ᠶᠠᠨ ᠴᠢᠤᠸᠠᠨ ᠯᠢ
ᠨᠡᠶᠢᠲᠡᠯᠡᠭᠰᠡᠨ ᠴᠠᠭ᠄
2023/5/23
ᠲᠣᠪᠴᠢ ᠲᠠᠨᠢᠯᠴᠠᠭᠤᠯᠭ᠎ᠠ    ᠶᠠᠨ ᠴᠢᠤᠸᠠᠨ ᠯᠢ᠂ ᠡᠷᠡᠭᠲᠡᠶ᠂ ᠬᠢᠲᠠᠳ ᠦᠨᠳᠦᠰᠦᠲᠡᠨ᠂ 1968 ᠣᠨ ᠤ 10 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠱᠠᠩᠳᠤ ᠰᠢᠶᠠᠨ ᠤ ᠳᠡᠳ᠋ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ᠂ ᠭᠤᠷᠪᠠᠳᠤᠭᠠᠷ ᠳᠡᠰ ᠤᠨ ᠳᠡᠭᠡᠳᠦ ᠵᠡᠷᠭᠡ ᠶᠢᠨ ᠴᠠᠭᠳᠠᠭᠠᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃    ᠬᠤᠪᠢᠳᠠᠨ ᠬᠠᠮᠢᠶᠠᠷᠴᠤ ᠪᠠᠶᠢᠭ᠎ᠠ ᠠᠵᠢᠯ᠄    ᠰᠢᠶᠠᠨ ᠤ ᠳᠠᠷᠤᠭ᠎ᠠ ᠶᠢ ᠬᠠᠮᠵᠢᠨ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠲᠠᠢ ᠬᠠᠷᠢᠯᠴᠠᠨ᠎ᠠ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2