ᠱᠠᠩᠳᠤ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ︵2023-2025 ᠣᠨ︶
ᠨᠡᠶᠢᠲᠡᠯᠡᠭᠰᠡᠨ ᠴᠠᠭ᠄
2023/3/22
   ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠨᠳᠥᠷ ᠬᠢᠷᠢ ᠲᠦᠪᠰᠢᠨ ᠢᠶᠠᠷ ᠨᠡᠭᠡᠭᠡᠨ ᠬᠥᠭᠵᠢᠭᠦᠯᠬᠦ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠡᠳᠦᠭᠡ ᠱᠠᠩᠳᠤ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠷᠪᠠᠨ ᠵᠢᠯ ᠤᠨ ᠠᠵᠢᠯᠯᠠᠭ᠎ᠠ ᠳᠤ ᠳᠣᠤᠷᠠᠬᠢ ᠮᠡᠲᠦ ᠲᠥᠰᠦᠯ ᠢ ᠲᠣᠭᠲᠠᠭᠠᠪᠠ᠃    ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠲᠠᠪᠴᠠᠩ ᠢᠶᠠᠷ ᠠᠷᠠᠯᠵᠢᠶᠠᠴᠢᠨ ᠤᠷᠢᠬᠤ᠂ ᠬᠡᠯᠬᠢ᠊ ᠡᠶ᠎ᠡ ᠶᠢᠨ ᠬᠡᠯᠪᠡᠷᠢ ᠪᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠴᠢᠳᠠᠪᠤᠷᠢᠲᠠᠨ ᠢᠶᠠᠷ ᠠᠷᠠᠯᠵᠢᠶᠠᠴᠢᠨ ᠤᠷᠢᠬᠤ ︽ᠲᠠᠪᠤ ᠶᠢ ᠠᠷᠠᠯᠵᠢᠶᠠᠴᠢᠨ ᠤᠷᠢᠬᠤ︾ ᠶᠢ ᠭᠦᠨᠵᠡᠭᠡᠢ ᠠᠬᠢᠭᠤᠯᠵᠤ᠂ ᠮᠠᠨ ᠤ ᠰᠢᠶᠠᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠲᠣᠨᠣᠭᠯᠠᠯ ᠦᠢᠯᠡᠳᠬᠦ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠵᠡᠷᠭᠡ ᠭᠤᠣᠯᠯᠠᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠰᠢᠨ᠎ᠡ ᠳᠠᠪᠠᠭᠤᠯᠢᠭ ᠢ ᠵᠤᠵᠠᠭᠠᠳᠬᠠᠬᠤ ᠬᠡᠷᠡᠭᠲᠡᠢ᠃    ᠬᠤᠶᠠᠷ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ    ᠳᠤᠭᠤᠶᠢᠯᠠᠩ ᠤᠨ ᠳᠠᠷᠤᠭ᠎ᠠ᠄    ᠭᠤᠤ ᠶᠦᠩ ᠪᠢᠨ ᠰᠢᠶᠠᠨ ᠤ ᠨᠠᠮ ᠤᠨ ᠬᠤᠷᠢᠶᠠᠨ ᠤ ᠱᠦᠵᠢ    ᠪᠠᠶᠢᠩᠭᠤ ᠶᠢᠨ ᠳᠡᠳ᠋ ᠳᠤᠭᠤᠶᠢᠯᠠᠩ ᠤᠨ ᠳᠠᠷᠤᠭ᠎ᠠ᠄    ᠶᠠᠩ ᠸᠧᠨ ᠾᠦᠢ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄    ᠭᠦᠸᠧ ᠱᠸᠤ ᠢᠦᠶ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ    ᠭᠦᠸᠧ ᠢᠦᠶ ᠭᠤᠸᠠᠩ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ    ᠶᠣᠣ ᠬᠠᠶ ᠹᠧᠩ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ    ᠰᠢᠶᠦ᠋ᠩ ᠸᠧᠶ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ    ᠱᠢ ᠼᠦᠢ ᠴᠢᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ    ᠫᠧᠩ ᠰᠢᠤᠸᠠᠢ ᠺᠦᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ    ᠵᠠᠩ ᠿᠢ ᠭᠤᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ    ᠮᠧᠩ ᠶᠦᠩ ᠴᠢᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠄    ᠴᠧᠨ ᠶᠠ ᠮᠢᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ    ᠸᠠᠩ ᠰᠢᠶᠤᠤ ᠮᠢᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ    ᠬᠠᠨ ᠳ᠋ᠠ ᠸᠧᠶ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ    ᠭᠦᠸᠧ ᠶᠦᠨ ᠹᠸᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ    ᠼᠤᠤ ᠯᠸᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ    ᠵᠠᠩ ᠶᠦᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ    ᠵᠠᠩ ᠰᠢᠶᠤᠤ ᠯᠢᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ    ᠵᠢᠩ ᠰᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ    ᠯᠠᠨ ᠷᠦᠢ ᠰᠢᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ    ᠸᠧᠶ ᠸᠧᠶ ᠰᠢᠶᠠᠨ ᠤ ᠳᠡᠳ᠋ ᠳᠠᠷᠤᠭ᠎ᠠ    ᠵᠠᠩ ᠭᠤᠸᠠᠩ ᠰᠢᠶᠠᠨ ᠤ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ    ᠵᠣᠣ ᠭᠦᠸᠧ ᠸᠧᠨ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ    ᠶᠠᠨ ᠴᠢᠤᠸᠠᠨ ᠯᠢ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ    ᠸᠠᠩ ᠬᠤ᠋ ᠵᠢᠶᠦ᠋ᠨ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ    ᠳ᠋ᠤᠸᠠᠨ ᠰᠢᠶᠤᠤ ᠰᠢᠶᠠᠨ ᠤ ᠳᠡᠳ᠋ ᠳᠠᠷᠤᠭ᠎ᠠ    ᠯᠢᠦ ᠷᠦᠢ ᠰᠢᠶᠠᠨ ᠤ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ    ᠵᠠᠩ ᠵᠠᠨ ᠶᠢᠩ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ    ᠯᠢᠦ ᠷᠦᠢ ᠮᠢᠩ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ    ᠷᠧᠨ ᠬᠠᠶ ᠴᠢᠩ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ    ᠴᠢᠶᠣᠤ ᠷᠦᠢ ᠫᠢᠩ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ    ᠶᠤᠸᠠᠨ ᠬᠠᠢ ᠬᠤᠩ ᠬᠦᠢᠳᠡᠨᠰᠢᠯᠢ ᠪᠣᠬᠢᠷᠲᠤᠯ ᠦᠭᠡᠢ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ    ᠭᠡᠰᠢᠭᠦᠳ᠄    ᠯᠢ ᠶᠠ ᠳ᠋ᠦᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ ᠤᠨ ᠡᠷᠬᠢᠯᠡᠭᠴᠢ    ᠰᠢᠶᠤᠤ ᠵᠢᠶᠠᠨ ᠵᠥᠩ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ    ᠹᠠᠨ ᠸᠧᠶ ᠴᠧᠩ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ    ᠭᠦᠸᠧ ᠼᠦᠨ ᠹᠦ᠋ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ ᠤᠨ ᠡᠷᠬᠢᠯᠡᠭᠴᠢ    ᠯᠢ ᡁᠢ ᠰᠢᠶᠠᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠡᠷᠬᠢᠯᠡᠭᠴᠢ    ᠰᠢᠤᠸᠠᠢ ᠮᠧᠢ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ    ᠯᠢ ᠭᠤᠸᠠᠩ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ    ᠸᠠᠩ ᠰᠢᠶᠤᠤ ᠫᠢᠩ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ    ᠠᠨ ᠶᠦᠩ ᠭᠤᠸᠠᠩ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ    ᠫᠠᠩ ᠰᠢᠤᠸᠠᠢ ᠹᠧᠩ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ    ᠵᠤᠤ ᠷᠦᠢ ᠵᠢᠶᠦ᠋ᠨ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ    ᠲᠢᠶᠠᠨ ᠪᠢᠩ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ    ᠶᠧ ᠱᠢ ᠬᠠᠢ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ    ᠼᠤᠤ ᠵᠢᠶᠦ᠋ᠨ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ    ᠵᠣᠣ ᠶᠦᠨ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ    ᠵᠠᠩ ᠰᠢᠶᠧ ᠰᠢᠶᠠᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ    ᠳ᠋ᠦᠩ ᠯᠢᠶᠠᠩ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ    ᠮᠠ ᠰᠢᠶᠣᠤ ᠴᠢᠶᠠᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ    ᠦ᠋ ᠵᠢᠶᠠᠨ ᠪᠢᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ    ᠸᠠᠩ ᠯᠢ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ    ᠰᠦᠩ ᠴᠢᠶᠠᠩ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ    ᠭᠦᠸᠧ ᠵᠢᠶᠠᠨ ᠹᠧᠩ ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ    ᠵᠠᠩ ᠵᠢᠶᠠᠨ ᠭᠦᠸᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ    ᠵᠠᠩ ᠱᠢ ᠫᠢᠩ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠱᠠᠩᠳᠤ ᠰᠢᠶᠠᠨ ᠤ ᠬᠤᠪᠢᠶᠠᠷᠢ ᠲᠣᠪᠴᠢᠶᠠᠨ ᠤ ᠳᠠᠷᠤᠭ᠎ᠠ    ᠥᠯᠵᠠᠶᠢᠨᠠᠰᠦᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶᠠᠨ ᠤ ᠱᠠᠩᠳᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠳᠠᠷᠤᠭ᠎ᠠ    ᠬᠤᠤ ᠸᠧᠨ ᠵᠢᠶᠦ᠋ᠨ ᠰᠢᠶᠠᠨ ᠤ ᠴᠠᠬᠢᠯᠭᠠᠨ ᠬᠠᠩᠭᠠᠬᠤ ᠺᠣᠮᠫᠠᠨᠢ ᠶᠢᠨ ᠳᠠᠭᠠᠭᠠᠮᠠᠯ    ᠠᠵᠢᠯ ᠢ ᠠᠬᠢᠭᠤᠯᠬᠤ ᠳᠤᠭᠤᠶᠢᠯᠠᠩ ᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ᠂ ᠲᠣᠨᠣᠭᠯᠠᠯ ᠦᠢᠯᠡᠳᠬᠦ ᠠᠵᠤ ᠦᠢᠯᠡᠰ ᠤᠨ ᠬᠡᠯᠬᠢᠶ᠎ᠡ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ᠂ ᠶᠡᠷᠦᠩᠬᠡᠶᠢᠯᠡᠨ ᠬᠤᠳᠠᠯᠳᠤᠭᠠᠴᠢᠨ ᠤᠷᠢᠬᠤ ᠳᠥᠷᠪᠡᠨ ᠲᠤᠰᠬᠠᠢ ᠳᠤᠭᠤᠶᠢᠯᠠᠩ ᠤᠨ ᠪᠠ ᠨᠢᠭᠡ ᠠᠯᠪᠠᠨ ᠭᠡᠷ ᠢ ᠪᠠᠶᠢᠭᠤᠯᠵᠤ᠂ ᠠᠯᠪᠠᠨ ᠭᠡᠷ ᠢ ᠰᠢᠶᠠᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ᠲᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠰᠢᠶᠠᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠡᠷᠬᠢᠯᠡᠭᠴᠢ ᠯᠢ ᡁᠢ ᠬᠠᠪᠰᠤᠷᠭᠠᠨ ᠡᠭᠦᠷᠭᠡᠯᠡᠨ᠎ᠡ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠡᠷᠪᠡ ᠠᠵᠢᠯ ᠤᠨ ᠬᠤᠪᠢᠷᠠᠯᠲᠠ ᠲᠣᠬᠢᠶᠠᠯᠳᠤᠪᠠᠯ᠂ ᠵᠣᠬᠢᠴᠠᠩᠭᠤᠶ ᠲᠤᠰᠢᠶᠠᠯ ᠲᠠᠢ ᠬᠥᠮᠦᠰ ᠥᠪᠡᠰᠦᠪᠡᠨ ᠣᠷᠣᠯᠠᠨ ᠨᠥᠬᠦᠪᠥᠷᠢᠯᠡᠵᠦ᠂ ᠳᠠᠬᠢᠵᠤ ᠪᠢᠴᠢᠭ ᠮᠠᠲ᠋ᠧᠷᠢᠶᠠᠯ ᠶᠠᠪᠤᠭᠤᠯᠬᠤ ᠦᠭᠡᠢ᠃    ᠭᠤᠷᠪᠠ᠂ ᠠᠵᠢᠯ ᠤᠨ ᠬᠠᠷᠠᠯᠲᠠ    ᠭᠤᠷᠪᠠᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠪᠦᠬᠦ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠰᠢᠨ᠎ᠡ ᠰᠢᠯᠢᠳᠡᠭᠵᠢᠵᠦ᠂ ᠨᠡᠭᠡᠭᠡᠯᠲᠡ ᠶᠢᠨ ᠲᠠᠪᠴᠠᠩ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠭᠤᠣᠯ ᠭᠦᠢᠴᠡᠳᠬᠡᠯ ᠲᠤᠭ᠎ᠠ ᠰᠢᠨ᠎ᠡ ᠰᠢᠪᠲᠤᠯᠤᠯᠲᠠ ᠲᠠᠢ ᠪᠣᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠰᠢᠨ᠎ᠡ ᠳᠡᠭᠡᠭᠰᠢᠯᠡᠬᠦ ᠶᠢ ᠪᠡᠶᠡᠯᠡᠭᠦᠯᠪᠡ᠃    ᠶᠠᠰᠤ ᠴᠢᠨᠠᠷ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠪᠡᠯᠡ ᠣᠷᠣᠭᠤᠯᠬᠤ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠶ᠃ ᠪᠦᠬᠦ ᠰᠢᠶᠠᠨ ᠢᠶᠠᠷ ᠢᠶᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠷᠪᠠᠨ ᠵᠢᠯ ᠳᠤ ᠰᠢᠨ᠎ᠡ ᠪᠠᠷ ᠭᠡᠷ᠎ᠡ ᠲᠣᠭᠲᠠᠵᠤ ᠨᠠᠶᠢᠳᠠᠪᠤᠷᠢᠵᠢᠭᠤᠯᠬᠤ ᠲᠥᠷᠥᠯ ᠵᠦᠢᠯ 225 ᠠᠴᠠ ᠳᠡᠭᠡᠭᠰᠢ ᠪᠠᠶᠢᠵᠤ᠂ ᠵᠥᠪᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ ᠶᠢᠨ ᠲᠤᠭ᠎ᠠ 675 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠨ᠎ᠠ᠃ ᠭᠤᠷᠪᠠᠨ ᠵᠢᠯ ᠳᠤ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ ᠨᠡᠶᠢᠲᠡ 83 ᠳ᠋ᠦᠩᠰᠢᠭᠤᠷ ᠲᠥᠭᠦᠷᠢᠭ ᠠᠴᠠ ᠳᠡᠭᠡᠭᠰᠢ ᠳᠠᠪᠠᠭᠤᠯᠵᠤ᠂ ᠵᠢᠯ ᠪᠦᠷᠢ ᠳᠤᠮᠳᠠᠴᠢ ᠪᠠᠷ 15% ᠠᠴᠠ ᠳᠡᠭᠡᠭᠰᠢ ᠨᠡᠮᠡᠭᠳᠡᠭᠦᠯᠦᠨ᠎ᠡ᠃ ᠠᠵᠤ ᠦᠢᠯᠡᠰ ᠤᠨ ᠪᠦᠲᠦᠴᠡ ᠶᠢᠨ ᠲᠡᠰ ᠳᠠᠪᠬᠤᠷᠭ᠎ᠠ ᠶᠢ ᠪᠦᠬᠦ ᠬᠡᠯᠬᠢᠶ᠎ᠡ ᠪᠠᠷ ᠳᠡᠭᠡᠭᠰᠢᠯᠡᠭᠦᠯᠵᠦ᠂ ᠠᠵᠤ ᠦᠢᠯᠡᠰ ᠤᠨ ᠲᠣᠭᠠᠴᠢᠯᠠᠭᠰᠠᠨ ᠡᠨᠧᠷᠭᠢ ᠣᠯᠭᠤᠬᠤ ᠶᠢ ᠪᠦᠬᠦ ᠲᠠᠯ᠎ᠠ ᠪᠠᠷ ᠠᠬᠢᠭᠤᠯᠵᠤ᠂ ᠪᠦᠬᠦ ᠠᠵᠢᠯ ᠲᠦᠷᠦᠯ ᠢᠶᠠᠷ ᠢᠶᠠᠨ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠦ ᠬᠥᠭᠵᠢᠯᠲᠡ ᠶᠢ ᠠᠬᠢᠭᠤᠯᠤᠨ᠎ᠠ᠃ ᠲᠡᠷᠢᠭᠦᠨ ᠤ ᠦᠶ᠋ᠯᠡᠳᠬᠦ ᠦᠶ᠋ᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠦᠶ᠋ᠯᠡᠰ ᠤᠨ ᠪᠠᠯᠠ ᠣᠷᠣᠭᠤᠯᠤᠯᠲᠠ ᠶᠢᠨ ᠲᠤᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠪᠡᠶᠡᠯᠡᠭᠦᠯᠵᠦ᠂ 2025 ᠤᠨ ᠪᠣᠯᠬᠤ ᠳᠤ ᠦᠶ᠋ᠯᠡᠳᠬᠦ ᠦᠶ᠋ᠯᠡᠰ ᠤᠨ ᠨᠡᠮᠡᠭᠳᠡᠯ ᠥᠷᠲᠡᠭ ᠤᠨ ᠪᠥᠬᠦ ᠰᠢᠶᠠᠨ ᠤ ᠦᠶ᠋ᠯᠡᠳᠪᠦᠷᠢᠯᠡᠯ ᠤᠨ ᠶᠡᠷᠦᠩᠬᠡᠶ ᠥᠷᠲᠡᠭ ᠲᠠᠬᠢ ᠡᠵᠡᠯᠡᠬᠦ ᠬᠤᠪᠢ ᠶᠢᠨ ᠵᠢᠩ ᠢ 20% ᠠᠴᠠ ᠳᠡᠭᠡᠭᠰᠢ ᠳᠤ ᠬᠦᠷᠦᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 13 ᠠᠴᠠ ᠳᠡᠭᠡᠭᠰᠢ ᠳᠤ ᠬᠦᠷᠦᠭᠦᠯᠦᠨ᠎ᠡ᠃    - ᠬᠡᠪᠴᠢᠶ᠎ᠡ ᠶᠢ ᠥᠷᠭᠡᠳᠭᠡᠨ ᠳᠡᠰ ᠳᠡᠪᠱᠢᠭᠦᠯᠬᠦ ᠶᠢ ᠪᠠᠷᠢᠮᠲᠠᠯᠠᠵᠤ᠂ ᠬᠠᠮᠲᠤᠷᠠᠯᠴᠠᠭᠠᠨ ᠤ ᠲᠠᠪᠴᠠᠩ ᠢ ᠤᠯᠠᠮ ᠨᠢᠭᠡ ᠠᠯᠬᠤᠮ ᠱᠢᠯᠢᠳᠡᠭᠵᠢᠭᠦᠯ ᠦᠶ᠎ᠡ᠃ ᠬᠦᠷᠢᠶᠡᠯᠡᠩ ᠲᠣᠭᠤᠷᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠪᠤᠵᠠᠭᠠᠶᠢᠷᠠᠭᠤᠯᠵᠤ᠂ ᠠᠴᠢᠶᠠᠯᠠᠬᠤ ᠦᠢᠯᠡᠳᠦᠯ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠨᠡᠭᠡᠭᠡᠯᠲᠡ ᠬᠢᠬᠦ ᠵᠠᠮ ᠢ ᠲᠠᠰᠤᠷᠠᠯᠲᠠ ᠥᠬᠡᠶ ᠥᠷᠭᠡᠳᠬᠡᠵᠦ᠂ ᠨᠡᠭᠡᠭᠡᠯᠲᠡ ᠶᠢᠨ ᠬᠦᠴᠦᠨ ᠵᠦᠢᠯ ᠢ ᠢᠯᠡᠳᠲᠡ ᠲᠥᠪᠯᠡᠷᠡᠭᠦᠯᠦᠨ᠎ᠡ᠃ 2025 ᠤᠨ ᠪᠣᠯᠬᠤ ᠳᠤ᠂ ᠬᠦᠷᠢᠶᠡᠯᠡᠩ ᠲᠣᠭᠤᠷᠢᠭ ᠤᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢ 200 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠵᠦ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠢ 5 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ ︔ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢ 150 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠵᠦ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠢ 100 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ︔ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢ 200 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠵᠦ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠢ 5 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃    - ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠷᠤᠭᠠᠰᠤ ᠶᠢ ᠬᠥᠩᠭᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢ ᠪᠠᠷ ᠵᠠᠰᠠᠬᠤ ᠲᠡᠷᠢᠭᠦᠨ ᠤ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠪᠤᠢ ᠪᠣᠯᠭᠠᠨ᠎ᠠ᠃ ᠠᠵᠤ ᠠᠬᠤᠶᠢᠯᠠᠯ ᠳᠤ ᠬᠤᠯᠪᠣᠭᠳᠠᠬᠤ ᠦᠶ᠋ᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠵᠢᠯ ᠶᠠᠪᠤᠳᠠᠯ ᠭᠦᠶ᠋ᠴᠡᠳᠬᠡᠬᠦ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠤᠨ᠎ᠠ︔ ᠳᠠᠯᠳᠠ ᠬᠤᠷᠢᠭ᠎ᠠ ᠶᠢ ᠤᠯᠠᠮ ᠨᠢᠭᠡ ᠠᠯᠬᠤᠮ ᠠᠷᠢᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠥᠪᠰᠢᠶᠡᠷᠡᠨ ᠣᠷᠣᠭᠤᠯᠬᠤ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠯᠲᠡ ᠶᠢᠨ ᠳᠠᠷᠤᠭᠠᠰᠤ ᠶᠢ ᠬᠥᠩᠭᠡᠷᠡᠭᠦᠯᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ︔ ᠲᠥᠪ ᠭᠤᠤᠯᠴᠢ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ︔ ᠵᠠᠰᠠᠭ ᠵᠠᠬᠢᠷᠭᠠᠨ ᠤ ᠡᠷᠬᠡ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠥᠷᠥ ᠶᠢᠨ ᠪᠣᠳᠣᠯᠭ᠎ᠠ ᠶᠢᠨ ᠵᠢᠱᠢᠯᠲᠡ ᠶᠢ ᠦᠨᠡᠨ ᠬᠦ ᠲᠣᠭᠲᠠᠪᠤᠷᠢᠵᠢᠭᠤᠯᠤᠨ᠎ᠠ᠃ ᠱᠠᠩᠳᠤ ᠰᠢᠶᠠᠨ ᠢ ᠤᠯᠠᠭᠠᠨᠴᠠᠪ ᠬᠤᠲᠠ ᠶᠢᠨ ᠬᠥᠭᠵᠢᠯᠲᠡ ᠶᠢᠨ ᠥᠪᠡᠷ ᠤᠨ ᠥᠷᠲᠡᠭ ᠢᠶᠠᠷ ᠬᠠᠮᠤᠭ ᠤᠨ ᠳᠣᠤᠷ᠎ᠠ᠂ ᠦᠷ᠎ᠡ ᠪᠦᠲᠦᠮᠵᠢ ᠪᠠᠷ ᠬᠠᠮᠤᠭ ᠤᠨ ᠥᠨᠳᠥᠷ᠂ ᠦᠢᠯᠡᠴᠢᠯᠡᠭᠡ ᠪᠠᠷ ᠬᠠᠮᠤᠭ ᠤᠨ ᠰᠢᠯᠢᠳᠡᠭ᠂ ᠠᠴᠢ ᠬᠠᠷᠢᠭᠤᠯᠤᠯ ᠢᠶᠠᠷ ᠬᠠᠮᠤᠭ ᠤᠨ ᠲᠦᠷᠭᠡᠨ ᠲᠥᠷᠥ ᠶᠢᠨ ᠪᠣᠳᠣᠯᠭ᠎ᠠ ᠶᠢᠨ ᠥᠨᠳᠦᠷᠯᠢᠭ ᠂ ᠪᠠᠯᠠ ᠣᠷᠣᠭᠤᠯᠤᠯᠲᠠ ᠶᠢᠨ ᠬᠤᠲᠣᠭᠤᠷ ᠭᠠᠵᠠᠷ᠂ ᠦᠢᠯᠡᠰ ᠢᠶᠠᠨ ᠮᠠᠨᠳᠤᠭᠤᠯᠬᠤ ᠵᠢᠷᠭᠠᠯᠠᠩᠲᠤ ᠭᠠᠵᠠᠷ ᠪᠣᠯᠭᠠᠬᠤ ᠪᠠᠷ ᠴᠢᠷᠮᠠᠶᠢᠨ᠎ᠠ᠃    ᠳᠥᠷᠪᠡ᠂ ᠭᠤᠤᠯᠳᠠᠯᠭ᠎ᠠ ᠲᠠᠢ ᠡᠭᠦᠷᠭᠡ    ︵ᠨᠢᠭᠡ︶ ︽ᠲᠠᠪᠤ ᠶᠢ ᠬᠤᠳᠠᠯᠳᠤᠭᠠᠴᠢᠨ ᠤᠷᠢᠬᠤ︾ ᠶᠢ ᠭᠦᠨᠵᠡᠭᠡᠢ ᠥᠷᠨᠢᠭᠦᠯᠵᠦ᠂ ᠠᠵᠤ ᠠᠬᠤᠢ ᠶᠢᠨ ᠳᠠᠶᠢᠴᠢᠯᠠᠬᠤ ᠬᠦᠴᠦᠨ ᠢ ᠦᠡᠨᠡᠬᠦ ᠴᠢᠩᠬᠠᠷᠠᠭᠤᠯᠤᠨ᠎ᠠ    1. ᠬᠡᠯᠬᠢᠶᠡᠵᠢᠭᠰᠡᠨ ᠮᠠᠶ᠋ᠢᠭ ᠢᠶᠠᠷ ᠬᠤᠳᠠᠯᠳᠤᠭᠠᠴᠢᠨ ᠤᠷᠢᠬᠤ ᠶᠢ ᠶᠡᠬᠡᠪᠡᠷ ᠠᠬᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠲᠣᠨᠤᠭ ᠲᠥᠬᠦᠭᠡᠷᠦᠮᠵᠢ ᠦᠶ᠋ᠯᠡᠳᠬᠦ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠵᠡᠷᠭᠡ ᠭᠤᠤᠯᠯᠠᠬᠤ ᠠᠵᠤ ᠦᠶ᠋ᠯᠡᠰ ᠤᠨ ᠲᠣᠭᠤᠷᠢᠨ ᠳᠤ ᠭᠤᠤᠯᠳᠠᠯᠭ᠎ᠠ ᠲᠠᠢ ᠠᠵᠤ ᠦᠶ᠋ᠯᠡᠰ ᠤᠨ ᠬᠤᠳᠠᠯᠳᠤᠭᠠᠴᠢᠨ ᠤᠷᠢᠬᠤ ᠶᠢ ᠴᠢᠩᠭᠠᠳᠬᠠᠵᠤ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ ᠶᠢ ᠢᠳᠡᠪᠬᠢᠲᠡᠶ ᠠᠬᠢᠭᠤᠯᠵᠤ᠂ ᠣᠲᠣ ᠦᠶ᠎ᠡ ᠶᠢᠨ ᠠᠵᠤ ᠦᠶ᠋ᠯᠡᠰ ᠤᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠨᠢᠭᠡ ᠳᠤ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠶ᠋ᠯᠡᠰ᠂ ︽ᠨᠣᠬᠠᠶ ᠶᠢᠨ ᠬᠤᠰᠢᠭᠤ ᠨᠣᠭᠤᠭ᠎ᠠ ᠲᠥᠮᠥᠰᠥ᠂ ᠠᠯᠠᠰᠢᠨ ᠦᠬᠡᠷ ᠠᠯᠠᠰᠢᠨ ᠬᠤᠨᠢ ᠰᠦ︾ ᠵᠡᠷᠭᠡ ᠵᠢᠷᠭᠤᠭᠠᠨ ᠶᠡᠭᠡ ᠠᠵᠤ ᠦᠶ᠋ᠯᠡᠰ ᠤᠨ ᠲᠣᠭᠤᠷᠢᠨ ᠳᠤ᠂ ᠣᠨᠴᠠᠯᠢᠭᠲᠤ ᠭᠤᠤᠯᠯᠠᠬᠤ ᠠᠵᠤ ᠦᠶ᠋ᠯᠡᠰ ᠤᠨ ᠬᠡᠯᠬᠢᠶᠡᠵᠢᠭᠰᠡᠨ ᠬᠥᠭᠵᠢᠯᠲᠡ ᠶᠢ ᠠᠬᠢᠭᠤᠯᠵᠤ᠂ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠪᠠ ᠡᠳ᠋ᠰᠢᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠤᠶᠠᠷ ᠲᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ᠂ ᠤᠯᠠᠭᠠᠨᠴᠠᠪ ᠤᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠰᠢᠨ᠎ᠡ ᠥᠨᠳᠦᠷᠯᠢᠭ ᠢ ᠴᠣᠭᠴᠠᠯᠠᠬᠤ ᠳᠤ ᠲᠦᠰᠢᠭᠯᠡᠨ᠂ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ᠂ ᠲᠢᠶᠠᠨ ᠱᠦᠨ ᠰᠠᠯᠬᠢᠨ ᠬᠦᠴᠦᠨ ᠤ ᠴᠠᠬᠢᠯᠭᠠᠨ᠂ ᠲᠢᠶᠠᠨ ᠨᠧᠩ ᠬᠦᠨᠳᠦ ᠠᠵᠤ ᠦᠢᠯᠡᠳᠪᠦᠷᠢ ᠵᠡᠷᠭᠡ ᠠᠯᠢ ᠣᠯᠠᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠬᠡᠯᠬᠢᠶ᠎ᠡ ᠮᠠᠶ᠋ᠢᠭ ᠤᠨ ᠬᠥᠭᠵᠢᠯᠲᠡ ᠶᠢ ᠠᠬᠢᠭᠤᠯᠤᠭᠰᠠᠨ ᠰᠠᠭᠤᠷᠢᠨ ᠳᠡᠭᠡᠷ᠎ᠡ᠂ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠶ᠋ᠯᠡᠳᠬᠦ ᠪᠥᠬᠦ ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠶᠢᠯᠠᠯ ᠵᠢᠴᠢ ᠬᠠᠮᠢᠶ᠎ᠠ ᠪᠥᠬᠦᠶ ᠳᠡᠭᠡᠳᠦ ᠳᠣᠤᠷᠠᠳᠤ ᠤᠷᠤᠰᠬᠠᠯ ᠤᠨ ᠲᠣᠨᠤᠭ ᠲᠥᠬᠦᠭᠡᠷᠦᠮᠵᠢ ᠦᠶ᠋ᠯᠡᠳᠬᠦ ᠢᠵᠢ ᠪᠥᠷᠢᠳᠦᠭᠦᠯᠬᠦ ᠠᠵᠤ ᠠᠬᠤᠶᠢᠯᠠᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠵᠤ᠂ ᠵᠠᠭᠤᠨ ᠳ᠋ᠦᠩᠰᠢᠭᠤᠷ ᠲᠠᠰ ᠤᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠶ᠋ᠯᠡᠳᠬᠦ ᠠᠵᠤ ᠦᠢᠯᠡᠰ ᠤᠨ ᠪᠥᠭᠡᠮᠨᠡᠷᠡᠯ ᠢ ᠪᠣᠶ ᠪᠣᠯᠭᠠᠨ᠎ᠠ᠃ ᠭᠤᠷᠪᠠ ᠳᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ᠂ ᠰᠢᠤᠢ ᠶᠠᠩ᠂ ᠺᠠᠶᠢ ᠶᠢᠨ᠂ ᠵᠢᠢ ᠮᠧᠢ᠂ ᠾᠧᠩ ᠺᠧ᠂ ᠹᠧᠩ ᠶᠠᠨ ᠵᠢᠶᠤᠤ ᠵᠡᠷᠭᠡ ᠠᠵᠤ ᠠᠬᠤᠶᠢᠯᠠᠯ ᠢ ᠬᠥᠭᠵᠢᠭᠦᠯᠦᠨ ᠪᠤᠵᠠᠭᠠᠶᠢᠷᠠᠭᠤᠯᠤᠭᠰᠠᠨ ᠰᠠᠭᠤᠷᠢᠨ ᠳᠡᠭᠡᠷ᠎ᠡ᠂ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠪᠣᠯᠤᠨ ᠰᠢᠨ᠎ᠡ ᠡᠨᠧᠷᠭᠢ ᠤᠭᠰᠠᠷᠠᠬᠤ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠴᠢᠨᠠᠭᠰᠢᠳᠠ ᠣᠷᠣᠭᠤᠯᠤᠨ ᠠᠪᠴᠢᠷᠠᠵᠤ᠂ ᠪᠦᠬᠦ ᠣᠷᠣᠨ ᠤ ᠴᠢᠬᠤᠯᠠ ᠯᠢᠲ᠋ᠢ ᠳ᠋ᠢᠶᠠᠨ ᡂᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠠᠵᠤ ᠦᠢᠯᠡᠰ ᠤᠨ ᠬᠦᠷᠢᠶᠡᠯᠡᠩ ᠢ ᠬᠦᠴᠦᠯᠡᠨ ᠪᠠᠶᠢᠭᠤᠯᠪᠠ᠃ ︵ᠪᠡᠯᠡ ᠣᠷᠣᠭᠤᠯᠤᠯᠲᠠ ᠶᠢ ᠠᠬᠢᠭᠤᠯᠬᠤ ᠲᠥᠪ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠦᠢᠳᠡᠨᠰᠢᠯᠢ ᠪᠣᠬᠢᠷᠲᠤᠯ ᠦᠭᠡᠢ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶    2. ᠲᠠᠪᠴᠠᠩ ᠢᠶᠠᠷ ᠬᠤᠳᠠᠯᠳᠤᠭᠠᠴᠢᠨ ᠤᠷᠢᠬᠤ ᠶᠢ ᠶᠡᠬᠡᠪᠡᠷ ᠥᠷᠨᠢᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠨᠥᠭᠡᠴᠡᠯᠡᠬᠦ ᠲᠠᠪᠴᠠᠩ ᠢ ᠬᠦᠴᠦᠯᠡᠨ ᠲᠡᠭᠦᠯᠳᠡᠷᠵᠢᠭᠦᠯᠦᠨ᠎ᠡ᠃ ᠪᠥᠬᠦ ᠰᠢᠶᠠᠨ ᠤ ᠡᠯ᠎ᠡ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ᠂ ᠠᠵᠤ ᠦᠢᠯᠡᠰ ᠤᠨ ᠴᠢᠳᠠᠪᠤᠷᠢ ᠶᠢᠨ ᠲᠠᠰ ᠤᠨ ᠳᠡᠭᠡᠭᠰᠢᠯᠡᠯᠲᠡ ᠲᠠᠢ ᠤᠶᠠᠯᠳᠤᠭᠤᠯᠤᠨ᠂ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠢ ᠰᠦᠪᠡᠭᠴᠢᠯᠡᠨ ᠨᠤᠲᠠᠯᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠨᠥᠭᠡᠴᠡᠯᠡᠬᠦ ᠬᠥᠮᠥᠷᠭᠡ ᠶᠢ ᠬᠥᠳᠡᠯᠦᠩᠭᠦᠶ ᠪᠠᠷ ᠳᠣᠭᠢᠷᠠᠭᠤᠯᠬᠤ ᠪᠠ ᠨᠥᠬᠦᠪᠥᠷᠢᠯᠡᠨ ᠲᠡᠭᠦᠯᠳᠡᠷᠵᠢᠭᠦᠯᠦᠨ᠎ᠡ᠃ ︽500 ᠬᠦᠴᠦᠷᠬᠡᠭ ᠠᠵᠤ ᠠᠬᠤᠶᠢᠯᠠᠯ ᠢ ᠥᠪᠥᠷ ᠮᠣᠩᠭᠤᠯ ᠳᠤ ᠣᠷᠣᠭᠤᠯᠬᠤ︾ ᠰᠢᠷᠢᠰ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠯᠦᠩ ᠲᠸᠦ ᠬᠡᠯᠪᠡᠷᠢ ᠶᠢᠨ ᠪᠠ ᠬᠤᠰᠢᠭᠤᠴᠢ ᠬᠡᠯᠪᠡᠷᠢ ᠶᠢᠨ ᠲᠥᠷᠥᠯ ᠵᠦᠢᠯ ᠢ ᠭᠤᠣᠯᠯᠠᠵᠤ᠂ ᠨᠢᠭᠡ ᠪᠦᠯᠦᠭ ᠬᠤᠯᠪᠣᠭᠳᠠᠬᠤ ᠬᠡᠮᠵᠢᠶ᠎ᠡ ᠪᠠᠷ ᠶᠡᠭᠡ᠂ ᠠᠵᠤ ᠦᠢᠯᠡᠰ ᠤᠨ ᠬᠡᠯᠬᠢᠶ᠎ᠡ ᠪᠠᠷ ᠣᠷᠳᠣ᠂ ᠠᠵᠤ ᠠᠬᠤᠢ ᠶᠢᠨ ᠦᠷ᠎ᠡ ᠠᠰᠢᠭ ᠢᠶᠠᠷ ᠰᠠᠶᠢᠨ ᠳᠠᠪᠠᠭᠤᠯᠢᠭ ᠲᠥᠷᠥᠯ ᠵᠦᠢᠯ ᠢ ᠬᠦᠴᠦᠯᠡᠨ ᠣᠷᠣᠭᠤᠯᠵᠤ᠂ ᠬᠠᠮᠢᠶ᠎ᠠ ᠪᠦᠬᠦᠢ ᠢᠵᠢ ᠪᠦᠷᠢᠳᠦᠭᠦᠯᠬᠦ ᠠᠵᠤ ᠠᠬᠤᠶᠢᠯᠠᠯ ᠤᠨ ᠡᠷᠦᠬᠡ ᠠᠮᠠ ᠪᠠᠨ ᠣᠷᠣᠭᠤᠯᠬᠤ ᠶᠢ ᠳᠠᠶᠢᠴᠢᠯᠠᠨ᠂ ᠴᠤᠭᠯᠠᠷᠠᠯ ᠤᠨ ᠦᠢᠯᠡᠳᠦᠯ ᠢ ᠪᠣᠶ ᠪᠣᠯᠭᠠᠨ᠎ᠠ᠃ ᠠᠵᠢᠯ ᠣᠯᠭᠤᠯᠲᠠ᠂ ᠭᠠᠶᠢᠯᠢ ᠲᠠᠲᠠᠪᠤᠷᠢ᠂ ᠮᠡᠷᠭᠡᠵᠢᠯ ᠤᠨ ᠳᠡᠰ ᠳᠠᠪᠬᠤᠷᠭ᠎ᠠ᠂ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ᠂ ᠠᠵᠤ ᠠᠬᠤᠶ ᠶᠢᠨ ᠬᠤᠪᠢ ᠨᠡᠮᠡᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠠᠵᠤ ᠦᠢᠯᠡᠰ ᠬᠤᠪᠢᠶᠠᠵᠤ᠂ ᠰᠠᠯᠠᠭ᠎ᠠ ᠮᠥᠴᠢᠷ ᠬᠤᠪᠢᠶᠠᠨ ᠭᠤᠤᠯᠳᠠᠯᠭ᠎ᠠ ᠲᠠᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠲᠣᠭᠲᠠᠭᠠᠵᠤ᠂ ᠨᠠᠷᠢᠨ ᠳᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠨᠥᠭᠡᠴᠡᠯᠡᠬᠦ ᠲᠠᠪᠴᠠᠩ ᠢ ᠪᠤᠢ ᠪᠣᠯᠭᠠᠨ᠎ᠠ᠃ ︵ᠪᠡᠯᠡ ᠣᠷᠣᠭᠤᠯᠤᠯᠲᠠ ᠶᠢ ᠠᠬᠢᠭᠤᠯᠬᠤ ᠲᠥᠪ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠦᠢᠲᠡᠨᠰᠢᠯᠢ ᠪᠣᠬᠢᠷᠲᠤᠯ ᠦᠭᠡᠶ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶    3. ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠶᠡᠬᠡᠪᠡᠷ ᠥᠷᠨᠢᠭᠦᠯᠦᠨ᠎ᠡ᠃ ︽ᠬᠡᠯᠬᠢᠶ᠎ᠡ ᠶᠢᠨ ᠳᠠᠷᠤᠭ᠎ᠠ︾ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠬᠡᠯᠬᠢᠶ᠎ᠡ ᠶᠢᠨ ᠡᠵᠡᠨ︾ ᠠᠵᠤ ᠠᠬᠤᠶᠢᠯᠠᠯ ᠪᠠ ᠠᠵᠤ ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠲᠥᠷᠥᠯ ᠵᠦᠢᠯ ᠢ ᠴᠢᠩᠭ᠎ᠠ ᠠᠳᠬᠤᠨ᠂ ︽ᠬᠡᠯᠬᠢᠶ᠎ᠡ ᠶᠢᠨ ᠡᠵᠡᠨ ︾ ᠠᠵᠤ ᠠᠬᠤᠶᠢᠯᠠᠯ᠂ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠳᠠᠭᠠᠭᠤᠯᠤᠭᠴᠢ︾ ᠬᠡᠯᠪᠡᠷᠢ ᠶᠢᠨ ᠠᠷᠭ᠎ᠠ ᠮᠠᠶ᠋ᠢᠭ ᠢᠶᠠᠷ ᠨᠢᠭᠡ ᠪᠦᠯᠦᠭ ︽ᠬᠡᠯᠬᠢᠶ᠎ᠡ ᠶᠢᠨ ᠡᠵᠡᠨ︾ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠨᠢᠭᠡ ᠪᠦᠯᠦᠭ ᠢᠵᠢ ᠪᠥᠷᠢᠳᠦᠭᠦᠯᠬᠦ ᠠᠵᠤ ᠠᠬᠤᠶᠢᠯᠠᠯ ᠤᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠤ᠂ ︽ᠨᠢᠭᠡ ᠶᠢ ᠨᠠᠶᠢᠳᠠᠪᠤᠷᠢᠵᠢᠭᠤᠯᠤᠨ᠂ ᠨᠢᠭᠡ ᠪᠦᠯᠦᠭ ᠢ ᠲᠡᠳᠡᠨ ᠠᠪᠴᠢᠷᠠᠵᠤ᠂ ᠨᠢᠭᠡ ᠪᠦᠯᠦᠭ ᠢ ᠲᠥᠪᠯᠡᠷᠡᠭᠦᠯᠬᠦ︾ ᠬᠠᠮᠲᠤᠷᠠᠨ ᠬᠥᠳᠡᠯᠦᠯᠴᠡᠬᠦ ᠦᠢᠯᠡᠳᠦᠯ ᠢ ᠪᠣᠶ ᠪᠣᠯᠭᠠᠨ᠎ᠠ᠃ ︵ᠪᠡᠯᠡ ᠣᠷᠣᠭᠤᠯᠤᠯᠲᠠ ᠶᠢ ᠠᠬᠢᠭᠤᠯᠬᠤ ᠲᠥᠪ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠦᠢᠳᠡᠨᠰᠢᠯᠢ ᠪᠣᠬᠢᠷᠲᠤᠯ ᠦᠭᠡᠶ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶    4. ᠬᠤᠳᠠᠯᠳᠤᠭᠠᠴᠢᠨ ᠤᠷᠢᠬᠤ ᠶᠢ ᠶᠡᠬᠡᠪᠡᠷ ᠥᠷᠨᠢᠭᠦᠯᠬᠦ ᠬᠡᠷᠡᠭᠲᠡᠶ᠃ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ᠂ ᠳᠤᠮᠳᠠᠳᠤ ᠤᠯᠤᠰ ᠤᠨ ᠤᠯᠠᠨ ᠤᠯᠤᠰ ᠤᠨ ᠪᠡᠯᠡ ᠣᠷᠣᠭᠤᠯᠤᠯᠲᠠ ᠶᠢᠨ ᠠᠷᠠᠯᠵᠢᠶᠠᠨ ᠤ ᠵᠥᠪᠳᠡᠯᠴᠡᠭᠡᠷ ᠤᠨ ᠬᠤᠷᠠᠯ᠂ ᠳᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠵᠡᠷᠭᠡ ᠲᠠᠪᠴᠠᠩ ᠢ ᠭᠦᠢᠴᠡᠳ ᠰᠠᠶᠢᠲᠤᠷ ᠬᠡᠷᠡᠭᠯᠡᠵᠦ᠂ ᠠᠷᠠᠯᠵᠢᠶᠠᠴᠢᠨ ᠤᠷᠢᠵᠤ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠴᠤᠭᠯᠠᠭᠠᠨ᠂ ᠡᠯ᠎ᠡ ᠲᠥᠷᠥᠯ ᠤᠨ ᠵᠢᠭᠤᠯᠴᠢᠯᠠᠯ ᠤᠨ ᠰᠣᠶᠣᠯ ᠤᠨ ᠨᠠᠶᠢᠷ ᠵᠡᠷᠭᠡ ᠪᠠᠶᠠᠷ ᠢ ᠢᠳᠡᠪᠬᠢᠲᠡᠶ ᠠᠰᠢᠭᠯᠠᠨ᠂ ᠱᠠᠩᠳᠤ ᠰᠢᠶᠠᠨ ᠢ ᠣᠯᠠᠨ ᠬᠡᠯᠪᠡᠷᠢ ᠪᠠᠷ ᠤᠬᠠᠭᠤᠯᠤᠨ ᠲᠠᠨᠢᠯᠴᠠᠭᠤᠯᠵᠤ᠂ ᠪᠠᠶᠠᠷ ᠤᠨ ᠡᠳᠦᠷ ᠤᠨ ᠬᠤᠷᠠᠯ ᠤᠨ ᠬᠤᠳᠠᠯᠳᠤᠭᠠᠴᠢᠨ ᠤᠷᠢᠬᠤ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠡᠯ᠎ᠡ ᠭᠠᠵᠠᠷ ᠤᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ᠂ ᠤᠯᠠᠭᠠᠨᠴᠠᠪ ᠤᠨ ᠬᠤᠳᠠᠯᠳᠤᠭᠠᠴᠢᠳ ᠤᠨ ᠡᠪᠯᠡᠯ᠂ ᠱᠠᠩᠳᠤ ᠶᠢᠨ ᠬᠤᠳᠠᠯᠳᠤᠭᠠᠴᠢᠳ ᠤᠨ ᠡᠪᠯᠡᠯ ᠳᠤ ᠪᠦᠲᠦᠮᠵᠢᠲᠡᠶ ᠲᠦᠰᠢᠭᠯᠡᠨ ᠬᠤᠳᠠᠯᠳᠤᠭᠠᠴᠢᠨ ᠤᠷᠢᠬᠤ ᠲᠠᠨᠢᠯᠴᠠᠭᠤᠯᠬᠤ ᠠᠵᠢᠯᠯᠠᠭ᠎ᠠ ᠥᠷᠨᠢᠭᠦᠯᠦᠨ᠎ᠡ᠃ ᠨᠢᠭᠡᠳᠦᠮᠡᠯ ᠹᠷᠣᠨᠲ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠨᠢᠭᠡᠴᠡ ᠶᠢᠨ ᠭᠠᠳᠠᠭᠠᠳᠤ ᠬᠠᠮᠲᠤᠷᠠᠯᠴᠠᠭ᠎ᠠ ᠰᠣᠯᠢᠯᠴᠠᠭᠠᠨ ᠤ ᠠᠵᠠ ᠲᠣᠬᠢᠶᠠᠯ ᠢ ᠠᠰᠢᠭᠯᠠᠵᠤ᠂ ᠡᠯ᠎ᠡ ᠲᠥᠷᠥᠯ ᠤᠨ ᠪᠠᠶᠢᠭᠤᠯᠤᠮᠵᠢ ᠶᠢᠨ ᠬᠤᠳᠠᠯᠳᠤᠭᠠᠴᠢᠨ ᠤᠷᠢᠬᠤ ᠡᠬᠢ ᠪᠠᠶᠠᠯᠢᠭ᠂ ᠮᠡᠳᠡᠭᠡ ᠵᠠᠩᠭᠢ ᠶᠢᠨ ᠰᠦᠯᠵᠢᠶᠡᠨ ᠤ ᠳᠠᠪᠠᠭᠤᠯᠢᠭ ᠲᠤ ᠲᠦᠰᠢᠭᠯᠡᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠠᠷᠭ᠎ᠠ ᠵᠠᠮ ᠢ ᠪᠦᠲᠦᠮᠵᠢᠲᠡᠶ ᠥᠷᠭᠡᠳᠬᠡᠨ᠎ᠡ᠃ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠬᠤᠷᠠᠯ ᠡᠷᠭᠢᠯᠡᠬᠦ ᠵᠠᠭᠪᠤᠷ ᠢ ᠤᠯᠠᠮ ᠨᠢᠭᠡ ᠠᠯᠬᠤᠮ ᠥᠷᠭᠡᠳᠬᠡᠵᠦ᠂ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠬᠥᠮᠥᠷᠭᠡ ᠶᠢ ᠪᠣᠳᠠᠲᠠᠶᠢᠵᠢᠭᠤᠯᠤᠨ ᠰᠢᠯᠢᠳᠡᠭᠵᠢᠭᠦᠯᠦᠨ ᠨᠠᠷᠢᠯᠢᠭ ᠬᠢᠵᠦ᠂ ᠨᠠᠩ ᠣᠯᠠᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ ᠶᠢ ᠠᠬᠢᠭᠤᠯᠤᠨ᠂ ᠨᠠᠩ ᠣᠯᠠᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ︵ᠨᠢᠭᠡᠳᠦᠮᠡᠯ ᠹᠷᠣᠨᠲ ᠤᠨ ᠬᠡᠯᠲᠡᠰ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠦᠢᠳᠡᠨᠰᠢᠯᠢ ᠪᠣᠬᠢᠷᠲᠤᠯ ᠦᠭᠡᠢ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶    5. ᠡᠷᠳᠡᠮᠲᠡᠨ ᠮᠡᠷᠭᠡᠳ ᠢᠶᠠᠷ ᠬᠤᠳᠠᠯᠳᠤᠭᠠᠴᠢᠨ ᠤᠷᠢᠬᠤ ᠶᠢ ᠶᠡᠬᠡᠪᠡᠷ ᠥᠷᠨᠢᠭᠦᠯᠬᠦ ᠬᠡᠷᠡᠭᠲᠡᠶ᠃ ᠣᠨᠳᠣᠤ ᠭᠠᠵᠠᠷ ᠤᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ᠂ ᠤᠯᠠᠭᠠᠨᠴᠠᠪ ᠤᠨ ᠬᠤᠳᠠᠯᠳᠤᠭᠠᠴᠢᠳ ᠤᠨ ᠡᠪᠯᠡᠯ ᠂ ᠱᠠᠩᠳᠤ ᠶᠢᠨ ᠬᠤᠳᠠᠯᠳᠤᠭᠠᠴᠢᠳ ᠤᠨ ᠡᠪᠯᠡᠯ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠲᠠᠪᠴᠠᠩ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠷᠣᠨ ᠤ ᠳᠣᠲᠣᠷᠠᠬᠢ ᠭᠠᠳᠠᠭᠠᠳᠤ ᠶᠢᠨ ᠬᠤᠳᠠᠯᠳᠤᠭᠠᠴᠢᠨ ᠤ ᠨᠡᠶᠢᠭᠡᠮᠯᠢᠭ ᠤᠨ ᠨᠡᠪᠲᠡᠷᠡᠯᠴᠡᠬᠦ ᠠᠷᠭ᠎ᠠ ᠵᠠᠮ ᠥᠷᠭᠡᠨ᠂ ᠬᠥᠮᠦᠨ ᠤ ᠬᠦᠴᠦᠨ ᠤ ᠡᠬᠢ ᠪᠠᠶᠠᠯᠢᠭ ᠴᠢᠩᠭ᠎ᠠ ᠵᠢᠴᠢ ᠪᠠᠶᠢᠭ᠎ᠠ ᠭᠠᠵᠠᠷ ᠤᠨ ᠭᠤᠤᠯᠯᠠᠬᠤ ᠠᠵᠤ ᠦᠢᠯᠡᠰ᠂ ᠨᠠᠷᠠᠲᠤ ᠠᠵᠤ ᠠᠬᠤᠶᠢᠯᠠᠯ ᠪᠠ ᠳᠠᠭᠠᠭᠠᠨ ᠠᠪᠴᠤ ᠪᠣᠯᠬᠤ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠷᠢᠴᠠᠩᠭᠤᠶ ᠣᠶᠢᠯᠠᠭᠠᠯᠴᠠᠭ᠎ᠠ ᠵᠡᠷᠭᠡ ᠳᠠᠪᠠᠭᠤᠯᠢᠭ ᠲᠤ ᠲᠦᠰᠢᠭᠯᠡᠨ᠂ ᠬᠠᠷᠠᠯᠲᠠᠲᠤ ᠠᠵᠤ ᠠᠬᠤᠶᠢᠯᠠᠯ ᠲᠠᠢ ᠥᠷᠭᠡᠨ ᠢᠶᠠᠷ ᠵᠣᠯᠭᠠᠭᠤᠯᠵᠤ᠂ ᠮᠠᠨ ᠤ ᠰᠢᠶᠠᠨ ᠬᠢᠭᠡᠳ ᠬᠠᠷᠠᠯᠲᠠ ᠲᠠᠢ ᠬᠠᠮᠲᠤᠷᠠᠯᠴᠠᠨ ᠢᠲᠡᠭᠡᠯᠴᠡᠬᠦ᠂ ᠠᠵᠤ ᠠᠬᠤᠶᠢᠯᠠᠯ ᠤᠨ ᠬᠠᠷᠢᠯᠴᠠᠨ ᠰᠤᠷᠪᠤᠯᠵᠢᠯᠠᠬᠤ᠂ ᠮᠡᠳᠡᠭᠡ ᠵᠠᠩᠭᠢ ᠨᠡᠪᠲᠡᠷᠡᠯᠴᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠠᠵᠤ ᠦᠢᠯᠡᠰ ᠤᠨ ᠬᠠᠷᠢᠯᠴᠠᠨ ᠬᠥᠳᠡᠯᠦᠯᠴᠡᠬᠦ ᠰᠠᠶᠢᠨ ᠲᠣᠭᠲᠠᠴᠠ ᠶᠢ ᠲᠠᠰᠤᠷᠠᠯᠲᠠ ᠥᠬᠡᠶ ᠵᠣᠬᠢᠴᠠᠭᠤᠯᠤᠨ᠎ᠠ᠃ ᠬᠤᠳᠠᠯᠳᠤᠭᠠᠴᠢᠳ ᠤᠨ ᠨᠡᠶᠢᠭᠡᠮᠯᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠵᠤ᠂ ᠬᠤᠳᠠᠯᠳᠤᠭᠠᠴᠢᠳ ᠤᠨ ᠨᠡᠶᠢᠭᠡᠮᠯᠢᠭ ᠤᠨ ᠣᠷᠣᠭᠤᠯᠤᠨ ᠠᠪᠴᠢᠷᠠᠬᠤ ᠲᠥᠷᠥᠯ ᠵᠦᠢᠯ ᠳᠤ ᠪᠡᠯᠡ ᠮᠥᠩᠭᠦ ᠶᠢᠨ ᠱᠠᠩᠨᠠᠯ ᠬᠥᠬᠢᠭᠦᠯᠦᠯ ᠣᠯᠭᠤᠵᠤ ᠂ ᠬᠤᠳᠠᠯᠳᠤᠭᠠᠴᠢᠳ ᠤᠨ ᠨᠡᠶᠢᠭᠡᠮᠯᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠢᠲᠡᠭᠡᠯ ᠵᠣᠷᠢᠭ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠲᠣᠪᠤᠶᠢᠮ᠎ᠠ ᠪᠥᠭᠡᠳ ᠨᠥᠯᠥᠭᠡᠯᠡᠬᠦ ᠬᠦᠴᠦᠨ ᠢᠶᠠᠷ ᠴᠢᠩᠭ᠎ᠠ ᠱᠠᠩᠳᠤ ᠰᠢᠶᠠᠨ ᠤ ︽ᠬᠤᠳᠠᠯᠳᠤᠭᠠᠴᠢᠨ ᠤᠷᠢᠬᠤ ᠲᠤᠰᠬᠠᠶ ᠲᠤᠰᠢᠶᠠᠯᠲᠠᠨ︾ ᠪᠠᠶᠢᠵᠤ᠂ ᠱᠠᠩᠳᠤ ᠰᠢᠶᠠᠨ ᠤ ᠬᠥᠭᠵᠢᠯᠲᠡ ᠶᠢᠨ ︽ᠵᠥᠪᠯᠡᠭᠴᠢ ᠬᠠᠪᠰᠤᠷᠤᠭᠴᠢ︾ ᠪᠠ ︽ᠬᠥᠭᠦᠷᠭᠡ ᠬᠤᠯᠪᠣᠭᠠᠰᠤ︾ ᠪᠣᠯᠬᠤ ᠬᠡᠷᠡᠭᠲᠡᠶ᠃ ᠨᠤᠲᠤᠭ ᠤᠨ ᠭᠠᠳᠠᠨᠠᠬᠢ ᠱᠠᠩᠳᠤ ᠶᠢᠨ ᠨᠤᠲᠤᠭ ᠲᠠᠢ ᠠᠮᠵᠢᠯᠲᠠ ᠲᠠᠢ ᠬᠥᠮᠦᠰ ᠲᠠᠢ ᠣᠷᠳᠣ ᠬᠤᠭᠤᠴᠠᠭ᠎ᠠ ᠪᠠᠷ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠨᠤᠲᠤᠭ ᠤᠨ ᠨᠠᠶᠢᠵᠠ ᠨᠠᠷ ᠤᠨ ᠬᠥᠭᠦᠷᠭᠡ ᠬᠤᠯᠪᠣᠭᠠᠰᠤ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠨᠤᠲᠤᠭ ᠤᠨ ᠰᠡᠳᠬᠢᠯ ᠢᠶᠠᠷ ᠬᠤᠳᠠᠯᠳᠤᠭᠠᠴᠢᠨ ᠤᠷᠢᠬᠤ ᠲᠣᠤᠷ ᠰᠦᠯᠵᠢᠶ᠎ᠡ ᠶᠢ ᠪᠠᠶᠢᠭᠤᠯᠤᠨ᠎ᠠ᠃ ︵ᠵᠣᠬᠢᠶᠠᠨ ᠪᠠᠶᠢᠭᠤᠯᠬᠤ ᠬᠡᠯᠲᠡᠰ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ︶    ︵ᠬᠤᠶᠠᠷ︶ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠠᠪᠠᠭᠤᠯᠢᠭ ᠢ ᠦᠷᠭᠦᠯᠵᠢᠯᠡᠨ ᠵᠤᠵᠠᠭᠠᠳᠬᠠᠵᠤ᠂ ᠨᠡᠭᠡᠭᠡᠯᠲᠡ ᠬᠢᠬᠦ ᠣᠷᠴᠢᠨ ᠲᠣᠭᠤᠷᠢᠨ ᠤ ᠲᠠᠲᠠᠬᠤ ᠬᠦᠴᠦᠨ ᠢ ᠦᠨᠡᠨ ᠬᠦ ᠨᠡᠮᠡᠭᠳᠡᠭᠦᠯᠦᠨ᠎ᠡ    6. ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠨ᠎ᠠ᠃ ᠨᠢᠭᠡ ᠳᠤ᠂ ︽ᠲᠥᠷᠥᠯ ᠵᠦᠢᠯ ᠢᠶᠠᠷ ᠭᠤᠤᠯ ᠪᠣᠯᠭᠠᠬᠤ︾ ᠢᠯᠡ ᠲᠣᠳᠣ ᠤᠳᠤᠷᠢᠳᠤᠮᠵᠢ ᠶᠢ ᠳᠣᠪᠤᠶᠢᠯᠭᠠᠨ᠎ᠠ᠃ ︽ᠳᠤᠯᠤᠭ᠎ᠠ ᠶᠢ ᠲᠠᠶᠠᠭᠳᠠᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠠᠯᠢᠪᠠ ᠪᠦᠬᠦᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠦᠢᠯᠡᠴᠢᠯᠡᠬᠦ᠂ ᠠᠯᠢᠪᠠ ᠪᠦᠬᠦᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠵᠠᠮ ᠲᠠᠯᠪᠢᠵᠤ ᠥᠭᠬᠦ︾ ᠦᠢᠯᠡᠴᠢᠯᠡᠭᠡᠨ ᠤ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠲᠥᠷᠥᠯ ᠵᠦᠢᠯ ᠢᠶᠠᠷ ᠬᠥᠭᠵᠢᠯᠲᠡ ᠶᠢ ᠦᠵᠡᠵᠦ᠂ ᠬᠤᠳᠠᠯᠳᠤᠭᠠᠴᠢᠨ ᠤᠷᠢᠬᠤ ᠪᠠᠷ ᠪᠠᠭᠠᠲᠤᠷᠴᠤᠳ ᠢ ᠦᠨᠡᠯᠡᠵᠦ᠂ ︽ᠣᠶᠤᠨ ᠴᠢᠳᠠᠯ᠂ ᠬᠥᠮᠦᠨ ᠤ ᠬᠦᠴᠦᠨ᠂ ᠪᠣᠳᠠᠰ ᠤᠨ ᠬᠦᠴᠦᠨ︾ ᠢ ᠤᠷᠢᠳᠠᠪᠠᠷ ᠦᠢᠯᠡᠴᠢᠯᠡᠭᠡᠨ ᠤ ᠲᠥᠷᠥᠯ ᠵᠦᠢᠯ ᠢ ᠲᠠᠲᠠᠬᠤ ᠪᠠ ᠪᠦᠲᠦᠭᠡᠨ ᠪᠠᠶᠢᠭᠤᠯᠬᠤ ᠳᠡᠭᠡᠷ᠎ᠡ ᠲᠣᠬᠢᠷᠠᠭᠤᠯᠵᠤ᠂ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠬᠤᠶᠠᠷ ᠲᠤ᠂ ᠪᠦᠬᠦ ᠬᠤᠳᠠ ᠶᠢᠨ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠨ᠎ᠠ᠃ ︽ᠶᠠᠪᠤᠴᠠ ᠨᠢ ᠬᠠᠮᠤᠭ ᠤᠨ ᠰᠢᠯᠢᠳᠡᠭ᠂ ᠭᠤᠭᠴᠤᠭ᠎ᠠ ᠨᠢ ᠬᠠᠮᠤᠭ ᠤᠨ ᠴᠥᠭᠡᠨ᠂ ᠴᠠᠭ ᠨᠢ ᠬᠠᠮᠤᠭ ᠤᠨ ᠣᠬᠤᠷ᠂ ᠦᠢᠯᠡᠴᠢᠯᠡᠭᠡ ᠨᠢ ᠬᠠᠮᠤᠭ ᠤᠨ ᠰᠠᠶᠢᠨ︾ ᠪᠠᠶᠢᠬᠤ ᠵᠠᠷᠴᠢᠮ ᠢ ᠢᠮᠠᠭᠲᠠ ᠪᠠᠷᠢᠮᠲᠠᠯᠠᠵᠤ᠂ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠤᠨ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ︽ᠨᠢᠭᠡ ᠯᠡ ᠤᠳᠠᠭ᠎ᠠ ᠳᠤ ᠭᠦᠢᠴᠡᠳᠬᠡᠬᠦ︾ ︽ᠨᠢᠭᠡ ᠯᠡ ᠤᠳᠠᠭ᠎ᠠ ᠳᠤ ᠭᠦᠢᠴᠡᠳᠬᠡᠬᠦ︾ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠲᠣᠭᠲᠠᠴᠠ ᠶᠢ ᠭᠦᠨᠵᠡᠭᠡᠶᠢᠷᠡᠭᠦᠯᠦᠨ ᠲᠡᠭᠦᠯᠳᠡᠷᠵᠢᠭᠦᠯᠵᠦ᠂ ︽ᠲᠠᠪᠤ ᠶᠢ ᠪᠠᠭᠠᠰᠬᠠᠵᠤ ᠨᠢᠭᠡ ᠶᠢ ᠰᠢᠯᠢᠳᠡᠭᠵᠢᠭᠦᠯᠬᠦ︾ ︵ᠮᠠᠲ᠋ᠧᠷᠢᠶᠠᠯ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠵᠠᠷᠤᠳᠠᠯ ᠢ ᠪᠠᠭᠠᠰᠬᠠᠬᠤ᠂ ᠭᠦᠶᠦᠬᠦ ᠶᠢ ᠪᠠᠭᠠᠰᠬᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︶ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ︽ᠬᠠᠮᠤᠭ ᠤᠨ ᠪᠠᠭ᠎ᠠ ᠰᠠᠯᠠᠭ᠎ᠠ ᠮᠥᠴᠢᠷ ᠢ ᠡᠷᠢᠬᠦ︾ ︽ᠬᠠᠮᠤᠭ ᠤᠨ ᠪᠠᠭ᠎ᠠ ᠬᠤᠭᠤᠴᠠᠭ᠎ᠠ ᠶᠢ ᠡᠷᠢᠬᠦ︾ ︽ᠬᠠᠮᠤᠭ ᠤᠨ ᠪᠠᠭ᠎ᠠ ᠬᠤᠭᠤᠴᠠᠭ᠎ᠠ ᠶᠢ ᠡᠷᠢᠬᠦ︾ ︽ᠬᠠᠮᠤᠭ ᠤᠨ ᠪᠠᠭ᠎ᠠ ᠮᠠᠲ᠋ᠧᠷᠢᠶᠠᠯ ᠢ ᠡᠷᠢᠬᠦ︾ ᠪᠣᠯᠭᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠠᠴᠠ ᠠᠰᠢᠭᠯᠠᠯᠲᠠ ᠳᠤ ᠣᠷᠣᠭᠤᠯᠬᠤ ᠪᠣᠯᠲᠠᠯ᠎ᠠ᠂ ᠪᠦᠬᠦ ᠦᠶᠡᠯᠡᠯ ᠤᠨ ᠬᠤᠭᠤᠴᠠᠭᠠᠨ ᠳᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠠᠶᠢᠵᠢᠷᠠᠭᠤᠯᠵᠤ᠂ ᠠᠵᠢᠯ ᠤᠨ ᠦᠷ᠎ᠡ ᠪᠦᠲᠦᠮᠵᠢ ᠶᠢ ᠪᠦᠬᠦ ᠶᠠᠪᠤᠴᠠ ᠳᠤ ᠳᠡᠭᠡᠭᠰᠢᠯᠡᠭᠦᠯᠦᠨ᠎ᠡ᠃ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠴᠠᠬᠢᠯᠭᠠᠨ ᠬᠠᠩᠭᠠᠬᠤ ᠺᠣᠮᠫᠠᠨᠢ᠂ ᠬᠦᠢᠳᠡᠨᠰᠢᠯᠢ ᠪᠣᠬᠢᠷᠲᠤᠯ ᠥᠬᠡᠶ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶    7. ᠡᠷᠬᠡ ᠲᠡᠭᠰᠢ ᠢᠯᠡ ᠲᠣᠳᠣ ᠬᠠᠤᠯᠢ ᠳᠦᠷᠢᠮ ᠤᠨ ᠪᠠᠲᠤᠯᠠᠭ᠎ᠠ ᠶᠢᠨ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠨ᠎ᠠ᠃ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠᠯᠳᠤᠭᠠᠴᠢᠨ ᠤᠷᠢᠬᠤ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠨ᠎ᠠ᠃ ᠬᠡᠷᠡᠭ ᠤᠨ ᠡᠮᠦᠨ᠎ᠡ ᠬᠤᠶᠢᠨᠠᠬᠢ ᠪᠥᠬᠦ ᠬᠡᠯᠬᠢᠶᠡᠨ ᠤ ᠪᠥᠬᠦ ᠬᠦᠷᠢᠶ᠎ᠡ ᠴᠠᠷᠠᠭ᠎ᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠡᠮᠬᠢ ᠵᠢᠷᠤᠮ ᠢ ᠦᠨᠡᠨ ᠬᠦ ᠬᠠᠮᠠᠭᠠᠯᠠᠬᠤ ᠬᠡᠷᠡᠭᠲᠡᠶ᠃ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠰᠢᠮᠳᠠᠭᠤᠯᠤᠨ ᠪᠠᠶᠢᠴᠠᠭᠠᠬᠤ ᠪᠠ ᠶᠠᠰᠤ ᠴᠢᠨᠠᠷ ᠢ ᠦᠨᠡᠯᠡᠨ ᠪᠠᠶᠢᠴᠠᠭᠠᠬᠤ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠶᠢᠨ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡ ᠪᠠ ᠬᠠᠮᠠᠭᠠᠯᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠬᠡᠷᠡᠭ ᠤᠨ ᠰᠢᠭᠦᠨ ᠲᠠᠰᠤᠯᠤᠯᠲᠠ ᠶᠢᠨ ᠭᠦᠢᠴᠡᠳᠬᠡᠬᠦ ᠪᠥᠬᠦ ᠶᠠᠪᠤᠴᠠ ᠶᠢᠨ ᠭᠤᠭᠴᠤᠭ᠎ᠠ᠂ ᠴᠠᠭ ᠪᠠ ᠥᠪᠡᠷ ᠤᠨ ᠥᠷᠲᠡᠭ ᠢ ᠪᠠᠭᠠᠰᠬᠠᠵᠤ᠂ ᠰᠢᠭᠦᠨ ᠲᠠᠰᠤᠯᠤᠯᠲᠠ ᠶᠢᠨ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠴᠥᠬᠡᠨ ᠪᠠᠷᠢᠪᠴᠢᠯᠠᠵᠤ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︵ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠦᠢᠳᠡᠨᠰᠢᠯᠢ ᠪᠣᠬᠢᠷᠲᠤᠯ ᠦᠭᠡᠢ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶    8. ᠢᠵᠢ ᠪᠦᠷᠢᠳᠦᠭᠦᠯᠦᠨ ᠲᠡᠭᠦᠯᠳᠡᠷᠵᠢᠭᠰᠡᠨ ᠪᠡᠯᠡ ᠣᠷᠣᠭᠤᠯᠵᠤ ᠦᠢᠯᠡᠰ ᠪᠣᠰᠬᠠᠬᠤ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠬᠤ ᠬᠡᠷᠡᠭᠲᠡᠶ᠃ ᠨᠢᠭᠡ ᠳᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠡᠷᠦᠬᠡ ᠠᠮᠠ ᠣᠷᠣᠬᠤ᠂ ᠠᠵᠤ ᠠᠬᠤᠶᠢᠯᠠᠯ ᠤᠨ ᠦᠢᠯᠡᠳᠪᠦᠷᠢᠯᠡᠯ᠂ ᠣᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠶᠢᠨ ᠲᠣᠭᠤᠷᠢᠨ ᠳᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠤᠷᠢᠳᠴᠢᠯᠠᠨ ᠲᠥᠯᠥᠪᠯᠡᠨ ᠨᠠᠶᠢᠷᠠᠭᠤᠯᠤᠨ ᠵᠣᠬᠢᠶᠠᠵᠤ᠂ ᠣᠯᠠᠨ ᠨᠡᠶᠢᠲᠡ ᠶᠢᠨ ᠢᠵᠢ ᠪᠥᠷᠢᠳᠦᠭᠦᠯᠬᠦ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠦᠷᠭᠡᠳᠬᠡᠨ ᠡᠬᠢᠯᠡᠭᠦᠯᠵᠦ᠂ ᠣᠯᠠᠨ ᠲᠥᠯᠥᠪᠵᠢᠭᠦᠯᠭᠡ ᠶᠢᠨ ᠵᠣᠬᠢᠴᠠᠩᠭᠤᠶ ᠠᠭᠤᠰᠤᠯᠴᠠᠯ ᠢ ᠠᠬᠢᠭᠤᠯᠤᠨ᠎ᠠ᠃ ᠬᠤᠶᠠᠷ ᠲᠤ᠂ ᠭᠠᠵᠠᠷ ᠰᠢᠷᠣᠶ ᠬᠠᠩᠭᠠᠬᠤ ᠠᠵᠢᠯ ᠢ ᠰᠢᠯᠢᠳᠡᠭᠵᠢᠭᠦᠯᠵᠦ᠂ ᠲᠥᠷᠥᠯ ᠵᠦᠢᠯ ᠤᠨ ᠬᠡᠷᠡᠭᠯᠡᠬᠦ ᠭᠠᠵᠠᠷ ᠪᠠ ᠵᠥᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ ᠭᠠᠵᠠᠷ ᠰᠢᠷᠣᠶ ᠶᠢ ᠰᠢᠢᠳᠪᠦᠷᠢᠯᠡᠬᠦ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠥᠪᠰᠢᠶᠡᠷᠡᠭᠡᠳ ᠬᠠᠩᠭᠠᠭᠰᠠᠨ ᠦᠭᠡᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠢᠳᠡᠪᠬᠢᠲᠡᠶ ᠪᠠᠷ ᠠᠮᠢᠳᠤᠯᠢᠭ ᠪᠣᠯᠭᠠᠵᠤ᠂ ᠰᠢᠯᠵᠢᠯᠲᠡ ᠶᠢᠨ ᠬᠤᠭᠤᠴᠠᠭᠠᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠨᠡᠶᠢᠴᠡᠬᠦ ᠭᠠᠵᠠᠷ ᠢ ᠵᠦᠶ ᠵᠣᠬᠢᠰᠲᠠᠶ ᠬᠡᠷᠡᠭᠯᠡᠵᠦ᠂ ᠲᠥᠷᠥᠯ ᠵᠦᠢᠯ ᠤᠨ ᠥᠨᠳᠥᠷ ᠦᠷ᠎ᠡ ᠪᠦᠲᠦᠮᠵᠢᠲᠡᠶ ᠪᠠᠷ ᠬᠡᠷᠡᠭᠯᠡᠬᠦ ᠭᠠᠵᠠᠷ ᠢ ᠦᠨᠡᠨ ᠬᠦ ᠪᠠᠲᠤᠯᠠᠬᠤ ᠬᠡᠷᠡᠭᠲᠡᠶ︔ ᠲᠥᠷᠥᠯ ᠵᠦᠢᠯ ᠤᠨ ᠬᠡᠷᠡᠭᠯᠡᠬᠦ ᠭᠠᠵᠠᠷ ᠢ ᠮᠡᠳᠡᠭᠦᠯᠦᠨ ᠵᠥᠪᠰᠢᠶᠡᠷᠡᠭᠦᠯᠬᠦ ᠡᠮᠦᠨᠡᠬᠢ ᠬᠤᠭᠤᠴᠠᠭᠠᠨ ᠤ ᠠᠵᠢᠯ ᠳᠤ ᠤᠷᠢᠳᠴᠢᠯᠠᠨ ᠣᠷᠣᠯᠴᠠᠵᠤ᠂ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠬᠦ ᠭᠤᠭᠴᠤᠭ᠎ᠠ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠵᠤ᠂ ᠬᠠᠮᠤᠭ ᠤᠨ ᠲᠡᠷᠢᠭᠦᠨ ᠳᠤ ᠮᠡᠳᠡᠭᠦᠯᠦᠨ ᠵᠥᠪᠰᠢᠶᠡᠷᠡᠭᠦᠯᠬᠦ᠂ ᠬᠠᠮᠤᠭ ᠤᠨ ᠲᠡᠷᠢᠭᠦᠨ ᠳᠤ ᠭᠠᠵᠠᠷ ᠬᠠᠩᠭᠠᠬᠤ ᠶᠢ ᠦᠨᠡᠨ ᠬᠦ ᠪᠡᠶᠡᠯᠡᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠴᠠᠭ ᠲᠤᠬᠠᠶ ᠳᠤᠨᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠦᠨᠡᠨ ᠬᠦ ᠪᠠᠲᠤᠯᠠᠨ᠎ᠠ᠃ ᠭᠤᠷᠪᠠ ᠳᠤ᠂ ᠰᠠᠭᠤᠷᠢ ᠢᠵᠢ ᠪᠦᠷᠢᠳᠦᠭᠦᠯᠬᠦ ᠠᠵᠢᠯ ᠢ ᠴᠢᠩᠭᠠᠳᠬᠠᠵᠤ᠂ ᠨᠢᠭᠡ ᠪᠦᠯᠦᠭ ᠰᠠᠭᠤᠷᠢ ᠪᠡᠯᠡᠳᠬᠡᠮᠵᠢ ᠵᠢᠴᠢ ᠢᠵᠢ ᠪᠦᠷᠢᠳᠦᠭᠦᠯᠬᠦ ᠲᠥᠷᠥᠯ ᠵᠦᠢᠯ ᠢ ᠤᠷᠢᠳᠴᠢᠯᠠᠨ ᠬᠡᠷᠡᠭᠵᠢᠭᠦᠯᠵᠦ᠂ ᠵᠠᠮ᠂ ᠤᠰᠤ᠂ ᠬᠡᠶ᠂ ᠢᠯᠴᠢ᠂ ᠴᠠᠬᠢᠯᠭᠠᠨ ᠵᠡᠷᠭᠡ ᠬᠤᠭᠤᠯᠠᠶ ᠶᠢᠨ ᠲᠣᠤᠷ ᠤᠨ ᠪᠡᠯᠡᠳᠬᠡᠮᠵᠢ ᠪᠣᠯᠤᠨ ᠨᠣᠭᠤᠭᠠᠷᠠᠭᠤᠯᠤᠯᠲᠠ ᠶᠢᠨ ᠭᠡᠷᠡᠯᠲᠦᠭᠦᠯᠭᠡ ᠶᠢᠨ ᠪᠡᠯᠡᠳᠬᠡᠮᠵᠢ ᠶᠢ ᠵᠡᠷᠭᠡ ᠳᠤᠨᠢ ᠲᠡᠭᠦᠯᠳᠡᠷᠵᠢᠭᠦᠯᠦᠨ᠎ᠡ᠃ ᠲᠦᠷᠪᠡ ᠳᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠢᠯ ᠢ ᠪᠣᠳᠠᠲᠠᠶᠢᠵᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠢ ᠶᠢ ᠪᠦᠲᠦᠮᠵᠢᠲᠡᠢ ᠳᠡᠮᠵᠢᠬᠦ ᠪᠠᠶᠢᠭᠤᠯᠤᠮᠵᠢ ᠲᠣᠭᠲᠠᠴᠠ ᠶᠢ ᠪᠠᠶᠢᠭᠤᠯᠤᠨ᠎ᠠ︔ ᠵᠠᠰᠠᠭ ᠪᠠᠩᠬᠢ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠵᠠᠰᠠᠭ ᠪᠠᠩᠬᠢ ᠠᠵᠤ ᠠᠬᠤᠶᠢᠯᠠᠯ ᠤᠨ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ︵ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠬᠡᠷ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠦᠢᠲᠡᠨᠰᠢᠯᠢ ᠪᠣᠬᠢᠷᠲᠤᠯ ᠥᠬᠡᠶ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠯ ᠪᠦᠷᠢ ᠶᠢᠨ ᠡᠬᠢᠨ ᠳᠤ ᠪᠦᠬᠦ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠭᠤᠯᠵᠤ᠂ ᠠᠵᠢᠯ ᠢᠶᠠᠨ ᠳ᠋ᠦᠩᠨᠡᠵᠦ᠂ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ᠂ ᠭᠤᠣᠯᠳᠠᠯᠭ᠎ᠠ ᠲᠠᠢ ᠬᠤᠳᠠᠯᠳᠤᠭᠠᠴᠢᠨ ᠤᠷᠢᠬᠤ ᠡᠭᠦᠷᠭᠡ ᠶᠢ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠬᠠᠭᠠᠰ ᠵᠢᠯ ᠪᠦᠷᠢ ᠨᠢᠭᠡ ᠤᠳᠠᠭ᠎ᠠ ᠰᠣᠨᠣᠰᠪᠠ᠃ ᠰᠢᠶᠠᠨ ᠤ ᠵᠠᠰᠠᠭ ᠤᠨ ᠣᠷᠳᠣᠨ ᠲᠣᠭᠲᠠᠮᠠᠯ ᠬᠤᠭᠤᠴᠠᠭ᠎ᠠ ᠲᠠᠢ ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ ᠬᠤᠷᠠᠯ᠂ ᠲᠤᠬᠢᠷᠠᠭᠤᠯᠭ᠎ᠠ ᠶᠢᠨ ᠬᠤᠷᠠᠯ ᠬᠤᠷᠠᠯᠳᠤᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠠᠬᠢᠴᠠ ᠶᠢ ᠮᠡᠳᠡᠭᠳᠡᠵᠦ᠂ ᠠᠵᠢᠯ ᠤᠨ ᠲᠤᠷᠰᠢᠯᠭ᠎ᠠ ᠠᠷᠭ᠎ᠠ ᠬᠢᠳᠡᠯ ᠢᠶᠠᠨ ᠰᠣᠯᠢᠯᠴᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠭᠦᠨ ᠤ ᠬᠠᠮᠲᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠨᠢᠭᠡᠳᠦᠭᠡᠷ ᠭᠠᠷ︾ ᠤᠨ ᠢᠨᠵᠧᠨᠧᠷᠢᠩ ᠤᠨ ᠪᠠᠶᠢᠷᠢ ᠰᠠᠭᠤᠷᠢ ᠶᠢ ᠴᠢᠩᠭᠠᠳᠬᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠡᠭᠡ ᠲᠦᠷᠦᠯ ᠵᠦᠢᠯ ᠳᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠲᠥᠯᠥᠪᠵᠢᠭᠦᠯᠦᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠵᠣᠯᠭᠠᠭᠤᠯᠤᠨ ᠦᠢᠯᠡᠴᠢᠯᠡᠵᠦ᠂ ᠪᠡᠶ᠎ᠡ ᠪᠠᠷ ᠢᠶᠠᠨ ᠠᠬᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠪᠦᠬᠦ ᠰᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠡᠷᠡᠰ ᠭᠤᠶᠢᠪᠢᠰᠢ ᠦᠭᠡᠢ ᠲᠡᠷᠢᠭᠦᠨ ᠴᠢᠬᠤᠯᠠ ᠡᠭᠦᠷᠭᠡ᠂ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠥᠴᠦᠬᠡᠨ ᠴᠦ ᠰᠤᠯᠠᠷᠠᠭᠤᠯᠤᠯ ᠦᠭᠡᠢ ᠬᠦᠴᠦᠲᠡᠢ ᠠᠬᠢᠭᠤᠯᠬᠤ ᠬᠡᠷᠡᠭᠲᠡᠢ᠃ ᠡᠯ᠎ᠡ ᠲᠤᠰᠬᠠᠶ ᠵᠦᠢᠯ ᠤᠨ ᠬᠤᠳᠠᠯᠳᠤᠭᠠᠴᠢᠨ ᠤᠷᠢᠬᠤ ᠳᠤᠭᠤᠶᠢᠯᠠᠩ ᠤᠨ ᠳᠠᠷᠤᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠤᠯᠭ᠎ᠠ ᠪᠠᠨ ᠴᠢᠩᠭᠠᠳᠬᠠᠨ᠂ ᠲᠤᠰᠬᠠᠶ ᠬᠥᠮᠦᠨ᠂ ᠲᠤᠰᠬᠠᠶ ᠠᠩᠭᠢ ᠪᠠᠶᠢᠭᠤᠯᠤᠨ᠂ ᠲᠥᠰᠦᠯ ᠲᠣᠭᠲᠠᠭᠠᠵᠤ᠂ ᠡᠯ᠎ᠡ ᠵᠦᠢᠯ ᠤᠨ ᠡᠭᠦᠷᠭᠡ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠡ ᠨᠦᠭᠦᠳ ᠢᠳᠡᠪᠬᠢᠲᠡᠶ ᠬᠠᠮᠵᠢᠯᠴᠠᠬᠤ ᠬᠡᠷᠡᠭᠲᠡᠶ᠃    ︵ᠬᠤᠶᠠᠷ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠨᠢᠭᠡ ᠳᠤ ︽ᠨᠢᠭᠡᠳᠦᠭᠡᠷ ᠭᠠᠷ︾ ᠤᠨ ᠬᠤᠳᠠᠯᠳᠤᠭᠠᠴᠢᠨ ᠤᠷᠢᠬᠤ ᠠᠵᠢᠯ ᠢ ᠠᠳᠬᠤᠬᠤ ᠲᠣᠭᠲᠠᠴᠠ ᠶᠢ ᠪᠠᠶᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠨᠢᠭᠡᠳᠦᠭᠡᠷ ᠨᠣᠮᠧᠷᠲᠤ ᠢᠨᠵᠧᠨᠧᠷᠢᠩ︾ ᠢ ᠬᠡᠷᠡᠭᠵᠢᠭᠦᠯᠵᠦ᠂ ᠰᠢᠶᠠᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠲᠦᠷᠦᠭᠦᠯᠡᠨ ᠬᠥᠭᠵᠢᠭᠰᠡᠨ ᠭᠠᠵᠠᠷ ᠣᠷᠣᠨ᠂ ᠠᠵᠤ ᠠᠬᠤᠶᠢᠯᠠᠯ ᠤᠨ ᠶᠡᠷᠦᠩᠬᠡᠢ ᠬᠡᠯᠲᠡᠰ ᠲᠤ ᠬᠦᠷᠴᠦ ᠲᠦᠷᠦᠯ ᠵᠦᠢᠯ ᠢ ᠵᠣᠯᠭᠠᠭᠤᠯᠵᠤ᠂ ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠤ᠂ ᠪᠦᠯᠬᠦᠮ ᠳᠠᠭᠠᠭᠤᠯᠤᠨ ᠬᠤᠳᠠᠯᠳᠤᠭᠠᠴᠢᠨ ᠤᠷᠢᠵᠤ᠂ ᠴᠢᠬᠤᠯᠠ ᠶᠡᠭᠡ ᠲᠦᠷᠦᠯ ᠵᠦᠢᠯ ᠤᠨ ᠵᠥᠪᠳᠡᠯᠴᠡᠭᠡ ᠳᠤ ᠣᠷᠣᠯᠴᠠᠵᠤ᠂ ᠴᠢᠬᠤᠯᠠ ᠶᠡᠭᠡ ᠲᠦᠷᠦᠯ ᠵᠦᠢᠯ ᠢ ᠣᠷᠣᠭᠤᠯᠤᠨ ᠠᠪᠴᠢᠷᠠᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠨᠠᠶᠢᠳᠠᠪᠤᠷᠢᠵᠢᠭᠤᠯᠵᠤ᠂ ︽ᠳᠥᠷᠪᠡᠨ ᠨᠢᠭᠡ︾ ︵ᠨᠢᠭᠡ ᠲᠥᠷᠥᠯ ᠵᠦᠢᠯ᠂ ᠨᠢᠭᠡ ᠤᠳᠤᠷᠢᠳᠤᠯᠭ᠎ᠠ᠂ ᠨᠢᠭᠡ ᠤᠳᠤᠷᠢᠳᠬᠤ ᠪᠠᠭ᠂ ᠨᠢᠭᠡ ᠢᠵᠢ ᠲᠥᠰᠦᠯ ᠢ ᠪᠠᠶᠢᠭᠤᠯᠤᠨ᠎ᠠ︶ ᠠᠵᠢᠯ ᠢ ᠠᠬᠢᠭᠤᠯᠬᠤ ᠲᠣᠭᠲᠠᠴᠠ ᠳᠤ᠂ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠠᠰᠢᠭᠯᠠᠯᠲᠠ ᠳᠤ ᠣᠷᠣᠭᠤᠯᠬᠤ᠂ ᠡᠵᠡᠩᠨᠡᠬᠦ ᠳᠤ ᠬᠠᠨᠳᠤᠯᠭᠠᠲᠤ ᠴᠢᠨᠠᠷᠲᠠᠶ ᠪᠠᠷ ᠦᠪᠡᠷᠮᠢᠴᠨ᠂ ᠲᠤᠰᠬᠠᠶᠢᠵᠢᠭᠰᠠᠨ᠂ ᠪᠥᠬᠦ ᠶᠠᠪᠤᠴᠠ ᠶᠢᠨ ᠦᠢᠯᠡᠴᠢᠯᠡᠭᠡ ᠬᠠᠩᠭᠠᠵᠤ᠂ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ᠂ ᠴᠢᠬᠤᠯᠠ ᠶᠡᠭᠡ ᠲᠥᠷᠥᠯ ᠵᠦᠢᠯ ᠢ ᠣᠷᠣᠭᠤᠯᠤᠨ ᠠᠪᠴᠢᠷᠠᠬᠤ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ᠃ ᠬᠤᠲᠠ ᠶᠢᠨ ᠱᠠᠲᠤᠨ ᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠲᠥᠷᠥᠯ ᠵᠦᠢᠯ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠢ ᠣᠷᠣᠭᠤᠯᠤᠨ ᠠᠪᠴᠢᠷᠠᠬᠤ ᠳᠤᠮᠳᠠᠬᠢ ᠬᠦᠴᠢᠷᠳᠡᠯ ᠪᠠ ᠠᠰᠠᠭᠤᠳᠠᠯ ᠳᠤ ᠱᠠᠲᠤ ᠬᠤᠪᠢᠶᠠᠨ ᠲᠥᠷᠥᠯ ᠬᠤᠪᠢᠶᠠᠨ ᠵᠣᠬᠢᠴᠠᠭᠤᠯᠬᠤ ᠶᠢ ᠬᠡᠷᠡᠭᠵᠢᠭᠦᠯᠦᠨ᠎ᠡ᠃ ᠭᠤᠷᠪᠠ ᠳᠤ᠂ ᠮᠡᠳᠡᠭᠡ ᠵᠠᠩᠭᠢ ᠶᠢ ᠨᠡᠪᠲᠡᠷᠡᠭᠦᠯᠬᠦ ᠲᠣᠭᠲᠠᠴᠠ ᠶᠢ ᠪᠠᠶᠢᠭᠤᠯᠪᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠥᠷᠥᠯ ᠵᠦᠢᠯ ᠢ ᠵᠣᠯᠭᠠᠭᠤᠯᠤᠨ ᠵᠥᠪᠳᠡᠯᠴᠡᠬᠦ᠂ ᠭᠡᠷ᠎ᠡ ᠲᠣᠭᠲᠠᠨ ᠨᠠᠶᠢᠳᠠᠪᠤᠷᠢᠵᠢᠭᠤᠯᠬᠤ᠂ ᠭᠠᠷᠳᠠᠮ ᠭᠦᠢᠴᠡᠳᠬᠡᠬᠦ᠂ ᠨᠢᠭᠡᠳᠦᠯᠲᠡᠶ ᠬᠥᠮᠥᠷᠭᠡ ᠳᠤ ᠣᠷᠣᠭᠤᠯᠬᠤ ᠵᠡᠷᠭᠡ ᠲᠣᠬᠢᠷᠠᠭᠤᠯᠤᠨ ᠠᠬᠢᠭᠤᠯᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃    ︵ᠭᠤᠷᠪᠠ ᠳᠤ ᠬᠤᠳᠠᠯᠳᠤᠭᠠᠴᠢᠨ ᠤᠷᠢᠬᠤ ᠬᠦᠴᠦᠨ ᠢ ᠴᠢᠩᠭᠠᠷᠠᠭᠤᠯᠤᠨ᠎ᠠ᠃ ᠡᠯ᠎ᠡ ᠨᠢᠭᠡᠴᠡ ︵ᠰᠠᠯᠠᠭ᠎ᠠ ᠮᠥᠴᠢᠷ︶᠂ ᠨᠡᠭᠡᠭᠡᠯᠲᠡ ᠶᠢᠨ ᠲᠣᠭᠤᠷᠢᠭ ᠨᠢ ᠬᠤᠳᠠᠯᠳᠤᠭᠠᠴᠢᠨ ᠤᠷᠢᠬᠤ ᠠᠵᠢᠯ ᠤᠨ ᠬᠦᠴᠦᠨ ᠢ ᠪᠦᠷᠢᠨ ᠭᠦᠢᠴᠡᠳ ᠴᠢᠩᠭ᠎ᠠ ᠲᠣᠬᠢᠷᠠᠭᠤᠯᠵᠤ᠂ ᠠᠵᠤ ᠠᠬᠤᠢ ᠶᠢ ᠣᠶᠢᠯᠠᠭᠠᠬᠤ᠂ ᠬᠠᠮᠢᠶᠠᠷᠴᠤ ᠴᠢᠳᠠᠬᠤ᠂ ᠦᠢᠯᠡᠴᠢᠯᠡᠭᠡ ᠳᠤ ᠴᠢᠳᠠᠮᠠᠭᠠᠢ ᠨᠡᠶᠢᠯᠡᠮᠡᠯ ᠬᠡᠯᠪᠡᠷᠢ ᠶᠢᠨ ᠺᠠᠳ᠋ᠷ ᠢ ᠬᠤᠳᠠᠯᠳᠤᠭᠠᠴᠢᠨ ᠤᠷᠢᠬᠤ ᠡᠩᠨᠡᠭᠡ ᠳᠤ ᠲᠡᠭᠦᠯᠳᠡᠷᠵᠢᠭᠦᠯᠬᠦ ᠬᠡᠷᠡᠭᠲᠡᠢ᠃ ᠬᠤᠳᠠᠯᠳᠤᠭᠠᠴᠢᠨ ᠤᠷᠢᠬᠤ ᠺᠠᠳ᠋ᠷ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠵᠢᠯ ᠢ ᠴᠢᠩᠭᠠᠳᠬᠠᠵᠤ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂ ᠡᠯ᠎ᠡ ᠬᠠᠮᠢᠶ᠎ᠠ ᠪᠦᠬᠦᠢ ᠨᠢᠭᠡᠴᠡ ︵ᠰᠠᠯᠠᠭ᠎ᠠ ᠮᠥᠴᠢᠷ︶︶ ᠬᠤᠳᠠᠯᠳᠤᠭᠠᠴᠢᠨ ᠤᠷᠢᠬᠤ ᠺᠠᠳ᠋ᠷᠴᠤᠳ ᠴᠥᠮ ᠮᠡᠳᠡᠭᠡ ᠵᠠᠩᠭᠢ ᠶᠢ ᠴᠤᠭᠯᠠᠭᠤᠯᠬᠤ᠂ ᠲᠦᠷᠦᠯ ᠵᠦᠢᠯ ᠢ ᠡᠯᠰᠡᠬᠦ᠂ ᠵᠣᠯᠭᠠᠭᠤᠯᠤᠨ ᠵᠥᠪᠳᠡᠯᠴᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠠᠵᠤ ᠠᠬᠤᠶᠢᠯᠠᠯ ᠢ ᠳᠤᠯᠠᠭᠠᠯᠠᠨ ᠦᠢᠯᠡᠴᠢᠯᠡᠬᠦ ᠵᠡᠷᠭᠡ ᠪᠦᠬᠦ ᠶᠠᠪᠤᠴᠠ ᠶᠢᠨ ᠲᠤᠬᠠᠶᠢᠯᠠᠭᠰᠠᠨ ᠠᠵᠢᠯ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠺᠠᠳ᠋ᠷ ᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠴᠠᠭᠠᠷᠠᠭᠰᠠᠨ ᠬᠤᠳᠠᠯᠳᠤᠭᠠᠴᠢᠨ ᠤᠷᠢᠬᠤ ᠡᠩᠨᠡᠭᠡ ᠶᠢ ᠳᠠᠪᠲᠠᠨ ᠪᠣᠯᠪᠠᠰᠤᠷᠠᠭᠤᠯᠪᠠ᠃    ︵ᠲᠦᠷᠪᠡ︶ ᠬᠢᠨᠠᠨ ᠰᠢᠯᠭᠠᠵᠤ ᠤᠷᠮᠠᠰᠢᠭᠤᠯᠬᠤ ᠶᠢ ᠴᠢᠩᠭᠠᠳᠬᠠᠨ᠎ᠠ᠃ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠤᠨ᠎ᠠ᠃ ᠠᠮᠵᠢᠯᠲᠠ ᠪᠦᠲᠦᠮᠵᠢ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠲᠡᠷᠢᠭᠦᠨ ᠤ ᠪᠠ ᠰᠢᠯᠢᠳᠡᠭ ᠢ ᠰᠢᠯᠭᠠᠷᠠᠭᠤᠯᠬᠤ᠂ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠯᠦᠭᠡ ᠬᠠᠷᠢᠯᠴᠠᠨ ᠤᠶᠠᠯᠳᠤᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠤᠯᠪᠣᠭᠳᠠᠯ ᠪᠥᠬᠦᠶ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠥᠪ ᠴᠢᠭᠯᠡᠯ ᠢᠶᠠᠷ ᠤᠷᠮᠠᠰᠢᠭᠤᠯᠬᠤ ᠶᠢ ᠴᠢᠩᠭᠠᠳᠬᠠᠨ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠬᠠᠮᠠᠭᠠᠯᠠᠨ ᠬᠥᠭᠵᠢᠭᠡᠵᠦ᠂ ᠪᠥᠬᠦ ᠠᠵᠢᠯᠲᠠᠨ ᠬᠤᠳᠠᠯᠳᠤᠭᠠᠴᠢᠨ ᠤᠷᠢᠬᠤ᠂ ᠪᠥᠬᠦ ᠲᠠᠯ᠎ᠠ ᠪᠠᠷ ᠬᠤᠳᠠᠯᠳᠤᠭᠠᠴᠢᠨ ᠤᠷᠢᠬᠤ᠂ ᠪᠥᠬᠦ ᠬᠦᠴᠦᠨ ᠢᠶᠠᠷ ᠢᠶᠠᠨ ᠬᠤᠳᠠᠯᠳᠤᠭᠠᠴᠢᠨ ᠤᠷᠢᠬᠤ ᠭᠦᠨ ᠵᠤᠵᠠᠭᠠᠨ ᠠᠵᠢᠯ ᠤᠨ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠤᠨ᠎ᠠ᠃ᠣᠷᠴᠢᠭᠤᠯᠤᠭᠴᠢ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2