ᠰᠠᠨ ᠳ᠋ᠠ ᠴᠢᠩ ᠰᠢᠶᠠᠩ ᠤᠯᠤᠰ ᠲᠦᠷᠦ ᠬᠠᠤᠯᠢ ᠴᠠᠭᠠᠵᠠ ᠶᠢᠨ ᠲᠦᠷᠦᠯ ᠲᠡᠮᠳᠡᠭ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/16
  ︽ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠶᠢ ᠴᠢᠩᠭᠠᠳᠬᠠᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠬᠡᠷᠡᠭᠵᠢᠭᠦᠯᠬᠦ ᠲᠥᠰᠦᠯ︾ ᠢ ᠪᠦᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 5 ᠰᠠᠷ᠎ᠠ ᠶᠢᠨ 5 ᠤ ᠡᠳᠦᠷ᠂ ᠰᠠᠨ ᠳ᠋ᠠ ᠴᠢᠩ ᠰᠢᠶᠠᠩ ᠤᠯᠤᠰ ᠲᠦᠷᠦ ᠬᠠᠤᠯᠢ ᠴᠠᠭᠠᠵᠠ ᠶᠢᠨ ᠲᠦᠷᠦᠯ ᠲᠡᠮᠳᠡᠭ ᠢ ᠡᠭᠦᠳᠦᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ᠂ ᠪᠦᠬᠦ ᠪᠠᠶᠢᠭᠤᠯᠭ᠎ᠠ ᠶᠢᠨ ᠺᠠᠳ᠋ᠷ᠂ ᠡᠯ᠎ᠡ ᠲᠣᠰᠬᠤᠨ ᠤ ᠱᠦᠵᠢ ᠪᠣᠯᠤᠨ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃
   ᠬᠤᠷᠠᠯ ᠠᠴᠠ᠂ ᠰᠢᠶᠠᠩ ᠤᠨ ᠨᠠᠮ ᠤᠨ ᠬᠤᠷᠢᠶ᠎ᠠ ᠰᠢᠭᠤᠳ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠤᠯᠤᠰ ᠲᠦᠷᠦ ᠬᠠᠤᠯᠢ ᠴᠠᠭᠠᠵᠠ ᠶᠢᠨ ︽ᠲᠦᠷᠦᠯ ᠲᠡᠮᠳᠡᠭ︾ ᠢ ᠡᠭᠦᠳᠦᠨ ᠪᠠᠶᠢᠭᠤᠯᠬᠤ ᠠᠵᠢᠯ ᠢ ᠲᠦᠷᠦᠭᠦᠯᠡᠨ ᠠᠳᠬᠤᠵᠤ᠂ ᠲᠦᠷᠦᠭᠦᠯᠡᠨ ᠵᠢᠭᠰᠠᠭᠠᠯ ᠤᠨ ᠭᠠᠵᠠᠷ ᠢ ᠬᠠᠮᠢᠶᠠᠷᠴᠤ᠂ ᠤᠳᠤᠷᠢᠳᠤᠮᠵᠢ ᠶᠢ ᠡᠵᠡᠮᠳᠡᠵᠦ᠂ ᠡᠩᠨᠡᠭᠡ ᠶᠢ ᠬᠦᠴᠦᠷᠬᠡᠭᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠵᠢᠯᠣᠭᠤᠳᠬᠤ ᠠᠵᠢᠯ ᠢ ᠰᠠᠶᠢᠲᠤᠷ ᠬᠢᠵᠦ᠂ ᠪᠠᠭ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠭᠦᠢᠴᠡᠳᠬᠡᠵᠦ ᠂ ᠬᠠᠷᠢᠶ᠎ᠠ ᠣᠷᠣᠨ ᠤ ᠳᠣᠲᠣᠷᠠᠬᠢ ᠡᠯ᠎ᠡ ᠲᠣᠰᠬᠤᠨ ᠨᠠᠮ ᠤᠨ ᠡᠭᠦᠷ ᠤᠨ ᠤᠳᠤᠷᠢᠳᠤᠯᠭ᠎ᠠ ᠳᠣᠣᠷ᠎ᠠ ᠰᠢᠶᠠᠩ ᠤᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠳᠤ ᠬᠠᠮᠵᠢᠯᠴᠠᠵᠤ᠂ ᠢᠳᠡᠪᠬᠢᠲᠡᠢ ᠠᠬᠢᠭᠤᠯᠵᠤ᠂ ︽ᠲᠦᠷᠦᠯ ᠲᠡᠮᠳᠡᠭ︾ ᠢ ᠡᠭᠦᠳᠦᠨ ᠪᠠᠶᠢᠭᠤᠯᠬᠤ ᠠᠵᠢᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠠᠵᠢᠯ ᠤᠨ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠥᠷᠥ ᠬᠠᠤᠯᠢ ᠴᠠᠭᠠᠵᠠ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ ᠢ ᠲᠣᠭᠲᠠᠭᠰᠠᠨ ᠬᠤᠭᠤᠴᠠᠭᠠᠨ ᠳᠤ ᠳᠥᠯᠭᠢᠨ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠲᠠᠯᠪᠢᠵᠤ ᠨᠠᠩ ᠴᠢᠩᠭ᠎ᠠ ᠨᠠᠩ ᠪᠣᠳᠠᠲᠠᠶ ᠠᠳᠬᠤᠬᠤ ᠬᠡᠷᠡᠭᠲᠡᠶ ᠭᠡᠪᠡ᠃ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2