᠰᠢᠶᠠᠨ ᠤ ᠵᠠᠰᠠᠭ ᠤᠨ ᠣᠷᠳᠣᠨ ᠳᠤ ᠠᠵᠤ | ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠡᠵᠡᠩᠨᠡᠯᠲᠡ ᠶᠢᠨ ᠪᠠᠶᠢᠳᠠᠯ ᠢ ᠮᠡᠳᠡᠭᠦᠯᠦᠨ᠎ᠡ᠃ | ᠭᠤᠴᠢᠨ ᠨᠠᠢᠮᠠᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠨᠢ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠥᠮᠴᠢᠯᠡᠯ ᠤᠨ ᠡᠷᠬᠡ ᠶᠢᠨ ᠠᠷᠠᠯᠵᠢᠶᠠᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠥᠮᠴᠢᠯᠡᠯ ᠤᠨ | ᠡᠷᠬᠡ ᠶᠢᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠵᠦᠢ ᠵᠣᠬᠢᠰᠲᠠᠢ ᠰᠢᠯᠵᠢᠯᠲᠡ ᠶᠢ ᠠᠬᠢᠭᠤᠯᠵᠤ᠂ ᠠᠵᠤ ᠠᠬᠤᠶᠢᠯᠠᠯ ᠤᠨ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠯᠳᠠᠭᠳᠠᠬᠤ ᠶᠢ ᠰᠡᠷᠭᠡᠶᠢᠯᠡᠬᠦ ᠬᠡᠷᠡᠭᠲᠡᠢ᠃ ᠨᠠᠶ᠋ᠮᠠᠳᠤᠭᠠᠷ ᠪᠦᠯᠦᠭ | ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠢᠨᠠᠯᠲᠠ ᠲᠠᠯᠪᠢᠬᠤ | ᠭᠤᠴᠢ ᠶᠢᠰᠦᠳᠦᠭᠡᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠠᠴᠠ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠤᠯᠤᠰ ᠤᠨ ᠥᠮᠴᠢᠯᠡᠯ ᠤᠨ | ᠲᠤᠰᠠᠭᠠᠷ ᠪᠡᠯᠡ ᠶᠢᠨ ᠺᠣᠮᠫᠠᠨᠢ ᠶᠢᠨ ᠬᠢᠨᠠᠯᠲᠠ ᠲᠠᠯᠪᠢᠬᠤ ᠵᠥᠪᠯᠡᠯ︔ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ᠂ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠥᠮᠴᠢᠯᠡᠬᠦ ᠡᠷᠬᠡ ᠶᠢ | ᠵᠠᠭᠠᠭᠯᠠᠨ ᠲᠣᠭᠲᠠᠭᠠᠬᠤ᠂ ᠥᠮᠴᠢᠯᠡᠬᠦ ᠡᠷᠬᠡ ᠶᠢ ᠳᠠᠩᠰᠠᠯᠠᠬᠤ᠂ ᠡᠳ᠋ ᠬᠥᠷᠥᠩᠭᠡ ᠶᠢ ᠦᠨᠡᠯᠡᠨ ᠵᠢᠱᠢᠵᠦ ᠬᠢᠨᠠᠨ | ᠬᠠᠮᠢᠶᠠᠷᠬᠤ᠂ ᠡᠳ᠋ ᠬᠥᠷᠥᠩᠭᠡ ᠶᠢ ᠪᠦᠷᠢᠳᠬᠡᠨ ᠪᠡᠯᠡ ᠮᠥᠩᠭᠦ ᠶᠢ ᠬᠠᠷᠭᠤᠭᠤᠯᠬᠤ᠂ ᠡᠳ᠋ ᠬᠥᠷᠥᠩᠭᠡ ᠶᠢ ᠪᠦᠷᠢᠳᠬᠡᠬᠦ᠂ | ᠶᠡᠷᠦᠩᠬᠡᠶᠢᠯᠡᠨ ᠦᠨᠡᠯᠡᠬᠦ ᠵᠡᠷᠭᠡ ᠰᠠᠭᠤᠷᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠪᠡᠯᠡ ᠭᠠᠷᠭᠠᠭᠰᠠᠨ ᠠᠵᠤ | ᠠᠬᠤᠶᠢᠯᠠᠯ ᠤᠨ ᠬᠤᠭᠤᠷᠣᠨᠳᠣᠬᠢ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠮᠴᠢᠯᠡᠬᠦ | ᠡᠷᠬᠡ᠂ ᠭᠡᠷ᠎ᠡ ᠵᠡᠷᠭᠡ ᠵᠢᠭᠤᠷᠠᠯᠳᠤᠭᠠᠨ ᠢ ᠵᠣᠬᠢᠴᠠᠭᠤᠯᠬᠤ ᠬᠡᠷᠡᠭᠲᠡᠶ᠃ | ᠳᠥᠴᠢᠳᠦᠭᠡᠷ ᠵᠦᠢᠯ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠮᠵᠢ ᠨᠢ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠵᠤ ᠠᠬᠤᠶᠢᠯᠠᠯ ᠤᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠠᠷᠠᠯᠵᠢᠶᠠᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ | ᠳᠦᠷᠢᠮ ᠤᠨ ᠲᠣᠭᠲᠠᠭᠠᠯ ᠢ ᠦᠨᠳᠦᠰᠦᠯᠡᠨ᠂ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠥᠮᠴᠢᠯᠡᠬᠦ ᠡᠷᠬᠡ ᠶᠢᠨ ᠠᠷᠠᠯᠵᠢᠶᠠᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠦᠢ ᠵᠣᠬᠢᠰᠲᠠᠶ ᠰᠢᠯᠵᠢᠯᠲᠡ ᠬᠢᠬᠦ ᠶᠢ ᠠᠬᠢᠭᠤᠯᠵᠤ᠂ ᠠᠵᠤ | ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠯᠳᠠᠭᠳᠠᠬᠤ ᠶᠢ ᠰᠡᠷᠭᠡᠶᠢᠯᠡᠨ ᠵᠣᠭᠰᠣᠭᠠᠬᠤ | ᠬᠡᠷᠡᠭᠲᠡᠶ᠃ | ᠳᠥᠴᠢᠨ ᠨᠢᠭᠡᠳᠦᠭᠡᠷ ᠵᠦᠢᠯ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠮᠵᠢ ᠨᠢ ᠲᠡᠭᠦᠨ ᠤ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠠᠰᠢᠭ ᠣᠯᠵᠠᠪᠤᠷᠢ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠴᠢᠬᠤᠯᠠ ᠶᠡᠭᠡ ᠲᠥᠯᠥᠪᠵᠢᠭᠦᠯᠭᠡ᠂ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ ᠵᠡᠷᠭᠡ ᠴᠢᠬᠤᠯᠠ ᠶᠡᠭᠡ ᠵᠦᠢᠯᠡᠰ ᠤᠨ ᠪᠡᠯᠡ | ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠃ | ᠳᠥᠴᠢᠨ ᠬᠤᠶᠠᠳᠤᠭᠠᠷ ᠵᠦᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠳᠠᠬᠢ ᠤᠯᠤᠰ ᠤᠨ | ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ | ᠺᠣᠮᠫᠠᠨᠢ ᠶᠢᠨ ᠴᠢᠬᠤᠯᠠ ᠶᠡᠭᠡ ᠡᠳ᠋ ᠬᠥᠷᠥᠩᠭᠡ ᠶᠢ ᠰᠢᠶ᠋ᠳᠪᠦᠷᠢᠯᠡᠬᠦ ᠵᠡᠷᠭᠡ ᠵᠦᠢᠯᠡᠰ ᠢ ᠲᠣᠭᠲᠠᠭᠠᠯ ᠶᠣᠰᠣᠭᠠᠷ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠦᠨ | ᠵᠥᠪᠰᠢᠶᠡᠷᠡᠭᠦᠯᠬᠦ ᠪᠤᠶᠤ ᠳᠠᠩᠰᠠᠯᠠᠭᠤᠯᠬᠤ ᠬᠡᠷᠡᠭᠲᠡᠶ᠂ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠬᠦ ᠴᠢᠬᠤᠯᠠ ᠲᠠᠢ ᠪᠣᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃ | ᠳᠥᠴᠢᠨ ᠭᠤᠷᠪᠠᠳᠤᠭᠠᠷ ᠵᠦᠢᠯ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠮᠵᠢ ᠨᠢ ᠪᠡᠯᠡ ᠭᠠᠷᠭᠠᠭᠰᠠᠨ ᠠᠵᠤ ᠠᠬᠤᠶᠢᠯᠠᠯ ᠤᠨ ᠡᠳ᠋ ᠤᠨ ᠶᠠᠪᠤᠳᠠᠯ ᠳᠤ ᠬᠠᠤᠯᠢ ᠶᠣᠰᠣᠭᠠᠷ ᠬᠢᠨᠠᠯᠲᠠ | ᠲᠠᠯᠪᠢᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠨᠡᠮᠡᠭᠳᠡᠯ ᠤᠨ | ᠭᠦᠢᠴᠡᠳᠬᠡᠬᠦ ᠲᠤᠭ᠎ᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠪᠡᠯᠡ ᠭᠠᠷᠭᠠᠭᠴᠢ ᠶᠢᠨ ᠡᠷᠬᠡ ᠠᠰᠢᠭ ᠢ ᠬᠠᠮᠠᠭᠠᠯᠠᠬᠤ ᠬᠡᠷᠡᠭᠲᠡᠶ᠃ | ᠳᠥᠴᠢᠨ ᠳᠥᠷᠪᠡᠳᠦᠭᠡᠷ ᠵᠦᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠨᠢ ᠴᠢᠬᠤᠯᠠ ᠶᠡᠭᠡ | ᠵᠦᠢᠯᠡᠰ ᠤᠨ ᠮᠡᠳᠡᠭᠦᠯᠦᠯᠲᠡ ᠶᠢᠨ ᠳᠦᠷᠢᠮ ᠢ ᠪᠠᠶᠢᠭᠤᠯᠵᠤ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ | ᠠᠬᠤᠶᠢᠯᠠᠯ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠨᠢ ᠲᠣᠭᠲᠠᠭᠠᠯ ᠶᠣᠰᠣᠭᠠᠷ ᠲᠣᠭᠲᠠᠮᠠᠯ | ᠬᠤᠭᠤᠴᠠᠭ᠎ᠠ ᠲᠠᠢ ᠪᠠᠷ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠮᠵᠢ ᠳᠤ ᠡᠳ᠋ ᠤᠨ ᠶᠠᠪᠤᠳᠠᠯ ᠤᠨ ᠪᠠᠶᠢᠳᠠᠯ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠠ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠨᠡᠮᠡᠭᠳᠡᠯ ᠤᠨ ᠪᠠᠶᠢᠳᠠᠯ ᠢᠶᠠᠨ ᠮᠡᠳᠡᠭᠦᠯᠬᠦ | ᠬᠡᠷᠡᠭᠲᠡᠶ᠃ | ᠳᠥᠴᠢᠨ ᠲᠠᠪᠤᠳᠤᠭᠠᠷ ᠵᠦᠢᠯ ᠤᠯᠤᠰ ᠤᠨ ᠥᠮᠴᠢᠯᠡᠯᠲᠦ ᠵᠢᠴᠢ ᠤᠯᠤᠰ ᠤᠨ ᠥᠮᠴᠢᠯᠡᠯᠲᠦ ᠬᠤᠪᠢ | ᠣᠷᠣᠭᠤᠯᠤᠯᠲᠠ ᠶᠢ ᠡᠷᠬᠡᠰᠢᠶᠡᠭᠰᠡᠨ ᠠᠵᠤ ᠠᠬᠤᠶᠢᠯᠠᠯ ᠤᠳ ᠳᠣᠲᠣᠭᠠᠳᠤ ᠳᠠᠭᠠᠨ ᠬᠢᠨᠠᠯᠲᠠ ᠲᠠᠯᠪᠢᠬᠤ ᠪᠠ | ᠲᠦᠭᠰᠢᠭᠦᠷᠢ ᠶᠢ ᠡᠵᠡᠮᠳᠡᠬᠦ ᠪᠠᠨ ᠴᠢᠩᠭᠠᠳᠬᠠᠵᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠡᠳ᠋ ᠤᠨ ᠶᠠᠪᠤᠳᠠᠯ᠂ ᠬᠢᠨᠠᠨ ᠪᠣᠳᠣᠬᠤ᠂ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠵᠥᠪᠯᠡᠭᠴᠢ ᠪᠠ ᠠᠵᠢᠯᠲᠠᠨ | ᠠᠵᠢᠯᠴᠢᠳ ᠤᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠵᠡᠷᠭᠡ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ | | ᠳᠥᠴᠢᠨ ᠵᠢᠷᠭᠤᠳᠤᠭᠠᠷ ᠵᠦᠶᠢᠯ ᠤᠯᠤᠰ ᠠᠴᠠ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ | ᠲᠥᠰᠥᠪ ᠤᠨ ᠳᠦᠷᠢᠮ ᠢ ᠪᠠᠢᠭᠤᠯᠤᠨ ᠪᠦᠷᠢᠨᠰᠢᠭᠦᠯᠵᠦ᠂ ᠤᠯᠤᠰ ᠤᠨ ᠥᠮᠴᠢᠯᠡᠯ ᠤᠨ ᠬᠥᠷᠥᠩᠭᠡ ᠶᠢᠨ ᠣᠷᠣᠯᠭ᠎ᠠ | ᠵᠢᠴᠢ ᠲᠡᠭᠦᠨ ᠤ ᠵᠠᠷᠤᠯᠭ᠎ᠠ ᠳᠤ ᠲᠥᠰᠥᠪ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ | ᠳᠥᠴᠢᠨ ᠳᠣᠯᠣᠳᠤᠭᠠᠷ ᠵᠦᠢᠯ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ | ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠳᠤ ᠳᠣᠤᠷᠠᠬᠢ ᠮᠡᠲᠦ ᠪᠠᠶᠢᠳᠠᠯ ᠤᠨ ᠨᠢᠭᠡ ᠨᠢ ᠪᠠᠶᠢᠪᠠᠯ᠂ | ᠡᠳ᠋ ᠬᠥᠷᠥᠩᠭᠡ ᠶᠢᠨ ᠦᠨᠡᠯᠡᠨ ᠵᠢᠱᠢᠯᠲᠡ ᠬᠢᠬᠦ ᠬᠡᠷᠡᠭᠲᠡᠶ᠄ | ︵ᠨᠢᠭᠡ︶ ᠠᠵᠤ ᠠᠬᠤᠶᠢᠯᠠᠯ ᠢ ᠨᠡᠶᠢᠯᠡᠭᠦᠯᠬᠦ᠂ ᠰᠠᠯᠭᠠᠬᠤ᠂ ᠢᠯᠭᠠᠷᠠᠭᠤᠯᠤᠨ ᠪᠤᠳᠤᠬᠤ︔ | ︵ᠬᠤᠶᠠᠷ︶ ᠠᠵᠤ ᠠᠬᠤᠶᠢᠯᠠᠯ ᠤᠨ ᠳᠦᠷᠢᠮ ᠢ ᠥᠭᠡᠷᠡᠴᠢᠯᠡᠬᠦ︔ | ︵ᠭᠤᠷᠪᠠ︶ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠯᠵᠢᠭᠦᠯᠦᠨ ᠥᠭᠬᠦ᠃ | ︵ᠳᠥᠷᠪᠡ᠂ ᠠᠵᠤ ᠠᠬᠤᠶᠢᠯᠠᠯ ᠡᠳ᠋ ᠬᠥᠷᠥᠩᠭᠡ ᠪᠠᠨ ᠰᠢᠯᠵᠢᠭᠦᠯᠦᠨ ᠥᠭᠬᠦ᠂ ᠡᠰᠡᠬᠦᠯ᠎ᠡ ᠠᠵᠤ ᠠᠬᠤᠶᠢᠯᠠᠯ | ᠡᠳ᠋ ᠬᠥᠷᠥᠩᠭᠡ ᠲᠦᠷᠢᠶᠡᠰᠦᠯᠡᠭᠦᠯᠦᠨᠡ ︵ᠡᠵᠡᠩᠨᠡᠯᠲᠡ ᠶᠢᠨ ᠦᠨᠡᠮᠯᠡᠯ ᠨᠢ ᠡᠳ᠋ ᠬᠥᠷᠥᠩᠭᠡ ᠲᠦᠷᠢᠶᠡᠰᠦᠯᠡᠵᠦ | ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠪᠣᠯᠭᠠᠵᠤ ᠪᠠᠶᠢᠭ᠎ᠠ ᠠᠵᠤ ᠠᠬᠤᠶᠢᠯᠠᠯ ᠡᠭᠦᠨ ᠳᠤ ᠪᠠᠭᠲᠠᠬᠤ ᠦᠭᠡᠢ︶ | ︵ᠲᠠᠪᠤ︶ ᠵᠣᠭᠤᠰ ᠤᠨ ᠪᠤᠰᠤ ᠡᠳ᠋ ᠬᠥᠷᠥᠩᠭᠡ ᠪᠠᠷ ᠭᠠᠳᠠᠭᠠᠳᠤ ᠳᠤ ᠪᠡᠯᠡ ᠣᠷᠣᠭᠤᠯᠬᠤ ᠪᠤᠶᠤ ᠥᠭᠴᠡᠭᠡ ᠪᠠᠨ | ᠲᠥᠯᠥᠨ᠎ᠡ | ︵ᠵᠢᠷᠭᠤᠭ᠎ᠠ︶ ᠪᠤᠰᠤᠳ ᠨᠢᠭᠡᠴᠢ ᠶᠢᠨ ᠵᠣᠭᠤᠰ ᠪᠤᠰᠤ ᠡᠳ᠋ ᠬᠥᠷᠥᠩᠭᠡ ᠪᠠᠷ ᠪᠡᠯᠡ ᠭᠠᠷᠭᠠᠭᠰᠠᠨ ᠪᠤᠶᠤ ᠥᠷᠢ | ᠲᠥᠯᠥᠬᠦ ᠶᠢ ᠬᠦᠯᠢᠶᠡᠨ ᠠᠪᠤᠨ᠎ᠠ︔ | ︵ᠳᠤᠯᠤᠭ᠎ᠠ︶ ᠪᠤᠰᠤᠳ ᠨᠢᠭᠡᠴᠡ ᠶᠢᠨ ᠡᠳ᠋ ᠬᠥᠷᠥᠩᠭᠡ ᠶᠢ ᠬᠤᠳᠠᠯᠳᠤᠨ ᠠᠪᠤᠨ᠎ᠠ᠃ | ︵ᠨᠠᠢᠮᠠ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠵᠤ ᠠᠬᠤᠶᠢᠯᠠᠯ ᠤᠨ ᠳᠦᠷᠢᠮ ᠳᠤ ᠡᠳ᠋ | ᠬᠥᠷᠥᠩᠭᠡ ᠶᠢᠨ ᠦᠨᠡᠯᠡᠨ ᠵᠢᠱᠢᠯᠲᠡ ᠬᠢᠬᠦ ᠬᠡᠷᠡᠭᠲᠡᠶ ᠭᠡᠵᠦ ᠲᠣᠭᠲᠠᠭᠠᠭᠰᠠᠨ ᠪᠤᠰᠤᠳ ᠪᠠᠶᠢᠳᠠᠯ᠃ ᠤᠯᠤᠰ ᠤᠨ | ᠥᠮᠴᠢᠯᠡᠯᠲᠦ ᠰᠲ᠋ᠣᠺ ᠤᠨ ᠡᠷᠬᠡ ᠶᠢᠨ ᠬᠤᠭᠤᠷᠣᠨᠳᠣ ᠦᠨ᠎ᠡ ᠲᠥᠯᠥᠪᠦᠷᠢ ᠦᠭᠡᠶ ᠪᠠᠷ ᠬᠤᠪᠢᠶᠠᠷᠢᠯᠠᠨ | ᠰᠢᠯᠵᠢᠭᠦᠯᠬᠦ ᠳᠤ ᠬᠦᠷᠪᠡᠯ᠂ ᠦᠨᠡᠯᠡᠨ ᠵᠢᠱᠢᠬᠦ ᠠᠴᠠ ᠬᠡᠯᠲᠦᠷᠢᠭᠦᠯᠵᠦ ᠪᠣᠯᠤᠨ᠎ᠠ᠃ | ᠶᠢᠰᠦᠳᠦᠭᠡᠷ ᠪᠦᠯᠦᠭ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠠ ᠴᠠᠯᠢᠩ ᠬᠥᠯᠥᠰᠥ ᠶᠢᠨ | ᠬᠠᠮᠢᠶᠠᠷᠤᠯᠲᠠ | ᠳᠥᠴᠢᠨ ᠨᠠᠢᠮᠠᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ ᠨᠢ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠤᠨ ᠬᠠᠮᠢᠶᠠᠷᠤᠭᠴᠢ ᠶᠢᠨ | ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠦᠷᠢᠮ ᠢ ᠪᠠᠶᠢᠭᠤᠯᠵᠤ᠂ ᠲᠡᠭᠦᠨ ᠤ ᠲᠣᠮᠢᠯᠠᠭᠰᠠᠨ ᠠᠵᠤ | ᠠᠬᠤᠶᠢᠯᠠᠯ ᠤᠨ ᠬᠠᠮᠢᠶᠠᠷᠤᠭᠴᠢ ᠳᠤ ᠤᠨ ᠪᠠ ᠲᠤᠰᠢᠶᠠᠯ ᠤᠨ ᠬᠤᠭᠤᠴᠠᠭᠠᠨ ᠤ ᠬᠢᠨᠠᠨ ᠰᠢᠯᠭᠠᠯᠲᠠ ᠬᠢᠬᠦ ᠶᠢᠨ ᠬᠠᠮᠲᠤ | ᠬᠢᠨᠠᠨ ᠰᠢᠯᠭᠠᠭᠰᠠᠨ ᠦᠷ᠎ᠡ ᠳ᠋ᠦᠩ ᠢ ᠦᠨᠳᠦᠰᠦᠯᠡᠨ ᠠᠵᠤ ᠠᠬᠤᠶᠢᠯᠠᠯ ᠤᠨ ᠬᠠᠮᠢᠶᠠᠷᠤᠭᠴᠢ ᠶᠢ ᠱᠠᠩᠨᠠᠵᠤ | ᠲᠣᠷᠭᠠᠬᠤ ᠶᠢ ᠲᠣᠭᠲᠠᠭᠠᠨ᠎ᠠ᠃ | ᠳᠥᠴᠢ ᠶᠢᠰᠦᠳᠦᠭᠡᠷ ᠵᠦᠢᠯ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ | ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ ᠶᠢᠨ ᠭᠤᠤᠯ ᠬᠠᠷᠢᠭᠤᠴᠠᠯᠭᠠᠲᠠᠨ ᠨᠢ ᠬᠠᠤᠯᠢ ᠶᠣᠰᠣᠭᠠᠷ ᠬᠢᠭᠰᠡᠨ | ᠲᠤᠰᠢᠶᠠᠯ ᠤᠨ ᠬᠤᠭᠤᠴᠠᠭᠠᠨ ᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢ ᠬᠦᠯᠢᠶᠡᠬᠦ ᠬᠡᠷᠡᠭᠲᠡᠶ᠃ | | ᠲᠠᠪᠢᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠴᠠᠯᠢᠩ ᠭᠡᠳᠡᠭ ᠨᠢ ᠠᠵᠤ ᠠᠬᠤᠶᠢᠯᠠᠯ ᠠᠴᠠ ᠠᠵᠢᠯᠲᠠᠨ | ᠠᠵᠢᠯᠴᠢᠨ ᠳᠠᠭᠠᠨ ᠰᠢᠭᠤᠳ ᠣᠯᠭᠤᠭᠰᠠᠨ ᠴᠠᠯᠢᠩ᠂ ᠱᠠᠩᠨᠠᠯ ᠤᠨ ᠮᠥᠩᠭᠦ᠂ ᠨᠥᠬᠦᠪᠥᠷᠢ ᠮᠥᠩᠭᠦ᠂ ᠨᠥᠬᠦᠪᠥᠷᠢ | ᠮᠥᠩᠭᠦ ᠵᠡᠷᠭᠡ ᠪᠦᠬᠦ ᠬᠥᠯᠥᠰᠥ ᠮᠥᠩᠭᠦ ᠶᠢ ᠵᠢᠭᠠᠵᠤ ᠪᠤᠶ᠃ | ᠲᠠᠪᠢᠨ ᠨᠢᠭᠡᠳᠦᠭᠡᠷ ᠵᠦᠢᠯ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠺᠣᠮᠢᠰ ᠨᠢ ᠠᠵᠤ ᠠᠬᠤᠶᠢᠯᠠᠯ ᠤᠨ ᠴᠠᠯᠢᠩ ᠬᠥᠯᠥᠰᠥ ᠶᠢᠨ ᠶᠡᠷᠦᠩᠬᠡᠶ ᠲᠤᠭ᠎ᠠ ᠵᠢᠴᠢ ᠠᠵᠤ ᠠᠬᠤᠶᠢᠯᠠᠯ ᠤᠨ | ᠤᠳᠤᠷᠢᠳᠬᠤ ᠬᠥᠮᠦᠰ᠂ ᠠᠵᠤ ᠠᠬᠤᠶᠢᠯᠠᠯ ᠤᠨ ᠲᠤᠰᠢᠶᠠᠯ ᠬᠠᠪᠰᠤᠷᠭᠠᠭᠰᠠᠨ ᠬᠥᠮᠦᠰ ᠤᠨ ᠴᠠᠯᠢᠩ ᠬᠥᠯᠥᠰᠥ ᠶᠢ | ᠬᠠᠤᠯᠢ ᠶᠣᠰᠣᠭᠠᠷ ᠬᠠᠮᠢᠶᠠᠷᠴᠤ᠂ ᠠᠵᠤ ᠠᠬᠤᠶᠢᠯᠠᠯ ᠤᠨ ᠳᠣᠲᠣᠷᠠᠬᠢ ᠳᠤᠮᠳᠠ ᠳᠡᠰ ᠵᠢᠴᠢ ᠲᠡᠭᠦᠨ ᠠᠴᠠ | ᠳᠣᠷᠣᠭᠰᠢᠬᠢ ᠬᠥᠮᠦᠰ ᠤᠨ ᠴᠠᠯᠢᠩ ᠬᠥᠯᠥᠰᠥ ᠶᠢ ᠠᠵᠤ ᠠᠬᠤᠶᠢᠯᠠᠯ ᠨᠢ ᠬᠠᠤᠯᠢ ᠶᠣᠰᠣᠭᠠᠷ ᠡᠵᠡᠨ ᠮᠡᠳᠡᠵᠦ | ᠲᠣᠭᠲᠠᠭᠠᠨ᠎ᠠ᠃ ᠴᠠᠯᠢᠩ ᠬᠥᠯᠥᠰᠥ ᠬᠢᠭᠡᠳ ᠦᠷ᠎ᠡ ᠠᠰᠢᠭ ᠢ ᠬᠤᠯᠪᠣᠭᠳᠠᠭᠤᠯᠬᠤ ᠵᠠᠷᠴᠢᠮ ᠢ ᠪᠠᠷᠢᠮᠲᠠᠯᠠᠨ᠎ᠠ᠃ ᠠᠵᠤ | ᠠᠬᠤᠢ ᠶᠢᠨ ᠦᠷ᠎ᠡ ᠠᠰᠢᠭ ᠨᠡᠮᠡᠭᠳᠡᠵᠦ᠂ ᠴᠠᠯᠢᠩ ᠬᠥᠯᠥᠰᠥ ᠶᠢᠨ ᠶᠡᠷᠦᠩᠬᠡᠶ ᠲᠤᠭ᠎ᠠ ᠨᠡᠮᠡᠭᠳᠡᠵᠡᠢ︔ ᠠᠵᠤ | ᠠᠬᠤᠢ ᠶᠢᠨ ᠦᠷ᠎ᠡ ᠠᠰᠢᠭ ᠪᠠᠭᠤᠷᠠᠵᠤ᠂ ᠴᠠᠯᠢᠩ ᠬᠥᠯᠥᠰᠥ ᠶᠢᠨ ᠶᠡᠷᠦᠩᠬᠡᠶ ᠲᠤᠭ᠎ᠠ ᠪᠠᠭᠠᠰᠪᠠ᠃ ᠠᠵᠤ | ᠠᠬᠤᠶᠢᠯᠠᠯ ᠤᠨ ᠤᠳᠤᠷᠢᠳᠬᠤ ᠬᠥᠮᠦᠰ ᠬᠢᠭᠡᠳ ᠠᠵᠤ ᠠᠬᠤᠶᠢᠯᠠᠯ ᠤᠨ ᠪᠤᠰᠤᠳ ᠠᠵᠢᠯᠲᠠᠨ ᠠᠵᠢᠯᠴᠢᠨ ᠤ ᠴᠠᠯᠢᠩ | ᠬᠥᠯᠥᠰᠥ ᠶᠢᠨ ᠵᠥᠷᠢᠶ᠎ᠡ ᠶᠢ ᠵᠦᠢ ᠵᠣᠬᠢᠰᠲᠠᠶ ᠬᠡᠪᠴᠢᠶᠡᠨ ᠳᠤ ᠬᠢᠵᠠᠭᠠᠷᠯᠠᠬᠤ ᠬᠡᠷᠡᠭᠲᠡᠶ᠃ | ᠲᠠᠪᠢᠨ ᠬᠤᠶᠠᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ ᠨᠢ ᠤᠯᠤᠰ ᠪᠠ ᠮᠤᠵᠢ᠂ ᠬᠤᠲᠠ ᠶᠢᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠪᠡᠯᠡ ᠭᠠᠷᠭᠠᠭᠰᠠᠨ ᠠᠵᠤ ᠠᠬᠤᠶᠢᠯᠠᠯ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠢ | ᠲᠣᠭᠲᠠᠭᠠᠵᠤ᠂ ᠪᠡᠯᠡ ᠭᠠᠷᠭᠠᠭᠰᠠᠨ ᠠᠵᠤ ᠠᠬᠤᠶᠢᠯᠠᠯ ᠤᠨ ᠴᠠᠯᠢᠩ ᠤᠨ ᠶᠡᠷᠦᠩᠬᠡᠶ ᠲᠤᠭ᠎ᠠ ᠶᠢᠨ ᠬᠢᠷᠢ ᠬᠡᠮᠵᠢᠶ᠎ᠡ ᠶᠢ | ᠲᠣᠬᠢᠷᠠᠭᠤᠯᠤᠨ ᠡᠵᠡᠮᠳᠡᠬᠦ ᠬᠡᠷᠡᠭᠲᠡᠶ᠃ | ᠲᠠᠪᠢᠨ ᠭᠤᠷᠪᠠᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ ᠪᠠᠶᠢᠭ᠎ᠠ | ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠲᠤᠰᠠᠭᠠᠷ | ᠪᠡᠯᠡ ᠶᠢᠨ ᠺᠣᠮᠫᠠᠨᠢ ᠶᠢᠨ ᠴᠠᠯᠢᠩ ᠤᠨ ᠶᠡᠷᠦᠩᠬᠡᠶ ᠲᠤᠭ᠎ᠠ ᠳᠤ ᠴᠠᠯᠢᠩ ᠤᠨ ᠶᠡᠷᠦᠩᠬᠡᠶ ᠲᠤᠭ᠎ᠠ ᠶᠢᠨ ᠬᠠᠮᠢᠶᠠᠷᠤᠯᠲᠠ ᠶᠢ | ᠬᠡᠷᠡᠭᠵᠢᠭᠦᠯᠬᠦ ᠬᠡᠷᠡᠭᠲᠡᠶ᠃ | ᠲᠠᠪᠢᠨ ᠳᠥᠷᠪᠡᠳᠦᠭᠡᠷ ᠵᠦᠢᠯ ᠠᠵᠤ ᠠᠬᠤᠶᠢᠯᠠᠯ ᠤᠨ ᠴᠠᠯᠢᠩ ᠤᠨ ᠶᠡᠷᠦᠩᠬᠡᠶ ᠲᠤᠭ᠎ᠠ ᠶᠢᠨ ᠬᠠᠮᠢᠶᠠᠷᠤᠯᠲᠠ ᠳᠤ | ᠳᠣᠤᠷᠠᠬᠢ ᠵᠠᠷᠴᠢᠮ ᠢ ᠵᠢᠷᠤᠮᠯᠠᠬᠤ ᠬᠡᠷᠡᠭᠲᠡᠶ᠄ | ︵ᠨᠢᠭᠡ︶ ᠴᠠᠯᠢᠩ ᠨᠡᠮᠡᠭᠳᠡᠬᠦ ᠪᠠ ᠠᠵᠤ ᠠᠬᠤᠢ ᠶᠢᠨ ᠦᠷ᠎ᠡ ᠠᠰᠢᠭ ᠢ ᠤᠶᠠᠯᠳᠤᠭᠤᠯᠬᠤ | ︵ᠬᠤᠶᠠᠷ︶ ᠦᠷ᠎ᠡ ᠪᠦᠲᠦᠮᠵᠢ ᠪᠠ ᠲᠥᠪ ᠭᠤᠣᠯᠴᠢ ᠪᠠᠶᠢᠬᠤ ᠶᠢ ᠠᠬᠢᠭᠤᠯᠬᠤ ᠶᠢ ᠤᠶᠠᠯᠳᠤᠭᠤᠯᠬᠤ︔ | ︵ᠭᠤᠷᠪᠠ︶ ᠤᠷᠮᠠᠰᠢᠭᠤᠯᠬᠤ ᠪᠠ ᠬᠢᠵᠠᠭᠠᠷᠯᠠᠬᠤ ᠶᠢ ᠬᠠᠷᠢᠯᠴᠠᠨ ᠤᠶᠠᠯᠳᠤᠭᠤᠯᠬᠤ︔ | ︵ᠲᠦᠷᠪᠡ︶ ᠴᠠᠯᠢᠩ ᠤᠨ ᠶᠡᠷᠦᠩᠬᠡᠢ ᠲᠣᠭᠠᠨ ᠤ ᠬᠠᠮᠢᠶᠠᠷᠤᠯᠲᠠ ᠶᠢ ᠪᠦᠬᠦ ᠲᠠᠯ᠎ᠠ ᠶᠢᠨ ᠲᠥᠰᠥᠪ ᠤᠨ | ᠬᠠᠮᠢᠶᠠᠷᠤᠯᠲᠠ ᠳᠤ ᠣᠷᠣᠭᠤᠯᠵᠤ᠃ | ᠲᠠᠪᠢᠨ ᠲᠠᠪᠤᠳᠤᠭᠠᠷ ᠵᠦᠢᠯ ᠴᠠᠯᠢᠩ ᠤᠨ ᠶᠡᠷᠦᠩᠬᠡᠶ ᠲᠤᠭ᠎ᠠ ᠶᠢᠨ ᠲᠥᠰᠦᠪ ᠤᠨ ᠬᠠᠮᠢᠶᠠᠷᠤᠯᠲᠠ ᠶᠢ | ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠤᠳ ᠬᠥᠮᠦᠨ ᠬᠡᠷᠡᠭᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠰᠠᠶᠢᠲᠤᠷ ᠠᠷᠪᠢᠯᠠᠨ ᠭᠠᠮᠨᠠᠵᠤ᠂ ᠴᠣᠮᠬᠠᠨ ᠪᠥᠭᠡᠳ ᠥᠨᠳᠥᠷ ᠦᠷ᠎ᠡ ᠪᠦᠲᠦᠮᠵᠢᠲᠡᠶ ᠪᠠᠶᠢᠯᠭᠠᠬᠤ ᠬᠡᠷᠡᠭᠲᠡᠶ᠃ ᠠᠵᠤ | ᠠᠬᠤᠶᠢᠯᠠᠯ ᠦᠢᠯᠡᠳᠪᠦᠷᠢᠯᠡᠯ ᠡᠵᠡᠩᠨᠡᠯᠲᠡ ᠶᠢᠨ ᠬᠡᠷᠡᠭᠴᠡᠭᠡ ᠪᠠᠨ ᠦᠨᠳᠦᠰᠦᠯᠡᠨ᠂ ᠠᠵᠢᠯ ᠤᠨ ᠪᠠᠶᠢᠷᠢ ᠪᠠᠨ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠤᠨ᠂ ᠠᠵᠢᠯ ᠤᠨ ᠪᠠᠶᠢᠷᠢ ᠪᠠ ᠠᠵᠢᠯᠲᠠᠨ ᠢᠶᠠᠨ ᠲᠣᠭᠲᠠᠭᠠᠬᠤ ᠬᠡᠷᠡᠭᠲᠡᠶ᠃ ᠠᠵᠢᠯ ᠤᠨ | ᠪᠠᠶᠢᠷᠢ ᠲᠣᠭᠲᠠᠭᠠᠨ ᠠᠵᠢᠯᠲᠠᠨ ᠲᠣᠭᠲᠠᠭᠠᠭᠰᠠᠨ ᠪᠠᠶᠢᠳᠠᠯ ᠢ ᠦᠨᠳᠦᠰᠦᠯᠡᠨ᠂ ᠬᠥᠮᠦᠨ ᠬᠡᠷᠡᠭᠯᠡᠬᠦ ᠲᠥᠯᠥᠪᠯᠡᠭᠡ ᠶᠢ | ᠠᠵᠤ ᠠᠬᠤᠶᠢᠯᠠᠯ ᠤᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ | ᠬᠢᠨᠠᠭᠤᠯᠤᠭᠰᠠᠨ ᠤ ᠳᠠᠷᠠᠭ᠎ᠠ ᠰᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃ ᠬᠢᠨᠠᠨ ᠵᠥᠪᠰᠢᠶᠡᠷᠡᠭᠰᠡᠨ ᠤ | ᠳᠠᠷᠠᠭᠠᠬᠢ ᠠᠵᠤ ᠠᠬᠤᠶᠢᠯᠠᠯ ᠤᠨ ᠬᠥᠮᠦᠨ ᠬᠡᠷᠡᠭᠯᠡᠬᠦ ᠲᠥᠯᠥᠪᠯᠡᠭᠡ ᠶᠢ ᠰᠢᠶᠠᠨ ᠤ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠤ ᠠᠬᠤᠶᠢᠯᠠᠯ ᠤᠨ ᠴᠠᠯᠢᠩ ᠤᠨ ᠶᠡᠷᠦᠩᠬᠡᠶ | ᠲᠤᠭ᠎ᠠ ᠶᠢ ᠬᠢᠨᠠᠨ ᠲᠣᠭᠲᠠᠭᠠᠬᠤ ᠴᠢᠬᠤᠯᠠ ᠦᠨᠳᠦᠰᠦᠯᠡᠯ ᠪᠣᠯᠭᠠᠨ᠎ᠠ᠃ | ᠲᠠᠪᠢᠨ ᠵᠢᠷᠭᠤᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠠᠵᠤ ᠠᠬᠤᠶᠢᠯᠠᠯ ᠤᠨ ᠤᠳᠤᠷᠢᠳᠬᠤ ᠬᠥᠮᠦᠰ | ᠭᠡᠳᠡᠭ ᠨᠢ ᠠᠵᠤ ᠠᠬᠤᠶᠢᠯᠠᠯ ᠤᠨ ᠳᠣᠤᠷᠠᠬᠢ ᠮᠡᠲᠦ ᠬᠥᠮᠦᠰ ᠪᠣᠯᠤᠨ᠎ᠠ᠄ ︵ᠨᠢᠭᠡ︶ ᠤᠯᠤᠰ ᠤᠨ ᠥᠮᠴᠢᠯᠡᠯᠲᠦ | ᠲᠤᠰᠠᠭᠠᠷ ᠪᠡᠯᠡ ᠶᠢᠨ ᠠᠵᠤ ᠠᠬᠤᠶᠢᠯᠠᠯ ᠤᠨ ᠶᠡᠷᠦᠩᠬᠡᠶ ᠳᠠᠭᠠᠭᠠᠮᠠᠯ᠂ ᠳᠡᠳ᠋ ᠶᠡᠷᠦᠩᠬᠡᠶ ᠳᠠᠭᠠᠭᠠᠮᠠᠯ᠂ ᠶᠡᠷᠦᠩᠬᠡᠶ | ᠨᠢᠭᠲᠠᠯᠠᠨ ᠪᠣᠳᠣᠭᠴᠢ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠰᠬᠠᠶ ᠲᠤᠰᠢᠶᠠᠯ ᠤᠨ ᠱᠦᠵᠢ᠂ ᠳᠡᠳ᠋ ᠱᠦᠵᠢ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ︔ ︵ᠬᠤᠶᠠᠷ︶ ᠤᠯᠤᠰ ᠤᠨ ᠥᠮᠴᠢᠯᠡᠯᠲᠦ ᠲᠤᠰᠠᠭᠠᠷ | ᠪᠡᠯᠡ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠬᠡᠷᠡᠭ ᠡᠷᠬᠢᠯᠡᠭᠴᠢᠳ ᠤᠨ ᠺᠣᠮᠢᠰ ᠤᠨ ᠲᠡᠷᠢᠭᠦᠯᠡᠭᠴᠢ᠂ | ᠬᠢᠨᠠᠯᠲᠠ ᠲᠠᠯᠪᠢᠭᠴᠢᠳ ᠤᠨ ᠺᠣᠮᠢᠰ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠠᠵᠢᠯᠲᠠᠨ ᠠᠵᠢᠯᠴᠢᠨ ᠤ ᠪᠤᠰᠤ | ᠲᠥᠯᠥᠭᠡᠯᠡᠭᠴᠢ᠂ ᠬᠢᠨᠠᠯᠲᠠ ᠲᠠᠯᠪᠢᠭᠴᠢ᠂ ᠶᠡᠷᠦᠩᠬᠡᠶ ᠳᠠᠭᠠᠭᠠᠮᠠᠯ᠂ ᠳᠡᠳ᠋ ᠶᠡᠷᠦᠩᠬᠡᠶ ᠳᠠᠭᠠᠭᠠᠮᠠᠯ᠂ ᠶᠡᠷᠦᠩᠬᠡᠶ | ᠨᠢᠭᠲᠠᠯᠠᠨ ᠪᠣᠳᠣᠭᠴᠢ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠰᠬᠠᠶ ᠲᠤᠰᠢᠶᠠᠯ ᠤᠨ ᠱᠦᠵᠢ᠂ ᠳᠡᠳ᠋ ᠱᠦᠵᠢ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠪᠣᠯᠤᠨ᠎ᠠ᠃ | ᠠᠷᠪᠠᠳᠤᠭᠠᠷ ᠪᠦᠯᠦᠭ ᠤᠯᠤᠰ ᠤᠨ ᠥᠮᠴᠢᠯᠡᠯ ᠤᠨ ᠲᠤᠰᠠᠭᠠᠷ ᠪᠡᠯᠡ ᠣᠷᠣᠭᠤᠯᠤᠯᠲᠠ ᠶᠢᠨ ᠺᠣᠮᠫᠠᠨᠢ᠂ | ᠤᠯᠤᠰ ᠤᠨ ᠥᠮᠴᠢᠯᠡᠯ ᠤᠨ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠠᠰᠢᠭ ᠬᠤᠨᠵᠢᠪᠣᠷᠢ ᠶᠢᠨ | ᠬᠤᠪᠢᠶᠠᠷᠢᠯᠠᠯᠲᠠ | ᠲᠠᠪᠢᠨ ᠳᠣᠯᠣᠳᠤᠭᠠᠷ ᠵᠦᠢᠯ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠳᠤ ᠬᠠᠤᠯᠢ | ᠲᠣᠭᠲᠠᠭᠠᠯ ᠢ ᠵᠢᠷᠤᠮᠯᠠᠬᠤ᠂ ᠵᠠᠬ᠎ᠠ ᠳᠡᠯᠭᠡᠭᠦᠷᠴᠢᠯᠡᠨ ᠠᠰᠢᠭ ᠬᠤᠪᠢᠶᠠᠷᠢᠯᠠᠬᠤ ᠶᠢ ᠪᠠᠷᠢᠮᠲᠠᠯᠠᠬᠤ᠂ ᠨᠢᠭᠡᠳᠦᠯᠲᠡᠶ | ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ | ᠲᠠᠪᠢᠨ ᠨᠠᠶ᠋ᠮᠠᠳᠤᠭᠠᠷ ᠵᠦᠢᠯ ᠠᠵᠤ ᠠᠬᠤᠶᠢᠯᠠᠯ ᠨᠢ ᠲᠤᠰ ᠵᠢᠯ ᠤᠨ ᠭᠠᠶᠢᠯᠢ ᠪᠠᠨ ᠬᠤᠪᠢᠶᠠᠷᠢᠯᠠᠭᠰᠠᠨ ᠤ ᠳᠠᠷᠠᠭ᠎ᠠ | ᠠᠰᠢᠭ ᠬᠤᠨᠵᠢᠪᠣᠷᠢ ᠶᠢᠨ ᠢᠶᠠᠨ ᠵᠠᠭᠤᠨ ᠤ ᠠᠷᠪᠠ ᠶᠢ ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠳᠤ ᠣᠷᠣᠭᠤᠯᠬᠤ ᠬᠡᠷᠡᠭᠲᠡᠶ᠃ ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠨᠡᠶᠢᠲᠡ ᠲᠤᠭ᠎ᠠ ᠶᠢ ᠺᠣᠮᠫᠠᠨᠢ ᠶᠢᠨ ᠳᠠᠩᠰᠠᠯᠠᠭᠤᠯᠤᠭᠰᠠᠨ | ᠬᠥᠷᠥᠩᠭᠡ ᠶᠢᠨ ᠵᠠᠭᠤᠨ ᠤ ᠲᠠᠪᠢᠨ ᠬᠤᠪᠢ ᠪᠣᠯᠭᠠᠭᠰᠠᠨ ᠪᠣᠯ ᠳᠠᠬᠢᠵᠤ ᠭᠠᠷᠭᠠᠨ ᠠᠪᠬᠤ ᠦᠭᠡᠶ ᠪᠠᠶᠢᠵᠤ ᠪᠣᠯᠤᠨ᠎ᠠ᠃ | ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠨᠢ ᠥᠩᠭᠡᠷᠡᠭᠰᠡᠨ ᠤ | ᠠᠯᠳᠠᠭᠳᠠᠯ ᠢᠶᠠᠨ ᠨᠥᠬᠦᠪᠥᠷᠢᠯᠡᠵᠦ ᠳᠡᠶᠢᠯᠬᠦ ᠦᠭᠡᠶ ᠪᠣᠯ ᠤᠷᠢᠳᠠᠪᠠᠷ ᠲᠤᠬᠠᠶ ᠶᠢᠨ ᠵᠢᠯ ᠤᠨ ᠠᠰᠢᠭ ᠬᠤᠨᠵᠢᠪᠣᠷᠢ ᠪᠠᠷ | ᠠᠯᠳᠠᠭᠳᠠᠯ ᠢᠶᠠᠨ ᠨᠥᠬᠦᠪᠥᠷᠢᠯᠡᠬᠦ ᠬᠡᠷᠡᠭᠲᠡᠶ᠃ ᠺᠣᠮᠫᠠᠨᠢ ᠠᠯᠳᠠᠭᠳᠠᠯ ᠢᠶᠠᠨ ᠨᠥᠬᠦᠪᠥᠷᠢᠯᠡᠭᠰᠡᠨ ᠪᠠ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠤᠭᠰᠠᠨ ᠤ ᠳᠠᠷᠠᠭ᠎ᠠ ᠦᠯᠡᠳᠡᠭᠰᠡᠨ ᠠᠰᠢᠭ ᠣᠯᠵᠠᠪᠤᠷᠢ ᠶᠢᠨ | ᠭᠠᠶᠢᠯᠢ ᠶᠢ ᠭᠠᠷᠭᠠᠨ ᠠᠪᠤᠭᠰᠠᠨ ᠤ ᠳᠠᠷᠠᠭ᠎ᠠ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠤᠪᠢᠶᠠᠷᠢᠯᠠᠨ᠎ᠠ᠃ | ᠲᠠᠪᠢ ᠶᠢᠰᠦᠳᠦᠭᠡᠷ ᠵᠦᠢᠯ ᠠᠵᠤ ᠠᠬᠤᠢᠯᠠᠯ ᠤᠨ ᠠᠱᠢᠭ ᠬᠤᠨᠵᠢᠪᠤᠷᠢ ᠶᠢᠨ ᠬᠤᠪᠢᠶᠠᠷᠢᠯᠠᠯᠲᠠ ᠶᠢᠨ | ᠱᠢᠢᠳᠪᠦᠷᠢᠲᠦ ᠪᠣᠳᠣᠯᠭ᠎ᠠ ᠶᠢᠨ ᠵᠢᠷᠤᠮ ᠪᠣᠯᠤᠨ ᠪᠠᠲᠤᠯᠠᠬᠤ ᠲᠣᠭᠲᠠᠴᠠ ᠶᠢ ᠺᠣᠮᠫᠠᠨᠢ ᠶᠢᠨ ᠳᠦᠷᠢᠮ᠂ ᠬᠡᠷᠡᠭ | ᠡᠳᠡᠭᠴᠢᠳ ᠤᠨ ᠵᠥᠪᠯᠡᠯ ᠤᠨ ᠬᠡᠷᠡᠭ ᠵᠥᠪᠯᠡᠬᠦ ᠳᠦᠷᠢᠮ ᠳᠤ ᠲᠣᠳᠣᠷᠬᠠᠢᠯᠠᠵᠤ᠂ ᠬᠠᠤᠯᠢ ᠳᠤ ᠲᠣᠭᠲᠠᠭᠠᠭᠰᠠᠨ | ᠵᠢᠷᠤᠮ ᠢᠶᠠᠷ ᠬᠢᠨᠠᠨ ᠶᠠᠷᠢᠯᠴᠠᠵᠤ ᠪᠠᠲᠤᠯᠠᠭᠰᠠᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ | ᠵᠢᠷᠠᠳᠤᠭᠠᠷ ᠵᠦᠢᠯ ᠠᠵᠤ ᠠᠬᠤᠶᠢᠯᠠᠯ ᠺᠣᠮᠫᠠᠨᠢ ᠶᠢᠨ ᠳᠦᠷᠢᠮ ᠤᠨ ᠲᠣᠭᠲᠠᠭᠠᠯ ᠢ ᠦᠨᠳᠦᠰᠦᠯᠡᠨ᠂ ᠠᠰᠢᠭ | ᠬᠤᠨᠵᠢᠪᠣᠷᠢ ᠶᠢᠨ ᠬᠤᠪᠢᠶᠠᠷᠢᠯᠠᠯᠲᠠ ᠶᠢᠨ ᠲᠥᠰᠦᠯ ᠢ ᠰᠤᠳᠤᠯᠤᠨ ᠳᠤᠷᠠᠳᠬᠤ ᠶᠢᠨ ᠬᠠᠮᠲᠤ ᠲᠣᠭᠲᠠᠭᠠᠭᠰᠠᠨ ᠳᠡᠰ | ᠳᠠᠷᠠᠭᠠᠯᠠᠯ ᠤᠨ ᠶᠣᠰᠣᠭᠠᠷ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠬᠦ ᠪᠤᠶᠤ ᠬᠡᠷᠡᠭ ᠮᠡᠳᠡᠭᠴᠢᠳ ᠤᠨ ᠬᠤᠷᠠᠯ ᠳᠤ ᠳᠡᠪᠰᠢᠭᠦᠯᠦᠨ ᠬᠢᠨᠠᠨ | ᠲᠣᠭᠲᠠᠭᠠᠯᠭᠠᠬᠤ ᠬᠡᠷᠡᠭᠲᠡᠶ᠃ ᠠᠰᠢᠭ ᠬᠤᠨᠵᠢᠪᠤᠷᠢ ᠶᠢᠨ ᠬᠤᠪᠢᠶᠠᠷᠢᠯᠠᠯᠲᠠ ᠶᠢᠨ ᠲᠥᠰᠥᠯ ᠢ ᠬᠢᠨᠠᠨ | ᠶᠠᠷᠢᠯᠴᠠᠭᠤᠯᠬᠤ ᠪᠠᠷ ᠳᠡᠪᠰᠢᠭᠦᠯᠬᠦ ᠦᠶ᠎ᠡ ᠳᠤ᠂ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯᠭᠡ ᠳᠤ ᠬᠤᠷᠠᠯ ᠤᠨ ᠮᠡᠳᠡᠭᠳᠡᠯ ᠪᠠ | ᠵᠥᠪᠯᠡᠯᠭᠡ ᠶᠢᠨ ᠮᠠᠲ᠋ᠧᠷᠢᠶᠠᠯ ᠢ ᠤᠷᠢᠳᠴᠢᠯᠠᠨ ᠶᠠᠪᠤᠭᠤᠯᠬᠤ ᠬᠡᠷᠡᠭᠲᠡᠢ᠃ ᠵᠥᠪᠯᠡᠯᠭᠡ ᠶᠢᠨ ᠮᠠᠲ᠋ᠧᠷᠢᠶᠠᠯ ᠳᠤ ᠳᠣᠣᠷᠠᠬᠢ | ᠠᠭᠤᠯᠭ᠎ᠠ ᠶᠢ ᠪᠠᠭᠲᠠᠭᠠᠬᠤ ᠬᠡᠷᠡᠭᠲᠡᠶ᠄ | ︵ᠨᠢᠭᠡ︶ ᠠᠵᠤ ᠠᠬᠤᠶᠢᠯᠠᠯ ᠤᠨ ᠦᠨᠳᠦᠰᠦᠨ ᠦᠶ᠋ᠯᠡᠳᠪᠦᠷᠢᠯᠡᠯ ᠡᠵᠡᠩᠨ᠋ᠡᠯᠲᠡ ᠶᠢᠨ ᠪᠠᠶᠢᠳᠠᠯ᠂ ᠡᠳ᠋ ᠤᠨ | ᠶᠠᠪᠤᠳᠠᠯ ᠤᠨ ᠪᠠᠶᠢᠳᠠᠯ᠂ ᠪᠡᠯᠡ ᠣᠷᠤᠬᠤᠯᠤᠯᠲᠠ ᠶᠢᠨ ᠲᠥᠯᠥᠪᠯᠡᠭᠡ ᠵᠡᠷᠭᠡ᠃ | ︵ᠬᠤᠶᠠᠷ︶ ᠠᠰᠢᠭ ᠬᠤᠨᠵᠢᠪᠤᠷᠢ ᠶᠢᠨ ᠬᠤᠪᠢᠶᠠᠷᠢᠯᠠᠯᠲᠠ ᠶᠢᠨ ᠪᠣᠳᠠᠲᠠᠢ ᠲᠥᠰᠥᠯ᠂ ᠠᠵᠤ ᠠᠬᠤᠶᠢᠯᠠᠯ ᠤᠨ | ᠠᠯᠲᠠᠭᠳᠠᠯ ᠢ ᠨᠥᠬᠦᠪᠥᠷᠢᠯᠡᠬᠦ᠂ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠭᠠᠷᠭᠠᠵᠤ ᠠᠪᠬᠤ ᠪᠠ ᠬᠤᠪᠢ | ᠣᠷᠣᠭᠤᠯᠤᠭᠴᠢ ᠳᠤ ᠠᠰᠢᠭ ᠬᠤᠨᠵᠢᠪᠤᠷᠢ ᠬᠤᠪᠢᠶᠠᠵᠤ ᠪᠠᠶᠢᠭ᠎ᠠ ᠪᠠᠶᠢᠳᠠᠯ᠂ ᠬᠤᠪᠢᠶᠠᠷᠢᠯᠠᠭᠰᠠᠨ ᠦᠭᠡᠢ ᠠᠰᠢᠭ | ᠬᠤᠨᠵᠢᠪᠤᠷᠢ ᠶᠢᠨ ᠬᠤᠪᠢᠶᠠᠷᠢᠯᠠᠯᠲᠠ ᠶᠢᠨ ᠲᠥᠯᠥᠪᠯᠡᠭᠡ ᠪᠠᠨ ᠦᠯᠡᠳᠡᠭᠡᠨ ᠬᠠᠳᠠᠭᠠᠯᠠᠬᠤ ᠵᠢᠴᠢ ᠠᠰᠢᠭ | ᠬᠤᠨᠵᠢᠪᠤᠷᠢ ᠶᠢᠨ ᠬᠤᠪᠢᠶᠠᠷᠢᠯᠠᠯᠲᠠ ᠶᠢᠨ ᠲᠥᠰᠥᠯ ᠳᠤᠷᠠᠳᠬᠤ ᠶᠢᠨ ᠭᠤᠣᠯ ᠪᠣᠳᠣᠯᠬᠢᠯᠠᠯ ᠪᠠᠭᠲᠠᠨ᠎ᠠ᠃ | ︵ᠭᠤᠷᠪᠠ︶ ᠪᠤᠰᠤᠳ ᠲᠤᠳᠣᠷᠬᠠᠶᠢᠯᠠᠬᠤ ᠴᠢᠬᠤᠯᠠᠲᠠᠶ ᠪᠠᠶᠢᠳᠠᠯ᠃ | ᠵᠢᠷᠠᠨ ᠨᠢᠭᠡᠳᠦᠭᠡᠷ ᠵᠦᠢᠯ ᠤᠯᠤᠰ ᠤᠨ ᠥᠮᠴᠢᠯᠡᠯ ᠤᠨ ᠲᠤᠰᠠᠭᠠᠷ ᠪᠡᠯᠡᠲᠦ ᠺᠣᠮᠫᠠᠨᠢ ᠨᠢ ᠤᠯᠤᠰ ᠤᠨ | ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠠᠰᠢᠭ ᠣᠯᠵᠠᠪᠤᠷᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ | ᠲᠣᠭᠲᠠᠭᠠᠯ ᠶᠣᠰᠣᠭᠠᠷ ᠠᠰᠢᠭ ᠬᠤᠪᠢᠶᠠᠬᠤ ᠬᠡᠷᠡᠭᠲᠡᠶ᠃ | ᠵᠢᠷᠠᠨ ᠬᠤᠶᠠᠳᠤᠭᠠᠷ ᠵᠦᠢᠯ ᠤᠯᠤᠰ ᠤᠨ ᠥᠮᠴᠢᠯᠡᠯ ᠤᠨ ᠲᠤᠰᠠᠭᠠᠷ ᠪᠡᠯᠡ ᠣᠷᠣᠭᠤᠯᠤᠯᠲᠠ ᠶᠢᠨ ᠺᠣᠮᠫᠠᠨᠢ ᠶᠢᠨ | ᠠᠰᠢᠭ ᠬᠤᠨᠵᠢᠪᠣᠷᠢ ᠶᠢᠨ ᠬᠤᠪᠢᠶᠠᠷᠢᠯᠠᠯᠲᠠ ᠳᠤ ᠺᠣᠮᠫᠠᠨᠢ ᠶᠢᠨ ᠬᠡᠷᠡᠭ ᠮᠡᠳᠡᠭᠴᠢᠳ ᠤᠨ ᠵᠥᠪᠯᠡᠯ ᠣᠨ ᠤ | ᠨᠡᠶᠢᠯᠡᠭᠦᠯᠦᠭᠰᠡᠨ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠶᠢᠨ ᠮᠡᠳᠡᠭᠦᠯᠦᠯᠲᠡ ᠶᠢ ᠵᠠᠭᠤᠴᠢ ᠪᠠᠶᠢᠭᠤᠯᠤᠮᠵᠢ ᠪᠠᠷ | ᠬᠢᠨᠠᠨ ᠪᠣᠳᠣᠭᠰᠠᠨ ᠤ ᠳᠠᠷᠠᠭ᠎ᠠ ᠨᠢᠭᠡ ᠰᠠᠷ᠎ᠠ ᠶᠢᠨ ᠳᠣᠲᠣᠷ᠎ᠠ ᠰᠤᠳᠤᠯᠤᠨ ᠠᠰᠢᠭ ᠣᠯᠵᠠᠪᠤᠷᠢ ᠶᠢᠨ | ᠬᠤᠪᠢᠶᠠᠷᠢᠯᠠᠯᠲᠠ ᠶᠢᠨ ᠲᠥᠰᠦᠯ ᠢ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ | ᠵᠢᠷᠠᠨ ᠭᠤᠷᠪᠠᠳᠤᠭᠠᠷ ᠵᠦᠢᠯ ᠠᠵᠤ ᠠᠬᠤᠶᠢᠯᠠᠯ ᠤᠨ ᠠᠰᠢᠭ ᠣᠷᠣᠯᠭ᠎ᠠ ᠶᠢ ᠬᠤᠪᠢᠶᠠᠷᠢᠯᠠᠬᠤ ᠲᠥᠰᠥᠯ ᠢ | ᠬᠡᠷᠡᠭᠵᠢᠭᠦᠯᠦᠭᠰᠡᠨ ᠤ ᠳᠠᠷᠠᠭ᠎ᠠ᠂ ᠴᠠᠭ ᠲᠤᠬᠠᠢ ᠳᠤᠨᠢ ᠵᠢᠷᠤᠮᠵᠢᠭᠤᠨ ᠪᠥᠭᠡᠳ ᠵᠣᠬᠢᠴᠠᠩᠭᠤᠢ ᠪᠦᠬᠦᠢ ᠳᠠᠩᠰᠠᠨ ᠤ | ᠶᠠᠪᠤᠳᠠᠯ ᠢ ᠰᠢᠢᠳᠪᠦᠷᠢᠯᠡᠬᠦ ᠶᠢᠨ ᠬᠠᠮᠲᠤ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠳᠤ ᠪᠢᠴᠢᠭ ᠢᠶᠠᠷ ᠮᠡᠳᠡᠭᠦᠯᠬᠦ ᠬᠡᠷᠡᠭᠲᠡᠢ᠃ | ᠵᠢᠷᠠᠨ ᠳᠥᠷᠪᠡᠳᠦᠭᠡᠷ ᠵᠦᠢᠯ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢ ᠣᠨ ᠢᠶᠠᠷ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠩ ᠤᠨ ᠪᠠᠶᠢᠳᠠᠯ ᠳᠤ ᠳᠤᠮᠳᠠ ᠬᠤᠭᠤᠴᠠᠭᠠᠨ ᠤ ᠠᠰᠢᠭ ᠬᠤᠪᠢᠶᠠᠬᠤ | ᠠᠷᠭ᠎ᠠ ᠶᠢ ᠠᠪᠬᠤ ᠦᠭᠡᠶ᠃ ᠠᠷᠪᠠᠨ ᠨᠢᠭᠡᠳᠦᠭᠡᠷ ᠪᠦᠯᠦᠭ ᠪᠤᠰᠤᠳ ᠪᠦᠯᠦᠭ | ᠵᠢᠷᠠᠨ ᠲᠠᠪᠤᠳᠤᠭᠠᠷ ᠵᠦᠶᠢᠯ ᠤᠯᠤᠰ ᠤᠨ ᠥᠮᠴᠢᠯᠡᠯᠳᠦ ᠠᠵᠤ ᠠᠬᠤᠢᠯᠠᠯ ᠦᠶᠢᠯᠡᠳᠪᠦᠷᠢᠯᠡᠯ ᠡᠵᠡᠩᠨᠡᠯᠲᠡ ᠶᠢᠨ | ᠶᠠᠪᠤᠴᠠ ᠳᠠᠭᠠᠨ ᠬᠠᠮᠢᠶᠠᠷᠤᠯᠲᠠ ᠪᠠᠨ ᠴᠢᠩᠬᠠᠳᠬᠠᠵᠤ᠂ ᠤᠯᠤᠰ ᠤᠨ ᠠᠵᠤ ᠦᠶᠢᠯᠡᠳᠪᠦᠷᠢ ᠶᠢᠨ ᠡᠷᠡᠭᠦᠯ ᠬᠠᠮᠠᠭᠠᠯᠠᠯ᠂ | ᠠᠶᠤᠯᠭᠦᠶ ᠦᠶᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ᠂ ᠭᠠᠯ ᠤᠨᠲᠠᠷᠠᠭᠠᠬᠤ ᠲᠠᠯ᠎ᠠ ᠪᠠᠷ ᠬᠢ ᠬᠠᠤᠯᠢ | ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠠᠵᠤ ᠠᠬᠤᠢᠯᠠᠯ ᠤᠨ ᠦᠷᠭᠦᠯᠵᠢᠯᠡᠨ ᠬᠥᠭᠵᠢᠬᠦ ᠶᠢ | ᠠᠬᠢᠭᠤᠯᠬᠤ ᠬᠡᠷᠡᠭᠲᠡᠢ | ᠠᠷᠪᠠᠨ ᠬᠤᠶᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠵᠢᠷᠠᠨ ᠵᠢᠷᠭᠤᠳᠤᠭᠠᠷ ᠵᠦᠢᠯ ᠰᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠪᠠ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ | ᠺᠣᠮᠫᠠᠨᠢ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠬᠠᠤᠯᠢ ᠶᠢ ᠵᠥᠷᠢᠴᠡᠨ ᠭᠠᠷ ᠲᠥᠷᠥᠵᠦ᠂ | ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠠᠳ᠂ ᠺᠣᠮᠫᠠᠨᠢ ᠶᠢᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠬᠤᠬᠢᠷᠠᠭᠤᠯᠤᠭᠰᠠᠨ ᠪᠤᠶᠤ ᠪᠤᠰᠤᠳ ᠬᠦᠨᠳᠦ ᠨᠣᠴᠢᠲᠠᠶ ᠦᠷ᠎ᠡ ᠳ᠋ᠦᠩ ᠳᠤ ᠬᠦᠷᠦᠭᠰᠡᠨ ᠪᠣᠯ ᠬᠠᠤᠯᠢ | ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠰᠢᠭᠤᠳ ᠬᠠᠷᠢᠭᠤᠴᠠᠵᠤ ᠪᠠᠶᠢᠭ᠎ᠠ | ᠭᠤᠤᠯᠴᠢᠯᠠᠨ ᠬᠠᠮᠢᠶᠠᠷᠬᠤ ᠠᠵᠢᠯᠲᠠᠨ ᠪᠠ ᠪᠤᠰᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠵᠠᠰᠠᠭ | ᠵᠠᠬᠢᠷᠭᠠᠨ ᠤ ᠰᠢᠳᠬᠡᠯ ᠥᠭᠭᠦᠨ᠎ᠡ᠃ | ᠵᠢᠷᠠᠨ ᠳᠣᠯᠣᠳᠤᠭᠠᠷ ᠵᠦᠢᠯ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠪᠠᠶᠢᠭᠤᠯᠤᠮᠵᠢ᠂ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ ᠪᠤᠰᠤᠳ | ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠶᠢᠭᠤᠯᠤᠮᠵᠢ ᠬᠢᠭᠡᠳ ᠲᠡᠭᠦᠨ ᠤ | ᠠᠵᠢᠯᠲᠠᠨ ᠳᠤ ᠳᠣᠤᠷᠠᠬᠢ ᠮᠡᠲᠦ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ | ᠭᠤᠤᠯᠴᠢᠯᠠᠨ ᠬᠠᠮᠢᠶᠠᠷᠬᠤ ᠠᠵᠢᠯᠲᠠᠨ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ | ᠶᠣᠰᠣᠭᠠᠷ ᠰᠢᠳᠬᠡᠯ ᠣᠯᠭᠤᠨ᠎ᠠ᠄ | ︵ᠨᠢᠭᠡ︶ ᠬᠠᠤᠯᠢ ᠪᠠᠷ ᠲᠣᠭᠲᠠᠭᠠᠭᠰᠠᠨ ᠲᠤᠰᠢᠶᠠᠯ ᠡᠭᠦᠷᠭᠡᠯᠡᠬᠦ ᠨᠥᠬᠦᠴᠡᠯ ᠶᠣᠰᠣᠭᠠᠷ᠂ ᠤᠯᠤᠰ ᠠᠴᠠ ᠪᠡᠯᠡ | ᠭᠠᠷᠭᠠᠭᠰᠠᠨ ᠠᠵᠤ ᠠᠬᠤᠢᠯᠠᠯ ᠤᠨ ᠬᠠᠮᠢᠶᠠᠷᠤᠭᠴᠢ ᠶᠢ ᠲᠣᠮᠢᠯᠠᠬᠤ ᠪᠤᠶᠤ ᠲᠣᠮᠢᠯᠠᠬᠤ ᠪᠠᠷ ᠰᠠᠨᠠᠭᠤᠯᠤᠭᠰᠠᠨ᠃ | ︵ᠬᠤᠶᠠᠷ︶ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠤᠨ ᠪᠡᠯᠡ ᠮᠥᠩᠭᠦ ᠶᠢ ᠡᠵᠡᠯᠡᠭᠰᠡᠨ᠂ | ᠦᠯᠡᠳᠡᠭᠡᠨ ᠠᠪᠤᠭᠰᠠᠨ᠂ ᠨᠡᠭᠦᠯᠭᠡᠨ ᠬᠡᠷᠡᠭᠯᠡᠭᠰᠡᠨ ᠪᠤᠶᠤ ᠲᠤᠰᠢᠶᠠᠬᠤ ᠶᠣᠰᠣᠲᠠᠢ ᠤᠯᠤᠰ ᠤᠨ ᠥᠮᠴᠢᠯᠡᠯ ᠤᠨ | ᠬᠥᠷᠥᠩᠭᠡ ᠶᠢᠨ ᠣᠷᠣᠯᠭ᠎ᠠ ᠶᠢ ᠡᠵᠡᠯᠡᠭᠰᠡᠨ᠂ ᠦᠯᠡᠳᠡᠭᠡᠨ ᠠᠪᠤᠭᠰᠠᠨ᠂ ᠨᠡᠭᠦᠯᠭᠡᠨ ᠬᠡᠷᠡᠭᠯᠡᠭᠰᠡᠨ | ︵ᠭᠤᠷᠪᠠ︶ ᠬᠠᠤᠯᠢ ᠶᠢ ᠵᠥᠷᠢᠴᠡᠨ ᠤᠯᠤᠰ ᠠᠴᠠ ᠵᠣᠭᠤᠰ ᠭᠠᠷᠭᠠᠭᠰᠠᠨ ᠠᠵᠤ ᠠᠬᠤᠢᠯᠠᠯ ᠨᠢ ᠰᠦᠢᠳᠬᠡᠯ ᠢ | ᠲᠡᠰᠬᠡᠨ ᠨᠣᠭᠳᠠᠭᠤᠯᠤᠭᠰᠠᠨ ᠪᠤᠶᠤ ᠡᠳ᠋ ᠪᠣᠳᠠᠰ ᠨᠢ ᠨᠡᠬᠡᠮᠵᠢᠯᠡᠨ ᠠᠪᠬᠤ | ︵ᠲᠦᠷᠪᠡ︶ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ᠂ ᠵᠢᠷᠤᠮ ᠢ ᠵᠥᠷᠢᠴᠡᠵᠦ᠂ | ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠤᠨ ᠴᠢᠬᠤᠯᠠ ᠶᠡᠭᠡ ᠵᠦᠢᠯ ᠢ ᠲᠣᠭᠲᠠᠭᠠᠵᠤ᠂ ᠤᠯᠤᠰ ᠤᠨ | ᠥᠮᠴᠢᠯᠡᠯ ᠤᠨ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ | ︵ᠲᠠᠪᠤ︶ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠭᠰᠡᠨ ᠦᠭᠡᠶ | ᠪᠤᠰᠤᠳ ᠦᠢᠯᠡ ᠠᠵᠢᠯᠯᠠᠭ᠎ᠠ ᠠᠴᠠ ᠪᠣᠯᠵᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠤᠬᠢᠷᠠᠭᠤᠯᠤᠭᠰᠠᠨ | ᠪᠠᠶᠢᠪᠠᠯ᠃ | ᠵᠢᠷᠠᠨ ᠨᠠᠶ᠋ᠮᠠᠳᠤᠭᠠᠷ ᠵᠦᠢᠯ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠠᠵᠢᠯᠲᠠᠨ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠵᠤ᠂ ᠡᠷᠬᠡ ᠲᠤᠰᠢᠶᠠᠯ ᠢᠶᠠᠨ | ᠳᠤᠷ᠎ᠠ ᠪᠠᠷ ᠬᠡᠷᠡᠭᠯᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠵᠦ᠂ ᠬᠠᠷᠠᠬᠠᠨ ᠶᠠᠯ᠎ᠠ ᠳᠤ ᠬᠦᠷᠦᠭᠡᠳᠦᠶ | ᠪᠣᠯ ᠬᠠᠤᠯᠢ ᠶᠣᠰᠣᠭᠠᠷ ᠰᠢᠳᠬᠡᠯ ᠥᠭᠬᠦ ᠬᠡᠷᠡᠭᠲᠡᠶ᠃ | ᠵᠢᠷᠠ ᠶᠢᠰᠦᠳᠦᠭᠡᠷ ᠵᠦᠢᠯ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ | ᠪᠠᠶᠢᠭᠤᠯᠤᠮᠵᠢ ᠠᠴᠠ ᠲᠣᠮᠢᠯᠠᠭᠰᠠᠨ ᠬᠤᠪᠢ ᠣᠷᠣᠭᠤᠯᠤᠭᠴᠢ ᠶᠢᠨ ᠲᠥᠯᠥᠭᠡᠯᠡᠭᠴᠢ ᠲᠣᠮᠢᠯᠠᠭᠰᠠᠨ ᠪᠠᠶᠢᠭᠤᠯᠤᠮᠵᠢ ᠶᠢᠨ | ᠵᠢᠭᠠᠪᠤᠷᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠶ ᠠᠴᠠ ᠪᠣᠯᠵᠤ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠬᠤᠬᠢᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ | ᠡᠭᠦᠷᠭᠡᠯᠡᠬᠦ ᠬᠡᠷᠡᠭᠲᠡᠶ︔ ᠤᠯᠤᠰ ᠤᠨ ᠠᠵᠢᠯᠲᠠᠨ ᠳᠤ ᠬᠠᠷᠢᠶᠠᠯᠠᠭᠳᠠᠪᠠᠯ᠂ ᠬᠠᠤᠯᠢ ᠶᠣᠰᠣᠭᠠᠷ ᠰᠢᠳᠬᠡᠯ ᠥᠭᠬᠦ | ᠬᠡᠷᠡᠭᠲᠡᠶ᠃ | ᠳᠠᠯᠠᠳᠤᠭᠠᠷ ᠵᠦᠶᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠳᠠᠬᠢ ᠤᠯᠤᠰ ᠤᠨ ᠥᠮᠴᠢᠯᠡᠯᠳᠦ | ᠲᠤᠰᠠᠭᠠᠷ ᠪᠡᠯᠡ ᠣᠷᠣᠭᠤᠯᠤᠭᠰᠠᠨ ᠠᠵᠤ ᠠᠬᠤᠢᠯᠠᠯ᠂ ᠤᠯᠤᠰ ᠤᠨ ᠥᠮᠴᠢᠯᠡᠯᠳᠦ ᠲᠤᠰᠠᠭᠠᠷ ᠪᠡᠯᠡ | ᠣᠷᠣᠭᠤᠯᠤᠯᠲᠠ ᠶᠢᠨ ᠭᠦᠩᠰᠧ ᠨᠢ ᠤᠯᠤᠰ ᠤᠨ ᠥᠮᠴᠢᠯᠡᠯᠳᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠪᠠᠢᠭᠤᠯᠤᠮᠵᠢ ᠳᠤ ᠡᠳ᠋ ᠤᠨ ᠶᠠᠪᠤᠳᠠᠯ ᠤᠨ ᠪᠠᠢᠳᠠᠯ᠂ ᠦᠶᠢᠯᠡᠳᠪᠦᠷᠢᠯᠡᠯ ᠡᠵᠡᠩᠨᠡᠯᠲᠡ ᠶᠢᠨ ᠪᠠᠢᠳᠠᠯ ᠪᠠ ᠤᠯᠤᠰ ᠤᠨ | ᠥᠮᠴᠢᠯᠡᠯᠳᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠦᠭᠰᠡᠨ ᠪᠠᠢᠳᠠᠯ ᠢᠶᠠᠨ ᠲᠣᠭᠲᠠᠭᠠᠯ | ᠶᠣᠰᠣᠭᠠᠷ ᠮᠡᠳᠡᠭᠦᠯᠦᠭᠰᠡᠨ ᠦᠭᠡᠢ ᠪᠠᠢᠪᠠᠯ ᠰᠡᠷᠡᠮᠵᠢ ᠥᠭᠭᠦᠨ᠎ᠡ︔ ᠦᠶᠢᠯᠡ ᠪᠠᠢᠳᠠᠯ ᠨᠢ ᠬᠦᠨᠳᠦ ᠨᠣᠴᠢᠲᠠᠢ ᠪᠣᠯ᠂ | ᠰᠢᠭᠤᠳ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠠᠵᠢᠯᠲᠠᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ | ᠠᠵᠢᠯᠲᠠᠨ ᠳᠤ ᠬᠠᠤᠯᠢ ᠶᠣᠰᠣᠭᠠᠷ ᠰᠠᠬᠢᠯᠭ᠎ᠠ ᠪᠠᠲᠤ ᠶᠢᠨ ᠰᠢᠳᠭᠡᠯ ᠥᠭᠭᠦᠨ᠎ᠡ | ᠳᠠᠯᠠᠨ ᠨᠢᠭᠡᠳᠦᠭᠡᠷ ᠵᠦᠶᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠢᠯᠠᠯ ᠤᠨ ᠬᠡᠷᠡᠭ ᠮᠡᠳᠡᠭᠴᠢ᠂ ᠬᠡᠷᠡᠭ | ᠮᠡᠳᠡᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠳᠤ ᠳᠣᠣᠷ᠎ᠠ ᠵᠢᠭᠰᠠᠭᠠᠭᠰᠠᠨ ᠦᠶᠢᠯᠡ | ᠠᠵᠢᠯᠯᠠᠭ᠎ᠠ ᠶᠢᠨ ᠨᠢᠭᠡ ᠶᠢ ᠬᠢᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ | ᠪᠠᠢᠪᠠᠯ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ︔ ᠤᠯᠤᠰ ᠤᠨ ᠠᠵᠢᠯᠲᠠᠨ ᠳᠤ ᠲᠣᠭᠠᠴᠢᠭᠳᠠᠪᠠᠯ | ᠬᠠᠤᠯᠢ ᠶᠣᠰᠣᠭᠠᠷ ᠰᠢᠳᠭᠡᠯ ᠥᠭᠭᠦᠨ᠎ᠡ : | ︵ᠨᠢᠭᠡ︶ ᠡᠷᠬᠡ ᠲᠤᠰᠢᠶᠠᠯ ᠢᠶᠠᠨ ᠠᠰᠢᠭᠯᠠᠨ ᠬᠡᠭᠡᠯᠢ ᠢᠳᠡᠭᠰᠡᠨ ᠪᠤᠶᠤ ᠪᠤᠰᠤᠳ ᠬᠠᠤᠯᠢ ᠪᠤᠰᠤ ᠣᠷᠣᠯᠭ᠎ᠠ | ᠣᠯᠤᠭᠰᠠᠨ ᠪᠠ ᠵᠣᠬᠢᠰ ᠦᠭᠡᠢ ᠠᠰᠢᠭ ᠣᠯᠤᠭᠰᠠᠨ ᠪᠠᠶᠢᠪᠠᠯ︔ ︵ᠬᠤᠶᠠᠷ︶ ᠠᠵᠤ ᠠᠬᠤᠶᠢᠯᠠᠯ ᠤᠨ ᠡᠳ᠋ | ᠬᠥᠷᠥᠩᠭᠡ ᠶᠢ ᠡᠵᠡᠯᠡᠨ ᠠᠪᠤᠭᠰᠠᠨ᠂ ᠨᠡᠭᠦᠯᠭᠡᠨ ᠬᠡᠷᠡᠭᠯᠡᠭᠰᠡᠨ᠃ | ︵ᠭᠤᠷᠪᠠ︶ ᠠᠵᠤ ᠠᠬᠤᠶᠢᠯᠠᠯ ᠤᠨ ᠳᠦᠷᠢᠮ ᠢ ᠥᠭᠡᠷᠡᠴᠢᠯᠡᠬᠦ᠂ ᠡᠳ᠋ ᠬᠥᠷᠥᠩᠭᠡ ᠶᠢ ᠰᠢᠯᠵᠢᠭᠦᠯᠦᠨ ᠥᠭᠬᠦ | ᠵᠡᠷᠭᠡ ᠶᠠᠪᠤᠴᠠ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠭᠤᠤᠯᠴᠢ ᠪᠠᠷ | ᠠᠷᠠᠯᠵᠢᠶᠠᠯᠠᠬᠤ ᠳᠦᠷᠢᠮ ᠢ ᠵᠥᠷᠢᠴᠡᠵᠦ᠂ ᠠᠵᠤ ᠠᠬᠤᠶᠢᠯᠠᠯ ᠤᠨ ᠡᠳ᠋ ᠬᠥᠷᠥᠩᠭᠡ ᠶᠢ ᠳᠣᠤᠷ᠎ᠠ ᠦᠨ᠎ᠡ ᠪᠠᠷ | ᠰᠢᠯᠵᠢᠭᠦᠯᠦᠨ ᠥᠭᠴᠦ᠂ ᠳᠣᠤᠷ᠎ᠠ ᠦᠨ᠎ᠡ ᠪᠠᠷ ᠰᠲ᠋ᠣᠺ ᠢ ᠨᠤᠭᠤᠯᠤᠨ ᠪᠣᠳᠣᠭᠰᠠᠨ | ︵ᠲᠦᠷᠪᠡ︶ ᠲᠤᠰ ᠬᠠᠤᠯᠢ ᠶᠢᠨ ᠲᠣᠭᠲᠠᠭᠠᠯ ᠢ ᠵᠥᠷᠢᠴᠡᠨ ᠲᠤᠰ ᠠᠵᠤ ᠠᠬᠤᠢᠯᠠᠯ ᠲᠠᠢ ᠠᠷᠠᠯᠵᠢᠶ᠎ᠠ ᠬᠢᠭᠰᠡᠨ︔ | | ︵ᠲᠠᠪᠤ︶ ᠡᠳ᠋ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ᠂ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ | ᠭᠠᠵᠠᠷ ᠲᠤ ᠬᠤᠯᠪᠣᠭᠳᠠᠯ ᠪᠦᠬᠦᠢ ᠪᠠᠶᠢᠳᠠᠯ ᠪᠠ ᠮᠠᠲ᠋ᠧᠷᠢᠶᠠᠯ ᠢ ᠦᠨᠡᠨ ᠮᠥᠨ ᠢᠶᠠᠷ ᠨᠢ ᠬᠠᠩᠭᠠᠭᠰᠠᠨ ᠦᠭᠡᠶ ᠪᠤᠶᠤ | ᠡᠳ᠋ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ᠂ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ ᠯᠤᠭ᠎ᠠ | ᠰᠦᠯᠪᠡᠭᠡᠯᠡᠨ ᠬᠤᠳᠠᠯ ᠬᠠᠭᠤᠷᠮᠠᠭ ᠡᠳ᠋ ᠬᠥᠷᠥᠩᠭᠡ ᠶᠢ ᠦᠨᠡᠯᠡᠨ ᠵᠢᠱᠢᠭᠰᠡᠨ ᠮᠡᠳᠡᠭᠦᠯᠦᠯᠲᠡ ᠪᠠ ᠬᠢᠨᠠᠨ ᠪᠣᠳᠣᠭᠰᠠᠨ | ᠮᠡᠳᠡᠭᠦᠯᠦᠯᠲᠡ ᠭᠠᠷᠭᠠᠭᠰᠠᠨ ᠪᠠᠶᠢᠪᠠᠯ︔ | ︵ᠵᠢᠷᠭᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠠᠵᠤ ᠠᠬᠤᠶᠢᠯᠠᠯ ᠤᠨ | ᠳᠦᠷᠢᠮ ᠳᠤ ᠲᠣᠭᠲᠠᠭᠠᠭᠰᠠᠨ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠠᠴᠠ ᠵᠥᠷᠢᠴᠡᠵᠦ᠂ ᠠᠵᠤ | ᠠᠬᠤᠶᠢᠯᠠᠯ ᠤᠨ ᠴᠢᠬᠤᠯᠠ ᠶᠡᠭᠡ ᠤᠴᠢᠷ ᠶᠠᠪᠤᠳᠠᠯ ᠢ ᠲᠣᠭᠲᠠᠭᠠᠭᠰᠠᠨ᠃ | ︵ᠳᠤᠯᠤᠭ᠎ᠠ︶ ᠬᠠᠤᠯᠢ ᠲᠣᠭᠲᠠᠭᠠᠮᠵᠢ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠠᠵᠤ | ᠠᠬᠤᠶᠢᠯᠠᠯ ᠤᠨ ᠳᠦᠷᠢᠮ ᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠬᠢᠭᠰᠡᠨ ᠪᠠᠶᠢᠪᠠᠯ᠃ ᠤᠯᠤᠰ ᠠᠴᠠ ᠪᠡᠯᠡ | ᠭᠠᠷᠭᠠᠭᠰᠠᠨ ᠠᠵᠤ ᠠᠬᠤᠶᠢᠯᠠᠯ ᠤᠨ ᠬᠡᠷᠡᠭ ᠮᠡᠳᠡᠭᠴᠢ᠂ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ | ᠠᠵᠢᠯᠲᠠᠨ ᠡᠮᠦᠨᠡᠬᠢ ᠵᠤᠷᠪᠤᠰ ᠲᠤ ᠵᠢᠭᠰᠠᠭᠠᠭᠰᠠᠨ ᠦᠢᠯᠡ ᠠᠵᠢᠯᠯᠠᠭ᠎ᠠ ᠠᠴᠠ ᠪᠣᠯᠵᠤ ᠣᠯᠤᠭᠰᠠᠨ ᠣᠷᠣᠯᠭ᠎ᠠ ᠶᠢ | ᠬᠠᠤᠯᠢ ᠶᠣᠰᠣᠭᠠᠷ ᠨᠡᠬᠡᠮᠵᠢᠯᠡᠨ ᠲᠤᠰᠢᠶᠠᠯᠭᠠᠬᠤ ᠪᠤᠶᠤ ᠤᠯᠤᠰ ᠠᠴᠠ ᠪᠡᠯᠡ ᠭᠠᠷᠭᠠᠭᠰᠠᠨ ᠠᠵᠤ ᠠᠬᠤᠶᠢᠯᠠᠯ ᠳᠤ | ᠥᠮᠴᠢᠯᠡᠭᠦᠯᠦᠨ᠎ᠡ᠃ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠪᠠᠶᠢᠭᠤᠯᠤᠮᠵᠢ ᠠᠴᠠ | ᠲᠣᠮᠢᠯᠠᠭᠰᠠᠨ ᠪᠤᠶᠤ ᠲᠤᠰᠢᠶᠠᠯ ᠳᠤ ᠲᠣᠮᠢᠯᠠᠭᠰᠠᠨ ᠬᠡᠷᠡᠭ ᠬᠠᠮᠢᠶᠠᠷᠤᠭᠴᠢ᠂ ᠬᠢᠨᠠᠭᠴᠢ᠂ ᠳᠡᠭᠡᠳᠦ ᠵᠡᠷᠭᠡ ᠶᠢᠨ | ᠬᠠᠮᠢᠶᠠᠷᠤᠯᠲᠠ ᠶᠢᠨ ᠠᠵᠢᠯᠲᠠᠨ ᠲᠤᠰ ᠵᠦᠢᠯ ᠤᠨ ᠨᠢᠭᠡᠳᠦᠭᠡᠷ ᠵᠤᠷᠪᠤᠰ ᠲᠤ ᠵᠢᠭᠰᠠᠭᠠᠭᠰᠠᠨ ᠦᠢᠯᠡ ᠠᠵᠢᠯᠯᠠᠭ᠎ᠠ ᠶᠢᠨ | ᠨᠢᠭᠡ ᠨᠢ ᠪᠠᠶᠢᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ | ᠪᠣᠯ᠂ ᠵᠣᠭᠤᠰ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠪᠠᠶᠢᠭᠤᠯᠤᠮᠵᠢ ᠠᠴᠠ ᠬᠠᠤᠯᠢ ᠶᠣᠰᠣᠭᠠᠷ | ᠲᠤᠰᠢᠶᠠᠯ ᠠᠴᠠ ᠨᠢ ᠪᠠᠭᠤᠯᠭᠠᠬᠤ ᠪᠤᠶᠤ ᠲᠤᠰᠢᠶᠠᠯ ᠠᠴᠠ ᠨᠢ ᠪᠠᠭᠤᠯᠭᠠᠬᠤ ᠰᠠᠨᠠᠭᠤᠯᠭ᠎ᠠ ᠳᠤᠷᠠᠳᠬᠤ ᠬᠡᠷᠡᠭᠲᠡᠶ᠃ | ᠳᠠᠯᠠᠨ ᠬᠤᠶᠠᠳᠤᠭᠠᠷ ᠵᠦᠢᠯ ᠬᠤᠯᠪᠣᠭᠳᠠᠯ ᠪᠦᠬᠦᠢ ᠲᠠᠯ᠎ᠠ ᠶᠢᠨ ᠠᠷᠠᠯᠵᠢᠶ᠎ᠠ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠰᠢᠯᠵᠢᠭᠦᠯᠦᠨ ᠥᠭᠬᠦ ᠵᠡᠷᠭᠡ ᠠᠷᠠᠯᠵᠢᠶᠠᠨ ᠤ ᠠᠵᠢᠯᠯᠠᠭ᠎ᠠ ᠳᠤ ᠲᠤᠬᠠᠶᠢᠲᠠᠶ ᠬᠥᠮᠦᠨ ᠨᠢ ᠮᠠᠭᠤ | ᠰᠠᠨᠠᠭ᠎ᠠ ᠲᠠᠢ ᠪᠠᠷ ᠰᠦᠯᠪᠡᠭᠡᠯᠡᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠷᠬᠡ ᠠᠰᠢᠭ ᠢ | ᠬᠤᠬᠢᠷᠠᠭᠤᠯᠤᠭᠰᠠᠨ ᠪᠠᠶᠢᠪᠠᠯ᠂ ᠲᠤᠰ ᠠᠷᠠᠯᠵᠢᠶ᠎ᠠ ᠶᠢᠨ ᠦᠢᠯᠡ ᠠᠵᠢᠯᠯᠠᠭ᠎ᠠ ᠨᠢ ᠬᠦᠴᠦᠨ ᠦᠭᠡᠶ᠃ | ᠳᠠᠯᠠᠨ ᠭᠤᠷᠪᠠᠳᠤᠭᠠᠷ ᠵᠦᠢᠯ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ | ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ ᠬᠥᠷᠥᠩᠭᠡ ᠶᠢᠨ ᠬᠤᠪᠢ ᠡᠵᠡᠮᠳᠡᠬᠦ | ᠺᠣᠮᠫᠠᠨᠢ ᠶᠢᠨ ᠬᠡᠷᠡᠭ ᠮᠡᠳᠡᠭᠴᠢ᠂ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠲᠤᠰ ᠠᠷᠭ᠎ᠠ ᠶᠢᠨ | ᠲᠣᠭᠲᠠᠭᠠᠯ ᠠᠴᠠ ᠵᠥᠷᠢᠴᠡᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠦᠨᠳᠦ ᠶᠡᠭᠡ ᠬᠤᠬᠢᠷᠠᠯ | ᠤᠴᠠᠷᠠᠭᠤᠯᠵᠤ᠂ ᠲᠤᠰᠢᠶᠠᠯ ᠠᠴᠠ ᠨᠢ ᠪᠠᠭᠤᠯᠭᠠᠭᠳᠠᠭᠰᠠᠨ ᠡᠳᠦᠷ ᠠᠴᠠ ᠡᠬᠢᠯᠡᠨ ᠲᠠᠪᠤᠨ ᠵᠢᠯ ᠤᠨ ᠳᠣᠲᠣᠷ᠎ᠠ | ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠲᠤᠰᠠᠭᠠᠷ | ᠪᠡᠯᠡ ᠶᠢᠨ ᠺᠣᠮᠫᠠᠨᠢ᠂ ᠤᠯᠤᠰ ᠤᠨ ᠥᠮᠴᠢᠯᠡᠯᠲᠦ ᠬᠥᠷᠥᠩᠭᠡ ᠶᠢᠨ ᠬᠤᠪᠢ ᠣᠷᠣᠭᠤᠯᠤᠯᠲᠠ ᠶᠢ ᠡᠷᠬᠡᠰᠢᠶᠡᠬᠦ | ᠺᠣᠮᠫᠠᠨᠢ ᠶᠢᠨ ᠬᠡᠷᠡᠭ ᠮᠡᠳᠡᠭᠴᠢ᠂ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠪᠣᠯᠵᠤ ᠪᠣᠯᠬᠤ | ᠦᠭᠡᠶᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠣᠨᠴᠣᠭᠤᠶ ᠬᠦᠨᠳᠦ ᠶᠡᠭᠡ ᠬᠤᠬᠢᠷᠠᠯ ᠤᠴᠠᠷᠠᠭᠤᠯᠵᠤ᠂ | ᠡᠰᠡᠬᠦᠯ᠎ᠡ ᠡᠳ᠋ ᠬᠥᠷᠥᠩᠭᠡ ᠶᠢ ᠱᠠᠮᠰᠢᠵᠤ᠂ ᠬᠡᠭᠡᠯᠢ ᠬᠠᠭ᠋ᠤᠤᠯᠢ ᠢᠳᠡᠭᠰᠡᠨ᠂ ᠡᠳ᠋ ᠬᠥᠷᠥᠩᠭᠡ ᠶᠢ ᠡᠵᠡᠯᠡᠭᠰᠡᠨ᠂ ᠡᠳ᠋ | ᠬᠥᠷᠥᠩᠭᠡ ᠶᠢ ᠨᠡᠭᠦᠯᠭᠡᠨ ᠬᠡᠷᠡᠭᠯᠡᠭᠰᠡᠨ ᠪᠤᠶᠤ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ | ᠳᠢᠭᠯᠢᠮ ᠢ ᠡᠪᠳᠡᠭᠰᠡᠨ ᠡᠷᠡᠭᠦᠦ ᠰᠢᠳᠬᠡᠯ ᠣᠯᠤᠭᠰᠠᠨ ᠠᠴᠠ ᠪᠣᠯᠵᠤ ᠨᠠᠰᠤᠨ ᠲᠤᠷᠰᠢᠳᠠ ᠤᠯᠤᠰ ᠤᠨ ᠥᠮᠴᠢᠯᠡᠯᠲᠦ | ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠺᠣᠮᠫᠠᠨᠢ᠂ ᠤᠯᠤᠰ ᠤᠨ | ᠥᠮᠴᠢᠯᠡᠯᠲᠦ ᠬᠥᠷᠥᠩᠭᠡ ᠶᠢᠨ ᠬᠤᠪᠢ ᠡᠵᠡᠮᠳᠡᠭᠰᠡᠨ ᠺᠣᠮᠫᠠᠨᠢ ᠶᠢᠨ ᠬᠡᠷᠡᠭ ᠮᠡᠳᠡᠭᠴᠢ᠂ ᠬᠢᠨᠠᠭᠴᠢ᠂ ᠳᠡᠭᠡᠳᠦ | ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠪᠣᠯᠭᠠᠵᠤ ᠪᠣᠯᠬᠤ ᠦᠭᠡᠶ᠃ | ᠳᠠᠯᠠᠨ ᠳᠥᠷᠪᠡᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠶᠠᠯ᠎ᠠ ᠳᠤ ᠬᠦᠷᠦᠭᠰᠡᠨ ᠪᠣᠯ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠭᠤᠷᠪᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠳᠠᠯᠠᠨ ᠲᠠᠪᠤᠳᠤᠭᠠᠷ ᠵᠦᠢᠯ ᠺᠣᠮᠫᠠᠨᠢ ᠶᠢᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ᠂ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ᠂ ᠡᠷᠬᠡ ᠪᠠ ᠡᠭᠦᠷᠭᠡ ᠵᠡᠷᠭᠡ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠺᠣᠮᠫᠠᠨᠢ ᠶᠢᠨ ᠬᠠᠤᠯᠢ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠳᠠᠯᠠᠨ ᠵᠢᠷᠭᠤᠳᠤᠭᠠᠷ ᠵᠦᠢᠯ ᠺᠣᠮᠫᠠᠨᠢ ᠳᠠᠬᠢ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠢᠭᠤᠯᠤᠯᠲᠠ᠂ | ᠠᠵᠢᠯᠴᠢᠨ ᠤ ᠡᠪᠯᠡᠯ ᠤᠨ ᠵᠣᠬᠢᠶᠠᠨ ᠪᠠᠢᠭᠤᠯᠤᠯᠲᠠ ᠨᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ | ᠂ ︽ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ︾ ᠵᠡᠷᠭᠡ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠳᠠᠯᠠᠨ ᠳᠣᠯᠣᠳᠤᠭᠠᠷ ᠵᠦᠢᠯ ᠲᠤᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠲᠤᠰ ᠰᠢᠶᠠᠨ ᠤ ᠲᠣᠭᠲᠠᠭᠠᠭᠰᠠᠨ | ᠬᠤᠯᠪᠣᠭᠳᠠᠯ ᠪᠦᠬᠦᠢ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠲᠣᠭᠲᠠᠭᠠᠯ ᠨᠢ ᠲᠤᠰ ᠠᠷᠭ᠎ᠠ ᠯᠤᠭ᠎ᠠ ᠨᠢᠭᠡᠳᠦᠯ ᠦᠭᠡᠶ ᠪᠠᠶᠢᠪᠠᠯ᠂ ᠲᠤᠰ ᠠᠷᠭ᠎ᠠ ᠶᠢᠨ | ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃ ᠲᠣᠰ ᠠᠷᠭ᠎ᠠ ᠶᠢᠨ ᠪᠡᠶᠡᠯᠡᠭᠦᠯᠵᠦ ᠳᠠᠭᠤᠰᠤᠭᠠᠳᠤᠶ ᠤᠴᠢᠷ | ᠶᠠᠪᠤᠳᠠᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ | ᠂ ᠲᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠶᠣᠰᠣᠭᠠᠷ ᠬᠡᠷᠡᠭᠵᠢᠭᠦᠯᠦᠨ᠎ᠡ᠃ | ᠳᠠᠯᠠᠨ ᠨᠠᠢᠮᠠᠳᠤᠭᠠᠷ ᠵᠦᠢᠯ ᠲᠤᠰ ᠠᠷᠭ᠎ᠠ ᠶᠢ ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠨ᠎ᠠ᠃ | ᠳᠠᠯ᠎ᠠ ᠶᠢᠰᠦᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ |