ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ | ᠪᠦᠬᠦᠢ ᠨᠢᠭᠡᠴᠡ ᠳᠤ᠄ | ᠬᠥᠳᠡᠭᠡ ᠲᠣᠰᠬᠤᠨ ᠤ ᠡᠨᠧᠷᠭᠢ ᠶᠢᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠪᠣᠯ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠣᠲᠣᠭᠠᠳᠤ ᠱᠠᠭᠠᠷᠳᠠᠯᠭ᠎ᠠ ᠮᠥᠨ᠂ | ᠤᠳᠤ ᠦᠶ᠎ᠡ ᠶᠢᠨ ᠡᠨᠧᠷᠭᠢ ᠶᠢᠨ ᠰᠢᠰᠲ᠋ᠧᠮ ᠢ ᠪᠠᠶᠢᠭᠤᠯᠬᠤ ᠴᠢᠬᠤᠯᠠ ᠪᠦᠷᠢᠯᠳᠦᠬᠦᠨ ᠬᠡᠰᠡᠭ ᠮᠥᠨ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠪᠣᠯᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠡᠨᠧᠷᠭᠢ ᠶᠢᠨ ᠬᠡᠯᠪᠡᠷᠢ ᠶᠢ ᠬᠤᠪᠢᠷᠠᠭᠤᠯᠤᠨ | ᠬᠥᠭᠵᠢᠭᠦᠯᠬᠦ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ 2021 ᠣᠨ ᠤ 12 ᠰᠠᠷ᠎ᠠ ᠶᠢᠨ 29 ᠤ ᠡᠳᠦᠷ᠂ | ᠤᠯᠤᠰ ᠤᠨ ᠡᠨᠧᠷᠭᠢ ᠶᠢᠨ ᠲᠣᠪᠴᠢᠶ᠎ᠠ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ᠂ ᠤᠯᠤᠰ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ︽ᠬᠥᠳᠡᠭᠡ ᠲᠣᠰᠬᠤᠨ ᠤ ᠡᠨᠧᠷᠭᠢ ᠶᠢᠨ | ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ ᠲᠦᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠵᠢᠭᠦᠯᠬᠦ ᠰᠠᠨᠠᠯ︾ ᠵᠢᠴᠢ 2022 ᠣᠨ ᠤ 1 ᠰᠠᠷ᠎ᠠ ᠶᠢᠨ 5 ᠤ ᠡᠳᠦᠷ | ᠂ ᠤᠯᠤᠰ ᠤᠨ ᠡᠨᠧᠷᠭᠢ ᠶᠢᠨ ᠲᠣᠪᠴᠢᠶ᠎ᠠ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ᠂ ᠤᠯᠤᠰ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠠᠮᠲᠤᠷᠠᠨ ︽ᠬᠥᠳᠡᠭᠡ ᠲᠣᠰᠬᠤᠨ ᠤ | ᠡᠨᠧᠷᠭᠢ ᠶᠢᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ ᠲᠦᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ᠂ ᠲᠣᠰ ᠬᠡᠷᠡᠭᠵᠢᠭᠦᠯᠬᠦ ᠰᠠᠨᠠᠯ ᠢ | ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ | ︽ᠳᠥᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ︾ ᠶᠢᠨ ᠡᠨᠧᠷᠭᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ | ᠪᠣᠳᠣᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ | ᠰᠠᠭᠤᠷᠢᠯᠠᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ | ᠲᠤᠭᠤᠰᠢᠯᠠᠭᠤᠯᠵᠤ᠂ ᠰᠢᠶᠠᠨ ᠤ ᠬᠡᠪᠴᠢᠶ᠎ᠡ ᠪᠠᠷ ᠦᠨᠳᠦᠰᠦᠨ ᠨᠢᠭᠡᠴᠢ ᠪᠣᠯᠭᠠᠨ ᠬᠤᠲᠠ ᠬᠥᠳᠡᠭᠡ ᠶᠢᠨ ᠴᠡᠪᠡᠷ | ᠡᠨᠧᠷᠭᠢ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠬᠥᠳᠡᠭᠡ ᠲᠣᠰᠬᠤᠨ ᠤ ᠴᠡᠪᠡᠷ ᠡᠨᠧᠷᠭᠢ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠵᠤ᠂ ᠣᠯᠠᠨ ᠡᠨᠧᠷᠭᠢ ᠶᠢᠨ ᠬᠠᠷᠢᠯᠴᠠᠨ ᠨᠥᠬᠦᠪᠥᠷᠢᠯᠡᠬᠦ ᠲᠠᠷᠬᠠᠯᠲᠠ ᠶᠢᠨ | ᠬᠡᠯᠪᠡᠷᠢ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠡᠷᠦᠩᠬᠡᠶᠢᠯᠡᠭᠰᠡᠨ ᠡᠨᠧᠷᠭᠢ ᠶᠢᠨ ᠲᠣᠤᠷ ᠢ | ᠰᠦᠪᠡᠭᠴᠢᠯᠡᠨ ᠪᠠᠶᠢᠭᠤᠯᠵᠤ᠂ ᠴᠡᠪᠡᠷ ᠡᠨᠧᠷᠭᠢ ᠶᠢᠨ ᠬᠠᠩᠭᠠᠯᠭ᠎ᠠ ᠶᠢᠨ ᠴᠢᠳᠠᠪᠤᠷᠢ ᠪᠠ ᠬᠡᠷᠡᠭᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠴᠡᠪᠡᠷ ᠡᠨᠧᠷᠭᠢ ᠶᠢᠨ ᠦᠢᠯᠡᠳᠪᠦᠷᠢᠯᠡᠯ᠂ ᠬᠡᠷᠡᠭᠯᠡᠭᠡ ᠪᠠ | ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠠᠷᠢᠭᠤᠨ ᠴᠡᠪᠡᠷ | ᠡᠨᠧᠷᠭᠢ ᠬᠡᠷᠡᠭᠯᠡᠬᠦ ᠬᠡᠷᠡᠭᠴᠡᠭᠡ ᠶᠢ ᠬᠠᠩᠭᠠᠵᠤ᠂ ᠬᠥᠳᠡᠭᠡ ᠲᠣᠰᠬᠤᠨ ᠤ ᠴᠡᠪᠡᠷ ᠡᠨᠧᠷᠭᠢ ᠶᠢᠨ ᠦᠢᠯᠡᠳᠪᠦᠷᠢᠯᠡᠯ᠂ | ᠬᠡᠷᠡᠭᠯᠡᠭᠡ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠶᠢ ᠣᠷᠭᠠᠨᠢᠭ ᠢᠶᠠᠷ | ᠤᠶᠠᠯᠳᠤᠭᠤᠯᠵᠤ᠂ ᠬᠥᠳᠡᠭᠡ ᠲᠣᠰᠬᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ᠂ ᠬᠥᠳᠡᠭᠡ ᠠᠵᠤ ᠠᠬᠤᠶ ᠬᠥᠳᠡᠭᠡ | ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ | | ︵ᠬᠤᠶᠠᠷ︶ ᠦᠨᠳᠦᠰᠦᠨ ᠵᠠᠷᠴᠢᠮ | ᠠᠷᠢᠭᠤᠨ ᠴᠡᠪᠡᠷ ᠳᠣᠣᠷ᠎ᠠ ᠨᠡᠭᠦᠷᠡᠰᠦᠲᠥ᠋ᠷᠦᠭᠴᠢᠲᠦ ᠠᠮᠢ ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠢ᠃ | ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ | ᠲᠣᠰᠬᠤᠨ ᠤ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠶᠢ ᠳᠡᠮᠵᠢᠵᠦ᠂ ᠲᠠᠷᠢᠶᠠᠯᠠᠩ ᠤᠨ ᠦᠢᠯᠡᠳᠪᠦᠷᠢᠯᠡᠯ᠂ | ᠲᠠᠷᠢᠶᠠᠴᠢᠳ ᠤᠨ ᠠᠮᠢᠳᠤᠷᠠᠯ᠂ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠡᠨᠧᠷᠭᠢ ᠬᠡᠷᠡᠭᠯᠡᠬᠦ ᠶᠢ ᠴᠡᠪᠡᠷᠰᠢᠭᠦᠯᠬᠦ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ ᠠᠬᠢᠭᠤᠯᠵᠤ᠂ ᠠᠮᠢ ᠠᠬᠤᠢ ᠶᠢᠨ ᠣᠷᠣᠰᠢᠨ ᠰᠠᠭᠤᠬᠤ ᠳᠤ | ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ | ᠃ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠣᠶᠢᠷ᠎ᠠ ᠬᠠᠪᠢ ᠳᠤᠨᠢ ᠠᠰᠢᠭᠯᠠᠨ᠎ᠠ᠃ ᠡᠯ᠎ᠡ ᠭᠠᠵᠠᠷ ᠤᠨ | ᠡᠬᠢ ᠪᠠᠶᠠᠯᠢᠭ ᠤᠨ ᠳᠠᠪᠠᠭᠤᠯᠢᠭ ᠲᠠᠢ ᠭᠦᠢᠴᠡᠳ ᠤᠶᠠᠯᠳᠤᠭᠤᠯᠤᠨ᠂ ᠨᠢᠭᠡᠳᠦᠯᠲᠡᠶ ᠲᠥᠯᠥᠪᠯᠡᠨ ᠨᠡᠭᠡᠭᠡᠨ ᠠᠰᠢᠭᠯᠠᠬᠤ | ᠠᠷᠭ᠎ᠠ ᠮᠠᠶ᠋ᠢᠭ ᠢ ᠡᠩ ᠲᠡᠷᠢᠭᠦᠨ ᠳᠤ ᠲᠤᠬᠠᠶ ᠶᠢᠨ ᠭᠠᠵᠠᠷ ᠤᠨ᠂ ᠣᠶᠢᠷ᠎ᠠ ᠬᠠᠪᠢ ᠳᠤᠨᠢ ᠰᠢᠩᠭᠡᠭᠡᠨ ᠠᠪᠴᠤ᠂ | ᠡᠨᠧᠷᠭᠢ ᠳᠠᠮᠵᠢᠭᠤᠯᠤᠨ ᠬᠦᠷᠭᠡᠬᠦ ᠵᠠᠶ ᠪᠠ ᠬᠤᠪᠢᠷᠠᠭᠤᠯᠬᠤ ᠭᠤᠭᠴᠤᠭ᠎ᠠ ᠶᠢ ᠪᠠᠭᠠᠰᠬᠠᠨ᠂ ᠬᠥᠳᠡᠭᠡ ᠲᠣᠰᠬᠤᠨ ᠤ | ᠡᠨᠧᠷᠭᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ | ᠠᠵᠤ ᠠᠬᠤᠢ ᠨᠠᠶᠢᠳᠠᠪᠤᠷᠢᠲᠠᠢ᠂ ᠠᠷᠠᠳ ᠲᠤ ᠠᠰᠢᠭ ᠬᠦᠷᠲᠡᠭᠡᠵᠦ᠃ ᠬᠥᠳᠡᠭᠡ ᠲᠣᠰᠬᠤᠨ ᠤ ᠰᠢᠨ᠎ᠡ | ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠠᠷᠢᠶᠠᠴᠢᠨ ᠡᠷᠦᠬᠡ ᠶᠢᠨ ᠡᠨᠧᠷᠭᠢ ᠬᠡᠷᠡᠭᠯᠡᠬᠦ ᠥᠪᠡᠷ ᠤᠨ | ᠦᠷᠳᠡᠭ ᠢ ᠬᠦᠴᠦᠯᠡᠨ ᠪᠠᠭᠤᠷᠠᠭᠤᠯᠵᠤ᠂ ᠵᠠᠷᠤᠯᠭ᠎ᠠ ᠶᠢ ᠪᠠᠭᠠᠰᠬᠠᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ | ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠢ᠃ | ︵ᠭᠤᠷᠪᠠ︶ ᠭᠤᠣᠯ ᠬᠠᠷᠠᠯᠲᠠ | ᠮᠠᠨ ᠤ ᠰᠢᠶᠠᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠬᠢᠷᠲᠤᠯ ᠦᠭᠡᠢ᠂ ᠡᠬᠢ ᠪᠠᠶᠠᠯᠢᠭ᠂ ᠣᠷᠣᠨ | ᠪᠠᠶᠢᠷᠢ ᠶᠢᠨ ︽ᠭᠤᠷᠪᠠᠨ ᠫᠠᠶᠢᠰᠠ︾ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨ᠎ᠡ ᠮᠠᠲ᠋ᠧᠷᠢᠶᠠᠯ᠂ | ᠰᠢᠨ᠎ᠡ ᠡᠨᠧᠷᠭᠢ᠂ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠤᠨ ︽ᠭᠤᠷᠪᠠᠨ ᠶᠡᠭᠡ ᠠᠵᠤ ᠦᠢᠯᠡᠰ︾ ᠢ | ᠪᠤᠶᠢᠵᠢᠭᠤᠯᠤᠨ ᠬᠥᠭᠵᠢᠭᠦᠯᠵᠦ᠂ ᠤᠯᠤᠰ ᠤᠨ ᠣᠷᠣᠨ ᠪᠦᠰᠡ ᠶᠢᠨ ᠴᠢᠨᠠᠷᠲᠠᠢ ᠲᠥᠮᠥᠰᠥ ᠶᠢᠨ ᠰᠠᠶᠢᠨ ᠡᠭᠦᠯᠳᠡᠷ ᠢ | ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ ᠨᠡᠶᠢᠰᠯᠡᠯ ᠤᠨ ᠲᠠᠷᠢᠶᠠᠯᠠᠩ ᠤᠨ ᠪᠦᠲᠦᠭᠡᠭᠳᠡᠬᠦᠨ ᠤ | ᠬᠠᠩᠭᠠᠯᠭ᠎ᠠ ᠶᠢ ᠪᠠᠲᠤᠯᠠᠬᠤ ᠰᠠᠭᠤᠷᠢᠨ ᠭᠠᠵᠠᠷ᠂ ᠤᠯᠠᠭᠠᠨᠴᠠᠪ ᠬᠤᠳᠠ ᠶᠢᠨ ᠰᠠᠯᠬᠢᠨ ᠬᠦᠴᠦᠨ ᠤ ᠴᠠᠬᠢᠯᠭᠠᠨ ᠤ | ᠲᠣᠨᠣᠭᠯᠠᠯ ᠦᠢᠯᠡᠳᠬᠦ ᠰᠠᠭᠤᠷᠢᠨ ᠭᠠᠵᠠᠷ ᠤᠨ ︽ᠭᠤᠷᠪᠠᠨ ᠶᠡᠭᠡ ᠰᠠᠭᠤᠷᠢᠨ ᠭᠠᠵᠠᠷ︾ ᠢ ᠪᠦᠬᠦ ᠬᠦᠴᠦᠨ ᠢᠶᠠᠷ ᠢᠶᠠᠨ | ᠴᠣᠭᠴᠠᠯᠠᠨ᠎ᠠ᠃ ᠵᠥᠷᠢᠶᠡᠵᠢᠭᠰᠡᠨ ᠥᠷᠢᠰᠥᠯᠳᠦᠭᠡᠨ᠂ ᠪᠠᠶᠢᠷᠢᠰᠢᠯᠠᠭᠤᠯᠤᠭᠰᠠᠨ ᠠᠵᠤ ᠦᠢᠯᠡᠰ ᠤᠨ ᠬᠥᠭᠵᠢᠯᠲᠡ ᠶᠢᠨ | ᠵᠠᠮ ᠢᠶᠠᠷ ᠵᠠᠮᠨᠠᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠪᠦᠲᠦᠮᠵᠢᠲᠡᠶ ᠳᠠᠶᠢᠴᠢᠯᠠᠪᠠ᠃ | 2025 ᠤᠨ ᠪᠣᠯᠬᠤ ᠳᠤ᠂ ᠨᠢᠭᠡ ᠪᠦᠯᠦᠭ ᠬᠥᠳᠡᠭᠡ ᠲᠣᠰᠬᠤᠨ ᠤ ᠡᠨᠧᠷᠭᠢ ᠶᠢᠨ ᠪᠣᠬᠢᠷᠳᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠤᠷᠰᠢᠯᠲᠠ ᠶᠢᠨ ᠴᠡᠭ ᠢ ᠪᠠᠶᠢᠭᠤᠯᠵᠤ᠂ ᠰᠠᠯᠬᠢᠨ ᠬᠦᠴᠦᠨ ᠤ | ᠴᠠᠬᠢᠯᠭᠠᠨ᠂ ᠨᠡᠷᠡᠨ ᠡᠨᠧᠷᠭᠢ ᠵᠡᠷᠭᠡ ᠶᠢᠨ ᠬᠥᠳᠡᠭᠡ ᠲᠣᠰᠬᠤᠨ ᠤ ᠡᠨᠧᠷᠭᠢ ᠳᠠᠬᠢ ᠡᠵᠡᠯᠡᠬᠦ ᠬᠤᠪᠢ ᠶᠢᠨ ᠵᠢᠩ ᠢ | ᠦᠷᠭᠦᠯᠵᠢᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠴᠠᠬᠢᠯᠭᠠᠨ ᠲᠣᠣᠷ ᠤᠨ ᠪᠠᠲᠤᠯᠠᠭ᠎ᠠ ᠶᠢᠨ ᠴᠢᠳᠠᠪᠤᠷᠢ ᠶᠢ | ᠤᠯᠠᠮ ᠨᠢᠭᠡ ᠠᠯᠬᠤᠮ ᠴᠢᠩᠭᠠᠷᠠᠭᠤᠯᠤᠨ᠂ ᠲᠠᠷᠬᠠᠮᠠᠯ ᠮᠠᠶ᠋ᠢᠭ ᠤᠨ ᠳᠠᠬᠢᠯᠲᠠ ᠡᠨᠧᠷᠭᠢ ᠶᠢ ᠬᠥᠭᠵᠢᠭᠦᠯᠦᠨ | ᠪᠤᠵᠠᠭᠠᠶᠢᠷᠠᠭᠤᠯᠵᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨ᠎ᠡ ᠵᠠᠭᠪᠤᠷ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠥᠷᠭᠡᠨ ᠢᠶᠠᠷ ᠬᠡᠷᠡᠭᠯᠡᠵᠦ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠳᠡᠭᠡ | ᠲᠣᠰᠬᠤᠨ ᠤ ᠠᠵᠤ ᠠᠬᠤᠢ ᠶᠢᠨ ᠴᠢᠬᠤᠯᠠ ᠨᠥᠬᠦᠪᠦᠷᠢ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ | ᠠᠷᠭ᠎ᠠ ᠵᠠᠮ ᠪᠣᠯᠭᠠᠵᠤ᠂ ᠪᠣᠬᠢᠷᠳᠤᠯ ᠦᠭᠡᠢ᠂ ᠣᠯᠠᠨ ᠡᠰᠢᠲᠦ ᠬᠥᠳᠡᠭᠡ ᠲᠣᠰᠬᠤᠨ ᠤ ᠡᠨᠧᠷᠭᠢ ᠶᠢᠨ ᠰᠢᠰᠲ᠋ᠧᠮ ᠢ | ᠲᠦᠷᠭᠡᠪᠴᠢᠯᠡᠨ ᠪᠣᠶ ᠪᠣᠯᠭᠠᠪᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠬᠦᠳᠡᠭᠡ ᠲᠣᠰᠬᠤᠨ ᠤ ᠡᠩᠤᠷᠭᠢ ᠶᠢᠨ ᠰᠣᠷᠪᠤᠯᠵᠢ ᠶᠢᠨ ᠬᠠᠩᠬᠠᠯᠭ᠎ᠠ ᠶᠢᠨ ᠬᠤᠪᠢᠰᠬᠠᠯ ᠢ | ᠠᠬᠢᠭᠤᠯᠵᠤ᠂ ᠳᠠᠬᠢᠨ ᠡᠭᠦᠰᠴᠦ ᠪᠣᠯᠬᠤ ᠡᠩᠤᠷᠭᠢ ᠶᠢᠨ ᠰᠣᠷᠪᠤᠯᠵᠢ ᠶᠢᠨ ᠬᠠᠩᠬᠠᠨ ᠠᠷᠢᠯᠭᠠᠬᠤ ᠰᠢᠰᠲ᠋ᠧᠮ ᠢ | ᠪᠠᠶᠢᠭᠤᠯᠤᠨ᠎ᠠ | ᠰᠢᠶᠠᠨ ᠤ ᠬᠡᠪᠴᠢᠶᠡᠨ ᠤ ᠴᠡᠪᠡᠷ ᠡᠨᠧᠷᠭᠢ ᠶᠢ ᠨᠡᠭᠡᠭᠡᠨ ᠠᠰᠢᠭᠯᠠᠬᠤ ᠶᠢ ᠳᠡᠮᠵᠢᠨ᠎ᠡ᠃ ᠮᠠᠨ ᠤ ᠰᠢᠶᠠᠨ ᠳᠤᠮᠳᠠ | ᠳᠤᠯᠠᠭᠠᠨ ᠪᠦᠰᠡ ᠶᠢᠨ ᠡᠬᠡ ᠬᠠᠭᠤᠷᠠᠶ ᠶᠢᠨ ᠴᠢᠨᠠᠷᠲᠠᠶ ᠤᠯᠠᠷᠢᠯ ᠤᠨ ᠰᠠᠯᠬᠢᠨ ᠤ ᠠᠭᠤᠷ ᠠᠮᠢᠰᠬᠤᠯ ᠳᠤ | ᠬᠠᠷᠢᠶᠠᠯᠠᠭᠳᠠᠵᠤ᠂ ᠥᠩᠭᠡ ᠦᠵᠡᠮᠵᠢ ᠶᠢᠨ ᠡᠬᠢ ᠪᠠᠶᠠᠯᠢᠭ ᠡᠯᠪᠡᠭ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ | ᠶᠡᠭᠡ᠂ ᠲᠤᠨᠳᠠᠰᠤᠨ ᠤ ᠲᠠᠷᠬᠠᠯᠲᠠ ᠲᠡᠭᠰᠢ ᠪᠤᠰᠤ ᠵᠡᠷᠭᠡ ᠣᠨᠴᠠᠯᠢᠭ ᠲᠠᠢ ᠪᠥᠭᠡᠳ ᠤᠯᠤᠰ ᠤᠨ ᠲᠠᠰ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠪᠠᠶᠢᠵᠤ᠂ ᠬᠥᠳᠡᠭᠡ | ᠲᠣᠰᠬᠤᠨ ᠤ ᠭᠠᠵᠠᠷ ᠣᠷᠣᠨ ᠤ ᠣᠷᠣᠨ ᠵᠠᠶ ᠶᠢᠨ ᠡᠬᠢ ᠪᠠᠶᠠᠯᠢᠭ ᠢ ᠭᠦᠶ᠋ᠴᠡᠳ ᠠᠰᠢᠭᠯᠠᠨ᠂ ᠰᠠᠯᠬᠢᠨ ᠬᠦᠴᠦᠨ ᠤ | ᠴᠠᠬᠢᠯᠭᠠᠨ ᠭᠡᠷᠡᠯ ᠴᠡᠨᠡᠭ ᠤᠨ ᠨᠡᠭᠡᠭᠡᠨ ᠬᠥᠭᠵᠢᠭᠦᠯᠦᠯᠲᠡ ᠶᠢ ᠢᠳᠡᠪᠬᠢᠲᠡᠶ ᠠᠬᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠥᠳᠡᠭᠡ ᠲᠣᠰᠬᠤᠨ ᠤ ᠴᠡᠪᠡᠷ ᠡᠨᠧᠷᠭᠢ ᠪᠠᠷ ᠢᠯᠴᠢ ᠬᠠᠩᠭᠠᠬᠤ ᠶᠢ ᠬᠡᠷᠡᠭᠵᠢᠭᠦᠯᠬᠦ ᠶᠢ ᠳᠡᠮᠵᠢᠨ᠎ᠡ᠃ | ᠲᠠᠷᠢᠶᠠᠴᠢᠳ ᠤᠨ ᠲᠣᠭᠲᠠᠮᠠᠯ ᠪᠠᠷᠢᠯᠭ᠎ᠠ᠂ ᠪᠠᠷᠢᠯᠭ᠎ᠠ ᠶᠢᠨ ᠵᠦᠢᠯ ᠵᠢᠴᠢ ᠬᠠᠷᠢᠶ᠎ᠠ ᠭᠠᠵᠠᠷ ᠲᠠᠯᠠᠪᠤᠷ ᠪᠣᠯᠤᠨ ᠨᠥᠬᠦᠴᠡᠯ | ᠪᠦᠷᠢᠳᠦᠭᠦᠯᠦᠭᠰᠡᠨ ᠣᠨᠳᠣᠤ ᠭᠠᠵᠠᠷ ᠨᠡᠭᠦᠯᠭᠡᠵᠦ ᠲᠥᠪᠬᠢᠨᠡᠭᠦᠯᠬᠦ ᠣᠷᠣᠨ ᠰᠠᠭᠤᠴᠠ ᠶᠢᠨ ᠣᠷᠣᠶ ᠶᠢ ᠠᠰᠢᠭᠯᠠᠨ | ᠨᠡᠷᠡᠨ ᠡᠨᠧᠷᠭᠢ ᠪᠠᠷ ᠢᠯᠴᠢ ᠬᠠᠩᠭᠠᠬᠤ ᠶᠢ ᠬᠥᠭᠵᠢᠭᠦᠯᠬᠦ ᠵᠢᠴᠢ ᠵᠠᠯᠭᠠᠵᠤ ᠣᠷᠣᠭᠤᠯᠬᠤ ᠨᠥᠬᠦᠴᠡᠯ ᠳᠤ ᠨᠡᠶᠢᠴᠡᠬᠦ | ᠲᠣᠰᠬᠤᠨ ᠤ ᠣᠶᠢᠷ᠎ᠠ ᠬᠠᠪᠢ ᠶᠢᠨ ᠰᠤᠯᠠ ᠰᠡᠯᠡᠭᠦᠦ ᠭᠠᠵᠠᠷ ᠲᠤ ᠰᠠᠯᠬᠢᠨ ᠬᠦᠴᠦᠨ ᠢᠶᠠᠷ ᠢᠯᠴᠢ ᠬᠠᠩᠭᠠᠬᠤ ᠶᠢ | ᠬᠥᠭᠵᠢᠭᠦᠯᠬᠦ ᠬᠡᠷᠡᠭᠲᠡᠶ᠃ ᠬᠥᠳᠡᠭᠡ ᠲᠣᠰᠬᠤᠨ᠂ ᠬᠤᠲᠠ ᠪᠠᠯᠭᠠᠰᠤ ᠵᠡᠷᠭᠡ ᠬᠥᠮᠦᠨ ᠠᠮᠠ ᠲᠥᠪᠯᠡᠷᠡᠭᠰᠡᠨ | ᠣᠷᠣᠨ ᠳᠤ ᠲᠣᠮᠣ ᠳᠤᠮᠳᠠ ᠬᠡᠯᠪᠡᠷᠢ ᠶᠢᠨ ᠭᠦᠸᠧᠯᠦ ᠪᠠᠷ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠶᠢ | ᠵᠣᠷᠢᠭᠵᠢᠭᠤᠯᠵᠤ᠂ ᠬᠥᠳᠡᠭᠡ ᠲᠣᠰᠬᠤᠨ ᠤ ᠰᠤᠯᠠ ᠭᠠᠵᠠᠷ ᠢ ᠭᠦᠶ᠋ᠴᠡᠳ ᠠᠰᠢᠭᠯᠠᠨ᠂ ︽ᠰᠠᠯᠬᠢ ᠭᠡᠷᠡᠯ ᠢᠶᠠᠷ ᠢᠯᠴᠢ | ᠬᠠᠳᠠᠭᠠᠯᠠᠬᠤ ᠴᠠᠬᠢᠯᠭᠠᠨ ᠵᠤᠤᠬ᠎ᠠ︾ ᠵᠡᠷᠭᠡ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠶᠢ ᠥᠷᠨᠢᠭᠦᠯᠦᠨ᠎ᠡ᠃ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠃ ᠮᠠᠨ ᠤ ᠰᠢᠶᠠᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠵᠦ᠂ ᠠᠷᠠᠳ ᠤᠨ ᠵᠡᠪᠰᠡᠭᠲᠦ ᠬᠦᠴᠦᠨ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ᠂ ᠲᠠᠷᠢᠶᠠᠯᠠᠩ ᠤᠨ ᠰᠢᠨᠵᠢᠯᠡᠬᠦ ᠤᠬᠠᠭᠠᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠵᠠᠮ ᠬᠠᠷᠢᠯᠴᠠᠭ᠎ᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠣᠶ | ᠰᠢᠭᠤᠶ ᠡᠪᠡᠰᠦ ᠪᠡᠯᠴᠢᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ | ᠬᠠᠮᠢᠶ᠎ᠠ ᠪᠥᠬᠦᠶ ᠰᠠᠯᠠᠭ᠎ᠠ ᠮᠥᠴᠢᠷ ᠬᠠᠮᠵᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ | ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠬᠥᠳᠡᠭᠡ ᠲᠣᠰᠬᠤᠨ ᠤ ᠪᠣᠬᠢᠷᠲᠤᠯ ᠦᠭᠡᠢ | ᠡᠨᠧᠷᠭᠢ ᠶᠢᠨ ᠲᠦᠷᠦᠯ ᠵᠦᠢᠯ ᠵᠢᠴᠢ ᠴᠠᠬᠢᠯᠭᠠᠨ ᠲᠣᠣᠷ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠤᠨ | ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠢᠭᠲᠠ ᠮᠥᠷᠳᠡᠵᠦ᠂ ᠦᠢᠯᠡᠴᠢᠯᠡᠭᠡᠨ ᠤ ᠪᠠᠲᠤᠯᠠᠭ᠎ᠠ ᠶᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠢᠳᠡᠪᠬᠢᠲᠡᠢ | ᠵᠣᠬᠢᠴᠠᠭᠤᠯᠤᠨ ᠰᠢᠢᠳᠪᠦᠷᠢᠯᠡᠵᠦ᠂ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠬᠤ ᠶᠢ ᠪᠠᠲᠤᠯᠠᠬᠤ | ᠬᠡᠷᠡᠭᠲᠡᠢ᠃ | ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠲᠡᠭᠦᠯᠳᠡᠷᠵᠢᠭᠦᠯᠵᠦ᠃ ᠬᠥᠳᠡᠭᠡ ᠲᠣᠰᠬᠤᠨ ᠤ ᠡᠨᠧᠷᠭᠢ ᠶᠢᠨ | ᠪᠦᠲᠦᠭᠡᠨ ᠪᠠᠶᠢᠭᠤᠯᠤᠯᠲᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ | ᠨᠥᠬᠦᠪᠥᠷᠢ᠂ ᠳᠠᠮ ᠬᠦᠦ᠂ ᠱᠠᠩᠨᠠᠯ᠂ ᠳᠠᠭᠠᠳᠬᠠᠯ᠂ ᠪᠣᠳᠠᠰ ᠤᠨ ᠲᠤᠰᠠᠯᠠᠮᠵᠢ᠂ ᠲᠦᠭᠰᠢᠭᠦᠷᠢ ᠶᠢᠨ ᠨᠥᠬᠦᠪᠥᠷᠢ᠂ | ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢᠨ ᠪᠠᠭᠠᠵᠢ ᠬᠡᠷᠡᠭᠰᠡᠯ ᠪᠣᠯᠤᠨ | ᠤᠷᠮᠠᠰᠢᠭᠤᠯᠬᠤ ᠠᠷᠭ᠎ᠠ ᠬᠡᠮᠵᠢᠶ᠎ᠡ ᠶᠢ ᠢᠳᠡᠪᠬᠢᠲᠡᠶ ᠪᠠᠷ ᠬᠡᠷᠡᠭᠯᠡᠬᠦ ᠬᠡᠷᠡᠭᠲᠡᠶ᠃ ᠬᠥᠳᠡᠭᠡ ᠲᠣᠰᠬᠤᠨ ᠤ ᠡᠨᠧᠷᠭᠢ ᠶᠢᠨ | ᠪᠣᠬᠢᠷᠳᠤᠯ ᠦᠭᠡᠢ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠡᠮᠬᠢᠯᠡᠨ ᠨᠡᠶᠢᠯᠡᠭᠦᠯᠵᠦ᠂ ᠲᠥᠷᠥᠯ ᠵᠦᠢᠯ᠂ ᠪᠡᠯᠡ ᠮᠥᠩᠭᠦ᠂ ᠬᠦᠴᠦᠨ ᠵᠦᠢᠯ ᠵᠡᠷᠭᠡ ᠶᠢ ᠡᠬᠢ | ᠪᠠᠶᠠᠯᠢᠭ ᠤᠨ ᠨᠥᠬᠦᠴᠡᠯ᠂ ᠪᠦᠲᠦᠭᠡᠨ ᠪᠠᠶᠢᠭᠤᠯᠤᠯᠲᠠ ᠶᠢᠨ ᠨᠥᠬᠦᠴᠡᠯ ᠢᠶᠠᠷ ᠨᠡᠯᠢᠶᠡᠳ ᠰᠠᠶᠢᠨ ᠬᠥᠳᠡᠭᠡ | ᠲᠣᠰᠬᠤᠨ ᠤ ᠭᠠᠵᠠᠷ ᠣᠷᠣᠨ ᠲᠡᠰᠢ ᠬᠡᠯᠪᠠᠶᠢᠯᠭᠡᠨ᠎ᠡ᠃ ᠴᠠᠬᠢᠯᠭᠠᠨ ᠤ ᠲᠣᠤᠷ ᠤᠨ ᠠᠵᠤ ᠠᠬᠤᠶᠢᠯᠠᠯ ᠤᠳ ᠬᠠᠮᠢᠶ᠎ᠠ | ᠪᠦᠬᠦᠢ ᠣᠷᠣᠨ ᠪᠦᠰᠡ ᠶᠢᠨ ᠬᠥᠳᠡᠭᠡ ᠲᠣᠰᠬᠤᠨ ᠤ ᠴᠠᠬᠢᠯᠭᠠᠨ ᠤ ᠲᠣᠤᠷ ᠢ ᠥᠭᠡᠷᠡᠴᠢᠯᠡᠬᠦ ᠪᠦᠲᠦᠭᠡᠨ | ᠪᠠᠶᠢᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠬᠦ ᠶᠢᠨ ᠬᠠᠮᠲᠤ ᠬᠠᠮᠢᠶ᠎ᠠ ᠪᠦᠬᠦᠢ ᠲᠥᠷᠥᠯ ᠵᠦᠢᠯ ᠤᠨ ᠲᠣᠤᠷ ᠲᠤ | ᠨᠡᠶᠢᠯᠡᠭᠦᠯᠬᠦ ᠦᠢᠯᠡᠴᠢᠯᠡᠭᠡᠨ ᠢ ᠰᠠᠶᠢᠲᠤᠷ ᠬᠢᠵᠦ᠂ ᠬᠠᠮᠢᠶ᠎ᠠ ᠪᠦᠬᠦᠢ ᠲᠥᠷᠥᠯ ᠵᠦᠢᠯ ᠤᠨ ᠲᠥᠬᠦᠷᠵᠢᠭᠦᠯᠦᠨ ᠬᠦᠷᠭᠡᠬᠦ | ᠢᠨᠵᠧᠨᠧᠷᠢᠩ ᠢ ᠡᠩ ᠲᠡᠷᠢᠭᠦᠨ ᠳᠤ ᠪᠦᠲᠦᠭᠡᠨ ᠪᠠᠶᠢᠭᠤᠯᠵᠤ᠂ ᠪᠣᠬᠢᠷᠲᠤᠯ ᠦᠭᠡᠶ ᠴᠠᠬᠢᠯᠭᠠᠨ ᠭᠠᠷᠭᠠᠬᠤ ᠲᠣᠤᠷ ᠲᠤ | ᠭᠠᠷᠭᠠᠬᠤ ᠴᠠᠬᠢᠯᠭᠠᠨ ᠤ ᠬᠡᠮᠵᠢᠶ᠎ᠡ ᠶᠢ ᠪᠦᠬᠦ ᠲᠤᠭ᠎ᠠ ᠪᠠᠷ ᠨᠢ ᠰᠢᠩᠭᠡᠭᠡᠨ ᠠᠪᠬᠤ ᠶᠢ ᠢᠳᠡᠪᠬᠢᠲᠡᠶ ᠪᠠᠷ ᠲᠦᠯᠬᠢᠨ | ᠠᠬᠢᠭᠤᠯᠬᠤ ᠬᠡᠷᠡᠭᠲᠡᠶ᠃ | ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠵᠤ᠃ ᠣᠯᠠᠨ ᠡᠰᠢᠵᠢᠭᠰᠡᠨ ᠪᠡᠯᠡ ᠲᠣᠬᠢᠷᠠᠭᠤᠯᠬᠤ | ᠲᠣᠭᠲᠠᠴᠠ ᠶᠢ ᠪᠠᠶᠢᠭᠤᠯᠵᠤ᠂ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠂ ︽ᠲᠠᠷᠢᠶᠠᠴᠢᠳ ᠲᠤ ᠠᠰᠢᠭ | ᠬᠦᠷᠲᠡᠭᠡᠬᠦ ᠵᠢᠭᠡᠯᠡᠯᠭᠡ︾ ᠵᠡᠷᠭᠡ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠬᠥᠳᠡᠭᠡ | ᠲᠣᠰᠬᠤᠨ ᠤ ᠭᠠᠵᠠᠷ ᠣᠷᠣᠨ ᠳᠤ ᠬᠡᠷᠡᠭᠵᠢᠭᠦᠯᠬᠦ ᠶᠢ ᠶᠡᠬᠡᠪᠡᠷ ᠲᠦᠯᠬᠢᠨ ᠠᠬᠢᠭᠤᠯᠤᠨ᠎ᠠ᠃ ᠰᠢᠶᠠᠩ ᠪᠠᠯᠭᠠᠰᠤᠨ ᠤ | ᠡᠯ᠎ᠡ ᠰᠠᠯᠠᠭ᠎ᠠ ᠮᠥᠴᠢᠷ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠪᠡᠯᠡ ᠲᠣᠬᠢᠷᠠᠭᠤᠯᠭ᠎ᠠ ᠶᠢᠨ ᠴᠢᠨᠠᠷᠲᠠᠢ | ᠳᠠᠭᠠᠭᠠᠯᠲᠠ ᠶᠢᠨ ᠪᠠᠶᠢᠭᠤᠯᠤᠮᠵᠢ ᠵᠡᠷᠭᠡ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠵᠣᠷᠢᠭᠵᠢᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠬᠥᠳᠡᠭᠡ ᠲᠣᠰᠬᠤᠨ ᠤ ᠡᠨᠧᠷᠭᠢ ᠶᠢᠨ ᠠᠵᠤ | ᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠲᠣᠭᠤᠷᠢᠨ ᠳᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠦᠢᠯᠡᠳᠬᠦᠨ ᠤ ᠰᠢᠨ᠎ᠡ ᠶᠢ ᠡᠭᠦᠳᠦᠨ᠎ᠡ᠃ ᠱᠠᠩᠳᠤ ᠰᠢᠶᠠᠨ ᠤ ᠰᠢᠶᠠᠩ ᠲᠣᠰᠬᠤᠨ ᠤ ᠡᠨᠧᠷᠭᠢ ᠶᠢᠨ ᠠᠵᠤ | ᠦᠢᠯᠡᠰ ᠤᠨ ᠬᠥᠭᠵᠢᠯᠲᠡ ᠪᠠ ᠡᠨᠧᠷᠭᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠶᠢ | ᠪᠣᠬᠢᠷᠲᠤᠯ ᠥᠬᠡᠶ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠭᠤᠤᠯᠳᠠᠯᠭ᠎ᠠ ᠪᠣᠯᠭᠠᠵᠤ᠂ ᠴᠢᠨᠠᠷ ᠰᠠᠶᠢᠲᠠᠶ ᠬᠥᠳᠡᠭᠡ | ᠲᠣᠰᠬᠤᠨ ᠤ ᠡᠨᠧᠷᠭᠢ ᠶᠢᠨ ᠲᠥᠷᠥᠯ ᠵᠦᠢᠯ ᠳᠤ ᠵᠢᠭᠡᠯᠡᠯᠭᠡ ᠶᠢ ᠵᠥᠪᠰᠢᠶᠡᠷᠡᠨ ᠣᠷᠣᠭᠤᠯᠬᠤ᠂ ᠬᠤᠭᠤᠴᠠᠭ᠎ᠠ ᠬᠢᠵᠠᠭᠠᠷ | ᠂ ᠬᠦᠤ ᠮᠥᠩᠭᠦ ᠶᠢᠨ ᠨᠣᠷᠮ᠎ᠠ ᠵᠡᠷᠭᠡ ᠲᠠᠯ᠎ᠠ ᠪᠠᠷ ᠵᠦᠷᠢᠶᠡᠴᠢᠯᠡᠭᠰᠡᠨ ᠳᠡᠮᠵᠢᠯᠭᠡ ᠦᠵᠡᠭᠦᠯᠦᠨ᠎ᠡ᠃ | ᠲᠤᠭ᠎ᠠ ᠪᠦᠷᠢᠳᠬᠡᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠃ ᠱᠠᠩᠳᠤ ᠰᠢᠶᠠᠨ ᠤ ᠬᠥᠳᠡᠭᠡ | ᠲᠣᠰᠬᠤᠨ ᠤ ᠡᠨᠧᠷᠭᠢ ᠶᠢᠨ ᠲᠤᠭ᠎ᠠ ᠪᠦᠷᠢᠳᠬᠡᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠨᠧᠷᠭᠢ ᠶᠢᠨ | ᠦᠢᠯᠡᠳᠪᠦᠷᠢᠯᠡᠯ ᠤᠨ ᠲᠤᠭ᠎ᠠ ᠪᠦᠷᠢᠳᠬᠡᠯ ᠤᠨ ᠳᠦᠷᠦᠯ ᠵᠦᠢᠯ᠂ ᠡᠨᠧᠷᠭᠢ ᠶᠢᠨ ᠳᠦᠷᠦᠯ ᠵᠦᠢᠯ ᠢ ᠪᠦᠷᠢᠳᠬᠡᠬᠦ | ᠬᠡᠪᠴᠢᠶ᠎ᠡ ᠪᠣᠯᠤᠨ ᠡᠨᠧᠷᠭᠢ ᠶᠢᠨ ᠬᠡᠷᠡᠭᠯᠡᠭᠡᠨ ᠤ ᠪᠦᠷᠢᠳᠬᠡᠯ ᠤᠨ ᠭᠦᠢᠴᠡᠳᠬᠡᠯ ᠲᠤᠭ᠎ᠠ ᠵᠡᠷᠭᠡ ᠶᠢ ᠲᠣᠳᠣᠷᠬᠠᠶᠢᠯᠠᠵᠤ᠂ | ᠰᠢᠶᠠᠨ᠂ ᠰᠢᠶᠠᠩ ᠪᠠᠯᠭᠠᠰᠤ᠂ ᠲᠣᠰᠬᠤᠨ ᠤ ᠡᠯ᠎ᠡ ᠱᠠᠳᠤ ᠳᠠᠪᠬᠤᠷᠭ᠎ᠠ ᠶᠢᠨ ᠨᠢᠭᠡᠴᠡ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠡᠨᠧᠷᠭᠢ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠪᠦᠬᠦ | ᠲᠦᠷᠦᠯ ᠵᠦᠢᠯ ᠤᠨ ᠡᠨᠧᠷᠭᠢ ᠶᠢᠨ ᠲᠤᠭ᠎ᠠ ᠪᠠᠷᠢᠮᠲᠠ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ ᠬᠥᠳᠡᠭᠡ | ᠲᠣᠰᠬᠤᠨ ᠤ ᠡᠨᠧᠷᠭᠢ ᠶᠢᠨ ᠲᠤᠭ᠎ᠠ ᠪᠠᠷᠢᠮᠲᠠ ᠶᠢ ᠴᠤᠭᠯᠠᠭᠤᠯᠤᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠵᠦ᠂ | ᠬᠥᠳᠡᠭᠡ ᠲᠣᠰᠬᠤᠨ ᠤ ᠡᠨᠧᠷᠭᠢ ᠶᠢᠨ ᠲᠦᠷᠦᠯ ᠵᠦᠢᠯ ᠤᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠪᠠᠶᠢᠩᠭᠤ ᠶᠢᠨ | ᠲᠣᠭᠲᠠᠴᠠ ᠶᠢ ᠪᠠᠶᠢᠭᠤᠯᠤᠨ᠎ᠠ᠃ | ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠷᠠᠳᠢᠣ᠋ ᠲᠧᠯᠸᠢᠰ᠂ ᠰᠣᠨᠢᠨ ᠰᠡᠳᠬᠦᠯ᠂ ᠲᠣᠣᠷ ᠰᠦᠯᠵᠢᠶ᠎ᠡ | ᠵᠡᠷᠭᠡ ᠭᠤᠣᠯ ᠤᠷᠤᠰᠬᠠᠯ ᠤᠨ ᠵᠠᠭᠤᠴᠢᠯᠠᠭᠤᠷ ᠢ ᠭᠦᠢᠴᠡᠳ ᠠᠰᠢᠭᠯᠠᠨ᠂ ᠬᠥᠳᠡᠭᠡ ᠲᠣᠰᠬᠤᠨ ᠤ ᠡᠨᠧᠷᠭᠢ ᠶᠢᠨ | ᠬᠡᠯᠪᠡᠷᠢ ᠶᠢ ᠬᠤᠪᠢᠷᠠᠭᠤᠯᠬᠤ ᠠᠵᠢᠯ ᠳᠠᠬᠢ ᠡᠯ᠎ᠡ ᠭᠠᠵᠠᠷ ᠤᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ | ᠥᠷᠭᠡᠨ ᠢᠶᠠᠷ ᠤᠬᠠᠭᠤᠯᠤᠨ ᠳᠡᠯᠭᠡᠷᠡᠭᠦᠯᠵᠦ᠂ ᠤᠯᠠᠨ ᠲᠦᠮᠡᠨ ᠤ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠬᠥᠳᠡᠭᠡ ᠲᠣᠰᠬᠤᠨ ᠤ ᠪᠣᠬᠢᠷᠲᠤᠯ ᠦᠭᠡᠢ | ᠡᠨᠧᠷᠭᠢ ᠶᠢ ᠨᠡᠭᠡᠭᠡᠨ ᠠᠰᠢᠭᠯᠠᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ | ᠪᠠᠶᠢᠭᠤᠯᠤᠯᠲᠠ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ | ᠃ |