【 ᠰᠤᠷᠪᠤᠯᠵᠢᠯᠠᠭᠴᠢ 】 ᠸᠠᠩ ᠲᠠᠷᠤᠭ᠎ᠠ ᠡ᠂ ᠰᠠᠶᠢᠨ ᠤᠤ︖ ᠲᠠ ᠭᠤᠣᠯ ᠬᠠᠷᠢᠭᠤᠴᠠᠯᠭ᠎ᠠ ᠭᠤᠣᠯ | ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠶᠢᠨ ᠲᠣᠭᠤᠷᠢᠨ ᠳᠤ 2022 ᠣᠨ ᠤ ᠬᠢᠨᠠᠨ ᠪᠤᠳᠤᠬᠤ ᠲᠣᠪᠴᠢᠶ᠎ᠠ | ᠶᠠᠮᠠᠷ ᠶᠠᠮᠠᠷ ᠠᠮᠵᠢᠯᠲᠠᠣᠯᠣᠭᠰᠠᠨ ᠪᠣᠢ︖ | 【 ᠸᠠᠩ ᠶᠢᠨ ᠰᠢ 】 ᠨᠢᠭᠡ ᠳᠤ᠂ ᠵᠠᠰᠠᠭ ᠤᠨ ᠣᠷᠳᠣᠨ ᠤ ᠲᠥᠰᠦᠪ ᠤᠨ ᠬᠠᠮᠢᠶᠠᠷᠤᠯᠲᠠ ᠪᠠ ᠡᠳ᠋ ᠤᠨ | ᠵᠠᠰᠠᠭ ᠤᠨ ᠪᠡᠯᠡ ᠮᠥᠩᠭᠦ ᠶᠢ ᠬᠡᠷᠡᠭᠯᠡᠭᠰᠡᠨ ᠠᠮᠵᠢᠯᠲᠠ ᠪᠦᠲᠦᠮᠵᠢ ᠶᠢ ᠵᠢᠷᠤᠮᠵᠢᠭᠤᠯᠬᠤ ᠶᠢᠨ ᠲᠣᠭᠤᠷᠢᠨ ᠳᠤ ᠲᠥᠰᠦᠪ | ᠪᠠ ᠲᠥᠰᠦᠪ ᠤᠨ ᠭᠦᠢᠴᠡᠳᠬᠡᠯ ᠤᠨ ᠡᠳ᠋ ᠤᠨ ᠵᠠᠰᠠᠭ ᠤᠨ ᠬᠢᠨᠠᠨ ᠪᠤᠳᠤᠯᠳᠠ ᠶᠢ ᠥᠷᠨᠢᠭᠦᠯᠪᠡ᠃ ᠵᠠᠰᠠᠭ ᠤᠨ | ᠣᠷᠳᠣᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠲᠥᠪ ᠭᠤᠣᠯᠴᠢ᠂ ᠲᠥᠪ ᠭᠤᠣᠯᠴᠢ ᠪᠠ ᠦᠷ᠎ᠡ | ᠪᠦᠲᠦᠮᠵᠢᠲᠤ ᠴᠢᠨᠠᠷ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠤ ᠴᠢᠨᠠᠷ ᠪᠠ ᠪᠦᠷᠢᠨ ᠪᠦᠲᠦᠨ | ᠴᠢᠨᠠᠷ ᠢ ᠤᠯᠠᠮ ᠨᠢᠭᠡ ᠠᠯᠬᠤᠮ ᠠᠬᠢᠭᠤᠯᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠷᠸ᠎ᠠ | ᠠᠵᠤ ᠠᠬᠤᠢ ᠶᠢᠨ ᠰᠢᠢᠳᠪᠦᠷᠢᠲᠦ ᠪᠣᠳᠣᠯᠭ᠎ᠠ ᠳᠤ ᠨᠡᠩ ᠰᠠᠶᠢᠨ ᠨᠠᠶᠢᠳᠠᠪᠤᠷᠢᠲᠠᠢ ᠯᠠᠪᠯᠠᠯᠲᠠ ᠶᠢᠨ ᠦᠨᠳᠦᠰᠦᠯᠡᠯ | ᠬᠠᠩᠭᠠᠬᠤ ᠬᠡᠷᠡᠭᠲᠡᠢ᠃ ᠬᠤᠶᠠᠷ ᠲᠤ᠂ ᠪᠦᠬᠦ ᠵᠢᠯ ᠳᠤ 9 ᠤᠳᠤᠷᠢᠳᠤᠯᠭ᠎ᠠ ᠳᠤ ᠠᠵᠤ ᠠᠬᠤᠢ ᠶᠢᠨ | ᠬᠠᠷᠢᠭᠤᠴᠠᠯᠭ᠎ᠠ ᠶᠢᠨ ᠬᠢᠨᠠᠨ ᠪᠤᠳᠤᠯᠳᠠ ᠬᠢᠵᠦ᠂ ᠤᠳᠤᠷᠢᠳᠬᠤ ᠺᠠᠳ᠋ᠷ ᠤᠨ ᠲᠤᠰᠢᠶᠠᠯ ᠡᠭᠦᠷᠭᠡᠯᠡᠬᠦ | ᠬᠤᠭᠤᠴᠠᠭᠠᠨ ᠳᠠᠬᠢ ᠠᠵᠤ ᠠᠬᠤᠢ ᠶᠢᠨ ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠳᠠᠯ ᠢ ᠪᠤᠰᠤᠳᠴᠢ ᠪᠠᠷ ᠦᠨᠡᠯᠡᠵᠦ | ᠂ ᠬᠢᠨᠠᠨ ᠪᠤᠳᠤᠯᠳᠠ ᠬᠢᠯᠭᠡᠭᠰᠡᠨ ᠨᠢᠭᠡᠴᠡ ᠶᠢᠨ ᠡᠳ᠋ ᠤᠨ ᠶᠠᠪᠤᠳᠠᠯ ᠤᠨ ᠲᠣᠭᠠᠴᠠᠭ᠎ᠠ ᠬᠢᠬᠦ ᠦᠢᠯᠡ ᠠᠵᠢᠯᠯᠠᠭ᠎ᠠ ᠶᠢ | ᠵᠣᠬᠢᠬᠤ ᠬᠡᠮᠵᠢᠶ᠎ᠡ ᠪᠠᠷ ᠵᠢᠷᠤᠮᠵᠢᠭᠤᠯᠵᠤ᠂ ᠤᠳᠤᠷᠢᠳᠬᠤ ᠺᠠᠳ᠋ᠷ ᠤᠨ ᠬᠠᠤᠯᠢ ᠶᠢ ᠰᠠᠬᠢᠵᠤ ᠲᠣᠭᠲᠠᠭᠠᠯ ᠢ ᠰᠠᠬᠢᠬᠤ | ᠤᠬᠠᠮᠰᠠᠷ ᠢ ᠴᠢᠩᠭᠠᠳᠬᠠᠪᠠ᠃ ᠭᠤᠷᠪᠠ ᠳᠤ᠂ ᠲᠤᠰᠬᠠᠶ ᠪᠠᠯᠠ ᠮᠥᠩᠭᠦ ᠶᠢ ᠬᠢᠨᠠᠨ ᠪᠤᠳᠤᠬᠤ ᠪᠠ ᠴᠢᠬᠤᠯᠠ ᠶᠡᠭᠡ | ᠲᠥᠷᠥ ᠶᠢᠨ ᠪᠣᠳᠣᠯᠭ᠎ᠠ ᠶᠢ ᠮᠥᠷᠳᠡᠨ ᠬᠢᠨᠠᠨ ᠪᠤᠳᠤᠬᠤ ᠶᠢ ᠥᠷᠨᠢᠭᠦᠯᠵᠦ᠂ ᠰᠠᠯᠠᠭ᠎ᠠ ᠮᠥᠴᠢᠷ ᠤᠨ ᠲᠤᠰᠬᠠᠶ ᠪᠠᠯᠠ | ᠮᠥᠩᠭᠦ ᠶᠢᠨ ᠣᠷᠣᠯᠭ᠎ᠠ ᠵᠠᠷᠤᠯᠭ᠎ᠠ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠤᠯᠤᠰ ᠤᠨ | ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠬᠦᠴᠦᠨ ᠲᠠᠢ | ᠪᠣᠯᠭᠠᠬᠤ ᠶᠢ ᠠᠬᠢᠭᠤᠯᠤᠨ᠎ᠠ᠃ | 【 ᠰᠤᠷᠪᠤᠯᠵᠢᠯᠠᠭᠴᠢ 】 ᠱᠠᠩᠳᠤ ᠰᠢᠶᠠᠨ ᠤ ᠬᠢᠨᠠᠨ ᠪᠤᠳᠤᠬᠤ ᠲᠣᠪᠴᠢᠶ᠎ᠠ ᠶᠢᠨ ᠬᠢᠨᠠᠨ ᠪᠤᠳᠤᠬᠤ ᠠᠵᠢᠯ ᠤᠨ | ᠰᠢᠨ᠎ᠡ ᠶᠢ ᠡᠭᠦᠳᠦᠭᠰᠡᠨ ᠠᠷᠭ᠎ᠠ ᠬᠢᠳᠡᠯ ᠵᠢᠴᠢ ᠲᠤᠷᠰᠢᠯᠭ᠎ᠠ ᠨᠢ ᠶᠠᠭᠤ ᠪᠣᠶ︖ | 【 ᠸᠠᠩ ᠶᠢᠨ ᠰᠢ 】 ᠨᠢᠭᠡ ᠳᠤ ᠬᠢᠨᠠᠯᠲᠠ ᠠᠴᠠ ᠡᠮᠦᠨᠡᠬᠢ ᠠᠵᠢᠯ ᠢ ᠲᠡᠭᠦᠯᠳᠡᠷᠵᠢᠭᠦᠯᠦᠨ᠎ᠡ᠃ ᠬᠢᠨᠠᠨ | ᠪᠤᠳᠤᠬᠤ ᠠᠵᠢᠯᠲᠠᠳ ᠬᠢᠨᠠᠨ ᠪᠤᠳᠤᠬᠤ ᠲᠥᠷᠥᠯ ᠵᠦᠢᠯ ᠤᠨ ᠲᠥᠷᠥᠯ ᠵᠦᠢᠯ ᠲᠣᠭᠲᠠᠭᠠᠬᠤ ᠱᠠᠲᠤᠨ ᠳᠤ ᠬᠢᠨᠠᠨ | ᠪᠤᠳᠤᠬᠤ ᠲᠥᠰᠦᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠬᠢᠨᠠᠨ ᠪᠤᠳᠤᠬᠤ ᠭᠤᠤᠯᠳᠠᠯᠭ᠎ᠠ ᠶᠢ ᠡᠷᠢᠵᠦ᠂ | ᠲᠤᠬᠠᠶ ᠶᠢᠨ ᠲᠠᠯᠠᠪᠤᠷ ᠤᠨ ᠬᠢᠨᠠᠨ ᠪᠤᠳᠤᠬᠤ ᠭᠤᠤᠯᠳᠠᠯᠭ᠎ᠠ ᠲᠠᠢ ᠠᠩᠬᠠᠷᠬᠤ ᠭᠤᠭᠴᠤᠭ᠎ᠠ ᠶᠢ ᠡᠷᠢᠬᠦ ᠬᠡᠷᠡᠭᠲᠡᠶ︔ | ᠬᠢᠨᠠᠨ ᠪᠤᠳᠤᠬᠤ ᠦᠨᠳᠦᠰᠦᠯᠡᠯ ᠢ ᠰᠤᠷᠤᠯᠴᠠᠵᠤ᠂ ᠲᠤᠬᠠᠶ ᠶᠢᠨ ᠲᠠᠯᠠᠪᠤᠷ ᠤᠨ ᠬᠢᠨᠠᠨ ᠪᠤᠳᠤᠬᠤ ᠠᠰᠠᠭᠤᠳᠠᠯ ᠤᠨ | ᠴᠢᠨᠠᠷ ᠢ ᠲᠣᠭᠲᠠᠭᠠᠬᠤ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠡᠷᠪᠡ ᠠᠳᠠᠯᠢ ᠱᠠᠲᠤᠨ ᠤ | ᠬᠢᠨᠠᠯᠲᠠ ᠲᠠᠯᠪᠢᠬᠤ ᠪᠣᠯ ᠪᠠᠰᠠ ᠬᠢᠨᠠᠨ ᠪᠤᠳᠤᠯᠲᠠ ᠬᠢᠯᠭᠡᠭᠰᠡᠨ ᠨᠢᠭᠡᠴᠡ ᠵᠢᠴᠢ ᠲᠡᠭᠦᠨ ᠤ ᠭᠤᠤᠯᠴᠢᠯᠠᠨ ᠬᠠᠮᠢᠶᠠᠷᠬᠤ | ᠤᠳᠤᠷᠢᠳᠤᠯᠭ᠎ᠠ ᠲᠠᠢ ᠭᠦᠢᠴᠡᠳ ᠨᠡᠪᠲᠡᠷᠡᠯᠴᠡᠵᠦ᠂ ᠬᠢᠨᠠᠨ ᠪᠤᠳᠤᠬᠤ ᠵᠣᠷᠢᠯᠭ᠎ᠠ᠂ ᠬᠢᠨᠠᠨ ᠪᠤᠳᠤᠬᠤ ᠬᠦᠷᠢᠶ᠎ᠡ | ᠬᠡᠪᠴᠢᠶ᠎ᠡ᠂ ᠬᠢᠨᠠᠨ ᠪᠤᠳᠤᠬᠤ ᠴᠠᠭ ᠤᠨ ᠬᠢᠵᠠᠭᠠᠷ ᠤᠨ ᠲᠤᠬᠠᠶ ᠲᠣᠳᠣᠷᠬᠠᠶᠢᠯᠠᠯᠲᠠ ᠬᠢᠬᠦ ᠶᠢᠨ ᠬᠠᠮᠲᠤ ᠬᠢᠨᠠᠨ | ᠪᠤᠳᠤᠭᠳᠠᠵᠦ ᠪᠠᠶᠢᠭ᠎ᠠ ᠨᠢᠭᠡᠴᠢ ᠶᠢᠨ ᠬᠡᠳᠦᠨ ᠵᠢᠯ ᠤᠨ ᠲᠤᠷᠰᠢ᠂ ᠢᠯᠠᠩᠭᠤᠶ᠎ᠠ ᠣᠶᠢᠷ᠎ᠠ ᠶᠢᠨ ᠨᠢᠭᠡ ᠬᠤᠭᠤᠴᠠᠭᠠᠨ ᠤ | ᠲᠤᠬᠠᠶᠢᠯᠠᠭᠰᠠᠨ ᠠᠵᠢᠯ ᠤᠨ ᠲᠦᠷᠢᠮ ᠲᠣᠭᠲᠠᠭᠠᠯ ᠳᠤ ᠵᠠᠰᠠᠪᠤᠷᠢ ᠣᠷᠣᠭᠤᠯᠤᠭᠰᠠᠨ ᠪᠠᠶᠢᠳᠠᠯ ᠵᠢᠴᠢ ᠪᠣᠳᠠᠲᠠᠶ | ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠬᠤᠪᠢᠷᠠᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠢᠨᠠᠨ ᠪᠤᠳᠤᠬᠤ | ᠭᠤᠤᠯᠳᠠᠯᠭ᠎ᠠ ᠶᠢ ᠨᠠᠩ ᠰᠠᠶᠢᠲᠤᠷ ᠲᠣᠭᠲᠠᠭᠠᠵᠤ᠂ ᠬᠢᠨᠠᠨ ᠪᠤᠳᠤᠬᠤ ᠴᠠᠭ ᠢ ᠠᠷᠪᠢᠯᠠᠨ᠂ ᠬᠢᠨᠠᠨ ᠪᠤᠳᠤᠬᠤ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ ᠰᠠᠶᠢᠲᠤᠷ ᠰᠠᠭᠤᠷᠢ ᠲᠠᠯᠪᠢᠬᠤ ᠬᠡᠷᠡᠭᠲᠡᠶ᠃ ᠬᠤᠶᠠᠷ ᠲᠤ᠂ ᠬᠢᠨᠠᠨ | ᠪᠤᠳᠤᠬᠤ ᠭᠤᠤᠯᠳᠠᠯᠭ᠎ᠠ ᠶᠢ ᠳᠣᠪᠤᠶᠢᠯᠭᠠᠨ᠎ᠠ᠃ ᠲᠤᠬᠠᠶ ᠶᠢᠨ ᠲᠠᠯᠠᠪᠠᠶ ᠶᠢᠨ ᠬᠢᠨᠠᠨ ᠪᠣᠳᠣᠯᠲᠠ ᠶᠢ ᠥᠷᠨᠢᠭᠦᠯᠬᠦ ᠱᠠᠲᠤ | ᠦᠶ᠎ᠡ ᠳᠤ ᠪᠣᠯ ᠤᠷᠢᠳᠠᠪᠠᠷ ᠲᠣᠭᠲᠠᠭᠠᠭᠰᠠᠨ ᠬᠢᠨᠠᠨ ᠪᠣᠳᠣᠬᠤ ᠭᠤᠤᠯᠳᠠᠯᠭ᠎ᠠ ᠶᠢ ᠴᠢᠩᠭ᠎ᠠ ᠵᠢᠷᠤᠮᠯᠠᠨ᠂ | ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠬᠢᠨᠠᠨ ᠪᠤᠳᠤᠬᠤ | ᠶᠠᠪᠤᠴᠠ ᠳᠤ᠂ ᠬᠡᠷᠡᠭ ᠤᠨ ᠡᠮᠦᠨ᠎ᠡ ᠰᠢᠯᠵᠢᠭᠦᠯᠦᠨ ᠦᠵᠡᠭᠰᠡᠨ ᠬᠢᠨᠠᠨ ᠪᠤᠳᠤᠬᠤ ᠮᠠᠲ᠋ᠧᠷᠢᠶᠠᠯ ᠢ ᠭᠦᠢᠴᠡᠳ | ᠠᠰᠢᠭᠯᠠᠬᠤ ᠶᠢᠨ ᠬᠠᠮᠲᠤ ᠲᠤᠬᠠᠶ ᠶᠢᠨ ᠲᠠᠯᠠᠪᠤᠷ ᠤᠨ ᠬᠢᠨᠠᠨ ᠪᠤᠳᠤᠬᠤ ᠠᠵᠢᠯ ᠤᠨ ᠭᠦᠨᠵᠡᠭᠡᠶᠢᠷᠡᠨ ᠥᠷᠨᠢᠬᠦ ᠶᠢ | ᠦᠨᠳᠦᠰᠦᠯᠡᠨ᠂ ᠬᠢᠨᠠᠨ ᠪᠤᠳᠤᠭᠳᠠᠵᠦ ᠪᠠᠶᠢᠭ᠎ᠠ ᠨᠢᠭᠡᠴᠡ ᠶᠢ ᠰᠢᠨ᠎ᠡ ᠬᠢᠨᠠᠨ ᠪᠤᠳᠤᠬᠤ ᠮᠠᠲ᠋ᠧᠷᠢᠶᠠᠯ ᠢ ᠲᠠᠰᠤᠷᠠᠯᠲᠠ | ᠥᠬᠡᠶ ᠨᠥᠬᠦᠪᠥᠷᠢᠯᠡᠨ ᠲᠡᠭᠦᠯᠳᠡᠷᠵᠢᠭᠦᠯᠬᠦ ᠶᠢ ᠱᠠᠭᠠᠷᠳᠠᠪᠠ᠃ ᠬᠢᠨᠠᠨ ᠪᠤᠳᠤᠭᠰᠠᠨ ᠮᠠᠲ᠋ᠧᠷᠢᠶᠠᠯ ᠢ ᠪᠠᠶᠢᠴᠠᠭᠠᠨ ᠦᠵᠡᠬᠦ | ᠶᠠᠪᠤᠴᠠ ᠳᠤ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠪᠠᠶᠢᠴᠠᠭᠠᠬᠤ ᠶᠢᠨ ᠳᠠᠭᠠᠤ ᠬᠠᠷᠭᠤᠭᠤᠯᠵᠤ᠂ | ᠴᠢᠬᠤᠯᠠᠲᠠᠶ ᠦᠶ᠎ᠡ ᠳᠤ ᠯᠠᠪᠯᠠᠨ ᠠᠰᠠᠭᠤᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠢᠯᠭᠠᠬᠤ᠂ ᠬᠤᠯᠪᠣᠭᠳᠠᠯ | ᠪᠥᠬᠦᠶ ᠨᠢᠭᠡᠴᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠬᠢᠨᠠᠨ ᠪᠤᠳᠤᠭᠳᠠᠵᠦ ᠪᠠᠶᠢᠭ᠎ᠠ ᠡᠲᠡᠭᠡᠳ ᠤᠨ ᠡᠳ᠋ ᠬᠥᠷᠥᠩᠭᠡ᠂ ᠲᠤᠬᠠᠶᠢᠯᠠᠭᠰᠠᠨ ᠠᠵᠢᠯ᠂ ᠪᠠᠯᠠ ᠮᠥᠩᠭᠦ᠂ | ᠠᠵᠢᠯᠲᠠᠨ ᠵᠡᠷᠭᠡ ᠲᠠᠯ᠎ᠠ ᠶᠢᠨ ᠪᠠᠶᠢᠳᠠᠯ ᠢ ᠣᠨᠣᠪᠴᠢᠲᠠᠶ ᠬᠢᠨᠠᠨ ᠬᠠᠷᠭᠤᠭᠤᠯᠵᠤ᠂ ᠰᠠᠭᠤᠷᠢ ᠲᠤᠭ᠎ᠠ ᠨᠢ ᠲᠣᠳᠣᠷᠬᠠᠶ᠂ | ᠪᠠᠶᠢᠳᠠᠯ ᠨᠢ ᠨᠠᠷᠢᠨ ᠪᠣᠳᠠᠲᠠᠶ ᠪᠠᠶᠢᠬᠤ ᠬᠡᠷᠡᠭᠲᠡᠶ᠃ ᠭᠤᠷᠪᠠ ᠳᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ | ᠴᠢᠩᠭᠠᠳᠬᠠᠨ᠎ᠠ᠃ ᠵᠢᠷᠤᠮᠵᠢᠯ ᠤᠨ ᠴᠢᠨᠠᠷᠲᠠᠶ ᠠᠰᠠᠭᠤᠳᠠᠯ ᠳᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ | ᠵᠠᠷᠴᠢᠮ ᠶᠣᠰᠣᠭᠠᠷ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠳᠤ ᠡᠶᠢᠮᠦᠷᠬᠦ ᠠᠰᠠᠭᠤᠳᠠᠯ ᠤᠨ ᠳᠠᠬᠢᠨ ᠡᠭᠦᠰᠬᠦ ᠶᠢ | ᠬᠤᠷᠢᠭᠯᠠᠬᠤ ᠰᠠᠨᠠᠯ ᠪᠤᠶᠤ ᠰᠠᠨᠠᠭᠤᠯᠭ᠎ᠠ ᠳᠤᠷᠠᠳᠤᠨ᠎ᠠ᠃ ᠵᠠᠷᠢᠮ ᠭᠦᠨ ᠳᠠᠪᠬᠤᠷᠭ᠎ᠠ ᠶᠢᠨ ᠠᠰᠠᠭᠤᠳᠠᠯ᠂ ᠢᠯᠠᠩᠭᠤᠶ᠎ᠠ | ᠪᠠᠶᠢᠭᠤᠯᠤᠯ ᠲᠣᠭᠲᠠᠴᠠ ᠵᠡᠷᠭᠡ ᠲᠠᠯ᠎ᠠ ᠳᠤ ᠬᠤᠯᠪᠣᠭᠳᠠᠬᠤ ᠠᠰᠠᠭᠤᠳᠠᠯ ᠳᠤ᠂ ᠲᠣᠳᠣᠷᠬᠠᠢ᠂ ᠴᠢᠨᠠᠷ ᠢ ᠲᠣᠳᠣᠷᠬᠠᠢ | ᠲᠣᠭᠲᠠᠭᠠᠵᠤ᠂ ᠰᠠᠨᠠᠭᠤᠯᠭ᠎ᠠ ᠶᠢ ᠬᠡᠷᠡᠭᠵᠢᠭᠦᠯᠵᠦ ᠪᠣᠯᠬᠤᠶᠢᠴᠠ ᠪᠣᠯᠭᠠᠵᠤ᠂ ᠬᠢᠨᠠᠨ ᠪᠤᠳᠤᠯᠳᠠ ᠶᠢᠨ | ᠮᠡᠳᠡᠭᠦᠯᠦᠯᠲᠡ ᠶᠢᠨ ᠦᠷᠳᠡᠭ ᠪᠣᠯᠤᠨ ᠬᠢᠨᠠᠨ ᠪᠤᠳᠤᠯᠳᠠ ᠶᠢᠨ ᠦᠷ᠎ᠡ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ | ᠬᠡᠷᠡᠭᠲᠡᠢ᠃ | 【 ᠰᠤᠷᠪᠤᠯᠵᠢᠯᠠᠭᠴᠢ 】 ᠬᠢᠨᠠᠨ ᠪᠤᠳᠤᠬᠤ ᠠᠵᠢᠯ ᠤᠨ ᠲᠣᠰ ᠪᠡᠶ᠎ᠡ ᠶᠢᠨ ᠲᠤᠰᠬᠠᠶ ᠮᠡᠷᠭᠡᠵᠢᠯ ᠤᠨ ᠴᠢᠨᠠᠷᠲᠠᠶ | ᠱᠠᠭᠠᠷᠳᠠᠯᠭ᠎ᠠ ᠨᠡᠯᠢᠶᠡᠳ ᠴᠢᠩᠭ᠎ᠠ᠂ ᠬᠤᠯᠪᠣᠭᠳᠠᠬᠤ ᠬᠡᠪᠴᠢᠶ᠎ᠡ ᠥᠷᠭᠡᠨ᠂ ᠠᠵᠢᠯ ᠤᠨ ᠡᠭᠦᠷᠭᠡ ᠬᠦᠨᠳᠦ ᠪᠠᠶᠢᠵᠤ᠂ | ᠬᠢᠨᠠᠨ ᠪᠤᠳᠤᠬᠤ ᠠᠵᠢᠯᠲᠠᠨ ᠤ ᠱᠠᠭᠠᠷᠳᠠᠯᠭ᠎ᠠ ᠴᠤ ᠨᠡᠯᠢᠶᠡᠳ ᠥᠨᠳᠥᠷ ᠪᠠᠶᠢᠵᠤ᠂ ᠱᠠᠩᠳᠤ ᠰᠢᠶᠠᠨ ᠤ ᠬᠢᠨᠠᠨ ᠪᠤᠳᠤᠬᠤ | ᠲᠣᠪᠴᠢᠶ᠎ᠠ ᠬᠢᠨᠠᠨ ᠪᠤᠳᠤᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠬᠡᠷᠬᠢᠨ ᠴᠢᠩᠭᠠᠳᠬᠠᠭᠰᠠᠨ ᠪᠣᠶ︖ | 【 ᠸᠠᠩ ᠶᠢᠨ ᠰᠢ 】 ᠰᠢᠨ᠎ᠡ ᠴᠠᠭ ᠦᠶ᠎ᠡ᠂ ᠰᠢᠨ᠎ᠡ ᠡᠭᠦᠷᠭᠡ ᠬᠠᠷᠢᠭᠤᠴᠠᠯᠭ᠎ᠠ᠂ ᠰᠢᠨ᠎ᠡ ᠱᠠᠭᠠᠷᠳᠠᠯᠭ᠎ᠠ ᠶᠢᠨ | ᠡᠮᠦᠨ᠎ᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠮᠥᠷᠳᠡᠨ ᠬᠢᠨᠠᠨ | ᠪᠤᠳᠤᠭᠰᠠᠨ ᠴᠤ ᠲᠡᠷᠡ᠂ ᠠᠷᠠᠳ ᠤᠨ ᠠᠮᠢᠳᠤᠷᠠᠯ ᠤᠨ ᠴᠢᠬᠤᠯᠠ ᠶᠡᠭᠡ ᠪᠠᠯᠠ ᠮᠥᠩᠭᠦ ᠶᠢᠨ ᠲᠥᠷᠥᠯ ᠵᠦᠶ᠋ᠯ ᠢ ᠬᠢᠨᠠᠨ | ᠪᠤᠳᠤᠭᠰᠠᠨ ᠴᠤ ᠲᠡᠷᠡ᠂ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠭᠰᠠᠨ ᠴᠤ | ᠲᠡᠷᠡ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ᠴᠤ ᠲᠡᠷᠡ᠂ ᠴᠥᠮ | ᠬᠢᠨᠠᠨ ᠪᠤᠳᠤᠬᠤ ᠺᠠᠳ᠋ᠷᠴᠤᠳ ᠰᠠᠶᠢᠨ ᠰᠠᠶᠢᠬᠠᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠲᠠᠢ ᠪᠣᠯᠬᠤ ᠴᠢᠬᠤᠯᠠᠲᠠᠶ | ᠶᠤᠮ᠃ ᠱᠠᠩᠳᠤ ᠰᠢᠶᠠᠨ ᠤ ᠬᠢᠨᠠᠨ ᠪᠤᠳᠤᠬᠤ ᠲᠣᠪᠴᠢᠶ᠎ᠠ ᠲᠥᠪᠯᠡᠷᠡᠭᠦᠯᠦᠨ ᠰᠤᠷᠤᠯᠴᠠᠬᠤ᠂ ᠳᠡᠭᠡᠳᠦ ᠱᠠᠲᠤᠨ ᠤ | ᠬᠢᠨᠠᠨ ᠪᠤᠳᠤᠬᠤ ᠪᠠᠶᠢᠭᠤᠯᠭ᠎ᠠ ᠶᠢᠨ ᠺᠠᠳ᠋ᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠣᠯᠪᠠᠰᠤᠷᠠᠯ ᠤᠨ | ᠠᠩᠭᠢ ᠳᠤ ᠣᠷᠣᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠨᠠᠨ ᠪᠤᠳᠤᠬᠤ ᠠᠵᠢᠯᠲᠠᠨ ᠤ ᠲᠤᠰᠬᠠᠶ | ᠮᠡᠷᠭᠡᠵᠢᠯ ᠤᠨ ᠤᠷ᠎ᠠ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠢᠨᠠᠨ ᠪᠤᠳᠤᠬᠤ ᠺᠠᠳ᠋ᠷ ᠤᠨ | ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠬᠤ ᠶᠢ ᠠᠬᠢᠭᠤᠯᠵᠤ᠂ ᠲᠤᠬᠠᠶᠢᠯᠠᠭᠰᠠᠨ | ᠠᠵᠢᠯ ᠤᠨ ᠰᠠᠭᠤᠷᠢ ᠶᠢ ᠪᠠᠲᠤᠳᠬᠠᠪᠠ᠃ | 【 ᠰᠤᠷᠪᠤᠯᠵᠢᠯᠠᠭᠴᠢ 】 ᠬᠢᠨᠠᠨ ᠪᠤᠳᠤᠬᠤ ᠶᠠᠰᠤ ᠴᠢᠨᠠᠷ ᠪᠤᠯ ᠬᠢᠨᠠᠨ ᠪᠤᠳᠤᠬᠤ ᠠᠵᠢᠯ ᠤᠨ ᠠᠮᠢᠨ ᠰᠤᠳᠠᠰᠤ | ᠮᠥᠨ᠂ ᠬᠢᠨᠠᠨ ᠪᠤᠳᠤᠬᠤ ᠪᠠᠶᠢᠭᠤᠯᠭ᠎ᠠ ᠪᠣᠯᠤᠭᠰᠠᠨ ᠤ ᠬᠤᠪᠢ ᠳᠤ ᠬᠢᠨᠠᠨ ᠪᠤᠳᠤᠬᠤ ᠠᠵᠢᠯ ᠤᠨ ᠶᠠᠰᠤ ᠴᠢᠨᠠᠷ ᠢ | ᠬᠡᠷᠬᠢᠨ ᠳᠡᠭᠡᠭᠰᠢᠯᠡᠭᠦᠯᠬᠦ ᠲᠤᠬᠠᠶ ᠲᠠ ᠶᠠᠷᠢᠭᠠᠷᠠᠢ᠃ | 【 ᠸᠠᠩ ᠶᠢᠨ ᠰᠢ 】᠄ ᠬᠢᠨᠠᠨ ᠪᠤᠳᠤᠬᠤ ᠶᠠᠰᠤ ᠴᠢᠨᠠᠷ ᠢ ᠳᠡᠭᠡᠭᠰᠢᠯᠡᠭᠦᠯᠬᠦ ᠨᠢ ᠬᠢᠨᠠᠨ ᠪᠤᠳᠤᠬᠤ | ᠪᠠᠶᠢᠭᠤᠯᠭ᠎ᠠ ᠶᠢᠨ ᠲᠣᠰ ᠪᠡᠶ᠎ᠡ ᠶᠢᠨ ᠳᠣᠲᠣᠭᠠᠳᠤ ᠱᠠᠭᠠᠷᠳᠠᠯᠭ᠎ᠠ ᠪᠣᠯᠬᠤ ᠪᠠᠷ ᠪᠠᠷᠠᠬᠤ ᠥᠬᠡᠶ᠂ ᠪᠠᠰᠠ ᠴᠤ ᠪᠥᠬᠦ | ᠨᠡᠶᠢᠭᠡᠮ ᠪᠠ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠢᠨᠠᠨ | ᠪᠤᠳᠤᠬᠤ ᠪᠠᠶᠢᠭᠤᠯᠭ᠎ᠠ ᠪᠠ ᠬᠢᠨᠠᠨ ᠪᠤᠳᠤᠬᠤ ᠠᠵᠢᠯᠲᠠᠨ ᠤ ᠲᠤᠯᠭᠠᠮ᠎ᠠ ᠬᠦᠰᠡᠯ ᠡᠷᠡᠮᠡᠯᠵᠡᠯ ᠮᠥᠨ᠂ ᠬᠢᠨᠠᠨ ᠪᠤᠳᠤᠬᠤ | ᠶᠠᠰᠤ ᠴᠢᠨᠠᠷ ᠤᠨ ᠥᠨᠳᠥᠷ ᠪᠣᠭᠤᠨᠢ ᠨᠢ ᠬᠢᠨᠠᠨ ᠪᠤᠳᠤᠬᠤ ᠪᠠᠶᠢᠭᠤᠯᠭ᠎ᠠ ᠪᠠ ᠬᠢᠨᠠᠨ ᠪᠤᠳᠤᠬᠤ ᠠᠵᠢᠯᠲᠠᠨ ᠤ ᠤᠯᠤᠰ | ᠲᠥᠷᠥ ᠶᠢᠨ ᠬᠡᠪ ᠴᠢᠨᠠᠷ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠠᠵᠢᠯ ᠤᠨ ᠴᠢᠳᠠᠪᠤᠷᠢ ᠶᠢ ᠬᠠᠷᠠᠭᠤᠯᠵᠤ | ᠪᠠᠶᠢᠨ᠎ᠠ᠃ ᠡᠳᠦᠭᠡ ᠬᠢᠨᠠᠨ ᠪᠣᠳᠣᠬᠤ ᠶᠠᠰᠤ ᠴᠢᠨᠠᠷ ᠢ ᠬᠡᠷᠬᠢᠨ ᠳᠡᠭᠡᠭᠱᠢᠯᠡᠭᠦᠯᠬᠦ ᠲᠤᠬᠠᠢ ᠬᠡᠳᠦᠨ ᠲᠠᠯ᠎ᠠ ᠪᠠᠷ | ᠪᠣᠳᠣᠯᠬᠢᠯᠠᠬᠤ ᠰᠠᠨᠠᠯ ᠳᠤᠷᠠᠳᠴᠤ ᠣᠯᠠᠨ ᠲᠠᠢ ᠬᠠᠮᠲᠤ ᠵᠣᠷᠢᠭᠵᠢᠭᠤᠯᠪᠠ᠃ | ᠨᠢᠭᠡ ᠳᠤ ᠬᠢᠨᠠᠨ ᠪᠤᠳᠤᠬᠤ ᠳᠤᠭᠤᠶᠢᠯᠠᠩ ᠨᠢ ᠬᠢᠨᠠᠨ ᠪᠤᠳᠤᠬᠤ ᠴᠡᠭ ᠲᠤ ᠣᠷᠣᠬᠤ ᠠᠴᠠ ᠡᠮᠦᠨ᠎ᠡ᠂ ᠬᠢᠨᠠᠨ | ᠪᠤᠳᠤᠬᠤ ᠠᠵᠢᠯᠲᠠᠨ ᠢ ᠵᠣᠬᠢᠶᠠᠨ ᠪᠠᠶᠢᠭᠤᠯᠤᠨ ᠬᠢᠨᠠᠨ ᠪᠤᠳᠤᠬᠤ ᠠᠴᠠ ᠡᠮᠦᠨᠡᠬᠢ ᠪᠣᠯᠪᠠᠰᠤᠷᠠᠭᠤᠯᠤᠯ ᠤᠨ ᠠᠵᠢᠯ ᠢ | ᠰᠠᠶᠢᠲᠤᠷ ᠬᠢᠵᠦ᠂ ᠬᠢᠨᠠᠨ ᠪᠤᠳᠤᠬᠤ ᠠᠵᠢᠯ ᠤᠨ ᠠᠭᠤᠯᠭ᠎ᠠ ᠪᠠ ᠬᠢᠨᠠᠨ ᠪᠤᠳᠤᠬᠤ ᠬᠠᠷᠠᠯᠲᠠ ᠶᠢ ᠲᠣᠳᠣᠷᠬᠠᠶᠢᠯᠠᠨ᠂ | ᠬᠢᠨᠠᠨ ᠪᠤᠳᠤᠬᠤ ᠵᠦᠢᠯᠡᠰ ᠲᠠᠢ ᠬᠤᠯᠪᠣᠭᠳᠠᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠡᠳ᠋ ᠤᠨ ᠵᠠᠰᠠᠭ | ᠠᠵᠤ ᠠᠬᠤᠶ ᠶᠢᠨ ᠲᠦᠷᠢᠮ ᠪᠠ ᠠᠵᠢᠯ ᠲᠥᠷᠥᠯ ᠤᠨ ᠮᠡᠳᠡᠯᠭᠡ ᠶᠢ ᠴᠤᠭᠯᠠᠭᠤᠯᠤᠨ ᠰᠤᠷᠤᠯᠴᠠᠵᠤ᠂ ᠬᠢᠨᠠᠨ | ᠪᠤᠳᠤᠭᠳᠠᠵᠦ ᠪᠠᠶᠢᠭ᠎ᠠ ᠨᠢᠭᠡᠴᠢ ᠲᠠᠢ ᠬᠤᠯᠪᠣᠭᠳᠠᠬᠤ ᠠᠵᠢᠯ ᠲᠥᠷᠥᠯ ᠤᠨ ᠵᠢᠷᠤᠮᠵᠢᠯ ᠪᠠ ᠲᠦᠷᠢᠮ ᠤᠨ ᠲᠣᠭᠲᠠᠭᠠᠯ | ᠵᠢᠴᠢ ᠬᠢᠨᠠᠨ ᠪᠤᠳᠤᠭᠳᠠᠵᠦ ᠪᠠᠶᠢᠭ᠎ᠠ ᠨᠢᠭᠡᠴᠢ ᠶᠢᠨ ᠲᠣᠭᠠᠴᠠᠭ᠎ᠠ ᠬᠢᠬᠦ ᠵᠢᠷᠤᠮ ᠪᠠ ᠠᠷᠭ᠎ᠠ ᠵᠡᠷᠭᠡ ᠶᠢ ᠡᠵᠡᠮᠰᠢᠬᠦ | ᠬᠡᠷᠡᠭᠲᠡᠶ᠃ ᠬᠤᠶᠠᠷ ᠲᠤ᠂ ᠬᠢᠨᠠᠨ ᠪᠤᠳᠤᠬᠤ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ᠂ ᠤᠯᠠᠨ ᠠᠷᠭ᠎ᠠ ᠵᠠᠮ ᠢᠶᠠᠷ | ᠬᠢᠨᠠᠨ ᠪᠤᠳᠤᠭᠳᠠᠵᠦ ᠪᠠᠶᠢᠭ᠎ᠠ ᠨᠢᠭᠡᠴᠢ ᠵᠢᠴᠢ ᠬᠢᠨᠠᠨ ᠪᠤᠳᠤᠬᠤ ᠵᠦᠢᠯᠡᠰ ᠢ ᠣᠶᠢᠯᠠᠭᠠᠵᠤ᠂ ᠬᠠᠮᠢᠶ᠎ᠠ ᠪᠦᠬᠦᠢ | ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠰᠤᠳᠤᠯᠤᠨ ᠤᠩᠰᠢᠵᠤ᠂ ᠳᠣᠲᠣᠷ᠎ᠠ ᠪᠠᠨ ᠲᠤᠭ᠎ᠠ ᠲᠠᠢ ᠪᠠᠶᠢᠪᠠ︔ | ᠬᠢᠨᠠᠨ ᠪᠤᠳᠤᠬᠤ ᠲᠥᠰᠦᠯ ᠢ ᠲᠣᠭᠲᠠᠭᠠᠬᠤ ᠳᠠᠭᠠᠨ ᠡᠮᠦᠨᠡᠬᠢ ᠬᠤᠭᠤᠴᠠᠭᠠᠨ ᠤ ᠣᠶᠢᠯᠠᠭᠠᠯᠲᠠ ᠲᠠᠢ ᠤᠶᠠᠯᠳᠤᠭᠤᠯᠤᠨ | ᠂ ᠠᠯᠢ ᠴᠢᠳᠠᠬᠤ ᠪᠠᠷ ᠨᠠᠷᠢᠯᠢᠬᠵᠢᠭᠤᠯᠵᠤ᠂ ᠬᠠᠷᠠᠯᠲᠠ ᠲᠠᠢ ᠪᠠᠷ ᠰᠤᠮᠤ ᠬᠠᠷᠪᠤᠪᠠ︔ ᠬᠢᠨᠠᠨ ᠪᠤᠳᠤᠬᠤ ᠠᠷᠭ᠎ᠠ ᠶᠢ | ᠰᠣᠩᠭᠤᠬᠤ ᠲᠠᠯ᠎ᠠ ᠪᠠᠷ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠭ᠎ᠠ ᠪᠠᠷᠢᠮᠲᠠ ᠶᠢ ᠬᠠᠷᠢᠴᠠᠭᠤᠯᠬᠤ᠂ ᠶᠠᠷᠢᠯᠴᠠᠨ | ᠣᠶᠢᠯᠠᠭᠠᠬᠤ᠂ ᠬᠢᠨᠠᠯᠲᠠ ᠲᠠᠯᠪᠢᠵᠤ ᠲᠣᠭᠠᠯᠠᠨ ᠪᠦᠷᠢᠳᠭᠡᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠲᠠᠢ | ᠤᠶᠠᠯᠳᠤᠭᠤᠯᠵᠤ ᠪᠣᠯᠤᠨ᠎ᠠ᠃ ᠭᠤᠷᠪᠠ ᠳᠤ᠂ ᠬᠢᠨᠠᠨ ᠪᠤᠳᠤᠬᠤ ᠲᠤᠬᠠᠶ ᠶᠢᠨ ᠲᠠᠯᠠᠪᠤᠷ ᠤᠨ ᠬᠡᠷᠡᠭᠵᠢᠭᠦᠯᠬᠦ ᠱᠠᠲᠤ | ᠦᠶ᠎ᠡ ᠳᠤ ᠪᠡᠶᠡᠯᠡᠭᠦᠯᠦᠭᠰᠡᠨ ᠤ ᠳᠠᠷᠠᠭ᠎ᠠ᠂ ᠬᠢᠨᠠᠨ ᠪᠤᠳᠤᠭᠰᠠᠨ ᠮᠡᠳᠡᠭᠦᠯᠦᠯᠲᠡ ᠶᠢ ᠠᠯᠢ ᠴᠢᠳᠠᠬᠤ ᠪᠠᠷ ᠳᠡᠭᠡᠳᠦ | ᠬᠡᠮᠵᠢᠶ᠎ᠡ ᠪᠠᠷ ᠠᠪᠴᠠᠯᠳᠤᠭᠤᠯᠤᠨ᠂ ᠥᠭᠦᠯᠡᠭᠰᠡᠨ ᠨᠢ ᠣᠨᠣᠪᠴᠢᠲᠠᠶ᠂ ᠭᠤᠤᠯᠳᠠᠯᠭ᠎ᠠ ᠶᠢ ᠳᠣᠪᠤᠶᠢᠯᠭᠠᠨ᠂ | ᠠᠰᠠᠭᠤᠳᠠᠯ ᠢ ᠢᠯᠡᠷᠡᠭᠦᠯᠬᠦ ᠶᠢᠨ ᠬᠠᠮᠲᠤ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠠᠨᠠᠭᠤᠯᠭ᠎ᠠ ᠳᠤᠷᠠᠳᠬᠤ ᠬᠡᠷᠡᠭᠲᠡᠶ᠃ | ᠬᠢᠨᠠᠨ ᠪᠤᠳᠤᠯᠳᠠ ᠶᠢᠨ ᠮᠡᠳᠡᠭᠦᠯᠦᠯᠲᠡ ᠶᠢ ᠭᠠᠷᠭᠠᠭᠰᠠᠨ ᠤ ᠳᠠᠷᠠᠭ᠎ᠠ᠂ ᠬᠢᠨᠠᠨ ᠪᠤᠳᠤᠯᠳᠠ ᠬᠢᠯᠭᠡᠭᠰᠡᠨ ᠨᠢᠭᠡᠴᠡ ᠶᠢᠨ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠴᠠᠭ ᠲᠤᠬᠠᠶ ᠳᠤᠨᠢ ᠣᠶᠢᠯᠠᠭᠠᠵᠤ᠂ ᠰᠢᠯᠵᠢᠭᠦᠯᠦᠨ ᠬᠦᠷᠭᠡᠵᠦ | ᠰᠢᠶ᠋ᠳᠪᠦᠷᠢᠯᠡᠭᠦᠯᠦᠭᠰᠡᠨ ᠵᠦᠶ᠋ᠯᠡᠰ ᠤᠨ ᠠᠬᠢᠴᠠ ᠶᠢ ᠮᠥᠷᠳᠡᠵᠦ᠂ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠢᠨᠠᠨ | ᠪᠤᠳᠤᠯᠳᠠ ᠶᠢᠨ ᠦᠷ᠎ᠡ ᠪᠦᠲᠦᠭᠡᠯ ᠢ ᠬᠠᠮᠠᠭᠠᠯᠠᠬᠤ ᠬᠡᠷᠡᠭᠲᠡᠶ᠃ | 【 ᠰᠤᠷᠪᠤᠯᠵᠢᠯᠠᠭᠴᠢ 】 ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠢᠨᠠᠨ | ᠪᠣᠳᠣᠯᠲᠠ ᠪᠠᠷ ᠭᠤᠤᠯᠳᠠᠭᠤ ᠶᠠᠮᠠᠷ ᠲᠠᠯ᠎ᠠ ᠪᠠᠷ ᠬᠦᠴᠦᠯᠡᠵᠦ᠂ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠬᠢᠬᠦ ᠪᠣᠶ︖ | 【 ᠸᠠᠩ ᠶᠢᠨ ᠰᠢ 】 ᠨᠢᠭᠡ ᠳᠤ᠂ ᠬᠢᠨᠠᠨ ᠪᠤᠳᠤᠬᠤ ᠶᠠᠰᠤ ᠴᠢᠨᠠᠷ ᠢ ᠡᠵᠡᠮᠳᠡᠬᠦ ᠶᠢ ᠴᠢᠩᠭᠠᠳᠬᠠᠬᠤ ᠳᠤ᠂ | ᠬᠢᠨᠠᠨ ᠪᠤᠳᠤᠬᠤ ᠪᠠᠶᠢᠭᠤᠯᠭ᠎ᠠ ᠡᠷᠬᠡᠪᠰᠢ ᠨᠠᠷᠢᠨ ᠬᠢᠨᠠᠮᠠᠭᠠᠶ ᠪᠠᠶᠢᠬᠤ ᠶᠢ ᠪᠠᠷᠢᠮᠲᠠᠯᠠᠵᠤ᠂ ᠪᠣᠳᠠᠲᠤ ᠶᠠᠪᠤᠳᠠᠯ ᠢᠶᠠᠷ | ᠦᠨᠳᠦᠰᠦᠯᠡᠯ ᠪᠣᠯᠭᠠᠵᠤ᠂ ᠬᠠᠤᠯᠢ ᠴᠠᠭᠠᠵᠠ ᠪᠠᠷ ᠪᠠᠷᠢᠮᠵᠢᠶ᠎ᠠ ᠪᠣᠯᠭᠠᠨ ᠬᠢᠨᠠᠨ ᠪᠤᠳᠤᠬᠤ ᠶᠢ ᠬᠡᠷᠡᠭᠵᠢᠭᠦᠯᠵᠦ᠂ ᠬᠢᠨᠠᠨ | ᠪᠤᠳᠤᠬᠤ ᠵᠢᠷᠤᠮ ᠤᠨ ᠬᠠᠤᠯᠢ ᠳᠤ ᠨᠡᠶᠢᠴᠡᠬᠦ᠂ ᠪᠣᠳᠠᠲᠤ ᠶᠠᠪᠤᠳᠠᠯ ᠨᠢ ᠲᠣᠳᠣᠷᠬᠠᠶ᠂ ᠭᠡᠷᠡᠴᠢ ᠪᠠᠷᠢᠮᠲᠠ ᠨᠢ ᠪᠦᠷᠢᠨ | ᠭᠦᠢᠴᠡᠳ᠂ ᠬᠠᠤᠯᠢ ᠴᠠᠭᠠᠵᠠ ᠬᠠᠤᠯᠢ ᠲᠣᠭᠲᠠᠭᠠᠯ ᠢ ᠡᠰᠢᠯᠡᠨ ᠬᠡᠷᠡᠭᠯᠡᠬᠦ ᠶᠢ ᠣᠨᠣᠪᠴᠢᠲᠠᠶ᠂ ᠴᠢᠨᠠᠷ ᠲᠣᠭᠲᠠᠭᠠᠬᠤ | ᠪᠠ ᠰᠢᠢᠳᠪᠦᠷᠢᠯᠡᠬᠦ ᠰᠢᠳᠬᠡᠯ ᠨᠢ ᠵᠦᠶ ᠵᠣᠬᠢᠰᠲᠠᠶ ᠪᠠᠶᠢᠬᠤ ᠶᠢ ᠪᠠᠲᠤᠯᠠᠬᠤ ᠬᠡᠷᠡᠭᠲᠡᠶ᠃ ᠬᠤᠶᠠᠷ ᠲᠤ᠂ ᠬᠢᠨᠠᠨ | ᠪᠤᠳᠤᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠢᠨᠠᠨ ᠪᠤᠳᠤᠬᠤ ᠰᠠᠬᠢᠯᠭ᠎ᠠ ᠪᠠᠲᠤ ᠶᠢ | ᠴᠢᠩᠭ᠎ᠠ ᠵᠢᠷᠤᠮᠯᠠᠨ᠂ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠶᠣᠰᠣ ᠮᠣᠷᠠᠯ ᠢ ᠬᠢᠴᠢᠶᠡᠩᠭᠦ᠋ᠢᠯᠡᠨ ᠵᠢᠷᠤᠮᠯᠠᠵᠤ᠂ | ᠠᠰᠢᠭ ᠲᠤᠰᠠ᠂ ᠬᠠᠷᠢᠴᠠᠭ᠎ᠠ᠂ ᠨᠠᠶᠢᠷ ᠲᠠᠯ᠎ᠠ ᠠᠴᠠ ᠪᠤᠯᠵᠤ ᠬᠢᠨᠠᠨ ᠪᠤᠳᠤᠬᠤ ᠲᠤᠰᠠᠭᠠᠷ ᠴᠢᠨᠠᠷ ᠪᠠ ᠬᠢᠨᠠᠨ ᠪᠤᠳᠤᠬᠤ | ᠦᠷ᠎ᠡ ᠳ᠋ᠦᠩ ᠤᠨ ᠪᠤᠰᠤᠳᠴᠢ ᠲᠥᠪ ᠭᠤᠣᠯᠴᠢ ᠴᠢᠨᠠᠷ ᠢ ᠬᠤᠬᠢᠷᠠᠭᠤᠯᠬᠤ ᠦᠭᠡᠢ ᠪᠠᠶᠢᠬᠤ ᠬᠡᠷᠡᠭᠲᠡᠢ᠃ ᠭᠤᠷᠪᠠ ᠳᠤ | ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠠᠤᠯᠢ ᠴᠠᠭᠠᠵᠠ᠂ ᠵᠣᠬᠢᠶᠠᠨ | ᠪᠠᠶᠢᠭᠤᠯᠤᠯᠲᠠ᠂ ᠠᠵᠢᠯᠲᠠᠨ ᠤ ᠶᠠᠪᠤᠳᠠᠯ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠵᠡᠷᠭᠡ ᠬᠠᠮᠢᠶ᠎ᠠ ᠪᠥᠬᠦᠶ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠡᠯ᠎ᠡ | ᠰᠠᠯᠠᠭ᠎ᠠ ᠮᠥᠴᠢᠷ ᠤᠨ ᠬᠦᠴᠦᠨ ᠢ ᠨᠢᠭᠲᠠᠷᠠᠭᠤᠯᠤᠨ᠂ ᠣᠯᠠᠨ ᠵᠦᠢᠯ ᠤᠨ ᠠᠷᠭ᠎ᠠ ᠪᠠᠷᠢᠯ ᠢ ᠨᠢᠭᠡᠳᠦᠯᠲᠡᠶ ᠲᠥᠯᠥᠪᠯᠡᠨ | ᠬᠡᠷᠡᠭᠯᠡᠵᠦ ᠪᠠᠶᠢᠭᠠᠳ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠬᠠᠮᠲᠤᠪᠠᠷ ᠰᠢᠮᠳᠠᠭᠤᠯᠵᠤ᠂ ᠬᠠᠷᠢᠭᠤᠴᠠᠯᠭ᠎ᠠ | ᠨᠡᠬᠡᠮᠵᠢᠯᠡᠵᠦ ᠦᠷ᠎ᠡ ᠪᠦᠲᠦᠮᠵᠢ ᠶᠢ ᠠᠰᠠᠭᠤᠬᠤ ᠡᠷᠴᠢᠮ ᠢᠶᠠᠨ ᠴᠢᠩᠭᠠᠷᠠᠭᠤᠯᠤᠨ᠂ ᠬᠢᠨᠠᠨ ᠪᠤᠳᠤᠵᠤ ᠴᠡᠭᠴᠡᠯᠡᠨ | ᠰᠠᠶᠢᠵᠢᠷᠠᠭᠤᠯᠬᠤ ᠬᠠᠳᠠᠨ ᠴᠢᠨᠠᠷ ᠢ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ᠃ | | | ᠣᠷᠴᠢᠭᠤᠯᠤᠭᠴᠢ᠄ ᠬᠠᠨᠠᠭᠠᠷ |