ᠸᠠᠩ ᠬᠤ᠋ ᠵᠢᠶᠦ᠋ᠨ
ᠨᠡᠶᠢᠲᠡᠯᠡᠭᠰᠡᠨ ᠴᠠᠭ᠄
2023/5/22
ᠲᠣᠪᠴᠢ ᠲᠠᠨᠢᠯᠴᠠᠭᠤᠯᠭ᠎ᠠ    ᠸᠠᠩ ᠬᠤ᠋ ᠵᠢᠶᠦ᠋ᠨ᠂ ᠡᠷᠡᠭᠲᠡᠶ᠂ ᠬᠢᠲᠠᠳ ᠦᠨᠳᠦᠰᠦᠲᠡᠨ᠂ 1975 ᠣᠨ ᠤ 9 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠱᠠᠩᠳᠤ ᠰᠢᠶᠠᠨ ᠤ ᠳᠡᠳ᠋ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠲᠤᠰᠢᠶᠠᠯ ᠲᠠᠢ᠃    ᠬᠤᠪᠢᠳᠠᠨ ᠬᠠᠮᠢᠶᠠᠷᠴᠤ ᠪᠠᠶᠢᠭ᠎ᠠ ᠠᠵᠢᠯ᠄    ᠰᠢᠶᠠᠨ ᠤ ᠳᠠᠷᠤᠭ᠎ᠠ ᠶᠢ ᠬᠠᠮᠵᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠤᠳᠠ ᠶᠢᠨ ᠬᠠᠮᠢᠶᠠᠷᠤᠯᠲᠠ᠂ ᠤᠢ ᠰᠢᠭᠤᠶ ᠪᠠ ᠨᠤᠲᠤᠭ ᠪᠡᠯᠴᠢᠭᠡᠷ᠂ ᠨᠤᠭᠤ ᠭᠠᠵᠠᠷ ᠤᠨ ᠬᠠᠮᠠᠭᠠᠯᠠᠯᠲᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠵᠡᠷᠭᠡ ᠲᠠᠯ᠎ᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠂ ᠨᠤᠭᠤ ᠭᠠᠵᠠᠷ ᠢ ᠬᠠᠮᠠᠭᠠᠯᠠᠬᠤ ᠲᠥᠪ ᠢ ᠬᠤᠪᠢᠳᠠᠨ ᠬᠠᠮᠢᠶᠠᠷᠤᠨ᠎ᠠ᠃ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ᠂ ᠨᠠᠪᠴᠢᠨ ᠲᠠᠮᠠᠬᠢ ᠶᠢᠨ ᠺᠣᠮᠫᠠᠨᠢ᠂ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ ᠲᠠᠢ ᠬᠠᠷᠢᠯᠴᠠᠨ᠎ᠠ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2