︽ᠤᠯᠠᠭᠠᠨᠴᠠᠪ ᠬᠤᠲᠠ ᠶᠢᠨ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠭᠤᠷᠪᠠᠨ ᠵᠢᠯ ᠤᠨ | ᠬᠡᠷᠡᠭᠵᠢᠭᠦᠯᠬᠦ ᠲᠥᠰᠦᠯ ︵2022 - 2024 ᠣᠨ︶︾ ︵ᠤᠯᠠᠭᠠᠨᠴᠠᠪ ᠬᠤᠲᠠ ᠶᠢᠨ ᠡᠪᠦᠯ ᠤᠨ ᠤᠯᠠᠷᠢᠯ ᠤᠨ | ᠴᠡᠪᠡᠷ ᠳᠤᠯᠠᠭᠠᠯᠠᠭ᠎ᠠ ᠶᠢᠨ ᠲᠥᠷᠥᠯ ᠵᠦᠶ᠋ᠯ ᠤᠨ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ 2023 ᠣᠨ ᠤ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ | ᠠᠵᠢᠯ ᠢ ᠬᠢᠨᠠᠮᠠᠭᠠᠶ ᠰᠠᠶᠢᠲᠤᠷ ᠬᠢᠵᠦ᠂ ᠪᠥᠬᠦ ᠰᠢᠶᠠᠨ ᠤ ᠠᠭᠠᠷ ᠤᠨ ᠣᠷᠴᠢᠨ ᠲᠣᠭᠤᠷᠢᠨ ᠤ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠂ ᠲᠠᠷᠢᠶᠠᠴᠢᠨ ᠡᠷᠦᠬᠡ ᠶᠢᠨ ᠳᠤᠯᠠᠭᠠᠨ ᠪᠦᠯᠢᠶᠡᠨ ᠡᠪᠦᠯᠵᠢᠬᠦ ᠶᠢ | ᠦᠨᠡᠨᠬᠦ ᠪᠠᠲᠤᠯᠠᠬᠤ ᠶᠢᠨ ᠲᠤᠰᠠᠳᠠ᠂ ︽ᠤᠯᠠᠭᠠᠨᠴᠠᠪ ᠬᠤᠲᠠ ᠶᠢᠨ ᠡᠪᠦᠯ ᠤᠨ ᠤᠯᠠᠷᠢᠯ ᠤᠨ ᠴᠡᠪᠡᠷ | ᠳᠤᠯᠠᠭᠠᠯᠠᠭ᠎ᠠ ᠶᠢᠨ ᠲᠥᠷᠥᠯ ᠵᠦᠶ᠋ᠯ ᠤᠨ ᠬᠡᠷᠡᠭᠵᠢᠭᠦᠯᠬᠦ ᠨᠠᠷᠢᠨ ᠲᠦᠷᠢᠮ︾ ᠵᠢᠴᠢ ᠮᠠᠨ ᠤ ᠰᠢᠶᠠᠨ ᠤ ᠪᠣᠳᠠᠲᠠᠶ ᠲᠠᠢ | ᠤᠶᠠᠯᠳᠤᠭᠤᠯᠤᠨ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠶᠡᠷᠦᠩᠬᠡᠶ ᠱᠦᠵᠢ ᠰᠢ ᠶᠢᠨ ᠫᠢᠩ ᠤᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ | ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠤ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠬᠥᠳᠡᠭᠡ | ᠲᠣᠰᠬᠤᠨ ᠤ ᠤᠯᠠᠮᠵᠢᠯᠠᠯᠲᠤ ᠳᠤᠯᠠᠭᠠᠯᠠᠭ᠎ᠠ ᠶᠢᠨ ᠳᠠᠳᠬᠠᠯ ᠲᠠᠢ ᠨᠢᠭᠲᠠ ᠤᠶᠠᠯᠳᠤᠭᠤᠯᠤᠨ᠂ ︽ᠢᠯᠴᠢ | ᠬᠠᠩᠭᠠᠬᠤ ᠳᠤ ᠳᠣᠭᠢᠷᠠᠪᠠᠯ ᠢᠯᠴᠢ ᠬᠠᠩᠭᠠᠵᠤ᠂ ᠴᠠᠬᠢᠯᠭᠠᠨ ᠬᠡᠷᠡᠭᠯᠡᠬᠦ ᠳᠤ ᠳᠣᠭᠢᠷᠠᠪᠠᠯ ᠴᠠᠬᠢᠯᠭᠠᠨ ᠬᠡᠷᠡᠭᠯᠡᠵᠦ᠂ | ᠰᠢᠲᠠᠮᠠᠬᠠᠶ ᠬᠡᠶ ᠳᠣᠭᠢᠷᠠᠪᠠᠯ ᠨᠡᠭᠦᠷᠡᠰᠦ ᠬᠡᠷᠡᠭᠯᠡᠵᠦ᠂ ᠨᠡᠭᠦᠷᠡᠰᠦ ᠬᠡᠷᠡᠭᠯᠡᠬᠦ ᠳᠤ ᠳᠣᠭᠢᠷᠠᠪᠠᠯ ᠨᠡᠭᠦᠷᠡᠰᠦ ᠬᠡᠷᠡᠭᠯᠡᠬᠦ︾ | ᠠᠵᠢᠯ ᠤᠨ ᠵᠠᠷᠴᠢᠮ ᠢ ᠪᠠᠷᠢᠮᠲᠠᠯᠠᠵᠤ᠂ ᠪᠣᠬᠢᠷᠲᠤᠯ ᠥᠬᠡᠶ᠂ ᠠᠷᠪᠢᠲᠠᠶ᠂ ᠥᠨᠳᠥᠷ ᠪᠦᠲᠦᠮᠵᠢᠲᠡᠶ᠂ ᠵᠣᠬᠢᠴᠠᠩᠭᠤᠶ᠂ | ᠲᠣᠬᠢᠷᠠᠮᠵᠢᠲᠠᠶ ᠴᠡᠪᠡᠷ ᠳᠤᠯᠠᠭᠠᠯᠠᠭ᠎ᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠮᠠᠨ ᠤ ᠰᠢᠶᠠᠨ ᠤ ᠴᠡᠪᠡᠷ | ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠠᠵᠢᠯ ᠢ ᠭᠦᠨᠵᠡᠭᠡᠶ ᠠᠬᠢᠭᠤᠯᠵᠤ᠂ ᠪᠣᠬᠢᠷᠲᠤᠯ ᠢ ᠪᠠᠭᠠᠰᠬᠠᠵᠤ ᠨᠡᠭᠦᠷᠡᠰᠦ ᠶᠢ | ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠪᠦᠯ ᠤᠨ ᠤᠯᠠᠷᠢᠯ ᠤᠨ | ᠴᠡᠪᠡᠷ ᠳᠤᠯᠠᠭᠠᠯᠠᠭ᠎ᠠ ᠶᠢᠨ ᠠᠵᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠨ᠎ᠡ᠃ | ᠬᠤᠶᠠᠷ᠂ ᠬᠠᠷᠠᠯᠲᠠ ᠶᠢᠨ ᠡᠭᠦᠷᠭᠡ | ︵ᠨᠢᠭᠡ︶ ᠢᠯᠴᠢ ᠬᠠᠩᠭᠠᠬᠤ ᠬᠤᠭᠤᠯᠠᠢ ᠶᠢ ᠥᠭᠡᠷᠡᠴᠢᠯᠡᠬᠦ ᠡᠭᠦᠷᠭᠡ᠃ 2022 — 2023 ᠣᠨ ᠳᠤ | ᠢᠯᠴᠢ ᠬᠠᠩᠭᠠᠬᠤ ᠬᠤᠭᠤᠯᠠᠢ ᠲᠣᠣᠷ ᠢ 26 ᠺᠢᠯᠣᠮᠧᠳ᠋ᠷ ᠥᠭᠡᠷᠡᠴᠢᠯᠡᠬᠦ ᠪᠠᠷ ᠲᠥᠯᠥᠪᠯᠡᠵᠦ ᠪᠤᠢ᠃ | ︵ᠬᠤᠶᠠᠷ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠡᠭᠦᠷᠭᠡ 2022 | — 2023 ᠣᠨ ᠳᠤ ᠬᠤᠲᠠ ᠪᠠᠯᠭᠠᠰᠤ ᠶᠢᠨ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢ 4.6 ᠲᠦᠮᠡᠨ ᠲᠡᠭᠰᠢ ᠳᠥᠷᠪᠡᠯᠵᠢᠨ ᠮᠧᠳ᠋ᠷ ᠬᠡᠷᠡᠭᠵᠢᠭᠦᠯᠬᠦ ᠪᠠᠷ ᠲᠥᠯᠥᠪᠯᠡᠵᠦ᠂ ᠬᠥᠳᠡᠭᠡ | ᠲᠣᠰᠬᠤᠨ ᠤ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 2022 — | 2024 ᠤᠨ ︵2024 ᠣᠨ ᠳᠤ ᠤᠷᠢᠳᠴᠢᠯᠠᠨ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃︶ 2571 | ᠡᠷᠦᠬᠡ ᠶᠢ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃ | ︵ᠭᠤᠷᠪᠠ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠡᠭᠦᠷᠭᠡ᠃ ᠶᠡᠷᠦᠩᠬᠡᠢ ᠡᠭᠦᠷᠭᠡ | 12495 ᠡᠷᠦᠬᠡ ᠪᠠᠶᠢᠵᠤ᠂ ᠡᠯ᠎ᠡ ᠰᠢᠶᠠᠩ ᠪᠠᠯᠭᠠᠰᠤᠨ ᠤ ᠣᠯᠠᠨ ᠨᠡᠶᠢᠲᠡ ᠶᠢᠨ ᠪᠠᠷᠢᠯᠭ᠎ᠠ ᠶᠢᠨ ᠨᠡᠭᠦᠷᠡᠰᠦ ᠶᠢ 8. | 92 ᠲᠦᠮᠡᠨ ᠲᠡᠭᠰᠢ ᠳᠥᠷᠪᠡᠯᠵᠢᠨ ᠮᠧᠳ᠋ᠷ ᠪᠣᠯᠭᠠᠨ ᠥᠭᠡᠷᠡᠴᠢᠯᠡᠬᠦ ᠪᠠᠷ ᠲᠥᠯᠥᠪᠯᠡᠵᠦ ᠪᠠᠶᠢᠨ᠎ᠠ ︵ᠨᠢᠭᠡ ᠡᠷᠦᠬᠡ 40 | ᠲᠡᠭᠰᠢ ᠳᠥᠷᠪᠡᠯᠵᠢᠨ ᠮᠧᠳ᠋ᠷ ᠢᠶᠠᠷ 2229 ᠡᠷᠦᠬᠡ ᠪᠠᠷ ᠨᠤᠭᠤᠯᠤᠨ ᠪᠤᠳᠤᠵᠤ ᠪᠣᠯᠤᠨ᠎ᠠ᠃︶ ᠡᠭᠦᠨ ᠳᠤ | ᠨᠡᠭᠦᠷᠡᠰᠦ ᠶᠢ ᠠᠭᠠᠷ ᠡᠨᠧᠷᠬᠢ ᠶᠢᠨ ᠢᠯᠴᠢ ᠡᠭᠦᠰᠭᠡᠭᠴᠢ 4.16 ᠲᠦᠮᠡᠨ ᠲᠡᠭᠰᠢ ᠲᠦᠷᠪᠡᠯᠵᠢᠨ ᠮᠧᠳ᠋ᠷ᠂ | ᠨᠡᠭᠦᠷᠡᠰᠦ ᠶᠢ ᠴᠠᠬᠢᠯᠭᠠᠨ ᠵᠣᠤᠬ᠎ᠠ 4.76 ᠲᠦᠮᠡᠨ ᠲᠡᠭᠰᠢ ᠲᠦᠷᠪᠡᠯᠵᠢᠨ ᠮᠧᠳ᠋ᠷ ᠪᠣᠯᠭᠠᠨ ᠦᠭᠡᠷᠡᠴᠢᠯᠡᠪᠡ᠂ ᠵᠣᠯ | ᠵᠢᠷᠭᠠᠯ ᠤᠨ ᠬᠦᠷᠢᠶᠡᠯᠡᠩ ᠤᠨ ᠨᠡᠭᠦᠷᠡᠰᠦ ᠶᠢ ᠴᠠᠬᠢᠯᠭᠠᠨ ᠵᠣᠤᠬ᠎ᠠ 4128 ᠡᠷᠦᠬᠡ ᠪᠣᠯᠭᠠᠨ ᠦᠭᠡᠷᠡᠴᠢᠯᠡᠵᠦ᠂ | ᠬᠦᠳᠡᠭᠡ ᠲᠣᠰᠬᠤᠨ ᠤ ᠲᠠᠷᠠᠬᠠᠢ ᠪᠣᠲᠠᠷᠬᠠᠢ ᠪᠣᠳᠠᠷᠬᠠᠢ ᠲᠣᠯᠠᠭᠠᠯᠠᠭᠰᠠᠨ ᠨᠡᠭᠦᠷᠡᠰᠦ ᠶᠢ ᠴᠠᠬᠢᠯᠭᠠᠨ ᠵᠣᠤᠬ᠎ᠠ 6138 | ᠡᠷᠦᠬᠡ ᠪᠣᠯᠭᠠᠪᠠ᠃ | ᠭᠤᠷᠪᠠ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠦᠬᠡᠷᠡᠴᠢᠯᠡᠭᠳᠡᠬᠦᠨ | 1. ᠰᠢᠶᠠᠩ ᠪᠠᠯᠭᠠᠰᠤ ᠶᠢᠨ ᠣᠯᠠᠨ ᠨᠡᠶᠢᠲᠡ ᠶᠢᠨ ᠪᠠᠷᠢᠯᠭ᠎ᠠ ᠶᠢ ᠥᠭᠡᠷᠡᠴᠢᠯᠡᠨ ᠪᠠᠶᠢᠭᠤᠯᠬᠤ ᠳᠤ ᠡᠯ᠎ᠡ ᠰᠢᠶᠠᠩ | ᠪᠠᠯᠭᠠᠰᠤ ᠶᠢᠨ ᠵᠠᠰᠠᠭ ᠤᠨ ᠣᠷᠳᠣᠨ ᠤ ᠠᠵᠢᠯᠯᠠᠬᠤ ᠲᠠᠯᠠᠪᠤᠷ᠂ ᠡᠷᠡᠭᠦᠯ ᠬᠠᠮᠠᠭᠠᠯᠠᠯ ᠤᠨ ᠲᠠᠰᠤᠭ᠂ ᠵᠢᠷᠭᠠᠯᠠᠩᠲᠤ | ᠬᠦᠷᠢᠶᠡᠯᠡᠩ᠂ ᠨᠠᠰᠤᠲᠠᠨ ᠠᠰᠠᠷᠠᠬᠤ ᠬᠦᠷᠢᠶᠡᠯᠡᠩ᠂ ᠲᠣᠮᠢᠯᠠᠭᠰᠠᠨ ᠰᠠᠯᠪᠤᠷᠢ᠂ ᠲᠣᠰᠬᠤᠨ ᠤ ᠠᠷᠠᠳ ᠤᠨ | ᠵᠥᠪᠯᠡᠯ ᠤᠨ ᠠᠵᠢᠯᠯᠠᠬᠤ ᠭᠠᠵᠠᠷ ᠵᠡᠷᠭᠡ ᠣᠯᠠᠨ ᠨᠡᠶᠢᠲᠡ ᠶᠢᠨ ᠪᠠᠷᠢᠯᠭ᠎ᠠ ᠪᠠᠭᠲᠠᠨ᠎ᠠ᠃ | 2. ᠬᠥᠳᠡᠭᠡ ᠲᠣᠰᠬᠤᠨ ᠤ ᠲᠠᠷᠠᠬᠠᠶ ᠪᠤᠲᠠᠷᠬᠠᠶ ᠳᠤᠯᠠᠭᠠᠯᠠᠭ᠎ᠠ ᠶᠢᠨ ᠥᠭᠡᠷᠡᠴᠢᠯᠡᠬᠦ ᠡᠲᠡᠭᠡᠳ ᠨᠢ ᠡᠷᠬᠡᠪᠰᠢ | ᠲᠣᠰᠬᠤᠨ ᠤ ᠳᠣᠲᠣᠷᠠᠬᠢ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠶᠢ ᠬᠡᠷᠡᠭᠵᠢᠭᠦᠯᠦᠭᠰᠡᠨ ᠦᠭᠡᠢ ᠬᠥᠳᠡᠭᠡ | ᠲᠣᠰᠬᠤᠨ ᠤ ᠳᠤᠯᠠᠭᠠᠯᠠᠭ᠎ᠠ ᠶᠢᠨ ᠬᠤᠭᠤᠴᠠᠭᠠᠨ ᠤ ᠪᠠᠶᠢᠩᠭᠤ ᠰᠠᠭᠤᠭ᠎ᠠ ᠡᠷᠦᠬᠡ ᠪᠠᠶᠢᠵᠤ᠂ ᠲᠣᠰ ᠲᠥᠰᠦᠯ ᠢ | ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠥᠭᠡᠷᠡᠴᠢᠯᠡᠭᠰᠡᠨ ᠲᠠᠷᠢᠶᠠᠴᠢᠨ ᠡᠷᠦᠬᠡ ᠲᠣᠰ ᠤᠳᠠᠭᠠᠨ ᠤ ᠥᠭᠡᠷᠡᠴᠢᠯᠡᠬᠦ | ᠬᠡᠪᠴᠢᠶᠡᠨ ᠳᠤ ᠪᠠᠶᠢᠬᠤ ᠦᠭᠡᠢ᠃ ᠡᠷᠬᠡᠪᠰᠢ ︽ᠡᠷᠦᠬᠡ ᠪᠠᠷ ᠭᠤᠶᠤᠴᠢᠯᠠᠬᠤ᠂ ᠲᠣᠰᠬᠤᠨ ᠠᠴᠠ ᠬᠢᠨᠠᠨ | ᠬᠠᠷᠭᠤᠭᠤᠯᠬᠤ᠂ ᠰᠢᠶᠠᠩ ᠪᠠᠯᠭᠠᠰᠤ ᠠᠴᠠ ᠬᠢᠨᠠᠨ ᠵᠥᠪᠰᠢᠶᠡᠷᠡᠬᠦ᠂ ᠳᠠᠬᠢᠨ ᠥᠭᠡᠷᠡᠴᠢᠯᠡᠬᠦ︾ ᠳᠡᠰ ᠳᠠᠷᠠᠭᠠᠯᠠᠯ ᠤᠨ | ᠶᠣᠰᠣᠭᠠᠷ ᠶᠠᠪᠤᠭᠳᠠᠭᠤᠯᠵᠤ᠂ ᠬᠢᠨᠠᠨ ᠵᠥᠪᠰᠢᠶᠡᠷᠡᠭᠰᠡᠨ ᠦᠷ᠎ᠡ ᠳ᠋ᠦᠩ ᠵᠢᠴᠢ ᠲᠤᠰᠠᠯᠠᠮᠵᠢ ᠶᠢᠨ ᠪᠡᠯᠡ ᠮᠥᠩᠭᠦ ᠵᠡᠷᠭᠡ | ᠠᠭᠤᠯᠭ᠎ᠠ ᠶᠢ ᠲᠣᠰᠬᠤᠨ ᠤ ᠠᠯᠪᠠᠨ ᠶᠠᠪᠤᠳᠠᠯ ᠤᠨ ᠢᠯᠡ ᠪᠤᠯᠤᠩ ᠳᠤ ᠵᠠᠷᠯᠠᠨ ᠨᠡᠶᠢᠲᠡᠯᠡᠵᠦ᠂ ᠣᠯᠠᠨ ᠲᠦᠮᠡᠨ ᠤ | ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ | ︵ᠬᠤᠶᠠᠷ︶ ᠲᠦᠷᠦᠯ ᠵᠦᠢᠯ ᠢ ᠬᠡᠷᠡᠭᠵᠢᠭᠦᠯᠬᠦ ᠭᠤᠤᠯ ᠴᠤᠭᠴᠠ | 1. ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ᠂ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ᠂ ᠰᠢᠶᠠᠩ ᠪᠠᠯᠭᠠᠰᠤᠨ ᠤ ᠣᠯᠠᠨ ᠨᠡᠶᠢᠲᠡ ᠶᠢᠨ ᠪᠠᠷᠢᠯᠭ᠎ᠠ ᠶᠢᠨ ᠠᠵᠢᠯᠯᠠᠬᠤ ᠭᠠᠵᠠᠷ ᠢ ᠨᠡᠭᠦᠷᠡᠰᠦ ᠶᠢ | ᠴᠠᠬᠢᠯᠭᠠᠨ ᠪᠣᠯᠭᠠᠨ ᠥᠭᠡᠷᠡᠴᠢᠯᠡᠬᠦ ᠵᠢᠴᠢ ᠵᠢᠷᠭᠠᠯᠠᠩᠲᠤ ᠬᠦᠷᠢᠶᠡᠯᠡᠩ᠂ ᠨᠠᠰᠤᠲᠠᠨ ᠢ ᠠᠰᠠᠷᠠᠬᠤ ᠬᠦᠷᠢᠶᠡᠯᠡᠩ ᠤᠨ | ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠢᠨᠵᠧᠨᠧᠷᠢᠩ ᠢ ᠰᠢᠶᠠᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠠᠷᠢᠭᠤᠴᠠᠨ ᠨᠢᠭᠡᠳᠦᠯᠲᠡᠶ ᠳᠠᠭᠠᠭᠠᠴᠢᠯᠠᠯᠲᠠ | ᠵᠠᠷᠯᠠᠵᠤ᠂ ᠬᠤᠶᠠᠷ ᠪᠠᠷᠢᠮᠵᠢᠶᠠᠲᠤ ᠬᠡᠰᠡᠭ ᠬᠤᠪᠢᠶᠠᠨ ᠬᠡᠷᠡᠭᠵᠢᠭᠦᠯᠦᠨ᠎ᠡ᠃ | ︵1︶ ᠢᠯᠴᠢ ᠬᠠᠩᠭᠠᠬᠤ ᠬᠤᠭᠤᠯᠠᠶ ᠶᠢᠨ ᠲᠣᠤᠷ᠂ ᠰᠢᠶᠠᠩ ᠤᠨ ᠵᠠᠰᠠᠭ ᠤᠨ ᠣᠷᠳᠣᠨ᠂ ᠲᠣᠮᠢᠯᠠᠭᠰᠠᠨ | ᠰᠠᠯᠪᠤᠷᠢ᠂ ᠡᠷᠡᠭᠦᠯ ᠬᠠᠮᠠᠭᠠᠯᠠᠯ ᠤᠨ ᠬᠤᠷᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ ᠵᠢᠴᠢ ᠲᠣᠰᠬᠤᠨ ᠤ | ᠠᠷᠠᠳ ᠤᠨ ᠵᠥᠪᠯᠡᠯ ᠵᠡᠷᠭᠡ ᠠᠯᠪᠠᠨ ᠠᠴᠠ ᠪᠠᠶᠢᠭᠤᠯᠤᠭᠰᠠᠨ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠭᠡᠳ | ᠨᠢᠭᠡ ᠪᠠᠷᠢᠮᠵᠢᠶᠠᠲᠤ ᠬᠡᠰᠡᠭ ᠢ ᠲᠣᠭᠲᠠᠭᠠᠨ ᠬᠡᠷᠡᠭᠵᠢᠭᠦᠯᠵᠦ᠂ ᠨᠢᠭᠡᠴᠡ ᠪᠠᠷ ᠪᠤᠳᠤᠨ᠎ᠠ᠂ 800 ᠲᠡᠭᠰᠢ ᠳᠥᠷᠪᠡᠯᠵᠢᠨ | ᠮᠧᠳ᠋ᠷ ᠠᠴᠠ ᠳᠡᠭᠡᠭᠰᠢ ᠠᠭᠠᠷ ᠤᠨ ᠡᠨᠧᠷᠭᠢ ᠶᠢᠨ ᠢᠯᠴᠢ ᠶᠢᠨ ᠢᠷᠡᠯᠲᠡ ᠶᠢ ᠬᠡᠷᠡᠭᠯᠡᠵᠦ᠂ 800 ᠲᠡᠭᠰᠢ ᠳᠥᠷᠪᠡᠯᠵᠢᠨ | ᠮᠧᠳ᠋ᠷ ᠠᠴᠠ ᠳᠣᠷᠣᠭᠰᠢ ᠨᠠᠨᠤᠮᠧᠳ᠋ᠷ ᠤᠨ ᠲᠦᠷᠬᠢᠭᠰᠡᠨ ᠴᠠᠬᠢᠯᠭᠠᠨ ᠤ ᠡᠰᠡᠷᠭᠦᠴᠡᠯ ᠪᠤᠶᠤ PTC ᠬᠠᠭᠠᠰ | ᠳᠠᠮᠵᠢᠭᠤᠯᠤᠭᠴᠢ ᠶᠢᠨ ᠴᠠᠬᠢᠯᠭᠠᠨ ᠳᠤᠯᠠᠭᠠᠯᠠᠭ᠎ᠠ ᠶᠢᠨ ᠵᠤᠤᠬ᠎ᠠ ᠶᠢ ᠬᠡᠷᠡᠭᠯᠡᠨ᠎ᠡ᠃ | ︵2︶ ᠬᠤᠲᠠ ᠪᠠᠯᠭᠠᠰᠤ᠂ ᠬᠥᠳᠡᠭᠡ ᠲᠣᠰᠭᠤᠨ ᠤ ᠨᠢᠭᠡᠨᠲᠡ ᠪᠠᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠵᠢᠴᠢ ᠵᠣᠯ ᠵᠢᠷᠭᠠᠯᠲᠤ ᠬᠦᠷᠢᠶᠡᠯᠡᠩ ᠤᠨ ᠨᠡᠭᠦᠷᠡᠰᠦ ᠶᠢ ᠴᠠᠬᠢᠯᠭᠠᠨ ᠭᠦᠸᠧᠯᠦ ᠪᠣᠯᠭᠠᠨ ᠥᠭᠡᠷᠡᠴᠢᠯᠡᠬᠦ | ᠨᠢᠭᠡ ᠪᠠᠷᠢᠮᠵᠢᠶᠠᠲᠤ ᠬᠡᠰᠡᠭ ᠢ ᠬᠡᠷᠡᠭᠵᠢᠭᠦᠯᠪᠡ᠂ ᠵᠣᠯ ᠵᠢᠷᠭᠠᠯᠲᠤ ᠬᠦᠷᠢᠶᠡᠯᠡᠩ ᠤᠨ ᠨᠡᠭᠦᠷᠡᠰᠦ ᠶᠢ ᠴᠠᠬᠢᠯᠭᠠᠨ ᠵᠤᠤᠬ᠎ᠠ | ᠪᠣᠯᠭᠠᠨ ᠥᠭᠡᠷᠡᠴᠢᠯᠡᠬᠦ ᠨᠢ 12 ᠺᠢᠯᠣᠸᠠᠲ ᠨᠠ ᠱᠢᠲᠠᠯᠲᠠ ᠶᠢᠨ ᠳᠠᠪᠬᠤᠷᠭ᠎ᠠ ᠶᠢᠨ ᠴᠠᠬᠢᠯᠭᠠᠨ ᠡᠰᠡᠷᠭᠦᠴᠡᠯ ᠪᠤᠶᠤ | PTC ᠬᠠᠭᠠᠰ ᠳᠠᠮᠵᠢᠭᠤᠯᠤᠭᠴᠢ ᠵᠤᠤᠬ᠎ᠠ ᠳᠤ ᠬᠡᠷᠡᠭᠯᠡᠨ᠎ᠡ᠃ | 2. ᠬᠥᠳᠡᠭᠡ ᠲᠣᠰᠬᠤᠨ ᠤ ᠲᠠᠷᠠᠬᠠᠶ ᠪᠤᠲᠠᠷᠬᠠᠶ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠢ ᠡᠯ᠎ᠡ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠬᠡᠷᠡᠭᠵᠢᠭᠦᠯᠵᠦ᠂ ᠪᠦᠬᠦ᠋ᠢᠯᠡ | ᠲᠣᠰᠬᠤᠨ ᠢ ᠬᠡᠷᠡᠭᠵᠢᠭᠦᠯᠬᠦ ᠵᠠᠷᠴᠢᠮ ᠶᠣᠰᠣᠭᠠᠷ᠂ ᠭᠤᠣᠯᠳᠠᠯᠭ᠎ᠠ ᠲᠠᠢ ᠲᠣᠰᠬᠤᠨ᠂ ᠵᠠᠮ ᠤᠨ ᠬᠠᠵᠠᠭᠤᠳᠠᠬᠢ | ᠲᠣᠰᠬᠤᠨ᠂ ᠲᠣᠰᠬᠤᠨ ᠤ ᠠᠷᠠᠳ ᠤᠨ ᠵᠥᠪᠯᠡᠯ ᠤᠨ ᠰᠠᠭᠤᠭ᠎ᠠ ᠭᠠᠵᠠᠷ ᠵᠡᠷᠭᠡ ᠰᠠᠭᠤᠷᠢ ᠨᠥᠬᠦᠴᠡᠯ ᠢᠶᠠᠷ ᠰᠠᠶᠢᠨ | ᠲᠣᠰᠬᠤᠨ ᠢ ᠤᠷᠢᠳᠠᠪᠠᠷ ᠬᠡᠷᠡᠭᠵᠢᠭᠦᠯᠦᠨ᠎ᠡ᠃ ᠲᠠᠭᠠᠯᠳᠤᠭᠤᠯᠤᠯ 2 ᠡᠭᠦᠷᠭᠡ ᠶᠢᠨ ᠬᠤᠪᠢᠶᠠᠷᠢᠯᠠᠯᠲᠠ ᠶᠢᠨ ᠲᠤᠭ᠎ᠠ | ᠶᠣᠰᠣᠭᠠᠷ ᠦᠨᠡᠨᠬᠦ ᠲᠣᠰᠬᠤᠨ ᠤ ᠡᠷᠦᠬᠡ ᠪᠠᠶᠢᠵᠤ᠂ ᠠᠷᠢᠭᠤᠨ ᠴᠡᠪᠡᠷ ᠳᠤᠯᠠᠭᠠᠯᠠᠭ᠎ᠠ ᠶᠢᠨ ᠡᠬᠡ ᠳᠠᠩᠰᠠ ᠶᠢ | ᠪᠠᠶᠢᠭᠤᠯᠤᠨ᠎ᠠ᠃ ᠲᠠᠷᠢᠶᠠᠴᠢᠨ ᠡᠷᠦᠬᠡ ᠥᠪᠡᠰᠦᠪᠡᠨ ᠬᠤᠳᠠᠯᠳᠤᠨ ᠠᠪᠬᠤ ᠪᠤᠶᠤ ᠰᠢᠶᠠᠩ ᠤᠨ ᠵᠠᠰᠠᠭ ᠤᠨ | ᠣᠷᠳᠣᠨ ᠳᠤ ᠨᠠᠶᠢᠳᠠᠵᠤ ᠤᠭᠰᠠᠷᠠᠬᠤ ᠶᠠᠰᠤ ᠴᠢᠨᠠᠷ ᠢ ᠤᠯᠤᠰ ᠤᠨ ᠵᠢᠷᠤᠮᠵᠢᠭᠰᠠᠨ ᠪᠠᠷᠢᠮᠵᠢᠶ᠎ᠠ ᠳᠤ ᠬᠦᠷᠦᠭᠦᠯᠵᠦ᠂ | ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡ ᠨᠢ ᠪᠠᠲᠤᠯᠠᠭ᠎ᠠ ᠲᠠᠢ ᠮᠥᠷᠲᠡᠭᠡᠨ ᠶᠠᠰᠤ ᠴᠢᠨᠠᠷ ᠢ ᠪᠠᠲᠤᠯᠠᠬᠤ | ᠬᠤᠭᠤᠴᠠᠭ᠎ᠠ ᠶᠢ 5 ᠵᠢᠯ ᠠᠴᠠ ᠳᠣᠤᠷ᠎ᠠ ᠪᠠᠶᠢᠯᠭᠠᠬᠤ ᠦᠭᠡᠶ ᠴᠠᠬᠢᠯᠭᠠᠨ ᠭᠦᠸᠧᠯᠦ ᠶᠢᠨ ᠲᠥᠬᠦᠭᠡᠷᠦᠮᠵᠢ ᠶᠢ | ᠬᠤᠳᠠᠯᠳᠤᠨ ᠠᠪᠴᠤ ᠪᠣᠯᠤᠨ᠎ᠠ᠃ ᠬᠥᠳᠡᠭᠡ ᠲᠣᠰᠬᠤᠨ ᠤ ᠴᠠᠬᠢᠯᠭᠠᠨ ᠵᠣᠭᠰᠣᠬᠤ ᠵᠡᠷᠭᠡ ᠬᠦᠴᠦᠨ ᠵᠦᠢᠯ ᠠᠴᠠ | ᠪᠣᠯᠵᠣ᠂ ᠲᠠᠷᠢᠶᠠᠴᠢᠨ ᠡᠷᠦᠬᠡ ᠶᠢᠨ ᠤᠤᠯ ᠤᠨ ᠤᠭᠰᠠᠷᠠᠭᠰᠠᠨ ᠨᠡᠭᠦᠷᠡᠰᠦᠨ ᠵᠤᠤᠬ᠎ᠠ ᠨᠢ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠭᠦᠸᠧᠯᠦ ᠪᠣᠯᠤᠭᠰᠠᠨ ᠤ ᠬᠤᠪᠢ ᠳᠤ᠂ ᠨᠤᠷᠠᠭᠠᠬᠤ ᠴᠢᠬᠤᠯᠠ ᠥᠬᠡᠶ᠂ ᠰᠢᠭᠤᠳ ᠴᠠᠬᠢᠯᠭᠠᠨ | ᠭᠦᠸᠧᠯᠦ ᠶᠢ ᠨᠡᠮᠡᠵᠦ ᠤᠭᠰᠠᠷᠠᠨ᠂ ᠴᠠᠬᠢᠯᠭᠠᠨ ᠵᠣᠭᠰᠣᠬᠤ ᠬᠤᠭᠤᠴᠠᠭᠠᠨ ᠳᠤ ᠲᠠᠷᠢᠶᠠᠴᠢᠨ ᠡᠷᠦᠬᠡ ᠶᠢᠨ ᠬᠡᠪ ᠤᠨ | ᠶᠣᠰᠣᠭᠠᠷ ᠳᠤᠯᠠᠭᠠᠯᠠᠬᠤ ᠶᠢ ᠪᠠᠲᠤᠯᠠᠬᠤ ᠬᠡᠷᠡᠭᠲᠡᠶ᠃ | ︵ᠭᠤᠷᠪᠠ︶ ᠪᠡᠯᠡ ᠮᠥᠩᠭᠦ ᠪᠡᠯᠡᠳᠬᠡᠬᠦ | 1. ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ᠂ ᠰᠢᠶᠠᠩ ᠪᠠᠯᠭᠠᠰᠤᠨ ᠤ ᠣᠯᠠᠨ ᠨᠡᠶᠢᠲᠡ ᠶᠢᠨ | ᠠᠵᠢᠯᠯᠠᠬᠤ ᠭᠠᠵᠠᠷ ᠢ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠵᠢᠴᠢ ᠵᠣᠯ ᠵᠢᠷᠭᠠᠯ ᠤᠨ ᠬᠦᠷᠢᠶᠡᠯᠡᠩ᠂ | ᠨᠠᠰᠤᠲᠠᠨ ᠢ ᠠᠰᠠᠷᠠᠬᠤ ᠬᠦᠷᠢᠶᠡᠯᠡᠩ ᠤᠨ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠢᠨᠵᠧᠨᠧᠷᠢᠩ ᠢ | ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠪᠣᠳᠠᠲᠠᠶ ᠪᠠᠷᠢᠯᠭ᠎ᠠ ᠶᠢᠨ ᠦᠨ᠎ᠡ ᠪᠠᠷ ᠰᠢᠶᠠᠨ ᠤ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ ᠰᠠᠯᠭᠠᠨ ᠥᠭᠴᠦ᠂ ᠰᠢᠶᠠᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠢᠨᠵᠧᠨᠧᠷᠢᠩ ᠤᠨ | ᠠᠬᠢᠴᠠ ᠶᠢᠨ ᠶᠣᠰᠣᠭᠠᠷ ᠳᠠᠭᠠᠭᠠᠴᠢᠯᠠᠯᠲᠠ ᠣᠯᠤᠭᠰᠠᠨ ᠠᠵᠤ ᠠᠬᠤᠶᠢᠯᠠᠯ ᠳᠤ ᠰᠠᠯᠭᠠᠨ ᠥᠭᠭᠦᠨ᠎ᠡ᠃ ᠡᠭᠦᠨ ᠳᠤ | ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠳᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ | ᠲᠤᠰᠬᠠᠶ ᠪᠠᠯᠠ ᠮᠥᠩᠭᠦ᠂ ᠡᠳ᠋ ᠤᠨ ᠵᠠᠰᠠᠭ ᠤᠨ ᠲᠥᠰᠦᠪ ᠤᠨ ᠪᠠᠯᠠ ᠮᠥᠩᠭᠦ︔ ᠰᠢᠶᠠᠩ ᠪᠠᠯᠭᠠᠰᠤᠨ ᠤ ᠣᠯᠠᠨ | ᠨᠡᠶᠢᠲᠡ ᠶᠢᠨ ᠠᠵᠢᠯ ᠤᠨ ᠲᠠᠯᠠᠪᠤᠷ ᠮᠠᠨ ᠤ ᠰᠢᠶᠠᠨ ᠤ ᠰᠢᠶᠠᠩ ᠪᠠᠯᠭᠠᠰᠤᠨ ᠤ ᠰᠠᠭᠤᠭᠠᠯᠢ ᠠᠷᠠᠳ ᠤᠨ ᠣᠷᠣᠨ | ᠰᠠᠭᠤᠴᠠ ᠶᠢᠨ ᠲᠠᠯᠠᠪᠠᠶ ᠶᠢ 40 ᠲᠡᠭᠰᠢ ᠳᠥᠷᠪᠡᠯᠵᠢᠨ ᠮᠧᠳ᠋ᠷ ᠢᠶᠠᠷ ᠨᠤᠭᠤᠯᠤᠨ ᠪᠤᠳᠤᠵᠤ 1 ᠡᠷᠦᠬᠡ ᠶᠢᠨ ᠪᠠᠯᠠ | ᠮᠥᠩᠭᠦ ᠰᠠᠯᠭᠠᠨ ᠥᠭᠴᠦ᠂ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠤᠰᠬᠠᠶ ᠪᠠᠯᠠ ᠮᠥᠩᠭᠦ ᠶᠢ | ᠬᠡᠷᠡᠭᠯᠡᠵᠦ᠂ ᠪᠠᠯᠠ ᠮᠥᠩᠭᠦ ᠶᠢ ᠲᠥᠷᠥᠯ ᠵᠦᠢᠯ ᠤᠨ ᠪᠣᠳᠠᠲᠠᠶ ᠪᠠᠶᠢᠳᠠᠯ ᠢ ᠦᠨᠳᠦᠰᠦᠯᠡᠨ ᠬᠠᠷᠢᠯᠴᠠᠨ ᠳᠣᠭᠢᠷᠠᠭᠤᠯᠤᠨ | ᠬᠡᠷᠡᠭᠯᠡᠵᠦ ᠪᠣᠯᠤᠨ᠎ᠠ᠃ | ︵ᠲᠦᠷᠪᠡ︶ ᠠᠵᠢᠯ ᠲᠠᠭᠤᠰᠤᠭᠠᠳ ᠰᠢᠯᠭᠠᠨ ᠬᠤᠷᠢᠶᠠᠬᠤ | 1. ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ᠂ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ᠂ ᠰᠢᠶᠠᠩ ᠪᠠᠯᠭᠠᠰᠤᠨ ᠤ ᠣᠯᠠᠨ ᠨᠡᠶᠢᠲᠡ ᠶᠢᠨ ᠪᠠᠷᠢᠯᠭ᠎ᠠ ᠶᠢᠨ ᠠᠵᠢᠯᠯᠠᠬᠤ ᠭᠠᠵᠠᠷ ᠤᠨ | ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠵᠢᠴᠢ ᠵᠣᠯ ᠵᠢᠷᠭᠠᠯ ᠤᠨ ᠬᠦᠷᠢᠶᠡᠯᠡᠩ᠂ ᠨᠠᠰᠤᠲᠠᠨ ᠢ ᠠᠰᠠᠷᠠᠬᠤ | ᠬᠦᠷᠢᠶᠡᠯᠡᠩ ᠤᠨ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠢᠨᠵᠧᠨᠧᠷᠢᠩ ᠤᠨ ᠠᠵᠢᠯ ᠳᠠᠭᠤᠰᠤᠭᠰᠠᠨ ᠤ | ᠳᠠᠷᠠᠭ᠎ᠠ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ | ᠬᠠᠷᠢᠭᠤᠴᠠᠵᠤ ᠬᠢᠷᠢ ᠴᠢᠳᠠᠮᠵᠢ ᠲᠠᠢ ᠭᠤᠷᠪᠠᠳᠠᠬᠢ ᠲᠠᠯ᠎ᠠ ᠶᠢᠨ ᠪᠠᠶᠢᠭᠤᠯᠤᠮᠵᠢ ᠳᠤ ᠨᠠᠶᠢᠳᠠᠵᠤ ᠨᠢᠭᠡᠳᠦᠯᠲᠡᠶ ᠰᠢᠯᠭᠠᠨ | ᠠᠪᠤᠭᠤᠯᠤᠨ᠎ᠠ᠃ | 2. ᠬᠥᠳᠡᠭᠡ ᠲᠣᠰᠬᠤᠨ ᠤ ᠲᠠᠷᠠᠬᠠᠶ ᠪᠤᠲᠠᠷᠬᠠᠶ ᠳᠤᠯᠠᠭᠠᠯᠠᠭ᠎ᠠ ᠶᠢ ᠥᠭᠡᠷᠡᠴᠢᠯᠡᠬᠦ ᠪᠠᠷᠢᠯᠭ᠎ᠠ ᠳᠠᠭᠤᠰᠤᠭᠰᠠᠨ ᠤ | ᠳᠠᠷᠠᠭ᠎ᠠ᠂ ᠲᠣᠰᠬᠤᠨ ᠤ ᠠᠷᠠᠳ ᠤᠨ ᠵᠥᠪᠯᠡᠯ ᠡᠩ ᠲᠡᠷᠢᠭᠦᠨ ᠳᠤ ᠦᠨᠡᠨ ᠬᠦ ᠭᠠᠴᠠᠭ᠎ᠠ ᠲᠣᠰᠬᠤᠨ ᠤ ᠨᠡᠷᠡᠰ ᠢ | ᠦᠨᠳᠦᠰᠦᠯᠡᠨ ᠤᠭᠰᠠᠷᠠᠭᠰᠠᠨ ᠡᠰᠡᠬᠦ ᠶᠢ ᠰᠢᠯᠭᠠᠨ ᠪᠠᠲᠤᠯᠠᠨ᠎ᠠ᠃ ᠡᠭᠦᠨ ᠤ ᠳᠠᠷᠠᠭ᠎ᠠ ᠰᠢᠶᠠᠩ ᠪᠠᠯᠭᠠᠰᠤ ᠠᠴᠠ ᠬᠢᠷᠢ | ᠬᠡᠮ ᠲᠠᠢ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠳᠤᠯᠠᠭᠠᠯᠠᠭ᠎ᠠ ᠶᠢᠨ ᠲᠥᠬᠦᠭᠡᠷᠦᠮᠵᠢ ᠶᠢ ᠰᠢᠯᠭᠠᠨ | ᠠᠪᠬᠤ ᠪᠥᠭᠡᠳ ᠰᠢᠯᠭᠠᠨ ᠠᠪᠤᠭᠰᠠᠨ ᠮᠡᠳᠡᠭᠦᠯᠦᠯᠲᠡ ᠭᠠᠷᠭᠠᠵᠤ᠂ ᠰᠢᠯᠭᠠᠨ ᠠᠪᠬᠤ ᠳᠤ ᠬᠢᠷᠢ ᠲᠡᠩᠴᠡᠭᠰᠡᠨ ᠤ | ᠳᠠᠷᠠᠭ᠎ᠠ ᠲᠠᠷᠢᠶᠠᠴᠢᠨ ᠡᠷᠦᠬᠡ ᠳᠤ ᠨᠥᠬᠦᠪᠥᠷᠢ ᠶᠢᠨ ᠪᠠᠯᠠ ᠮᠥᠩᠭᠦ ᠣᠯᠭᠤᠨ᠎ᠠ᠃ ᠬᠡᠷᠡᠭᠵᠢᠭᠦᠯᠬᠦ ᠶᠠᠪᠤᠴᠠ ᠳᠤ ᠡᠯ᠎ᠡ | ᠰᠢᠶᠠᠩ ᠪᠠᠯᠭᠠᠰᠤ ᠲᠠᠷᠢᠶᠠᠴᠢᠨ ᠡᠷᠦᠬᠡ ᠶᠢᠨ ᠳᠠᠩᠰᠠ ᠡᠪᠬᠡᠮᠡᠯ ᠢ ᠵᠡᠷᠭᠡᠪᠡᠷ ᠪᠠᠶᠢᠭᠤᠯᠬᠤ ᠬᠡᠷᠡᠭᠲᠡᠶ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠪᠣᠳᠠᠲᠠᠶ ᠱᠠᠭᠠᠷᠳᠠᠯᠭ᠎ᠠ | 1. ᠲᠥᠬᠦᠭᠡᠷᠦᠮᠵᠢ ᠶᠢᠨ ᠱᠠᠭᠠᠷᠳᠠᠯᠭ᠎ᠠ᠄ ᠮᠠᠨ ᠤ ᠰᠢᠶᠠᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ | ᠪᠠᠶᠢᠳᠠᠯ ᠲᠠᠢ ᠤᠶᠠᠯᠳᠤᠭᠤᠯᠤᠨ᠂ ︽ᠴᠠᠬᠢᠯᠭᠠᠨ ᠢᠶᠠᠷ ᠳᠤᠯᠠᠭᠠᠯᠠᠭ᠎ᠠ ᠬᠠᠩᠭᠠᠬᠤ︾᠂ ︽ᠢᠯᠴᠢ ᠬᠤᠷᠠᠮᠳᠤᠭᠤᠯᠬᠤ︾ | ᠲᠥᠬᠦᠭᠡᠷᠦᠮᠵᠢ ᠶᠢ ᠬᠡᠷᠡᠭᠯᠡᠵᠦ᠂ ᠡᠷᠦᠬᠡ ᠬᠤᠪᠢᠶᠠᠨ ᠳᠤᠯᠠᠭᠠᠯᠠᠬᠤ ᠲᠥᠬᠦᠭᠡᠷᠦᠮᠵᠢ ᠳᠤ ᠲᠤᠭ᠎ᠠ ᠪᠠᠷᠢᠮᠲᠠ ᠶᠢᠨ ᠬᠤᠯᠠ | ᠳᠠᠮᠵᠢᠭᠤᠯᠬᠤ ᠴᠢᠳᠠᠮᠵᠢ ᠶᠢ ᠪᠦᠷᠢᠯᠳᠦᠭᠦᠯᠬᠦ ᠬᠡᠷᠡᠭᠲᠡᠶ᠃ | 2. ᠬᠡᠷᠡᠭᠵᠢᠭᠦᠯᠬᠦ ᠱᠠᠭᠠᠷᠳᠠᠯᠭ᠎ᠠ᠄ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠲᠥᠷᠥᠯ | ᠵᠦᠢᠯ ᠢ ᠪᠦᠬᠦ ᠲᠣᠰᠬᠤᠨ ᠢᠶᠠᠷ ᠨᠢ ᠠᠬᠢᠭᠤᠯᠬᠤ ᠶᠢ ᠪᠡᠶᠡᠯᠡᠭᠦᠯᠵᠦ᠂ ᠰᠢᠶᠠᠩ ᠪᠠᠯᠭᠠᠰᠤᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠠᠷᠢᠶᠠᠴᠢᠨ ᠡᠷᠦᠬᠡ ᠶᠢᠨ ᠢᠳᠡᠪᠬᠢᠵᠢᠯ ᠢ ᠳᠠᠶᠢᠴᠢᠯᠠᠵᠤ᠂ | ᠲᠤᠷᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠦᠷᠢᠯᠳᠦᠭᠦᠯᠬᠦ ᠬᠡᠷᠡᠭᠲᠡᠶ᠃ ᠲᠥᠷᠥᠯ ᠵᠦᠢᠯ ᠢ ᠥᠷᠨᠢᠭᠦᠯᠬᠦ ᠳᠤ | ᠬᠠᠤᠯᠢ ᠲᠣᠭᠲᠠᠭᠠᠯ ᠶᠣᠰᠣᠭᠠᠷ᠂ ᠢᠯᠡ ᠲᠣᠳᠣ᠂ ᠪᠥᠬᠦ ᠶᠠᠪᠤᠴᠠ ᠳᠤ ᠬᠢᠨᠠᠨ ᠬᠠᠮᠢᠶᠠᠷᠬᠤ ᠬᠡᠷᠡᠭᠲᠡᠶ᠃ ᠪᠠᠷᠢᠯᠭ᠎ᠠ ᠶᠢᠨ | ᠶᠠᠰᠤ ᠴᠢᠨᠠᠷ᠂ ᠰᠢᠯᠭᠠᠨ ᠠᠪᠬᠤ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ 5 ᠵᠢᠯ ᠤᠨ | ᠪᠣᠷᠣᠯᠠᠭᠤᠯᠭ᠎ᠠ ᠶᠢᠨ ᠳᠠᠷᠠᠭᠠᠬᠢ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ | 3. ᠬᠤᠳᠠᠯᠳᠤᠨ ᠠᠪᠬᠤ ᠱᠠᠭᠠᠷᠳᠠᠯᠭ᠎ᠠ᠄ ᠪᠠᠷᠢᠯᠭ᠎ᠠ ᠶᠢᠨ ᠬᠡᠷᠡᠭᠯᠡᠬᠦ ᠪᠠᠶᠢᠳᠠᠯ᠂ ᠥᠭᠡᠷᠡᠴᠢᠯᠡᠬᠦ ᠡᠷᠦᠬᠡ ᠶᠢᠨ | ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠦᠨᠳᠦᠰᠦᠯᠡᠨ᠂ ᠬᠡᠷᠡᠭᠴᠡᠭᠡ ᠶᠣᠰᠣᠭᠠᠷ ᠲᠥᠷᠥᠯ ᠬᠤᠪᠢᠶᠠᠨ ᠬᠤᠳᠠᠯᠳᠤᠨ | ᠠᠪᠤᠨ᠎ᠠ᠃ ᠲᠥᠬᠦᠭᠡᠷᠦᠮᠵᠢ ᠬᠤᠳᠠᠯᠳᠤᠨ ᠠᠪᠬᠤ ᠳᠤ ᠤᠯᠤᠰ ᠤᠨ CCC ᠭᠡᠷᠡᠴᠢᠯᠡᠭᠡ᠂ ᠬᠡᠪ ᠪᠠᠷᠢᠮᠵᠢᠶ᠎ᠠ ᠬᠡᠯᠪᠡᠷᠢ | ᠮᠠᠶ᠋ᠢᠭ ᠨᠢ ᠪᠦᠷᠢᠨ ᠭᠦᠢᠴᠡᠳ᠂ ᠲᠥᠬᠦᠭᠡᠷᠦᠮᠵᠢ ᠶᠢᠨ ᠴᠢᠳᠠᠮᠵᠢ ᠨᠢ ᠪᠠᠷᠢᠮᠵᠢᠶ᠎ᠠ ᠳᠤ ᠬᠦᠷᠴᠦ᠂ ᠮᠠᠰᠢᠨ | ᠴᠣᠭᠴᠠᠯᠠᠪᠤᠷᠢ ᠶᠢᠨ ᠠᠵᠢᠯᠯᠠᠭᠠᠨ ᠢ ᠵᠣᠭᠰᠣᠭᠠᠬᠤ ᠠᠷᠭ᠎ᠠ ᠮᠠᠶ᠋ᠢᠭ ᠢ ᠬᠠᠩᠭᠠᠵᠤ᠂ ᠠᠮᠤᠷ ᠲᠦᠪᠰᠢᠨ ᠤ | ᠪᠠᠲᠤᠯᠠᠭ᠎ᠠ ᠲᠠᠢ ᠪᠠᠶᠢᠵᠤ᠂ ᠬᠠᠮᠠᠭᠠᠯᠠᠵᠤ ᠬᠠᠮᠢᠶᠠᠷᠬᠤ ᠳᠤ ᠳᠥᠭᠦᠮ ᠦᠵᠡᠭᠦᠯᠬᠦ ᠬᠡᠷᠡᠭᠲᠡᠢ᠃ ᠲᠥᠷᠥᠯ ᠵᠦᠢᠯ ᠢ | ᠬᠡᠷᠡᠭᠵᠢᠭᠦᠯᠬᠦ ᠭᠤᠤᠯ ᠴᠣᠭᠴᠠ ᠨᠢ ᠲᠥᠬᠦᠭᠡᠷᠦᠮᠵᠢ ᠬᠤᠳᠠᠯᠳᠤᠨ ᠠᠪᠬᠤ ᠳᠠᠬᠢᠨ ᠪᠠᠶᠢᠴᠠᠭᠠᠬᠤ ᠠᠵᠢᠯ ᠢ ᠬᠢᠬᠦ ᠶᠢᠨ | ᠬᠠᠮᠲᠤ ᠬᠠᠮᠢᠶ᠎ᠠ ᠪᠥᠬᠦᠶ ᠪᠠᠶᠢᠴᠠᠭᠠᠨ ᠰᠢᠯᠭᠠᠵᠤ ᠬᠢᠷᠢ ᠲᠡᠩᠴᠡᠭᠰᠡᠨ ᠮᠡᠳᠡᠭᠦᠯᠦᠯᠲᠡ ᠬᠢᠨ᠎ᠠ᠃ | 4. ᠲᠠᠩᠰᠠ ᠡᠪᠬᠡᠮᠡᠯ ᠳᠤ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠳᠠᠩᠰᠠ | ᠡᠪᠬᠡᠮᠡᠯ ᠳᠤ ᠭᠤᠤᠯᠳᠠᠭᠤ ᠥᠭᠡᠷᠡᠴᠢᠯᠡᠬᠦ ᠬᠦᠰᠡᠯ᠂ ᠥᠭᠡᠷᠡᠴᠢᠯᠡᠬᠦ ᠵᠥᠪᠯᠡᠯᠴᠡᠭᠡᠷ᠂ ᠨᠡᠭᠦᠷᠡᠰᠦ ᠵᠢᠴᠢ ᠲᠡᠭᠦᠨ ᠤ | ᠪᠦᠲᠦᠭᠡᠭᠳᠡᠬᠦᠨ ᠢ ᠬᠡᠷᠡᠭᠯᠡᠬᠦ ᠦᠭᠡᠢ ᠠᠮᠠᠯᠠᠯᠲᠠ ᠶᠢᠨ ᠪᠢᠴᠢᠭ᠂ ᠲᠥᠬᠦᠭᠡᠷᠦᠮᠵᠢ ᠤᠭᠰᠠᠷᠠᠬᠤ ᠮᠡᠳᠡᠭᠳᠡᠯ᠂ | ᠲᠥᠬᠦᠭᠡᠷᠦᠮᠵᠢ ᠤᠭᠰᠠᠷᠠᠬᠤ ᠠᠴᠠ ᠡᠮᠦᠨ᠎ᠡ᠂ ᠳᠤᠮᠳᠠ᠂ ᠬᠤᠶᠢᠨᠠᠬᠢ ᠵᠢᠷᠤᠭ ᠳᠦᠷᠰᠦ ᠶᠢᠨ ᠮᠠᠲ᠋ᠧᠷᠢᠶᠠᠯ᠂ ᠰᠢᠯᠭᠠᠨ | ᠠᠪᠬᠤ ᠭᠤᠶᠤᠴᠢᠯᠠᠯ᠂ ᠰᠢᠯᠭᠠᠨ ᠠᠪᠬᠤ ᠬᠦᠰᠦᠨᠦᠭᠲᠦ ︵ᠬᠤᠰᠢᠭᠤ ᠰᠢᠶᠠᠨ᠂ ᠰᠢᠶᠠᠩ ᠪᠠᠯᠭᠠᠰᠤ᠂ ᠲᠣᠰᠬᠤᠨ ᠤ | ᠠᠷᠠᠳ ᠤᠨ ᠵᠥᠪᠯᠡᠯ᠂ ᠥᠭᠡᠷᠡᠴᠢᠯᠡᠨ ᠪᠠᠶᠢᠭᠤᠯᠬᠤ ᠡᠷᠦᠬᠡ ᠭᠠᠷ ᠤᠨ ᠦᠰᠦᠭ ᠵᠢᠷᠤᠵᠤ ᠨᠤᠲᠠᠯᠠᠨ᠎ᠠ︶᠂ | ᠦᠢᠯᠡᠳᠪᠦᠷᠢ ᠠᠴᠠ ᠭᠠᠷᠤᠭᠰᠠᠨ ᠬᠢᠷᠢ ᠲᠡᠩᠴᠡᠭᠰᠡᠨ ᠭᠡᠷᠡᠴᠢ ︵ᠳᠤᠯᠠᠭᠠᠯᠠᠭ᠎ᠠ ᠶᠢᠨ ᠲᠥᠬᠦᠭᠡᠷᠦᠮᠵᠢ᠂ ᠡᠷᠭᠢᠯᠲᠡ ᠶᠢᠨ | ᠬᠥᠭᠡᠷᠭᠡ᠂ ᠨᠡᠭᠡᠯᠡᠬᠡᠶ ᠵᠡᠷᠭᠡ︶᠂ ᠲᠤᠬᠠᠶ ᠶᠢᠨ ᠲᠠᠯᠠᠪᠤᠷ ᠲᠤ ᠬᠦᠷᠴᠦ ᠳᠠᠬᠢᠨ ᠪᠠᠶᠢᠴᠠᠭᠠᠵᠤ ᠬᠢᠷᠢ ᠲᠡᠩᠴᠡᠭᠰᠡᠨ | ᠭᠡᠷᠡᠴᠢ ᠮᠠᠲ᠋ᠧᠷᠢᠶᠠᠯ ᠵᠡᠷᠭᠡ ᠶᠢ ᠪᠠᠭᠲᠠᠭᠠᠨ᠎ᠠ᠃ | ︵ᠬᠤᠶᠠᠷ︶ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠪᠣᠳᠠᠲᠠᠶ | ᠱᠠᠭᠠᠷᠳᠠᠯᠭ᠎ᠠ | 1. ᠬᠡᠷᠡᠭᠵᠢᠭᠦᠯᠬᠦ ᠱᠠᠭᠠᠷᠳᠠᠯᠭ᠎ᠠ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠤ ︽ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ | ᠮᠡᠷᠭᠡᠵᠢᠯ ᠤᠨ ᠳᠦᠷᠢᠮ︾ ᠤᠨ ᠱᠠᠭᠠᠷᠳᠠᠯᠭ᠎ᠠ ᠶᠣᠰᠣᠭᠠᠷ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢᠨ ᠲᠥᠰᠦᠯ ᠢ ᠲᠣᠭᠲᠠᠭᠠᠨ᠎ᠠ᠃ ᠬᠠᠮᠠᠭᠠᠯᠠᠯᠲᠠ ᠶᠢᠨ ᠪᠦᠲᠦᠴᠡ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢ ᠬᠡᠷᠡᠭᠵᠢᠭᠦᠯᠬᠦ ᠦᠶ᠎ᠡ ᠳᠤ᠂ ᠪᠦᠲᠦᠴᠡ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ | ᠲᠥᠰᠦᠯ᠂ ᠵᠢᠷᠤᠭ ᠲᠥᠯᠥᠪᠯᠡᠭᠡ ᠶᠢᠨ ᠵᠢᠷᠤᠭ᠂ ᠵᠢᠷᠤᠭ ᠲᠥᠯᠥᠪᠯᠡᠭᠡ ᠶᠢᠨ ᠲᠣᠳᠣᠷᠬᠠᠶᠢᠯᠠᠯᠲᠠ ᠵᠡᠷᠭᠡ | ᠮᠠᠲ᠋ᠧᠷᠢᠶᠠᠯ ᠨᠢ ᠪᠦᠷᠢᠨ ᠪᠦᠲᠦᠨ ᠪᠠᠶᠢᠬᠤ ᠬᠡᠷᠡᠭᠲᠡᠶ︔ ᠮᠠᠲ᠋ᠧᠷᠢᠶᠠᠯ ᠪᠠ ᠲᠣᠨᠣᠭᠯᠠᠯ ᠤᠨ ᠲᠥᠷᠥᠯ ᠵᠦᠢᠯ᠂ ᠬᠡᠪ | ᠬᠡᠮᠵᠢᠶ᠎ᠡ᠂ ᠶᠠᠰᠤ ᠴᠢᠨᠠᠷ ᠵᠢᠴᠢ ᠮᠡᠷᠭᠡᠵᠢᠯ ᠤᠨ ᠴᠢᠳᠠᠪᠬᠢ ᠨᠢ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠪᠠ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ ᠪᠥᠭᠡᠳ ᠦᠢᠯᠡᠳᠬᠦᠨ ᠤ ᠬᠢᠷᠢ | ᠲᠡᠩᠴᠡᠭᠰᠡᠨ ᠭᠡᠷᠡᠴᠢ᠂ ᠴᠢᠨᠰᠠᠭ᠎ᠠ ᠶᠢᠨ ᠰᠢᠯᠭᠠᠨ ᠪᠠᠶᠢᠴᠠᠭᠠᠭᠰᠠᠨ ᠮᠡᠳᠡᠭᠦᠯᠦᠯᠲᠡ᠂ ᠲᠠᠯᠠᠪᠠᠶ ᠳᠤ ᠣᠷᠣᠵᠤ ᠰᠢᠯᠭᠠᠨ | ᠠᠪᠤᠭᠰᠠᠨ ᠲᠡᠮᠳᠡᠭᠯᠡᠯ ᠵᠢᠴᠢ ᠳᠠᠬᠢᠨ ᠪᠠᠶᠢᠴᠠᠭᠠᠭᠰᠠᠨ ᠮᠡᠳᠡᠭᠦᠯᠦᠯᠲᠡ ᠪᠠᠶᠢᠬᠤ ᠬᠡᠷᠡᠭᠲᠡᠶ᠃ | ᠬᠤᠲᠠ ᠪᠠᠯᠭᠠᠰᠤ ᠶᠢᠨ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠳᠥᠭᠦᠮ | ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠬᠠᠭᠤᠴᠢᠨ ᠵᠢᠵᠢᠭ ᠲᠣᠭᠤᠷᠢᠭ ᠢ | ᠥᠭᠡᠷᠡᠴᠢᠯᠡᠨ ᠰᠢᠨᠡᠳᠬᠡᠬᠦ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠯᠦᠭᠡ ᠪᠦᠲᠦᠮᠵᠢᠲᠡᠶ ᠤᠶᠠᠯᠳᠤᠭᠤᠯᠵᠤ᠂ | ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠨᠢᠭᠡᠨᠲᠡ ᠪᠠᠶᠢᠭ᠎ᠠ | ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠵᠣᠯ ᠵᠢᠷᠭᠠᠯ ᠤᠨ ᠬᠦᠷᠢᠶᠡᠯᠡᠩ ᠢᠶᠠᠷ ᠬᠡᠷᠡᠭᠵᠢᠭᠦᠯᠬᠦ ᠭᠤᠤᠯ | ᠴᠣᠭᠴᠠ ᠪᠣᠯᠭᠠᠵᠤ᠂ ᠥᠭᠡᠷᠡᠴᠢᠯᠡᠬᠦ ᠶᠠᠪᠤᠴᠠ ᠳᠤ ᠲᠤᠬᠠᠶ ᠶᠢᠨ ᠭᠠᠵᠠᠷ ᠤᠨ ᠠᠭᠤᠷ ᠠᠮᠢᠰᠬᠤᠯ ᠢ ᠦᠨᠳᠦᠰᠦᠯᠡᠨ᠂ | ᠲᠠᠷᠢᠶᠠᠴᠢᠳ ᠤᠨ ᠠᠮᠢᠳᠤᠷᠠᠯ ᠤᠨ ᠳᠠᠳᠬᠠᠯ ᠬᠢᠭᠡᠳ ᠤᠯᠠᠮᠵᠢᠯᠠᠯᠲᠤ ᠪᠠᠷᠢᠯᠭ᠎ᠠ ᠶᠢᠨ ᠬᠢ ᠲᠠᠢ ᠤᠶᠠᠯᠳᠤᠭᠤᠯᠵᠤ᠂ | ᠲᠣᠬᠢᠷᠠᠮᠵᠢᠲᠠᠶ ᠪᠠᠷᠢᠯᠭ᠎ᠠ ᠶᠢᠨ ᠬᠡᠯᠪᠡᠷᠢ ᠬᠢᠭᠡᠳ ᠡᠨᠧᠷᠭᠢ ᠠᠰᠢᠭᠯᠠᠬᠤ ᠠᠷᠭ᠎ᠠ ᠮᠠᠶ᠋ᠢᠭ ᠢ ᠠᠪᠬᠤ ᠬᠡᠷᠡᠭᠲᠡᠶ᠃ | 2. ᠵᠢᠷᠤᠮᠵᠢᠭᠤᠯᠬᠤ ᠱᠠᠭᠠᠷᠳᠠᠯᠭ᠎ᠠ᠄ ᠥᠭᠡᠷᠡᠴᠢᠯᠡᠨ ᠪᠠᠶᠢᠭᠤᠯᠤᠭᠰᠠᠨ ᠤ ᠳᠠᠷᠠᠭ᠎ᠠ ᠣᠳᠣ ᠶᠢᠨ ᠬᠡᠷᠡᠭᠵᠢᠭᠦᠯᠵᠦ | ᠪᠠᠶᠢᠭ᠎ᠠ ᠤᠯᠤᠰ ᠤᠨ ᠪᠠᠷᠢᠮᠵᠢᠶ᠎ᠠ ︽ᠪᠠᠷᠢᠯᠭ᠎ᠠ ᠶᠢᠨ ᠡᠨᠧᠷᠭᠢ ᠠᠷᠪᠢᠯᠠᠬᠤ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠢ | ᠰᠢᠯᠭᠠᠨ ᠠᠪᠬᠤ ᠵᠢᠷᠤᠮᠵᠢᠯ︾ ᠶᠣᠰᠣᠭᠠᠷ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠠᠪᠴᠤ᠂ ᠰᠢᠯᠭᠠᠨ ᠠᠪᠬᠤ | ᠦᠶ᠎ᠡ ᠳᠤ ᠥᠮᠴᠢᠲᠡᠨ ᠤ ᠲᠠᠯ᠎ᠠ᠂ ᠵᠢᠷᠤᠵᠤ ᠲᠥᠯᠥᠪᠯᠡᠬᠦ ᠨᠢᠭᠡᠴᠡ᠂ ᠪᠠᠷᠢᠯᠭ᠎ᠠ ᠪᠠᠷᠢᠬᠤ ᠨᠢᠭᠡᠴᠡ ᠵᠢᠴᠢ ᠪᠦᠲᠦᠭᠡᠨ | ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠣᠷᠣᠯᠴᠠᠬᠤ ᠬᠡᠷᠡᠭᠲᠡᠶ᠃ ᠬᠤᠲᠠ ᠪᠠᠯᠭᠠᠰᠤ | ᠪᠠ ᠬᠥᠳᠡᠭᠡ ᠲᠣᠰᠬᠤᠨ ᠤ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠨᠢ ᠣᠲᠣ ᠶᠢᠨ | ᠬᠡᠷᠡᠭᠵᠢᠭᠦᠯᠵᠦ ᠪᠠᠶᠢᠭ᠎ᠠ ᠬᠠᠮᠢᠶ᠎ᠠ ᠪᠥᠬᠦᠶ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠂ | ᠪᠣᠳᠠᠲᠠᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠨᠢ ᠳᠣᠤᠷᠠᠬᠢ ᠮᠡᠲᠦ᠄ | ︽ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵ | GB50189-2015 ᠣᠨ︶︔ | ︽ᠬᠠᠬᠢᠷ ᠬᠦᠢᠲᠡᠨ ᠪᠠ ᠬᠠᠬᠢᠷ ᠬᠦᠢᠲᠡᠨ ᠭᠠᠵᠠᠷ ᠣᠷᠣᠨ ᠤ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ | ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵JGJ26-2018︶︔ | ︽ᠬᠥᠳᠡᠭᠡ ᠲᠣᠰᠬᠤᠨ ᠤ ᠣᠷᠣᠰᠢᠨ ᠰᠠᠭᠤᠬᠤ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ | ᠪᠠᠷᠢᠮᠵᠢᠶ᠎ᠠ︾ GB/T50824-2013︶ | ︽ᠤᠯᠠᠭᠠᠨᠴᠠᠪ ᠬᠤᠲᠠ ᠶᠢᠨ ᠬᠤᠲᠠ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠨᠢ | ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠬᠡᠷᠡᠭᠯᠡᠬᠦ ᠶᠢ ᠪᠥᠬᠦ ᠲᠠᠯ᠎ᠠ ᠪᠠᠷ ᠳᠡᠯᠭᠡᠷᠡᠭᠦᠯᠬᠦ ᠠᠵᠢᠯ ᠤᠨ ᠲᠤᠬᠠᠶ | ᠮᠡᠳᠡᠭᠳᠡᠯ︾ ︵ᠤᠯᠠᠭᠠᠨᠴᠠᠪ ᠬᠡᠷᠡᠮ ᠥᠰᠥᠭ ﹇2019﹈ 1 ᠳ᠋ᠦ᠋ᠭᠡᠷ ᠲᠣᠭᠠᠲᠤ︶︔ | ︽ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ ᠪᠣᠬᠢᠷᠲᠤᠯ ᠥᠬᠡᠶ ᠪᠠᠷᠢᠯᠭ᠎ᠠ ᠶᠢᠨ | ᠬᠥᠭᠵᠢᠯᠲᠡ ᠶᠢ ᠠᠬᠢᠭᠤᠯᠬᠤ ᠠᠵᠢᠯ ᠤᠨ ᠲᠥᠰᠦᠯ︾ ︵ᠤᠯᠠᠭᠠᠨᠴᠠᠪ ᠬᠤᠲᠠ ᠶᠢᠨ ᠪᠥᠲᠥᠭᠡᠨ ᠪᠠᠶᠢᠭᠤᠯᠤᠯᠲᠠ ᠶᠢᠨ | ᠰᠢᠨᠵᠢᠯᠡᠬᠦ ᠤᠬᠠᠭᠠᠨ ᠦᠰᠦᠭ ︵︹2019︺ 12 ᠳ᠋ᠤᠭᠠᠷ ᠲᠣᠭᠠᠲᠤ︶︔ | ︽ᠤᠯᠠᠭᠠᠨᠴᠠᠪ ᠬᠤᠲᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠴᠢ ᠪᠣᠬᠢᠷᠲᠤᠯ ᠥᠬᠡᠶ ᠪᠠᠷᠢᠯᠭ᠎ᠠ ᠶᠢᠨ | ᠬᠥᠭᠵᠢᠯᠲᠡ ᠶᠢ ᠠᠬᠢᠭᠤᠯᠬᠤ ᠬᠠᠮᠢᠶᠠᠷᠤᠯᠲᠠ ᠶᠢᠨ ᠠᠷᠭ᠎ᠠ︾︔ | ︽ᠤᠯᠠᠭᠠᠨᠴᠠᠪ ᠬᠤᠲᠠ ᠶᠢᠨ ᠪᠣᠬᠢᠷᠲᠤᠯ ᠥᠬᠡᠶ ᠪᠠᠷᠢᠯᠭ᠎ᠠ ᠶᠢᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ︵ | ᠤᠯᠠᠭᠠᠨᠴᠠᠪ ᠵᠠᠰᠠᠭ ᠠᠯᠪᠠᠨ ᠥᠰᠥᠭ ︹2014︺ 65 ᠳ᠋ᠤᠭᠠᠷ ᠲᠣᠭᠠᠲᠤ︶︔ | ︽ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢ ᠲᠦᠯᠬᠢᠨ | ᠠᠬᠢᠭᠤᠯᠬᠤ ᠬᠡᠷᠡᠭᠵᠢᠭᠦᠯᠬᠦ ᠲᠥᠰᠦᠯ︾ | ︵ᠭᠤᠷᠪᠠ︶ ᠢᠯᠴᠢ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠬᠦ ᠪᠣᠳᠠᠲᠠᠢ ᠱᠠᠭᠠᠷᠳᠠᠯᠭ᠎ᠠ | ᠢᠯᠴᠢ ᠬᠠᠩᠭᠠᠬᠤ ᠬᠤᠭᠤᠯᠠᠶ ᠶᠢᠨ ᠲᠣᠣᠷ ᠢ ᠵᠢᠷᠤᠵᠤ ᠲᠥᠯᠥᠪᠯᠡᠬᠦ ᠦᠶ᠎ᠡ ᠳᠤ᠂ ᠢᠯᠴᠢ ᠶᠢᠨ ᠳᠠᠭᠠᠭᠠᠴᠠ ᠶᠢᠨ | ᠪᠠᠶᠢᠳᠠᠯ ᠤᠨ ᠶᠣᠰᠣᠭᠠᠷ ᠶᠡᠷᠦᠩᠬᠡᠶ ᠲᠥᠯᠥᠪᠵᠢᠭᠦᠯᠭᠡ ᠬᠢᠵᠦ᠂ ᠬᠤᠭᠤᠯᠠᠶ ᠶᠢᠨ ᠲᠣᠤᠷ ᠤᠨ ᠤᠰᠤᠨ ᠤ ᠬᠦᠴᠦᠨ ᠢ | ᠪᠤᠳᠤᠬᠤ ᠪᠠ ᠬᠤᠭᠤᠯᠠᠶ ᠶᠢᠨ ᠱᠤᠭᠤᠮ ᠢ ᠰᠣᠩᠭᠤᠬᠤ ᠠᠵᠢᠯ ᠢ ᠵᠦᠶ ᠵᠣᠬᠢᠰᠲᠠᠶ ᠬᠢᠵᠦ᠂ ᠢᠯᠴᠢ ᠬᠠᠩᠭᠠᠬᠤ | ᠬᠤᠭᠤᠯᠠᠶ ᠶᠢᠨ ᠴᠢᠭᠯᠡᠯ ᠢ ᠵᠦᠶ ᠵᠣᠬᠢᠰᠲᠠᠶ ᠪᠠᠶᠢᠷᠢᠯᠠᠭᠤᠯᠬᠤ ᠬᠡᠷᠡᠭᠲᠡᠶ᠃ | ︵ᠲᠦᠷᠪᠡ︶ ᠪᠤᠰᠤᠳ ᠱᠠᠭᠠᠷᠳᠠᠯᠭ᠎ᠠ | 1. ᠲᠣᠬᠢᠷᠠᠭᠤᠯᠤᠯᠲᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠬᠡᠷᠡᠭᠲᠡᠶ᠃ | ᠡᠯ᠎ᠡ ᠰᠢᠶᠠᠩ ᠪᠠᠯᠭᠠᠰᠤ ᠪᠠᠷᠢᠯᠭ᠎ᠠ ᠶᠢᠨ ᠠᠬᠢᠴᠠ ᠶᠢ ᠬᠠᠭᠠᠰ ᠰᠠᠷ᠎ᠠ ᠳᠤ ᠮᠡᠳᠡᠭᠦᠯᠬᠦ ᠲᠦᠷᠢᠮ ᠢ ᠬᠢᠨᠠᠮᠠᠭᠠᠶ | ᠨᠠᠶᠢᠳᠠᠪᠤᠷᠢᠵᠢᠭᠤᠯᠵᠤ᠂ ᠰᠠᠷ᠎ᠠ ᠪᠦᠷᠢ ᠶᠢᠨ 11 ᠤ ᠡᠳᠦᠷ᠂ 24 ᠤ ᠡᠳᠦᠷ ᠠᠴᠠ ᠡᠮᠦᠨ᠎ᠡ ᠲᠥᠷᠥᠯ ᠵᠦᠢᠯ ᠤᠨ | ᠠᠬᠢᠴᠠ ᠶᠢ ᠰᠢᠶᠠᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠤᠨ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠬᠦ ᠬᠡᠷᠡᠭᠲᠡᠶ᠃ ᠨᠢᠭᠡ ᠳᠤ᠂ ᠠᠷᠢᠭᠤᠨ ᠴᠡᠪᠡᠷ | ᠳᠤᠯᠠᠭᠠᠯᠠᠭ᠎ᠠ ᠶᠢᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠷᠠᠯᠲᠠ | ᠱᠠᠭᠠᠷᠳᠠᠯᠭ᠎ᠠ ᠲᠠᠢ ᠬᠠᠷᠢᠴᠠᠭᠤᠯᠤᠨ ᠡᠭᠦᠷᠭᠡ ᠶᠢ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠨᠢᠭᠡᠪᠦᠷᠢ ᠳᠤ ᠵᠠᠳᠠᠯᠵᠤ᠂ | ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠵᠠᠳᠠᠯᠤᠨ᠎ᠠ᠃ | ᠴᠠᠭ ᠤᠨ ᠵᠠᠩᠭᠢᠶᠠᠰᠤ ᠶᠢ ᠴᠢᠩᠭ᠎ᠠ ᠵᠢᠷᠤᠮᠯᠠᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠷᠠᠯᠲᠠ ᠡᠭᠦᠷᠭᠡ ᠪᠠᠨ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠡᠬᠡ | ᠲᠠᠩᠰᠠ ᠶᠢ ᠣᠷᠣᠭᠤᠯᠬᠤ ᠪᠠ ᠬᠠᠮᠢᠶᠠᠷᠬᠤ ᠶᠢ ᠦᠨᠡᠨ ᠬᠦ ᠵᠢᠷᠤᠮᠵᠢᠭᠤᠯᠵᠤ᠂ ᠲᠥᠷᠥᠯ ᠵᠦᠢᠯ ᠢ ᠬᠡᠷᠡᠭᠵᠢᠭᠦᠯᠬᠦ | ᠶᠠᠪᠤᠴᠠ ᠳᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠰᠢᠯᠭᠠᠨ ᠠᠪᠬᠤ᠂ ᠲᠠᠪᠴᠠᠩ ᠢ | ᠪᠢᠴᠢᠵᠦ ᠣᠷᠣᠭᠤᠯᠬᠤ᠂ ᠬᠢᠨᠠᠨ ᠬᠠᠷᠭᠤᠭᠤᠯᠬᠤ ᠵᠡᠷᠭᠡ ᠠᠵᠢᠯ ᠢ ᠵᠡᠷᠭᠡ ᠪᠠᠷ ᠥᠷᠨᠢᠭᠦᠯᠬᠦ ᠶᠢᠨ ᠬᠠᠮᠲᠤ᠂ ᠡᠬᠡ | ᠲᠠᠩᠰᠠ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | 2. ᠨᠢᠭᠡᠳᠦᠯᠲᠡᠶ ᠲᠥᠯᠥᠪᠯᠡᠨ ᠪᠡᠯᠡᠳᠬᠡᠵᠦ᠂ ᠠᠮᠵᠢᠯᠲᠠ ᠪᠦᠲᠦᠮᠵᠢ ᠶᠢ ᠰᠠᠶᠢᠲᠤᠷ ᠬᠢᠬᠦ ᠬᠡᠷᠡᠭᠲᠡᠶ᠃ ᠠᠷᠢᠭᠤᠨ | ᠴᠡᠪᠡᠷ ᠳᠤᠯᠠᠭᠠᠯᠠᠭ᠎ᠠ ᠶᠢᠨ ᠲᠤᠰᠬᠠᠶ ᠠᠵᠢᠯᠯᠠᠭ᠎ᠠ ᠶᠢᠨ ᠠᠵᠢᠯ ᠢ ᠬᠡᠷᠡᠭᠵᠢᠭᠦᠯᠬᠦ ᠶᠠᠪᠤᠴᠠ ᠳᠤ᠂ ᠠᠵᠢᠯ ᠤᠨ ᠡᠬᠡ | ᠲᠠᠩᠰᠠ ᠪᠠ ᠬᠠᠮᠢᠶ᠎ᠠ ᠪᠥᠬᠦᠶ ᠮᠠᠲ᠋ᠧᠷᠢᠶᠠᠯ ᠢ ᠰᠠᠶᠢᠲᠤᠷ ᠬᠢᠵᠦ᠂ ᠡᠯ᠎ᠡ ᠣᠨ ᠤ ᠰᠢᠯᠭᠠᠨ ᠬᠢᠨᠠᠬᠤ ᠵᠢᠴᠢ ᠡᠴᠦᠰ ᠤᠨ | ᠰᠢᠯᠭᠠᠨ ᠬᠢᠨᠠᠬᠤ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢ ᠤᠷᠢᠳᠴᠢᠯᠠᠨ ᠪᠡᠯᠡᠳᠬᠡᠵᠦ᠂ ᠠᠵᠢᠯ ᠤᠨ ᠠᠮᠵᠢᠯᠲᠠ | ᠪᠦᠲᠦᠮᠵᠢ ᠶᠢ ᠦᠨᠡᠯᠡᠬᠦ ᠦᠶ᠎ᠡ ᠳᠤ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ᠃ ᠨᠢᠭᠡ ᠳᠤ | ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠲᠠᠯ᠎ᠠ ᠪᠠᠷ᠄ ᠨᠢᠭᠡ ᠡᠷᠦᠬᠡ ᠳᠤ ᠨᠢᠭᠡ ᠲᠠᠩᠰᠠ | ᠡᠪᠬᠡᠮᠡᠯ ᠢ ᠲᠡᠭᠦᠯᠳᠡᠷᠵᠢᠭᠦᠯᠦᠨ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ︽ᠰᠢᠶᠠᠨ᠂ ᠰᠢᠶᠠᠩ᠂ ᠲᠣᠰᠬᠤᠨ︾ | ᠭᠤᠷᠪᠠᠨ ᠱᠠᠲᠤᠨ ᠤ ᠥᠭᠡᠷᠡᠴᠢᠯᠡᠬᠦ ᠡᠬᠡ ᠲᠠᠩᠰᠠ ᠶᠢ ᠪᠠᠶᠢᠭᠤᠯᠵᠤ᠂ ᠡᠬᠡ ᠲᠠᠩᠰᠠ ᠳᠤ ᠭᠤᠤᠯᠳᠠᠭᠤ᠄ ᠵᠠᠰᠠᠭ | ᠵᠠᠬᠢᠷᠭᠠᠨ ᠤ ᠲᠣᠰᠬᠤᠨ ᠤ ᠨᠡᠷ᠎ᠡ᠂ ᠡᠷᠦᠬᠡ ᠶᠢᠨ ᠡᠵᠡᠨ ᠤ ᠣᠪᠣᠭ ᠨᠡᠷ᠎ᠡ᠂ ᠥᠭᠡᠷᠡᠴᠢᠯᠡᠭᠰᠡᠨ ᠤ ᠳᠠᠷᠠᠭᠠᠬᠢ | ᠳᠤᠯᠠᠭᠠᠯᠠᠭ᠎ᠠ ᠶᠢᠨ ᠠᠷᠭ᠎ᠠ ᠮᠠᠶ᠋ᠢᠭ᠂ ᠥᠭᠡᠷᠡᠴᠢᠯᠡᠭᠰᠡᠨ ᠲᠠᠯᠠᠪᠠᠶ ᠵᠡᠷᠭᠡ ᠮᠡᠳᠡᠭᠡ ᠵᠠᠩᠭᠢ ᠶᠢ ᠪᠠᠭᠲᠠᠭᠠᠨ᠎ᠠ᠃ | ᠬᠤᠶᠠᠷ ᠲᠤ᠂ ᠨᠢᠭᠡᠨᠲᠡ ᠪᠠᠶᠢᠭᠤᠯᠤᠭᠰᠠᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠠᠯ᠎ᠠ ᠪᠠᠷ᠄ | ᠰᠢᠯᠭᠠᠨ ᠠᠪᠬᠤ ᠬᠠᠮᠢᠶ᠎ᠠ ᠪᠥᠬᠦᠶ ᠮᠠᠲ᠋ᠧᠷᠢᠶᠠᠯ ᠢ ᠲᠡᠭᠦᠯᠳᠡᠷᠵᠢᠭᠦᠯᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢᠨ ᠦᠷ᠎ᠡ ᠪᠦᠲᠦᠮᠵᠢ ᠶᠢᠨ ᠮᠡᠳᠡᠭᠦᠯᠦᠯᠲᠡ ᠭᠠᠷᠭᠠᠵᠤ᠂ ᠮᠡᠳᠡᠭᠦᠯᠦᠯᠲᠡ ᠳᠤ ᠭᠤᠤᠯᠳᠠᠭᠤ | ᠪᠠᠷᠢᠯᠭ᠎ᠠ ᠶᠢᠨ ᠦᠨᠳᠦᠰᠦᠨ ᠮᠡᠳᠡᠭᠡ ᠵᠠᠩᠭᠢ᠂ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠮᠡᠷᠭᠡᠵᠢᠯ ᠤᠨ ᠬᠡᠯᠪᠡᠷᠢ | ᠮᠠᠶ᠋ᠢᠭ᠂ ᠥᠭᠡᠷᠡᠴᠢᠯᠡᠬᠦ ᠠᠴᠠ ᠡᠮᠦᠨᠡᠬᠢ ᠬᠡᠷᠡᠯ ᠵᠢᠷᠤᠭ᠂ ᠥᠭᠡᠷᠡᠴᠢᠯᠡᠬᠦ ᠶᠠᠪᠤᠴᠠ ᠶᠢᠨ ᠬᠡᠷᠡᠯ ᠵᠢᠷᠤᠭ᠂ | ᠥᠭᠡᠷᠡᠴᠢᠯᠡᠭᠰᠡᠨ ᠤ ᠳᠠᠷᠠᠭᠠᠬᠢ ᠬᠡᠷᠡᠯ ᠵᠢᠷᠤᠭ᠂ ᠥᠭᠡᠷᠡᠴᠢᠯᠡᠭᠰᠡᠨ ᠤ ᠳᠠᠷᠠᠭᠠᠬᠢ ᠦᠷ᠎ᠡ ᠪᠦᠲᠦᠮᠵᠢ ᠶᠢ ᠦᠨᠡᠯᠡᠨ | ᠵᠢᠱᠢᠬᠦ ᠵᠡᠷᠭᠡ ᠠᠭᠤᠯᠭ᠎ᠠ ᠶᠢ ᠪᠠᠭᠲᠠᠭᠠᠨ᠎ᠠ᠃ ᠭᠤᠷᠪᠠ ᠳᠤ᠂ ᠢᠯᠴᠢ ᠬᠠᠩᠭᠠᠬᠤ ᠬᠤᠭᠤᠯᠠᠶ ᠶᠢᠨ ᠲᠣᠤᠷ ᠢ | ᠥᠭᠡᠷᠡᠴᠢᠯᠡᠬᠦ ᠲᠠᠯ᠎ᠠ ᠪᠠᠷ᠄ ᠲᠥᠷᠥᠯ ᠵᠦᠢᠯ ᠲᠣᠭᠲᠠᠭᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ | ᠂ ᠪᠠᠷᠢᠯᠭ᠎ᠠ ᠪᠠᠷᠢᠬᠤ ᠵᠢᠴᠢ ᠪᠠᠷᠢᠯᠭ᠎ᠠ ᠶᠢ ᠰᠢᠯᠭᠠᠨ ᠠᠪᠬᠤ ᠪᠠ ᠬᠤᠭᠤᠯᠠᠶ ᠶᠢᠨ ᠲᠣᠤᠷ ᠢ ᠥᠭᠡᠷᠡᠴᠢᠯᠡᠬᠦ ᠶᠠᠪᠤᠴᠠ ᠶᠢᠨ | ᠬᠡᠷᠡᠯ ᠵᠢᠷᠤᠭ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠲᠡᠭᠦᠯᠳᠡᠷᠵᠢᠭᠦᠯᠵᠦ᠂ ᠬᠤᠭᠤᠯᠠᠶ ᠶᠢᠨ ᠲᠣᠤᠷ ᠢ ᠥᠭᠡᠷᠡᠴᠢᠯᠡᠬᠦ | ᠬᠤᠷᠢᠶᠠᠩᠭᠤᠶ ᠬᠦᠰᠦᠨᠦᠭᠲᠦ ︵᠄ ᠪᠡᠯᠡ ᠣᠷᠣᠭᠤᠯᠤᠯᠲᠠ᠂ ᠬᠤᠭᠤᠯᠠᠶ ᠶᠢᠨ ᠳ᠋ᠢᠶᠠᠮᠧᠳ᠋ᠷ᠂ ᠤᠷᠲᠤ ᠶᠢᠨ ᠬᠡᠮᠵᠢᠶ᠎ᠡ | ᠵᠡᠷᠭᠡ ᠠᠭᠤᠯᠭ᠎ᠠ ᠶᠢ ᠪᠠᠭᠲᠠᠭᠠᠨ᠎ᠠ︶ ᠶᠢ ᠪᠠᠶᠢᠭᠤᠯᠤᠨ᠎ᠠ᠃ | ᠲᠠᠪᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠥᠳᠡᠭᠡ ᠲᠣᠰᠬᠤᠨ ᠤ ᠲᠠᠷᠠᠬᠠᠶ ᠪᠤᠲᠠᠷᠬᠠᠶ | ᠳᠤᠯᠠᠭᠠᠯᠠᠭ᠎ᠠ ᠶᠢ ᠥᠭᠡᠷᠡᠴᠢᠯᠡᠬᠦ ᠠᠵᠢᠯ ᠢ ᠬᠠᠷᠢᠭᠤᠴᠠᠨ ᠬᠡᠷᠡᠭᠵᠢᠭᠦᠯᠵᠦ᠂ ᠲᠠᠷᠢᠶᠠᠴᠢᠨ ᠡᠷᠦᠬᠡ ᠶᠢᠨ ᠳᠠᠩᠰᠠ | ᠡᠪᠬᠡᠮᠡᠯ ᠢ ᠪᠠᠶᠢᠭᠤᠯᠬᠤ ᠬᠡᠷᠡᠭᠲᠡᠶ᠃ ᠡᠭᠦᠨ ᠤ ᠬᠠᠮᠲᠤ ᠨᠡᠭᠦᠷᠡᠰᠦ ᠶᠢ ᠴᠠᠬᠢᠯᠭᠠᠨ ᠢᠶᠠᠷ ᠥᠭᠡᠷᠡᠴᠢᠯᠡᠬᠦ ᠠᠵᠢᠯ ᠢ ᠡᠷᠦᠬᠡ | ᠲᠣᠭᠲᠠᠭᠠᠬᠤ᠂ ᠤᠭᠰᠠᠷᠠᠬᠤ᠂ ᠬᠡᠷᠡᠭᠯᠡᠬᠦ ᠶᠠᠪᠤᠴᠠ ᠳᠠᠬᠢ ᠡᠯ᠎ᠡ ᠲᠥᠷᠥᠯ ᠤᠨ ᠠᠰᠠᠭᠤᠳᠠᠯ ᠢ ᠵᠣᠬᠢᠴᠠᠭᠤᠯᠤᠨ | ᠰᠢᠶ᠋ᠳᠪᠦᠷᠢᠯᠡᠬᠦ ᠶᠢ ᠬᠠᠷᠢᠭᠤᠴᠠᠨ᠎ᠠ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠢᠯᠴᠢ ᠬᠠᠩᠭᠠᠬᠤ | ᠬᠤᠭᠤᠯᠠᠶ ᠶᠢᠨ ᠲᠣᠤᠷ ᠢ ᠥᠭᠡᠷᠡᠴᠢᠯᠡᠬᠦ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ | ᠵᠢᠴᠢ ᠬᠥᠳᠡᠭᠡ ᠲᠣᠰᠬᠤᠨ ᠤ ᠣᠯᠠᠨ ᠨᠡᠶᠢᠲᠡ ᠶᠢᠨ ᠪᠠᠷᠢᠯᠭ᠎ᠠ᠂ ᠵᠣᠯ ᠵᠢᠷᠭᠠᠯ ᠤᠨ ᠬᠦᠷᠢᠶᠡᠯᠡᠩ ᠤᠨ ᠨᠡᠭᠦᠷᠡᠰᠦ ᠶᠢ | ᠴᠠᠬᠢᠯᠭᠠᠨ ᠪᠣᠯᠭᠠᠨ ᠥᠭᠡᠷᠡᠴᠢᠯᠡᠬᠦ ᠠᠵᠢᠯ ᠢ ᠬᠠᠷᠢᠭᠤᠴᠠᠨ ᠬᠡᠷᠡᠭᠵᠢᠭᠦᠯᠦᠨ᠎ᠡ᠃ | ᠡᠳ᠋ ᠤᠨ ᠵᠠᠰᠠᠭ ᠤᠨ ᠲᠣᠪᠴᠢᠶ᠎ᠠ᠄ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠪᠡᠯᠡ ᠮᠥᠩᠭᠦ ᠶᠢ ᠣᠯᠬᠤ | ᠪᠠ ᠰᠠᠯᠭᠠᠨ ᠥᠭᠬᠦ ᠶᠢ ᠬᠠᠷᠢᠭᠤᠴᠠᠵᠤ᠂ ᠪᠡᠯᠡ ᠮᠥᠩᠭᠦ ᠶᠢ ᠰᠠᠯᠭᠠᠨ ᠥᠭᠬᠦ ᠪᠠ ᠬᠡᠷᠡᠭᠯᠡᠬᠦ ᠶᠢ ᠴᠢᠩᠭ᠎ᠠ ᠬᠢᠨᠠᠨ | ᠬᠠᠷᠭᠤᠭᠤᠯᠤᠨ᠎ᠠ᠃ | ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ ᠵᠥᠪᠯᠡᠯ᠄ ᠴᠠᠬᠢᠯᠭᠠᠨ ᠤ ᠦᠨ᠎ᠡ᠂ ᠢᠯᠴᠢ ᠶᠢᠨ ᠦᠨ᠎ᠡ᠂ | ᠬᠡᠢ ᠶᠢᠨ ᠦᠨ᠎ᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠪᠠ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | | ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠄ ᠢᠯᠴᠢ ᠶᠢᠨ ᠢᠷᠡᠯᠲᠡ ᠶᠢᠨ ᠬᠠᠵᠠᠭᠤ ᠶᠢᠨ ᠡᠨᠧᠷᠭᠢ ᠶᠢᠨ | ᠬᠤᠷᠣᠭᠳᠠᠭᠤᠯᠤᠯ ᠪᠠᠭ᠎ᠠ᠂ ᠭᠠᠳᠠᠭᠰᠢᠯᠠᠭᠤᠯᠤᠯᠲᠠ ᠪᠠᠭᠠᠲᠠᠶ ᠥᠭᠡᠷᠡᠴᠢᠯᠡᠯᠲᠡ ᠶᠢ ᠬᠠᠷᠢᠭᠤᠴᠠᠵᠤ᠂ ᠴᠡᠪᠡᠷ | ᠳᠤᠯᠠᠭᠠᠯᠠᠭ᠎ᠠ ᠶᠢᠨ ᠭᠠᠳᠠᠭᠰᠢᠯᠠᠭᠤᠯᠬᠤ ᠭᠦᠶ᠋ᠴᠡᠳᠬᠡᠯ ᠲᠤᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠵᠤ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠨᠥᠬᠦᠪᠥᠷᠢ ᠶᠢᠨ ᠪᠠᠯᠠ ᠮᠥᠩᠭᠦ ᠲᠡᠮᠡᠴᠡᠨ ᠤᠯᠬᠤ ᠶᠢ ᠬᠠᠷᠢᠭᠤᠴᠠᠨ᠎ᠠ᠃ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠠᠵᠤ ᠦᠢᠯᠡᠳᠪᠦᠷᠢ ᠶᠢᠨ ᠦᠯᠡᠳᠡᠪᠦᠷᠢ | ᠢᠯᠴᠢ ᠶᠢᠨ ᠲᠥᠷᠥᠯ ᠵᠦᠢᠯ ᠤᠨ ᠥᠭᠡᠷᠡᠴᠢᠯᠡᠯᠲᠡ ᠶᠢ ᠬᠠᠷᠢᠭᠤᠴᠠᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠴᠡᠪᠡᠷ ᠳᠤᠯᠠᠭᠠᠯᠠᠭ᠎ᠠ ᠶᠢᠨ ᠰᠢᠨ᠎ᠡ ᠪᠠᠷ ᠪᠠᠶᠢᠭᠤᠯᠬᠤ ᠪᠠ | ᠥᠭᠡᠷᠡᠴᠢᠯᠡᠨ ᠪᠠᠶᠢᠭᠤᠯᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ | ᠵᠢᠴᠢ ᠲᠥᠯᠥᠪᠵᠢᠭᠦᠯᠭᠡ ᠶᠢᠨ ᠵᠥᠪᠰᠢᠶᠡᠷᠡᠯ ᠢ ᠭᠦᠶ᠋ᠴᠡᠳᠬᠡᠬᠦ ᠶᠢ ᠬᠠᠷᠢᠭᠤᠴᠠᠨ᠎ᠠ᠃ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ ᠲᠦᠯᠡᠬᠦ ᠶᠢ | ᠴᠠᠭᠠᠵᠠᠯᠠᠬᠤ ᠣᠷᠣᠨ ᠤ ᠳᠣᠲᠣᠷᠠᠬᠢ ᠦᠨᠡᠮᠯᠡᠯ ᠥᠬᠡᠶ ᠨᠡᠭᠦᠳᠡᠯ ᠳᠡᠯᠭᠡᠭᠡ ᠮᠠᠶᠢᠮᠠᠶ ᠵᠢᠴᠢ ᠪᠤᠰᠤᠳ ᠬᠡᠷ ᠤᠨ | ᠭᠠᠳᠠᠨᠠᠬᠢ ᠲᠦᠭᠦᠬᠡᠶ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠠᠵᠢᠯ ᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠲᠦᠯᠡᠬᠦ ᠶᠢ ᠴᠠᠭᠠᠵᠠᠯᠠᠬᠤ ᠣᠷᠣᠨ ᠤ ᠳᠣᠲᠣᠷᠠᠬᠢ | ᠨᠡᠭᠦᠷᠡᠰᠦ ᠶᠢ ᠴᠠᠭᠠᠵᠠᠯᠠᠬᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠠᠤᠯᠢ ᠠᠴᠠ ᠵᠥᠷᠢᠴᠡᠨ ᠲᠦᠭᠦᠬᠡᠶ | ᠨᠡᠭᠦᠷᠡᠰᠦ ᠪᠣᠷᠣᠯᠠᠭᠤᠯᠬᠤ ᠶᠢ ᠪᠠᠶᠢᠴᠠᠭᠠᠨ ᠰᠢᠶ᠋ᠳᠪᠦᠷᠢᠯᠡᠬᠦ ᠬᠠᠮᠲᠤᠷᠠᠭᠰᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ | ᠲᠠᠷᠢᠶᠠᠯᠠᠩ ᠮᠠᠯ ᠠᠵᠤ ᠠᠬᠤᠶ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ ᠡᠯ᠎ᠡ ᠰᠢᠶᠠᠩ | ᠪᠠᠯᠭᠠᠰᠤᠨ ᠤ ᠠᠮᠢᠳᠤ ᠪᠣᠳᠠᠰ ᠤᠨ ᠮᠠᠰ ᠡᠨᠧᠷᠭᠢ ᠶᠢᠨ ᠢᠯᠴᠢ ᠬᠠᠩᠭᠠᠬᠤ ᠥᠭᠡᠷᠡᠴᠢᠯᠡᠯᠲᠡ ᠶᠢ ᠬᠠᠷᠢᠭᠤᠴᠠᠨ | ᠵᠢᠯᠣᠭᠤᠳᠤᠨ᠎ᠠ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠲᠦᠯᠡᠬᠦ ᠶᠢ ᠴᠠᠭᠠᠵᠠᠯᠠᠬᠤ ᠣᠷᠣᠨ ᠤ | ᠳᠣᠲᠣᠷᠠᠬᠢ ᠨᠡᠭᠦᠷᠡᠰᠦ ᠶᠢ ᠴᠠᠭᠠᠵᠠᠯᠠᠬᠤ ᠬᠠᠮᠢᠶᠠᠷᠤᠯᠲᠠ ᠡᠵᠡᠮᠳᠡᠯ᠂ ᠲᠦᠭᠦᠬᠡᠶ ᠨᠡᠭᠦᠷᠡᠰᠦ ᠪᠣᠷᠣᠯᠠᠭᠤᠯᠬᠤ ᠲᠣᠤᠷ | ᠴᠡᠭ ᠢ ᠢᠯᠭᠠᠷᠠᠭᠤᠯᠤᠨ ᠴᠡᠭᠴᠡᠯᠡᠬᠦ ᠶᠢ ᠲᠦᠷᠦᠭᠦᠯᠡᠨ ᠬᠠᠷᠢᠭᠤᠴᠠᠨ᠎ᠠ᠃ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠄ | ᠲᠦᠭᠦᠬᠡᠶ ᠨᠡᠭᠦᠷᠡᠰᠦ ᠲᠡᠭᠡᠭᠡᠪᠦᠷᠢᠯᠡᠬᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠶᠢ ᠬᠠᠷᠢᠭᠤᠴᠠᠵᠤ᠂ | ᠬᠠᠤᠯᠢ ᠠᠴᠠ ᠵᠥᠷᠢᠴᠡᠨ ᠲᠦᠭᠦᠬᠡᠶ ᠨᠡᠭᠦᠷᠡᠰᠦ ᠪᠣᠷᠣᠯᠠᠭᠤᠯᠬᠤ ᠶᠢ ᠪᠠᠶᠢᠴᠠᠭᠠᠨ ᠰᠢᠢᠳᠪᠦᠷᠢᠯᠡᠬᠦ ᠬᠠᠮᠲᠤᠷᠠᠭᠰᠠᠨ | ᠠᠵᠢᠯᠯᠠᠭ᠎ᠠ ᠳᠤ ᠣᠷᠣᠯᠴᠠᠨ᠎ᠠ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠢᠯᠴᠢ ᠬᠠᠩᠭᠠᠬᠤ᠂ ᠰᠢᠲᠠᠮᠠᠬᠠᠶ ᠬᠡᠶ ᠬᠠᠩᠭᠠᠬᠤ | ᠬᠤᠭᠤᠯᠠᠶ ᠶᠢᠨ ᠲᠣᠣᠷ ᠤᠨ ᠪᠠᠷᠢᠯᠭ᠎ᠠ ᠶᠢᠨ ᠵᠠᠰᠠᠮᠠᠯ ᠵᠠᠮ ᠢᠶᠠᠷ ᠥᠩᠭᠡᠷᠡᠬᠦ ᠵᠡᠷᠭᠡ ᠬᠠᠮᠢᠶ᠎ᠠ ᠪᠦᠬᠦᠢ ᠭᠠᠷᠳᠠᠮ ᠢ | ᠵᠣᠬᠢᠴᠠᠭᠤᠯᠤᠨ ᠭᠦᠶ᠋ᠴᠡᠳᠬᠡᠬᠦ ᠶᠢ ᠬᠠᠷᠢᠭᠤᠴᠠᠵᠤ᠂ ᠲᠦᠯᠡᠬᠦ ᠶᠢ ᠴᠠᠭᠠᠵᠠᠯᠠᠬᠤ ᠣᠷᠣᠨ ᠤ ᠳᠣᠲᠣᠷᠠᠬᠢ ᠬᠤᠲᠠ ᠶᠢᠨ | ᠠᠮᠠᠰᠠᠷ᠂ ᠭᠤᠤᠯ ᠪᠣᠯᠬᠤ ᠵᠠᠮ ᠤᠨ ᠲᠦᠭᠦᠬᠡᠶ ᠨᠡᠭᠦᠷᠡᠰᠦᠨ ᠤ ᠲᠡᠭᠡᠭᠡᠪᠦᠷᠢ ᠶᠢᠨ ᠬᠠᠮᠢᠶᠠᠷᠤᠯᠲᠠ ᠡᠵᠡᠮᠳᠡᠯ ᠢ | ᠬᠠᠷᠢᠭᠤᠴᠠᠨ᠎ᠠ᠃ | ᠴᠠᠬᠢᠯᠭᠠᠨ ᠬᠠᠩᠭᠠᠬᠤ ᠺᠣᠮᠫᠠᠨᠢ᠄ ᠴᠠᠬᠢᠯᠭᠠᠨ ᠲᠣᠣᠷ ᠤᠨ ᠪᠠᠭᠲᠠᠭᠠᠮᠵᠢ ᠶᠢ ᠨᠡᠮᠡᠭᠳᠡᠭᠦᠯᠦᠨ ᠴᠠᠬᠢᠯᠭᠠᠨ ᠲᠦᠭᠡᠭᠡᠬᠦ | ᠪᠡᠯᠡᠳᠭᠡᠮᠵᠢ ᠶᠢᠨ ᠪᠦᠲᠦᠭᠡᠨ ᠪᠠᠢᠭᠤᠯᠤᠯᠲᠠ ᠶᠢ ᠬᠠᠷᠢᠭᠤᠴᠠᠨ ᠬᠡᠷᠡᠭᠵᠢᠭᠦᠯᠦᠨ᠎ᠡ᠃ ᠲᠥᠪ᠂ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠴᠠᠬᠢᠯᠭᠠᠨ ᠲᠤᠤᠷ ᠤᠨ ᠥᠭᠡᠷᠡᠴᠢᠯᠡᠯᠲᠡ ᠶᠢᠨ ᠪᠡᠯᠡ ᠮᠥᠩᠭᠦ ᠶᠢ ᠢᠳᠡᠪᠬᠢᠯᠡᠨ ᠣᠯᠵᠤ᠂ | ᠠᠷᠢᠭᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠶ᠋ᠯ ᠤᠨ ᠨᠠᠶᠢᠳᠠᠪᠤᠷᠢᠲᠠᠶ ᠴᠠᠬᠢᠯᠭᠠᠨ ᠬᠡᠷᠡᠭᠯᠡᠬᠦ ᠶᠢ ᠪᠠᠲᠤᠯᠠᠨ᠎ᠠ᠃ | ᠰᠢᠨ᠎ᠡ ᠡᠨᠧᠷᠭᠢ ᠶᠢᠨ ᠲᠥᠷᠥᠯ ᠵᠦᠢᠯ ᠬᠢᠭᠡᠳ ᠴᠡᠪᠡᠷ ᠳᠤᠯᠠᠭᠠᠯᠠᠭ᠎ᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠬᠡᠷᠡᠭᠵᠢᠭᠦᠯᠬᠦ ᠲᠠᠢ ᠬᠠᠮᠵᠢᠯᠴᠠᠨ᠎ᠠ᠃ | ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ᠃ ᠱᠠᠩᠳᠤ ᠰᠢᠶᠠᠨ ᠤ ᠡᠪᠦᠯ ᠤᠨ ᠤᠯᠠᠷᠢᠯ ᠤᠨ ᠴᠡᠪᠡᠷ | ᠳᠤᠯᠠᠭᠠᠯᠠᠭ᠎ᠠ ᠶᠢᠨ ᠲᠥᠷᠥᠯ ᠵᠦᠶ᠋ᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ ︵ᠳᠠᠭᠠᠯᠳᠤᠭᠤᠯᠤᠯ 1 | ᠦᠵᠡ︶᠃︶ ᠠᠷᠢᠭᠤᠨ ᠴᠡᠪᠡᠷ ᠳᠤᠯᠠᠭᠠᠯᠠᠭ᠎ᠠ ᠶᠢᠨ ᠡᠯ᠎ᠡ ᠵᠦᠶ᠋ᠯ ᠤᠨ ᠠᠵᠢᠯ ᠢ ᠲᠦᠷᠦᠭᠦᠯᠡᠨ ᠠᠬᠢᠭᠤᠯᠵᠤ᠂ ᠡᠯ᠎ᠡ | ᠰᠠᠯᠠᠭ᠎ᠠ ᠮᠥᠴᠢᠷ ᠢ ᠵᠢᠯᠣᠭᠤᠳᠤᠨ ᠰᠢᠮᠳᠠᠭᠤᠯᠵᠤ ᠪᠠᠶᠢᠭᠠᠳ ᠠᠷᠢᠭᠤᠨ ᠴᠡᠪᠡᠷ ᠳᠤᠯᠠᠭᠠᠯᠠᠭ᠎ᠠ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠰᠠᠯᠠᠭ᠎ᠠ ᠮᠥᠴᠢᠷ | ᠂ ᠬᠤᠯᠪᠣᠭᠳᠠᠯ ᠪᠦᠬᠦᠢ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ | ᠦᠨᠳᠦᠰᠦᠯᠡᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ | ᠭᠦᠢᠴᠡᠳᠬᠡᠵᠦ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ᠡᠯ᠎ᠡ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤᠨ ᠤ ᠵᠠᠰᠠᠭ ᠤᠨ | ᠣᠷᠳᠣᠨ ᠠᠷᠢᠭᠤᠨ ᠴᠡᠪᠡᠷ ᠳᠤᠯᠠᠭᠠᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ | ᠠᠷᠢᠭᠤᠨ ᠴᠡᠪᠡᠷ ᠳᠤᠯᠠᠭᠠᠯᠠᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠥᠷᠨᠢᠭᠦᠯᠦᠭᠰᠡᠨ ᠪᠠᠶᠢᠳᠠᠯ ᠢ ᠬᠠᠷᠢᠭᠤᠴᠠᠵᠤ | ᠂ ᠡᠯ᠎ᠡ ᠰᠠᠯᠠᠭ᠎ᠠ ᠮᠥᠴᠢᠷ ᠤᠨ ᠠᠵᠢᠯ ᠥᠷᠨᠢᠭᠦᠯᠬᠦ ᠶᠢ ᠵᠣᠬᠢᠴᠠᠭᠤᠯᠤᠨ᠎ᠠ᠃ ᠠᠬᠢᠴᠠ ᠶᠢ ᠲᠣᠬᠢᠷᠠᠭᠤᠯᠬᠤ ᠪᠣᠭᠤᠮᠲᠠ᠂ | ᠲᠥᠷᠥᠯ ᠵᠦᠢᠯ ᠢ ᠲᠣᠭᠤᠷᠢᠨ ᠪᠠᠶᠢᠴᠠᠭᠠᠬᠤ ᠪᠣᠭᠤᠮᠲᠠ᠂ ᠪᠡᠯᠡ ᠮᠥᠩᠭᠦ ᠰᠠᠯᠭᠠᠨ ᠥᠭᠬᠦ ᠪᠣᠭᠤᠮᠲᠠ᠂ ᠮᠠᠲ᠋ᠧᠷᠢᠶᠠᠯ ᠢ | ᠳᠠᠩᠰᠠ ᠡᠪᠬᠡᠮᠡᠯ ᠳᠤ ᠣᠷᠣᠭᠤᠯᠬᠤ ᠪᠣᠭᠤᠮᠲᠠ᠂ ᠰᠢᠯᠭᠠᠨ ᠠᠪᠴᠤ ᠬᠢᠨᠠᠨ ᠬᠠᠷᠭᠤᠭᠤᠯᠬᠤ ᠪᠣᠭᠤᠮᠲᠠ ᠶᠢ ᠰᠠᠶᠢᠲᠤᠷ | ᠠᠳᠬᠤᠵᠤ᠂ ᠠᠷᠢᠭᠤᠨ ᠴᠡᠪᠡᠷ ᠳᠤᠯᠠᠭᠠᠯᠠᠭ᠎ᠠ ᠶᠢᠨ ᠲᠤᠰᠬᠠᠶ ᠠᠵᠢᠯᠯᠠᠭ᠎ᠠ ᠶᠢᠨ ᠦᠷ᠎ᠡ ᠪᠦᠲᠦᠮᠵᠢ ᠵᠢᠴᠢ | ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠬᠤᠶᠠᠷ︶ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠰᠠᠶᠢᠨ ᠰᠠᠶᠢᠬᠠᠨ | ᠣᠷᠴᠢᠨ ᠨᠥᠬᠦᠴᠡᠯ ᠢ ᠪᠤᠢ ᠪᠣᠯᠭᠠᠨ᠎ᠠ᠃ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠪᠠ ᠵᠢᠱᠢᠶ᠎ᠡ | ᠦᠵᠡᠭᠦᠯᠦᠨ ᠬᠥᠲᠥᠯᠥᠨ ᠳᠠᠭᠠᠭᠤᠯᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠵᠠᠭᠤᠴᠢᠯᠠᠭᠤᠷ ᠤᠨ ᠡᠬᠢ | ᠪᠠᠶᠠᠯᠢᠭ ᠢ ᠭᠦᠢᠴᠡᠳ ᠠᠰᠢᠭᠯᠠᠨ᠂ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠠᠷᠢᠭᠤᠨ ᠴᠡᠪᠡᠷ | ᠳᠤᠯᠠᠭᠠᠯᠠᠭ᠎ᠠ ᠶᠢᠨ ᠳᠠᠪᠠᠭᠤᠯᠢᠭ ᠵᠢᠴᠢ ᠦᠷ᠎ᠡ ᠠᠰᠢᠭ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠶᠠᠷᠢᠬᠤ ᠬᠡᠷᠡᠭᠲᠡᠢ᠃ | ᠨᠢᠭᠡ ᠳᠤ ᠲᠧᠯᠸᠢᠰ ᠬᠤᠷᠢᠶ᠎ᠠ᠂ ᠷᠠᠳᠢᠣ᠋ ᠬᠤᠷᠢᠶ᠎ᠠ᠂ ᠢᠨᠲ᠋ᠧᠷ ᠰᠦᠯᠵᠢᠶ᠎ᠡ᠂ ᠰᠢᠨ᠎ᠡ ᠵᠠᠭᠤᠴᠢᠯᠠᠭᠤᠷ ᠵᠡᠷᠭᠡ ᠣᠯᠠᠨ | ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠤᠬᠠᠭᠤᠯᠵᠤ ᠬᠥᠲᠥᠯᠥᠨ ᠵᠢᠯᠣᠭᠤᠳᠤᠨ᠎ᠠ᠃ ᠬᠤᠶᠠᠷ ᠲᠤ᠂ ᠴᠡᠪᠡᠷ | ᠳᠤᠯᠠᠭᠠᠯᠠᠭ᠎ᠠ ᠶᠢᠨ ᠤᠬᠠᠭᠤᠯᠭ᠎ᠠ ᠶᠢᠨ ᠭᠠᠷ ᠳᠡᠪᠲᠡᠷ᠂ ᠰᠠᠨᠠᠭᠠᠴᠢᠯᠠᠭ᠎ᠠ ᠶᠢᠨ ᠪᠢᠴᠢᠭ᠂ ᠴᠡᠪᠡᠷ ᠳᠤᠯᠠᠭᠠᠯᠠᠭ᠎ᠠ ᠶᠢᠨ | ᠪᠦᠲᠦᠭᠡᠭᠳᠡᠬᠦᠨ ᠢ ᠪᠡᠶᠡᠴᠢᠯᠡᠨ ᠣᠶᠢᠯᠠᠭᠠᠬᠤ᠂ ᠴᠡᠪᠡᠷ ᠳᠤᠯᠠᠭᠠᠯᠠᠭ᠎ᠠ ᠶᠢᠨ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠭᠰᠠᠨ ᠦᠷ᠎ᠡ ᠪᠦᠲᠦᠭᠡᠯ ᠤᠨ ᠦᠵᠡᠭᠦᠯᠦᠯᠭᠡ ᠵᠡᠷᠭᠡ ᠠᠮᠢᠳᠤᠯᠢᠭ ᠣᠯᠠᠨ ᠶᠠᠩᠵᠤ ᠶᠢᠨ | ᠠᠵᠢᠯᠯᠠᠭ᠎ᠠ ᠶᠢᠨ ᠬᠡᠯᠪᠡᠷᠢ ᠪᠠᠷ ᠳᠠᠮᠵᠢᠭᠤᠯᠤᠨ᠂ ᠴᠡᠪᠡᠷ ᠳᠤᠯᠠᠭᠠᠯᠠᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠢ | ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠤᠬᠠᠭᠤᠯᠪᠠ᠃ ᠭᠤᠷᠪᠠ ᠳᠤ᠂ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠲᠠᠶᠢᠯᠤᠮᠵᠢ ᠶᠢ ᠴᠢᠩᠭᠠᠳᠬᠠᠵᠤ᠂ ᠣᠯᠠᠨ ᠨᠡᠶᠢᠲᠡ ᠶᠢᠨ ᠮᠡᠳᠡᠷᠡᠮᠵᠢ ᠶᠢᠨ ᠬᠡᠮᠵᠢᠶ᠎ᠡ ᠪᠠ ᠭᠥᠯᠢᠶᠡᠨ | ᠠᠪᠬᠤ ᠬᠡᠮᠵᠢᠶ᠎ᠡ ᠶᠢ ᠳᠡᠭᠡᠭᠰᠢᠯᠡᠭᠦᠯᠵᠦ᠂ ᠠᠮᠢ ᠠᠬᠤᠶ ᠶᠢᠨ ᠪᠣᠯᠪᠠᠰᠤᠨ᠂ ᠪᠣᠬᠢᠷᠲᠤᠯ ᠥᠬᠡᠶ ᠬᠥᠭᠵᠢᠯᠲᠡ ᠶᠢᠨ | ᠣᠶᠢᠯᠠᠭᠠᠭᠳᠠᠬᠤᠨ ᠪᠠ ᠮᠡᠳᠡᠯᠭᠡ ᠶᠢ ᠲᠦᠭᠡᠮᠡᠯᠵᠢᠭᠦᠯᠦᠨ᠎ᠡ᠃ ᠲᠦᠷᠪᠡ ᠳᠤ᠂ ᠶᠠᠷᠢᠶ᠎ᠠ ᠬᠡᠯᠡᠯᠴᠡᠭᠡᠨ ᠤ | ᠵᠢᠯᠤᠭᠤᠳᠤᠯᠭ᠎ᠠ ᠶᠢ ᠴᠢᠩᠭᠠᠳᠬᠠᠵᠤ᠂ ᠰᠦᠯᠵᠢᠶᠡᠨ ᠤ ᠵᠣᠬᠢᠰ ᠦᠭᠡᠢ ᠬᠤᠳᠠᠯ ᠬᠠᠭᠤᠷᠮᠠᠭ ᠦᠢᠯᠡ ᠠᠵᠢᠯᠯᠠᠭ᠎ᠠ ᠶᠢ | ᠰᠡᠷᠭᠡᠶᠢᠯᠡᠵᠦ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠦᠷᠢᠯᠳᠦᠭᠦᠯᠬᠦ ᠬᠡᠷᠡᠭᠲᠡᠢ᠃ | ︵ᠭᠤᠷᠪᠠ︶ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ | ᠠᠳᠬᠤᠨ᠎ᠠ᠃ ᠡᠯ᠎ᠡ ᠰᠢᠶᠠᠩ ᠪᠠᠯᠭᠠᠰᠤ ᠵᠢᠴᠢ ᠬᠠᠮᠢᠶ᠎ᠠ ᠪᠥᠬᠦᠶ ᠬᠠᠷᠢᠭᠤᠴᠠᠯᠭᠠᠲᠤ ᠰᠠᠯᠠᠭ᠎ᠠ ᠮᠥᠴᠢᠷ ᠤᠳ | ᠵᠣᠬᠢᠴᠠᠭᠤᠯᠤᠨ ᠬᠠᠮᠵᠢᠯᠴᠠᠵᠤ᠂ ᠨᠡᠶᠢᠯᠡᠮᠡᠯ ᠬᠦᠴᠦᠨ ᠢ ᠪᠣᠶ ᠪᠣᠯᠭᠠᠨ᠂ ᠲᠥᠷᠥᠯ ᠵᠦᠢᠯ ᠢ ᠬᠢᠨᠠᠨ ᠵᠥᠪᠰᠢᠶᠡᠷᠡᠬᠦ | ᠪᠣᠭᠤᠮᠲᠠ᠂ ᠲᠥᠬᠦᠭᠡᠷᠦᠮᠵᠢ ᠬᠤᠳᠠᠯᠳᠤᠨ ᠠᠪᠬᠤ ᠪᠣᠭᠤᠮᠲᠠ᠂ ᠪᠠᠷᠢᠯᠭ᠎ᠠ ᠪᠠᠷᠢᠬᠤ ᠪᠣᠭᠤᠮᠲᠠ᠂ ᠬᠢᠨᠠᠨ ᠬᠠᠮᠢᠶᠠᠷᠴᠤ | ᠰᠢᠯᠭᠠᠨ ᠠᠪᠬᠤ ᠪᠣᠭᠤᠮᠲᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠶᠠᠰᠤ ᠴᠢᠨᠠᠷ ᠵᠢᠴᠢ ᠰᠢᠯᠭᠠᠨ ᠠᠪᠬᠤ ᠠᠵᠢᠯ ᠢ | ᠪᠠᠷᠢᠮᠵᠢᠶ᠎ᠠ ᠳᠤ ᠬᠦᠷᠦᠭᠦᠯᠦᠨ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠴᠡᠪᠡᠷ ᠳᠤᠯᠠᠭᠠᠯᠠᠭ᠎ᠠ ᠶᠢᠨ ᠠᠵᠢᠯ ᠢ ᠯᠠᠪᠳᠠᠭᠤᠨ | ᠪᠠᠲᠤᠲᠠᠶ ᠠᠬᠢᠭᠤᠯᠤᠨ᠎ᠠ᠃ | | | ᠣᠷᠴᠢᠭᠤᠯᠤᠭᠴᠢ᠄ ᠬᠠᠨᠠᠭᠠᠷ | |