ᠭᠤᠤ ᠶᠦᠩ ᠪᠢᠨ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/17
  4 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ᠂ ᠰᠢᠶᠠᠨ ᠤ ᠤᠳᠤᠷᠢᠳᠤᠯᠭ᠎ᠠ ᠵᠠᠩ ᠿᠢ ᠭᠤᠤ᠂ ᠴᠧᠨ ᠶᠠ ᠮᠢᠩ᠂ ᠵᠠᠩ ᠭᠤᠸᠠᠩ᠂ ᠸᠠᠩ ᠬᠤ᠋ ᠵᠢᠶᠦ᠋ᠨ ᠵᠢᠴᠢ ᠬᠤᠯᠪᠣᠭᠳᠠᠯ ᠪᠦᠬᠦᠢ ᠨᠢᠭᠡᠴᠡ᠂ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
   ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ 3 ᠰᠠᠷ᠎ᠠ ᠶᠢᠨ 20 ᠤ ᠡᠳᠦᠷ ᠮᠠᠨ ᠤ ᠰᠢᠶᠠᠨ ᠳᠤ ᠪᠠᠶᠢᠴᠠᠭᠠᠨ ᠰᠤᠳᠤᠯᠤᠯᠲᠠ ᠬᠢᠵᠦ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠪᠠ ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠨ ᠵᠠᠰᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠠ᠃    ᠭᠤᠤ ᠶᠦᠩ ᠪᠢᠨ᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾ ᠠᠵᠢᠯ ᠤᠨ ᠲᠤᠬᠠᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠵᠢᠭᠦᠯᠬᠦ ᠪᠠ ᠲᠥᠯᠥᠪᠵᠢᠭᠦᠯᠬᠦ ᠶᠢ ᠰᠠᠶᠢᠲᠤᠷ ᠬᠢᠵᠦ᠂ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠤᠰᠤ ᠲᠠᠲᠠᠷᠠᠭᠤᠯᠬᠤ᠂ ᠳᠤᠯᠠᠭᠠᠯᠠᠭ᠎ᠠ ᠶᠢ ᠰᠠᠶᠢᠵᠢᠷᠠᠭᠤᠯᠬᠤ᠂ ᠵᠣᠷᠯᠣᠩ ᠢ ᠥᠭᠡᠷᠡᠴᠢᠯᠡᠬᠦ ᠳᠤ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠶᠢᠬᠤ ᠪᠠᠷ ᠴᠢᠷᠮᠠᠶᠢᠬᠤ ᠬᠡᠷᠡᠭᠲᠡᠢ᠃ ᠠᠷᠠᠳ ᠤᠯᠠᠨ ᠤ ᠵᠣᠭᠰᠣᠯᠲᠠ ᠠᠴᠠ ᠠᠰᠠᠭᠤᠳᠠᠯ ᠢ ᠪᠣᠳᠣᠯᠬᠢᠯᠠᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠰᠤᠲᠠᠶᠢᠴᠤᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠡᠯ᠎ᠡ ᠵᠦᠢᠯ ᠤᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃    ᠭᠤᠤ ᠶᠦᠩ ᠪᠢᠨ᠂ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠠᠵᠢᠯ ᠢ ᠶᠡᠷᠦᠩᠬᠡᠢ ᠳᠤᠨᠢ ᠠᠪᠴᠤ ᠦᠵᠡᠪᠡᠯ ᠦᠷ᠎ᠡ ᠪᠦᠲᠦᠮᠵᠢ ᠨᠡᠯᠢᠶᠡᠳ ᠰᠠᠶᠢᠨ ᠪᠠᠶᠢᠵᠤ᠂ ᠵᠣᠬᠢᠬᠤ ᠦᠷ᠎ᠡ ᠪᠦᠲᠦᠮᠵᠢ ᠣᠯᠵᠠᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠳᠤᠲᠠᠭᠤᠳᠠᠯ ᠢᠶᠠᠨ ᠨᠥᠬᠦᠪᠥᠷᠢᠯᠡᠬᠦ ᠶᠢᠨ ᠬᠠᠮᠲᠤ ᠶᠡᠷᠦᠩᠬᠡᠢ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠰᠢᠶᠠᠩ ᠪᠠᠯᠭᠠᠰᠤ ᠢᠳᠡᠪᠬᠢᠲᠡᠢ ᠬᠠᠮᠵᠢᠯᠴᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠪᠣᠬᠢᠷ ᠤᠰᠤ ᠶᠢ ᠰᠢᠢᠳᠪᠦᠷᠢᠯᠡᠬᠦ᠂ ᠤᠰᠤ ᠶᠢ ᠭᠠᠩ ᠬᠠᠭᠤᠷᠠᠶ ᠪᠣᠯᠭᠠᠬᠤ ᠵᠡᠷᠭᠡ ᠲᠥᠷᠥᠯ ᠵᠦᠢᠯ ᠢ ᠬᠡᠷᠡᠭᠵᠢᠭᠦᠯᠬᠦ ᠵᠢᠴᠢ ᠬᠤᠯᠪᠣᠭᠳᠠᠯ ᠪᠥᠬᠦᠶ ᠠᠵᠢᠯ ᠢ ᠢᠳᠡᠪᠬᠢᠲᠡᠶ ᠠᠬᠢᠭᠤᠯᠵᠤ᠂ ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠶᠡᠬᠡᠪᠡᠷ ᠠᠬᠢᠭᠤᠯᠬᠤ ᠬᠡᠷᠡᠭᠲᠡᠶ ᠭᠡᠵᠡᠢ᠃                                                        ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2