ᠨᠢᠭᠡᠳᠣᠭᠡᠷ ᠬᠤᠭᠤᠴᠠᠭ᠎ᠠ᠄    ᠱᠠᠩᠳᠤ ᠰᠢᠶᠠᠨ ᠤ ᠣᠶ ᠰᠢᠭᠤᠶ ᠶᠢᠨ ᠬᠦᠨᠳᠦ ᠶᠡᠭᠡ ᠬᠤᠤᠷ ᠬᠥᠨᠥᠭᠡᠯᠲᠦ ᠠᠮᠢᠳᠤ ᠪᠣᠳᠠᠰ ᠤᠨ ᠭᠠᠮᠰᠢᠭ ᠢ ᠰᠢᠢᠳᠪᠦᠷᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ
ᠨᠡᠶᠢᠲᠡᠯᠡᠭᠰᠡᠨ ᠴᠠᠭ᠄
2023/3/15
  1. ᠶᠡᠷᠦᠩᠬᠡᠢ ᠲᠦᠷᠢᠮ    1.1 ᠵᠣᠷᠢᠯᠭ᠎ᠠ    ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠪᠦᠲᠦᠮᠵᠢᠲᠡᠶ ᠰᠡᠷᠭᠡᠶᠢᠯᠡᠵᠦ᠂ ᠴᠠᠭ ᠲᠤᠬᠠᠶ ᠳᠤᠨᠢ ᠬᠢᠵᠠᠭᠠᠷᠯᠠᠵᠤ᠂ ᠣᠶ ᠰᠢᠭᠤᠶ ᠶᠢᠨ ᠡᠬᠢ ᠪᠠᠶᠠᠯᠢᠭ ᠢ ᠬᠠᠮᠠᠭᠠᠯᠠᠨ᠂ ᠣᠶᠢᠵᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠤᠯᠤᠰ ᠤᠨ ᠭᠠᠵᠠᠷ ᠰᠢᠷᠣᠶ ᠬᠢᠭᠡᠳ ᠠᠮᠢ ᠠᠬᠤᠶ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠪᠡᠯᠡᠳᠬᠡᠯ ᠲᠥᠰᠦᠯ ᠢ ᠲᠣᠭᠲᠠᠭᠠᠪᠠ᠃    1.2 ᠵᠢᠯᠣᠭᠤᠳᠬᠤ ᠦᠵᠡᠯ ᠰᠠᠨᠠᠭ᠎ᠠ    ︽ᠣᠶ ᠰᠢᠭᠤᠶ ᠶᠢᠨ ᠬᠥᠭᠵᠢᠯᠲᠡ ᠶᠢ ᠲᠦᠷᠭᠡᠳᠬᠡᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠣᠶ ᠰᠢᠭᠤᠶ ᠶᠢᠨ ᠬᠥᠭᠵᠢᠯᠲᠡ ᠶᠢ ᠲᠦᠷᠭᠡᠳᠬᠡᠬᠦ ᠲᠤᠬᠠᠶ ᠰᠢᠢᠳᠪᠦᠷᠢ︾ ᠶᠢ ᠤᠯᠠᠮᠵᠢᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ ︵ᠥᠪᠥᠷ ᠣᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠵᠠᠬᠢᠳᠠᠯ ︵2021︶ 481 ᠳ᠋ᠦᠭᠡᠷ ᠲᠣᠭᠠᠲᠤ︶ ᠪᠢᠴᠢᠭ ᠮᠠᠲ᠋ᠧᠷᠢᠶᠠᠯ᠂ ︽︿ᠠᠮᠧᠷᠢᠺᠠ ᠶᠢᠨ ᠴᠠᠭᠠᠨ ᠡᠷᠪᠡᠬᠡᠶ ᠶᠢᠨ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠮᠡᠷᠭᠡᠵᠢᠯ ᠤᠨ ᠠᠵᠢᠯᠯᠠᠭᠠᠨ ᠤ ᠭᠠᠷ ᠳᠡᠪᠲᠡᠷ﹀ ︵ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠡᠵᠡᠮᠳᠡᠬᠦ ᠲᠥᠪ ᠤᠨ ᠮᠡᠳᠡᠭᠳᠡᠯ︾ ︵ᠰᠡᠷᠭᠡᠶᠢᠯᠡᠨ ᠡᠵᠡᠮᠳᠡᠬᠦ ᠲᠠᠷᠬᠠᠭᠠᠭᠰᠠᠨ ︹2020︺ 5 ᠳ᠋ᠤᠭᠠᠷ ᠲᠣᠭᠠᠲᠤ︶ ᠵᠡᠷᠭᠡ ᠠᠯᠢ ᠣᠯᠠᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠬᠠᠤᠯᠢ ᠶᠣᠰᠣᠭᠠᠷ ᠵᠠᠰᠠᠬᠤ᠂ ᠡᠷᠡᠭᠦᠯ ᠮᠡᠨᠳᠦ ᠶᠢ ᠠᠬᠢᠭᠤᠯᠬᠤ︾ ᠴᠢᠭᠯᠡᠯᠲᠡ ᠶᠢ ᠪᠠᠷᠢᠮᠲᠠᠯᠠᠨ ᠂ ᠣᠶ ᠰᠢᠭᠤᠶ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠢᠨᠠᠨ ᠬᠡᠮᠵᠢᠬᠦ᠂ ᠬᠢᠵᠢᠭ ᠪᠠᠶᠢᠴᠠᠭᠠᠬᠤ ᠶᠢ ᠴᠢᠩᠭᠠᠳᠬᠠᠨ᠂ ᠣᠶ ᠰᠢᠭᠤᠶ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠠᠵᠢᠯᠲᠠᠨ ᠤ ᠬᠡᠪ ᠴᠢᠨᠠᠷ ᠪᠠ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠮᠠᠨ ᠤ ᠰᠢᠶᠠᠨ ᠤ ᠣᠶ ᠰᠢᠭᠤᠶ ᠶᠢᠨ ᠬᠦᠨᠳᠦ ᠶᠡᠭᠡ ᠬᠥᠨᠥᠭᠡᠯᠲᠦ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠪᠥᠬᠦ ᠲᠠᠯ᠎ᠠ ᠪᠠᠷ ᠬᠢᠨᠠᠨ ᠬᠡᠮᠵᠢᠵᠦ᠂ ᠲᠦᠷᠭᠡᠨ ᠲᠤᠰᠬᠠᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠡᠯ᠎ᠡ ᠵᠦᠢᠯ ᠤᠨ ᠬᠠᠷᠢᠭᠤᠴᠠᠯᠭ᠎ᠠ ᠶᠢᠨ ᠲᠦᠷᠢᠮ ᠢ ᠦᠨᠡᠨ ᠬᠦ ᠨᠠᠶᠢᠳᠠᠪᠤᠷᠢᠵᠢᠭᠤᠯᠤᠨ᠂ ᠡᠷᠲᠡ ᠢᠯᠡᠷᠡᠭᠦᠯᠵᠦ᠂ ᠡᠷᠲᠡ ᠬᠢᠵᠠᠭᠠᠷᠯᠠᠬᠤ ᠶᠢ ᠦᠨᠡᠨ ᠬᠦ ᠪᠠᠲᠤᠯᠠᠨ᠎ᠠ᠃    1.3 ᠠᠵᠢᠯ ᠤᠨ ᠵᠠᠷᠴᠢᠮ    ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠳᠤᠷᠠᠳᠤᠭᠰᠠᠨ ᠠᠵᠢᠯ ᠤᠨ ᠵᠠᠷᠴᠢᠮ ᠢᠶᠠᠷ ᠵᠢᠯᠣᠭᠤᠳᠣᠯᠭ᠎ᠠ ᠪᠣᠯᠭᠠᠵᠤ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ ︽ᠡᠷᠲᠡ ᠢᠯᠡᠷᠡᠭᠦᠯᠵᠦ᠂ ᠡᠷᠲᠡ ᠣᠨᠣᠰᠢᠯᠠᠵᠤ᠂ ᠡᠷᠲᠡ ᠰᠡᠷᠭᠡᠶᠢᠯᠡᠨ ᠵᠠᠰᠠᠬᠤ︾ ᠶᠢ ᠪᠡᠶᠡᠯᠡᠭᠦᠯᠦᠨ᠎ᠡ᠃ ᠵᠠᠰᠠᠭ ᠤᠨ ᠣᠷᠳᠣᠨ ᠨᠢᠭᠡᠳᠦᠯᠲᠡᠶ ᠤᠳᠤᠷᠢᠳᠴᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠪᠦᠬᠦ ᠨᠡᠶᠢᠭᠡᠮ ᠢᠶᠠᠷ ᠢᠶᠠᠨ ᠣᠷᠣᠯᠴᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ︔ ︽ᠬᠡᠨ ᠡᠵᠡᠩᠨᠡᠪᠡᠯ ᠬᠡᠨ ᠰᠡᠷᠭᠡᠶᠢᠯᠡᠨ ᠵᠠᠰᠠᠬᠤ︾ ᠶᠢᠨ ᠬᠠᠷᠢᠭᠤᠴᠠᠯᠭ᠎ᠠ ᠶᠢᠨ ᠲᠦᠷᠢᠮ ᠢ ᠪᠠᠷᠢᠮᠲᠠᠯᠠᠬᠤ ᠬᠡᠷᠡᠭᠲᠡᠶ︔ ᠲᠦᠷᠭᠡᠨ ᠴᠤᠤᠷᠢᠶᠠᠲᠤᠨ ᠳᠠᠭᠠᠬᠤ᠂ ᠪᠠᠴᠢᠮ ᠰᠢᠢᠳᠪᠦᠷᠢᠯᠡᠬᠦ᠂ ᠵᠣᠬᠢᠴᠠᠭᠤᠯᠤᠨ ᠬᠠᠮᠵᠢᠯᠴᠠᠬᠤ᠂ ᠪᠦᠲᠦᠮᠵᠢᠲᠡᠢ ᠡᠵᠡᠮᠳᠡᠬᠦ ᠵᠠᠷᠴᠢᠮ ᠢ ᠪᠠᠷᠢᠮᠲᠠᠯᠠᠬᠤ ᠬᠡᠷᠡᠭᠲᠡᠢ︔ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠬᠢᠵᠢᠭ ᠤᠨ ᠪᠠᠶᠢᠴᠠᠭᠠᠯᠲᠠ ᠶᠢ ᠵᠢᠷᠤᠮᠵᠢᠭᠤᠯᠬᠤ᠂ ᠬᠠᠤᠯᠢ ᠶᠣᠰᠣᠭᠠᠷ ᠰᠡᠷᠭᠡᠶᠢᠯᠡᠨ ᠵᠠᠰᠠᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃    1.4 ᠣᠷᠣᠨ ᠲᠤᠭ᠎ᠠ ᠶᠢᠨ ᠦᠨᠳᠦᠰᠦᠯᠡᠯ    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾᠂ ︽ᠤᠷᠭᠤᠮᠠᠯ ᠤᠨ ᠬᠢᠵᠢᠭ ᠪᠠᠶᠢᠴᠠᠭᠠᠬᠤ ᠳᠦᠷᠢᠮ︾᠂ ︽ᠤᠯᠤᠰ ᠤᠨ ᠣᠶ ᠰᠢᠭᠤᠶ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠳᠦᠷᠢᠮ︾᠂ ︽ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠣᠶ ᠰᠢᠭᠤᠶ ᠶᠢᠨ ᠬᠥᠨᠥᠭᠡᠯ ᠲᠠᠢ ᠠᠮᠢᠳᠤ ᠪᠣᠳᠠᠰ ᠢ ᠰᠢᠶ᠋ᠳᠪᠦᠷᠢᠯᠡᠬᠦ ᠠᠷᠭ᠎ᠠ︾᠂ ︽ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠶᠡᠷᠦᠩᠬᠡᠶ ᠪᠡᠯᠡᠳᠬᠡᠯ ᠲᠥᠰᠦᠯ ᠢ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ︵ᠥᠪᠥᠷ ᠵᠠᠰᠠᠭ ᠲᠠᠷᠬᠠᠭᠠᠭᠰᠠᠨ [2005] 53 ᠳ᠋ᠤᠭᠠᠷ ᠲᠣᠭᠠᠲᠤ︶᠂ ︽ᠭᠠᠳᠠᠨ᠎ᠠ ᠠᠴᠠ ᠢᠷᠡᠭᠰᠡᠨ ᠬᠦᠨᠳᠦ ᠶᠡᠭᠡ ᠬᠥᠨᠥᠭᠡᠯ ᠲᠠᠢ ᠠᠮᠢᠳᠤ ᠪᠣᠳᠠᠰ ᠤᠨ ᠭᠠᠮᠰᠢᠭ ᠵᠡᠷᠭᠡ 3 ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ︾ ︵ᠣᠶ ᠰᠢᠭᠤᠶ ᠲᠠᠷᠬᠠᠭᠠᠭᠰᠠᠨ [2005]100 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠬᠦᠨᠳᠦ ᠶᠡᠭᠡ ᠬᠥᠨᠥᠭᠡᠯ ᠲᠠᠢ ᠠᠮᠢᠳᠤ ᠪᠣᠳᠠᠰ ᠤᠨ ᠭᠠᠮᠰᠢᠭ ᠢ ᠰᠢᠶ᠋ᠳᠪᠦᠷᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ︵ᠥᠪᠥᠷ ᠵᠠᠰᠠᠭ ᠠᠯᠪᠠᠨ ᠲᠠᠷᠬᠠᠭᠠᠭᠰᠠᠨ [2007] 47 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠵᠢᠷᠤᠮᠯᠠᠬᠤ ᠬᠡᠷᠡᠭᠲᠡᠶ᠃    1.5 ᠬᠡᠷᠡᠭᠯᠡᠬᠦ ᠬᠡᠪᠴᠢᠶ᠎ᠡ    ᠲᠣᠰ ᠪᠡᠯᠡᠳᠬᠡᠯ ᠲᠥᠰᠦᠯ ᠨᠢ ᠱᠠᠩᠳᠤ ᠰᠢᠶᠠᠨ ᠤ ᠬᠢᠯᠢ ᠳᠣᠲᠣᠷ᠎ᠠ ᠡᠭᠦᠰᠦᠭᠰᠡᠨ ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠳᠤ ᠬᠡᠷᠡᠭᠯᠡᠨ᠎ᠡ᠃    2. ᠵᠣᠬᠢᠶᠠᠨ ᠪᠠᠶᠢᠭᠤᠯᠤᠨ ᠵᠢᠯᠣᠭᠤᠳᠬᠤ ᠰᠢᠰᠲ᠋ᠧᠮᠵᠢ ᠵᠢᠴᠢ ᠡᠭᠦᠷᠭᠡ ᠬᠠᠷᠢᠭᠤᠴᠠᠯᠭ᠎ᠠ    2.1 ᠵᠢᠯᠥᠭᠤᠳᠬᠤ ᠪᠠᠶᠢᠭᠤᠯᠥᠮᠵᠢ    ᠮᠠᠨ ᠤ ᠰᠢᠶᠠᠨ ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠰᠢᠢᠳᠪᠦᠷᠢᠯᠡᠬᠦ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ︵ᠳᠣᠷᠣᠭᠰᠢ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠢ ᠲᠣᠬᠢᠷᠠᠭᠤᠯᠤᠨ ᠲᠡᠭᠦᠯᠳᠡᠷᠵᠢᠭᠦᠯᠪᠡ᠃ ᠰᠢᠶᠠᠨ ᠤ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠳᠡᠳ᠋ ᠳᠠᠷᠤᠭ᠎ᠠ ᠶᠡᠷᠦᠩᠬᠡᠶ ᠵᠢᠯᠤᠭᠤᠳᠤᠭᠴᠢ ᠶᠢᠨ ᠲᠤᠰᠢᠶᠠᠯ ᠢ ᠡᠭᠦᠷᠭᠡᠯᠡᠵᠦ᠂ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ ᠳᠡᠳ᠋ ᠶᠡᠷᠦᠩᠬᠡᠶ ᠵᠢᠯᠤᠭᠤᠳᠤᠭᠴᠢ ᠶᠢᠨ ᠲᠤᠰᠢᠶᠠᠯ ᠢ ᠡᠭᠦᠷᠭᠡᠯᠡᠨ᠎ᠡ᠃ ᠪᠦᠷᠢᠯᠳᠦᠬᠦᠨ ᠨᠡᠷ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠰᠢᠤᠳᠠᠨ ᠤ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠵᠢᠨᠢᠩ - ᠵᠢᠨᠢᠩ - ᠲᠦᠡᠭᠯᠢᠶᠤᠤ ᠲᠡᠮᠦᠷ ᠵᠠᠮ ᠤᠨ ᠱᠠᠩᠳᠤ ᠶᠢᠨ ᠭᠠᠯᠲᠤ ᠲᠡᠷᠭᠡᠨ ᠤ ᠥᠷᠲᠡᠭᠡ᠂ ᠡᠯ᠎ᠡ ᠰᠢᠶᠠᠩ ᠪᠠᠯᠭᠠᠰᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠨᠢᠭᠡᠴᠡ ᠶᠢᠨ ᠭᠤᠤᠯ ᠤᠳᠤᠷᠢᠳᠤᠯᠭ᠎ᠠ ᠪᠠᠷ ᠪᠦᠷᠢᠯᠳᠦᠨ᠎ᠡ᠃    ᠵᠢᠯᠣᠭᠤᠳᠬᠤ ᠭᠠᠵᠠᠷ ᠤᠨ ᠳᠣᠣᠷ᠎ᠠ ᠠᠯᠪᠠᠨ ᠭᠡᠷ ᠪᠠ ᠰᠡᠷᠭᠡᠶᠢᠯᠡᠨ ᠵᠠᠰᠠᠬᠤ ᠳᠤᠭᠤᠶᠢᠯᠠᠩ ᠪᠠᠶᠢᠭᠤᠯᠤᠨ᠎ᠠ᠃ ᠠᠯᠪᠠᠨ ᠭᠡᠷ ᠢ ᠰᠢᠶᠠᠨ ᠤ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠳᠤ ᠭᠠᠷᠭᠠᠵᠤ᠂ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠬᠠᠪᠰᠤᠷᠭᠠᠨ ᠡᠭᠦᠷᠭᠡᠯᠡᠵᠦ᠂ ᠪᠦᠷᠢᠯᠳᠦᠬᠦᠨ ᠨᠢᠭᠡᠴᠡ ᠳᠤ ᠲᠣᠪᠴᠢᠶ᠎ᠠ ᠶᠢᠨ ᠠᠯᠪᠠᠨ ᠬᠡᠷ᠂ ᠡᠳ᠋ ᠤᠨ ᠶᠠᠪᠤᠳᠠᠯ ᠤᠨ ᠲᠠᠰᠤᠭ᠂ ᠣᠶ ᠰᠢᠭᠤᠶ ᠶᠢᠨ ᠠᠵᠢᠯ ᠤᠨ ᠦᠢᠯᠡᠴᠢᠯᠡᠭᠡᠨ ᠤ ᠲᠥᠪ᠂ ᠡᠬᠢ ᠪᠠᠶᠠᠯᠢᠭ ᠣᠶ ᠰᠢᠭᠤᠶ ᠶᠢᠨ ᠶᠠᠪᠤᠳᠠᠯ ᠤᠨ ᠲᠠᠰᠤᠭ᠂ ᠠᠮᠢ ᠠᠬᠤᠶ ᠶᠢᠨ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ᠂ ᠴᠡᠴᠡᠷᠯᠢᠭ ᠤᠨ ᠦᠢᠯᠡᠴᠢᠯᠡᠭᠡᠨ ᠤ ᠲᠥᠪ᠂ ᠣᠶ ᠰᠢᠭᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠪᠠᠭᠲᠠᠨ᠎ᠠ᠃ ᠰᠡᠷᠭᠡᠶᠢᠯᠡᠨ ᠵᠠᠰᠠᠬᠤ ᠳᠤᠭᠤᠶᠢᠯᠠᠩ ᠨᠢ ᠰᠢᠶᠠᠨ ᠤ ᠣᠶ ᠰᠢᠭᠤᠶ ᠶᠢᠨ ᠠᠵᠢᠯ ᠤᠨ ᠦᠢᠯᠡᠴᠢᠯᠡᠭᠡᠨ ᠤ ᠲᠥᠪ ᠠᠴᠠ ᠲᠦᠷᠦᠭᠦᠯᠡᠨ ᠤᠳᠤᠷᠢᠳᠬᠤ ᠬᠢᠷᠢ ᠬᠡᠮ ᠲᠠᠢ ᠲᠤᠰᠬᠠᠶ ᠮᠡᠷᠭᠡᠵᠢᠯ ᠤᠨ ᠠᠵᠢᠯᠲᠠᠨ ᠢᠶᠠᠷ ᠪᠦᠷᠢᠯᠳᠦᠨ᠎ᠡ᠃ ᠡᠯ᠎ᠡ ᠰᠢᠶᠠᠩ ᠪᠠᠯᠭᠠᠰᠤ ᠴᠤ ᠵᠣᠬᠢᠴᠠᠩᠭᠤᠶ ᠪᠦᠬᠦᠢ ᠪᠠᠴᠢᠮ ᠪᠠᠶᠢᠳᠠᠯ ᠢ ᠠᠷᠭᠠᠴᠠᠨ ᠰᠡᠷᠭᠡᠶᠢᠯᠡᠨ ᠵᠠᠰᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠪᠠᠶᠢᠭᠤᠯᠵᠤ᠂ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃    2. ᠵᠢᠯᠣᠭᠤᠳᠬᠤ ᠭᠠᠵᠠᠷ ᠵᠢᠴᠢ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ    ᠵᠢᠯᠣᠭᠤᠳᠬᠤ ᠭᠠᠵᠠᠷ᠄ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠬᠦ ᠪᠠ ᠳᠠᠭᠤᠰᠬᠠᠬᠤ ᠪᠠᠷ ᠲᠣᠭᠲᠠᠭᠠᠵᠤ᠂ ᠬᠦᠨᠳᠦ ᠶᠡᠭᠡ ᠤᠢ ᠰᠢᠭᠤᠶ ᠶᠢᠨ ᠬᠥᠨᠥᠭᠡᠯᠲᠡᠶ ᠪᠣᠳᠠᠰ ᠤᠨ ᠭᠠᠮᠰᠢᠭ ᠢ ᠰᠢᠢᠳᠪᠦᠷᠢᠯᠡᠬᠦ ᠶᠠᠪᠤᠴᠠ ᠳᠤ ᠭᠠᠷᠤᠭᠰᠠᠨ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠵᠣᠬᠢᠴᠠᠭᠤᠯᠵᠤ᠂ ᠰᠢᠶ᠋ᠳᠪᠦᠷᠢᠯᠡᠨ᠎ᠡ᠃ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠢ ᠨᠢᠭᠡᠳᠦᠯᠲᠡᠶ ᠵᠢᠯᠣᠭᠤᠳᠬᠤ ᠪᠠ ᠪᠠᠶᠢᠷᠢᠯᠠᠭᠤᠯᠪᠠ᠃    ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠄ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠲᠣᠰ ᠵᠠᠰᠠᠭ ᠵᠠᠬᠢᠷᠭᠠᠨ ᠤ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠵᠤ᠂ ᠮᠡᠷᠭᠡᠵᠢᠯ ᠤᠨ ᠬᠢᠨᠠᠨ ᠲᠣᠭᠲᠠᠭᠠᠯᠲᠠ᠂ ᠭᠠᠮᠰᠢᠭ ᠤᠨ ᠪᠠᠶᠢᠳᠠᠯ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠶᠢ ᠬᠠᠷᠢᠭᠤᠴᠠᠵᠤ᠂ ᠬᠢᠵᠢᠭ ᠪᠠᠶᠢᠴᠠᠭᠠᠵᠤ ᠪᠢᠲᠡᠭᠦᠮᠵᠢᠯᠡᠬᠦ᠂ ᠠᠷᠢᠯᠭᠠᠨ ᠰᠢᠢᠳᠪᠦᠷᠢᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠨᠥᠭᠡᠴᠡ ᠡᠳ᠋ ᠪᠣᠳᠠᠰ ᠤᠨ ᠬᠠᠮᠢᠶᠠᠷᠤᠯᠲᠠ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠵᠠᠷᠤᠳᠠᠯ ᠢ ᠬᠡᠷᠡᠭᠯᠡᠬᠦ ᠰᠠᠨᠠᠭᠤᠯᠭ᠎ᠠ ᠳᠤᠷᠠᠳᠤᠨ᠎ᠠ᠃    ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠄ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠪᠡᠯᠡᠳᠬᠡᠮᠵᠢ᠂ ᠲᠥᠬᠦᠭᠡᠷᠦᠮᠵᠢ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠬᠠᠷᠢᠭᠤᠴᠠᠵᠤ᠂ ᠡᠳ᠋ ᠪᠣᠳᠠᠰ ᠤᠨ ᠨᠥᠭᠡᠴᠡ ᠶᠢ ᠰᠠᠶᠢᠲᠤᠷ ᠬᠢᠬᠦ ᠬᠡᠷᠡᠭᠲᠡᠶ᠃    ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠄ ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠰᠢᠶ᠋ᠳᠪᠦᠷᠢᠯᠡᠬᠦ ᠭᠠᠮᠰᠢᠭ ᠠᠴᠠ ᠠᠪᠤᠷᠠᠬᠤ ᠪᠡᠯᠡ ᠮᠥᠩᠭᠦ ᠴᠤᠭᠯᠠᠭᠤᠯᠵᠤ᠂ ᠦᠭᠭᠦᠨ ᠥᠭᠴᠦ ᠂ ᠰᠡᠷᠭᠡᠶᠢᠯᠡᠨ ᠵᠠᠰᠠᠬᠤ ᠵᠠᠷᠤᠳᠠᠯ ᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠪᠣᠳᠠᠲᠠᠶᠢᠵᠢᠭᠤᠯᠬᠤ ᠶᠢ ᠪᠠᠲᠤᠯᠠᠬᠤ ᠶᠢᠨ ᠬᠠᠮᠲᠤ ᠰᠡᠷᠭᠡᠶᠢᠯᠡᠨ ᠵᠠᠰᠠᠬᠤ ᠵᠠᠷᠤᠳᠠᠯ ᠤᠨ ᠬᠡᠷᠡᠭᠯᠡᠯᠲᠡ ᠶᠢ ᠬᠠᠮᠢᠶᠠᠷᠬᠤ ᠪᠠ ᠬᠢᠨᠠᠯᠲᠠ ᠲᠠᠯᠪᠢᠨ᠎ᠠ᠃    ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠤᠨ ᠳᠤᠮᠳᠠ ᠭᠠᠷᠤᠭᠰᠠᠨ ᠬᠡᠷᠡᠭ ᠢ ᠬᠠᠷᠢᠭᠤᠴᠠᠨ ᠰᠢᠶ᠋ᠳᠪᠦᠷᠢᠯᠡᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠨ᠎ᠠ᠃    ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠬᠠᠷᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠨᠢᠭᠡᠴᠡ ᠶᠢ ᠵᠢᠯᠣᠭᠤᠳᠬᠤ ᠪᠠ ᠪᠠᠶᠢᠴᠠᠭᠠᠬᠤ ᠶᠢ ᠬᠠᠷᠢᠭᠤᠴᠠᠭᠤᠯᠤᠨ᠎ᠠ᠃    ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠡᠭᠦᠰᠦᠭᠰᠡᠨ ᠲᠥᠷᠥᠯ ᠵᠦᠶ᠋ᠯ ᠢ ᠦᠨᠳᠦᠰᠦᠯᠡᠨ᠂ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠪᠠ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠵᠦ᠂ ᠮᠡᠷᠭᠡᠵᠢᠯ ᠤᠨ ᠳᠡᠮᠵᠢᠯᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃    ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ᠄ ᠲᠤᠰ ᠰᠢᠰᠲ᠋ᠧᠮ ᠤᠨ ᠢᠶᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠲᠠᠷᠢᠭᠰᠠᠨ ᠤᠰᠤᠨ ᠰᠤᠷᠪᠤᠯᠵᠢ ᠶᠢᠨ ᠣᠶ᠂ ᠤᠰᠤ ᠪᠠᠷ ᠣᠶ ᠰᠢᠭᠤᠶ ᠶᠢ ᠬᠠᠮᠠᠭᠠᠯᠠᠬᠤ ᠵᠡᠷᠭᠡ ᠣᠶ ᠰᠢᠭᠤᠶ ᠶᠢᠨ ᠬᠥᠨᠥᠭᠡᠯᠲᠡᠶ ᠪᠣᠳᠠᠰ ᠤᠨ ᠠᠮᠢᠳᠤ ᠪᠣᠳᠠᠰ ᠢ ᠬᠢᠨᠠᠨ ᠬᠡᠮᠵᠢᠬᠦ ᠪᠠ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃    ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ᠂ ᠰᠢᠤᠳᠠᠨ ᠤ ᠲᠣᠪᠴᠢᠶ᠎ᠠ᠂ ᠵᠢᠨᠢᠩ ᠲᠦᠩᠯᠢᠶᠣᠤ ᠶᠢᠨ ᠲᠡᠮᠦᠷ ᠵᠠᠮ ᠤᠨ ᠱᠠᠩᠳᠤ ᠶᠢᠨ ᠭᠠᠯᠲᠤ ᠲᠡᠷᠭᠡᠨ ᠤ ᠥᠷᠲᠡᠭᠡ᠄ ᠤᠯᠤᠰ ᠤᠨ ᠳᠣᠲᠣᠭᠠᠳᠤ ᠶᠢᠨ ᠨᠠᠶᠢᠳᠠᠨ ᠲᠡᠭᠡᠭᠡᠪᠦᠷᠢᠯᠡᠬᠦ᠂ ᠰᠢᠤᠳᠠᠨ ᠢᠶᠠᠷ ᠢᠯᠡᠭᠡᠬᠦ ᠣᠶ ᠰᠢᠭᠤᠶ ᠶᠢᠨ ᠤᠷᠭᠤᠮᠠᠯ ᠵᠢᠴᠢ ᠪᠦᠲᠦᠭᠡᠭᠳᠡᠬᠦᠨ ᠢ ᠬᠢᠵᠢᠭ ᠪᠠᠶᠢᠴᠠᠭᠠᠬᠤ ᠲᠤᠬᠠᠶ ᠬᠤᠯᠪᠣᠭᠳᠠᠯ ᠪᠥᠬᠦᠶ ᠲᠣᠭᠲᠠᠭᠠᠯ ᠢ ᠬᠠᠷᠢᠭᠤᠴᠠᠨ ᠬᠡᠷᠡᠭᠵᠢᠭᠦᠯᠵᠦ᠂ ︽ᠤᠷᠭᠤᠮᠠᠯ ᠤᠨ ᠬᠢᠵᠢᠭ ᠪᠠᠶᠢᠴᠠᠭᠠᠯᠲᠠ ᠶᠢᠨ ᠦᠨᠡᠮᠯᠡᠯ︾ ᠢ ᠴᠢᠩᠭ᠎ᠠ ᠰᠢᠯᠭᠠᠨ ᠪᠠᠶᠢᠴᠠᠭᠠᠵᠤ᠂ ᠣᠶ ᠰᠢᠭᠤᠶ ᠶᠢᠨ ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠬᠠᠮᠵᠢᠨ ᠳᠠᠬᠢᠨ ᠪᠠᠶᠢᠴᠠᠭᠠᠬᠤ ᠠᠵᠢᠯ ᠢ ᠰᠠᠶᠢᠲᠤᠷ ᠬᠢᠨ᠎ᠠ᠃ ᠲᠣᠰ ᠪᠡᠯᠡᠳᠬᠡᠯ ᠲᠥᠰᠦᠯ ᠢ ᠡᠬᠢᠯᠡᠭᠦᠯᠦᠭᠰᠡᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠬᠠᠤ ᠡᠳ᠋ ᠪᠣᠳᠠᠰ ᠢ ᠴᠠᠭ ᠲᠤᠬᠠᠶ ᠳᠤᠨᠢ ᠬᠦᠷᠭᠡᠬᠦ ᠶᠢ ᠦᠨᠡᠨ ᠬᠦ ᠪᠠᠲᠤᠯᠠᠨ᠎ᠠ᠃    ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠄ ᠬᠠᠷᠢᠶ᠎ᠠ ᠣᠷᠣᠨ ᠤ ᠪᠠᠨ ᠣᠶ ᠰᠢᠭᠤᠶ ᠶᠢᠨ ᠬᠤᠤᠷ ᠬᠥᠨᠥᠭᠡᠯ ᠲᠠᠢ ᠠᠮᠢᠳᠤ ᠪᠣᠳᠠᠰ ᠢ ᠤᠷᠢᠳᠴᠢᠯᠠᠨ ᠰᠡᠷᠭᠡᠶᠢᠯᠡᠬᠦ ᠪᠠ ᠠᠷᠢᠯᠭᠠᠨ ᠠᠷᠢᠯᠭᠠᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠣᠷᠣᠨ ᠨᠤᠲᠤᠭ ᠲᠠᠢ ᠢᠳᠡᠪᠬᠢᠲᠡᠶ ᠬᠠᠮᠵᠢᠯᠴᠠᠨ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠠᠬᠤ ᠠᠵᠢᠯ ᠢ ᠥᠷᠨᠢᠭᠦᠯᠬᠦ ᠬᠡᠷᠡᠭᠲᠡᠶ᠃    ᠰᠢᠶᠠᠨ ᠤ ᠴᠠᠭ ᠠᠭᠤᠷ ᠤᠨ ᠲᠣᠪᠴᠢᠶ᠎ᠠ᠄ ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠬᠢᠨᠠᠨ ᠬᠡᠮᠵᠢᠬᠦ ᠪᠠ ᠪᠠᠴᠢᠮ ᠪᠠᠶᠢᠳᠠᠯ ᠢ ᠠᠷᠭᠠᠴᠠᠨ ᠠᠷᠢᠯᠭᠠᠬᠤ ᠬᠤᠯᠪᠣᠭᠳᠠᠯ ᠪᠥᠬᠦᠶ ᠴᠠᠭ ᠠᠭᠤᠷ ᠤᠨ ᠮᠡᠳᠡᠭᠡ ᠵᠠᠩᠭᠢ ᠶᠢ ᠬᠠᠷᠢᠭᠤᠴᠠᠨ ᠬᠠᠩᠭᠠᠨ᠎ᠠ᠃    2.3 ᠰᠢᠶᠠᠨ ᠤ ᠵᠢᠯᠣᠭᠤᠳᠬᠤ ᠭᠠᠵᠠᠷ ᠤᠨ ᠠᠯᠪᠠᠨ ᠭᠡᠷ ᠵᠢᠴᠢ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ    ᠵᠢᠯᠣᠭᠤᠳᠬᠤ ᠭᠠᠵᠠᠷ ᠤᠨ ᠠᠯᠪᠠᠨ ᠬᠡᠷ᠄ ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ︔ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠶᠢ ᠵᠣᠬᠢᠴᠠᠭᠤᠯᠤᠨ ᠠᠵᠢᠯ ᠢᠶᠠᠨ ᠥᠷᠨᠢᠭᠦᠯᠦᠨ᠎ᠡ᠃    ᠰᠢᠶᠠᠨ ᠤ ᠣᠶ ᠰᠢᠭᠤᠶ ᠶᠢᠨ ᠠᠵᠢᠯ ᠤᠨ ᠦᠢᠯᠡᠴᠢᠯᠡᠭᠡᠨ ᠤ ᠲᠥᠪ᠄ ᠵᠢᠯᠣᠭᠤᠳᠬᠤ ᠭᠠᠵᠠᠷ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠣᠶᠢᠵᠢᠭᠤᠯᠬᠤ ᠠᠷᠭ᠎ᠠ ᠬᠡᠮᠵᠢᠶ᠎ᠡ ᠶᠢᠨ ᠲᠠᠯ᠎ᠠ ᠪᠠᠷ ᠬᠦᠨᠳᠦ ᠶᠡᠭᠡ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠬᠢᠵᠠᠭᠠᠷᠯᠠᠬᠤ ᠠᠵᠢᠯ ᠢ ᠬᠠᠷᠢᠭᠤᠴᠠᠵᠤ᠂ ᠪᠥᠬᠦ ᠰᠢᠶᠠᠨ ᠤ ᠣᠶ ᠰᠢᠭᠤᠶ ᠶᠢᠨ ᠦᠷ᠎ᠡ ᠴᠢᠬᠢ ᠶᠢᠨ ᠡᠵᠡᠩᠨᠡᠯᠲᠡ ᠦᠢᠯᠡᠳᠪᠦᠷᠢᠯᠡᠯ ᠤᠨ ᠨᠢᠭᠡᠴᠡ ᠶᠢᠨ ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ ᠵᠣᠬᠢᠴᠠᠭᠤᠯᠤᠨ᠎ᠠ᠃    ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠡᠳ᠋ ᠤᠨ ᠶᠠᠪᠤᠳᠠᠯ ᠤᠨ ᠲᠠᠰᠤᠭ᠄ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠶᠢ ᠵᠣᠬᠢᠴᠠᠭᠤᠯᠵᠤ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠴᠠᠭ ᠲᠤᠬᠠᠶ ᠳᠤᠨᠢ ᠴᠤᠭᠯᠠᠭᠤᠯᠬᠤ ᠪᠠ ᠥᠭᠬᠦ ᠶᠢ ᠬᠠᠷᠢᠭᠤᠴᠠᠨ᠎ᠠ᠃    ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ᠄ ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠡᠭᠦᠰᠦᠭᠰᠡᠨ ᠣᠷᠣᠨ ᠤ ᠣᠶ ᠰᠢᠭᠤᠶ ᠶᠢᠨ ᠡᠬᠢ ᠪᠠᠶᠠᠯᠢᠭ ᠤᠨ ᠲᠠᠷᠬᠠᠯᠲᠠ ᠪᠠ ᠣᠶ ᠶᠢᠨ ᠰᠡᠭᠦᠳᠡᠷ ᠤᠨ ᠮᠠᠲ᠋ᠧᠷᠢᠶᠠᠯ ᠢ ᠵᠣᠬᠢᠶᠠᠨ ᠪᠠᠶᠢᠭᠤᠯᠤᠨ ᠬᠠᠩᠭᠠᠬᠤ ᠶᠢ ᠬᠠᠷᠢᠭᠤᠴᠠᠵᠤ᠂ ᠬᠤᠬᠢᠷᠠᠯ ᠤᠴᠠᠷᠠᠭᠰᠠᠨ ᠲᠠᠯᠠᠪᠠᠶ ᠶᠢ ᠬᠢᠨᠠᠨ ᠬᠠᠷᠭᠤᠭᠤᠯᠵᠤ᠂ ᠬᠡᠷᠡᠭᠴᠡᠭᠡ ᠪᠠᠨ ᠦᠨᠳᠦᠰᠦᠯᠡᠨ ᠣᠭᠲᠣᠯᠬᠤ ᠭᠦᠶ᠋ᠴᠡᠳᠬᠡᠯ ᠲᠤᠭ᠎ᠠ ᠶᠢ ᠮᠡᠳᠡᠭᠦᠯᠦᠨ ᠵᠥᠪᠰᠢᠶᠡᠷᠡᠭᠦᠯᠦᠨ᠎ᠡ᠃    ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠯᠪᠠᠨ ᠬᠡᠷ᠄ ᠰᠢᠶᠠᠨ ᠤ ᠠᠷᠠᠳ ᠤᠨ ᠵᠠᠰᠠᠭ ᠤᠨ ᠣᠷᠳᠣᠨ᠂ ᠳᠡᠭᠡᠳᠦ ᠱᠠᠲᠤᠨ ᠤ ᠣᠶ ᠰᠢᠭᠤᠶ ᠶᠢᠨ ᠰᠠᠯᠠᠭ᠎ᠠ ᠮᠥᠴᠢᠷ ᠲᠤ ᠬᠦᠨᠳᠦ ᠶᠡᠭᠡ ᠣᠶ ᠰᠢᠭᠤᠶ ᠶᠢᠨ ᠬᠤᠤᠷ ᠬᠥᠨᠥᠭᠡᠯ ᠲᠠᠢ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠤᠨ ᠪᠠᠶᠢᠳᠠᠯ ᠢ ᠮᠡᠳᠡᠭᠦᠯᠬᠦ ᠵᠢᠴᠢ ᠤᠬᠠᠭᠤᠯᠤᠨ ᠮᠡᠳᠡᠭᠡᠯᠡᠬᠦ ᠠᠵᠢᠯ ᠢ ᠬᠠᠷᠢᠭᠤᠴᠠᠨ᠎ᠠ᠃    ᠰᠢᠶᠠᠨ ᠤ ᠠᠮᠢ ᠠᠬᠤᠶ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ᠄ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠣᠶ ᠰᠢᠭᠤᠶ ᠶᠢᠨ ᠤᠷᠭᠤᠮᠠᠯ ᠤᠨ ᠬᠢᠵᠢᠭ ᠤᠨ ᠪᠠᠶᠢᠴᠠᠭᠠᠯᠲᠠ ᠶᠢᠨ ᠰᠠᠯᠠᠭ᠎ᠠ ᠮᠥᠴᠢᠷ ᠢ ᠬᠠᠮᠵᠢᠨ ᠣᠶ ᠰᠢᠭᠤᠶ ᠶᠢᠨ ᠪᠠᠶᠢᠴᠠᠭᠠᠯᠲᠠ ᠶᠢᠨ ᠬᠡᠷᠡᠭ ᠢ ᠪᠠᠶᠢᠴᠠᠭᠠᠨ ᠰᠢᠶ᠋ᠳᠪᠦᠷᠢᠯᠡᠬᠦ ᠪᠠ ᠠᠮᠤᠷ ᠢ ᠬᠠᠮᠠᠭᠠᠯᠠᠬᠤ ᠶᠢ ᠬᠠᠷᠢᠭᠤᠴᠠᠨ᠎ᠠ᠃    ᠰᠢᠶᠠᠨ ᠤ ᠴᠡᠴᠡᠷᠯᠢᠭ ᠤᠨ ᠦᠢᠯᠡᠴᠢᠯᠡᠭᠡᠨ ᠤ ᠲᠥᠪ᠄ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠳᠤᠮᠳᠠ ᠭᠠᠷᠤᠭᠰᠠᠨ ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃    2.4 ᠰᠡᠷᠭᠡᠶᠢᠯᠡᠨ ᠵᠠᠰᠠᠬᠤ ᠲᠣᠭᠤᠶᠢᠯᠠᠩ    ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠪᠠᠶᠢᠴᠠᠭᠠᠬᠤ᠂ ᠰᠡᠷᠭᠡᠶᠢᠯᠡᠨ ᠵᠠᠰᠠᠬᠤ᠂ ᠲᠥᠰᠦᠭᠡᠯᠡᠬᠦ᠂ ᠤᠷᠢᠳᠴᠢᠯᠠᠨ ᠮᠡᠳᠡᠭᠦᠯᠬᠦ ᠶᠢ ᠬᠠᠷᠢᠭᠤᠴᠠᠵᠤ᠂ ᠡᠭᠦᠰᠬᠦ ᠬᠠᠨᠳᠤᠰᠢ ᠶᠢ ᠨᠢ ᠦᠨᠳᠦᠰᠦᠯᠡᠨ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠠᠷᠭᠠᠴᠠᠬᠤ ᠰᠠᠨᠠᠭᠤᠯᠭ᠎ᠠ ᠪᠠ ᠰᠠᠨᠠᠯ ᠢᠶᠠᠨ ᠳᠤᠷᠠᠳᠬᠤ ᠶᠢᠨ ᠬᠠᠮᠲᠤ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃    3. ᠤᠷᠢᠳᠴᠢᠯᠠᠨ ᠰᠡᠷᠡᠮᠵᠢᠯᠡᠭᠦᠯᠬᠦ ᠪᠠ ᠤᠷᠢᠳᠴᠢᠯᠠᠨ ᠰᠡᠷᠭᠡᠶᠢᠯᠡᠬᠦ ᠲᠣᠭᠲᠠᠴᠠ    3.1 ᠰᠡᠷᠭᠡᠶᠢᠯᠡᠬᠦ ᠰᠢᠰᠲ᠋ᠧᠮᠵᠢ    ᠪᠦᠬᠦ ᠰᠢᠶᠠᠨ ᠤ ᠤᠢ ᠮᠣᠳᠣᠨ ᠤ ᠡᠬᠢ ᠪᠠᠶᠠᠯᠢᠭ ᠤᠨ ᠲᠠᠷᠬᠠᠯᠲᠠ ᠶᠢᠨ ᠪᠠᠶᠢᠳᠠᠯ ᠢ ᠦᠨᠳᠦᠰᠦᠯᠡᠨ᠂ ᠤᠯᠤᠰ ᠤᠨ ᠥᠮᠴᠢᠯᠡᠯ ᠤᠨ ᠠᠮᠢ ᠠᠬᠤᠢ ᠶᠢᠨ ᠨᠡᠶᠢᠲᠡ ᠶᠢᠨ ᠠᠰᠠᠷᠠᠮᠵᠢ ᠶᠢᠨ ᠤᠢ᠂ ᠤᠯᠤᠰ ᠠᠴᠠ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠦᠷᠦᠯ ᠵᠦᠢᠯ᠂ ᠬᠠᠮᠠᠭᠠᠯᠠᠯᠲᠠ ᠶᠢᠨ ᠲᠦᠷᠦᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠬᠡᠪᠡᠷᠡᠭ ᠣᠷᠣᠨ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠲᠣᠭᠤᠷᠢᠭ ᠪᠣᠯᠭᠠᠵᠤ᠂ ᠪᠤᠰᠤᠳ ᠭᠠᠵᠠᠷ ᠣᠷᠣᠨ ᠨᠢ ᠡᠩ ᠤᠨ ᠤᠷᠢᠳᠴᠢᠯᠠᠨ ᠰᠡᠷᠭᠡᠶᠢᠯᠡᠬᠦ ᠣᠷᠣᠨ ᠪᠣᠯᠤᠨ᠎ᠠ᠃ ᠤᠯᠤᠰ ᠤᠨ ᠲᠠᠰ ᠤᠨ ᠲᠥᠪ ᠤᠨ ᠬᠡᠮᠵᠢᠨ ᠮᠡᠳᠡᠭᠦᠯᠬᠦ‍ ᠴᠢᠭ᠂ ᠦᠨᠳᠦᠰᠦᠨ ᠱᠠᠲᠤᠨ ᠤ ᠣᠶ ᠰᠢᠭᠤᠶ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠣᠶ ᠰᠢᠭᠤᠶ ᠬᠠᠮᠠᠭᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮᠵᠢ᠂ ᠬᠢᠨᠠᠨ ᠬᠡᠮᠵᠢᠵᠦ ᠰᠡᠷᠡᠮᠵᠢᠯᠡᠭᠦᠯᠬᠦ ᠲᠤᠰᠬᠠᠶ ᠡᠩᠨᠡᠭᠡ ᠪᠣᠯᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠢᠨᠠᠨ ᠬᠡᠮᠵᠢᠵᠦ ᠰᠡᠷᠡᠮᠵᠢᠯᠡᠭᠦᠯᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃    3.2 ᠬᠢᠨᠡᠨ ᠰᠢᠨᠵᠢᠬᠦ ᠪᠠᠶᠢᠭᠤᠯᠥᠮᠵᠢ    ᠰᠢᠶᠠᠨ ᠤ ᠣᠶ ᠰᠢᠭᠤᠶ ᠶᠢᠨ ᠠᠵᠢᠯ ᠤᠨ ᠦᠢᠯᠡᠴᠢᠯᠡᠭᠡᠨ ᠤ ᠲᠥᠪ ᠤᠨ ᠪᠠᠶᠢᠭᠤᠯᠤᠮᠵᠢ ᠪᠣᠯ ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠢ ᠬᠢᠨᠠᠨ ᠬᠡᠮᠵᠢᠬᠦ ᠶᠢ ᠬᠡᠷᠡᠭᠵᠢᠭᠦᠯᠬᠦ ᠨᠢᠭᠡᠴᠡ ᠪᠣᠯᠤᠨ᠎ᠠ᠂ ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠵᠢᠯ ᠪᠦᠷᠢ ᠬᠠᠷᠢᠶ᠎ᠠ ᠬᠡᠪᠴᠢᠶᠡᠨ ᠳᠣᠲᠣᠷᠠᠬᠢ ᠭᠤᠤᠯᠳᠠᠯᠭ᠎ᠠ ᠲᠠᠢ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠳᠡᠮ ᠪᠠᠶᠢᠴᠠᠭᠠᠯᠲᠠ ᠬᠢᠵᠦ᠂ ᠡᠪᠡᠳᠴᠢᠨ ᠢᠶᠠᠷ ᠦᠬᠦᠭᠰᠡᠨ ᠮᠣᠳᠣ ᠪᠠ ᠪᠤᠰᠤᠳ ᠬᠡᠪ ᠤᠨ ᠪᠤᠰᠤ ᠦᠵᠡᠭᠳᠡᠯ ᠢ ᠣᠯᠵᠤ ᠮᠡᠳᠡᠪᠡᠯ ᠴᠠᠭ ᠲᠤᠬᠠᠶ ᠳᠤᠨᠢ ᠪᠠᠶᠢᠴᠠᠭᠠᠵᠤ᠂ ᠦᠯᠢᠭᠡᠷ ᠠᠪᠬᠤ ᠶᠢᠨ ᠬᠠᠮᠲᠤ ᠲᠤᠰᠬᠠᠶ ᠬᠥᠮᠦᠨ ᠲᠣᠮᠢᠯᠠᠨ ᠬᠠᠮᠢᠶᠠᠷᠴᠤ ᠬᠠᠮᠠᠭᠠᠯᠠᠨ ᠪᠠᠶᠢᠭᠠᠳ ᠲᠤᠬᠠᠶ ᠶᠢᠨ ᠲᠠᠯᠠᠪᠠᠶ ᠳᠤ ᠴᠠᠭ ᠲᠤᠬᠠᠶ ᠳᠤᠨᠢ ᠬᠢᠨᠠᠨ ᠡᠵᠡᠮᠳᠡᠬᠦ ᠬᠡᠷᠡᠭᠲᠡᠶ᠃ ᠰᠢᠨ᠎ᠡ ᠪᠠᠷ ᠣᠯᠵᠤ ᠮᠡᠳᠡᠭᠰᠡᠨ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠬᠢᠨᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠤᠲᠠᠯᠠᠭᠰᠠᠨ ᠪᠠ ᠬᠢᠨᠠᠨ ᠲᠣᠭᠲᠠᠭᠠᠬᠤ ᠶᠢᠨ ᠠᠷᠭ᠎ᠠ ᠦᠭᠡᠶ ᠪᠣᠯ᠂ ᠤᠯᠤᠰ ᠤᠨ ᠣᠶ ᠰᠢᠭᠤᠶ ᠶᠢᠨ ᠲᠣᠪᠴᠢᠶ᠎ᠠ ᠶᠢᠨ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠬᠢᠨᠠᠨ ᠲᠣᠭᠲᠠᠭᠠᠬᠤ ᠲᠥᠪ ᠲᠤ ᠬᠦᠷᠭᠡᠵᠦ ᠬᠢᠨᠠᠨ ᠲᠣᠭᠲᠠᠭᠠᠯᠭᠠᠨ᠎ᠠ᠃    3.3 ᠬᠢᠵᠢᠭ ᠪᠠᠶᠢᠴᠠᠭᠠᠬᠤ ᠬᠠᠮᠢᠶᠠᠷᠤᠯᠲᠠ    ᠰᠢᠶᠠᠨ ᠤ ᠣᠶ ᠰᠢᠭᠤᠶ ᠶᠢᠨ ᠠᠵᠢᠯ ᠤᠨ ᠦᠢᠯᠡᠴᠢᠯᠡᠭᠡᠨ ᠤ ᠲᠥᠪ ᠤᠨ ᠪᠠᠶᠢᠭᠤᠯᠤᠮᠵᠢ ᠨᠢ ᠣᠶ ᠰᠢᠭᠤᠶ ᠶᠢᠨ ᠤᠷᠭᠤᠮᠠᠯ ᠵᠢᠴᠢ ᠪᠦᠲᠦᠭᠡᠭᠳᠡᠬᠦᠨ ᠳᠤ ᠬᠢᠵᠢᠭ ᠤᠨ ᠪᠠᠶᠢᠴᠠᠭᠠᠯᠲᠠ ᠬᠢᠬᠦ ᠶᠢ ᠬᠠᠷᠢᠭᠤᠴᠠᠵᠤ᠂ ᠬᠢᠵᠢᠭ ᠤᠨ ᠪᠠᠶᠢᠴᠠᠭᠠᠯᠲᠠ ᠶᠢᠨ ᠥᠷᠲᠡᠭᠡ ᠪᠠ ᠮᠣᠳᠣᠨ ᠮᠠᠲ᠋ᠧᠷᠢᠶᠠᠯ ᠪᠠᠶᠢᠴᠠᠭᠠᠬᠤ ᠥᠷᠲᠡᠭᠡ ᠳᠤ ᠬᠢᠵᠢᠭ ᠤᠨ ᠪᠠᠶᠢᠴᠠᠭᠠᠯᠲᠠ ᠶᠢᠨ ᠭᠠᠷᠳᠠᠮ ᠢ ᠴᠢᠩᠭ᠎ᠠ ᠪᠠᠶᠢᠴᠠᠭᠠᠨ ᠰᠢᠯᠭᠠᠵᠤ᠂ ᠬᠢᠵᠢᠭ ᠤᠨ ᠲᠠᠷᠬᠠᠯᠲᠠ ᠶᠢᠨ ᠪᠠᠶᠢᠳᠠᠯ ᠢ ᠰᠡᠷᠭᠡᠶᠢᠯᠡᠬᠦ ᠬᠡᠷᠡᠭᠲᠡᠶ᠃    3.4 ᠮᠡᠳᠡᠭᠡ ᠵᠠᠩᠬᠢ ᠶᠢᠨ ᠰᠢᠰᠲ᠋ᠧᠮ ᠪᠠ ᠰᠢᠨᠵᠢᠯᠡᠬᠦ ᠣᠬᠠᠭᠠᠨ ᠮᠡᠷᠭᠡᠵᠢᠯ ᠤᠨ ᠲᠣᠯᠭᠠᠭᠤᠷᠢᠯᠡᠯ    ᠭᠠᠵᠠᠷ ᠣᠷᠣᠨ ᠤ ᠬᠤᠭᠤᠷᠣᠨᠳᠣᠬᠢ ᠰᠣᠯᠢᠯᠴᠠᠭ᠎ᠠ ᠪᠠ ᠭ᠋ᠤᠷᠰᠢᠯᠴᠠᠭ᠎ᠠ ᠶᠢ ᠴᠢᠩᠭᠠᠳᠭᠠᠵᠤ᠂ ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ᠃ ᠲᠤᠰᠬᠠᠶ ᠮᠡᠷᠭᠡᠵᠢᠯᠲᠡᠨ ᠤ ᠰᠠᠨᠠᠯ ᠪᠠ ᠰᠠᠨᠠᠭᠤᠯᠭ᠎ᠠ ᠶᠢ ᠢᠳᠡᠪᠬᠢᠲᠡᠶ ᠰᠣᠨᠣᠰᠴᠤ᠂ ᠲᠣᠭᠲᠠᠮᠠᠯ ᠬᠤᠭᠤᠴᠠᠭ᠎ᠠ ᠲᠠᠢ ᠪᠠᠷ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠣᠷᠣᠵᠤ ᠢᠷᠡᠬᠦ ᠪᠣᠯᠤᠯᠴᠠᠭ᠎ᠠ ᠲᠠᠢ ᠬᠦᠨᠳᠦ ᠶᠡᠭᠡ ᠬᠥᠨᠥᠭᠡᠯ ᠲᠠᠢ ᠠᠮᠢᠳᠤ ᠪᠣᠳᠠᠰ ᠲᠤ ᠲᠦᠭᠰᠢᠭᠦᠷᠢ ᠶᠢᠨ ᠵᠠᠳᠠᠯᠤᠯᠲᠠ ᠬᠢᠵᠦ᠂ ᠲᠦᠭᠰᠢᠭᠦᠷᠢ ᠶᠢᠨ ᠵᠡᠷᠭᠡ ᠳᠡᠰ ᠢ ᠦᠨᠡᠯᠡᠨ ᠲᠣᠭᠲᠠᠭᠠᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠪᠠ ᠬᠢᠵᠠᠭᠠᠷᠯᠠᠬᠤ ᠮᠡᠷᠭᠡᠵᠢᠯ ᠢ ᠳᠤᠷᠠᠳᠤᠨ ᠭᠠᠷᠭᠠᠬᠤ ᠬᠡᠷᠡᠭᠲᠡᠶ᠃    4. ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ    4.1 ᠭᠠᠮᠰᠢᠭ ᠢ ᠨᠣᠳᠠᠯᠠᠬᠤ ᠪᠠ ᠳᠡᠰ ᠬᠤᠪᠢᠶᠡᠬᠤ    ᠥᠪᠡᠷᠲᠡᠭᠡᠨ ᠵᠠᠰᠠᠬᠤ ᠣᠷᠣᠨ ᠤ ᠪᠡᠯᠡᠳᠬᠡᠯ ᠲᠥᠰᠦᠯ ᠳᠠᠬᠢ ᠱᠠᠭᠠᠷᠳᠠᠯᠭ᠎ᠠ ᠶᠢ ᠦᠨᠳᠦᠰᠦᠯᠡᠨ᠂ ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠭᠠᠷᠪᠠᠯ᠂ ᠠᠶᠢᠮᠠᠭ ᠬᠤᠲᠠ ᠠᠴᠠ ᠳᠡᠭᠡᠭᠰᠢᠬᠢ ᠣᠶ ᠰᠢᠭᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠨᠤᠲᠠᠯᠠᠭᠤᠯᠬᠤ ᠬᠡᠷᠡᠭᠲᠡᠶ᠃    4.1.1 ᠭᠠᠢ ᠭᠠᠮᠰᠢᠭ ᠢ ᠨᠣᠳᠠᠯᠠᠬᠤ    ᠳᠣᠤᠷᠠᠬᠢ ᠪᠠᠶᠢᠳᠠᠯ ᠤᠨ ᠨᠢᠭᠡ ᠨᠢ ᠭᠠᠷᠤᠭᠰᠠᠨ ᠪᠣᠯ ᠣᠶ ᠰᠢᠭᠤᠶ ᠶᠢᠨ ᠬᠦᠨᠳᠦ ᠬᠡᠴᠡᠭᠦᠦ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢᠶᠠᠷ ᠨᠤᠲᠠᠯᠠᠵᠤ ᠪᠣᠯᠤᠨ᠎ᠠ᠄    1. ᠬᠥᠮᠦᠨ ᠲᠥᠷᠥᠯᠬᠢᠲᠡᠨ ᠤ ᠡᠷᠡᠭᠦᠯ ᠮᠡᠨᠳᠦ ᠳᠤ ᠰᠦᠷᠳᠡᠭᠦᠯᠦᠯ ᠤᠴᠠᠷᠠᠭᠤᠯᠵᠤ᠂ ᠣᠶ ᠮᠣᠳᠣᠨ ᠤ ᠡᠪᠡᠳᠴᠢᠨ ᠬᠤᠷᠣᠬᠠᠶ ᠶᠢ ᠰᠣᠯᠪᠢᠴᠠᠭᠤᠯᠤᠨ ᠬᠥᠮᠦᠨ ᠮᠠᠯ ᠳᠤ ᠬᠠᠯᠳᠠᠪᠤᠷᠢᠯᠠᠭᠤᠯᠤᠭᠰᠠᠨ    2. ᠰᠢᠨ᠎ᠡ ᠪᠠᠷ ᠮᠠᠨ ᠤ ᠰᠢᠶᠠᠨ ᠳᠤ ᠣᠷᠣᠵᠤ ᠢᠷᠡᠭᠰᠡᠨ ᠪᠥᠭᠡᠳ ᠤᠯᠤᠰ ᠤᠨ ᠳᠣᠲᠣᠭᠠᠳᠤ ᠳᠤ ᠲᠠᠷᠬᠠᠯ ᠦᠭᠡᠢ ᠣᠢ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠪᠣᠯ ᠰᠢᠭᠤᠳ ᠣᠢ ᠮᠣᠳᠣ ᠶᠢ ᠦᠬᠦᠭᠦᠯᠵᠦ ᠪᠣᠯᠤᠨ᠎ᠠ᠃    3᠂ ᠤᠯᠤᠰ ᠤᠨ ᠲᠠᠰ ᠤᠨ ᠣᠶ ᠰᠢᠭᠤᠶ ᠶᠢᠨ ᠬᠢᠵᠢᠭ ᠪᠠᠶᠢᠴᠠᠭᠠᠬᠤ ᠴᠢᠨᠠᠷᠲᠠᠶ ᠬᠤᠤᠷᠲᠤ ᠠᠮᠢᠳᠤ ᠪᠣᠳᠠᠰ ᠮᠠᠨ ᠤ ᠰᠢᠶᠠᠨ ᠳᠤ ᠰᠢᠨ᠎ᠡ ᠪᠠᠷ ᠡᠭᠦᠰᠦᠭᠰᠡᠨ᠃    4. ᠥᠪᠡᠷᠲᠡᠭᠡᠨ ᠵᠠᠰᠠᠬᠤ ᠣᠷᠣᠨ ᠳᠤ ᠨᠢᠭᠡᠨᠲᠡ ᠲᠠᠷᠬᠠᠵᠤ ᠪᠠᠶᠢᠭ᠎ᠠ ᠤᠯᠤᠰ ᠤᠨ ᠲᠠᠰ ᠤᠨ ᠣᠶ ᠰᠢᠭᠤᠶ ᠶᠢᠨ ᠬᠢᠵᠢᠭ ᠪᠠᠶᠢᠴᠠᠭᠠᠬᠤ ᠴᠢᠨᠠᠷᠲᠠᠶ ᠬᠥᠨᠥᠭᠡᠯ ᠲᠠᠢ ᠠᠮᠢᠳᠤ ᠪᠣᠳᠠᠰ ᠭᠤᠤᠯᠳᠠᠯᠭ᠎ᠠ ᠲᠠᠢ ᠰᠡᠷᠭᠡᠶᠢᠯᠡᠬᠦ ᠣᠷᠣᠨ ᠳᠤ ᠰᠢᠨ᠎ᠡ ᠬᠢᠵᠢᠭ ᠭᠠᠷᠤᠭᠰᠠᠨ    5. ᠭᠡᠨᠡᠳᠲᠡ ᠶᠢᠨ ᠴᠢᠨᠠᠷᠲᠠᠶ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠵᠠᠯᠭᠠᠯᠳᠤᠨ ᠭᠠᠮᠰᠢᠭᠳᠠᠭᠰᠠᠨ ᠲᠠᠯᠠᠪᠠᠶ 10 ᠲᠦᠮᠡᠨ ᠮᠦ ᠠᠴᠠ ᠳᠡᠭᠡᠭᠰᠢ ᠪᠣᠯᠵᠤ᠂ ᠲᠤᠬᠠᠶ ᠶᠢᠨ ᠭᠠᠵᠠᠷ ᠤᠨ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠵᠠᠯᠭᠠᠯᠳᠤᠨ ᠭᠠᠮᠰᠢᠭᠳᠠᠭᠰᠠᠨ ᠲᠠᠯᠠᠪᠠᠶ 20 ᠲᠦᠮᠡᠨ ᠮᠦ ᠠᠴᠠ ᠳᠡᠭᠡᠭᠰᠢ ᠪᠣᠯᠤᠭᠰᠠᠨ ᠪᠠᠶᠢᠪᠠᠯ᠃    4.1.2 ᠭᠠᠮᠰᠢᠭ ᠤᠨ ᠳᠡᠰ ᠬᠤᠪᠢᠶᠠᠬᠤ    ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠶ ᠭᠠᠮᠰᠢᠭ ᠢ ᠭᠤᠷᠪᠠᠨ ᠳᠡᠰ ᠬᠤᠪᠢᠶᠠᠨ᠎ᠠ᠃    1. ᠳᠣᠤᠷᠠᠬᠢ ᠪᠠᠶᠢᠳᠠᠯ ᠤᠨ ᠨᠢᠭᠡ ᠨᠢ ᠭᠠᠷᠪᠠᠯ᠂ ᠨᠢᠭᠡᠳᠦᠭᠡᠷ ᠲᠠᠰ ᠤᠨ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠬᠦᠨᠳᠦ ᠬᠡᠴᠡᠭᠦᠦ ᠭᠠᠮᠰᠢᠭ ᠢᠶᠠᠷ ᠨᠤᠲᠠᠯᠠᠵᠤ ᠪᠣᠯᠤᠨ᠎ᠠ᠃    ︵1︶ ᠬᠥᠮᠦᠨ ᠲᠥᠷᠥᠯᠬᠢᠲᠡᠨ ᠤ ᠡᠷᠡᠭᠦᠯ ᠮᠡᠨᠳᠦ ᠳᠤ ᠰᠦᠷᠳᠡᠭᠦᠯᠦᠯ ᠪᠣᠯᠵᠤ᠂ ᠣᠢ ᠣᠳᠣᠨ ᠤ ᠡᠪᠡᠳᠴᠢᠨ ᠬᠤᠷᠣᠬᠠᠢ ᠶᠢᠨ ᠰᠣᠯᠪᠢᠴᠠᠨ ᠬᠠᠯᠳᠠᠪᠤᠷᠢᠯᠠᠬᠤ᠃    ︵2︶ ᠰᠢᠨ᠎ᠡ ᠪᠠᠷ ᠮᠠᠨ ᠤ ᠰᠢᠶᠠᠨ ᠳᠤ ᠣᠷᠣᠵᠤ ᠢᠷᠡᠭᠰᠡᠨ ᠪᠥᠭᠡᠳ ᠤᠯᠤᠰ ᠤᠨ ᠳᠣᠲᠣᠭᠠᠳᠤ ᠳᠤ ᠲᠠᠷᠬᠠᠭᠰᠠᠨ ᠣᠶ ᠰᠢᠭᠤᠶ ᠶᠢᠨ ᠬᠥᠨᠥᠭᠡᠯ ᠲᠠᠢ ᠠᠮᠢᠳᠤ ᠪᠣᠳᠠᠰ ᠨᠢ ᠣᠶ ᠮᠣᠳᠣ ᠶᠢ ᠰᠢᠭᠤᠳ ᠦᠬᠦᠭᠦᠯᠦᠭᠰᠡᠨ᠃    3 ᠳ᠋ᠤᠭᠠᠷ ᠰᠠᠷ᠎ᠠ ᠶᠢᠨ 5 ᠤ ᠡᠳᠦᠷ ᠬᠠᠶᠠ ᠡᠭᠦᠰᠳᠡᠭ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠨᠢ 2 ᠠᠴᠠ ᠳᠡᠭᠡᠭᠰᠢᠬᠢ ᠠᠶᠢᠮᠠᠭ ᠬᠤᠲᠠ ᠳᠤ ᠵᠠᠯᠭᠠᠯᠳᠤᠨ ᠡᠭᠦᠰᠴᠦ᠂ ᠭᠠᠮᠰᠢᠭ ᠪᠣᠯᠤᠭᠰᠠᠨ ᠲᠠᠯᠠᠪᠠᠶ ᠨᠢ 100 ᠲᠦᠮᠡᠨ ᠮᠦ ᠠᠴᠠ ᠳᠡᠭᠡᠭᠰᠢ ᠪᠠᠶᠢᠵᠤ᠂ ᠬᠤᠤᠷ ᠬᠥᠨᠥᠭᠡᠯ ᠤᠨ ᠬᠡᠮᠵᠢᠶ᠎ᠡ ᠨᠢ ᠳᠤᠮᠳᠠ ᠵᠡᠷᠭᠡ ᠠᠴᠠ ᠳᠡᠭᠡᠭᠰᠢᠬᠢ ᠡᠭᠦᠰᠦᠭᠰᠡᠨ ᠲᠠᠯᠠᠪᠠᠶ ᠨᠢ ᠶᠡᠷᠦᠩᠬᠡᠶ ᠡᠭᠦᠰᠦᠯᠲᠡ ᠶᠢᠨ ᠲᠠᠯᠠᠪᠠᠶ ᠶᠢᠨ 60% ᠶᠢ ᠡᠵᠡᠯᠡᠭᠰᠡᠨ ᠪᠠᠶᠢᠪᠠᠯ᠃    4 ᠳᠦᠭᠡᠷ ᠰᠠᠷ᠎ᠠ ᠶᠢᠨ ᠣᠨᠴᠠᠭᠠᠢ ᠪᠠᠶᠢᠳᠠᠯ ᠨᠢᠭᠡᠳᠦᠭᠡᠷ ᠳᠡᠰ ᠤᠨ ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠤᠨ ᠭᠠᠮᠰᠢᠭ ᠪᠣᠯᠭᠠᠬᠤ ᠴᠢᠬᠤᠯᠠ ᠲᠠᠢ ᠪᠣᠯ᠃    2. ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠭᠠᠷᠤᠭᠰᠠᠨ ᠪᠣᠯ ᠬᠤᠶᠠᠳᠤᠭᠠᠷ ᠲᠠᠰ ᠤᠨ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠬᠦᠨᠳᠦ ᠶᠡᠭᠡ ᠭᠠᠮᠰᠢᠭ ᠢᠶᠠᠷ ᠨᠤᠲᠠᠯᠠᠵᠤ ᠪᠣᠯᠤᠨ᠎ᠠ᠃    ︵1︶ ᠤᠯᠤᠰ ᠤᠨ ᠲᠠᠰ ᠤᠨ ᠣᠶ ᠰᠢᠭᠤᠶ ᠶᠢᠨ ᠬᠢᠵᠢᠭ ᠪᠠᠶᠢᠴᠠᠭᠠᠬᠤ ᠴᠢᠨᠠᠷᠲᠠᠶ ᠬᠥᠨᠥᠭᠡᠯᠲᠦ ᠠᠮᠢᠳᠤ ᠪᠣᠳᠠᠰ ᠮᠠᠨ ᠤ ᠰᠢᠶᠠᠨ ᠳᠤ ᠰᠢᠨ᠎ᠡ ᠪᠠᠷ ᠡᠭᠦᠰᠦᠭᠰᠡᠨ᠃    ︵2︶ ᠭᠡᠨᠡᠳᠲᠡ ᠡᠭᠦᠰᠬᠦ ᠴᠢᠨᠠᠷ ᠲᠠᠢ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠨᠢ 2 ᠠᠴᠠ ᠳᠡᠭᠡᠭᠰᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠯᠭᠠᠯᠳᠤᠨ ᠡᠭᠦᠰᠴᠦ᠂ ᠭᠠᠮᠰᠢᠭ ᠪᠣᠯᠤᠭᠰᠠᠨ ᠲᠠᠯᠠᠪᠠᠶ ᠨᠢ 40 ᠲᠦᠮᠡᠨ ᠮᠦ ᠠᠴᠠ ᠳᠡᠭᠡᠭᠰᠢ ᠪᠠᠶᠢᠵᠤ᠂ ᠬᠤᠤᠷ ᠬᠥᠨᠥᠭᠡᠯ ᠤᠨ ᠬᠡᠮᠵᠢᠶ᠎ᠡ ᠨᠢ ᠳᠤᠮᠳᠠ ᠵᠡᠷᠭᠡ ᠠᠴᠠ ᠳᠡᠭᠡᠭᠰᠢᠬᠢ ᠡᠭᠦᠰᠦᠭᠰᠡᠨ ᠲᠠᠯᠠᠪᠠᠶ ᠨᠢ ᠶᠡᠷᠦᠩᠬᠡᠶ ᠡᠭᠦᠰᠦᠭᠰᠡᠨ ᠲᠠᠯᠠᠪᠠᠶ ᠶᠢᠨ 60% ᠶᠢ ᠡᠵᠡᠯᠡᠭᠰᠡᠨ ᠪᠠᠶᠢᠪᠠᠯ᠃    ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠪᠣᠯ 2 ᠠᠴᠠ ᠳᠡᠭᠡᠭᠰᠢᠬᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠯᠭᠠᠯᠳᠤᠨ ᠡᠭᠦᠰᠴᠦ᠂ ᠭᠠᠮᠰᠢᠭ ᠪᠣᠯᠤᠭᠰᠠᠨ ᠲᠠᠯᠠᠪᠠᠶ ᠨᠢ 60 ᠲᠦᠮᠡᠨ ᠮᠦ ᠠᠴᠠ ᠳᠡᠭᠡᠭᠰᠢ ᠪᠠᠶᠢᠵᠤ᠂ ᠬᠤᠤᠷ ᠬᠥᠨᠥᠭᠡᠯ ᠤᠨ ᠬᠡᠮᠵᠢᠶ᠎ᠡ ᠨᠢ ᠳᠤᠮᠳᠠ ᠵᠡᠷᠭᠡ ᠠᠴᠠ ᠳᠡᠭᠡᠭᠰᠢᠬᠢ ᠡᠭᠦᠰᠦᠭᠰᠡᠨ ᠲᠠᠯᠠᠪᠠᠶ ᠨᠢ ᠶᠡᠷᠦᠩᠬᠡᠶ ᠭᠠᠷᠤᠭᠰᠠᠨ ᠲᠠᠯᠠᠪᠠᠶ ᠶᠢᠨ 60% ᠶᠢ ᠡᠵᠡᠯᠡᠭᠦᠯᠦᠭᠰᠡᠨ ᠪᠠᠶᠢᠬᠤ ᠬᠡᠷᠡᠭᠲᠡᠶ᠃    4 ᠳᠦᠭᠡᠷ ᠰᠠᠷ᠎ᠠ ᠶᠢᠨ ᠣᠨᠴᠠᠭᠠᠢ ᠪᠠᠶᠢᠳᠠᠯ ᠬᠤᠶᠠᠳᠤᠭᠠᠷ ᠳᠡᠰ ᠤᠨ ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠤᠨ ᠭᠠᠮᠰᠢᠭ ᠪᠣᠯᠭᠠᠬᠤ ᠴᠢᠬᠤᠯᠠ ᠲᠠᠢ ᠪᠣᠯ᠃    3. ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠭᠠᠷᠤᠭᠰᠠᠨ ᠪᠣᠯ ᠭᠤᠷᠪᠠᠨ ᠱᠠᠲᠤᠨ ᠤ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠬᠦᠨᠳᠦ ᠶᠡᠭᠡ ᠭᠠᠮᠰᠢᠭ ᠢᠶᠠᠷ ᠨᠤᠲᠠᠯᠠᠵᠤ ᠪᠣᠯᠤᠨ᠎ᠠ᠄    ︵1︶ ᠥᠪᠡᠷᠲᠡᠭᠡᠨ ᠵᠠᠰᠠᠬᠤ ᠣᠷᠣᠨ ᠤ ᠨᠢᠭᠡᠨᠲᠡ ᠲᠠᠷᠬᠠᠵᠤ ᠪᠠᠶᠢᠭ᠎ᠠ ᠤᠯᠤᠰ ᠤᠨ ᠲᠠᠰ ᠤᠨ ᠣᠶ ᠰᠢᠭᠤᠶ ᠶᠢᠨ ᠬᠢᠵᠢᠭ ᠢ ᠪᠠᠶᠢᠴᠠᠭᠠᠬᠤ ᠴᠢᠨᠠᠷᠲᠠᠶ ᠬᠥᠨᠥᠭᠡᠯ ᠲᠠᠢ ᠠᠮᠢᠳᠤ ᠪᠣᠳᠠᠰ ᠭᠤᠤᠯᠳᠠᠯᠭ᠎ᠠ ᠲᠠᠢ ᠰᠡᠷᠭᠡᠶᠢᠯᠡᠬᠦ ᠣᠷᠣᠨ ᠳᠤ ᠰᠢᠨ᠎ᠡ ᠬᠢᠵᠢᠭ ᠤᠨ ᠪᠠᠶᠢᠳᠠᠯ ᠭᠠᠷᠤᠭᠰᠠᠨ᠃    ︵2︶ ᠭᠡᠨᠡᠳᠲᠡ ᠶᠢᠨ ᠴᠢᠨᠠᠷ ᠲᠠᠢ ᠣᠢ ᠰᠢᠭᠤᠢ ᠶᠢᠨ ᠬᠤᠣᠷ ᠬᠥᠨᠥᠭᠡᠯ ᠲᠠᠢ ᠠᠮᠢᠳᠤ ᠪᠣᠳᠠᠰ 2 ᠠᠴᠠ ᠳᠡᠭᠡᠭᠰᠢ ᠰᠢᠶᠠᠩ ᠪᠠᠯᠭᠠᠰᠤ ︵ᠰᠤᠮᠤ︶ ᠳᠤ ᠵᠠᠯᠭᠠᠯᠳᠤᠨ᠂ ᠭᠠᠮᠰᠢᠭ ᠪᠣᠯᠣᠭᠰᠠᠨ ᠲᠠᠯᠠᠪᠠᠢ ᠨᠢ 10 ᠲᠦᠮᠡᠨ ᠮᠦ ᠠᠴᠠ ᠳᠡᠭᠡᠭᠰᠢ ᠪᠠᠶᠢᠵᠤ᠂ ᠬᠤᠣᠷ ᠬᠥᠨᠥᠭᠡᠯ ᠤᠨ ᠬᠡᠮᠵᠢᠶ᠎ᠡ ᠶᠢᠨ ᠳᠤᠮᠳᠠ ᠵᠡᠷᠭᠡ ᠠᠴᠠ ᠳᠡᠭᠡᠭᠰᠢᠬᠢ ᠡᠭᠦᠰᠦᠭᠰᠡᠨ ᠲᠠᠯᠠᠪᠠᠢ ᠨᠢ ᠶᠡᠷᠦᠩᠬᠡᠢ ᠲᠠᠯᠠᠪᠠᠢ ᠶᠢᠨ 60% ᠶᠢ ᠡᠵᠡᠯᠡᠭᠰᠡᠨ ᠪᠠᠶᠢᠨ᠎ᠠ᠃    ︵3︶ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ 2 ᠠᠴᠠ ᠳᠡᠭᠡᠭᠰᠢᠬᠢ ᠰᠢᠶᠠᠩ ᠪᠠᠯᠭᠠᠰᠤ ︵ᠰᠤᠮᠤ︶ ᠳᠤ ᠵᠠᠯᠭᠠᠯᠳᠤᠵᠤ᠂ ᠭᠠᠮᠰᠢᠭ ᠪᠣᠯᠣᠭᠰᠠᠨ ᠲᠠᠯᠠᠪᠠᠶ ᠨᠢ 10 ᠲᠦᠮᠡᠨ ᠮᠥ ᠠᠴᠠ ᠳᠡᠭᠡᠭᠰᠢ ᠪᠠᠶᠢᠵᠤ᠂ ᠬᠥᠨᠥᠭᠡᠯ ᠤᠨ ᠬᠡᠮᠵᠢᠶ᠎ᠡ ᠶᠢᠨ ᠳᠤᠮᠳᠠ ᠵᠡᠷᠭᠡ ᠠᠴᠠ ᠳᠡᠭᠡᠭᠰᠢᠬᠢ ᠡᠭᠦᠰᠦᠭᠰᠡᠨ ᠲᠠᠯᠠᠪᠠᠶ ᠨᠢ ᠶᠡᠷᠦᠩᠬᠡᠶ ᠡᠭᠦᠰᠦᠭᠰᠡᠨ ᠲᠠᠯᠠᠪᠠᠶ ᠶᠢᠨ 60% ᠶᠢ ᠡᠵᠡᠯᠡᠭᠰᠡᠨ ᠪᠠᠶᠢᠨ᠎ᠠ᠃    4 ᠳᠦᠭᠡᠷ ᠰᠠᠷ᠎ᠠ ᠶᠢᠨ ᠣᠨᠴᠠᠭᠠᠢ ᠪᠠᠶᠢᠳᠠᠯ ᠢ 3 ᠳ᠋ᠤᠭᠠᠷ ᠳᠡᠰ ᠤᠨ ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠤᠨ ᠭᠠᠮᠰᠢᠭ ᠪᠣᠯᠭᠠᠬᠤ ᠴᠢᠬᠤᠯᠠ ᠲᠠᠢ ᠪᠣᠯ᠃    4.2 ᠱᠠᠲᠤ ᠬᠤᠪᠢᠶᠠᠨ ᠳᠠᠭᠠᠬᠤ    4.2.1 ᠳᠡᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠳᠡᠰ ᠳᠠᠷᠠᠭᠠᠯᠠᠯ    ᠠᠶᠢᠮᠠᠭ ᠬᠤᠲᠠ ᠶᠢᠨ ᠭᠠᠮᠰᠢᠭ ᠤᠨ ᠪᠠᠶᠢᠳᠠᠯ ᠤᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠭᠠᠵᠠᠷ ᠤᠨ ᠠᠯᠪᠠᠨ ᠬᠡᠷ ᠳᠠᠷᠤᠶ ᠲᠦᠷᠭᠡᠨ ᠬᠥᠮᠦᠰ ᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠤᠷ ᠲᠤ ᠣᠴᠢᠭᠤᠯᠵᠤ᠂ ᠭᠠᠮᠰᠢᠭ ᠤᠨ ᠪᠠᠶᠢᠳᠠᠯ ᠭᠠᠷᠤᠭᠰᠠᠨ ᠪᠠᠶᠢᠳᠠᠯ ᠢ ᠤᠶᠢᠯᠠᠭᠠᠨ᠂ ᠭᠠᠮᠰᠢᠭ ᠤᠨ ᠪᠠᠶᠢᠳᠠᠯ ᠤᠨ ᠬᠦᠨᠳᠦ ᠨᠣᠴᠢᠲᠠᠶ ᠬᠡᠮᠵᠢᠶ᠎ᠡ ᠶᠢ ᠲᠣᠭᠲᠠᠭᠠᠵᠤ᠂ ᠭᠠᠮᠰᠢᠭ ᠤᠨ ᠪᠠᠶᠢᠳᠠᠯ ᠤᠨ ᠬᠥᠭᠵᠢᠯᠲᠡ ᠶᠢᠨ ᠬᠠᠨᠳᠤᠰᠢ ᠶᠢ ᠵᠠᠳᠠᠯᠤᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠬᠦ ᠰᠠᠨᠠᠭᠤᠯᠭ᠎ᠠ ᠳᠤᠷᠠᠳᠴᠤ᠂ ᠵᠢᠯᠣᠭᠤᠳᠬᠤ ᠭᠠᠵᠠᠷ ᠠᠴᠠ ᠨᠤᠲᠠᠯᠠᠬᠤ ᠶᠢᠨ ᠬᠠᠮᠲᠤ ᠪᠦᠷᠢᠯᠳᠦᠬᠦᠨ ᠨᠢᠭᠡᠴᠢ ᠶᠢ ᠴᠤᠭᠯᠠᠭᠤᠯᠵᠤ ᠪᠠᠴᠢᠮ ᠬᠤᠷᠠᠯ ᠬᠢᠯᠭᠡᠵᠦ᠂ ᠬᠤᠯᠪᠣᠭᠳᠠᠯ ᠪᠥᠬᠦᠶ ᠴᠢᠬᠤᠯᠠ ᠶᠡᠭᠡ ᠵᠦᠢᠯᠡᠰ ᠢ ᠰᠢᠢᠳᠪᠦᠷᠢᠲᠦ ᠪᠣᠳᠣᠯᠭ᠎ᠠ ᠲᠣᠭᠲᠠᠭᠠᠨ᠂ ᠭᠠᠮᠰᠢᠭ ᠠᠴᠠ ᠠᠪᠤᠷᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠤᠯᠤᠰ ᠤᠨ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠳᠤ ᠭᠠᠮᠰᠢᠭ ᠤᠨ ᠪᠠᠶᠢᠳᠠᠯ ᠢ ᠮᠡᠳᠡᠭᠦᠯᠵᠦ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠨᠢᠭᠲᠠ ᠬᠠᠮᠵᠢᠯᠴᠠᠨ᠂ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠤ ᠦᠳᠲᠡᠷ ᠲᠦᠷᠭᠡᠨ ᠣᠷᠣᠯᠴᠠᠵᠤ᠂ ᠭᠠᠮᠰᠢᠭ ᠤᠨ ᠪᠠᠶᠢᠳᠠᠯ ᠢ ᠲᠦᠷᠭᠡᠬᠡᠨ ᠡᠵᠡᠮᠳᠡᠬᠦ ᠬᠡᠷᠡᠭᠲᠡᠶ᠃ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠳᠠᠭᠠᠵᠤ ᠬᠢᠬᠦ ᠠᠮᠢᠳᠤ ᠪᠣᠳᠠᠰ ᠤᠨ ᠭᠠᠮᠰᠢᠭ ᠢ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠵᠣᠬᠢᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠡᠬᠢᠯᠡᠭᠦᠯᠬᠦ ᠴᠢᠬᠤᠯᠠᠲᠠᠶ᠃    4.2.2 ᠳᠡᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠳᠡᠰ ᠳᠠᠷᠠᠭᠠᠯᠠᠯ    ᠠᠶᠢᠮᠠᠭ ᠬᠤᠲᠠ ᠶᠢᠨ ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠶᠢᠨ ᠠᠯᠪᠠᠨ ᠭᠡᠷ ᠭᠠᠮᠰᠢᠭ ᠤᠨ ᠪᠠᠶᠢᠳᠠᠯ ᠤᠨ ᠮᠡᠳᠡᠭᠦᠯᠦᠯᠲᠡ ᠶᠢ ᠬᠦᠯᠢᠶᠡᠨ ᠠᠪᠤᠭᠰᠠᠨ ᠤ ᠳᠠᠷᠠᠭ᠎ᠠ᠂ ᠳᠠᠷᠤᠶ ᠲᠦᠷᠭᠡᠨ ᠬᠥᠮᠦᠨ ᠲᠣᠮᠢᠯᠠᠨ ᠲᠤᠬᠠᠶ ᠶᠢᠨ ᠲᠠᠯᠠᠪᠠᠶ ᠳᠤ ᠣᠴᠢᠭᠤᠯᠤᠨ ᠭᠠᠮᠰᠢᠭ ᠤᠨ ᠪᠠᠶᠢᠳᠠᠯ ᠢ ᠣᠶᠢᠯᠠᠭᠠᠭᠤᠯᠤᠨ᠂ ᠭᠠᠮᠰᠢᠭ ᠤᠨ ᠪᠠᠶᠢᠳᠠᠯ ᠤᠨ ᠬᠥᠭᠵᠢᠯᠲᠡ ᠶᠢᠨ ᠬᠠᠨᠳᠤᠰᠢ ᠶᠢ ᠵᠠᠳᠠᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠬᠦ ᠰᠠᠨᠠᠭᠤᠯᠭ᠎ᠠ ᠳᠤᠷᠠᠳᠴᠤ᠂ ᠠᠶᠢᠮᠠᠭ ᠬᠤᠲᠠ ᠶᠢᠨ ᠵᠢᠯᠣᠭᠤᠳᠬᠤ ᠪᠠᠶᠢᠭᠤᠯᠤᠮᠵᠢ ᠳᠤ ᠮᠡᠳᠡᠭᠦᠯᠦᠨ ᠨᠤᠲᠠᠯᠠᠭᠤᠯᠤᠭᠰᠠᠨ ᠤ ᠳᠠᠷᠠᠭ᠎ᠠ᠂ ᠭᠠᠮᠰᠢᠭ ᠠᠴᠠ ᠠᠪᠤᠷᠠᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠭᠠᠵᠠᠷ ᠤᠨ ᠠᠯᠪᠠᠨ ᠭᠡᠷ ᠪᠣᠯᠤᠨ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠭᠠᠮᠰᠢᠭ ᠤᠨ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃    4.2.3 ᠳᠡᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠳᠡᠰ ᠳᠠᠷᠠᠭᠠᠯᠠᠯ    ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠡᠭᠦᠰᠦᠭᠰᠡᠨ ᠬᠥᠭᠵᠢᠯᠲᠡ ᠶᠢᠨ ᠪᠠᠶᠢᠳᠠᠯ ᠢ ᠨᠢᠭᠲᠠ ᠬᠢᠨᠠᠨ ᠡᠵᠡᠮᠳᠡᠵᠦ᠂ ᠣᠶ ᠰᠢᠭᠤᠶ ᠶᠢᠨ ᠬᠦᠨᠳᠦ ᠬᠡᠴᠡᠭᠦᠦ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠶᠢᠳᠠᠯ ᠭᠠᠷᠤᠮᠠᠭᠴᠠ᠂ ᠬᠤᠰᠢᠭᠤ ᠰᠢᠶᠠᠨ ︵ᠬᠤᠲᠠ᠂ ᠲᠣᠭᠤᠷᠢᠭ ︶ ᠤ ᠣᠶ ᠰᠢᠭᠤᠶ ᠶᠢᠨ ᠬᠦᠨᠳᠦ ᠬᠡᠴᠡᠭᠦᠦ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠶᠢᠨ ᠠᠯᠪᠠᠨ ᠭᠡᠷ ᠨᠢ ᠳᠠᠷᠦ᠋ᠢᠬᠠᠨ ᠲᠤᠰᠬᠠᠶ ᠮᠡᠷᠭᠡᠵᠢᠯ ᠤᠨ ᠠᠵᠢᠯᠲᠠᠨ ᠲᠣᠮᠢᠯᠠᠵᠤ ᠲᠤᠬᠠᠶ ᠶᠢᠨ ᠭᠠᠵᠠᠷ ᠲᠤᠨᠢ ᠭᠠᠮᠰᠢᠭ ᠤᠨ ᠪᠠᠶᠢᠳᠠᠯ ᠢ ᠪᠠᠶᠢᠴᠠᠭᠠᠬᠤ ᠶᠢᠨ ᠬᠠᠮᠲᠤ᠂ ᠠᠶᠢᠮᠠᠭ ᠬᠤᠲᠠ ᠠᠴᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠭᠠᠮᠰᠢᠭ ᠤᠨ ᠪᠠᠶᠢᠳᠠᠯ ᠢ ᠨᠤᠲᠠᠯᠠᠭᠰᠠᠨ ᠤ ᠳᠡᠷᠠᠭ᠎ᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ ᠰᠢᠭᠤᠶ ᠶᠢᠨ ᠬᠥᠨᠥᠭᠡᠯᠲᠡᠶ ᠬᠦᠨᠳᠦ ᠬᠡᠴᠡᠭᠦᠦ ᠠᠮᠢᠳᠤ ᠪᠣᠳᠠᠰ ᠤᠨ ᠭᠠᠮᠰᠢᠭ ᠢ ᠰᠢᠶ᠋ᠳᠪᠦᠷᠢᠯᠡᠬᠦ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠨᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠦᠨ᠂ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠵᠠᠰᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠮᠰᠢᠭ ᠤᠨ ᠪᠠᠶᠢᠳᠠᠯ ᠢ ᠪᠤᠰᠢᠭᠤ ᠲᠦᠷᠭᠡᠨ ᠡᠵᠡᠮᠳᠡᠨ᠂ ᠠᠶᠢᠮᠠᠭ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠪᠣᠯᠤᠨ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠤᠰᠠᠳᠬᠠᠨ ᠵᠠᠰᠠᠭᠰᠠᠨ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃    4.3 ᠭᠠᠮᠰᠢᠭ ᠤᠨ ᠪᠠᠶᠢᠳᠠᠯ ᠤᠨ ᠮᠡᠳᠡᠭᠦᠯᠦᠯᠲᠡ ᠪᠠ ᠮᠡᠳᠡᠭᠡ ᠵᠠᠩᠭᠢ ᠨᠡᠶᠢᠲᠡᠯᠡᠬᠦ    4.3.1 ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ    ᠶᠠᠮᠠᠷᠪᠠ ᠨᠢᠭᠡᠴᠡ ᠪᠠ ᠬᠤᠪᠢ ᠬᠥᠮᠦᠨ ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠪᠠᠶᠢᠳᠠᠯ ᠵᠢᠴᠢ ᠳᠠᠯᠳᠠ ᠭᠡᠮ ᠢ ᠣᠯᠵᠤ ᠮᠡᠳᠡᠪᠡᠯ᠂ ᠳᠠᠷᠤᠶ ᠲᠦᠷᠭᠡᠨ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠰᠢᠢᠳᠪᠦᠷᠢᠯᠡᠬᠦ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠵᠦ᠂ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ ᠳᠡᠭᠡᠳᠦ ᠱᠠᠲᠤᠨ ᠳᠤ ᠮᠡᠳᠡᠭᠦᠯᠦᠭᠰᠡᠨ ᠪᠠᠶᠢᠪᠠᠯ᠂ 2 ᠠᠵᠢᠯᠯᠠᠬᠤ ᠡᠳᠦᠷ ᠤᠨ ᠳᠣᠲᠣᠷ᠎ᠠ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ ᠱᠠᠲᠤ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃ ᠮᠡᠳᠡᠭᠦᠯᠬᠦ ᠠᠭᠤᠯᠭ᠎ᠠ ᠳᠤ᠄ ᠮᠡᠳᠡᠭᠡ ᠵᠠᠩᠭᠢ ᠶᠢᠨ ᠢᠷᠡᠯᠲᠡ᠂ ᠬᠥᠨᠥᠭᠡᠯᠲᠦ ᠣᠷᠣᠨ ᠪᠦᠰᠡ᠂ ᠬᠡᠮᠵᠢᠶ᠎ᠡ᠂ ᠡᠭᠦᠰᠦᠭᠰᠡᠨ ᠰᠢᠨᠵᠢ ᠴᠢᠨᠠᠷ ᠢ ᠠᠩᠬ᠎ᠠ ᠠᠯᠬᠤᠮ ᠮᠠᠭᠠᠳᠯᠠᠨ ᠲᠣᠭᠲᠠᠭᠠᠬᠤ᠂ ᠠᠪᠬᠤ ᠪᠠᠷ ᠪᠠᠶᠢᠭ᠎ᠠ ᠠᠷᠭ᠎ᠠ ᠬᠡᠮᠵᠢᠶ᠎ᠡ ᠬᠢᠭᠡᠳ ᠮᠡᠳᠡᠭᠦᠯᠦᠭᠰᠡᠨ ᠨᠢᠭᠡᠴᠡ ᠶᠢᠨ ᠬᠠᠷᠢᠭᠤᠴᠠᠯᠭᠠᠲᠠᠨ᠂ ᠮᠡᠳᠡᠭᠦᠯᠦᠭᠰᠡᠨ ᠬᠥᠮᠦᠨ ᠬᠢᠭᠡᠳ ᠬᠠᠷᠢᠯᠴᠠᠬᠤ ᠠᠷᠭ᠎ᠠ ᠮᠠᠶ᠋ᠢᠭ ᠵᠡᠷᠭᠡ ᠪᠠᠭᠲᠠᠨ᠎ᠠ᠃    ᠬᠤᠶᠠᠷ᠂ ᠭᠤᠷᠪᠠᠳᠤᠭᠠᠷ ᠳᠡᠰ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠠᠶᠢᠮᠠᠭ ᠬᠤᠲᠠ ᠶᠢᠨ ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ 7 ᠡᠳᠦᠷ ᠤᠨ ᠳᠣᠲᠣᠷ᠎ᠠ ᠨᠤᠲᠠᠯᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠭᠠᠵᠠᠷ ᠤᠨ ᠠᠯᠪᠠᠨ ᠬᠡᠷ ᠪᠣᠯᠤᠨ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ᠂ ᠨᠢᠭᠡᠳᠦᠭᠡᠷ ᠳᠡᠰ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠭᠠᠵᠠᠷ ᠤᠨ ᠠᠯᠪᠠᠨ ᠬᠡᠷ ᠪᠤᠶᠤ ᠤᠯᠤᠰ ᠤᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠴᠠ 10 ᠡᠳᠦᠷ ᠤᠨ ᠳᠣᠲᠣᠷ᠎ᠠ ᠨᠤᠲᠠᠯᠠᠬᠤ ᠶᠢᠨ ᠬᠠᠮᠲᠤ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤ ᠨᠢ ᠮᠡᠳᠡᠭᠳᠡᠨ᠎ᠡ᠃    4.3.2 ᠮᠡᠳᠡᠭᠡ ᠵᠠᠩᠭᠢ ᠨᠡᠶᠢᠲᠡᠯᠡᠬᠦ    4.3.2.1 ᠬᠦᠨᠳᠦ ᠶᠡᠭᠡ ᠣᠶ ᠰᠢᠭᠤᠶ ᠶᠢᠨ ᠠᠮᠢᠳᠤ ᠪᠣᠳᠠᠰ ᠤᠨ ᠭᠠᠮᠰᠢᠭ ᠭᠠᠷᠤᠭᠰᠠᠨ ᠵᠢᠴᠢ ᠨᠤᠲᠠᠯᠠᠭᠰᠠᠨ ᠪᠠᠶᠢᠳᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠭᠠᠵᠠᠷ ᠤᠨ ᠠᠯᠪᠠᠨ ᠬᠡᠷ 5 ᠡᠳᠦᠷ ᠤᠨ ᠳᠣᠲᠣᠷ᠎ᠠ ᠬᠥᠷᠰᠢ ᠵᠡᠷᠭᠡᠯᠡᠳᠡᠭᠡ ᠮᠤᠵᠢ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠡᠪᠡᠰᠦ ᠪᠡᠯᠴᠢᠭᠡᠷ ᠵᠢᠴᠢ ᠪᠤᠰᠤᠳ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠪᠠᠶᠢᠳᠠᠯ ᠢᠶᠠᠨ ᠮᠡᠳᠡᠭᠡᠯᠡᠬᠦ ᠬᠡᠷᠡᠭᠲᠡᠶ᠃    4.3.2.2 ᠬᠥᠷᠰᠢ ᠵᠡᠷᠭᠡᠯᠡᠳᠡᠭᠡ ᠮᠤᠵᠢ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠬᠦᠨᠳᠦ ᠬᠡᠴᠡᠭᠦᠦ ᠬᠥᠨᠥᠭᠡᠯᠲᠦ ᠠᠮᠢᠳᠤ ᠪᠣᠳᠠᠰ ᠤᠨ ᠭᠠᠮᠰᠢᠭ ᠭᠠᠷᠤᠭᠰᠠᠨ ᠪᠠᠶᠢᠳᠠᠯ ᠢ ᠮᠡᠳᠡᠭᠡᠯᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠤᠯᠪᠣᠭᠳᠠᠯ ᠪᠥᠬᠦᠶ ᠪᠠᠶᠢᠳᠠᠯ ᠢᠶᠠᠨ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ ᠰᠢᠭᠤᠶ ᠪᠠ ᠨᠤᠲᠤᠭ ᠪᠡᠯᠴᠢᠭᠡᠷ ᠵᠢᠴᠢ ᠪᠤᠰᠤᠳ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠳᠡᠵᠦ᠂ ᠣᠶ ᠰᠢᠭᠤᠶ ᠶᠢᠨ ᠬᠦᠨᠳᠦ ᠶᠡᠭᠡ ᠬᠥᠨᠥᠭᠡᠯᠲᠦ ᠠᠮᠢᠳᠤ ᠪᠣᠳᠠᠰ ᠤᠨ ᠡᠭᠦᠰᠬᠦ ᠬᠥᠭᠵᠢᠯᠲᠡ ᠶᠢᠨ ᠬᠠᠨᠳᠤᠰᠢ ᠶᠢ ᠨᠢᠭᠲᠠ ᠠᠩᠬᠠᠷᠬᠤ ᠶᠢᠨ ᠬᠠᠮᠲᠤ ᠬᠢᠨᠠᠨ ᠬᠡᠮᠵᠢᠬᠦ ᠠᠵᠢᠯ ᠢᠶᠠᠨ ᠴᠢᠩᠭᠠᠳᠬᠠᠬᠤ ᠬᠡᠷᠡᠭᠲᠡᠶ᠃    4.3.2.3 ᠣᠯᠥᠰ ᠤᠨ ᠣᠢ ᠰᠢᠭᠤᠶ ᠨᠣᠳᠤᠭ ᠪᠡᠯᠴᠢᠭᠡᠷ ᠤᠨ ᠲᠣᠪᠴᠢᠶ᠎ᠠ ᠠᠴᠠ ᠵᠦᠪᠰᠢᠶᠡᠷᠡᠭᠰᠡᠨ ᠤ ᠳᠡᠷᠠᠭ᠎ᠠ ᠂ ᠦᠪᠡᠷᠳᠡᠭᠡᠨ ᠵᠠᠰᠠᠬᠤ ᠣᠷᠣᠨ ᠤ ᠣᠢ ᠰᠢᠭᠤᠶ ᠨᠣᠳᠤᠭ ᠪᠡᠯᠴᠢᠭᠡᠷ ᠤᠨ ᠭᠤᠤᠯᠴᠢᠯᠠᠨ ᠬᠠᠮᠢᠶᠡᠷᠬᠤ ᠰᠠᠯᠠᠭ᠎ᠠ ᠮᠦᠴᠢᠷ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠳᠣᠷᠡᠬᠢ ᠬᠦᠨᠳᠦ ᠶᠡᠭᠡ ᠬᠤᠤᠷᠳᠡᠢ ᠠᠮᠢᠳᠣ ᠪᠤᠳᠡᠰ ᠢ ᠰᠡᠷᠭᠡᠶᠢᠯᠡᠨ ᠵᠠᠰᠠᠬᠤ ᠮᠡᠳᠡᠭᠡ ᠵᠠᠩᠬᠢ ᠶᠢ ᠴᠠᠭ ᠲᠣᠬᠠᠢ ᠳᠤᠨᠢ ᠵᠦᠪ ᠣᠨᠣᠪᠴᠢᠳᠡᠢ᠂ ᠪᠤᠰᠣᠳᠴᠢ ᠪᠠᠷ ᠨᠡᠶᠢᠳᠡᠯᠡᠵᠦ᠂ ᠣᠯᠥᠰ ᠪᠠ ᠦᠪᠡᠷᠳᠡᠭᠡᠨ ᠵᠠᠰᠠᠬᠤ ᠣᠷᠣᠨ ᠤ ᠣᠢ ᠰᠢᠭᠤᠢ ᠨᠣᠳᠤᠭ ᠪᠡᠯᠴᠢᠭᠡᠷ ᠤᠨ ᠭᠤᠤᠯᠴᠢᠯᠠᠨ ᠬᠠᠮᠢᠶᠡᠷᠬᠤ ᠰᠠᠯᠠᠭ᠎ᠠ ᠮᠦᠴᠢᠷ ᠤᠨ ᠵᠦᠪᠰᠢᠶᠡᠷᠡᠯ ᠦᠭᠡᠢ ᠪᠠᠷ ᠶᠠᠮᠠᠷᠪᠠ ᠨᠢᠭᠡᠴᠡ ᠪᠠ ᠬᠤᠪᠢ ᠬᠦᠮᠦᠨ ᠭᠡᠳ ᠶᠠᠮᠠᠷᠪᠠ ᠭᠡᠯᠪᠡᠷᠢ ᠪᠠᠷ ᠭᠠᠮᠰᠢᠭ ᠤᠨ ᠪᠠᠶᠢᠳᠡᠯ ᠵᠢᠴᠢ ᠰᠡᠷᠭᠡᠶᠢᠯᠡᠨ ᠵᠠᠰᠠᠬᠤ ᠵᠡᠷᠭᠡ ᠬᠠᠮᠢᠶ᠎ᠠ ᠪᠦᠬᠦᠢ ᠮᠡᠳᠡᠭᠡ ᠵᠠᠩᠬᠢ ᠶᠢ ᠨᠡᠶᠢᠳᠡᠯᠡᠵᠦ ᠪᠤᠯᠬᠤ ᠦᠭᠡᠢ᠃    4.4 ᠴᠢᠮᠡᠭᠡᠯᠡᠯ    ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠪᠦᠬᠦ᠋ᠢᠯᠡ ᠶᠠᠪᠤᠴᠠ ᠳᠤ᠂ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠨᠤᠭᠤᠳ ᠡᠷᠬᠡᠪᠰᠢ ᠴᠢᠮᠡᠭᠡ ᠨᠡᠪᠲᠡᠷᠡᠯᠭᠡ ᠶᠢᠨ ᠬᠤᠯᠪᠣᠭ᠎ᠠ ᠠᠪᠬᠤ ᠵᠢᠴᠢ ᠬᠤᠯᠪᠣᠭᠳᠠᠯ ᠪᠦᠬᠦᠢ ᠮᠡᠳᠡᠭᠡ ᠵᠠᠩᠭᠢ ᠶᠢᠨ ᠰᠢᠰᠲ᠋ᠧᠮ ᠤᠨ ᠲᠣᠤᠷ ᠰᠦᠯᠵᠢᠶ᠎ᠡ ᠶᠢᠨ ᠰᠠᠭᠠᠳ ᠦᠭᠡᠶ ᠨᠡᠪᠲᠡᠷᠡᠬᠦ ᠶᠢ ᠪᠠᠲᠤᠯᠠᠵᠤ᠂ ᠭᠤᠤᠯ ᠪᠣᠯᠬᠤ ᠬᠤᠯᠪᠣᠭᠠᠴᠢ᠂ ᠲᠤᠰᠬᠠᠶ ᠬᠡᠷᠡᠭᠯᠡᠬᠦ ᠳ᠋ᠢᠶᠠᠩᠬᠤᠸᠠ ᠪᠣᠯᠤᠨ ᠪᠡᠯᠡᠳᠬᠡᠯ ᠳ᠋ᠢᠶᠠᠩᠬᠤᠸᠠ ᠪᠠᠨ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠬᠤ ᠬᠤᠭᠤᠴᠠᠭᠠᠨ ᠳᠠᠬᠢ ᠡᠯ᠎ᠡ ᠱᠠᠲᠤᠨ ᠤ ᠤᠳᠤᠷᠢᠳᠤᠯᠭ᠎ᠠ ᠬᠢᠭᠡᠳ ᠵᠢᠯᠣᠭᠤᠳᠬᠤ ᠪᠠᠶᠢᠭᠤᠯᠤᠮᠵᠢ ᠶᠢᠨ ᠬᠤᠭᠤᠷᠣᠨᠳᠣᠬᠢ ᠴᠢᠮᠡᠭᠡ ᠨᠡᠪᠲᠡᠷᠡᠯᠭᠡ ᠶᠢᠨ ᠰᠠᠭᠠᠳ ᠦᠭᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃    4.5 ᠠᠮᠤᠷ ᠲᠦᠪᠰᠢᠨ ᠢ ᠬᠠᠮᠠᠭᠠᠯᠠᠬᠤ    ᠣᠶ ᠰᠢᠭᠤᠶ ᠶᠢᠨ ᠬᠥᠨᠥᠭᠡᠯᠲᠡᠶ ᠬᠦᠨᠳᠦ ᠶᠡᠭᠡ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠬᠢᠵᠠᠭᠠᠷᠯᠠᠬᠤ ᠳᠠᠭᠠᠨ ᠡᠷᠬᠡᠪᠰᠢ ᠣᠷᠴᠢᠨ ᠲᠣᠭᠤᠷᠢᠨ ᠢ ᠬᠠᠮᠠᠭᠠᠯᠠᠬᠤ᠂ ᠠᠮᠤᠷ ᠲᠦᠪᠰᠢᠨ ᠢ ᠲᠡᠷᠢᠭᠦᠨ ᠳᠤ ᠪᠠᠶᠢᠯᠭᠠᠬᠤ ᠦᠵᠡᠯ ᠰᠠᠨᠠᠭ᠎ᠠ ᠶᠢ ᠪᠣᠶ ᠪᠣᠯᠭᠠᠵᠤ᠂ ᠠᠯᠢ ᠪᠣᠯᠬᠤᠶᠢᠴᠠ ᠨᠡᠶᠢᠲᠡ ᠶᠢᠨ ᠬᠤᠤᠷ ᠦᠭᠡᠶ ᠡᠮ ᠢ ᠬᠡᠷᠡᠭᠯᠡᠵᠦ᠂ ᠰᠡᠷᠭᠡᠶᠢᠯᠡᠨ ᠵᠠᠰᠠᠬᠤ ᠠᠵᠢᠯᠲᠠᠳ ᠬᠢᠮᠢ ᠶᠢᠨ ᠲᠠᠷᠢᠶᠠᠨ ᠡᠮ ᠪᠠ ᠰᠢᠲᠠᠭᠠᠯᠭ᠎ᠠ ᠶᠢᠨ ᠲᠣᠰᠣ ᠶᠢ ᠰᠡᠷᠭᠡᠶᠢᠯᠡᠨ ᠵᠠᠰᠠᠬᠤ ᠪᠠᠭᠠᠵᠢ ᠬᠡᠷᠡᠭᠰᠡᠯ ᠲᠠᠢ ᠣᠶᠢᠷᠠᠳᠬᠤ ᠦ᠊ ᠡᠶ᠎ᠡ ᠳᠤ᠂ ᠡᠷᠬᠡᠪᠰᠢ ᠠᠮᠤᠷ ᠲᠦᠪᠰᠢᠨ ᠤ ᠬᠠᠮᠠᠭᠠᠯᠠᠯᠲᠠ ᠶᠢᠨ ᠬᠤᠪᠴᠠᠰᠤ ᠡᠮᠦᠰᠴᠦ᠂ ᠴᠠᠭ ᠢᠮᠠᠭᠲᠠ ᠴᠠᠭ ᠠᠭᠤᠷ ᠪᠣᠯᠤᠨ ᠰᠠᠯᠬᠢᠨ ᠤ ᠴᠢᠭᠯᠡᠯ ᠤᠨ ᠬᠤᠪᠢᠷᠠᠯᠲᠠ ᠶᠢ ᠠᠩᠬᠠᠷᠴᠤ᠂ ᠬᠥᠮᠦᠨ ᠬᠠᠷ᠎ᠠ ᠦᠬᠦᠵᠦ ᠰᠢᠷᠬᠠᠲᠤᠬᠤ ᠠᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃    ᠭᠠᠮᠰᠢᠭ ᠢ ᠰᠡᠷᠭᠡᠶᠢᠯᠡᠨ ᠵᠠᠰᠠᠬᠤ ᠲᠤᠬᠠᠶ ᠶᠢᠨ ᠲᠠᠯᠠᠪᠠᠶ ᠳᠤ ᠥᠷᠭᠡᠨ ᠳᠡᠯᠭᠡᠷ ᠤᠬᠠᠭᠤᠯᠤᠨ ᠳᠠᠶᠢᠴᠢᠯᠠᠵᠤ᠂ ᠰᠡᠷᠭᠡᠶᠢᠯᠡᠨ ᠵᠠᠰᠠᠬᠤ ᠣᠷᠣᠨ ᠪᠦᠰᠡ ᠶᠢᠨ ᠲᠡᠮᠳᠡᠭ ᠪᠠᠶᠢᠭᠤᠯᠤᠨ᠂ ᠮᠠᠯᠴᠢᠨ ᠲᠠᠷᠢᠶᠠᠴᠢᠳ ᠲᠤ ᠰᠡᠷᠭᠡᠶᠢᠯᠡᠨ ᠵᠠᠰᠠᠬᠤ ᠣᠷᠣᠨ ᠳᠤ ᠮᠣᠳᠣ ᠣᠭᠲᠣᠯᠬᠤ᠂ ᠮᠠᠯ ᠬᠠᠷᠢᠭᠤᠯᠬᠤ ᠵᠡᠷᠭᠡ ᠬᠠᠮᠢᠶ᠎ᠠ ᠪᠦᠬᠦᠢ ᠠᠵᠢᠯᠯᠠᠭ᠎ᠠ ᠬᠢᠬᠦ ᠦᠭᠡᠶ ᠪᠠᠶᠢᠬᠤ ᠶᠢ ᠰᠠᠨᠠᠭᠤᠯᠵᠤ᠂ ᠬᠥᠮᠦᠨ ᠤ ᠪᠡᠶ᠎ᠡ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃    4.6 ᠪᠠᠴᠢᠮ ᠪᠠᠶᠢᠳᠠᠯ ᠢ ᠠᠷᠭᠠᠴᠠᠬᠤ ᠵᠣᠭᠰᠣᠭᠠᠬᠤ    ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠦᠭᠰᠡᠨ ᠤ ᠳᠠᠷᠠᠭ᠎ᠠ᠂ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠪᠣᠯᠤᠨ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠭᠠᠮᠰᠢᠭ ᠭᠠᠷᠤᠭᠰᠠᠨ ᠬᠥᠭᠵᠢᠯᠲᠡ ᠪᠠ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠳᠤ ᠦᠨᠡᠯᠡᠨ ᠵᠢᠱᠢᠯᠲᠡ ᠬᠢᠯᠭᠡᠵᠦ᠂ ᠭᠠᠮᠰᠢᠭ ᠤᠨ ᠪᠠᠶᠢᠳᠠᠯ ᠢ ᠨᠤᠲᠠᠯᠠᠬᠤ ᠪᠠᠷ ᠳᠡᠮᠵᠢᠨ ᠨᠢᠭᠡᠨᠲᠡ ᠤᠨᠲᠠᠷᠠᠭᠠᠭᠰᠠᠨ ᠪᠤᠶᠤ ᠪᠦᠲᠦᠮᠵᠢᠲᠡᠶ ᠡᠵᠡᠮᠳᠡᠭᠰᠡᠨ ᠤ ᠳᠠᠷᠠᠭ᠎ᠠ᠂ ᠪᠡᠯᠡᠳᠬᠡᠯ ᠲᠥᠰᠦᠯ ᠢ ᠵᠥᠪᠰᠢᠶᠡᠷᠡᠭᠦᠯᠬᠦ ᠶᠢ ᠵᠥᠪᠰᠢᠶᠡᠷᠡᠭᠰᠡᠨ ᠵᠢᠯᠣᠭᠤᠳᠬᠤ ᠭᠠᠵᠠᠷ ᠠᠴᠠ ᠲᠣᠭᠲᠠᠭᠠᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠶᠢ ᠳᠠᠭᠤᠰᠤᠭᠰᠠᠨ ᠢ ᠨᠡᠶᠢᠲᠡᠯᠡᠨ᠎ᠡ᠃    5. ᠭᠠᠮᠰᠢᠭ ᠤᠨ ᠪᠠᠶᠢᠳᠠᠯ ᠢ ᠦᠨᠡᠯᠡᠨ ᠵᠢᠱᠢᠬᠦ    ᠪᠠᠴᠢᠮ ᠪᠠᠶᠢᠳᠠᠯ ᠢ ᠠᠷᠭᠠᠴᠠᠬᠤ ᠠᠵᠢᠯ ᠳᠠᠭᠤᠰᠤᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠶᠢᠨ ᠠᠯᠪᠠᠨ ᠭᠡᠷ ᠴᠠᠭ ᠲᠤᠬᠠᠶ ᠳᠤᠨᠢ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠪᠣᠯᠤᠨ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠭᠠᠮᠰᠢᠭ ᠠᠴᠠ ᠪᠣᠯᠤᠭᠰᠠᠨ ᠬᠤᠬᠢᠷᠠᠯ ᠢ ᠶᠡᠷᠦᠩᠬᠡᠶᠢᠯᠡᠨ ᠦᠨᠡᠯᠡᠨ ᠵᠢᠱᠢᠵᠦ᠂ ᠭᠠᠮᠰᠢᠭ ᠤᠨ ᠰᠢᠯᠲᠠᠭᠠᠨ ᠢ ᠵᠠᠳᠠᠯᠵᠤ᠂ ᠲᠤᠷᠰᠢᠯᠭ᠎ᠠ ᠰᠤᠷᠭᠠᠮᠵᠢ ᠠᠪᠴᠤ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠳᠤᠷᠠᠳᠬᠤ ᠶᠢᠨ ᠬᠠᠮᠲᠤ ᠳᠡᠭᠡᠳᠦ ᠱᠠᠲᠤᠨ ᠤ ᠣᠶ ᠰᠢᠭᠤᠶ ᠡᠪᠡᠰᠦ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠪᠣᠯᠤᠨ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃    6. ᠪᠠᠲᠤᠯᠠᠭ᠎ᠠ ᠶᠢᠨ ᠠᠷᠭ᠎ᠠ ᠬᠡᠮᠵᠢᠶ᠎ᠡ    6.1 ᠡᠳ᠋ ᠪᠠᠷᠠᠭ᠎ᠠ ᠶᠢᠨ ᠪᠠᠲᠤᠯᠠᠭ᠎ᠠ    ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠡᠳ᠋ ᠪᠠᠷᠠᠭ᠎ᠠ ᠨᠥᠭᠡᠴᠡᠯᠡᠬᠦ ᠬᠥᠮᠥᠷᠭᠡ ᠶᠢ ᠪᠠᠶᠢᠭᠤᠯᠵᠤ᠂ ᠴᠢᠬᠤᠯᠠ ᠪᠦᠬᠦᠢ ᠡᠮ ᠤᠨ ᠪᠠᠭᠠᠵᠢ ᠬᠡᠷᠡᠭᠰᠡᠯ ᠪᠣᠯᠤᠨ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠨᠥᠭᠡᠴᠡᠯᠡᠵᠦ᠂ ᠬᠥᠮᠥᠷᠭᠡ ᠶᠢᠨ ᠵᠠᠮ ᠬᠠᠷᠢᠯᠴᠠᠭ᠎ᠠ ᠳᠥᠭᠦᠮ᠂ ᠠᠶᠤᠯ ᠦᠭᠡᠶ ᠶᠢᠨ ᠳᠠᠭᠠᠳᠬᠠᠯ ᠤᠨ ᠣᠷᠣᠨ ᠳᠤ ᠨᠥᠭᠡᠴᠡᠯᠡᠬᠦ ᠬᠡᠷᠡᠭᠲᠡᠶ᠂ ᠪᠠᠴᠢᠮ ᠪᠠᠶᠢᠳᠠᠯ ᠢ ᠠᠷᠭᠠᠴᠠᠨ ᠵᠢᠯᠣᠭᠤᠳᠬᠤ ᠪᠠᠶᠢᠭᠤᠯᠤᠮᠵᠢ ᠶᠢᠨ ᠠᠯᠪᠠᠨ ᠭᠡᠷ ᠨᠢ ᠭᠠᠮᠰᠢᠭ ᠤᠨ ᠬᠦᠨᠳᠦ ᠬᠥᠩᠭᠡᠨ ᠠᠯᠭᠤᠷ ᠪᠠᠴᠢᠮ ᠢᠶᠠᠷ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠵᠦᠢ ᠵᠣᠬᠢᠰᠲᠠᠶ ᠲᠣᠬᠢᠷᠠᠭᠤᠯᠬᠤ ᠬᠡᠷᠡᠭᠲᠡᠶ᠃    6.2 ᠪᠡᠯᠡ ᠮᠦᠡᠭᠬᠦ ᠶᠢᠨ ᠪᠠᠳᠣᠯᠠᠭ᠎ᠠ    ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠳᠤ ᠬᠡᠷᠡᠭᠰᠡᠬᠦ ᠵᠠᠷᠤᠳᠠᠯ ᠢ ᠡᠷᠬᠡᠪᠰᠢ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠭᠠᠮᠰᠢᠭ ᠠᠴᠠ ᠠᠪᠤᠷᠠᠬᠤ ᠪᠠ ᠡᠮ ᠤᠨ ᠡᠮ ᠪᠠᠭᠠᠵᠢ ᠬᠡᠷᠡᠭᠰᠡᠯ ᠵᠡᠷᠭᠡ ᠡᠳ᠋ ᠪᠠᠷᠠᠭ᠎ᠠ ᠬᠤᠳᠠᠯᠳᠤᠨ ᠠᠪᠴᠤ ᠨᠥᠭᠡᠴᠡᠯᠡᠬᠦ ᠳᠤ ᠨᠢᠭᠡᠳᠦᠯᠲᠡᠶ ᠬᠡᠷᠡᠭᠯᠡᠬᠦ ᠬᠡᠷᠡᠭᠲᠡᠶ᠃ ᠣᠢ ᠱᠢᠭᠤᠢ ᠶᠢᠨ ᠬᠥᠨᠥᠭᠡᠯᠲᠦ ᠠᠮᠢᠳᠤ ᠪᠣᠳᠠᠰ ᠢ ᠰᠡᠷᠭᠡᠢᠯᠡᠨ ᠵᠠᠰᠠᠬᠤ ᠰᠠᠭᠤᠷᠢ ᠪᠡᠯᠡᠳᠭᠡᠮᠵᠢ ᠶᠢᠨ ᠬᠡᠷᠡᠭᠰᠡᠬᠦ ᠵᠠᠷᠤᠳᠠᠯ ᠢ ᠱᠢᠶᠠᠩ ᠤ ᠡᠳ᠋ ᠤᠨ ᠵᠠᠰᠠᠭ ᠠᠴᠠ ᠱᠢᠢᠳᠪᠦᠷᠢᠯᠡᠨ᠎ᠡ᠃    6.3 ᠮᠡᠷᠭᠡᠵᠢᠯ ᠤᠨ ᠪᠠᠳᠣᠯᠠᠭ᠎ᠠ    ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠯᠤᠰ ᠤᠨ ᠳᠣᠲᠣᠭᠠᠳᠤ ᠭᠠᠳᠠᠭᠠᠳᠤ ᠶᠢᠨ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠡᠭᠦᠰᠬᠦ᠂ ᠰᠡᠷᠭᠡᠶᠢᠯᠡᠨ ᠵᠠᠰᠠᠬᠤ ᠮᠡᠳᠡᠭᠡ ᠵᠠᠩᠭᠢ ᠶᠢ ᠴᠠᠭ ᠲᠤᠬᠠᠶ ᠳᠤᠨᠢ ᠤᠶᠢᠯᠠᠭᠠᠨ ᠡᠵᠡᠮᠰᠢᠵᠦ᠂ ᠬᠠᠮᠢᠶ᠎ᠠ ᠪᠥᠬᠦᠶ ᠬᠥᠮᠦᠰ ᠢ ᠵᠣᠬᠢᠶᠠᠨ ᠪᠠᠶᠢᠭᠤᠯᠤᠨ ᠲᠣᠰ ᠭᠠᠵᠠᠷ ᠤᠨ ᠳᠠᠯᠳᠠ ᠠᠶᠤᠯᠲᠤ ᠴᠢᠨᠠᠷᠲᠠᠶ ᠬᠥᠨᠥᠭᠡᠯᠲᠡᠶ ᠠᠮᠢᠳᠤ ᠪᠣᠳᠠᠰ ᠲᠤ ᠤᠷᠢᠳᠴᠢᠯᠠᠨ ᠰᠤᠳᠤᠯᠤᠯᠲᠠ ᠬᠢᠵᠦ᠂ ᠰᠡᠷᠭᠡᠶᠢᠯᠡᠨ ᠵᠠᠰᠠᠬᠤ ᠮᠡᠷᠭᠡᠵᠢᠯ ᠤᠨ ᠲᠥᠰᠦᠯ ᠲᠣᠭᠲᠠᠭᠠᠨ᠂ ᠵᠢᠯᠣᠭᠤᠳᠬᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ ᠮᠡᠷᠭᠡᠵᠢᠯ ᠤᠨ ᠳᠡᠮᠵᠢᠯᠭᠡ ᠬᠠᠩᠭᠠᠬᠤ ᠬᠡᠷᠡᠭᠲᠡᠶ᠃    6.4 ᠠᠵᠢᠯᠳᠡᠨ ᠤ ᠪᠠᠳᠣᠯᠠᠭ᠎ᠠ    ᠦᠨᠳᠦᠰᠦᠨ ᠱᠠᠲᠤᠨ ᠤ ᠣᠶ ᠰᠢᠭᠤᠶ ᠶᠢᠨ ᠡᠪᠡᠳᠴᠢᠨ ᠬᠤᠷᠣᠬᠠᠶ ᠶᠢ ᠰᠡᠷᠭᠡᠶᠢᠯᠡᠨ ᠵᠠᠰᠠᠵᠤ ᠬᠢᠵᠢᠭ ᠪᠠᠶᠢᠴᠠᠭᠠᠬᠤ ᠪᠠᠶᠢᠭᠤᠯᠤᠮᠵᠢ ᠪᠣᠯᠤᠨ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠪᠡᠯᠡᠳᠬᠡᠯ ᠠᠩᠭᠢ ᠶᠢ ᠪᠠᠶᠢᠭᠤᠯᠤᠨ ᠪᠦᠷᠢᠨᠰᠢᠭᠦᠯᠵᠦ᠂ ᠴᠢᠳᠠᠪᠤᠷᠢᠲᠠᠨ ᠬᠥᠮᠦᠵᠢᠭᠦᠯᠬᠦ ᠶᠢ ᠴᠢᠩᠭᠠᠳᠬᠠᠨ᠂ ᠠᠮᠢᠳᠤ ᠪᠣᠳᠠᠰ ᠤᠨ ᠭᠠᠮᠰᠢᠭ ᠢ ᠠᠷᠭᠠᠴᠠᠬᠤ ᠥᠨᠳᠥᠷ ᠮᠡᠳᠡᠯᠭᠡ ᠪᠣᠯᠪᠠᠰᠤᠷᠠᠯ ᠲᠠᠢ ᠨᠢᠭᠡᠨ ᠰᠠᠯᠠᠭ᠎ᠠ ᠲᠤᠰᠬᠠᠶ ᠬᠠᠮᠢᠶᠠᠷᠤᠯᠲᠠ ᠶᠢᠨ ᠪᠠ ᠮᠡᠷᠭᠡᠵᠢᠯ ᠤᠨ ᠠᠵᠢᠯᠲᠠᠨ ᠤ ᠡᠩᠨᠡᠭᠡ ᠶᠢ ᠠᠯᠬᠤᠮ ᠠᠯᠬᠤᠮ ᠢᠶᠠᠷ ᠪᠠᠶᠢᠭᠤᠯᠵᠤ᠂ ᠣᠶ ᠰᠢᠭᠤᠶ ᠶᠢᠨ ᠠᠵᠢᠯ ᠤᠨ ᠦᠢᠯᠡᠴᠢᠯᠡᠭᠡᠨ ᠤ ᠲᠥᠪ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠨ ᠠᠵᠢᠯᠴᠢᠨ ᠪᠣᠯᠤᠨ ᠣᠶ ᠰᠢᠭᠤᠶ ᠬᠠᠮᠠᠭᠠᠯᠠᠭᠴᠢ᠂ ᠲᠠᠷᠢᠶᠠᠴᠢᠨ ᠮᠠᠯᠴᠢᠳ ᠤᠨ ᠪᠣᠯᠪᠠᠰᠤᠷᠠᠭᠤᠯᠤᠯ ᠢ ᠴᠢᠩᠭᠠᠳᠬᠠᠬᠤ ᠶᠢᠨ ᠬᠠᠮᠲᠤ ᠲᠡᠳᠡᠨ ᠢ ᠵᠣᠬᠢᠶᠠᠨ ᠪᠠᠶᠢᠭᠤᠯᠤᠨ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠳᠤ ᠣᠷᠣᠯᠴᠠᠭᠤᠯᠬᠤ ᠬᠡᠷᠡᠭᠲᠡᠶ᠃    6.5 ᠬᠢᠨᠡᠯᠳᠡ ᠳᠡᠯᠪᠢᠬᠤ ᠪᠠ ᠪᠤᠯᠪᠠᠰᠣᠷᠡᠭᠤᠯᠥᠯ    ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠰᠠᠨᠠᠯ ᠪᠣᠯᠤᠨ ᠠᠳᠠᠯᠢ ᠪᠤᠰᠤ ᠴᠠᠭ ᠬᠤᠭᠤᠴᠠᠭᠠᠨ ᠳᠤ ᠬᠦᠨᠳᠦ ᠶᠡᠭᠡ ᠬᠥᠨᠥᠭᠡᠯ ᠲᠠᠢ ᠠᠮᠢᠳᠤ ᠪᠣᠳᠠᠰ ᠤᠨ ᠡᠭᠦᠰᠬᠦ ᠪᠠᠶᠢᠳᠠᠯ ᠵᠢᠴᠢ ᠳᠠᠯᠳᠠ ᠰᠦᠷᠳᠡᠭᠦᠯᠭᠡ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠨᠢ ᠣᠶ ᠰᠢᠭᠤᠶ ᠶᠢᠨ ᠬᠦᠨᠳᠦ ᠶᠡᠭᠡ ᠬᠥᠨᠥᠭᠡᠯ ᠲᠠᠢ ᠠᠮᠢᠳᠤ ᠪᠣᠳᠠᠰ ᠤᠨ ᠭᠠᠮᠰᠢᠭ ᠢ ᠠᠷᠭᠠᠴᠠᠬᠤ ᠴᠢᠳᠠᠪᠤᠷᠢ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠲᠤᠰᠬᠠᠶ ᠮᠡᠷᠭᠡᠵᠢᠯ ᠤᠨ ᠠᠵᠢᠯᠲᠠᠨ ᠪᠣᠯᠤᠨ ᠪᠡᠯᠡᠳᠬᠡᠯ ᠭᠡᠰᠢᠭᠦᠳ ᠤᠨ ᠮᠡᠷᠭᠡᠵᠢᠯ ᠤᠨ ᠪᠣᠯᠪᠠᠰᠤᠷᠠᠭᠤᠯᠤᠯ ᠤᠨ ᠠᠵᠢᠯ ᠢ ᠴᠢᠩᠭᠠᠳᠭᠠᠵᠤ᠂ ᠪᠠᠭ᠎ᠠ ᠬᠡᠪᠴᠢᠶᠡᠨ ᠤ ᠪᠣᠳᠠᠲᠤ ᠳᠠᠶᠢᠨ ᠤ ᠰᠣᠷᠢᠯᠲᠠ ᠶᠢ ᠵᠣᠬᠢᠶᠠᠨ ᠪᠠᠶᠢᠭᠤᠯᠵᠤ᠂ ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠰᠢᠶ᠋ᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃    7. ᠳᠠᠭᠠᠯᠳᠤᠭᠤᠯᠤᠭᠰᠠᠨ ᠲᠦᠷᠢᠮ    7.1 ᠨᠡᠷ᠎ᠡ ᠲᠣᠮᠢᠶ᠎ᠠ ᠶᠢᠨ ᠲᠠᠶᠢᠯᠪᠤᠷᠢ    ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ᠄ ᠣᠶ ᠰᠢᠭᠤᠶ᠂ ᠣᠶ ᠮᠣᠳᠣ᠂ ᠦᠷ᠎ᠡ ᠪᠠ ᠵᠤᠯᠵᠠᠭ᠎ᠠ ᠮᠣᠳᠣ ᠵᠢᠴᠢ ᠦᠷᠡᠵᠢᠭᠦᠯᠬᠦ ᠮᠠᠲ᠋ᠧᠷᠢᠶᠠᠯ ᠵᠡᠷᠭᠡ ᠬᠡᠪ ᠤᠨ ᠥᠰᠥᠯᠲᠡ ᠶᠢ ᠨᠥᠯᠥᠭᠡᠯᠡᠬᠦ ᠶᠢᠨ ᠬᠠᠮᠲᠤ ᠬᠦᠨᠳᠦ ᠨᠣᠴᠢᠲᠠᠶ ᠠᠵᠤ ᠠᠬᠤᠶ ᠶᠢᠨ ᠬᠤᠬᠢᠷᠠᠯ ᠤᠴᠠᠷᠠᠭᠤᠯᠤᠭᠰᠠᠨ ᠣᠶ ᠰᠢᠭᠤᠶ ᠶᠢᠨ ᠡᠪᠡᠳᠴᠢᠨ ᠡᠭᠦᠰᠭᠡᠭᠴᠢ ᠮᠢᠺᠷᠣᠪ᠂ ᠰᠢᠪᠠᠵᠢ᠂ ᠡᠯᠳᠡᠪ ᠡᠪᠡᠰᠦ ᠵᠢᠴᠢ ᠪᠤᠰᠤᠳ ᠬᠥᠨᠥᠭᠡᠯ ᠲᠠᠢ ᠠᠮᠢᠳᠤ ᠪᠣᠳᠠᠰ ᠢ ᠵᠢᠭᠠᠵᠤ ᠪᠤᠶ᠃    ᠭᠠᠳᠠᠨ᠎ᠠ ᠠᠴᠠ ᠢᠷᠡᠭᠰᠡᠨ ᠣᠢ ᠱᠢᠭᠤᠢ ᠶᠢᠨ ᠬᠥᠨᠥᠭᠡᠯᠲᠦ ᠠᠮᠢᠳᠤ ᠪᠣᠳᠠᠰ᠄ ᠭᠠᠳᠠᠭᠠᠳᠤ ᠶᠢᠨ ᠪᠤᠶᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠣᠢ ᠱᠢᠭᠤᠢ ᠶᠢᠨ ᠬᠥᠨᠥᠭᠡᠯᠲᠦ ᠠᠮᠢᠳᠤ ᠪᠣᠳᠠᠰ ᠢ ᠵᠢᠭᠠᠵᠤ ᠪᠠᠢᠨ᠎ᠠ᠃    ᠪᠠᠶᠢᠩᠭᠤ ᠶᠢᠨ ᠴᠢᠨᠠᠷᠲᠠᠶ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ᠄ ᠵᠠᠷᠢᠮ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠨᠢ ᠵᠢᠯ ᠲᠤᠷᠰᠢ ᠨᠡᠯᠢᠶᠡᠳ ᠥᠨᠳᠥᠷ ᠪᠠᠶᠢᠯᠭᠠᠭᠰᠠᠨ ᠳᠦᠷᠰᠦ ᠶᠢᠨ ᠰᠦᠷᠦᠭ ᠤᠨ ᠲᠤᠭ᠎ᠠ ᠬᠡᠮᠵᠢᠶ᠎ᠡ ᠶᠢ ᠵᠢᠭᠠᠵᠤ ᠪᠤᠶ᠂ ᠬᠦᠨᠳᠦ ᠨᠣᠴᠢᠲᠠᠶ ᠬᠤᠤᠷ ᠬᠥᠨᠥᠭᠡᠯ ᠲᠠᠢ ᠠᠮᠢᠳᠤ ᠪᠣᠳᠠᠰ ᠢ ᠵᠢᠭᠠᠵᠤ ᠪᠤᠶ᠃    ᠭᠡᠨᠡᠳᠲᠡ ᠶᠢᠨ ᠴᠢᠨᠠᠷᠲᠠᠶ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ᠄ ᠵᠠᠷᠢᠮ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠨᠢ ᠡᠩ ᠤᠨ ᠵᠢᠯ ᠤᠨ ᠳᠣᠲᠣᠷ᠎ᠠ ᠳᠦᠷᠰᠦ ᠶᠢᠨ ᠰᠦᠷᠦᠭ ᠤᠨ ᠲᠤᠭ᠎ᠠ ᠬᠡᠮᠵᠢᠶ᠎ᠡ ᠪᠠᠷ ᠨᠡᠯᠢᠶᠡᠳ ᠪᠠᠭ᠎ᠠ᠂ ᠭᠡᠨᠡᠳᠲᠡ ᠶᠢᠨ ᠪᠠᠶᠢᠳᠠᠯ ᠭᠠᠷᠤᠭᠰᠠᠨ ᠠᠴᠠ ᠪᠣᠯᠵᠤ ᠶᠡᠭᠡ ᠬᠡᠮᠵᠢᠶ᠎ᠡ ᠪᠠᠷ ᠡᠭᠦᠰᠬᠦ ᠠᠰᠢᠭᠲᠠᠶ ᠬᠦᠴᠦᠨ ᠵᠦᠢᠯ ᠭᠠᠷᠴᠤ᠂ ᠬᠦᠨᠳᠦ ᠨᠣᠴᠢᠲᠠᠶ ᠬᠤᠤᠷ ᠬᠥᠨᠥᠭᠡᠯ ᠲᠠᠢ ᠠᠮᠢᠳᠤ ᠪᠣᠳᠠᠰ ᠢ ᠵᠢᠭᠠᠵᠤ ᠪᠤᠶ᠃    ᠲᠤᠰ ᠪᠡᠯᠡᠳᠬᠡᠯ ᠲᠥᠰᠦᠯ ᠤᠨ ᠬᠤᠯᠪᠣᠭᠳᠠᠯ ᠪᠦᠬᠦᠢ ᠲᠤᠭ᠎ᠠ ᠬᠡᠮᠵᠢᠶ᠎ᠡ ᠶᠢ ᠲᠣᠭᠠᠴᠢᠬᠤ ᠶᠠᠪᠤᠴᠠ ᠳᠤ ︽ᠳᠡᠭᠡᠭᠱᠢ︾ ᠭᠡᠳᠡᠭ ᠨᠢ ᠤᠭ ᠲᠤᠭ᠎ᠠ ᠶᠢ ᠪᠠᠭᠲᠠᠭᠠᠨ᠎ᠠ᠃    7.2 ᠱᠠᠩᠨᠠᠯ ᠪᠠ ᠰᠢᠳᠬᠡᠯ    ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠰᠢᠶ᠋ᠳᠪᠦᠷᠢᠯᠡᠬᠦ ᠶᠠᠪᠤᠴᠠ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ ᠪᠠ ᠬᠤᠪᠢ ᠬᠥᠮᠦᠨ ᠢ ᠲᠣᠭᠲᠠᠭᠠᠯ ᠶᠣᠰᠣᠭᠠᠷ ᠵᠠᠰᠠᠭ ᠤᠨ ᠣᠷᠳᠣᠨ ᠠᠴᠠ ᠬᠥᠬᠢᠭᠦᠯᠦᠨ ᠱᠠᠩᠨᠠᠵᠤ᠂ ᠬᠡᠷᠡᠭᠵᠢᠭᠦᠯᠬᠦ ᠶᠠᠪᠤᠴᠠ ᠳᠤ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ ᠠᠴᠠ ᠪᠣᠯᠵᠤ ᠬᠦᠨᠳᠦ ᠨᠣᠴᠢᠲᠠᠶ ᠦᠷ᠎ᠡ ᠳ᠋ᠦᠩ ᠲᠠᠢ ᠨᠢᠭᠡᠴᠡ ᠪᠠ ᠬᠤᠪᠢ ᠬᠥᠮᠦᠨ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃    7.3 ᠪᠡᠯᠡᠳᠭᠡᠯ ᠳᠥᠰᠥᠯ ᠤᠨ ᠭᠡᠷᠡᠭᠵᠢᠬᠦᠯᠬᠦ ᠴᠠᠭ    ᠲᠣᠰ ᠪᠡᠯᠡᠳᠬᠡᠯ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃  
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2