ᠨᠢᠭᠡᠳᠣᠭᠡᠷ ᠬᠤᠭᠤᠴᠠᠭ᠎ᠠ᠄  ᠱᠠᠩᠳᠤ ᠰᠢᠶᠠᠨ ᠤ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠶ ᠳᠠᠩᠰᠠᠯᠠᠯᠲᠠ ᠬᠢᠭᠡᠳ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠵᠣᠯᠭᠠᠭᠤᠯᠬᠤ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2023/2/15
  ᠨᠢᠭᠡ᠂ ᠶᠡᠷᠦᠩᠬᠡᠢ ᠱᠠᠭᠠᠷᠳᠠᠯᠭ᠎ᠠ    ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠮᠠᠨ ᠤ ᠰᠢᠶᠠᠨ ᠤ ᠦᠯᠦ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠲᠦᠷᠢᠮ ᠢ ᠲᠡᠭᠦᠯᠳᠡᠷᠵᠢᠭᠦᠯᠬᠦ᠂ ᠡᠭᠦᠷᠭᠡ ᠴᠢᠳᠠᠪᠤᠷᠢ ᠶᠢ ᠡᠮᠬᠢᠯᠡᠨ ᠨᠡᠶᠢᠯᠡᠭᠦᠯᠬᠦ᠂ ᠣᠯᠠᠨ ᠲᠦᠮᠡᠨ ᠳᠤ ᠲᠥᠬᠦᠮ ᠦᠵᠡᠭᠦᠯᠬᠦ᠂ ᠨᠢᠭᠡᠳᠦᠯᠲᠡᠶ ᠪᠠᠶᠢᠯᠭᠠᠬᠤ ᠵᠡᠷᠭᠡ ᠶᠢ ᠬᠠᠮᠲᠤ ᠳᠤᠨᠢ ᠬᠠᠷᠠᠭᠠᠯᠵᠠᠬᠤ᠂ ᠲᠣᠭᠲᠠᠭᠤᠨ ᠢᠶᠠᠷ ᠬᠡᠷᠡᠭᠵᠢᠭᠦᠯᠬᠦ ᠳᠤ ᠲᠥᠬᠦᠮ ᠪᠠᠶᠢᠯᠭᠠᠬᠤ ᠵᠠᠷᠴᠢᠮ ᠶᠣᠰᠣᠭᠠᠷ᠂ ᠳᠡᠩᠰᠡᠯᠡᠨ ᠲᠡᠮᠳᠡᠭᠯᠡᠬᠦ ᠪᠠᠶᠢᠭᠤᠯᠤᠮᠵᠢ᠂ ᠳᠡᠩᠰᠡᠯᠡᠨ ᠲᠡᠮᠳᠡᠭᠯᠡᠬᠦ ᠦᠨᠳᠦᠰᠦᠯᠡᠯ᠂ ᠳᠡᠩᠰᠡᠯᠡᠨ ᠲᠡᠮᠳᠡᠭᠯᠡᠬᠦ ᠳᠡᠪᠲᠡᠷ ᠪᠠ ᠮᠡᠳᠡᠭᠡ ᠵᠠᠩᠭᠢ ᠶᠢᠨ ᠲᠠᠪᠴᠠᠩ ᠤᠨ ︽ᠳᠥᠷᠪᠡ ᠶᠢ ᠨᠢᠭᠡᠳᠦᠯᠲᠡᠶ ᠪᠠᠶᠢᠯᠭᠠᠬᠤ︾ ᠶᠢ ᠦᠨᠳᠦᠰᠦᠨ ᠳᠡᠭᠡᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠮᠠᠨ ᠤ ᠰᠢᠶᠠᠨ ᠤ ᠪᠣᠳᠠᠲᠠᠶ ᠳᠤ ᠳᠣᠭᠢᠷᠠᠬᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠨ ᠲᠡᠮᠳᠡᠭᠯᠡᠬᠦ ᠶᠢ ᠵᠢᠷᠤᠮᠵᠢᠭᠤᠯᠬᠤ ᠲᠦᠷᠢᠮ ᠤᠨ ᠪᠠᠶᠢᠭᠤᠯᠤᠯᠲᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠡᠷᠬᠡ ᠶᠢᠨ ᠵᠠᠭᠠᠭ ᠨᠢ ᠲᠣᠳᠣᠷᠬᠠᠶ᠂ ᠠᠵᠢᠯ ᠤᠨ ᠬᠤᠪᠢᠶᠠᠷᠢᠯᠠᠯ ᠨᠢ ᠵᠦᠶ ᠵᠣᠬᠢᠰᠲᠠᠶ᠂ ᠡᠷᠬᠡ ᠬᠠᠷᠢᠭᠤᠴᠠᠯᠭ᠎ᠠ ᠨᠢ ᠨᠢᠭᠡᠳᠦᠯᠲᠡᠶ᠂ ᠠᠵᠢᠯᠯᠠᠭᠠᠨ ᠨᠢ ᠥᠨᠳᠥᠷ ᠪᠦᠲᠦᠮᠵᠢᠲᠡᠶ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠶ ᠳᠡᠩᠰᠡᠯᠡᠨ ᠲᠡᠮᠳᠡᠭᠯᠡᠬᠦ ᠰᠢᠰᠲ᠋ᠧᠮᠵᠢ ᠶᠢ ᠲᠦᠷᠭᠡᠳᠬᠡᠨ ᠪᠦᠷᠢᠯᠳᠦᠭᠦᠯᠦᠨ᠎ᠡ᠃ ᠦᠯᠦ ᠬᠥᠳᠡᠯᠬᠦ ᠬᠥᠷᠥᠩᠭᠡ ᠶᠢᠨ ᠡᠷᠬᠡᠲᠦ ᠬᠥᠮᠦᠨ ᠤ ᠬᠠᠤᠯᠢ ᠶᠣᠰᠣᠨ ᠤ ᠡᠳ᠋ ᠬᠥᠷᠥᠩᠭᠡ ᠶᠢᠨ ᠡᠷᠬᠡ ᠶᠢ ᠬᠠᠮᠠᠭᠠᠯᠠᠵᠤ᠂ ᠦᠯᠦ ᠬᠥᠳᠡᠯᠬᠦ ᠬᠥᠷᠥᠩᠭᠡ ᠶᠢᠨ ᠠᠷᠠᠯᠵᠢᠶᠠᠨ ᠤ ᠠᠮᠤᠷ ᠲᠦᠪᠰᠢᠨ ᠢ ᠪᠠᠲᠤᠯᠠᠨ᠎ᠠ᠃    ︵ᠬᠤᠶᠠᠷ︶ ᠦᠨᠳᠦᠰᠦᠨ ᠵᠠᠷᠴᠢᠮ᠃ ᠬᠤᠪᠢᠷᠠᠭᠤᠯᠬᠤ ᠦᠭᠡᠢ ᠪᠠᠶᠢᠬᠤ ᠵᠠᠷᠴᠢᠮ ᠢ ᠪᠠᠷᠢᠮᠲᠠᠯᠠᠵᠤ᠂ ᠤᠤᠯ ᠤᠨ ᠳᠠᠩᠰᠠᠯᠠᠭᠤᠯᠤᠭᠰᠠᠨ ᠦᠨᠡᠮᠯᠡᠯ ᠢᠶᠠᠨ ᠦᠷᠭᠦᠯᠵᠢᠯᠡᠨ ᠪᠦᠲᠦᠮᠵᠢᠲᠡᠶ ᠪᠠᠶᠢᠯᠭᠠᠵᠤ᠂ ᠤᠤᠯ ᠤᠨ ᠳᠠᠩᠰᠠᠯᠠᠨ ᠲᠡᠮᠳᠡᠭᠯᠡᠭᠰᠡᠨ ᠦᠷ᠎ᠡ ᠪᠦᠲᠦᠭᠡᠯ ᠢᠶᠠᠨ ᠦᠭᠡᠶᠢᠰᠬᠡᠬᠦ ᠦᠭᠡᠢ ᠪᠣᠯ ᠪᠤᠴᠠᠭᠠᠵᠤ ᠳᠠᠬᠢᠵᠦ ᠪᠣᠯᠬᠤ ᠦᠭᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠵᠠᠷᠴᠢᠮ ᠢ ᠪᠠᠷᠢᠮᠲᠠᠯᠠᠵᠤ᠂ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠳᠠᠩᠰᠠᠯᠠᠬᠤ ᠦᠢᠯᠡᠳᠦᠯᠭᠡ ᠳᠤᠮᠳᠠᠬᠢ ᠲᠤᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ᠂ ᠤᠯᠠᠨ ᠲᠠᠯ᠎ᠠ ᠠᠴᠠ ᠰᠤᠳᠤᠯᠤᠨ ᠰᠢᠢᠳᠪᠦᠷᠢᠯᠡᠨ᠎ᠡ︔ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠵᠠᠷᠴᠢᠮ ᠢ ᠪᠠᠷᠢᠮᠲᠠᠯᠠᠵᠤ᠂ ᠤᠯᠠᠨ ᠲᠦᠮᠡᠨ ᠤ ᠠᠰᠢᠭ ᠲᠤᠰᠠ ᠪᠠᠷ ᠵᠣᠷᠢᠯᠲᠠ ᠪᠠ ᠲᠤᠰᠤᠯᠲᠠ ᠪᠣᠯᠭᠠᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ︔ ᠬᠠᠤᠯᠢ ᠲᠣᠭᠲᠠᠭᠠᠯ ᠶᠣᠰᠣᠭᠠᠷ ᠵᠠᠷᠴᠢᠮ ᠢ ᠪᠠᠷᠢᠮᠲᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠬᠠᠤᠯᠢ ᠲᠣᠭᠲᠠᠭᠠᠯ ᠶᠣᠰᠣᠭᠠᠷ ᠪᠦᠬᠦ᠋ᠢᠯᠡ ᠳᠠᠩᠰᠠᠯᠠᠬᠤ ᠶᠠᠪᠤᠴᠠ ᠳᠤ ᠲᠤᠤᠱᠯᠠᠭᠤᠯᠵᠤ᠂ ᠦᠯᠡᠳᠡᠭᠳᠡᠯ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠵᠦᠢ ᠵᠣᠬᠢᠰᠲᠠᠶ ᠲᠣᠬᠢᠲᠠᠶ ᠰᠢᠢᠳᠪᠦᠷᠢᠯᠡᠨ᠎ᠡ᠃    ᠬᠤᠶᠠᠷ᠂ ᠠᠵᠢᠯ ᠤᠨ ᠬᠠᠷᠠᠯᠲᠠ    ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ︽ᠥᠯᠥ ᠬᠥᠳᠡᠯᠬᠦ ᠬᠥᠷᠥᠩᠭᠡ ᠶᠢ ᠨᠢᠭᠡᠳᠦᠯᠲᠡᠶ ᠳᠡᠩᠰᠡᠯᠡᠨ ᠲᠡᠮᠳᠡᠭᠯᠡᠬᠦ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠵᠣᠯᠭᠠᠭᠤᠯᠬᠤ ᠠᠵᠢᠯ ᠤᠨ ᠲᠤᠬᠠᠶ ᠲᠥᠰᠦᠯ︾ ︵ᠥᠪᠥᠷ ᠪᠠᠶᠢᠭᠠᠯᠢ ᠶᠢᠨ ᠡᠬᠢ ᠪᠠᠶᠠᠯᠢᠭ ᠥᠰᠥᠭ ᠲᠠᠷᠬᠠᠭᠠᠭᠰᠠᠨ ﹇2020﹈ 490 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2023 ᠣᠨ ᠤ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠲᠤᠭ᠎ᠠ ᠪᠠᠷᠢᠮᠲᠠ ᠶᠢ ᠡᠮᠬᠢᠯᠡᠨ ᠲᠡᠭᠦᠯᠳᠡᠷᠵᠢᠭᠦᠯᠵᠦ ᠲᠡᠭᠦᠯᠳᠡᠷᠵᠢᠭᠦᠯᠬᠦ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠵᠣᠯᠭᠠᠭᠤᠯᠬᠤ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠨ᠎ᠠ︔ 2023 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠮᠠᠲ᠋ᠧᠷᠢᠶᠠᠯ ᠢ ᠰᠢᠯᠵᠢᠭᠦᠯᠦᠨ ᠲᠤᠰᠢᠶᠠᠬᠤ ᠶᠢ ᠪᠡᠶᠡᠯᠡᠭᠦᠯᠦᠨ᠎ᠡ︔ 2024 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ ᠬᠥᠮᠥᠷᠭᠡ ᠳᠤ ᠣᠷᠣᠭᠤᠯᠬᠤ ᠶᠢ ᠪᠡᠶᠡᠯᠡᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠂ 2024 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠳᠤ ᠣᠷᠣᠭᠤᠯᠬᠤ ᠶᠢ ᠪᠡᠶᠡᠯᠡᠭᠦᠯᠦᠨ᠎ᠡ᠃ ᠠᠯᠬᠤᠮ ᠠᠯᠬᠤᠮ ᠢᠶᠠᠷ ᠪᠠᠷᠢᠮᠵᠢᠶ᠎ᠠ ᠶᠢ ᠨᠢᠭᠡᠳᠦᠯᠲᠡᠶ ᠪᠣᠯᠭᠠᠵᠤ᠂ ᠴᠤᠪᠤᠷᠠᠯ ᠢ ᠰᠢᠯᠢᠳᠡᠭᠵᠢᠭᠦᠯᠦᠨ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠳᠠᠩᠰᠠᠯᠠᠬᠤ ᠬᠢᠭᠡᠳ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠠᠵᠢᠯ ᠢ ᠡᠮᠬᠢ ᠵᠢᠷᠤᠮ ᠲᠠᠢ ᠪᠠᠷ ᠵᠣᠯᠭᠠᠭᠤᠯᠬᠤ ᠶᠢ ᠪᠡᠶᠡᠯᠡᠭᠦᠯᠬᠦ ᠬᠡᠷᠡᠭᠲᠡᠶ᠃    ᠭᠤᠷᠪᠠ᠂ ᠠᠵᠢᠯ ᠤᠨ ᠡᠭᠦᠷᠭᠡ    ︽ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠭᠤᠨ ᠪᠠᠶᠢᠯᠭᠠᠬᠤ ᠶᠢ ᠪᠠᠲᠤᠯᠠᠬᠤ ᠪᠠ ᠣᠷᠳᠣ ᠬᠤᠭᠤᠴᠠᠭ᠎ᠠ ᠪᠠᠷ ᠬᠤᠪᠢᠷᠠᠭᠤᠯᠬᠤ ᠥᠬᠡᠶ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠬᠢᠨᠠᠮᠠᠭᠠᠶ ᠨᠠᠶᠢᠳᠠᠪᠤᠷᠢᠵᠢᠭᠤᠯᠵᠤ᠂ ᠦᠷ᠎ᠡ ᠪᠦᠲᠦᠭᠡᠯ ᠤᠨ ᠮᠠᠲ᠋ᠧᠷᠢᠶᠠᠯ ᠢ ᠲᠤᠰᠢᠶᠠᠬᠤ ᠪᠠ ᠭᠥᠯᠢᠶᠡᠨ ᠠᠪᠬᠤ ᠪᠠ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ ᠶᠢ ᠲᠣᠭᠲᠠᠭᠰᠠᠨ ᠬᠤᠭᠤᠴᠠᠭᠠᠨ ᠳᠣᠲᠣᠷ᠎ᠠ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠲᠣᠭᠲᠠᠮᠠᠯ ᠬᠥᠷᠥᠩᠭᠡ ᠶᠢᠨ ᠳᠡᠩᠰᠡᠯᠡᠯᠲᠡ ᠶᠢᠨ ᠳᠠᠷᠠᠭᠠᠬᠢ ᠡᠳᠦᠷ ᠲᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠠᠶᠢᠩᠭᠤ ᠳᠠᠩᠰᠠᠯᠠᠬᠤ ᠲᠤᠬᠠᠶᠢᠯᠠᠭᠰᠠᠨ ᠠᠵᠢᠯ ᠨᠢ ᠤᠷᠤᠭᠰᠢᠲᠠᠶ ᠪᠠᠶᠢᠬᠤ ᠶᠢᠨ ᠬᠠᠮᠲᠤ ᠳᠠᠩᠰᠠᠨ ᠳᠤ ᠲᠡᠮᠳᠡᠭᠯᠡᠭᠰᠡᠨ ᠦᠷ᠎ᠡ ᠳ᠋ᠦᠩ ᠬᠢᠭᠡᠳ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠠᠵᠢᠯ ᠤᠨ ᠵᠣᠯᠭᠠᠭᠤᠯᠤᠯᠲᠠ ᠶᠢ ᠰᠠᠶᠢᠲᠤᠷ ᠬᠢᠬᠦ ᠬᠡᠷᠡᠭᠲᠡᠶ᠃ ᠨᠢᠭᠡᠨᠲᠡ ᠣᠯᠭᠤᠭᠰᠠᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠨᠢ ᠰᠢᠨ᠎ᠡ ᠳᠠᠭᠠᠭᠠᠴᠢᠯᠠᠯᠲᠠ ᠶᠢᠨ ᠬᠤᠭᠤᠴᠠᠭᠠᠨ ᠳᠤ ᠦᠷᠭᠦᠯᠵᠢᠯᠡᠨ ᠬᠦᠴᠦᠨ ᠲᠠᠢ ᠮᠥᠷᠲᠡᠭᠡᠨ ᠬᠤᠪᠢᠷᠠᠭᠤᠯᠬᠤ ᠦᠭᠡᠢ︔ ᠳᠠᠭᠠᠭᠠᠴᠢᠯᠠᠯᠲᠠ ᠶᠢ ᠤᠷᠲᠤᠳᠬᠠᠬᠤ ᠳᠤᠮᠳᠠ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠤᠭᠤᠴᠠᠭᠠᠨ ᠤ ᠬᠤᠪᠢᠷᠠᠯᠲᠠ ᠠᠴᠠ ᠪᠣᠯᠵᠤ ᠰᠢᠭᠤᠳ ᠦᠷᠭᠦᠯᠵᠢᠯᠡᠭᠦᠯᠦᠭᠰᠡᠨ ᠪᠠᠶᠢᠪᠠᠯ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠤᠤᠯ ᠭᠡᠷᠡᠴᠢ ᠪᠢᠴᠢᠭ ᠳᠡᠭᠡᠷ᠎ᠡ ᠲᠣᠳᠣᠷᠬᠠᠶᠢᠯᠠᠭᠰᠠᠨ ᠤ ᠳᠠᠷᠠᠭ᠎ᠠ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠤᠰᠬᠠᠢ ᠲᠠᠮᠠᠭ᠎ᠠ ᠪᠠᠨ ᠳᠠᠷᠤᠨ᠎ᠠ︔ ᠬᠠᠷᠢᠯᠴᠠᠨ ᠰᠣᠯᠢᠬᠤ᠂ ᠰᠢᠯᠵᠢᠭᠦᠯᠦᠨ ᠥᠭᠬᠦ ᠳᠤ ᠬᠤᠯᠪᠣᠭᠳᠠᠭᠰᠠᠨ ᠪᠠᠶᠢᠪᠠᠯ᠂ ︽ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︾ ᠣᠯᠭᠤᠵᠤ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ᠪᠢᠴᠢᠭ ᠲᠤ ᠲᠡᠮᠳᠡᠭᠯᠡᠭᠰᠡᠨ ᠠᠭᠤᠯᠭ᠎ᠠ ᠨᠢ ᠤᠤᠯ ᠤᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠤᠨ ᠠᠭᠤᠯᠭ᠎ᠠ ᠲᠠᠢ ᠵᠣᠯᠭᠠᠯᠳᠤᠭᠤᠯᠤᠨ ᠨᠢᠭᠡᠳᠬᠡᠨ᠎ᠡ᠃    ︵ᠨᠢᠭᠡ︶ ᠦᠷ᠎ᠡ ᠪᠦᠲᠦᠭᠡᠯ ᠤᠨ ᠮᠠᠲ᠋ᠧᠷᠢᠶᠠᠯ ᠢ ᠡᠮᠬᠢᠳᠭᠡᠨ ᠲᠡᠭᠦᠯᠳᠡᠷᠵᠢᠭᠦᠯᠬᠦ    ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠢ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠨᠤᠲᠠᠯᠠᠨ ᠳᠡᠩᠰᠡᠯᠡᠵᠦ ᠪᠠᠶᠢᠭ᠎ᠠ ᠦᠷ᠎ᠡ ᠪᠦᠲᠦᠭᠡᠯ ᠤᠨ ᠮᠠᠲ᠋ᠧᠷᠢᠶᠠᠯ ᠢ ᠡᠮᠬᠢᠯᠡᠨ ᠲᠡᠭᠦᠯᠳᠡᠷᠵᠢᠭᠦᠯᠵᠦ᠂ ᠡᠷᠬᠡ ᠶᠢ ᠨᠤᠲᠠᠯᠠᠨ ᠳᠡᠩᠰᠡᠯᠡᠵᠦ ᠪᠠᠶᠢᠭ᠎ᠠ ᠳ᠋ᠠᠶᠢᠲ᠋ᠠ ᠬᠥᠮᠥᠷᠭᠡ ᠶᠢᠨ ᠦᠷ᠎ᠡ ᠪᠦᠲᠦᠭᠡᠯ ︵ᠣᠷᠣᠨ ᠨᠤᠲᠤᠭ ᠤᠨ ᠲᠡᠦᠬᠡ ᠶᠢᠨ ᠦᠯᠡᠳᠡᠭᠡᠯ ᠡᠷᠬᠡ ᠶᠢ ᠨᠤᠲᠠᠯᠠᠨ ᠳᠡᠩᠰᠡᠯᠡᠵᠦ ᠪᠠᠶᠢᠭ᠎ᠠ ᠳ᠋ᠠᠶᠢᠲ᠋ᠠ ᠬᠥᠮᠥᠷᠭᠡ ᠶᠢᠨ ᠦᠷ᠎ᠡ ᠪᠦᠲᠦᠭᠡᠯ ᠢ ᠪᠠᠭᠲᠠᠭᠠᠨ᠎ᠠ︶ ᠲᠤ ︽ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠡᠩᠰᠡᠯᠡᠵᠦ ᠪᠠᠶᠢᠭ᠎ᠠ ᠲᠤᠭ᠎ᠠ ᠪᠠᠷᠢᠮᠲᠠ ᠶᠢᠨ ᠬᠥᠮᠥᠷᠭᠡ ᠶᠢᠨ ᠵᠢᠷᠤᠮᠵᠢᠯ︾ ᠢ ᠬᠠᠩᠭᠠᠬᠤ ᠬᠡᠷᠡᠭᠲᠡᠶ ᠪᠥᠭᠡᠳ ︽ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠡᠩᠰᠡᠯᠡᠵᠦ ᠪᠠᠶᠢᠭ᠎ᠠ ᠲᠤᠭ᠎ᠠ ᠪᠠᠷᠢᠮᠲᠠ ᠶᠢᠨ ᠬᠥᠮᠥᠷᠭᠡ ᠶᠢᠨ ᠵᠢᠷᠤᠮᠵᠢᠯ︾ ᠢ ᠬᠠᠩᠭᠠᠬᠤ ᠬᠡᠷᠡᠭᠲᠡᠶ︔ ᠨᠢᠭᠡᠨᠲᠡ ᠡᠯᠧᠺᠳ᠋ᠷᠣᠨᠴᠢᠯᠠᠭᠰᠠᠨ ᠲᠠᠩᠰᠠ ᠡᠪᠬᠡᠮᠡᠯ ᠤᠨ ᠮᠠᠲ᠋ᠧᠷᠢᠶᠠᠯ ᠢ ᠲᠠᠩᠰᠠ ᠡᠪᠬᠡᠮᠡᠯ ᠤᠨ ᠭᠠᠷᠴᠠᠭ ᠪᠠ ᠲᠠᠩᠰᠠ ᠡᠪᠬᠡᠮᠡᠯ ᠤᠨ ᠲᠤᠭ᠎ᠠ ᠪᠠᠷᠢᠮᠲᠠ ᠶᠢᠨ ᠬᠥᠮᠥᠷᠭᠡ ᠶᠢᠨ ᠬᠡᠯᠪᠡᠷᠢ ᠪᠠᠷ ᠬᠠᠩᠭᠠᠵᠤ᠂ ᠪᠦᠷᠢᠨ ᠪᠦᠲᠦᠨ ᠲᠠᠩᠰᠠ ᠡᠪᠬᠡᠮᠡᠯ ᠤᠨ ᠭᠠᠷᠴᠠᠭ ᠤᠨ ᠮᠠᠲ᠋ᠧᠷᠢᠶᠠᠯ ᠢ ᠬᠠᠩᠭᠠᠬᠤ ᠬᠡᠷᠡᠭᠲᠡᠶ ᠪᠥᠭᠡᠳ ᠲᠠᠩᠰᠠ ᠡᠪᠬᠡᠮᠡᠯ ᠤᠨ ᠭᠠᠷᠴᠠᠭ ᠪᠠ ᠲᠠᠩᠰᠠ ᠡᠪᠬᠡᠮᠡᠯ ᠤᠨ ᠭᠠᠷᠴᠠᠭ ᠨᠢ ᠪᠦᠷᠢᠨ ᠪᠦᠲᠦᠨ᠂ ᠲᠠᠩᠰᠠ ᠡᠪᠬᠡᠮᠡᠯ ᠤᠨ ᠠᠭᠤᠯᠭ᠎ᠠ ᠨᠢ ᠪᠦᠷᠢᠨ ᠪᠦᠲᠦᠨ᠂ ᠣᠷᠬᠢᠭᠳᠠᠭᠤᠯᠬᠤ ᠥᠬᠡᠶ ᠪᠠᠶᠢᠬᠤ ᠬᠡᠷᠡᠭᠲᠡᠶ᠃    ︵ᠬᠤᠶᠠᠷ︶ ᠦᠷ᠎ᠠ ᠪᠦᠲᠦᠭᠡᠯ ᠤᠨ ᠮᠠᠲ᠋ᠧᠷᠢᠶᠠᠯ ᠢ ᠰᠢᠯᠵᠢᠭᠦᠯᠦᠨ ᠳᠤᠰᠢᠶᠠᠬᠤ    ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠱᠠᠲᠤ ᠪᠣᠯᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠵᠠᠬᠢᠷᠭᠠᠨ ᠤ ᠳᠡᠰ ᠢᠶᠠᠷ ᠦᠨᠳᠦᠰᠦᠨ ᠨᠢᠭᠡᠴᠡ ᠪᠣᠯᠭᠠᠨ ᠲᠤᠰᠢᠶᠠᠬᠤ ᠪᠠ ᠬᠦᠯᠢᠶᠡᠨ ᠠᠪᠬᠤ ᠬᠡᠷᠡᠭᠲᠡᠶ᠃ ᠰᠢᠯᠵᠢᠭᠦᠯᠦᠨ ᠲᠤᠰᠢᠶᠠᠬᠤ ᠠᠭᠤᠯᠭ᠎ᠠ ᠨᠢ ᠪᠠᠶᠢᠴᠠᠭᠠᠵᠤ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠲᠣᠭᠲᠠᠭᠠᠬᠤ ᠳ᠋ᠠᠶᠢᠲ᠋ᠠ ᠬᠥᠮᠥᠷᠭᠡ ᠵᠢᠴᠢ ᠲᠠᠩᠰᠠ ᠡᠪᠬᠡᠮᠡᠯ ᠤᠨ ᠲᠤᠭ᠎ᠠ ᠪᠠᠷᠢᠮᠲᠠ ᠵᠡᠷᠭᠡ ᠴᠠᠭᠠᠰᠤ ᠪᠠᠷ ᠬᠢᠭᠰᠡᠨ ᠮᠠᠲ᠋ᠧᠷᠢᠶᠠᠯ ᠪᠣᠯᠤᠨ᠎ᠠ᠃ ᠰᠢᠯᠵᠢᠭᠦᠯᠦᠨ ᠲᠤᠰᠢᠶᠠᠬᠤ ᠶᠠᠪᠤᠴᠠ ᠨᠢ ᠳᠣᠤᠷᠠᠬᠢ ᠮᠡᠲᠦ᠄    ︵1︶ ᠰᠢᠯᠵᠢᠭᠦᠯᠦᠨ ᠲᠤᠰᠢᠶᠠᠬᠤ ᠬᠦᠰᠡᠮᠵᠢᠯᠡᠯ ᠢ ᠲᠤᠰᠢᠶᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠲᠠᠮᠠᠭ᠎ᠠ ᠳᠠᠷᠤᠭᠰᠠᠨ ᠭᠤᠶᠤᠴᠢᠯᠠᠯ ᠤᠨ ᠪᠢᠴᠢᠭ ᠢᠶᠠᠨ ᠠᠪᠴᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠺᠤᠫᠢ ︽ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠠᠩᠰᠠᠯᠠᠬᠤ ᠳ᠋ᠠᠶᠢᠲ᠋ᠠ ᠬᠥᠮᠥᠷᠭᠡ ᠶᠢᠨ ᠦᠷ᠎ᠡ ᠪᠦᠲᠦᠭᠡᠯ ᠤᠨ ᠶᠠᠰᠤ ᠴᠢᠨᠠᠷ ᠢ ᠪᠠᠶᠢᠴᠠᠭᠠᠬᠤ ᠵᠥᠭᠡᠯᠡᠨ ᠲᠣᠨᠤᠭ︾ ᠤᠨ ᠶᠠᠰᠤ ᠴᠢᠨᠠᠷ ᠢ ᠰᠢᠯᠭᠠᠨ ᠪᠠᠶᠢᠴᠠᠭᠠᠵᠤ ᠬᠢᠷᠢ ᠲᠡᠩᠴᠡᠭᠰᠡᠨ ᠡᠯᠧᠺᠳ᠋ᠷᠣᠨ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠭᠲᠠᠭᠠᠭᠰᠠᠨ ᠪᠠᠶᠢᠵᠤ᠂ ᠡᠭᠦᠨ ᠳᠤ ᠸᠧᠺᠲ᠋ᠣᠷ ᠳ᠋ᠠᠶᠢᠲ᠋ᠠ᠂ ᠡᠷᠬᠡ ᠶᠢᠨ ᠬᠠᠷᠢᠶ᠎ᠠ ᠶᠢᠨ ᠳ᠋ᠠᠶᠢᠲ᠋ᠠ᠂ ᠱᠠᠵᠠᠩ ᠳ᠋ᠠᠶᠢᠲ᠋ᠠ᠂ ᠵᠢᠷᠤᠭ ᠮᠠᠲ᠋ᠧᠷᠢᠶᠠᠯ᠂ ᠬᠤᠷᠢᠶᠠᠩᠭᠤᠶᠢᠯᠠᠭᠰᠠᠨ ᠬᠦᠰᠦᠨᠦᠭᠲᠦ᠂ ᠦᠰᠦᠭ ᠪᠢᠴᠢᠭ ᠤᠨ ᠮᠡᠳᠡᠭᠦᠯᠦᠯᠲᠡ ᠵᠢᠴᠢ ᠪᠤᠰᠤᠳ ᠮᠠᠲ᠋ᠧᠷᠢᠶᠠᠯ ᠢ ᠪᠠᠭᠲᠠᠭᠠᠵᠤ᠂ ᠲᠠᠩᠰᠠ ᠡᠪᠬᠡᠮᠡᠯ ᠤᠨ ᠭᠠᠷᠴᠠᠭ ᠪᠠ ᠲᠠᠩᠰᠠ ᠡᠪᠬᠡᠮᠡᠯ ᠤᠨ ᠭᠠᠷᠴᠠᠭ ᠢ ᠡᠮᠬᠢᠯᠡᠨ ᠳᠡᠪᠲᠡᠷᠯᠡᠵᠦ᠂ ᠪᠦᠷᠢᠨ ᠪᠦᠲᠦᠨ ᠲᠠᠩᠰᠠ ᠡᠪᠬᠡᠮᠡᠯ ᠤᠨ ᠭᠠᠷᠴᠠᠭ ᠪᠠ ᠲᠠᠩᠰᠠ ᠡᠪᠬᠡᠮᠡᠯ ᠤᠨ ᠭᠠᠷᠴᠠᠭ ᠢ ᠨᠢᠭᠡᠳ ᠨᠢᠭᠡ ᠪᠠᠷ ᠳᠣᠭᠢᠷᠠᠭᠤᠯᠤᠨ᠎ᠠ᠃    ︵2︶ ᠳ᠋ᠠᠶᠢᠲ᠋ᠠ ᠶᠢ ᠬᠢᠨᠠᠨ ᠬᠠᠷᠭᠤᠭᠤᠯᠬᠤ᠃ ᠡᠯ᠎ᠡ ᠲᠥᠷᠥᠯ ᠤᠨ ᠰᠠᠭᠤᠷᠢ ᠮᠠᠲ᠋ᠧᠷᠢᠶᠠᠯ ᠢ ᠲᠥᠷᠥᠯ ᠬᠤᠪᠢᠶᠠᠨ ᠰᠢᠶ᠋ᠳᠪᠦᠷᠢᠯᠡᠭᠰᠡᠨ ᠪᠠᠶᠢᠳᠠᠯ ᠢ ᠪᠠᠶᠢᠴᠠᠭᠠᠨ᠎ᠠ᠂ ᠡᠭᠦᠨ ᠳᠤ ᠰᠢᠨᠵᠢ ᠴᠢᠨᠠᠷ ᠤᠨ ᠮᠡᠳᠡᠭᠡ ᠵᠠᠩᠭᠢ ᠶᠢᠨ ᠪᠣᠰᠤᠭ᠎ᠠ ᠵᠢᠷᠤᠭ ᠂ ᠰᠣᠯᠪᠢᠴᠠᠯ ᠤᠨ ᠰᠢᠰᠲ᠋ᠧᠮ ᠤᠨ ᠬᠤᠪᠢᠷᠠᠭᠤᠯᠤᠯᠲᠠ᠂ ᠳ᠋ᠠᠶᠢᠲ᠋ᠠ ᠶᠢᠨ ᠹᠤᠷᠮᠠᠲ ᠶᠢᠨ ᠬᠤᠪᠢᠷᠠᠭᠤᠯᠤᠯᠲᠠ᠂ ᠸᠧᠺᠲ᠋ᠣᠷ ᠳ᠋ᠠᠶᠢᠲ᠋ᠠ ᠪᠠ ᠱᠠᠵᠠᠩ ᠳ᠋ᠠᠶᠢᠲ᠋ᠠ ᠶᠢᠨ ᠣᠷᠣᠨ ᠵᠠᠶ ᠶᠢ ᠬᠠᠷᠭᠤᠭᠤᠯᠬᠤ ᠵᠡᠷᠭᠡ ᠠᠭᠤᠯᠭ᠎ᠠ ᠪᠠᠭᠲᠠᠨ᠎ᠠ᠃    ︵3︶ ᠨᠢᠭᠤᠴᠠ ᠶᠢ ᠬᠠᠮᠠᠭᠠᠯᠠᠬᠤ ᠬᠡᠯᠡᠯᠴᠡᠭᠡᠷ ᠪᠠ ︽ᠲᠤᠭ᠎ᠠ ᠪᠠᠷᠢᠮᠲᠠ ᠶᠢ ᠲᠤᠰᠢᠶᠠᠬᠤ ᠪᠠ ᠭᠥᠯᠢᠶᠡᠨ ᠠᠪᠬᠤ ᠬᠠᠭᠤᠳᠠᠰᠤ︾ ᠲᠣᠭᠲᠠᠵᠠᠢ᠃ ᠰᠢᠯᠵᠢᠭᠦᠯᠦᠨ ᠲᠤᠰᠢᠶᠠᠬᠤ ᠰᠠᠯᠠᠭ᠎ᠠ ᠮᠥᠴᠢᠷ᠂ ᠬᠦᠯᠢᠶᠡᠨ ᠠᠪᠬᠤ ᠰᠠᠯᠠᠭ᠎ᠠ ᠮᠥᠴᠢᠷ ᠤᠳ ᠲᠤᠰᠢᠶᠠᠵᠤ ᠬᠦᠯᠢᠶᠡᠨ ᠠᠪᠬᠤ ᠦᠷ᠎ᠡ ᠪᠦᠲᠦᠭᠡᠯ ᠤᠨ ᠮᠠᠲ᠋ᠧᠷᠢᠶᠠᠯ ᠢ ᠪᠠᠶᠢᠴᠠᠭᠠᠬᠤ ᠪᠠᠨ ᠴᠢᠩᠭᠠᠳᠬᠠᠵᠤ᠂ ᠦᠷ᠎ᠡ ᠪᠦᠲᠦᠭᠡᠯ ᠤᠨ ᠮᠠᠲ᠋ᠧᠷᠢᠶᠠᠯ ᠤᠨ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ ᠪᠠ ᠠᠮᠤᠷ ᠲᠦᠪᠰᠢᠨ ᠴᠢᠨᠠᠷ ᠢ ᠦᠨᠡᠨᠬᠦ ᠪᠠᠲᠤᠯᠠᠵᠤ᠂ ᠮᠠᠲ᠋ᠧᠷᠢᠶᠠᠯ ᠡᠪᠳᠡᠬᠦ᠂ ᠭᠡᠭᠡᠭᠳᠡᠬᠦ᠂ ᠨᠢᠭᠤᠴᠠ ᠶᠢ ᠵᠠᠳᠠᠷᠠᠭᠤᠯᠬᠤ ᠵᠡᠷᠭᠡ ᠠᠰᠠᠭᠤᠳᠠᠯ ᠭᠠᠷᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠳᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠠᠷᠭ᠎ᠠ ᠮᠠᠶ᠋ᠢᠭ ᠢ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠳᠠᠩᠰᠠᠯᠠᠨ ᠲᠡᠮᠳᠡᠭᠯᠡᠬᠦ ᠪᠠ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠠᠵᠢᠯ ᠢ ᠴᠥᠮ ᠤᠷᠤᠭᠰᠢᠲᠠᠶ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃    ︵ᠭᠤᠷᠪᠠ︶ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ ᠬᠦᠮᠦᠷᠭᠡ ᠳᠤ ᠣᠷᠤᠭᠤᠯᠬᠤ    ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠬᠦᠯᠢᠶᠡᠨ ᠠᠪᠤᠭᠰᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠰᠢᠯᠵᠢᠭᠦᠯᠦᠨ ᠲᠤᠰᠢᠶᠠᠭᠰᠠᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠦᠷ᠎ᠡ ᠪᠦᠲᠦᠭᠡᠯ ᠤᠨ ᠮᠠᠲ᠋ᠧᠷᠢᠶᠠᠯ ᠢ ᠡᠮᠬᠢᠯᠡᠨ ᠨᠡᠶᠢᠯᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃ ᠰᠢᠯᠵᠢᠭᠦᠯᠦᠨ ᠲᠤᠰᠢᠶᠠᠭᠰᠠᠨ ᠮᠠᠲ᠋ᠧᠷᠢᠶᠠᠯ ᠤᠨ ᠰᠠᠭᠤᠷᠢᠨ ᠳᠡᠭᠡᠷ᠎ᠡ᠂ ᠲᠡᠦᠬᠡ ᠶᠢ ᠬᠦᠨᠳᠦᠳᠬᠡᠬᠦ᠂ ᠭᠦᠢᠴᠡᠳ ᠵᠠᠯᠭᠠᠮᠵᠢᠯᠠᠬᠤ ᠵᠠᠷᠴᠢᠮ ᠤᠨ ᠶᠣᠰᠣᠭᠠᠷ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠲᠤᠭ᠎ᠠ ᠪᠠᠷᠢᠮᠲᠠ ᠶᠢ ᠵᠠᠳᠠᠯᠬᠤ᠂ ᠬᠤᠪᠢᠷᠠᠭᠤᠯᠬᠤ᠂ ᠡᠮᠬᠢᠯᠡᠬᠦ᠂ ᠬᠥᠮᠥᠷᠭᠡ ᠳᠤ ᠣᠷᠣᠭᠤᠯᠬᠤ ᠵᠡᠷᠭᠡ ᠠᠵᠢᠯ ᠢ ᠥᠷᠨᠢᠭᠦᠯᠵᠦ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠳᠡᠪᠲᠡᠷ ᠪᠠ ᠦᠨᠡᠮᠯᠡᠯ ᠳᠤ ᠲᠡᠮᠳᠡᠭᠯᠡᠭᠰᠡᠨ ᠠᠭᠤᠯᠭ᠎ᠠ ᠨᠢ ᠳᠠᠭᠠᠭᠠᠴᠢᠯᠠᠯᠲᠠ ᠶᠢᠨ ᠭᠡᠷ᠎ᠡ ᠶᠢᠨ ᠠᠭᠤᠯᠭ᠎ᠠ ᠯᠤᠭ᠎ᠠ ᠨᠢᠭᠡᠳᠦᠯᠲᠡᠶ ᠪᠠᠶᠢᠬᠤ ᠶᠢ ᠦᠨᠡᠨᠬᠦ ᠪᠠᠲᠤᠯᠠᠵᠤ᠂ ᠣᠯᠠᠨ ᠲᠦᠮᠡᠨ ᠤ ᠭᠠᠵᠠᠷ ᠰᠢᠷᠣᠶ ᠳᠠᠭᠠᠭᠠᠴᠢᠯᠠᠬᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠶ᠃    ︵ᠲᠦᠷᠪᠡ︶ ᠳᠠᠩᠰᠠᠯᠠᠬᠤ ᠴᠤᠪᠤᠷᠠᠯ ᠢ ᠰᠢᠯᠢᠳᠡᠭᠵᠢᠭᠦᠯᠬᠦ    ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠲᠠᠢ ᠢᠳᠡᠪᠬᠢᠲᠡᠶ ᠪᠠᠷ ᠨᠡᠪᠲᠡᠷᠡᠯᠴᠡᠨ ᠵᠣᠬᠢᠴᠠᠭᠤᠯᠵᠤ᠂ ᠤᠤᠯ ᠤᠨ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠳᠠᠩᠰᠠᠯᠠᠬᠤ ᠴᠤᠪᠤᠷᠠᠯ ᠤᠨ ᠵᠢᠷᠤᠮᠵᠢᠯ ᠢ ᠳᠢᠭᠯᠡᠭᠰᠡᠨ ᠰᠠᠭᠤᠷᠢᠨ ᠳᠡᠭᠡᠷ᠎ᠡ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠰᠢᠯᠵᠢᠭᠦᠯᠦᠨ ᠲᠤᠰᠢᠶᠠᠬᠤ ᠪᠠ ᠬᠠᠮᠲᠤ ᠪᠠᠷ ᠡᠳ᠋ᠯᠡᠬᠦ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠳᠡᠩᠰᠡᠯᠡᠯᠲᠡ ᠶᠢᠨ ᠲᠤᠭ᠎ᠠ ᠪᠠᠷᠢᠮᠲᠠ ᠶᠢᠨ ᠳ᠋ᠠᠶᠢᠲ᠋ᠠ ᠬᠥᠮᠥᠷᠭᠡ ᠪᠠ ᠨᠤᠲᠠᠯᠠᠭᠰᠠᠨ ᠤ ᠳᠠᠷᠠᠭᠠᠬᠢ ᠭᠡᠷ᠎ᠡ ᠶᠢ ᠦᠨᠳᠦᠰᠦᠯᠡᠨ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ᠂ ᠳᠡᠩᠰᠡᠯᠡᠨ ᠲᠡᠮᠳᠡᠭᠯᠡᠬᠦ ᠲᠥᠷᠥᠯ ᠬᠡᠯᠪᠡᠷᠢ ᠶᠢ ᠵᠣᠯᠭᠠᠭᠤᠯᠬᠤ᠂ ᠭᠤᠶᠤᠴᠢᠯᠠᠬᠤ ᠠᠷᠭ᠎ᠠ ᠮᠠᠶ᠋ᠢᠭ᠂ ᠴᠢᠬᠤᠯᠠ ᠨᠥᠬᠦᠴᠡᠯ ᠤᠨ ᠮᠠᠲ᠋ᠧᠷᠢᠶᠠᠯ ᠵᠡᠷᠭᠡ ᠲᠠᠯ᠎ᠠ ᠪᠠᠷ ᠣᠯᠠᠨ ᠲᠦᠮᠡᠨ ᠳᠤ ︽ᠨᠢᠭᠡ ᠶᠠᠪᠤᠳᠠᠯ︾ ᠢ ᠰᠠᠶᠢᠲᠤᠷ ᠬᠢᠵᠦ ︽ᠨᠢᠭᠡ ᠶᠠᠪᠤᠳᠠᠯ︾ ᠢ ᠰᠠᠶᠢᠲᠤᠷ ᠬᠢᠬᠦ︾ ᠪᠠᠷ ᠪᠠᠷᠢᠮᠵᠢᠶ᠎ᠠ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠳᠡᠩᠰᠡᠯᠡᠨ ᠲᠡᠮᠳᠡᠭᠯᠡᠬᠦ ᠴᠤᠪᠤᠷᠠᠯ ᠢ ᠰᠢᠯᠢᠳᠡᠭᠵᠢᠭᠦᠯᠬᠦ ᠂ ᠳᠠᠬᠢᠨ ᠲᠣᠭᠲᠠᠭᠠᠬᠤ ᠪᠠ ᠨᠠᠷᠢᠯᠢᠬᠵᠢᠭᠤᠯᠬᠤ ᠶᠢ ᠥᠷᠨᠢᠭᠦᠯᠵᠦ᠂ ᠵᠦᠢᠯᠡᠰ ᠢ ᠲᠥᠷᠥᠯ ᠬᠤᠪᠢᠶᠠᠬᠤ᠂ ᠭᠦᠢᠴᠡᠳᠭᠡᠬᠦ ᠴᠤᠪᠤᠷᠠᠯ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ᠂ ᠬᠢᠨᠠᠨ ᠪᠠᠶᠢᠴᠠᠭᠠᠬᠤ ᠴᠢᠬᠤᠯᠠ ᠨᠥᠬᠦᠴᠡᠯ᠂ ᠬᠢᠨᠠᠨ ᠪᠠᠶᠢᠴᠠᠭᠠᠬᠤ ᠠᠭᠤᠯᠭ᠎ᠠ᠂ ᠬᠦᠰᠦᠨᠦᠭᠲᠦ ᠶᠢᠨ ᠵᠢᠷᠤᠭ ᠤᠨ ᠲᠦᠷᠢᠮ᠂ ᠬᠠᠲᠠᠭᠤ ᠬᠦᠴᠦᠨ ᠵᠦᠢᠯ ᠵᠡᠷᠭᠡ ᠠᠭᠤᠯᠭ᠎ᠠ ᠶᠢ ᠨᠢᠭᠡᠳᠦᠯᠲᠡᠶ ᠪᠣᠯᠭᠠᠵᠤ᠂ ᠪᠠᠷᠢᠮᠵᠢᠶᠠᠵᠢᠭᠤᠯᠤᠭᠰᠠᠨ ᠬᠡᠪ ᠵᠠᠭᠪᠤᠷ ᠢ ᠪᠣᠶ ᠪᠣᠯᠭᠠᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠨ ᠲᠡᠮᠳᠡᠭᠯᠡᠬᠦ ᠲᠠᠪᠴᠠᠩ ᠳᠤ ᠳᠡᠩᠰᠡᠯᠡᠵᠦ ᠦᠨᠡᠮᠯᠡᠯ ᠣᠯᠭᠤᠨ᠎ᠠ᠃    ︵ᠲᠠᠪᠤ︶ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠮᠲᠤ ᠡᠳ᠋ᠯᠡᠬᠦ    ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠢᠭᠡᠳ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠢ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠳᠠᠩᠰᠠᠯᠠᠬᠤ ᠬᠢᠭᠡᠳ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠲᠤᠰ ᠭᠠᠵᠠᠷ ᠤᠨ ᠰᠠᠭᠤᠷᠢ ᠨᠥᠬᠦᠴᠡᠯ ᠲᠠᠢ ᠤᠶᠠᠯᠳᠤᠭᠤᠯᠤᠨ᠂ ᠮᠠᠲ᠋ᠧᠷᠢᠶᠠᠯ ᠵᠠᠭᠤᠴᠢ ᠶᠢᠨ ᠬᠡᠯᠪᠡᠷᠢ᠂ ᠬᠠᠳᠠᠭᠠᠯᠠᠬᠤ ᠬᠠᠮᠢᠶᠠᠷᠤᠯᠲᠠ ᠶᠢᠨ ᠠᠷᠭ᠎ᠠ ᠬᠡᠯᠪᠡᠷᠢ᠂ ᠮᠡᠳᠡᠭᠡ ᠵᠠᠩᠭᠢᠵᠢᠯᠲᠠ ᠶᠢᠨ ᠬᠡᠮᠵᠢᠶ᠎ᠡ ᠵᠡᠷᠭᠡ ᠪᠣᠳᠠᠲᠤ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ ᠬᠠᠮᠲᠤᠪᠠᠷ ᠡᠳ᠋ᠯᠡᠬᠦ ᠠᠵᠢᠯ ᠢ ᠥᠷᠨᠢᠭᠦᠯᠦᠨ᠎ᠡ᠃ ᠨᠥᠬᠦᠴᠡᠯ ᠪᠦᠷᠢᠯᠳᠦᠭᠦᠯᠦᠭᠰᠡᠨ ᠨᠢ ᠡᠯᠧᠺᠳ᠋ᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠪᠠᠷ ᠳᠠᠮᠵᠢᠭᠤᠯᠤᠨ ᠵᠠᠯᠭᠠᠭᠠᠳᠠᠬ ᠦᠢᠯᠡᠴᠢᠯᠡᠭᠡᠨ ᠤ ᠠᠷᠭ᠎ᠠ ᠮᠠᠶ᠋ᠢᠭ ᠢ ᠢᠳᠡᠪᠬᠢᠲᠡᠶ ᠰᠦᠪᠡᠭᠴᠢᠯᠡᠵᠦ᠂ ᠴᠠᠭ ᠲᠤᠬᠠᠶ ᠳᠤ ᠨᠢ ᠬᠠᠮᠲᠤ ᠪᠠᠷ ᠭᠥᠷᠳᠡᠬᠦ ᠶᠢ ᠪᠡᠶᠡᠯᠡᠭᠦᠯᠵᠦ ᠪᠣᠯᠤᠨ᠎ᠠ︔ ᠡᠰᠡᠬᠦᠯ᠎ᠡ ᠡᠯᠧᠺᠳ᠋ᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠪᠠᠷ ᠴᠠᠭ ᠲᠤᠬᠠᠶ ᠳᠤ ᠨᠢ ᠴᠠᠭ ᠲᠤᠬᠠᠶ ᠳᠤ ᠨᠢ ᠪᠥᠭᠡᠮ ᠢᠶᠠᠷ ᠬᠦᠷᠭᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ︔ ᠨᠥᠬᠦᠴᠡᠯ ᠪᠦᠷᠢᠳᠦᠭᠦᠯᠦᠭᠰᠡᠨ ᠥᠬᠡᠶ ᠪᠣᠯ᠂ ᠲᠦᠷ ᠴᠠᠭ ᠳ᠋ᠠᠶᠢᠲ᠋ᠠ ᠶᠢ ᠲᠣᠭᠲᠠᠮᠠᠯ ᠬᠤᠭᠤᠴᠠᠭ᠎ᠠ ᠲᠠᠢ ᠪᠠᠷ ᠺᠤᠫᠢᠳᠠᠬᠤ ᠠᠷᠭ᠎ᠠ ᠮᠠᠶ᠋ᠢᠭ ᠢᠶᠠᠷ ᠬᠠᠮᠲᠤ ᠪᠠᠷ ᠡᠳ᠋ᠯᠡᠵᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠬᠦᠷᠲᠡᠬᠦ ᠭᠡᠷ᠎ᠡ ᠶᠢᠨ ᠮᠡᠳᠡᠭᠡ ᠵᠠᠩᠭᠢ ᠪᠠ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠶᠢ ᠠᠯᠬᠤᠮ ᠠᠯᠬᠤᠮ ᠢᠶᠠᠷ ᠪᠡᠶᠡᠯᠡᠭᠦᠯᠵᠦ ᠪᠣᠯᠤᠨ᠎ᠠ᠃ ︵ᠵᠢᠷᠭᠤᠭ᠎ᠠ︶ ᠨᠤᠲᠤᠭ ᠪᠡᠯᠴᠢᠭᠡᠷ ᠤᠨ ᠡᠷᠬᠡ ᠶᠢ ᠲᠣᠳᠣᠯᠠᠨ ᠲᠣᠭᠲᠠᠭᠠᠵᠤ ᠳᠠᠩᠰᠠᠯᠠᠨ ᠲᠡᠮᠳᠡᠭᠯᠡᠭᠰᠡᠨ ᠦᠷ᠎ᠡ ᠪᠦᠲᠦᠭᠡᠯ ᠢ ᠰᠢᠯᠵᠢᠭᠦᠯᠦᠨ ᠲᠤᠰᠢᠶᠠᠬᠤ ᠵᠢᠴᠢ ᠦᠯᠦ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠠᠵᠢᠯ ᠢ ᠵᠣᠯᠭᠠᠭᠤᠯᠬᠤ ᠶᠠᠪᠤᠳᠠᠯ ᠪᠣᠳᠠᠲᠠᠶ ᠲᠠᠢ ᠪᠠᠨ ᠤᠶᠠᠯᠳᠤᠭᠤᠯᠤᠨ᠂ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠶ ᠳᠡᠩᠰᠡᠯᠡᠯᠲᠡ ᠬᠢᠭᠡᠳ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠵᠣᠯᠭᠠᠭᠤᠯᠬᠤ ᠠᠵᠢᠯ ᠤᠨ ᠵᠠᠭᠪᠤᠷ ᠢᠶᠠᠷ ᠯᠠᠪᠯᠠᠯᠲᠠ ᠪᠣᠯᠭᠠᠵᠤ᠂ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠬᠢᠭᠡᠳ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠵᠣᠯᠭᠠᠭᠤᠯᠬᠤ ᠠᠵᠢᠯ ᠢ ᠥᠷᠨᠢᠭᠦᠯᠬᠦ ᠬᠡᠷᠡᠭᠲᠡᠶ︔ ᠲᠦᠷ ᠨᠥᠬᠦᠴᠡᠯ ᠪᠦᠷᠢᠯᠳᠦᠭᠦᠯᠦᠭᠡᠳᠦᠢ ᠪᠣᠯ ᠬᠠᠮᠢᠶ᠎ᠠ ᠪᠦᠬᠦᠢ ᠦᠷ᠎ᠡ ᠪᠦᠲᠦᠭᠡᠯ ᠤᠨ ᠮᠠᠲ᠋ᠧᠷᠢᠶᠠᠯ ᠢ ᠦᠷᠭᠦᠯᠵᠢᠯᠡᠨ ᠡᠮᠬᠢᠯᠡᠨ ᠲᠡᠭᠦᠯᠳᠡᠷᠵᠢᠭᠦᠯᠵᠦ᠂ ᠱᠠᠭᠠᠷᠳᠠᠯᠭ᠎ᠠ ᠳᠤ ᠨᠡᠶᠢᠴᠡᠭᠦᠯᠦᠭᠰᠡᠨ ᠤ ᠳᠠᠷᠠᠭ᠎ᠠ ᠵᠣᠯᠭᠠᠭᠤᠯᠬᠤ ᠠᠵᠢᠯ ᠢ ᠥᠷᠨᠢᠭᠦᠯᠬᠦ ᠬᠡᠷᠡᠭᠲᠡᠶ    ᠭᠤᠷᠪᠠ᠂ ᠴᠠᠭ ᠤᠨ ᠲᠣᠬᠢᠷᠠᠭᠤᠯᠤᠯᠲᠠ    ︵ᠨᠢᠭᠡ︶ ᠠᠵᠢᠯ ᠡᠬᠢᠯᠡᠭᠦᠯᠬᠦ ︵2022 ᠣᠨ ᠤ 12 ᠰᠠᠷ᠎ᠠ ᠠᠴᠠ 2023 ᠣᠨ ᠤ 2 ᠰᠠᠷ᠎ᠠ︶    1. ᠪᠠᠶᠢᠭᠤᠯᠤᠮᠵᠢ ᠪᠠᠶᠢᠭᠤᠯᠤᠨ᠎ᠠ᠃ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠠᠵᠢᠯ ᠤᠨ ᠤᠳᠤᠷᠢᠳᠬᠤ ᠳᠤᠭᠤᠶᠢᠯᠠᠩ ᠪᠠ ᠡᠳᠦᠷ ᠲᠤᠲᠤᠮ ᠤᠨ ᠬᠡᠷᠡᠭ ᠡᠷᠬᠢᠯᠡᠬᠦ ᠪᠠᠶᠢᠭᠤᠯᠤᠮᠵᠢ ᠶᠢ ᠪᠠᠶᠢᠭᠤᠯᠤᠨ᠎ᠠ᠃    2. ᠲᠥᠰᠦᠯ ᠲᠣᠭᠲᠠᠭᠠᠬᠤ ᠬᠡᠷᠡᠭᠲᠡᠢ᠃ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠢ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠢ ᠡᠮᠬᠢᠯᠡᠨ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠱᠠᠲᠤᠨ ᠤ ᠠᠵᠢᠯ ᠤᠨ ᠲᠥᠰᠦᠯ ᠤᠨ ᠰᠠᠭᠤᠷᠢᠨ ᠳᠡᠭᠡᠷ᠎ᠡ᠂ ᠲᠣᠰ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ ᠮᠠᠨ ᠤ ᠰᠢᠶᠠᠨ ᠤ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠶ ᠳᠡᠩᠰᠡᠯᠡᠨ ᠲᠡᠮᠳᠡᠭᠯᠡᠬᠦ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠵᠣᠯᠭᠠᠭᠤᠯᠬᠤ ᠠᠵᠢᠯ ᠤᠨ ᠪᠣᠳᠠᠲᠠᠶ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠦᠷ᠎ᠡ ᠪᠦᠲᠦᠭᠡᠯ ᠤᠨ ᠮᠠᠲ᠋ᠧᠷᠢᠶᠠᠯ ᠢ ᠰᠢᠯᠵᠢᠭᠦᠯᠦᠨ ᠲᠤᠰᠢᠶᠠᠬᠤ ᠪᠠ ᠡᠮᠬᠢᠯᠡᠨ ᠨᠡᠶᠢᠯᠡᠭᠦᠯᠵᠦ ᠬᠥᠮᠥᠷᠭᠡ ᠳᠤ ᠣᠷᠣᠭᠤᠯᠬᠤ᠂ ᠳᠡᠩᠰᠡᠯᠡᠨ ᠲᠡᠮᠳᠡᠭᠯᠡᠬᠦ ᠴᠤᠪᠤᠷᠠᠯ ᠢ ᠡᠮᠬᠢᠯᠡᠬᠦ ᠵᠢᠴᠢ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠪᠣᠳᠠᠲᠠᠶ ᠠᠭᠤᠯᠭ᠎ᠠ᠂ ᠠᠷᠭ᠎ᠠ ᠮᠠᠶ᠋ᠢᠭ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠨ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠡᠳᠦᠷ ᠲᠤᠲᠤᠮ ᠤᠨ ᠳᠡᠩᠰᠡᠯᠡᠨ ᠲᠡᠮᠳᠡᠭᠯᠡᠬᠦ ᠲᠤᠬᠠᠶᠢᠯᠠᠭᠰᠠᠨ ᠠᠵᠢᠯ ᠤᠨ ᠤᠷᠤᠭᠰᠢᠲᠠᠶ᠂ ᠳᠡᠩᠰᠡᠯᠡᠨ ᠲᠡᠮᠳᠡᠭᠯᠡᠬᠦ ᠪᠠ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠠᠵᠢᠯ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    3. ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠃ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠶ ᠳᠡᠩᠰᠡᠯᠡᠯᠲᠡ ᠶᠢ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠯᠤᠭ᠎ᠠ ᠵᠣᠯᠭᠠᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠲᠦᠷᠢᠮ ᠲᠣᠭᠲᠠᠭᠠᠯ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠲᠤᠬᠠᠶᠢᠯᠠᠭᠰᠠᠨ ᠠᠵᠢᠯ ᠤᠨ ᠮᠡᠳᠡᠯᠭᠡ ᠵᠢᠴᠢ ᠠᠵᠢᠯ ᠤᠨ ᠳᠡᠰ ᠳᠠᠷᠠᠭᠠᠯᠠᠯ ᠪᠣᠯᠤᠨ ᠠᠵᠢᠯᠯᠠᠬᠤ ᠳᠦᠷᠢᠮ ᠢ ᠦᠨᠳᠦᠰᠦᠨ ᠱᠠᠲᠤᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠶ᠃    ︵ᠬᠤᠶᠠᠷ᠂ ᠦᠷ᠎ᠡ ᠪᠦᠲᠦᠭᠡᠯ ᠤᠨ ᠮᠠᠲ᠋ᠧᠷᠢᠶᠠᠯ ᠢ ᠰᠢᠯᠵᠢᠭᠦᠯᠦᠨ ᠲᠤᠰᠢᠶᠠᠵᠤ ︵2023 ᠣᠨ ᠤ 3 ᠰᠠᠷ᠎ᠠ ᠶᠢᠨ 10 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ ᠰᠢᠯᠵᠢᠭᠦᠯᠦᠨ ᠲᠤᠰᠢᠶᠠᠨ᠎ᠠ︶ 2023 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠠᠳᠠᠯᠢ ᠱᠠᠲᠤᠨ ᠤ ᠡᠯᠧᠺᠳ᠋ᠷᠣᠨ ᠪᠠ ᠴᠠᠭᠠᠰᠤᠨ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠠᠵᠢᠯ ᠢ ᠪᠡᠶᠡᠯᠡᠭᠦᠯᠦᠨ᠎ᠡ᠃    ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠪᠠ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠴᠠ ᠮᠠᠲ᠋ᠧᠷᠢᠶᠠᠯ ᠢᠶᠠᠨ ᠲᠣᠰ ᠱᠠᠲᠤᠨ ᠤ ᠲᠠᠩᠰᠠ ᠡᠪᠬᠡᠮᠡᠯ ᠤᠨ ᠰᠠᠩ ᠳᠤ ᠲᠤᠰᠢᠶᠠᠭᠰᠠᠨ ᠪᠠᠶᠢᠪᠠᠯ᠂ ᠲᠣᠰ ᠱᠠᠲᠤᠨ ᠤ ᠲᠠᠩᠰᠠ ᠡᠪᠬᠡᠮᠡᠯ ᠤᠨ ᠰᠠᠩ ᠨᠢ ᠬᠠᠮᠢᠶ᠎ᠠ ᠪᠥᠬᠦᠶ ᠦᠷ᠎ᠡ ᠪᠦᠲᠦᠭᠡᠯ ᠤᠨ ᠮᠠᠲ᠋ᠧᠷᠢᠶᠠᠯ ᠢ ᠰᠢᠯᠵᠢᠭᠦᠯᠦᠨ ᠲᠤᠰᠢᠶᠠᠬᠤ ᠶᠢ ᠬᠠᠮᠵᠢᠯᠴᠠᠨ ᠪᠡᠶᠡᠯᠡᠭᠦᠯᠬᠦ ᠬᠡᠷᠡᠭᠲᠡᠶ᠃    ︵ᠭᠤᠷᠪᠠ︶ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ ᠬᠥᠮᠥᠷᠭᠡ ᠳᠤ ᠣᠷᠣᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠨᠡᠪᠲᠡᠷᠡᠬᠦ ᠵᠠᠮ ︵2024 ᠣᠨ ᠤ 1 ᠰᠠᠷ᠎ᠠ - 6 ᠰᠠᠷ᠎ᠠ︶    ᠳ᠋ᠠᠶᠢᠲ᠋ᠠ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠨᠢ ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ ᠬᠥᠮᠥᠷᠭᠡ ᠪᠠᠶᠢᠭᠤᠯᠬᠤ ᠮᠡᠷᠭᠡᠵᠢᠯ ᠤᠨ ᠵᠢᠷᠤᠮᠵᠢᠯ︾ ᠪᠠ ︽ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠤᠭ᠎ᠠ ᠪᠠᠷᠢᠮᠲᠠ ᠶᠢᠨ ᠬᠥᠮᠥᠷᠭᠡ ᠶᠢᠨ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠢᠶᠠᠷ ᠰᠠᠭᠤᠷᠢ ᠪᠣᠯᠭᠠᠵᠤ᠂ ᠣᠲᠣ ᠶᠢᠨ ᠪᠠᠶᠢᠭ᠎ᠠ ᠲᠤᠭ᠎ᠠ ᠪᠠᠷᠢᠮᠲᠠ ᠶᠢᠨ ᠮᠠᠲ᠋ᠧᠷᠢᠶᠠᠯ ᠯᠤᠭ᠎ᠠ ᠨᠠᠷᠢᠨ ᠨᠢᠭᠲᠠ ᠬᠠᠷᠢᠴᠠᠭᠤᠯᠤᠨ ᠵᠠᠳᠠᠯᠵᠤ᠂ ᠲᠣᠰ ᠭᠠᠵᠠᠷ ᠤᠨ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ ᠲᠤᠭ᠎ᠠ ᠪᠠᠷᠢᠮᠲᠠ ᠶᠢᠨ ᠪᠠᠷᠢᠮᠵᠢᠶ᠎ᠠ ᠪᠠ ᠵᠢᠷᠤᠮᠵᠢᠯ ᠢ ᠡᠮᠬᠢᠯᠡᠨ ᠨᠡᠶᠢᠯᠡᠭᠦᠯᠬᠦ ᠠᠵᠢᠯ ᠢ ᠶᠠᠪᠤᠭᠳᠠᠭᠤᠯᠤᠨ᠎ᠠ᠃ ᠡᠮᠬᠢᠯᠡᠨ ᠨᠡᠶᠢᠯᠡᠭᠦᠯᠦᠭᠰᠡᠨ ᠤ ᠳᠠᠷᠠᠭᠠᠬᠢ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠲᠡᠮᠳᠡᠭᠯᠡᠭᠰᠡᠨ ᠲᠤᠭ᠎ᠠ ᠪᠠᠷᠢᠮᠲᠠ ᠶᠢ ᠦᠯᠦ ᠬᠥᠳᠡᠯᠬᠦ ᠬᠥᠷᠥᠩᠭᠡ ᠶᠢᠨ ᠨᠢᠭᠡᠳᠦᠯᠲᠡᠶ ᠳᠠᠩᠰᠠᠯᠠᠨ ᠲᠡᠮᠳᠡᠭᠯᠡᠬᠦ ᠳ᠋ᠠᠶᠢᠲ᠋ᠠ ᠬᠥᠮᠥᠷᠭᠡ ᠳᠤ ᠣᠷᠣᠭᠤᠯᠵᠤ᠂ ᠦᠯᠦ ᠬᠥᠳᠡᠯᠬᠦ ᠬᠥᠷᠥᠩᠭᠡ ᠶᠢᠨ ᠨᠢᠭᠡᠳᠦᠯᠲᠡᠶ ᠳᠠᠩᠰᠠᠯᠠᠨ ᠲᠡᠮᠳᠡᠭᠯᠡᠬᠦ ᠲᠠᠪᠴᠠᠩ ᠳᠤ ᠲᠤᠰᠢᠶᠠᠬᠤ ᠬᠡᠷᠡᠭᠲᠡᠶ᠃ ᠡᠭᠦᠨ ᠤ ᠬᠠᠮᠲᠤ᠂ ᠰᠢᠰᠲ᠋ᠧᠮ ᠲᠠᠢ ᠪᠠᠷ ᠵᠣᠯᠭᠠᠭᠤᠯᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠪᠠ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠳᠡᠩᠰᠡᠯᠡᠯᠲᠡ ᠶᠢᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠶ᠃    ︵ᠲᠦᠷᠪᠡ︶ ᠳᠠᠩᠰᠠᠯᠠᠵᠤ ᠦᠨᠡᠮᠯᠡᠯ ᠣᠯᠭᠤᠬᠤ ᠠᠴᠠ ᠡᠮᠦᠨᠡᠬᠢ ᠪᠡᠯᠡᠳᠬᠡᠯ ᠠᠵᠢᠯ ︵2024 ᠣᠨ ᠤ 6 ᠰᠠᠷ᠎ᠠ ᠠᠴᠠ 12 ᠰᠠᠷ᠎ᠠ︶    ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠯᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠢ ᠮᠠᠲ᠋ᠧᠷᠢᠶᠠᠯ ᠢ ᠰᠢᠯᠵᠢᠭᠦᠯᠦᠨ ᠲᠤᠰᠢᠶᠠᠵᠤ ᠬᠥᠮᠥᠷᠭᠡ ᠳᠤ ᠣᠷᠣᠭᠤᠯᠬᠤ ᠠᠵᠢᠯ ᠤᠨ ᠰᠠᠭᠤᠷᠢᠨ ᠳᠡᠭᠡᠷ᠎ᠡ᠂ 12 ᠳ᠋ᠤᠭᠠᠷ ᠰᠠᠷ᠎ᠠ ᠶᠢᠨ ᠰᠡᠭᠦᠯᠴᠢ ᠪᠠᠷ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ︵ᠨᠤᠲᠤᠭ ᠪᠡᠯᠴᠢᠭᠡᠷ︶ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠳᠤ ᠣᠷᠣᠭᠤᠯᠬᠤ ᠶᠢ ᠪᠡᠶᠡᠯᠡᠭᠦᠯᠦᠨ᠎ᠡ᠃ ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ    ᠥᠯᠥ ᠬᠥᠳᠡᠯᠬᠦ ᠬᠥᠷᠥᠩᠭᠡ ᠶᠢ ᠨᠢᠭᠡᠳᠦᠯᠲᠡᠶ ᠳᠠᠩᠰᠠᠯᠠᠬᠤ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠠᠵᠢᠯ ᠢ ᠡᠮᠬᠢ ᠵᠢᠷᠤᠮ ᠲᠠᠢ ᠵᠣᠯᠭᠠᠭᠤᠯᠬᠤ ᠶᠢᠨ ᠲᠥᠯᠥᠭᠡ᠂ ᠱᠠᠩᠳᠤ ᠰᠢᠶᠠᠨ ᠤ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠶ ᠳᠡᠩᠰᠡᠯᠡᠯᠲᠡ ᠬᠢᠭᠡᠳ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠵᠣᠯᠭᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠪᠠᠷ ᠲᠣᠭᠲᠠᠪᠠ᠃    ︵ᠬᠤᠶᠠᠷ︶ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠤᠳᠤᠷᠬᠠᠶᠢᠯᠠᠬᠤ ᠬᠡᠷᠡᠭᠲᠡᠢ    ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠳᠠᠩᠰᠠᠯᠠᠵᠤ ᠦᠨᠡᠮᠯᠡᠯ ᠣᠯᠭᠤᠬᠤ ᠠᠵᠢᠯ ᠢ ᠬᠠᠷᠢᠭᠤᠴᠠᠨ᠎ᠠ︔ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠮᠠᠲ᠋ᠧᠷᠢᠶᠠᠯ ᠢ ᠬᠦᠯᠢᠶᠡᠨ ᠠᠪᠬᠤ᠂ ᠲᠤᠭ᠎ᠠ ᠪᠠᠷᠢᠮᠲᠠ ᠶᠢ ᠬᠥᠮᠥᠷᠭᠡ ᠳᠤ ᠣᠷᠣᠭᠤᠯᠬᠤ ᠠᠵᠢᠯ ᠢ ᠰᠠᠶᠢᠲᠤᠷ ᠬᠢᠵᠦ᠂ ᠦᠯᠦ ᠬᠥᠳᠡᠯᠬᠦ ᠬᠥᠷᠥᠩᠭᠡ ᠶᠢ ᠨᠢᠭᠡᠳᠦᠯᠲᠡᠶ ᠳᠠᠩᠰᠠᠯᠠᠨ ᠲᠡᠮᠳᠡᠭᠯᠡᠬᠦ ᠳᠦᠷᠢᠮ ᠢ ᠨᠠᠶᠢᠳᠠᠪᠤᠷᠢᠵᠢᠭᠤᠯᠤᠨ᠎ᠠ︔ ᠭᠡᠷ᠎ᠡ ᠳᠤ ᠲᠡᠮᠳᠡᠭᠯᠡᠭᠰᠡᠨ ᠬᠠᠮᠢᠶ᠎ᠠ ᠪᠦᠬᠦᠢ ᠮᠡᠳᠡᠭᠡ ᠵᠠᠩᠭᠢ ᠶᠢ ᠦᠨᠳᠦᠰᠦᠯᠡᠨ᠂ ᠳᠠᠭᠠᠭᠠᠴᠢᠯᠠᠭᠤᠯᠤᠭᠰᠠᠨ ᠲᠠᠯ᠎ᠠ᠂ ᠳᠠᠭᠠᠭᠠᠴᠢᠯᠠᠭᠰᠠᠨ ᠲᠠᠯ᠎ᠠ ᠶᠢᠨ ᠲᠥᠯᠥᠭᠡᠯᠡᠭᠴᠢ ᠪᠣᠯᠤᠨ ᠳᠠᠭᠠᠭᠠᠴᠢᠯᠠᠭᠰᠠᠨ ᠭᠠᠵᠠᠷ ᠰᠢᠷᠣᠶ ᠶᠢᠨ ᠲᠠᠯᠠᠪᠠᠶ᠂ ᠳᠠᠭᠠᠭᠠᠴᠢᠯᠠᠭᠰᠠᠨ ᠬᠤᠭᠤᠴᠠᠭ᠎ᠠ᠂ ᠬᠡᠷᠡᠭᠴᠡᠭᠡ ᠵᠡᠷᠭᠡ ᠶᠢ ᠳᠠᠩᠰᠠᠯᠠᠭᠤᠯᠤᠨ᠎ᠠ︔ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠰᠢᠰᠲ᠋ᠧᠮ ᠤᠨ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠠᠵᠢᠯ ᠢ ᠡᠬᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠮᠲᠤ ᠳᠠᠭᠠᠨ ᠡᠳ᠋ᠯᠡᠬᠦ ᠳᠠᠭᠠᠭᠠᠴᠢᠯᠠᠯᠲᠠ ᠶᠢᠨ ᠭᠡᠷ᠎ᠡ ᠶᠢ ᠦᠨᠳᠦᠰᠦᠯᠡᠨ ᠳᠠᠩᠰᠠᠯᠠᠨ ᠦᠨᠡᠮᠯᠡᠯ ᠣᠯᠭᠤᠬᠤ ᠶᠢᠨ ᠬᠠᠮᠲᠤ ᠲᠡᠮᠳᠡᠭᠯᠡᠭᠦᠯᠦᠭᠰᠡᠨ ᠲᠤᠭ᠎ᠠ ᠪᠠᠷᠢᠮᠲᠠ ᠪᠠᠨ ᠴᠠᠭ ᠲᠤᠬᠠᠶ ᠳᠤᠨᠢ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠳᠠᠮᠵᠢᠭᠤᠯᠬᠤ ᠬᠡᠷᠡᠭᠲᠡᠶ᠃    ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠄ ᠬᠥᠳᠡᠭᠡ ᠲᠣᠰᠬᠤᠨ ᠤ ᠭᠠᠵᠠᠷ ᠰᠢᠷᠣᠶ ︵ᠲᠠᠷᠢᠶᠠᠨ ᠭᠠᠵᠠᠷ᠂ ᠤᠰᠤᠨ ᠣᠷᠣᠨ᠂ ᠭᠤᠤᠯ ᠤᠨ ᠰᠠᠶᠢᠷᠭᠠᠯ ᠪᠠᠭᠲᠠᠨ᠎ᠠ︶ ᠶᠢᠨ ᠳᠠᠭᠠᠭᠠᠴᠢᠯᠠᠨ ᠡᠵᠡᠩᠨᠡᠬᠦ ᠡᠷᠬᠡ ᠵᠢᠴᠢ ᠬᠤᠯᠪᠣᠭᠳᠠᠯ ᠪᠥᠬᠦᠶ ᠭᠡᠷ᠎ᠡ ᠶᠢ ᠬᠠᠮᠢᠶᠠᠷᠬᠤ᠂ ᠰᠢᠯᠵᠢᠭᠦᠯᠬᠦ ᠶᠢ ᠵᠢᠷᠤᠮᠵᠢᠭᠤᠯᠬᠤ᠂ ᠭᠡᠷ᠎ᠡ ᠶᠢᠨ ᠵᠢᠭᠤᠷᠠᠯᠳᠤᠭᠠᠨ ᠢ ᠡᠶᠡᠳᠡᠭᠦᠯᠦᠨ ᠰᠢᠶ᠋ᠳᠪᠦᠷᠢᠯᠡᠬᠦ᠂ ᠡᠶᠡᠳᠡᠭᠦᠯᠦᠨ ᠰᠢᠶ᠋ᠳᠪᠦᠷᠢᠯᠡᠬᠦ ᠡᠷᠬᠡ ᠶᠢᠨ ᠬᠠᠷᠢᠶ᠎ᠠ ᠶᠢᠨ ᠵᠢᠭᠤᠷᠠᠯᠳᠤᠭᠠᠨ ᠵᠡᠷᠭᠡ ᠠᠵᠢᠯ ᠢ ᠬᠠᠷᠢᠭᠤᠴᠠᠨ ᠵᠢᠯᠣᠭᠤᠳᠤᠨ᠎ᠠ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠠᠩᠰᠠᠯᠠᠬᠤ ᠮᠠᠲ᠋ᠧᠷᠢᠶᠠᠯ ᠢ ᠡᠮᠬᠢᠯᠡᠨ ᠲᠡᠭᠦᠯᠳᠡᠷᠵᠢᠭᠦᠯᠬᠦ ᠪᠠ ᠰᠢᠯᠵᠢᠭᠦᠯᠦᠨ ᠲᠤᠰᠢᠶᠠᠬᠤ ᠶᠢ ᠰᠠᠶᠢᠲᠤᠷ ᠬᠢᠨ᠎ᠡ︔ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠠᠩᠰᠠᠯᠠᠬᠤ ᠬᠥᠮᠥᠷᠭᠡ ᠳᠠᠬᠢ ᠠᠭᠤᠯᠭ᠎ᠠ ᠬᠢᠭᠡᠳ ᠳᠠᠭᠠᠭᠠᠴᠢᠯᠠᠯᠲᠠ ᠶᠢᠨ ᠭᠡᠷ᠎ᠡ ᠶᠢᠨ ᠠᠭᠤᠯᠭ᠎ᠠ ᠨᠢᠭᠡᠳᠦᠯ ᠦᠭᠡᠶ ᠵᠡᠷᠭᠡ ᠠᠰᠠᠭᠤᠳᠠᠯ ᠤᠨ ᠡᠬᠢ ᠡᠭᠦᠰᠦᠯ ᠢ ᠢᠯᠭᠠᠷᠠᠭᠤᠯᠤᠨ ᠪᠠᠶᠢᠴᠠᠭᠠᠬᠤ ᠶᠢ ᠬᠠᠷᠢᠭᠤᠴᠠᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠬᠢᠭᠡᠳ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠳᠠᠩᠰᠠᠯᠠᠬᠤ ᠭᠠᠵᠠᠷ ᠤᠨ ᠮᠠᠷᠭᠤᠯᠳᠤᠭᠠᠨ ᠤ ᠬᠦᠷᠢᠶ᠎ᠡ ᠬᠡᠪᠴᠢᠶ᠎ᠡ ᠯᠦᠭᠡ ᠬᠠᠮᠲᠤᠪᠠᠷ ᠵᠥᠪᠳᠡᠯᠴᠡᠬᠦ ᠲᠣᠭᠲᠠᠴᠠ ᠶᠢ ᠪᠠᠶᠢᠭᠤᠯᠤᠨ᠎ᠠ︔ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠶ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠬᠢᠭᠡᠳ ᠳᠠᠭᠠᠭᠠᠴᠢᠯᠠᠯᠲᠠ ᠶᠢᠨ ᠭᠡᠷ᠎ᠡ ᠶᠢᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠦ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠭᠡᠳ ᠬᠥᠳᠡᠭᠡ ᠲᠣᠰᠬᠤᠨ ᠤ ᠨᠡᠯᠢᠶᠡᠳ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢ ᠡᠮᠬᠢ ᠵᠢᠷᠤᠮ ᠲᠠᠢ ᠪᠠᠷ ᠵᠣᠯᠭᠠᠭᠤᠯᠬᠤ ᠶᠢ ᠪᠠᠲᠤᠯᠠᠨ᠎ᠠ᠃    ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠄ ᠮᠠᠯᠵᠢᠬᠤ ᠲᠠᠷᠢᠶᠠᠯᠠᠬᠤ ᠣᠷᠣᠨ ᠤ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠵᠢᠴᠢ ᠬᠤᠯᠪᠣᠭᠳᠠᠯ ᠪᠦᠬᠦᠢ ᠭᠡᠷ᠎ᠡ ᠶᠢᠨ ᠬᠠᠮᠢᠶᠠᠷᠤᠯᠲᠠ᠂ ᠡᠷᠭᠢᠯᠲᠡ ᠶᠢ ᠵᠢᠷᠤᠮᠵᠢᠭᠤᠯᠬᠤ ᠠᠵᠢᠯ ᠢ ᠬᠠᠷᠢᠭᠤᠴᠠᠨ ᠵᠢᠯᠣᠭᠤᠳᠴᠤ᠂ ᠭᠡᠷ᠎ᠡ ᠶᠢᠨ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠵᠦ᠂ ᠡᠷᠬᠡ ᠶᠢᠨ ᠬᠠᠷᠢᠶ᠎ᠠ ᠶᠢᠨ ᠵᠢᠭᠤᠷᠠᠯᠳᠤᠭᠠᠨ ᠢ ᠬᠠᠮᠵᠢᠯᠴᠠᠨ ᠡᠶᠡᠳᠡᠭᠦᠯᠦᠨ ᠵᠣᠬᠢᠴᠠᠭᠤᠯᠤᠨ᠎ᠠ᠃    ︵ᠭᠤᠷᠪᠠ︶ ᠵᠠᠷᠤᠳᠠᠯ ᠢ ᠪᠠᠲᠤᠯᠠᠬᠤ    ᠰᠢᠶᠠᠨ ᠤ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠲᠤᠭ᠎ᠠ ᠪᠠᠷᠢᠮᠲᠠ ᠶᠢ ᠡᠮᠬᠢᠯᠡᠨ ᠲᠢᠭᠯᠡᠵᠦ ᠲᠡᠭᠦᠯᠳᠡᠷᠵᠢᠭᠦᠯᠦᠭᠰᠡᠨ᠂ ᠡᠮᠬᠢᠯᠡᠨ ᠨᠡᠶᠢᠯᠡᠭᠦᠯᠵᠦ ᠬᠥᠮᠥᠷᠭᠡ ᠳᠤ ᠣᠷᠣᠭᠤᠯᠤᠭᠰᠠᠨ ᠪᠠᠶᠢᠳᠠᠯ ᠵᠢᠴᠢ ᠰᠢᠰᠲ᠋ᠧᠮ ᠢ ᠵᠣᠯᠭᠠᠭᠤᠯᠬᠤ ᠠᠵᠢᠯ ᠤᠨ ᠬᠡᠮᠵᠢᠶ᠎ᠡ ᠶᠢ ᠦᠨᠳᠦᠰᠦᠯᠡᠨ᠂ ᠠᠵᠢᠯ ᠤᠨ ᠵᠠᠷᠤᠳᠠᠯ ᠢ ᠵᠦᠶ ᠵᠣᠬᠢᠰᠲᠠᠶ ᠲᠣᠳᠣᠷᠬᠠᠶᠢᠯᠠᠵᠤ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠳᠤ ᠵᠠᠷᠤᠳᠠᠯ ᠤᠨ ᠲᠥᠰᠦᠪ ᠤᠨ ᠭᠤᠶᠤᠴᠢᠯᠠᠯ ᠭᠠᠷᠭᠠᠵᠤ᠂ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠢ ᠤᠷᠤᠭᠰᠢᠲᠠᠶ ᠥᠷᠨᠢᠭᠦᠯᠬᠦ ᠳᠤ ᠪᠠᠯᠠ ᠮᠥᠩᠭᠦ ᠶᠢᠨ ᠪᠠᠲᠤᠯᠠᠭ᠎ᠠ ᠬᠠᠩᠭᠠᠬᠤ ᠬᠡᠷᠡᠭᠲᠡᠶ᠃    ︵ᠲᠦᠷᠪᠡ︶ ᠠᠵᠢᠯ ᠤᠨ ᠤᠬᠠᠭᠤᠯᠭ᠎ᠠ ᠶᠢ ᠰᠠᠶᠢᠲᠤᠷ ᠬᠢᠬᠦ    ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠨᠢ ᠥᠷᠭᠡᠨ ᠣᠯᠠᠨ ᠲᠠᠷᠢᠶᠠᠴᠢᠳ ᠤᠨ ᠡᠳ᠋ ᠬᠥᠷᠥᠩᠭᠡ ᠶᠢᠨ ᠡᠷᠬᠡ ᠠᠰᠢᠭ ᠲᠤ ᠬᠤᠯᠪᠣᠭᠳᠠᠵᠤ᠂ ᠡᠯ᠎ᠡ ᠰᠠᠯᠠᠭ᠎ᠠ ᠮᠥᠴᠢᠷ ᠤᠳ ᠢᠳᠡᠪᠬᠢᠲᠡᠶ ᠬᠠᠮᠵᠢᠯᠴᠠᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠮᠠᠲ᠋ᠧᠷᠢᠶᠠᠯ ᠢ ᠰᠢᠯᠵᠢᠭᠦᠯᠦᠨ ᠲᠤᠰᠢᠶᠠᠬᠤ ᠪᠠ ᠰᠢᠰᠲ᠋ᠧᠮ ᠢ ᠵᠣᠯᠭᠠᠭᠤᠯᠬᠤ ᠶᠠᠪᠤᠴᠠ ᠳᠠᠬᠢ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠬᠡᠪ ᠤᠨ ᠠᠵᠢᠯᠯᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠨ᠎ᠠ︔ ᠡᠭᠦᠨ ᠤ ᠬᠠᠮᠲᠤ᠂ ᠡᠷᠬᠡ ᠶᠢ ᠬᠤᠷᠠᠮᠳᠤᠭᠤᠯᠤᠨ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠢ ᠵᠣᠬᠢᠴᠠᠭᠤᠯᠵᠤ᠂ ᠰᠠᠨᠠᠭᠠᠴᠢᠯᠠᠭ᠎ᠠ ᠠᠴᠠ ᠪᠠᠨ ᠡᠳ᠋ ᠤᠨ ᠵᠠᠰᠠᠭ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠡᠷᠭᠡ ᠰᠠᠯᠠᠭ᠎ᠠ ᠮᠥᠴᠢᠷ ᠲᠠᠢ ᠨᠡᠪᠲᠡᠷᠡᠯᠴᠡᠨ ᠵᠣᠯᠭᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠪᠠ ᠠᠵᠢᠯ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃    ᠲᠠᠪᠤ᠂ ᠪᠤᠰᠤᠳ ᠵᠦᠢᠯ    ᠲᠤᠰ ᠲᠥᠰᠥᠯ ᠳᠤ ᠬᠡᠯᠡᠵᠦ ᠪᠠᠶᠢᠭ᠎ᠠ ᠬᠥᠳᠡᠭᠡ ᠲᠣᠰᠬᠤᠨ ᠤ ᠭᠠᠵᠠᠷ ᠰᠢᠷᠣᠢ ᠶᠢ ᠳᠠᠴᠢᠯᠠᠨ ᠡᠵᠡᠩᠨᠡᠬᠦ ᠡᠷᠬᠡ ᠭᠡᠳᠡᠭ ᠨᠢ ᠵᠥᠪᠬᠡᠨ ᠲᠠᠷᠢᠶᠠᠨ ᠭᠠᠵᠠᠷ ︵ᠨᠤᠲᠤᠭ ᠪᠡᠯᠴᠢᠭᠡᠷ︶ ᠤᠨ ᠬᠥᠳᠡᠭᠡ ᠲᠣᠰᠬᠤᠨ ᠤ ᠭᠠᠵᠠᠷ ᠰᠢᠷᠣᠢ ᠶᠢ ᠳᠠᠴᠢᠯᠠᠨ ᠡᠵᠡᠩᠨᠡᠬᠦ ᠡᠷᠬᠡ ᠶᠢ ᠵᠢᠭᠠᠵᠤ ᠪᠠᠶᠢᠨ᠎ᠠ᠃ ᠲᠣᠰ ᠲᠥᠰᠦᠯ ᠨᠢ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠲᠣᠭᠲᠠᠭᠠᠯ ᠲᠠᠢ ᠵᠥᠷᠢᠴᠡᠯᠳᠦᠪᠡᠯ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠨᠢ ᠪᠠᠷᠢᠮᠵᠢᠶ᠎ᠠ ᠪᠣᠯᠣᠨ᠎ᠠ᠃ ᠲᠣᠰ ᠲᠥᠰᠦᠯ ᠤᠨ ᠳᠠᠭᠤᠰᠤᠭᠠᠳᠤᠶ ᠤᠴᠢᠷ ᠶᠠᠪᠤᠳᠠᠯ ᠢ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠥᠪᠳᠡᠯᠴᠡᠨ ᠰᠢᠢᠳᠪᠦᠷᠢᠯᠡᠨ᠎ᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2