ᠶᠠᠩ ᠸᠧᠨ ᠾᠦᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/16
  5 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠤᠷᠢᠳ ᠬᠤᠵᠢᠳ ᠥᠪᠥᠷ ᠮᠣᠩᠭᠤᠯ ᠤᠨ ᠰᠢ ᠰᠧᠨ ᠦᠷ᠎ᠡ ᠶᠢᠨ ᠦᠢᠯᠡᠰ ᠤᠨ ᠱᠠᠩᠳᠤ ᠶᠢᠨ ᠵᠣᠬᠢᠶᠠᠨ ᠪᠠᠶᠢᠭᠤᠯᠤᠨ ᠪᠤᠶᠢᠵᠢᠭᠤᠯᠬᠤ ᠲᠥᠪ᠂ ᠱᠠᠩᠳᠤ ᠰᠢᠶᠠᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ᠂ ᠰᠠᠨ ᠳ᠋ᠠ ᠴᠢᠩ ᠰᠢᠶᠠᠩ ᠤᠨ ᠳ᠋ᠦᠩ ᠵᠢᠶᠠ ᠲᠣᠰᠬᠤᠨ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠂ ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠢ ᠶᠢᠨ ᠲᠠᠯᠠᠪᠠᠢ ᠳᠤ ᠰᠠᠨᠠᠯ ᠢᠶᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠦᠷᠦᠯ ᠵᠦᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠴᠢᠨᠠᠭᠰᠢᠳᠠ ᠭᠦᠨᠵᠡᠭᠡᠶᠢᠷᠡᠭᠦᠯᠬᠦ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃
   ᠶᠠᠩ ᠸᠧᠨ ᠾᠦᠢ᠂ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠪᠡᠭᠡᠵᠢᠩ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠤᠬᠠᠢ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠡᠭᠡᠵᠢᠩ ᠬᠤᠳᠠ ᠯᠤᠭ᠎ᠠ ᠶᠢᠨ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠬᠠᠮᠲᠤᠷᠠᠯᠴᠠᠭ᠎ᠠ᠂ ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠴᠢᠳᠠᠪᠤᠷᠢᠲᠠᠨ ᠤ ᠰᠣᠯᠢᠯᠴᠠᠭ᠎ᠠ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠵᠡᠷᠭᠡ ᠲᠠᠯ᠎ᠠ ᠪᠠᠷ ᠤᠯᠠᠨ ᠬᠦᠷᠢᠶ᠎ᠡ ᠴᠠᠷᠠᠭ᠎ᠠ᠂ ᠤᠯᠠᠨ ᠡᠰᠢᠴᠢᠯᠡᠭᠰᠡᠨ ᠥᠷᠭᠡᠵᠢᠯ ᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠪᠠᠶᠢᠷᠢᠰᠢᠯ ᠢ ᠴᠢᠷᠮᠠᠶᠢᠨ ᠡᠭᠦᠳᠬᠦ ᠬᠡᠷᠡᠭᠲᠡᠢ᠃ ᠡᠭᠦᠷᠭᠡᠯᠡᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠢᠳᠡᠪᠬᠢᠲᠡᠶ ᠪᠠᠷ ᠠᠵᠢᠯᠯᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠡᠯ᠎ᠡ ᠵᠦᠶ᠋ᠯ ᠤᠨ ᠡᠭᠦᠷᠭᠡ ᠬᠠᠷᠠᠯᠲᠠ ᠶᠢ ᠨᠠᠷᠢᠯᠢᠭ ᠨᠠᠶᠢᠳᠠᠪᠤᠷᠢᠵᠢᠭᠤᠯᠵᠤ᠂ ᠬᠤᠶᠠᠷ ᠭᠠᠵᠠᠷ ᠤᠨ ᠡᠬᠢ ᠪᠠᠶᠠᠯᠢᠭ ᠤᠨ ᠡᠯᠧᠮᠧᠨ᠋ᠲ ᠤᠨ ᠬᠤᠤᠰ ᠴᠢᠭᠯᠡᠯ ᠢᠶᠠᠷ ᠰᠢᠯᠵᠢᠬᠦ ᠶᠢ ᠪᠦᠲᠦᠮᠵᠢᠲᠡᠶ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠣᠯᠠᠨ ᠲᠦᠮᠡᠨ ᠢ ᠨᠠᠩ ᠰᠠᠶᠢᠲᠤᠷ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ᠃
   ᠰᠢᠶᠠᠨ ᠤ ᠤᠳᠤᠷᠢᠳᠤᠯᠭ᠎ᠠ ᠶᠣᠣ ᠬᠠᠢ ᠹᠧᠩ᠂ ᠴᠧᠨ ᠶᠠ ᠮᠢᠩ᠂ ᠬᠠᠨ ᠳ᠋ᠠ ᠸᠧᠢ᠂ ᠭᠦᠸᠧ ᠶᠦᠨ ᠹᠸᠢ᠂ ᠸᠠᠩ ᠲᠢᠶᠠᠨ ᠢᠦᠢ᠂ ᠵᠠᠩ ᠭᠤᠸᠠᠩ ᠵᠢᠴᠢ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                         ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2