ᠬᠤᠶᠠᠳᠣᠭᠠᠷ ᠬᠤᠭᠤᠴᠠᠭ᠎ᠠ᠄    ᠱᠠᠩᠳᠦ ᠰᠢᠶᠠᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/4/15
  ᠬᠦᠢᠳᠡᠨᠰᠢᠯᠢ ᠪᠣᠬᠢᠷᠲᠤᠯ ᠦᠭᠡᠢ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠳᠤ᠄    ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ︹2022︺ 22 ᠳ᠋ᠤᠭᠠᠷ ᠲᠣᠭᠠᠲᠤ︶᠂ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹2020︺ 5 ᠳ᠋ᠤᠭᠠᠷ ᠲᠣᠭᠠᠲᠤ︶ ᠪᠠ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠤᠯᠠᠭᠠᠨᠴᠠᠪ ᠵᠠᠰᠠᠭ ᠲᠠᠷᠬᠠᠭᠠᠭᠰᠠᠨ ︹2020︺ 25 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠶᠡᠷᠦᠩᠬᠡᠢ ᠱᠠᠭᠠᠷᠳᠠᠯᠭ᠎ᠠ    ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ ᠂ ᠪᠦᠬᠦ ᠲᠠᠯ᠎ᠠ ᠪᠠᠷ ᠲᠤᠤᠱᠯᠠᠭᠤᠯᠵᠤ᠂ ᠮᠠᠨ ᠤ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠠ ᠠᠭᠤᠰᠤᠯᠴᠠᠵᠤ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ᠂ ᠰᠢᠨᠵᠢᠯᠡᠬᠦ ᠤᠬᠠᠭᠠᠨᠴᠢ ᠪᠠᠷ ᠨᠡᠶᠢᠳᠡᠮ ᠪᠠᠶᠢᠴᠠᠭᠠᠬᠤ᠂ ᠠᠷᠠᠳ ᠤᠨ ᠲᠥᠯᠥᠭᠡ ᠨᠡᠶᠢᠳᠡᠮ ᠪᠠᠶᠢᠴᠠᠭᠠᠬᠤ ᠶᠢ ᠪᠠᠷᠢᠮᠲᠠᠯᠠᠵᠤ᠂ ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠢ ᠪᠠᠶᠢᠬᠤ ᠶᠢ ᠪᠠᠲᠤᠯᠠᠵᠤ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠪᠤᠰᠤᠳᠴᠢ ᠪᠠᠷ ᠲᠤᠰᠬᠠᠨ᠎ᠠ᠃    ︵ᠬᠤᠶᠠᠷ︶ ᠨᠡᠶᠢᠳᠡᠮ ᠪᠠᠶᠢᠴᠠᠭᠠᠬᠤ ᠵᠣᠷᠢᠯᠭ᠎ᠠ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠨᠢᠭᠡ ᠵᠦᠢᠯ ᠤᠨ ᠴᠢᠬᠤᠯᠠ ᠶᠡᠭᠡ ᠪᠠᠶᠢᠴᠠᠭᠠᠯᠲᠠ ᠪᠠᠶᠢᠵᠤ᠂ ᠠᠩᠬ᠎ᠠ ᠤᠳᠠᠭ᠎ᠠ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠨᠢᠭᠡᠳᠦᠯᠲᠡᠶ ᠲᠥᠯᠥᠪᠯᠡᠨ ᠥᠷᠨᠢᠭᠦᠯᠵᠦ᠂ ᠰᠢᠶᠠᠨ ᠤ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠬᠡᠪᠴᠢᠶ᠎ᠡ᠂ ᠪᠠᠶᠢᠷᠢᠰᠢᠭᠤᠯᠤᠯᠲᠠ ᠪᠠ ᠦᠷ᠎ᠡ ᠠᠰᠢᠭ ᠢ ᠪᠦᠬᠦ ᠲᠠᠯ᠎ᠠ ᠪᠠᠷ ᠪᠠᠶᠢᠴᠠᠭᠠᠵᠤ᠂ ᠡᠯ᠎ᠡ ᠲᠥᠷᠥᠯ ᠤᠨ ᠨᠢᠭᠡᠴᠢ ᠶᠢᠨ ᠦᠨᠳᠦᠰᠦᠨ ᠪᠠᠶᠢᠳᠠᠯ ᠢ ᠲᠣᠳᠣᠷᠬᠠᠶ ᠣᠶᠢᠯᠠᠭᠠᠵᠤ᠂ ᠤᠯᠤᠰ ᠠᠷᠠᠳ ᠤᠨ ᠠᠵᠤ ᠠᠬᠤᠶ ᠶᠢᠨ ᠠᠵᠢᠯ ᠲᠥᠷᠥᠯ ᠤᠨ ᠬᠤᠭᠤᠷᠣᠨᠳᠣᠬᠢ ᠠᠵᠤ ᠠᠬᠤᠶ ᠶᠢᠨ ᠬᠠᠷᠢᠯᠴᠠᠭ᠎ᠠ ᠶᠢ ᠡᠵᠡᠮᠰᠢᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠪᠠᠶᠢᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠴᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠥᠨᠳᠥᠷ ᠬᠢᠷᠢ ᠲᠦᠪᠰᠢᠨ ᠪᠥᠬᠦᠶ ᠭᠠᠳᠠᠭᠠᠳᠤ ᠨᠡᠭᠡᠭᠡᠯᠲᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠵᠡᠷᠭᠡ ᠲᠠᠯ᠎ᠠ ᠶᠢᠨ ᠰᠢᠨ᠎ᠡ ᠠᠬᠢᠴᠠ ᠶᠢ ᠪᠤᠰᠤᠳᠴᠢ ᠪᠠᠷ ᠲᠤᠰᠬᠠᠨ᠎ᠠ ᠃ ᠨᠡᠶᠢᠳᠡᠮ ᠪᠠᠶᠢᠴᠠᠭᠠᠯᠲᠠ ᠪᠠᠷ ᠳᠠᠮᠵᠢᠭᠤᠯᠤᠨ᠂ ᠲᠤᠭ᠎ᠠ ᠪᠦᠷᠢᠳᠬᠡᠯ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠠᠬᠢᠭᠤᠯᠤᠨ᠂ ᠬᠤᠷᠸ᠎ᠠ ᠠᠵᠤ ᠠᠬᠤᠶ ᠶᠢᠨ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ᠂ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠢᠨᠵᠢᠯᠡᠬᠦ ᠤᠬᠠᠭᠠᠨᠴᠢ ᠣᠨᠣᠪᠴᠢᠲᠠᠶ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃ ᠬᠤᠶᠠᠷ᠂ ᠨᠡᠶᠢᠳᠡᠮ ᠪᠠᠶᠢᠴᠠᠭᠠᠭᠳᠠᠬᠤ ᠡᠲᠡᠭᠡᠳ ᠪᠠ ᠬᠡᠪᠴᠢᠶ᠎ᠡ ᠨᠡᠶᠢᠳᠡᠮ ᠪᠠᠶᠢᠴᠠᠭᠠᠯᠲᠠ ᠶᠢᠨ ᠡᠲᠡᠭᠡᠳ ᠪᠣᠯ ᠰᠢᠶᠠᠨ ᠤ ᠬᠢᠯᠢ ᠳᠣᠲᠣᠷ᠎ᠠ ᠬᠤᠶᠠᠳᠤᠭᠠᠷ ᠠᠵᠤ ᠦᠢᠯᠡᠰ ᠪᠣᠯᠤᠨ ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ ᠬᠢᠵᠦ ᠪᠠᠶᠢᠭ᠎ᠠ ᠪᠦᠬᠦ ᠬᠠᠤᠯᠢ ᠶᠢᠨ ᠡᠷᠬᠡᠲᠡᠨ ᠤ ᠨᠢᠭᠡᠴᠡ᠂ ᠠᠵᠤ ᠦᠢᠯᠡᠰ ᠤᠨ ᠠᠵᠢᠯᠯᠠᠭᠠᠨ ᠤ ᠨᠢᠭᠡᠴᠡ ᠪᠣᠯᠤᠨ ᠬᠤᠪᠢ ᠶᠢᠨ ᠡᠵᠡᠩᠨᠡᠯᠲᠡ ᠶᠢᠨ ᠡᠷᠦᠬᠡ ᠪᠣᠯᠤᠨ᠎ᠠ᠃ ᠪᠣᠳᠠᠲᠠᠶ ᠬᠡᠪᠴᠢᠶᠡᠨ ᠳᠤ᠄ ᠠᠭᠤᠷᠬᠠᠶ ᠮᠠᠯᠲᠠᠬᠤ ᠦᠢᠯᠡᠰ᠂ ᠦᠢᠯᠡᠳᠬᠦ ᠦᠢᠯᠡᠰ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠣᠯᠤᠨ ᠬᠠᠩᠭᠠᠯᠭ᠎ᠠ ᠶᠢᠨ ᠦᠢᠯᠡᠰ᠂ ᠪᠠᠷᠢᠯᠭ᠎ᠠ ᠶᠢᠨ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠦᠳᠠᠨ ᠤ ᠦᠢᠯᠡᠰ᠂ ᠬᠤᠨᠣᠭᠯᠠᠬᠤ ᠪᠠ ᠢᠳᠡᠭᠡᠨ ᠤᠮᠳᠠᠭᠠᠨ ᠤ ᠦᠢᠯᠡᠰ᠂ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠥᠩᠭᠦᠨ ᠭᠦᠢᠯᠭᠡᠭᠡᠨ ᠤ ᠦᠢᠯᠡᠰ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ᠂ ᠲᠦᠷᠢᠶᠡᠰᠦᠯᠡᠭᠦᠯᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠤᠯ ᠪᠣᠯᠤᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ ᠠᠰᠢᠭᠯᠠᠯᠲᠠ᠂ ᠣᠷᠴᠢᠨ ᠲᠣᠭᠤᠷᠢᠨ ᠪᠣᠯᠤᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠶᠢᠨ ᠦᠢᠯᠡᠰ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠪᠣᠯᠤᠨ ᠨᠡᠶᠢᠭᠡᠮ ᠤᠨ ᠠᠵᠢᠯ᠂ ᠰᠣᠶᠣᠯ᠂ ᠪᠡᠶ᠎ᠡ ᠶᠢᠨ ᠲᠠᠮᠢᠷ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠪᠠᠭᠲᠠᠨ᠎ᠠ᠃    ᠭᠤᠷᠪᠠ᠂ ᠨᠡᠶᠢᠳᠡᠮ ᠪᠠᠶᠢᠴᠠᠭᠠᠬᠤ ᠠᠭᠤᠯᠭ᠎ᠠ ᠪᠠ ᠴᠠᠭ ᠬᠤᠭᠤᠴᠠᠭ᠎ᠠ    ᠨᠡᠶᠢᠳᠡᠮ ᠪᠠᠶᠢᠴᠠᠭᠠᠯᠲᠠ ᠶᠢᠨ ᠭᠤᠤᠯ ᠠᠭᠤᠯᠭ᠎ᠠ ᠳᠤ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠦᠨᠳᠦᠰᠦᠨ ᠪᠠᠶᠢᠳᠠᠯ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠵᠢᠯᠲᠠᠨ ᠤ ᠴᠠᠯᠢᠩ᠂ ᠦᠢᠯᠡᠳᠪᠦᠷᠢᠯᠡᠯ ᠤᠨ ᠴᠢᠳᠠᠪᠤᠷᠢ᠂ ᠡᠳ᠋ ᠤᠨ ᠶᠠᠪᠤᠳᠠᠯ ᠤᠨ ᠪᠠᠶᠢᠳᠠᠯ᠂ ᠦᠢᠯᠡᠳᠪᠦᠷᠢᠯᠡᠯ ᠡᠵᠡᠩᠨᠡᠯᠲᠡ᠂ ᠡᠨᠧᠷᠭᠢ ᠶᠢᠨ ᠦᠢᠯᠡᠳᠪᠦᠷᠢᠯᠡᠯ ᠪᠣᠯᠤᠨ ᠬᠡᠷᠡᠭᠯᠡᠭᠡ ᠂ ᠰᠤᠳᠤᠯᠤᠨ ᠨᠡᠭᠡᠭᠡᠬᠦ ᠠᠵᠢᠯᠯᠠᠭ᠎ᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠣᠯᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠶᠢᠨ ᠪᠠᠶᠢᠳᠠᠯ ᠵᠢᠴᠢ ᠣᠷᠣᠭᠤᠯᠤᠯᠲᠠ ᠶᠢᠨ ᠪᠦᠲᠦᠴᠡ᠂ ᠦᠢᠯᠡᠳᠬᠦᠨ ᠤ ᠬᠡᠷᠡᠭᠯᠡᠯᠲᠡ ᠶᠢᠨ ᠬᠠᠨᠳᠤᠰᠢ ᠪᠣᠯᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠦᠷᠢᠯᠳᠦᠯ ᠤᠨ ᠪᠠᠶᠢᠳᠠᠯ ᠵᠡᠷᠭᠡ ᠪᠠᠭᠲᠠᠨ᠎ᠠ᠃    ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠴᠠᠭ ᠤᠨ ᠴᠡᠭ ᠨᠢ 2023 ᠣᠨ ᠤ 12 ᠰᠠᠷ᠎ᠠ ᠶᠢᠨ 31 ᠤ ᠡᠳᠦᠷ ᠂ ᠨᠡᠶᠢᠳᠡᠮ ᠪᠠᠶᠢᠴᠠᠭᠠᠯᠲᠠ ᠶᠢᠨ ᠬᠤᠭᠤᠴᠠᠭᠠᠨ ᠤ ᠮᠠᠲ᠋ᠧᠷᠢᠶᠠᠯ ᠨᠢ 2023 ᠣᠨ ᠤ ᠵᠢᠯ ᠤᠨ ᠮᠠᠲ᠋ᠧᠷᠢᠶᠠᠯ ᠪᠣᠯᠤᠨ᠎ᠠ᠃    ᠳᠥᠷᠪᠡ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ    ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠴᠠᠭᠠᠯᠲᠠ ᠳᠤ ᠬᠤᠯᠪᠣᠭᠳᠠᠬᠤ ᠬᠡᠪᠴᠢᠶ᠎ᠡ ᠥᠷᠭᠡᠨ᠂ ᠣᠷᠣᠯᠴᠠᠬᠤ ᠰᠠᠯᠠᠭ᠎ᠠ ᠮᠥᠴᠢᠷ ᠣᠯᠠᠨ᠂ ᠮᠡᠷᠭᠡᠵᠢᠯ ᠤᠨ ᠱᠠᠭᠠᠷᠳᠠᠯᠭ᠎ᠠ ᠥᠨᠳᠥᠷ᠂ ᠠᠵᠢᠯ ᠤᠨ ᠬᠦᠴᠢᠷᠳᠡᠯ ᠶᠡᠭᠡ᠂ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠷᠭ᠎ᠠ ᠮᠠᠶ᠋ᠢᠭ ᠢᠶᠠᠨ ᠰᠢᠯᠢᠳᠡᠭᠵᠢᠭᠦᠯᠦᠨ᠂ ᠭᠤᠤᠯᠳᠠᠯᠭ᠎ᠠ ᠶᠢ ᠳᠣᠪᠤᠶᠢᠯᠭᠠᠵᠤ᠂ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃    ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠥᠯᠥᠭᠡ᠂ ᠰᠢᠶᠠᠨ ᠤ ᠵᠠᠰᠠᠭ ᠤᠨ ᠣᠷᠳᠣᠨ ᠰᠢᠶᠠᠨ ᠤ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ︵ᠪᠣᠳᠠᠲᠠᠶ ᠠᠭᠤᠯᠭ᠎ᠠ ᠶᠢ ᠠᠰ ᠲᠤᠨᠢ ᠮᠡᠳᠡᠭᠳᠡᠨ᠎ᠡ︶ ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠨ᠎ᠠ᠃ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠤᠨ ᠤᠷᠤᠭᠰᠢᠲᠠᠶ ᠥᠷᠨᠢᠬᠦ ᠶᠢ ᠬᠦᠴᠦ ᠪᠠᠨ ᠬᠠᠮᠲᠤᠳᠬᠠᠨ ᠲᠦᠯᠬᠢᠨ ᠠᠬᠢᠭᠤᠯᠬᠤ ᠬᠡᠷᠡᠭᠲᠡᠶ᠃ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠪᠦᠬᠦ ᠰᠢᠶᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠪᠣᠳᠠᠲᠠᠶ ᠬᠡᠷᠡᠭᠵᠢᠭᠦᠯᠬᠦ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠲᠠᠯ᠎ᠠ ᠳᠤ ᠬᠤᠯᠪᠣᠭᠳᠠᠬᠤ ᠤᠴᠢᠷ ᠶᠠᠪᠤᠳᠠᠯ ᠢ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠶᠠᠨ ᠤ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠠᠴᠠ ᠬᠠᠷᠢᠭᠤᠴᠠᠬᠤ ᠪᠠ ᠵᠣᠬᠢᠴᠠᠭᠤᠯᠬᠤ ᠬᠡᠷᠡᠭᠲᠡᠶ︔ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷᠡᠰ ᠤᠨ ᠵᠢᠭᠰᠠᠭᠠᠯᠲᠠ ᠶᠢᠨ ᠲᠠᠯ᠎ᠠ ᠶᠢᠨ ᠤᠴᠢᠷ ᠶᠠᠪᠤᠳᠠᠯ ᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠬᠤ ᠪᠠ ᠵᠣᠬᠢᠴᠠᠭᠤᠯᠬᠤ ᠬᠡᠷᠡᠭᠲᠡᠶ︔ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠵᠢᠴᠢ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠨᠡᠷᠡᠰ ᠤᠨ ᠵᠢᠭᠰᠠᠭᠠᠯᠲᠠ ᠶᠢᠨ ᠲᠠᠯ᠎ᠠ ᠪᠠᠷ ᠬᠢ ᠤᠴᠢᠷ ᠶᠠᠪᠤᠳᠠᠯ ᠢ ᠰᠢᠶᠠᠨ ᠤ ᠨᠠᠮ ᠤᠨ ᠬᠤᠷᠢᠶᠠᠨ ᠤ ᠣᠷᠣᠨ ᠲᠣᠭᠠᠨ ᠤ ᠠᠯᠪᠠᠨ ᠭᠡᠷ ᠠᠴᠠ ᠬᠠᠷᠢᠭᠤᠴᠠᠬᠤ ᠪᠠ ᠵᠣᠬᠢᠴᠠᠭᠤᠯᠬᠤ ᠬᠡᠷᠡᠭᠲᠡᠶ︔ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠯ᠎ᠠ ᠳᠤ ᠬᠤᠯᠪᠣᠭᠳᠠᠬᠤ ᠤᠴᠢᠷ ᠶᠠᠪᠤᠳᠠᠯ ᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠵᠣᠬᠢᠴᠠᠭᠤᠯᠬᠤ ᠬᠡᠷᠡᠭᠲᠡᠶ︔ ᠪᠠᠩᠬᠢ᠂ ᠲᠡᠮᠳᠡᠭᠲᠦ᠂ ᠳᠠᠭᠠᠳᠬᠠᠯ᠂ ᠲᠡᠮᠦᠷ ᠵᠠᠮ ᠵᠡᠷᠭᠡ ᠰᠠᠯᠠᠭ᠎ᠠ ᠮᠥᠴᠢᠷ ᠪᠣᠯᠤᠨ ᠨᠢᠭᠡᠴᠡ ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠤᠰ ᠰᠢᠰᠲ᠋ᠧᠮ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠬᠤ ᠬᠡᠷᠡᠭᠲᠡᠶ︔ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠬᠤᠯᠪᠣᠭᠳᠠᠯ ᠪᠦᠬᠦᠢ ᠰᠠᠭᠤᠷᠢ ᠮᠠᠲ᠋ᠧᠷᠢᠶᠠᠯ ᠢ ᠡᠵᠡᠮᠰᠢᠭᠰᠡᠨ ᠡᠯ᠎ᠡ ᠱᠠᠲᠤᠨ ᠤ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠲᠡᠮᠳᠡᠭᠯᠡᠯ ᠪᠠ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠬᠠᠩᠭᠠᠬᠤ ᠬᠡᠷᠡᠭᠲᠡᠶ᠃    ᠡᠯ᠎ᠡ ᠰᠢᠶᠠᠩ ᠪᠠᠯᠭᠠᠰᠤ ᠴᠤ ᠭᠡᠳ ᠵᠣᠬᠢᠬᠤ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠵᠤ᠂ ᠲᠤᠰ ᠰᠢᠶᠠᠩ ᠪᠠᠯᠭᠠᠰᠤᠨ ᠤ ᠨᠡᠶᠢᠳᠡᠮ ᠪᠠᠶᠢᠴᠠᠭᠠᠯᠲᠠ ᠶᠢᠨ ᠬᠡᠷᠡᠭᠵᠢᠭᠦᠯᠬᠦ ᠠᠵᠢᠯ ᠢ ᠬᠢᠨᠠᠮᠠᠭᠠᠶ ᠰᠠᠶᠢᠲᠤᠷ ᠵᠣᠬᠢᠶᠠᠨ ᠪᠠᠶᠢᠭᠤᠯᠵᠤ᠂ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ ᠪᠠᠶᠢᠭᠠᠳ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠰᠢᠶ᠋ᠳᠪᠦᠷᠢᠯᠡᠬᠦ ᠬᠡᠷᠡᠭᠲᠡᠶ᠃ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠵᠠᠰᠠᠭ ᠵᠠᠬᠢᠷᠭᠠᠨ ᠤ ᠲᠣᠰᠬᠤᠨ ︵ᠨᠡᠶᠢᠭᠡᠮ ᠲᠣᠭᠤᠷᠢᠭ︶ ᠤ ᠲᠣᠰᠬᠤᠨ ᠤ ᠠᠷᠠᠳ ︵ᠰᠠᠭᠤᠭᠠᠯᠢ ᠠᠷᠠᠳ︶ ᠤ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ ᠵᠣᠬᠢᠶᠠᠨ ᠪᠠᠶᠢᠭᠤᠯᠵᠤ ᠪᠠᠶᠢᠭᠠᠳ ᠨᠡᠶᠢᠳᠡᠮ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠶ ᠣᠷᠣᠯᠴᠠᠭᠤᠯᠵᠤ᠂ ᠬᠢᠨᠠᠮᠠᠭᠠᠶ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠨᠥᠬᠦᠴᠡᠯ ᠳᠤ ᠨᠡᠶᠢᠴᠡᠬᠦ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠶᠢ ᠤᠷᠢᠵᠤ ᠬᠡᠷᠡᠭᠯᠡᠬᠦ ᠪᠤᠶᠤ ᠵᠥᠪᠳᠡᠯᠴᠡᠵᠦ ᠪᠠᠶᠢᠭᠠᠳ ᠰᠢᠯᠵᠢᠭᠦᠯᠵᠦ ᠪᠣᠯᠬᠤ ᠪᠥᠭᠡᠳ ᠤᠷᠢᠵᠤ ᠬᠡᠷᠡᠭᠯᠡᠬᠦ ᠬᠥᠮᠦᠰ ᠤᠨ ᠬᠥᠳᠡᠯᠮᠦᠷᠢ ᠶᠢᠨ ᠬᠥᠯᠥᠰᠥ ᠣᠯᠭᠤᠮᠵᠢ ᠶᠢ ᠴᠠᠭ ᠲᠤᠬᠠᠶ ᠳᠤᠨᠢ ᠥᠭᠴᠦ᠂ ᠵᠥᠪᠳᠡᠯᠴᠡᠵᠦ ᠰᠢᠯᠵᠢᠭᠦᠯᠦᠨ ᠰᠢᠯᠵᠢᠭᠦᠯᠦᠭᠰᠡᠨ ᠬᠥᠮᠦᠰ ᠤᠨ ᠤᠤᠯ ᠤᠨ ᠨᠢᠭᠡᠴᠡ ᠳᠤᠨᠢ ᠪᠠᠶᠢᠭ᠎ᠠ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠬᠤᠪᠢᠷᠠᠭᠤᠯᠬᠤ ᠦᠭᠡᠶ ᠪᠠᠶᠢᠬᠤ ᠶᠢ ᠪᠠᠲᠤᠯᠠᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯᠲᠠᠳ ᠤᠨ ᠬᠡᠪ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠩᠨᠡᠭᠡ ᠶᠢ ᠲᠣᠭᠲᠠᠪᠤᠷᠢᠵᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃    ᠲᠠᠪᠤ᠂ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠪᠠᠲᠤᠯᠠᠭ᠎ᠠ    ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠣᠳᠣ ᠶᠢᠨ ᠬᠡᠷᠡᠭᠵᠢᠭᠦᠯᠵᠦ ᠪᠠᠶᠢᠭ᠎ᠠ ᠵᠠᠷᠤᠳᠠᠯ ᠤᠨ ᠠᠷᠭ᠎ᠠ ᠵᠠᠮ ᠢᠶᠠᠷ ᠲᠥᠪ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠲᠤᠪᠠᠷ ᠡᠭᠦᠷᠭᠡᠯᠡᠨ᠎ᠡ᠃ ᠰᠢᠶᠠᠨ ᠤ ᠠᠷᠠᠳ ᠤᠨ ᠵᠠᠰᠠᠭ ᠤᠨ ᠣᠷᠳᠣᠨ ᠲᠤᠰ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠵᠣᠬᠢᠴᠠᠩᠭᠤᠶ ᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠴᠠᠭ ᠬᠤᠭᠤᠴᠠᠭ᠎ᠠ ᠶᠣᠰᠣᠭᠠᠷ ᠭᠦᠢᠴᠡᠳ ᠲᠤᠭ᠎ᠠ ᠪᠠᠷ ᠰᠠᠯᠭᠠᠨ ᠥᠭᠴᠦ᠂ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠥᠷᠨᠢᠬᠦ ᠶᠢ ᠪᠠᠲᠤᠯᠠᠬᠤ ᠬᠡᠷᠡᠭᠲᠡᠶ᠃ ᠡᠭᠦᠨ ᠳᠤ᠂ ᠨᠡᠶᠢᠳᠡᠮ ᠪᠠᠶᠢᠴᠠᠭᠠᠯᠲᠠ ᠶᠢᠨ ᠭᠠᠷᠳᠠᠵᠤ ᠪᠠᠶᠢᠭ᠎ᠠ ᠲᠤᠭ᠎ᠠ ᠪᠠᠷᠢᠮᠲᠠ ᠴᠤᠭᠯᠠᠭᠤᠯᠬᠤ ᠦᠵᠦᠭᠦᠷ ︵PAD︶ ᠵᠡᠷᠭᠡ ᠲᠤᠰᠬᠠᠶ ᠬᠡᠷᠡᠭᠯᠡᠭᠡᠨ ᠤ ᠲᠥᠬᠦᠭᠡᠷᠦᠮᠵᠢ ᠶᠢ ᠠᠰᠢᠭᠯᠠᠨ ᠬᠠᠭᠤᠴᠢᠨ ᠰᠠᠭᠤᠷᠢᠨ ᠳᠡᠭᠡᠷ᠎ᠡ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠰᠠᠶᠢᠲᠤᠷ ᠲᠥᠰᠦᠭᠡᠯᠡᠨ ᠪᠤᠳᠤᠵᠤ᠂ ᠰᠢᠨ᠎ᠡ ᠲᠥᠬᠦᠭᠡᠷᠦᠮᠵᠢ ᠬᠤᠳᠠᠯᠳᠤᠨ ᠠᠪᠬᠤ ᠵᠠᠷᠤᠳᠠᠯ ᠢ ᠰᠢᠶᠠᠨ ᠤ ᠡᠳ᠋ ᠤᠨ ᠵᠠᠰᠠᠭ ᠠᠴᠠ ᠡᠭᠦᠷᠭᠡᠯᠡᠬᠦ ᠶᠢᠨ ᠬᠠᠮᠲᠤ ᠴᠠᠭ ᠲᠤᠬᠠᠶ ᠳᠤᠨᠢ ᠥᠭᠬᠦ ᠬᠡᠷᠡᠭᠲᠡᠶ︔ ︽ᠬᠤᠶᠠᠷ ᠠᠵᠢᠯᠲᠠᠨ︾ ᠤ ᠬᠥᠯᠥᠰᠥ ᠣᠯᠭᠤᠮᠵᠢ ᠶᠢ ᠰᠢᠶᠠᠨ ᠤ ᠡᠳ᠋ ᠤᠨ ᠵᠠᠰᠠᠭ ᠠᠴᠠ ᠡᠭᠦᠷᠭᠡᠯᠡᠵᠦ᠂ ︽ᠬᠤᠶᠠᠷ ᠠᠵᠢᠯᠲᠠᠨ︾ ᠤ ᠬᠥᠯᠥᠰᠥ ᠣᠯᠭᠤᠮᠵᠢ ᠶᠢᠨ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠬᠤ ᠬᠡᠷᠡᠭᠲᠡᠶ᠂ ᠥᠷᠢᠲᠦᠵᠦ ᠪᠣᠯᠬᠤ ᠦᠭᠡᠢ᠃ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠠᠰᠠᠭᠤᠳᠠᠯ ᠠᠴᠠ ᠪᠣᠯᠵᠤ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠪᠠ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠨᠦᠯᠦᠭᠡᠯᠡᠵᠦ ᠪᠣᠯᠬᠤ ᠦᠭᠡᠢ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠬᠠᠮᠢᠶᠠᠷᠤᠯᠲᠠ ᠪᠠᠨ ᠴᠢᠩᠭᠠᠳᠬᠠᠵᠤ᠂ ᠰᠠᠶᠢᠲᠤᠷ ᠭᠠᠮᠨᠠᠨ ᠠᠷᠪᠢᠯᠠᠵᠤ᠂ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠵᠦ᠂ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃    ᠵᠢᠷᠭᠤᠭ᠎ᠠ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ    ︵ᠨᠢᠭᠡ︶ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠶᠢ ᠪᠠᠷᠢᠮᠲᠠᠯᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠪᠣᠯᠤᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠪᠦᠬᠦᠨ ᠡᠷᠬᠡᠪᠰᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠠᠨ᠂ ᠨᠡᠶᠢᠳᠡᠮ ᠪᠠᠶᠢᠴᠠᠭᠠᠯᠲᠠ ᠶᠢᠨ ᠬᠦᠰᠦᠨᠦᠭᠲᠦ ᠶᠢ ᠴᠠᠭ ᠲᠤᠬᠠᠶ ᠳᠤᠨᠢ᠂ ᠦᠨᠡᠨ ᠪᠣᠳᠠᠲᠠᠶ ᠪᠠᠷ ᠲᠠᠭᠯᠠᠨ ᠮᠡᠳᠡᠭᠦᠯᠬᠦ ᠬᠡᠷᠡᠭᠲᠡᠶ᠃ ᠶᠠᠮᠠᠷᠪᠠ ᠨᠢᠬᠡᠴᠡ ᠪᠠ ᠬᠤᠪᠢ ᠭᠦᠮᠦᠨ ᠬᠡᠳ ᠬᠤᠳᠠᠯ ᠢᠶᠠᠷ ᠮᠡᠳᠡᠬᠦᠯᠬᠦ᠂ ᠨᠢᠭᠤᠵᠦ ᠦᠯᠦ ᠮᠡᠳᠡᠬᠦᠯᠬᠦ᠂ ᠮᠡᠳᠡᠬᠦᠯᠬᠦ ᠶᠢ ᠲᠡᠪᠴᠢᠬᠦ᠂ ᠬᠤᠵᠢᠨᠨᠳᠠᠭᠤᠯᠤᠨ ᠮᠡᠳᠡᠬᠦᠯᠵᠦ ᠪᠤᠯᠬᠤ ᠦᠬᠡᠢ᠂ ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢ ᠬᠠᠭᠤᠷᠮᠠᠭ ᠢᠶᠠᠷ ᠵᠤᠬᠢᠶᠠᠵᠦ᠂ ᠦᠬᠡᠷᠡᠴᠢᠯᠡᠵᠦ ᠪᠤᠯᠬᠤ ᠦᠬᠡᠢ᠃ ᠨᠡᠶᠢᠳᠡᠮ ᠪᠠᠶᠢᠴᠠᠭᠠᠯᠲᠠ ᠳᠤ ᠣᠯᠤᠭᠰᠠᠨ ᠨᠢᠭᠡᠴᠡ ᠪᠣᠯᠤᠨ ᠬᠤᠪᠢ ᠬᠥᠮᠦᠨ ᠤ ᠮᠠᠲ᠋ᠧᠷᠢᠶᠠᠯ ᠢ ᠨᠡᠶᠢᠳᠡᠮ ᠪᠠᠶᠢᠴᠠᠭᠠᠯᠲᠠ ᠳᠤ ᠬᠡᠷᠡᠭᠯᠡᠬᠦ ᠵᠣᠷᠢᠯᠭ᠎ᠠ ᠪᠠᠷ ᠴᠢᠩᠭ᠎ᠠ ᠬᠢᠵᠠᠭᠠᠷᠯᠠᠨ ᠲᠣᠭᠲᠠᠭᠠᠵᠤ᠂ ᠶᠠᠮᠠᠷᠪᠠ ᠨᠢᠭᠡᠴᠡ ᠶᠢᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠱᠠᠩᠨᠠᠵᠤ ᠲᠣᠷᠭᠠᠬᠤ ᠶᠢᠨ ᠦᠨᠳᠦᠰᠦᠯᠡᠯ ᠪᠣᠯᠭᠠᠬᠤ ᠦᠭᠡᠶ᠃ ᠡᠯ᠎ᠡ ᠰᠢᠶᠠᠩ ᠪᠠᠯᠭᠠᠰᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠨᠡᠶᠢᠳᠡᠮ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠤᠯᠤᠰ ᠤᠨ ᠨᠢᠭᠤᠴᠠ ᠪᠠ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠡᠭᠦᠷᠭᠡ ᠪᠠᠨ ᠡᠷᠬᠡᠪᠰᠢ ᠴᠢᠩᠭ᠎ᠠ ᠭᠦᠢᠴᠡᠳᠬᠡᠬᠦ ᠬᠡᠷᠡᠭᠲᠡᠶ︔ ᠵᠥᠪᠰᠢᠶᠡᠷᠡᠯ ᠦᠭᠡᠢ ᠪᠠᠷ ᠶᠠᠮᠠᠷᠪᠠ ᠨᠢᠭᠡᠴᠡ ᠪᠠ ᠬᠤᠪᠢ ᠬᠥᠮᠦᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠭᠠᠳᠠᠭᠰᠢ ᠨᠡᠶᠢᠲᠡᠯᠡᠵᠦ ᠪᠣᠯᠬᠤ ᠦᠭᠡᠢ᠃ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠᠬᠢ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠶᠢ ᠰᠠᠬᠢᠯᠭ᠎ᠠ ᠪᠠᠲᠤ ᠶᠣᠰᠣᠭᠠᠷ ᠬᠠᠤᠯᠢ ᠶᠣᠰᠣᠭᠠᠷ ᠰᠢᠶ᠋ᠳᠪᠦᠷᠢᠯᠡᠬᠦ ᠶᠢᠨ ᠬᠠᠮᠲᠤ ᠨᠡᠪᠲᠡᠷᠡᠭᠦᠯᠦᠨ ᠢᠯᠡᠴᠢᠯᠡᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃    ︵ᠬᠤᠶᠠᠷ︶᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠡᠷᠢᠭᠦᠨ ᠳᠤ ᠲᠠᠯᠪᠢᠬᠤ ᠵᠠᠷᠴᠢᠮ ᠢ ᠢᠮᠠᠭᠲᠠ ᠪᠠᠲᠤ ᠰᠠᠬᠢᠵᠤ᠂ ᠨᠡᠶᠢᠳᠡᠮ ᠪᠠᠶᠢᠴᠠᠭᠠᠯᠲᠠ ᠶᠢᠨ ᠲᠥᠰᠦᠯ ᠢ ᠴᠢᠩᠭ᠎ᠠ ᠬᠡᠷᠡᠭᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠵᠤ᠂ ᠬᠡᠷᠡᠭ ᠤᠨ ᠡᠮᠦᠨ᠎ᠡ ᠪᠠ ᠬᠡᠷᠡᠭ ᠤᠨ ᠳᠠᠷᠠᠭᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠦᠨᠡᠨᠬᠦ ᠰᠡᠷᠭᠡᠶᠢᠯᠡᠬᠦ ᠪᠠ ᠵᠠᠯᠬᠠᠭᠠᠨ ᠰᠢᠳᠬᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠣᠨᠣᠪᠴᠢᠲᠠᠶ᠂ ᠪᠦᠷᠢᠨ ᠪᠦᠲᠦᠨ ᠪᠥᠭᠡᠳ ᠢᠲᠡᠭᠡᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠮᠥᠷᠳᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠᠬᠢ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠪᠠ ᠢᠯᠡᠴᠢᠯᠡᠬᠦ ᠡᠷᠴᠢᠮ ᠢᠶᠠᠨ ᠨᠡᠮᠡᠭᠳᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠷᠢᠭᠤᠳᠠ ᠬᠠᠷᠰᠢᠯᠠᠬᠤ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠳᠤᠮᠳᠠ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠳᠬᠡᠯ ᠥᠭᠬᠦ ᠬᠡᠷᠡᠭᠲᠡᠶ ᠪᠤᠶᠤ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠶᠣᠰᠣᠲᠠᠶ ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠭᠴᠢ ᠶᠢ ᠣᠯᠵᠤ ᠮᠡᠳᠡᠪᠡᠯ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠲᠣᠭᠲᠠᠭᠠᠯ ᠶᠣᠰᠣᠭᠠᠷ ᠰᠢᠢᠳᠭᠡᠯ ᠥᠭᠴᠦ ᠰᠢᠢᠳᠪᠦᠷᠢᠯᠡᠬᠦ ᠰᠠᠨᠠᠭᠤᠯᠭ᠎ᠠ ᠳᠤᠷᠠᠳᠬᠤ ᠶᠢᠨ ᠬᠠᠮᠲᠤ ᠲᠣᠮᠢᠯᠠᠵᠤ ᠪᠠᠭᠤᠯᠭᠠᠬᠤ ᠪᠠᠶᠢᠭᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠵᠣᠬᠢᠶᠠᠨ ᠪᠠᠶᠢᠭᠤᠯᠤᠯᠲᠠ ᠳᠤ ᠰᠢᠯᠵᠢᠭᠦᠯᠦᠨ ᠬᠦᠷᠭᠡᠬᠦ ᠬᠡᠷᠡᠭᠲᠡᠶ︶ ᠰᠠᠯᠠᠭ᠎ᠠ ᠮᠥᠴᠢᠷ᠃ ᠪᠦᠲᠦᠮᠵᠢᠲᠡᠶ ᠮᠡᠷᠭᠡᠵᠢᠯ ᠤᠨ ᠠᠷᠭ᠎ᠠ ᠪᠠᠷᠢᠯ ᠪᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠯᠡᠨ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ ᠪᠠ ᠬᠡᠷᠡᠭᠯᠡᠬᠦ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠴᠠᠭ ᠲᠤᠨᠢ ᠲᠣᠬᠢᠷᠠᠭᠤᠯᠤᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃    ︵ᠭᠤᠷᠪᠠ︶ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠦᠨ᠎ᠡ᠃ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠲᠡᠮᠳᠡᠭᠯᠡᠯ ᠢ ᠥᠷᠭᠡᠨ ᠢᠶᠠᠷ ᠬᠡᠷᠡᠭᠯᠡᠵᠦ᠂ ᠡᠯᠧᠺᠳ᠋ᠷᠣᠨ ᠭᠡᠷᠡᠴᠢ ᠦᠨᠡᠮᠯᠡᠯ ᠤᠨ ᠮᠡᠳᠡᠭᠡ ᠵᠠᠩᠭᠢ ᠵᠡᠷᠭᠡ ᠨᠡᠶᠢᠳᠡᠮ ᠪᠠᠶᠢᠴᠠᠭᠠᠯᠲᠠ ᠳᠤᠮᠳᠠᠬᠢ ᠬᠡᠷᠡᠭᠯᠡᠯᠲᠡ ᠶᠢ ᠲᠦᠯᠬᠢᠨ ᠠᠬᠢᠭᠤᠯᠵᠤ᠂ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ ᠪᠠ ᠭᠠᠷ ᠠᠪᠴᠤ ᠲᠤᠬᠠᠶ ᠶᠢᠨ ᠲᠠᠯᠠᠪᠤᠷ ᠲᠤ ᠲᠤᠭ᠎ᠠ ᠪᠠᠷᠢᠮᠲᠠ ᠴᠤᠭᠯᠠᠭᠤᠯᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠨᠡᠶᠢᠳᠡᠮ ᠪᠠᠶᠢᠴᠠᠭᠠᠯᠲᠠ ᠥᠷᠨᠢᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠰᠢᠢᠳᠪᠦᠷᠢᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠪᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠰᠦᠯᠵᠢᠶ᠎ᠡ ᠪᠠᠷ ᠳᠠᠮᠵᠢᠭᠤᠯᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠨ ᠪᠡᠶ᠎ᠡ ᠪᠠᠨ ᠳᠠᠭᠠᠭᠠᠨ ᠮᠡᠳᠡᠭᠦᠯᠦᠨ ᠬᠦᠷᠭᠡᠬᠦ ᠶᠢ ᠳᠠᠮᠵᠢᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠥᠨᠳᠥᠷ ᠦᠷ᠎ᠡ ᠪᠦᠲᠦᠮᠵᠢᠲᠡᠶ ᠪᠠᠷ ᠲᠦᠯᠬᠢᠨ ᠠᠬᠢᠭᠤᠯᠤᠨ᠎ᠠ᠃    ︵ᠲᠦᠷᠪᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ᠃ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠤᠬᠠᠭᠠᠯᠠᠭ᠎ᠠ ᠪᠠ ᠵᠣᠬᠢᠶᠠᠨ ᠪᠠᠶᠢᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠡᠯ᠎ᠡ ᠲᠦᠷᠦᠯ ᠤᠨ ᠰᠤᠨᠢᠨ ᠮᠡᠳᠡᠬᠡᠨ ᠤ ᠵᠠᠭᠤᠴᠢᠯᠠᠭᠤᠷ ᠵᠢᠴᠢ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠨ ᠦᠢᠯᠡᠴᠢᠯᠡᠬᠡᠨ ᠤ ᠲᠡᠪᠴᠡᠩ ᠵᠡᠷᠬᠡ ᠤᠬᠠᠭᠤᠯᠭ᠎ᠠ ᠶᠢᠨ ᠵᠠᠮ ᠮᠦᠷ ᠤᠨ ᠦᠢᠯᠡᠳᠦᠯ ᠢ ᠭᠦᠢᠴᠡᠳ ᠪᠠᠳᠠᠷᠠᠭᠤᠯᠵᠦ᠂ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠴᠢᠬᠤᠯᠠ ᠠᠴᠢ ᠬᠤᠯᠪᠤᠨᠨᠳᠠᠯ ᠪᠠ ᠱᠠᠭᠠᠷᠳᠠᠯᠭ᠎ᠠ ᠶᠢ ᠦᠷᠬᠡᠨ ᠢᠶᠠᠷ ᠭᠦᠨᠵᠡᠬᠡᠢ ᠤᠬᠠᠭᠤᠯᠤᠨ᠂ ᠨᠡᠶᠢᠳᠡᠮ ᠪᠠᠶᠢᠴᠠᠭᠠᠯᠳᠠ ᠶᠢᠨ ᠠᠵᠢᠯ ᠤᠨ ᠶᠠᠪᠤᠴᠠ ᠳᠤ ᠴᠤᠯᠭᠠᠷᠬᠠᠰᠠᠨ ᠨᠡᠶᠢᠳᠡᠯᠢᠭ ᠦᠢᠯᠡ ᠶᠠᠪᠤᠳᠠᠯ ᠢ ᠤᠬᠠᠭᠤᠯᠵᠦ᠂ ᠬᠠᠤᠯᠢ ᠴᠠᠭᠠᠵᠠ ᠰᠠᠬᠢᠯᠭ᠎ᠠ ᠪᠠᠳᠤ ᠠᠴᠠ ᠵᠦᠷᠢᠴᠡᠭᠰᠡᠨ ᠬᠡᠷᠡᠭ ᠢ ᠪᠠᠶᠢᠴᠠᠭᠠᠨ ᠰᠶᠢᠳᠪᠦᠷᠢᠯᠡᠭᠰᠡᠨ ᠪᠠᠶᠢᠳᠠᠯ ᠢ ᠮᠡᠳᠡᠬᠡᠯᠡᠨ᠂ ᠦᠷᠬᠡᠨ ᠤᠯᠠᠨ ᠨᠡᠶᠢᠳᠡᠮ ᠪᠠᠶᠢᠴᠠᠭᠠᠨᠨᠳᠠᠬᠤ ᠡᠳᠡᠬᠡᠳ ᠢ ᠭᠦᠳᠦᠯᠦᠨ ᠵᠢᠯᠤᠭᠤᠳᠴᠤ ᠨᠡᠶᠢᠳᠡᠮ ᠪᠠᠶᠢᠴᠠᠭᠠᠯᠳᠠ ᠳᠤ ᠬᠠᠤᠯᠢ ᠶᠤᠰᠤᠭᠠᠷ ᠬᠠᠮᠵᠢᠯᠴᠠᠭᠤᠯᠤᠨ᠂ ᠪᠦᠭᠦ ᠨᠡᠶᠢᠬᠡᠮ ᠢᠶᠠᠷ ᠢᠶᠠᠨ ᠨᠡᠶᠢᠳᠡᠮ ᠪᠠᠶᠢᠴᠠᠭᠠᠯᠳᠠ ᠳᠤ ᠢᠳᠡᠪᠬᠢᠳᠡᠢ ᠤᠷᠤᠯᠴᠠᠭᠤᠯᠵᠦ᠂ ᠲᠠᠪᠤᠳᠤᠭᠠᠷ ᠤᠳᠠᠭᠠᠨ ᠤ ᠪᠦᠭᠦ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠤᠷᠤᠨᠨᠰᠢᠳᠠᠢ ᠬᠡᠷᠡᠭᠵᠢᠬᠦᠯᠦᠭᠳᠡᠬᠦ ᠳᠤ ᠰᠠᠶᠢᠨ ᠰᠠᠶᠢᠬᠠᠨ ᠨᠡᠶᠢᠬᠡᠮ ᠤᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ᠃    ︵ᠲᠠᠪᠤ︶ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠠᠳᠬᠤᠨ᠎ᠠ᠃ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠴᠠᠭ ᠲᠤᠬᠠᠶ ᠳᠤᠨᠢ ᠨᠡᠶᠢᠲᠡᠯᠡᠵᠦ᠂ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠨᠠᠶᠢᠷᠠᠭᠤᠯᠤᠨ ᠳᠠᠷᠤᠮᠠᠯᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ ᠪᠦᠬᠦ ᠰᠢᠶᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠪᠣᠯᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠬᠤᠪᠢᠷᠠᠯᠲᠠ ᠰᠢᠨ᠎ᠡ ᠣᠨᠴᠠᠯᠢᠭ ᠢ ᠵᠠᠳᠠᠯᠤᠨ ᠰᠤᠳᠤᠯᠤᠨ ᠮᠠᠭᠠᠳᠯᠠᠵᠤ᠂ ᠬᠤᠷᠸ᠎ᠠ ᠰᠢᠢᠳᠪᠦᠷᠢᠲᠦ ᠪᠣᠳᠣᠯᠭ᠎ᠠ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠤᠭ᠎ᠠ ᠪᠦᠷᠢᠳᠬᠡᠯ ᠤᠨ ᠵᠥᠪᠯᠡᠯᠭᠡ ᠥᠭᠬᠦ ᠵᠥᠪᠯᠡᠯᠭᠡ ᠥᠭᠬᠦ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠶ᠃  
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2