ᠯᠠᠨ ᠷᠦᠢ ᠰᠢᠨ
ᠨᠡᠶᠢᠲᠡᠯᠡᠭᠰᠡᠨ ᠴᠠᠭ᠄
2023/5/26
 ᠲᠣᠪᠴᠢ ᠲᠠᠨᠢᠯᠴᠠᠭᠤᠯᠭ᠎ᠠ    ᠯᠠᠨ ᠷᠦᠢ ᠰᠢᠨ᠂ ᠡᠷᠡᠭᠲᠡᠶ᠂ ᠬᠢᠲᠠᠳ ᠦᠨᠳᠦᠰᠦᠲᠡᠨ᠂ 1971 ᠣᠨ ᠤ 8 ᠰᠠᠷ᠎ᠠ ᠳᠤ ᠳᠦᠷᠦᠵᠡᠶ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠱᠠᠩᠳᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠲᠤᠰᠢᠶᠠᠯ ᠲᠠᠢ᠃    ᠬᠤᠪᠢᠳᠠᠨ ᠬᠠᠮᠢᠶᠠᠷᠴᠤ ᠪᠠᠶᠢᠭ᠎ᠠ ᠠᠵᠢᠯ᠄    ᠡᠷᠬᠢᠯᠡᠭᠴᠢ ᠶᠢ ᠬᠠᠪᠰᠤᠷᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ᠂ ᠠᠮᠢ ᠠᠬᠤᠶ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠰᠤᠳᠤᠯᠤᠯ ᠪᠠ ᠮᠡᠳᠡᠭᠡ ᠵᠠᠩᠭᠢ ᠶᠢᠨ ᠤᠬᠠᠭᠤᠯᠭ᠎ᠠ ᠵᠡᠷᠭᠡ ᠠᠵᠢᠯ ᠢ ᠬᠠᠷᠢᠭᠤᠴᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃ ᠨᠡᠶᠢᠭᠡᠮ ᠤᠨ ᠪᠠᠶᠢᠭᠤᠯᠤᠯᠲᠠ ᠶᠢᠨ ᠠᠵᠢᠯ ᠤᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠵᠥᠪᠯᠡᠯ᠂ ᠣᠷᠴᠢᠨ ᠲᠣᠭᠤᠷᠢᠨ ᠤ ᠡᠬᠢ ᠪᠠᠶᠠᠯᠢᠭ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠥᠪᠯᠡᠯ ᠢ ᠬᠤᠪᠢᠳᠠᠨ ᠬᠠᠮᠢᠶᠠᠷᠤᠨ᠎ᠠ᠃ ᠣᠶ ᠰᠢᠭᠤᠶ ᠶᠢᠨ ᠤᠰᠤᠨ ᠠᠰᠢᠭᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠩᠭᠠᠨ ᠪᠣᠷᠣᠯᠠᠭᠤᠯᠬᠤ ᠴᠠᠭ ᠠᠭᠤᠷ᠂ ᠲᠠᠩᠰᠠ ᠡᠪᠬᠡᠮᠡᠯ ᠵᠡᠷᠭᠡ ᠲᠠᠯ᠎ᠠ ᠶᠢᠨ ᠠᠵᠢᠯ ᠢ ᠵᠣᠬᠢᠴᠠᠭᠤᠯᠤᠨ᠎ᠠ᠃ ᠡᠷᠬᠢᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2